ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ 5G ᠶᠢᠨ ᠪᠡᠶ᠎ᠡ ᠪᠠᠨ ᠳᠠᠭᠠᠭᠠᠭᠰᠠᠨ ᠰᠦᠯᠵᠢᠶ᠎ᠡ ᠵᠣᠬᠢᠶᠠᠨ ᠪᠠᠶᠢᠭᠤᠯᠵᠤ ᠪᠦᠬᠦᠨ ᠢ ᠪᠦᠷᠬᠦᠭᠦᠯᠦᠨ᠎ᠡ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠢᠩᠭᠢᠵᠦ ᠬᠢᠵᠦ ᠴᠢᠳᠠᠭᠰᠠᠨ ᠶᠤᠮ︕
ᠨᠡᠶᠢᠲᠡᠯᠡᠭᠰᠡᠨ ᠴᠠᠭ᠄
2020/9/17
     9 ᠰᠠᠷ᠎ᠠ ᠶᠢᠨ 16 ᠤ ᠡᠳᠦᠷ᠂ ︽ᠤᠶᠤᠨᠲᠤ ᠪᠠᠶ᠋ᠬᠠᠣᠪᠤᠭ᠎ᠠ᠂ 5G ᠶᠢᠨ ᠬᠤᠲᠠ︾ — ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠤᠨ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ 5G ᠶᠢᠨ ᠪᠡᠶ᠎ᠡ ᠪᠠᠨ ᠳᠠᠭᠠᠭᠠᠭᠰᠠᠨ ᠰᠦᠯᠵᠢᠶᠡᠨ ᠤ ᠵᠢᠱᠢᠶ᠎ᠡ ᠦᠵᠡᠭᠦᠯᠬᠦ ᠲᠣᠭᠤᠷᠢᠭ ᠤᠨ ᠡᠬᠢᠯᠡᠯᠲᠡ ᠶᠢᠨ ᠶᠣᠰᠣᠯᠠᠯ ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠤᠨ ᠤᠶᠤᠨᠲᠤ ᠬᠤᠲᠠ ᠶᠢᠨ  ᠲᠠᠯᠠᠪᠠᠶ ᠳᠤ ᠶᠠᠪᠤᠭᠳᠠᠪᠠ᠃ ᠡᠨᠡ ᠨᠢ ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ 5G ᠶᠢᠨ ᠲᠤᠰᠠᠭᠠᠷ ᠰᠦᠯᠵᠢᠶᠡᠨ ᠤ ᠪᠥᠬᠦ ᠲᠣᠭᠤᠷᠢᠭ ᠲᠤ ᠪᠦᠷᠬᠦᠬᠦ ᠶᠢ ᠪᠡᠶᠡᠯᠡᠭᠦᠯᠦᠭᠰᠡᠨ ᠠᠩᠬᠠᠳᠠᠭᠴᠢ ᠲᠣᠭᠤᠷᠢᠭ ᠪᠣᠯᠣᠭᠰᠠᠨ ᠢ ᠬᠠᠷᠠᠭᠤᠯᠵᠤ ᠪᠠᠶᠢᠨ᠎ᠠ᠃  
     ᠲᠤᠰ ᠤᠳᠠᠭᠠᠨ ᠤ ᠡᠬᠢᠯᠡᠯᠲᠡ ᠶᠢᠨ ᠶᠣᠰᠣᠯᠠᠯ ᠢ ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠤᠨ ᠨᠠᠮ ᠤᠨ ᠬᠤᠷᠢᠶ᠎ᠠ ᠪᠣᠯᠤᠨ ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠭᠤᠤᠯᠯᠠᠨ ᠡᠷᠬᠢᠯᠡᠵᠡᠶ᠃ ᠥᠪᠥᠷ ᠮᠣᠩᠭᠤᠯ ᠤᠨ ᠪᠤᠭᠤᠲᠤ ᠬᠤᠲᠠ ᠶᠢᠨ ᠪᠠᠶ᠋ᠬᠠᠣᠪᠤᠭ᠎ᠠ ᠶᠢᠨ ᠬᠤᠯᠪᠣᠭᠠᠯᠠᠨ ᠨᠡᠪᠲᠡᠷᠡᠯᠴᠡᠬᠦ ᠺᠣᠮᠫᠠᠨᠢ᠂ ᠳ᠋ᠠ ᠳᠠᠩ ᠰᠢᠯᠵᠢᠮᠡᠯ ᠴᠢᠮᠡᠭᠡ ᠬᠤᠯᠪᠣᠭᠠᠨ ᠤ ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠠᠭᠠᠭᠠᠨ ᠡᠷᠭᠢᠯᠡᠪᠡ᠃      ᠲᠣᠭᠤᠷᠢᠭ ᠤᠨ ᠤᠳᠤᠷᠢᠳᠤᠯᠭ᠎ᠠ ᠵᠠᠩ ᠶᠦᠩ ᠳ᠋ᠦᠩ᠂ ᠬᠤᠸᠠᠩ ᠮᠢᠨ᠂ ᠰᠢᠤᠸᠠᠢ ᠵᠢᠶᠠᠨ᠂ ᠲᠠᠨ ᠰᠢᠤᠸᠠᠢ ᠸᠧᠨ᠂ ᠪᠠᠶ ᠶᠦᠩ ᠭᠠᠩ᠂ ᠵᠢᠶᠠᠩ ᠵᠢᠶᠠᠨ ᠮᠢᠩ᠂ ᠡᠤ ᡁᠢ ᠬᠤᠩ᠂ ᠵᠠᠩ ᠵᠢᠶᠠᠨ ᠯᠢ᠂ ᠹᠸᠢ ᠪᠦᠦ ᠷᠦᠩ᠂ ᠪᠤᠭᠤᠲᠤ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠪᠠᠶ ᠰᠢᠶᠣᠤ ᠭᠤᠸᠠᠩ᠂ ᠥᠪᠥᠷ ᠮᠣᠩᠭᠤᠯ ᠤᠨ ᠪᠤᠭᠤᠲᠤ ᠬᠤᠲᠠ ᠶᠢᠨ ᠬᠤᠯᠪᠣᠭᠠᠯᠠᠨ ᠨᠡᠪᠲᠡᠷᠡᠯᠴᠡᠬᠦ ᠺᠣᠮᠫᠠᠨᠢ ᠶᠢᠨ ᠶᠡᠷᠦᠩᠬᠡᠶ ᠳᠠᠭᠠᠭᠠᠮᠠᠯ ᠲᠢᠶᠠᠨ ᠰᠢᠤᠸᠠᠢ ᠵᠥᠩ᠂ ᠳᠡᠳ᠋ ᠶᠡᠷᠦᠩᠬᠡᠶ ᠳᠠᠭᠠᠭᠠᠮᠠᠯ ᠬᠠᠨ ᠰᠢᠶᠣᠤ ᠳ᠋ᠦᠩ᠂ ᠵᠠᠩ ᠠᠶ ᠵᠢᠶᠦ᠋ᠨ᠂ ᠳ᠋ᠠ ᠳᠠᠩ ᠤᠨ ᠰᠢᠯᠵᠢᠮᠡᠯ ᠬᠤᠯᠪᠣᠭᠠᠨ ᠤ ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠸᠠᠩ ᠰᠢᠨ ᠮᠢᠨ᠂ ᠳ᠋ᠠ ᠳᠠᠩ ᠰᠢᠯᠵᠢᠮᠡᠯ ᠮᠡᠳᠡᠭᠡ ᠬᠤᠯᠪᠣᠭᠠᠨ ᠤ ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ ᠶᠢᠨ 5G ᠪᠦᠲᠦᠭᠡᠭᠳᠡᠬᠦᠨ ᠤ ᠱᠤᠭᠤᠮ ᠤᠨ ᠳᠡᠳ᠋ ᠶᠡᠷᠦᠩᠬᠡᠶ ᠵᠠᠬᠢᠷᠤᠯ ᠯᠢ ᠸᠧᠨ᠂ ᠪᠠᠶ᠋ᠬᠠᠣᠪᠤᠭ᠎ᠠ ᠲᠡᠮᠦᠷ ᠤᠨ ᠠᠭᠤᠷᠬᠠᠶ ᠶᠢᠨ ᠳᠠᠷᠤᠭ᠎ᠠ ᠰᠦᠨ ᠱᠧᠩ  ᠂ ᠪᠦᠦ ᠱᠠᠨ ᠠᠭᠤᠷᠬᠠᠶ ᠶᠢᠨ ᠦᠢᠯᠡᠰ ᠤᠨ ᠨᠠᠮ ᠤᠨ ᠬᠤᠷᠢᠶᠠᠨ ᠤ ᠳᠡᠳ᠋ ᠱᠦᠵᠢ ᠱᠢ ᠸᠧᠨ ᠸᠧᠨ᠂ ᠸᠣᠯᠲ ᠤᠨ ᠠᠭᠤᠷᠬᠠᠢ ᠶᠢᠨ ᠦᠢᠯᠡᠰ ᠤᠨ ᠳᠡᠳ᠋ ᠶᠡᠷᠦᠩᠬᠡᠢ ᠳᠠᠭᠠᠭᠠᠮᠠᠯ ᠸᠠᠩ ᠶᠦᠨ ᠱᠧᠩ᠂ ᠠᠭᠤᠷᠬᠠᠢ ᠶᠢᠨ  ᠲᠣᠭᠤᠷᠢᠭ ᠤᠨ ᠡᠯ᠎ᠡ ᠰᠠᠯᠠᠭ᠎ᠠ ᠮᠥᠴᠢᠷ᠂ ᠨᠢᠭᠡᠴᠡ᠂ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠵᠢᠴᠢ ᠠᠵᠤ ᠠᠬᠤᠶᠢᠯᠠᠯ ᠤᠨ ᠤᠯᠠᠨ ᠲᠦᠮᠡᠨ ᠤ ᠲᠥᠯᠥᠭᠡᠯᠡᠭᠴᠢ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠵᠥᠩ ᠡᠬᠢᠯᠡᠯᠲᠡ ᠶᠢᠨ ᠶᠣᠰᠣᠯᠠᠯ ᠢ ᠡᠷᠭᠢᠯᠡᠪᠡ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠸᠠᠩ ᠮᠢᠨ ᠪᠠᠶᠠᠷ ᠤᠨ ᠦᠭᠡ ᠬᠡᠯᠡᠭᠰᠡᠨ ᠪᠥᠭᠡᠳ ᠶᠣᠰᠣᠯᠠᠯ ᠡᠬᠢᠯᠡᠭᠰᠡᠨ ᠢ ᠵᠠᠷᠯᠠᠵᠤ᠂ ᠲᠢᠶᠠᠨ ᠰᠢᠤᠸᠠᠢ ᠵᠦᠩ᠂ ᠸᠠᠩ ᠰᠢᠨ ᠮᠢᠨ ᠡᠮᠦᠨ᠎ᠡ ᠬᠤᠶᠢᠨ᠎ᠠ ᠶᠠᠷᠢᠶ᠎ᠠ ᠲᠠᠯᠪᠢᠪᠠ᠃ ᠵᠠᠩ ᠶᠦᠩ ᠳ᠋ᠦᠩ᠂ ᠬᠤᠸᠠᠩ ᠮᠢᠨ᠂ ᠲᠢᠶᠠᠨ ᠰᠢᠤᠸᠠᠢ ᠵᠦᠩ᠂ ᠪᠠᠶ ᠰᠢᠶᠣᠤ ᠭᠤᠸᠠᠩ᠂ ᠰᠢᠤᠸᠠᠢ ᠵᠢᠶᠠᠨ᠂ ᠸᠠᠩ ᠰᠢᠨ ᠮᠢᠨ ᠬᠠᠮᠲᠤ ᠪᠠᠷ ᠡᠬᠢᠯᠡᠭᠦᠯᠦᠯ ᠤᠨ ᠪᠥᠮᠪᠦᠭᠡ ᠢ ᠳᠠᠷᠤᠨ᠂  ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠳᠤᠮᠳᠠᠳᠤ ᠤᠯᠤᠰ ᠠᠴᠠ ᠬᠤᠯᠪᠣᠭᠠᠯᠠᠨ ᠨᠡᠪᠲᠡᠷᠡᠭᠦᠯᠦᠭᠰᠡᠨ 5G ᠶᠢᠨ ᠲᠤᠰᠠᠭᠠᠷ ᠰᠦᠯᠵᠢᠶ᠎ᠡ ᠪᠠᠶᠢᠭᠤᠯᠤᠨ ᠪᠦᠬᠦᠨ ᠢ ᠪᠦᠷᠬᠦᠭᠦᠯᠦᠨ ᠵᠢᠱᠢᠶ᠎ᠡ ᠦᠵᠡᠭᠦᠯᠬᠦ ᠲᠣᠭᠤᠷᠢᠭ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ᠂ ᠲᠤᠬᠠᠢ ᠶᠢᠨ ᠲᠠᠯᠠᠪᠠᠢ ᠳᠤ ᠨᠢᠵᠢᠭᠢᠨᠡᠲᠡᠯ᠎ᠡ ᠠᠯᠠᠭ᠎ᠠ ᠲᠠᠰᠢᠪᠠ᠃  
     ᠡᠬᠢᠯᠡᠯᠲᠡ ᠶᠢᠨ ᠶᠣᠰᠣᠯᠠᠯ ᠳᠡᠭᠡᠷ᠎ᠡ᠂ ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠤᠨ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠨᠢᠭᠡᠳᠦᠮᠡᠯ ᠨᠡᠪᠲᠡᠷᠡᠯᠴᠡᠭᠡ ᠶᠢᠨ ᠪᠤᠭᠤᠲᠤ ᠬᠤᠲᠠ ᠶᠢᠨ ᠬᠤᠪᠢᠶᠠᠷᠢ ᠺᠣᠮᠫᠠᠨᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠥᠰᠥᠭ ᠵᠢᠷᠤᠵᠤ᠂ ᠬᠤᠷᠠᠯ ᠳᠤ ᠣᠷᠣᠯᠴᠠᠭᠰᠠᠨ ᠵᠣᠴᠢᠳ ᠥᠪᠥᠷ ᠮᠣᠩᠭᠤᠯ ᠤᠨ ᠠᠩᠬᠠᠳᠠᠭᠴᠢ 5G SA ᠬᠠᠷᠠᠭᠠᠨ ᠳᠠᠪᠲᠠᠮᠵᠢᠲᠤ ᠤᠲᠠᠰᠤ ᠶᠢ ᠨᠡᠪᠲᠡᠷᠡᠭᠦᠯᠪᠡ᠃ ᠬᠤᠯᠪᠣᠭᠳᠠᠯ ᠪᠥᠬᠦᠶ ᠰᠠᠯᠠᠭ᠎ᠠ ᠮᠥᠴᠢᠷ 5G ᠶᠢᠨ ᠬᠤᠷᠳᠤᠯᠠᠮᠵᠢ᠂ 5G ᠶᠢᠨ ᠠᠷᠠᠳ ᠣᠯᠠᠨ ᠤ ᠠᠮᠢᠳᠤᠷᠠᠯ ᠳᠤ ᠡᠨᠧᠷᠭᠢ ᠣᠯᠭᠤᠬᠤ᠂ 5G ᠶᠢᠨ ᠠᠵᠤ ᠠᠬᠤᠶᠢᠯᠠᠯ ᠤᠨ ᠬᠡᠷᠡᠭᠯᠡᠯᠲᠡ ᠳᠤ ᠡᠨᠧᠷᠭᠢ ᠣᠯᠭᠤᠬᠤ ᠵᠡᠷᠭᠡ ᠶᠢᠨ ᠲᠤᠬᠠᠶ᠂ ᠲᠤᠬᠠᠶ ᠶᠢᠨ ᠲᠠᠯᠠᠪᠤᠷ ᠲᠤ ᠭᠤᠶᠢᠳᠠ ᠰᠠᠶᠢᠬᠠᠨ ᠦᠵᠡᠭᠦᠯᠦᠯᠭᠡ ᠬᠢᠪᠠ᠃
     ᠣᠶᠢᠷ᠎ᠠ ᠶᠢᠨ ᠵᠢᠯ ᠳᠤ᠂  ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠢᠨᠲ᠋ᠧᠷ ᠰᠦᠯᠵᠢᠶ᠎ᠡ +᠂ ᠲᠣᠮᠣ ᠳ᠋ᠠᠶᠢᠲ᠋ᠠ᠂ 5G ᠮᠡᠷᠭᠡᠵᠢᠯ ᠵᠡᠷᠭᠡ ᠬᠠᠮᠤᠭ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠤᠨ ᠦᠷ᠎ᠡ ᠪᠦᠲᠦᠭᠡᠯ ᠢ ᠭᠦᠢᠴᠡᠳ ᠠᠰᠢᠭᠯᠠᠵᠤ᠂ ︽ᠰᠢᠨ᠎ᠡ ᠦᠨᠳᠦᠰᠦᠨ ᠪᠦᠲᠦᠭᠡᠨ ᠪᠠᠶᠢᠭᠤᠯᠤᠯᠲᠠ︾ ᠶᠢᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯᠳᠤ  ᠬᠤᠭᠤᠴᠠᠭ᠎ᠠ ᠶᠢ ᠴᠢᠩᠭ᠎ᠠ ᠠᠳᠬᠤᠵᠤ᠂ ᠬᠡᠷᠡᠭᠴᠡᠭᠡ ᠱᠠᠭᠠᠷᠳᠠᠯᠭ᠎ᠠ ᠪᠠᠷ ᠬᠥᠲᠥᠯᠥᠨ ᠳᠠᠭᠠᠭᠤᠯᠬᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ᠂ ᠨᠡᠭᠡᠭᠡᠯᠲᠡ ᠬᠢᠵᠦ ᠬᠠᠮᠲᠤᠪᠠᠷ ᠬᠦᠷᠲᠡᠬᠦ ᠶᠢ ᠪᠠᠷᠢᠮᠲᠠᠯᠠᠵᠤ᠂ ᠰᠦᠯᠵᠢᠶ᠎ᠡ ᠪᠠᠷ ᠰᠠᠭᠤᠷᠢ ᠪᠣᠯᠭᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠬᠡᠷᠡᠭᠯᠡᠭᠡ ᠪᠠᠷ ᠭᠠᠷᠳᠠᠴᠠ ᠪᠣᠯᠭᠠᠵᠤ᠂ ᠠᠵᠤ ᠦᠢᠯᠡᠰ ᠢᠶᠠᠷ ᠭᠤᠤᠯ ᠪᠣᠯᠭᠠᠵᠤ᠂ ᠠᠮᠤᠷ ᠲᠦᠪᠰᠢᠨ ᠢᠶᠠᠷ ᠦᠨᠳᠦᠰᠦ ᠪᠣᠯᠭᠠᠵᠤ᠂ ᠤᠶᠤᠨᠲᠤ ᠬᠤᠲᠠ᠂ 5G ᠰᠦᠯᠵᠢᠶᠡᠨ ᠤ ᠪᠥᠲᠥᠭᠡᠨ ᠪᠠᠶᠢᠭᠤᠯᠤᠯᠲᠠ ᠪᠠ ᠠᠭᠤᠰᠤᠯᠳᠤᠨ ᠬᠡᠷᠡᠭᠯᠡᠬᠦ ᠶᠢ ᠶᠡᠬᠡᠪᠡᠷ ᠠᠬᠢᠭᠤᠯᠵᠤ᠂ 5G ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠭᠠᠵᠠᠷ ᠣᠷᠣᠨ ᠤ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠴᠢᠨᠠᠷ ᠰᠠᠶᠢᠲᠠᠶ ᠬᠥᠭᠵᠢᠯᠲᠡ ᠳᠤ ᠲᠠᠰᠤᠷᠠᠯᠲᠠ ᠥᠬᠡᠶ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠨ᠎ᠡ᠃
           2019 ᠣᠨ ᠳᠤ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ 5G ᠤᠲᠠᠰᠤ ᠶᠢ ᠪᠠᠶ᠋ᠬᠠᠣᠪᠤᠭ᠎ᠠ ᠲᠡᠮᠦᠷ ᠤᠨ ᠠᠭᠤᠷᠬᠠᠶ ᠶᠢᠨ ᠭᠤᠤᠯ ᠠᠭᠤᠷᠬᠠᠢ ᠶᠢᠨ ᠲᠣᠭᠤᠷᠢᠭ ᠠᠴᠠ ᠰᠠᠯᠭᠠᠨ ᠭᠠᠷᠭᠠᠭᠰᠠᠨ ᠨᠢ ᠪᠠᠶ᠋ᠬᠠᠣᠪᠤᠭ᠎ᠠ ᠠᠭᠤᠷᠬᠠᠶ ᠶᠢᠨ  ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠳᠤ ᠤᠷᠢᠳ ᠢᠶᠠᠷ 5G ᠶᠢᠨ ᠴᠠᠭ ᠦᠶ᠎ᠡ ᠳᠤ ᠣᠷᠣᠭᠰᠠᠨ ᠢ ᠬᠠᠷᠠᠭᠤᠯᠵᠤ ᠪᠠᠶᠢᠨ᠎ᠠ᠃ ᠡᠭᠦᠨ ᠠᠴᠠ ᠡᠬᠢᠯᠡᠨ᠂  ᠪᠠᠶ᠋ᠬᠠᠣᠪᠤᠭ᠎ᠠ ᠶᠢᠨ ᠲᠡᠮᠦᠷ ᠤᠨ ᠠᠭᠤᠷᠬᠠᠶ 5G ᠰᠦᠯᠵᠢᠶ᠎ᠡ ᠪᠠᠷ ᠳᠠᠮᠵᠢᠭᠤᠯᠤᠨ  ᠦᠢᠯᠡᠳᠪᠦᠷᠢᠯᠡᠯ ᠤᠨ ᠲᠠᠰᠤᠭ ᠤᠨ ᠠᠵᠤ ᠦᠢᠯᠡᠳᠪᠦᠷᠢᠯᠡᠯ ᠶᠢᠨ ᠣᠶᠤᠨᠴᠢ ᠦᠢᠯᠡᠳᠬᠦ᠂ ᠦᠢᠯᠡᠳᠪᠦᠷᠢᠯᠡᠯ ᠤᠨ ᠲᠤᠭ᠎ᠠ ᠪᠠᠷᠢᠮᠲᠠ ᠶᠢ ᠴᠤᠭᠯᠠᠭᠤᠯᠤᠨ ᠵᠠᠳᠠᠯᠬᠤ᠂ ᠣᠷᠴᠢᠨ ᠲᠣᠭᠤᠷᠢᠨ ᠤ  ᠭᠦᠢᠴᠡᠳᠭᠡᠯ ᠲᠤᠭ᠎ᠠ ᠶᠢ ᠣᠶᠤᠨᠴᠢ ᠪᠠᠷ ᠬᠢᠨᠠᠨ ᠡᠵᠡᠮᠳᠡᠬᠦ ᠵᠡᠷᠭᠡ ᠣᠯᠠᠨ ᠲᠠᠯ᠎ᠠ ᠪᠠᠷ ᠣᠶᠤᠨᠴᠢ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠳᠥᠯᠭᠢᠨ ᠠᠬᠢᠭᠤᠯᠵᠠᠶ᠃ ᠳᠠᠷᠠᠭ᠎ᠠ ᠨᠢ᠂ ᠪᠥᠬᠦ ᠪᠥᠮᠪᠥᠷᠴᠡᠭ ᠤᠨ ᠠᠩᠬᠠᠳᠠᠭᠴᠢ 5G ᠶᠢᠨ ᠵᠢᠯᠣᠭᠤᠴᠢ ᠥᠬᠡᠶ ᠠᠭᠤᠷᠬᠠᠶ ᠶᠢᠨ ᠬᠡᠷᠡᠭᠯᠡᠬᠦ ᠮᠠᠰᠢᠨ ᠪᠠᠶ᠋ᠬᠠᠣᠪᠤᠭ᠎ᠠ  ᠶᠢᠨ ᠠᠰᠢᠭᠯᠠᠯᠲᠠ ᠳᠤ ᠣᠷᠣᠵᠤ᠂ ᠵᠢᠯᠣᠭᠤᠴᠢ ᠥᠬᠡᠶ ᠨᠢᠰᠬᠡᠯ ᠤᠨ ᠠᠮᠤᠷ ᠲᠦᠪᠰᠢᠨ ᠢᠶᠠᠷ ᠲᠣᠭᠤᠷᠢᠨ ᠴᠠᠭᠳᠠᠬᠤ᠂ ᠬᠥᠮᠦᠨ ᠤ ᠵᠢᠰᠦ ᠶᠢ ᠢᠯᠭᠠᠨ ᠲᠠᠨᠢᠬᠤ ᠠᠮᠤᠷ ᠲᠦᠪᠰᠢᠨ ᠢ ᠪᠠᠶᠢᠴᠠᠭᠠᠨ ᠰᠢᠯᠭᠠᠬᠤ ᠵᠡᠷᠭᠡ ᠣᠯᠠᠨ ᠵᠦᠢᠯ ᠤᠨ ᠤᠶᠤᠯᠢᠭ ᠠᠭᠤᠷᠬᠠᠶ ᠶᠢ ᠴᠤ ᠵᠠᠯᠭᠠᠭ᠎ᠠ ᠪᠠᠷ ᠠᠰᠢᠭᠯᠠᠯᠲᠠ ᠳᠤ ᠣᠷᠣᠭᠤᠯᠪᠠ᠃  ᠪᠠᠶ᠋ᠬᠠᠣᠪᠤᠭ᠎ᠠ ᠲᠡᠮᠦᠷ ᠤᠨ ᠠᠭᠤᠷᠬᠠᠶ ᠨᠢ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠣᠶᠤᠨᠴᠢ ᠠᠭᠤᠷᠬᠠᠢ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠪᠣᠯᠪᠠ᠃
     2020 ᠣᠨ ᠳᠤ ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠨᠢ ︽ᠣᠶᠤᠨᠴᠢ ᠠᠭᠤᠷᠬᠠᠶ ᠶᠢᠨ ᠣᠷᠣᠨ︾ ᠪᠣᠯᠤᠨ ︽5G ᠪᠠᠶ᠋ᠬᠠᠣᠪᠤᠭ᠎ᠠ ᠵᠢᠱᠢᠶ᠎ᠡ ᠦᠵᠡᠭᠦᠯᠬᠦ ᠲᠣᠭᠤᠷᠢᠭ︾  ᠤᠨ ᠪᠦᠬᠦᠯᠢ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠡᠩ ᠲᠡᠷᠢᠭᠦᠨ ᠳᠤ ᠪᠡᠶᠡᠯᠡᠭᠦᠯᠬᠦ ᠪᠠᠷ ᠬᠠᠷᠠᠯᠲᠠ ᠪᠣᠯᠭᠠᠨ᠂ 5G ᠶᠢᠨ ᠰᠣᠳᠣᠨ ᠰᠦᠯᠵᠢᠶ᠎ᠡ ᠶᠢ ᠪᠣᠶ ᠪᠣᠯᠭᠠᠬᠤ ᠪᠠᠷ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠳᠡᠮᠵᠢᠬᠦ ᠪᠠᠷ ᠭᠠᠷᠳᠠᠴᠠ ᠪᠣᠯᠭᠠᠪᠠ᠃ ᠤᠷᠢᠳᠴᠢᠯᠠᠨ ᠠᠵᠢᠯᠯᠠᠭ᠎ᠠ ᠬᠢᠵᠦ᠂ ᠡᠷᠲᠡᠬᠡᠨ ᠲᠥᠯᠥᠪᠵᠢᠭᠦᠯᠦᠨ ᠪᠠᠶᠢᠷᠢᠯᠠᠭᠤᠯᠵᠤ᠂ ᠬᠤᠶᠠᠷ ᠰᠠᠷ᠎ᠠ ᠭᠠᠷᠤᠶ ᠶᠢᠨ ᠴᠠᠭ ᠢ ᠥᠩᠭᠡᠷᠡᠭᠡᠵᠦ᠂ ᠬᠤᠲᠠ ᠶᠢᠨ ᠲᠣᠭᠤᠷᠢᠭ ᠤᠨ 5G ᠰᠠᠭᠤᠷᠢ ᠥᠷᠲᠡᠭᠡᠨ ᠤ ᠪᠥᠲᠣᠭᠡᠨ ᠪᠠᠶᠢᠭᠤᠯᠤᠯᠲᠠ ᠪᠣᠯᠤᠨ 5G ᠰᠦᠯᠵᠢᠶ᠎ᠡ ᠶᠢ ᠵᠠᠯᠭᠠᠯᠳᠤᠭᠤᠯᠤᠨ ᠲᠤᠷᠰᠢᠨ ᠨᠡᠪᠲᠡᠷᠡᠭᠦᠯᠵᠡᠶ᠃ ᠪᠤᠭᠤᠲᠤ ᠬᠤᠲᠠ ᠳᠤ 5G ᠰᠦᠯᠵᠢᠶᠡᠨ ᠤ ᠬᠤᠲᠠ ᠶᠢᠨ ᠲᠣᠭᠤᠷᠢᠭ ᠢ ᠪᠦᠬᠦᠨ ᠢ ᠪᠦᠷᠬᠦᠭᠦᠯᠬᠦ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠤᠷᠢᠳᠠᠪᠠᠷ ᠪᠡᠶᠡᠯᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠠᠩᠬᠠᠳᠠᠭᠴᠢ 5G ᠶᠢᠨ ᠲᠤᠰᠠᠭᠠᠷ ᠰᠦᠯᠵᠢᠶ᠎ᠡ ᠶᠢ ᠪᠦᠬᠦᠨ ᠢ ᠪᠦᠷᠬᠦᠭᠦᠯᠬᠦ ᠲᠣᠭᠤᠷᠢᠭ ᠢ ᠤᠷᠢᠳᠠᠪᠠᠷ  ᠪᠡᠶᠡᠯᠡᠭᠦᠯᠪᠡ᠃      ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠨᠢ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠦᠢᠯᠡᠳᠦᠭᠦᠯᠦᠭᠡ ᠶᠢᠨ ᠬᠤᠲᠠ ᠪᠣᠯᠤᠭᠰᠠᠨ ᠤ ᠬᠤᠪᠢ ᠳᠤ᠂ 5G ᠶᠢᠨ ᠲᠤᠰᠠᠭᠠᠷ ᠰᠦᠯᠵᠢᠶ᠎ᠡ ᠵᠣᠬᠢᠶᠠᠨ ᠪᠠᠶᠢᠭᠤᠯᠵᠤ ᠪᠦᠬᠦᠨ ᠢ ᠪᠦᠷᠬᠦᠭᠦᠯᠬᠦ ᠲᠤᠭ᠎ᠠ ᠪᠠᠷᠢᠮᠲᠠ ᠪᠠᠷ ᠬᠥᠳᠡᠯᠭᠡᠭᠦᠷ ᠪᠣᠯᠭᠠᠬᠤ ᠪᠠᠷ ᠭᠤᠤᠯ ᠪᠣᠯᠭᠠᠭᠰᠠᠨ ᠰᠢᠨ᠎ᠡ ᠬᠡᠯᠪᠡᠷᠢ ᠶᠢᠨ ︽ᠤᠶᠤᠨᠲᠤ ᠪᠠᠶ᠋ᠬᠠᠣᠪᠤᠭ᠎ᠠ︾ ᠶᠢᠨ ᠵᠢᠷᠤᠭ ᠲᠠᠬᠢ ᠨᠠᠩ ᠰᠠᠶᠢᠨ ᠰᠠᠶᠢᠬᠠᠨ ᠵᠢᠷᠤᠭ ᠲᠥᠯᠥᠪᠯᠡᠭᠡ ᠶᠢ ᠪᠥᠬᠦ ᠲᠠᠯ᠎ᠠ ᠪᠠᠷ ᠠᠬᠢᠭᠤᠯᠪᠠ᠃ ᠪᠢᠳᠡ 5G ᠮᠡᠷᠭᠡᠵᠢᠯ ᠤᠨ ᠬᠦᠴᠦᠲᠡᠶ ᠲᠤᠯᠭᠠᠭᠤᠷᠢᠯᠠᠯ ᠳᠤ ᠰᠠᠭᠤᠷᠢᠯᠠᠵᠤ᠂ ᠦᠷᠭᠦᠯᠵᠢᠯᠡᠨ ᠭᠦᠨᠵᠡᠭᠡᠢ ᠠᠬᠢᠭᠤᠯᠤᠭᠰᠠᠨ ᠤᠶᠤᠨᠴᠢᠯᠠᠭᠰᠠᠨ ᠪᠠᠶᠢᠭᠤᠯᠤᠯᠲᠠ ᠨᠢ  ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠪᠦᠬᠦ  ᠲᠣᠭᠤᠷᠢᠭ ᠢ ᠨᠡᠩ ᠰᠠᠶᠢᠨ ᠰᠠᠶᠢᠬᠠᠨ᠂ ᠨᠡᠩ ᠬᠤᠷᠴᠠ ᠰᠡᠷᠭᠡᠭ ᠪᠣᠯᠭᠠᠵᠤ᠂ ᠥᠷᠭᠡᠨ ᠤᠯᠠᠨ ᠠᠷᠠᠳ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠴᠦ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠤᠨ᠎ᠠ᠃
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ