| ᠰᠠᠭᠤᠷᠢᠨᠰᠢᠭᠰᠠᠨ ᠠᠵᠤ ᠠᠬᠤᠶᠢᠯᠠᠯ ᠳᠤ ᠢᠲᠡᠭᠡᠮᠵᠢ ᠶᠢᠨ ᠦᠨᠡᠮᠯᠡᠯ ᠬᠢᠵᠦ ᠥᠭᠭᠦᠭᠰᠡᠨ | | ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠰᠢᠭᠤᠳ ᠨᠡᠪᠲᠡᠷᠡᠭᠦᠯᠭᠡ ᠪᠠᠷ ᠳᠠᠮᠵᠢᠭᠤᠯᠤᠨ ᠲᠠᠸᠠᠷ ᠢᠶᠠᠨ | ᠪᠣᠷᠣᠯᠠᠭᠤᠯᠤᠨ᠎ᠠ | | ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠢ ᠲᠥᠯᠥᠪᠵᠢᠭᠦᠯᠬᠦ ᠪᠠᠷ ᠳᠠᠮᠵᠢᠨ 5 G ᠤᠶᠤᠨᠲᠤ ᠬᠤᠲᠠ ᠶᠢ ᠬᠦᠴᠦᠯᠡᠨ | ᠪᠠᠶᠢᠭᠤᠯᠤᠨ᠎ᠠ | ᠴᠠᠭ ᠴᠠᠭ ᠢᠶᠠᠷ ᠢᠶᠠᠨ ᠪᠠᠶᠢᠳᠠᠭ ᠦᠭᠡᠢ᠂ ᠡᠪᠦᠯ ᠤᠨ ᠲᠦᠢᠯ ᠤᠨ ᠦᠶ᠎ᠡ ᠳᠤ ᠤᠷᠢᠬᠠᠨ ᠬᠠᠪᠤᠷ ᠳᠠᠬᠢᠨ ᠢᠷᠡᠬᠦᠶ᠎ᠡ᠂ | ᠨᠢᠭᠡᠳᠦᠭᠡᠷ ᠰᠠᠷ᠎ᠠ ᠶᠢᠨ ᠬᠤᠪᠣᠷ ᠰᠢᠷᠣᠶ ᠶᠢᠨ ᠨᠤᠲᠤᠭ ᠲᠤ᠂ ᠬᠠᠬᠢᠷ ᠬᠦᠶᠲᠡᠨ ᠠᠭᠤᠷ ᠠᠮᠢᠰᠬᠤᠯ ᠢᠶᠠᠷ ᠪᠢᠯᠬᠠᠵᠤ ᠪᠠᠶᠢᠬᠤ | ᠳᠤ ᠪᠠᠶ᠋ᠬᠠᠤᠪᠤᠭ᠎ᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠳᠤ ᠬᠠᠷᠢᠨ ᠬᠥᠷ ᠬᠥᠭᠵᠢᠶᠡᠨ ᠢᠶᠠᠷ ᠪᠢᠯᠬᠠᠵᠤ ᠪᠠᠶᠢᠯ᠎ᠠ᠃ | ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠬᠢᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠤᠨ ᠲᠤᠬᠠᠶ | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠢ ᠭᠠᠵᠠᠷ ᠣᠷᠣᠨ ᠤ ᠠᠵᠤ ᠠᠬᠤᠶ ᠶᠢᠨ | ᠬᠥᠭᠵᠢᠯᠲᠡ ᠶᠢ ᠠᠬᠢᠭᠤᠯᠬᠤ 《ᠠᠮᠢᠨ ᠰᠤᠳᠠᠰᠤ 》ᠪᠠ《 ᠲᠡᠷᠢᠭᠦᠨ ᠴᠢᠬᠤᠯᠠ ᠢᠨᠵᠧᠨᠧᠷᠢᠩ 》ᠪᠣᠯᠭᠠᠵᠤ᠂ ᠴᠢᠨᠠᠷ | ᠰᠠᠶᠢᠲᠠᠶ ᠬᠥᠭᠵᠢᠯᠲᠡ ᠶᠢᠨ 《ᠲᠦᠷᠭᠡᠨ ᠤᠷᠤᠭᠰᠢᠯᠠᠬᠤ ᠳᠠᠷᠤᠪᠴᠢ 》 ᠶᠢ ᠳᠠᠷᠤᠵᠤ᠂ ᠠᠷᠭ᠎ᠠ ᠪᠣᠳᠣᠯᠭ᠎ᠠ ᠲᠣᠭᠲᠠᠭᠠᠨ | ᠬᠥᠳᠡᠯᠦᠯᠴᠡᠵᠦ᠂ ᠠᠵᠢᠯ ᠢᠶᠠᠨ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠥᠭᠵᠢᠯᠲᠡ ᠶᠢ ᠠᠳᠬᠤᠪᠠ᠂ | ᠠᠯᠢ ᠣᠯᠠᠨ ᠲᠤᠭ᠎ᠠ ᠪᠠᠷᠢᠮᠲᠠ ᠳᠤ 《ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢᠨ ᠠᠶᠠᠨ ᠵᠠᠮ | ᠨᠢᠭᠡᠨᠲᠡ ᠡᠬᠢᠯᠡᠵᠦ᠂ ᠠᠭᠤᠤ ᠶᠡᠭᠡ ᠬᠦᠰᠡᠯ ᠵᠡᠭᠦᠳᠦ ᠪᠦ᠋ᠦ ᠱᠠᠨ ᠤ ᠦᠷᠭᠦᠯᠵᠢᠯᠡᠨ ᠲᠡᠮᠡᠴᠡᠬᠦ ᠶᠢ ᠤᠷᠢᠶᠠᠯᠠᠪᠠ᠃ | ᠬᠦᠴᠢᠷ ᠪᠡᠷᠬᠡᠰᠢᠶᠡᠯ ᠲᠣᠬᠢᠶᠠᠯᠳᠤᠪᠠᠯ ᠡᠷᠡᠯᠬᠡᠭ ᠵᠣᠷᠢᠭ ᠢᠶᠠᠨ ᠢᠯᠡᠷᠡᠭᠦᠯᠵᠦ᠂ ᠬᠠᠲᠠᠭᠤᠵᠢᠨ ᠪᠣᠯᠪᠠᠰᠤᠷᠠᠪᠠᠯ | ᠠᠮᠵᠢᠯᠲᠠ ᠣᠯᠤᠨ᠎ᠠ᠃ ᠶᠡᠷᠦ ᠪᠤᠰᠤ ᠶᠢᠨ 2020 ᠣᠨ ᠢ ᠥᠩᠭᠡᠷᠡᠭᠦᠯᠵᠦ᠂ ᠴᠣ ᠰᠢᠨ᠎ᠡ 2021 ᠳᠤ ᠣᠷᠣᠵᠤ᠂ | ᠪᠠᠶ᠋ᠬᠠᠤᠪᠤᠭ᠎ᠠ ᠳᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ | ᠭᠦᠨᠵᠡᠭᠡᠶ ᠬᠡᠷᠡᠭᠵᠢᠭᠦᠯᠪᠡ᠃ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ ᠵᠠᠰᠠᠭ ᠤᠨ ᠶᠠᠪᠤᠳᠠᠯ ᠤᠨ ᠥᠨᠳᠥᠷ | ᠦᠷ᠎ᠡ ᠪᠦᠲᠦᠮᠵᠢᠲᠡᠶ ᠪᠠᠶᠢᠬᠤ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠵᠠᠰᠠᠭ ᠤᠨ ᠣᠷᠳᠣᠨ ᠤ | ᠰᠠᠯᠠᠭ᠎ᠠ ᠮᠥᠴᠢᠷ ᠤᠨ ᠬᠠᠩᠭᠠᠯᠭ᠎ᠠ ᠶᠢᠨ ᠤᠳᠤᠷᠢᠳᠤᠮᠵᠢ ᠠᠴᠠ ᠠᠵᠤ ᠠᠬᠤᠶᠢᠯᠠᠯ ᠪᠠ ᠣᠯᠠᠨ ᠲᠦᠮᠡᠨ ᠤ ᠬᠡᠷᠡᠭᠴᠡᠭᠡ | ᠱᠠᠭᠠᠷᠳᠠᠯᠭ᠎ᠠ ᠶᠢᠨ ᠤᠳᠤᠷᠢᠳᠤᠮᠵᠢ ᠲᠡᠶᠢᠰᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠪᠠᠶ᠋ᠬᠠᠤᠪᠤᠭ᠎ᠠ ᠠᠭᠤᠷᠬᠠᠶ ᠶᠢᠨ | ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠢᠷᠢ ᠲᠦᠪᠰᠢᠨ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ | ᠠᠬᠢᠭᠤᠯᠤᠨ᠂ ᠲᠡᠷᠢᠭᠦᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠣᠶ ᠪᠣᠯᠭᠠᠬᠤ ᠳᠤ ᠰᠢᠨ᠎ᠡ ᠬᠥᠳᠡᠯᠭᠡᠬᠦ | ᠬᠦᠴᠦᠨ ᠰᠢᠨ᠎ᠡ ᠳᠠᠪᠠᠭᠤᠯᠢᠭ ᠢ ᠨᠡᠮᠡᠷᠢᠯᠡᠨ᠎ᠡ᠃ | ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠪᠠᠶᠠᠷᠲᠤ ᠴᠢᠮᠡᠭᠡ ᠵᠠᠯᠭᠠᠭ᠎ᠠ | ᠵᠠᠯᠭᠠᠭ᠎ᠠ ᠪᠠᠷ ᠰᠣᠨᠣᠰᠤᠭᠳᠠᠨ᠎ᠠ | ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠬᠢᠨ ᠥᠷᠯᠥᠭᠡ ᠦᠳᠡᠰᠢ ᠶᠢ ᠲᠡᠮᠡᠴᠡᠬᠦ᠂ ᠬᠦᠴᠦᠯᠡᠨ ᠴᠢᠷᠮᠠᠶᠢᠵᠤ | ᠵᠢᠳᠬᠦᠯ ᠴᠢᠷᠮᠠᠶᠢᠯᠭ᠎ᠠ ᠭᠠᠷᠭᠠᠬᠤ ᠲᠡᠮᠡᠴᠡᠯ ᠤᠨ ᠣᠪᠣᠷ ᠪᠠᠶᠢᠳᠠᠯ ᠪᠣᠯᠤᠨ ᠬᠡᠳᠦᠶ ᠬᠦᠴᠢᠷ ᠪᠡᠷᠬᠡᠰᠢᠶᠡᠯ ᠲᠤᠯᠭᠠᠷᠠᠬᠤ ᠲᠤᠲᠤᠮ | ᠲᠡᠳᠦᠶ ᠤᠷᠤᠭᠰᠢ ᠳᠠᠪᠰᠢᠬᠤ ᠲᠡᠮᠡᠴᠡᠯ ᠤᠨ ᠵᠣᠷᠢᠭ ᠰᠠᠨᠠᠭ᠎ᠠ ᠪᠠᠷ ᠥᠪᠡᠷ ᠤᠨ ᠶᠠᠪᠤᠳᠠᠯ ᠢᠶᠠᠨ ᠰᠠᠶᠢᠲᠤᠷ ᠬᠢᠵᠦ᠂《 | ᠲᠡᠷᠢᠭᠦᠨ ᠴᠢᠬᠤᠯᠠ ᠢᠨᠵᠧᠨᠧᠷᠢᠩ 》 ᠤᠨ ᠠᠮᠵᠢᠯᠲᠠ ᠶᠢᠨ ᠮᠡᠳᠡᠭᠡ ᠶᠢ ᠳᠠᠮᠵᠢᠭᠤᠯᠵᠤ ᠪᠠᠶᠢᠨ᠎ᠠ᠃ ᠰᠠᠶ᠋ᠢᠬᠠᠨ | ᠥᠩᠭᠡᠷᠡᠭᠰᠡᠨ 12 ᠰᠠᠷ᠎ᠠ ᠳᠤ᠂ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠬᠢᠨ ᠠᠷᠠᠯᠵᠢᠶᠠᠴᠢᠨ ᠤᠷᠢᠬᠤ ᠬᠡᠯᠬᠢᠶ᠎ᠡ | ᠶᠢᠨ ᠲᠣᠭᠤᠷᠢᠨ ᠳᠤ᠂《 ᠭᠠᠳᠠᠭᠰᠢ ᠭᠠᠷᠬᠤ᠂ ᠤᠷᠢᠵᠤ ᠠᠪᠴᠢᠷᠠᠬᠤ 》ᠠᠷᠭ᠎ᠠ ᠬᠡᠯᠪᠡᠷᠢ ᠪᠠᠷ ᠠᠷᠠᠯᠵᠢᠶᠠᠴᠢᠨ ᠤᠷᠢᠬᠤ | ᠠᠵᠢᠯ ᠢ ᠥᠷᠨᠢᠭᠦᠯᠵᠦ᠂ ᠤᠯᠤᠰ ᠤᠨ ᠳᠣᠲᠣᠭᠠᠳᠤ ᠶᠢᠨ ᠬᠤᠯᠪᠣᠭᠳᠠᠯ ᠪᠦᠬᠦᠢ ᠭᠠᠵᠠᠷ ᠣᠷᠣᠨ ᠪᠣᠯᠤᠨ ᠠᠵᠤ ᠠᠬᠤᠶᠢᠯᠠᠯ | ᠲᠠᠢ ᠨᠢᠭᠲᠠ ᠵᠣᠯᠭᠠᠯᠴᠠᠵᠤ᠂ ᠲᠣᠭᠤᠷᠢᠭ ᠤᠨ ᠤᠳᠤᠷᠢᠳᠤᠯᠭ᠎ᠠ ᠪᠦᠯᠬᠦᠮ ᠳᠠᠭᠠᠭᠤᠯᠤᠨ ᠴᠢᠩᠳᠣᠤ᠂ ᠰᠦᠵᠧᠦ ᠵᠡᠷᠭᠡ ᠭᠠᠵᠠᠷ | ᠤᠨ ᠭᠠᠳᠠᠭᠰᠢ ᠭᠠᠷᠴᠤ ᠠᠷᠠᠯᠵᠢᠶᠠᠴᠢᠨ ᠤᠷᠢᠵᠤ ᠂ ᠬᠤᠶᠠᠷ ᠤᠳᠠᠭ᠎ᠠ 8 ᠠᠵᠤ ᠠᠬᠤᠶᠢᠯᠠᠯ ᠲᠠᠢ ᠵᠣᠯᠭᠠᠵᠤ᠂ ᠪᠤᠭᠤᠲᠤ | ᠶᠢᠨ ᠠᠵᠤ ᠠᠬᠤᠶᠢᠯᠠᠯ ᠤᠨ ᠲᠥᠯᠥᠭᠡᠯᠡᠭᠴᠢ 28 ᠠᠵᠤ ᠠᠬᠤᠶᠢᠯᠠᠯ ᠲᠠᠢ ᠠᠭᠤᠯᠵᠠᠵᠤ᠂ 4 ᠲᠦᠷᠦᠯ ᠵᠦᠢᠯ ᠲᠠᠢ | ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠭᠡᠷ᠎ᠡ ᠲᠣᠭᠲᠠᠭᠰᠠᠨ ᠲᠦᠷᠦᠯ ᠵᠦᠢᠯ ᠤᠨ ᠶᠡᠷᠦᠩᠬᠡᠢ ᠪᠡᠯᠡ | ᠣᠷᠣᠭᠤᠯᠤᠯᠲᠠ 30.3 ᠳ᠋ᠦᠩᠰᠢᠭᠤᠷ ᠲᠥᠭᠦᠷᠢᠭ ᠲᠤ ᠬᠦᠷᠴᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠦᠷᠭᠦᠯᠵᠢᠯᠡᠨ ᠭᠡᠷ᠎ᠡ ᠲᠣᠭᠲᠠᠭᠰᠠᠨ ᠲᠦᠷᠦᠯ ᠵᠦᠢᠯ ᠳᠤ ᠮᠥᠷᠳᠡᠨ ᠦᠢᠯᠡᠴᠢᠯᠡᠬᠦ ᠠᠵᠢᠯ ᠢ ᠰᠠᠶᠢᠲᠤᠷ ᠬᠢᠪᠡ᠃ 12 ᠰᠠᠷ᠎ᠠ | ᠳᠤ 1 ᠲᠦᠷᠦᠯ ᠵᠦᠢᠯ ᠢ ᠨᠠᠶᠢᠳᠠᠪᠤᠷᠢᠵᠢᠭᠤᠯᠤᠨ ᠡᠵᠡᠩᠨᠡᠬᠦ ᠶᠢ ᠠᠬᠢᠭᠤᠯᠵᠤ᠂ 4 ᠲᠦᠷᠦᠯ ᠵᠦᠢᠯ ᠤᠨ ᠠᠬᠢᠴᠠ ᠨᠡᠯᠢᠶᠡᠳ | ᠲᠦᠷᠭᠡᠨ ᠪᠣᠯᠪᠠ᠃ ᠪᠤᠭᠤᠲᠤ ᠶᠢᠨ ᠪᠣᠯᠣᠳ ᠲᠡᠮᠦᠷ ᠤᠨ ᠦᠶᠯᠡᠳᠪᠦᠷᠢ ᠶᠢᠨ ᠪᠠᠶ᠋ᠬᠠᠣᠪᠤᠭ᠎ᠠ ᠲᠡᠮᠦᠷ ᠤᠨ ᠠᠭᠤᠷᠬᠠᠶ᠂ | ᠳᠣᠲᠣᠷ ᠡᠮᠨᠡᠯᠭᠡ ᠶᠢᠨ ᠶᠡᠭᠡ ᠰᠤᠷᠭᠠᠭᠤᠯᠢ᠂ ᠬᠤᠪᠣᠷ ᠰᠢᠷᠣᠶ ᠶᠢᠨ ᠰᠤᠳᠤᠯᠭᠠᠨ ᠤ ᠬᠦᠷᠢᠶᠡᠯᠡᠩ ᠵᠡᠷᠭᠡ ᠨᠢᠭᠡᠴᠡ ᠶᠢᠨ | ᠲᠤᠰᠬᠠᠶ ᠮᠡᠷᠭᠡᠵᠢᠯᠲᠡᠨ ᠲᠠᠢ ᠶᠠᠷᠢᠯᠴᠠᠵᠤ᠂ ᠲᠠᠷᠠᠭᠠᠴᠢ ᠶᠢᠨ ᠠᠯᠬᠤᠮ ᠤᠨ ᠡᠬᠢ ᠪᠠᠶᠠᠯᠢᠭ ᠤᠨ ᠬᠡᠷᠡᠭᠯᠡᠯᠲᠡ ᠳᠤ ᠰᠠᠭᠤᠷᠢ | ᠠᠵᠢᠯ ᠢ ᠰᠠᠶᠢᠲᠤᠷ ᠬᠢᠪᠠ᠃ ᠬᠠᠮᠢᠶ᠎ᠠ ᠪᠦᠬᠦᠢ ᠺᠣᠮᠫᠠᠨᠢ ᠲᠠᠢ ᠬᠠᠮᠲᠤᠪᠠᠷ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ | ᠵᠣᠬᠢᠶᠠᠵᠤ᠂ ᠲᠥᠷᠥᠯ ᠵᠦᠶᠯ ᠢ ᠳᠡᠭᠡᠳᠦ ᠱᠠᠲᠤᠨ ᠤ ᠲᠥᠯᠥᠪᠵᠢᠭᠦᠯᠭᠡ ᠳᠤ ᠣᠷᠣᠭᠤᠯᠬᠤ ᠪᠠᠷ ᠢᠳᠡᠪᠬᠢᠯᠡᠨ ᠴᠢᠷᠮᠠᠶᠢᠨ᠎ᠠ᠃ | 2020 ᠣᠨ ᠢᠶᠠᠨ ᠡᠷᠭᠢᠴᠡᠭᠦᠯᠬᠦᠶ᠎ᠡ᠂ ᠪᠠᠶ᠋ᠬᠠᠤᠪᠤᠭ᠎ᠠ《 ᠪᠠᠶᠠᠨ ᠬᠥᠮᠦᠨ ᠤ ᠬᠥᠭᠵᠢᠯᠲᠡ ᠠᠴᠠ ᠭᠠᠷᠬᠤ 》 ᠶᠢ | ᠪᠠᠷᠢᠮᠲᠠᠯᠠᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠶᠢ ᠬᠥᠭᠵᠢᠯᠲᠡ ᠶᠢ ᠲᠦᠷᠭᠡᠳᠬᠡᠬᠦ ᠵᠠᠩᠭᠢᠯᠠᠭ᠎ᠠ ᠪᠠ | ᠭᠤᠣᠯᠳᠠᠯᠭ᠎ᠠ ᠪᠣᠯᠭᠠᠵᠤ᠂ ᠴᠠᠭ ᠢ ᠠᠮᠵᠢᠨ ᠭᠠᠳᠠᠭᠰᠢ ᠭᠠᠷᠴᠤ᠂ ᠬᠡᠭᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ | ᠤᠭᠲᠤᠨ ᠠᠪᠴᠠᠢ᠃ ᠬᠥᠭᠵᠢᠭᠰᠡᠨ ᠭᠠᠵᠠᠷ ᠣᠷᠣᠨ ᠤ ᠠᠵᠤ ᠠᠬᠤᠶᠢᠯᠠᠯ ᠲᠠᠢ ᠥᠷᠭᠡᠨ ᠢᠶᠠᠷ ᠬᠠᠷᠢᠯᠴᠠᠵᠤ᠂ ᠭᠠᠳᠠᠭᠰᠢ | ᠭᠠᠷᠴᠤ 25 ᠤᠳᠠᠭ᠎ᠠ ᠬᠤᠳᠠᠯᠳᠤᠭᠠᠴᠢᠨ ᠤᠷᠢᠵᠤ᠂ 43 ᠠᠵᠤ ᠠᠬᠤᠶᠢᠯᠠᠯ ᠢ ᠵᠣᠯᠭᠠᠭᠤᠯᠪᠠ᠃ ᠪᠣᠭᠤᠲᠤ ᠳᠤ 54 ᠠᠵᠤ | ᠠᠬᠤᠶᠢᠯᠠᠯ ᠤᠨ ᠲᠥᠯᠥᠭᠡᠯᠡᠭᠴᠢ ᠲᠠᠢ ᠠᠭᠤᠯᠵᠠᠬᠤ ᠶᠢᠨ ᠬᠠᠮᠲᠤ ᠭᠦᠨᠵᠡᠭᠡᠢ ᠶᠠᠷᠢᠯᠴᠠᠵᠠᠢ᠃ ᠮᠥᠩᠭᠦᠨ ᠴᠠᠭᠠᠨ ᠴᠠᠰᠤ ᠲᠠᠢ | ᠤᠮᠠᠷᠠᠲᠤ ᠣᠷᠣᠨ ᠠᠴᠠ᠂ ᠨᠣᠮᠢᠨ ᠨᠣᠭᠤᠭᠠᠨ ᠡᠮᠦᠨᠡᠲᠦ ᠰᠢᠨᠵᠢᠶᠠᠩ ᠬᠦᠷᠲᠡᠯ᠎ᠡ᠂ ᠴᠡᠴᠡᠭᠯᠡᠨ ᠬᠥᠭᠵᠢᠭᠰᠡᠨ ᠳᠣᠲᠣᠭᠠᠳᠤ | ᠬᠠᠭᠤᠷᠠᠶ ᠠᠴᠠ᠂ ᠰᠦᠷ ᠳᠠᠯᠠᠶᠢᠴᠠᠲᠠᠶ ᠲᠡᠯᠡᠶ ᠶᠢᠨ ᠬᠥᠪᠡᠭᠡ ᠬᠦᠷᠲᠡᠯ᠎ᠡ᠂ ᠲᠥᠪ ᠶᠡᠬᠡᠮᠰᠦᠭ ᠬᠤᠷᠠᠯ ᠤᠨ ᠲᠠᠯᠠᠪᠠᠶ ᠠᠴᠠ | ᠬᠥᠷ ᠬᠥᠭᠵᠢᠶᠡᠨᠲᠡᠶ ᠦᠶᠯᠡᠳᠪᠦᠷᠢ ᠬᠦᠷᠲᠡᠯ᠎ᠡ᠂ ᠪᠠᠶ᠋ᠬᠠᠤᠪᠤᠭ᠎ᠠ ᠶᠢᠨ ᠬᠤᠳᠠᠯᠳᠤᠭᠠᠴᠢᠨ ᠤᠷᠢᠵᠤ ᠪᠠᠯᠠ ᠮᠥᠩᠭᠦ ᠲᠠᠲᠠᠭᠰᠠᠨ | ᠪᠠᠷ᠎ᠠ ᠰᠡᠭᠦᠳᠡᠷ ᠭᠠᠵᠠᠷ ᠪᠣᠯᠭᠠᠨ ᠳᠤ ᠢᠯᠡᠷᠡᠵᠦ᠂ ᠪᠠᠶ᠋ᠬᠠᠤᠪᠤᠭ᠎ᠠ ᠶᠢᠨ ᠨᠠᠶᠢᠵᠠ ᠶᠢᠨ ᠬᠦᠷᠢᠶ᠎ᠡ ᠲᠠᠰᠤᠷᠠᠯᠲᠠ ᠥᠬᠡᠶ | ᠥᠷᠭᠡᠵᠢᠵᠦ᠂ ᠥᠨᠢᠷ ᠪᠠᠶᠠᠯᠢᠭ ᠳᠠᠷᠬᠠᠨ ᠠᠭᠤᠯᠠ ᠶᠢᠨ ᠨᠥᠯᠥᠭᠡᠯᠡᠬᠦ ᠬᠦᠴᠦᠨ᠂ ᠲᠠᠲᠠᠬᠤ ᠬᠦᠴᠦᠨ ᠶᠡᠭᠡ ᠪᠠᠷ | ᠳᠡᠭᠡᠭᠰᠢᠯᠡᠪᠡ᠃ ᠣᠳᠣᠬᠠᠨ ᠪᠣᠯᠲᠠᠯ᠎ᠠ᠂ 16 ᠲᠥᠷᠥᠯ ᠵᠦᠶᠯ ᠤᠨ ᠭᠡᠷ᠎ᠡ ᠲᠣᠭᠲᠠᠵᠤ᠂ ᠪᠠᠯᠠ ᠣᠷᠣᠭᠤᠯᠤᠯᠲᠠ ᠶᠢᠨ | ᠬᠡᠮᠵᠢᠶ᠎ᠡ ᠨᠢ 119.7 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ 7 ᠲᠥᠷᠥᠯ ᠵᠦᠶᠯ ᠨᠢ ᠨᠢᠭᠡᠨᠲᠡ | ᠳᠠᠩᠰᠠᠯᠠᠭᠤᠯᠤᠨ ᠡᠵᠡᠩᠨᠡᠯᠲᠡ ᠳᠤ ᠣᠷᠣᠪᠠ᠃ ᠪᠠᠶ᠋ᠬᠠᠤᠪᠤᠭ᠎ᠠ ᠪᠣᠯ ᠨᠡᠷ᠎ᠡ ᠠᠯᠳᠠᠷᠰᠢᠭᠰᠠᠨ ᠳᠡᠯᠡᠬᠡᠢ ᠶᠢᠨ ᠬᠤᠪᠣᠷ ᠰᠢᠷᠣᠢ | ᠶᠢᠨ ᠨᠤᠲᠤᠭ᠂ ᠤᠯᠤᠰ ᠤᠨ ᠲᠡᠰ ᠤᠨ ᠲᠤᠰᠠᠭᠠᠷ ᠦᠢᠯᠡᠳᠪᠦᠷᠢ ᠠᠭᠤᠷᠬᠠᠢ ᠶᠢᠨ ᠣᠷᠣᠨ᠂ ᠤᠯᠤᠰ ᠤᠨ ᠡᠷᠡᠭᠦᠯ | ᠬᠠᠮᠠᠭᠠᠯᠠᠯ ᠤᠨ ᠬᠤᠳᠠ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠳᠠ᠂ ᠲᠠᠯ᠎ᠠ ᠨᠤᠲᠤᠭ ᠤᠨ ᠪᠢᠴᠢᠬᠠᠨ ᠪᠠᠭᠠᠲᠤᠷ | ᠡᠭᠡᠴᠢ ᠥᠬᠢᠨ ᠳᠡᠭᠦᠦ ᠶᠢᠨ ᠦᠯᠢᠭᠡᠷ ᠡᠭᠦᠰᠦᠭᠰᠡᠨ ᠭᠠᠵᠠᠷ᠂ ᠠᠭᠤᠷᠬᠠᠢ ᠶᠢᠨ ᠡᠬᠢ ᠪᠠᠶᠠᠯᠢᠭ ᠡᠯᠪᠡᠭ ᠳᠡᠯᠪᠡᠭ᠂ ᠭᠠᠵᠠᠷ | ᠵᠦᠢ ᠶᠢᠨ ᠪᠠᠶᠢᠷᠢᠯᠠᠯ ᠳᠠᠪᠠᠭᠤᠯᠢᠭ᠂ ᠪᠠᠶᠢᠭᠠᠯᠢ ᠶᠢᠨ ᠠᠮᠢ ᠠᠬᠤᠢ ᠰᠢᠯᠢᠳᠡᠭ ᠰᠠᠶᠢᠨ᠂ ᠰᠣᠶᠣᠯ ᠤᠨ ᠰᠠᠭᠤᠷᠢ ᠭᠦᠨ | ᠵᠤᠵᠠᠭᠠᠨ ᠪᠠᠶᠢᠵᠤ᠂ ᠥᠭᠡᠷᠡᠴᠢᠯᠡᠯᠲᠡ ᠶᠢᠨ ᠵᠢᠷᠭᠠᠯ ᠤᠨ ᠣᠷᠣᠨ᠂ ᠦᠢᠯᠡᠰ ᠪᠤᠰᠬᠠᠬᠤ ᠶᠢᠨ ᠰᠢᠮᠡᠯᠢᠭ ᠬᠥᠷᠥᠰᠥ᠂ ᠪᠡᠯᠡ | ᠣᠷᠣᠭᠤᠯᠬᠤ ᠬᠠᠯᠠᠭᠤᠨ ᠬᠥᠷᠥᠰᠥ ᠪᠣᠯᠤᠭᠰᠠᠭᠠᠷ ᠢᠷᠡᠵᠠᠢ᠃ ᠨᠢᠳᠤᠨᠤᠨ ᠠᠴᠠ ᠨᠠᠭᠠᠰᠢ᠂ ᠪᠠᠶ᠋ᠬᠠᠤᠪᠤᠭ᠎ᠠ ᠠᠵᠤ ᠠᠬᠤᠶᠢᠯᠠᠯ᠂ | ᠣᠯᠠᠨ ᠲᠦᠮᠡᠨ ᠤ ᠪᠣᠳᠠᠲᠠᠶ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠳᠣᠲᠣᠭᠠᠳᠤ | ᠶᠢᠨ ᠲᠡᠷᠢᠭᠦᠨ ᠤ ᠬᠢ ᠪᠠᠷ ᠪᠠᠷᠢᠮᠵᠢᠶᠠᠯᠠᠨ᠂ ᠲᠠᠯᠪᠢᠬᠤ ᠬᠠᠮᠢᠶᠠᠷᠬᠤ ᠦᠶᠯᠡᠴᠢᠯᠡᠬᠦ ᠥᠭᠡᠷᠡᠴᠢᠯᠡᠯᠲᠡ ᠶᠢᠨ ᠬᠠᠮᠤᠷᠬᠤ ᠬᠡᠪᠴᠢᠶ᠎ᠡ | ᠂ ᠣᠨᠣᠪᠴᠢ ᠶᠢᠨ ᠬᠡᠮᠵᠢᠶ᠎ᠡ᠂ ᠪᠦᠳᠦᠮᠵᠢᠳᠤ ᠴᠢᠨᠠᠷ ᠢ ᠤᠯᠠᠮ ᠨᠢᠭᠡ ᠠᠯᠬᠤᠮ ᠨᠠᠷᠢᠯᠢᠭ ᠨᠠᠶᠢᠳᠠᠪᠤᠷᠢᠵᠢᠭᠤᠯᠵᠤ᠂ ᠬᠢᠨᠠᠨ | ᠵᠥᠪᠰᠢᠶᠡᠷᠡᠬᠦ ᠵᠦᠶᠯᠡᠰ ᠬᠠᠮᠤᠭ ᠤᠨ ᠴᠥᠭᠡᠨ᠂ ᠵᠠᠰᠠᠭ ᠤᠨ ᠶᠠᠪᠤᠳᠠᠯ ᠤᠨ ᠦᠶᠯᠡᠴᠢᠯᠡᠭᠡ ᠬᠠᠮᠤᠭ ᠤᠨ ᠰᠠᠶᠢᠨ᠂ ᠬᠢᠨᠠᠨ | ᠵᠥᠪᠰᠢᠶᠡᠷᠡᠬᠦ ᠪᠠ ᠦᠶᠯᠡᠴᠢᠯᠡᠬᠦ ᠬᠤᠷᠳᠤᠴᠠ ᠬᠠᠮᠤᠭ ᠤᠨ ᠲᠦᠷᠭᠡᠨ ᠪᠠᠶᠢᠬᠤ ᠠᠵᠢᠯ ᠤᠨ ᠱᠠᠭᠠᠷᠳᠠᠯᠭ᠎ᠠ ᠶᠣᠰᠣᠭᠠᠷ᠂ | ᠤᠯᠤᠰ ᠤᠨ ᠳᠣᠲᠣᠭᠠᠳᠤ ᠶᠢᠨ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ | ᠢᠶᠠᠨ ᠪᠣᠶ ᠪᠣᠯᠭᠠᠵᠤ᠂ ᠭᠠᠵᠠᠷ ᠣᠷᠣᠨ ᠤ ᠰᠢᠨ᠎ᠡ ᠨᠢᠭᠡ ᠡᠭᠡᠯᠵᠢ ᠶᠢᠨ ᠴᠢᠨᠠᠷ ᠰᠠᠶᠢᠲᠠᠶ ᠬᠥᠭᠵᠢᠯᠲᠡ ᠶᠢ ᠶᠡᠭᠡ ᠪᠠᠷ | ᠠᠬᠢᠭᠤᠯᠪᠠ᠃ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦ ᠶᠢᠨ ᠪᠤᠳᠤᠯᠭ᠎ᠠ ᠶᠢ ᠳᠠᠮᠵᠢᠵᠤ᠂ ᠠᠯᠢᠪᠠ ᠪᠥᠬᠦᠨ ᠠᠰᠢᠭ | ᠠᠰᠠᠷᠠᠮᠵᠢ ᠪᠠᠷ ᠪᠢᠯᠬᠠᠮ᠎ᠠ | ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠡᠭᠡ ᠤᠷᠤᠰᠬᠠᠯ ᠳᠤᠮᠳᠠ᠂ ᠬᠤᠪᠢᠯᠭᠠᠨ | ᠠᠭᠤᠯᠠ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃《 ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠶᠢ ᠵᠣᠷᠢᠭᠵᠢᠭᠤᠯᠬᠤ ᠠᠷᠪᠠᠨ ᠵᠤᠷᠪᠤᠰ ᠠᠷᠭ᠎ᠠ 》 ᠨᠢ ᠨᠠᠩ ᠣᠯᠠᠨ ᠠᠵᠤ ᠠᠬᠤᠶᠢᠯᠠᠯ ᠤᠨ | ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠲᠤ ᠢᠷᠡᠵᠦ ᠪᠠᠯᠠ ᠣᠷᠣᠭᠤᠯᠤᠨ ᠦᠶᠯᠡᠰ ᠪᠤᠰᠬᠠᠬᠤ ᠶᠢ ᠤᠷᠮᠠᠰᠢᠭᠤᠯᠤᠨ | ᠲᠠᠲᠠᠵᠠᠶ᠃ | ᠰᠢᠨ᠎ᠡ ᠪᠠᠷ ᠪᠡᠯᠡ ᠣᠷᠣᠭᠤᠯᠤᠭᠰᠠᠨ ᠲᠥᠷᠥᠯ ᠵᠦᠢᠯ ᠳᠤ ᠭᠠᠵᠠᠷ ᠬᠡᠷᠡᠭᠯᠡᠬᠦ ᠭᠦᠢᠴᠡᠳᠬᠡᠬᠦ ᠲᠤᠭ᠎ᠠ ᠶᠢ ᠡᠩ | ᠲᠡᠷᠢᠭᠦᠨ ᠳᠤ ᠬᠠᠩᠭᠠᠬᠤ ᠪᠠᠲᠤᠯᠠᠭ᠎ᠠ ᠶᠢᠨ ᠲᠠᠯ᠎ᠠ ᠪᠠᠷ᠂ ᠠᠵᠤ ᠠᠬᠤᠶᠢᠯᠠᠯ ᠤᠨ ᠬᠦᠰᠡᠯ ᠰᠠᠨᠠᠭ᠎ᠠ ᠶᠢ ᠦᠨᠳᠦᠰᠦᠯᠡᠨ᠂ ᠠᠵᠤ | ᠦᠢᠯᠡᠳᠪᠦᠷᠢ ᠶᠢᠨ ᠬᠡᠷᠡᠭᠯᠡᠬᠦ ᠭᠠᠵᠠᠷ ᠢ ᠤᠷᠲᠤ ᠬᠤᠭᠤᠴᠠᠭ᠎ᠠ ᠪᠠᠷ ᠲᠦᠷᠢᠶᠡᠰᠦᠯᠡᠬᠦ᠂ ᠤᠷᠢᠳᠠᠪᠠᠷ ᠲᠦᠷᠢᠶᠡᠰᠦᠯᠡᠭᠦᠯᠵᠦ | ᠳᠠᠷᠠᠭ᠎ᠠ ᠨᠢ ᠬᠤᠳᠠᠯᠳᠤᠬᠤ᠂ ᠲᠦᠷᠢᠶᠡᠰᠦᠯᠡᠭᠦᠯᠬᠦ ᠪᠠ ᠬᠤᠳᠠᠯᠳᠤᠬᠤ ᠶᠢ ᠤᠶᠠᠯᠳᠤᠭᠤᠯᠬᠤ᠂ ᠤᠶᠠᠨ ᠬᠠᠳᠠᠨ ᠴᠢᠨᠠᠷᠲᠠᠶ ᠣᠨ | ᠤ ᠬᠤᠭᠤᠴᠠᠭᠠᠨ ᠳᠤ ᠬᠢᠮᠳᠠ ᠪᠠᠷ ᠬᠤᠳᠠᠯᠳᠤᠬᠤ ᠶᠢᠨ ᠬᠠᠩᠭᠠᠬᠤ ᠠᠷᠭ᠎ᠠ ᠮᠠᠶ᠋ᠢᠭ ᠢ ᠬᠡᠷᠡᠭᠵᠢᠭᠦᠯᠵᠦ᠂ ᠭᠠᠵᠠᠷ ᠰᠢᠷᠣᠶ ᠶᠢ | ᠬᠢᠮᠳᠠ ᠪᠠᠷ ᠬᠤᠳᠠᠯᠳᠤᠭᠰᠠᠨ ᠤ ᠦᠨ᠎ᠡ ᠶᠢᠨ ᠵᠣᠭᠤᠰ ᠢ ᠬᠤᠭᠤᠴᠠᠭ᠎ᠠ ᠬᠤᠪᠢᠶᠠᠨ ᠣᠯᠭᠤᠬᠤ ᠶᠢ ᠬᠡᠷᠡᠭᠵᠢᠭᠦᠯᠵᠦ ᠪᠣᠯᠤᠨ᠎ᠠ᠃ | ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠲᠤ ᠠᠵᠢᠯᠯᠠᠭᠠᠨ ᠤ ᠲᠥᠪ᠂ ᠪᠤᠳᠤᠯᠲᠠ ᠶᠢᠨ ᠲᠥᠪ᠂ ᠡᠭᠦᠯᠡᠨ ᠪᠤᠳᠤᠯᠲᠠ ᠶᠢᠨ | ᠲᠥᠪ ᠤᠨ ᠪᠥᠲᠥᠭᠡᠨ ᠪᠠᠶᠢᠭᠤᠯᠤᠯᠲᠠ᠂ 5G ᠬᠡᠷᠡᠭᠯᠡᠭᠡᠨ ᠤ ᠵᠢᠱᠢᠶ᠎ᠡ ᠦᠵᠡᠭᠦᠯᠬᠦ ᠲᠥᠷᠥᠯ ᠵᠦᠶᠯ ᠢ ᠰᠢᠨ᠎ᠡ ᠪᠠᠷ | ᠪᠠᠶᠢᠭᠤᠯᠪᠠᠯ᠂ ᠭᠠᠵᠠᠷ ᠰᠢᠷᠣᠶ ᠶᠢ ᠤᠷᠢᠳᠠᠪᠠᠷ ᠬᠡᠷᠡᠭᠯᠡᠵᠦ ᠪᠣᠯᠤᠨ᠎ᠠ᠂ ᠠᠯᠢ ᠴᠢᠳᠠᠬᠤ ᠪᠠᠷ ᠠᠵᠤ ᠠᠬᠤᠶᠢᠯᠠᠯ ᠢ ᠬᠠᠪᠰᠤᠷᠤᠨ | ᠡᠮᠦᠨᠡᠬᠢ ᠬᠤᠭᠤᠴᠠᠭᠠᠨ ᠤ ᠣᠷᠣᠭᠤᠯᠤᠯᠲᠠ ᠶᠢᠨ ᠥᠪᠡᠷ ᠤᠨ ᠥᠷᠲᠡᠭ ᠢ ᠨᠢ ᠪᠠᠭᠤᠷᠠᠭᠤᠯᠤᠨ᠎ᠠ᠃ ᠲᠣᠭᠲᠠᠮᠠᠯ ᠬᠥᠷᠥᠩᠭᠡ | ᠶᠢ ᠰᠢᠨ᠎ᠡ ᠪᠠᠷ ᠣᠷᠣᠭᠤᠯᠵᠤ ᠢᠷᠡᠨ ᠨᠢᠭᠡ ᠤᠳᠠᠭ᠎ᠠ ᠶᠢᠨ ᠴᠢᠨᠠᠷᠲᠠᠶ ᠪᠡᠯᠡ ᠣᠷᠣᠭᠤᠯᠤᠯᠲᠠ ᠨᠢ 5000 ᠲᠦᠮᠡᠨ | ᠲᠥᠭᠦᠷᠢᠭ ᠠᠴᠠ ᠳᠡᠭᠡᠭᠰᠢᠬᠢ ᠠᠵᠤ ᠦᠢᠯᠡᠰ ᠤᠨ ᠲᠥᠷᠥᠯ ᠵᠦᠢᠯ ᠪᠣᠯᠤᠨ ᠰᠢᠨᠵᠢᠯᠡᠬᠦ ᠤᠬᠠᠭᠠᠨ ᠤ ᠰᠤᠳᠤᠯᠤᠯ ᠤᠨ | ᠲᠥᠷᠥᠯ ᠵᠦᠢᠯ ᠳᠤ ᠭᠤᠣᠯᠳᠠᠯᠭ᠎ᠠ ᠲᠠᠢ ᠳᠡᠮᠵᠢᠯᠭᠡ ᠦᠵᠡᠭᠦᠯᠵᠦ᠂ ᠭᠤᠷᠪᠠᠨ ᠵᠢᠯ ᠤᠨ ᠳᠣᠲᠣᠷ᠎ᠠ ᠪᠠᠶ᠋ᠬᠠᠣᠪᠤᠭ᠎ᠠ ᠠᠭᠤᠷᠬᠠᠶ | ᠶᠢᠨ ᠲᠣᠭᠤᠷᠢᠭ ᠤᠨ ᠪᠡᠯᠡ ᠣᠷᠣᠭᠤᠯᠵᠤ ᠪᠦᠲᠦᠭᠡᠨ ᠪᠠᠶᠢᠭᠤᠯᠤᠭᠰᠠᠨ ᠣᠳᠣ ᠪᠠᠶᠢᠭ᠎ᠠ ᠰᠤᠯᠠ ᠲᠠᠯᠪᠢᠵᠤ ᠪᠠᠶᠢᠭ᠎ᠠ | ᠦᠢᠯᠡᠳᠪᠦᠷᠢ ᠶᠢᠨ ᠭᠡᠷ ᠢ ᠰᠦᠢᠳᠬᠡᠯ ᠬᠤᠷᠢᠶᠠᠬᠤ ᠦᠭᠡᠶ ᠪᠠᠷ ᠬᠡᠷᠡᠭᠯᠡᠵᠦ ᠪᠣᠯᠤᠨ᠎ᠠ᠃ ᠣᠷᠣᠨ ᠨᠤᠲᠤᠭ ᠤᠨ ᠬᠤᠪᠢ | ᠨᠡᠮᠡᠷᠢ ᠪᠠᠷ ᠨᠡᠯᠢᠶᠡᠳ ᠶᠡᠭᠡ ᠲᠥᠷᠥᠯ ᠵᠦᠢᠯ ᠳᠤ ᠪᠣᠯ ᠨᠢᠭᠡ ᠨᠢᠭᠡ ᠤᠴᠢᠷ ᠶᠠᠪᠤᠳᠠᠯ ᠢᠶᠠᠷ ᠵᠥᠪᠯᠡᠬᠦ ᠠᠷᠭ᠎ᠠ ᠮᠠᠶ᠋ᠢᠭ ᠢ | ᠠᠪᠴᠤ ᠰᠦᠢᠳᠬᠡᠯ ᠬᠤᠷᠢᠶᠠᠬᠤ ᠦᠭᠡᠶ ᠪᠠᠷ ᠬᠡᠷᠡᠭᠯᠡᠬᠦ ᠵᠢᠯ ᠬᠤᠭᠤᠴᠠᠭ᠎ᠠ ᠶᠢ ᠨᠢ ᠤᠷᠲᠤᠳᠬᠠᠵᠤ ᠪᠣᠯᠤᠨ᠎ᠠ᠃ ᠠᠵᠤ | ᠠᠬᠤᠢᠯᠠᠯ ᠤᠨ ᠪᠦᠲᠦᠭᠡᠨ ᠪᠠᠢᠭᠤᠯᠤᠯᠲᠠ ᠶᠢᠨ ᠡᠬᠢᠨ ᠤ ᠬᠤᠭᠤᠴᠠᠭ᠎ᠠ ᠵᠢᠴᠢ ᠨᠢᠭᠡᠳᠦᠭᠡᠷ ᠵᠢᠯ ᠤᠨ ᠦᠢᠯᠡᠳᠪᠦᠷᠢᠯᠡᠯ ᠤᠨ | ᠠᠵᠢᠯᠯᠠᠭᠠᠨ ᠤ ᠬᠤᠭᠤᠴᠠᠭᠠᠨ ᠳᠤ᠂ ᠤᠰᠤ ᠬᠡᠷᠡᠭᠯᠡᠬᠦ ᠦᠨ᠎ᠡ ᠬᠠᠩᠰᠢ ᠶᠢ ᠮᠠᠨ ᠤ ᠬᠤᠲᠠ ᠶᠢᠨ ᠬᠠᠮᠤᠭ ᠳᠣᠣᠷ᠎ᠠ | ᠪᠠᠷᠢᠮᠵᠢᠶ᠎ᠠ ᠪᠠᠷ ᠬᠡᠷᠡᠭᠵᠢᠭᠦᠯᠵᠦ᠂ ᠢᠯᠴᠢ ᠬᠠᠩᠭᠠᠬᠤ᠂ ᠪᠠᠢᠭᠠᠯᠢ ᠶᠢᠨ ᠰᠢᠲᠠᠮᠠᠬᠠᠢ ᠬᠡᠢ ᠶᠢ ᠪᠠᠶ᠋ᠬᠠᠣᠪᠤᠭ᠎ᠠ ᠠᠭᠤᠷᠬᠠᠢ ᠶᠢᠨ | ᠲᠣᠭᠤᠷᠢᠭ ᠤᠨ ᠣᠳᠣ ᠶᠢᠨ ᠬᠡᠷᠡᠭᠵᠢᠭᠦᠯᠵᠦ ᠪᠠᠶᠢᠭ᠎ᠠ ᠦᠨ᠎ᠡ ᠬᠠᠩᠰᠢ ᠶᠢᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ 10 % | ᠶᠢᠨ ᠬᠠᠷᠠᠭᠠᠯᠵᠠᠯ ᠦᠵᠡᠭᠦᠯᠦᠨ᠎ᠡ᠃ ᠬᠤᠪᠣᠷ ᠰᠢᠷᠣᠶ ᠶᠢᠨ ᠡᠬᠢ ᠪᠠᠶᠠᠯᠢᠭ ᠢ ᠳᠠᠬᠢᠨ ᠠᠰᠢᠭᠯᠠᠬᠤ᠂ ᠠᠭᠤᠷᠬᠠᠶ ᠶᠢᠨ | ᠭᠠᠷᠤᠯᠲᠠ ᠶᠢ ᠶᠡᠷᠦᠩᠬᠡᠶᠢᠯᠡᠨ ᠠᠰᠢᠭᠯᠠᠬᠤ᠂ ᠡᠨᠧᠷᠭᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ᠂ 5G ᠮᠡᠷᠭᠡᠵᠢᠯ | ᠤᠨ ᠬᠡᠷᠡᠭᠯᠡᠯᠲᠡ᠂ ᠰᠣᠶᠣᠯ ᠵᠢᠭᠤᠯᠴᠢᠯᠠᠯ ᠵᠡᠷᠭᠡ ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠤᠨ ᠲᠣᠭᠲᠠᠭᠠᠭᠰᠠᠨ 11 | ᠵᠤᠷᠪᠤᠰ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠤᠨ ᠰᠠᠭᠤᠷᠢ ᠪᠡᠯᠡᠳᠬᠡᠮᠵᠢ ᠶᠢᠨ ᠣᠷᠣᠭᠤᠯᠤᠯᠲᠠ ᠶᠢ | ᠭᠤᠣᠯᠳᠠᠯᠭ᠎ᠠ ᠲᠠᠢ ᠵᠣᠷᠢᠭᠵᠢᠭᠤᠯᠵᠤ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠨᠢ 5000 ᠲᠦᠮᠡᠨ ᠲᠥᠭᠦᠷᠢᠭ ᠠᠴᠠ ᠳᠡᠭᠡᠭᠰᠢ ᠪᠠᠶᠢᠬᠤ᠂ ᠪᠠᠶᠢᠭᠤᠯᠵᠤ ᠠᠰᠢᠭᠯᠠᠯᠲᠠ ᠳᠤ | ᠣᠷᠣᠭᠤᠯᠤᠭᠰᠠᠨ ᠤ ᠳᠠᠷᠠᠭ᠎ᠠ᠂ ᠠᠵᠤ ᠠᠬᠤᠶᠢᠯᠠᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠᠨ | ᠲᠡᠭᠦᠯᠳᠡᠷᠵᠢᠭᠦᠯᠬᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠷᠣᠭᠤᠯᠤᠯᠲᠠ᠂ ᠦᠯᠡᠳᠡᠭᠳᠡᠯ ᠬᠦᠳᠡᠷ ᠢ ᠶᠡᠷᠦᠩᠬᠡᠶᠢᠯᠡᠨ | ᠵᠠᠰᠠᠬᠤ ᠵᠡᠷᠭᠡ ᠲᠠᠯ᠎ᠠ ᠪᠠᠷ ᠲᠤᠰᠬᠠᠶ ᠵᠦᠢᠯ ᠤᠨ ᠪᠡᠯᠡ ᠮᠥᠩᠭᠦ ᠪᠠᠷ ᠲᠡᠳᠬᠦᠬᠦ ᠬᠡᠷᠡᠭᠲᠡᠶ᠃ ᠨᠢᠭᠡᠳᠦᠭᠡᠷ ᠵᠢᠯ ᠳᠤ ᠠᠵᠤ | ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠠᠰᠢᠭ ᠣᠷᠣᠯᠭ᠎ᠠ ᠶᠢᠨ ᠶᠣᠰᠣᠭᠠᠷ ᠣᠷᠣᠨ ᠨᠤᠲᠤᠭ ᠤᠨ ᠠᠵᠤ ᠠᠬᠤᠢ | ᠳᠤ ᠦᠵᠡᠭᠦᠯᠦᠭᠰᠡᠨ ᠬᠤᠪᠢ ᠨᠡᠮᠡᠷᠢ ᠶᠢᠨ 90% ᠶᠢ ᠲᠡᠳᠬᠦᠨ ᠲᠡᠮᠵᠢᠪᠡ᠃ ᠬᠤᠶᠠᠳᠤᠭᠠᠷ ᠵᠢᠯ ᠳᠤᠨᠢ ᠠᠵᠤ ᠠᠬᠤᠶᠢᠯᠠᠯ | ᠤᠨ ᠦᠶᠯᠡᠳᠪᠦᠷᠢᠯᠡᠯ ᠡᠵᠡᠩᠨᠡᠯᠲᠡ ᠶᠢᠨ ᠣᠯᠵᠠᠪᠤᠷᠢ ᠶᠢᠨ ᠣᠷᠣᠨ ᠨᠤᠲᠤᠭ ᠤᠨ ᠠᠵᠤ ᠠᠬᠤᠶ ᠳᠤ ᠦᠵᠡᠭᠦᠯᠦᠭᠰᠡᠨ ᠬᠤᠪᠢ | ᠨᠡᠮᠡᠷᠢ ᠶᠢᠨ 80% ᠪᠠᠷ ᠲᠡᠳᠬᠦᠬᠦ ᠬᠡᠷᠡᠭᠲᠡᠶ᠃ ᠭᠤᠷᠪᠠᠳᠤᠭᠠᠷ ᠵᠢᠯ ᠳᠤ ᠠᠵᠤ ᠠᠬᠤᠶᠢᠯᠠᠯ ᠤᠨ ᠦᠢᠯᠡᠳᠪᠦᠷᠢᠯᠡᠯ | ᠡᠵᠡᠩᠨᠡᠯᠲᠡ ᠶᠢᠨ ᠣᠯᠵᠠᠪᠤᠷᠢ ᠶᠢᠨ ᠣᠷᠣᠨ ᠨᠤᠲᠤᠭ ᠤᠨ ᠠᠵᠤ ᠠᠬᠤᠶ ᠳᠤ ᠦᠵᠡᠭᠦᠯᠦᠭᠰᠡᠨ ᠬᠤᠪᠢ ᠨᠡᠮᠡᠷᠢ ᠶᠢᠨ 70% | ᠪᠠᠷ ᠲᠡᠳᠬᠦᠬᠦ ᠬᠡᠷᠡᠭᠲᠡᠶ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠢ 3 ᠳ᠋ᠦᠩᠰᠢᠭᠤᠷ ᠲᠥᠭᠦᠷᠢᠭ ᠠᠴᠠ | ᠳᠡᠭᠡᠭᠰᠢ ᠪᠠᠶᠢᠪᠠᠯ᠂《 ᠨᠢᠭᠡ ᠦᠢᠯᠡᠳᠬᠦᠨ ᠳᠤ ᠨᠢᠭᠡ ᠲᠥᠷᠥ ᠶᠢᠨ ᠪᠣᠳᠣᠯᠭ᠎ᠠ᠂ ᠨᠢᠭᠡ ᠠᠵᠤ ᠠᠬᠤᠶᠢᠯᠠᠯ ᠳᠤ ᠨᠢᠭᠡ | ᠲᠥᠷᠥ ᠶᠢᠨ ᠪᠣᠳᠣᠯᠭ᠎ᠠ 》 ᠶᠢᠨ ᠠᠷᠭ᠎ᠠ ᠮᠠᠶ᠋ᠢᠭ ᠢ ᠠᠪᠴᠤ᠂ ᠪᠣᠳᠠᠲᠤ ᠪᠠᠶᠢᠳᠠᠯ ᠢᠶᠠᠨ ᠦᠨᠳᠦᠰᠦᠯᠡᠨ ᠨᠡᠩ ᠢᠯᠡᠭᠦᠦ | ᠬᠠᠷᠠᠭᠠᠯᠵᠠᠯ ᠲᠠᠢ ᠲᠡᠳᠬᠦᠬᠦ ᠲᠥᠷᠥ ᠶᠢᠨ ᠪᠣᠳᠣᠯᠭ᠎ᠠ ᠣᠯᠭᠤᠵᠤ ᠪᠣᠯᠤᠨ᠎ᠠ᠃ | 5 G ᠮᠡᠷᠭᠡᠵᠢᠯ ᠤᠨ ᠬᠡᠷᠡᠭᠯᠡᠭᠡᠨ᠂ ᠲᠣᠭᠠᠴᠢᠯᠠᠭᠰᠠᠨ ᠠᠵᠤ ᠠᠬᠤᠶ᠂ ᠠᠵᠤ ᠦᠶᠯᠡᠳᠪᠦᠷᠢ ᠶᠢᠨ ᠢᠨᠲ᠋ᠧᠷ | ᠰᠦᠯᠵᠢᠶ᠎ᠡ ᠵᠡᠷᠭᠡ ᠠᠵᠤ ᠦᠶᠯᠡᠰ ᠢ ᠡᠷᠭᠢᠯᠡᠵᠦ ᠪᠠᠶᠢᠭ᠎ᠠ ᠰᠢᠨ᠎ᠡ ᠪᠠᠷ ᠳᠠᠩᠰᠠᠯᠠᠭᠤᠯᠤᠭᠰᠠᠨ ᠠᠵᠤ ᠠᠬᠤᠶᠢᠯᠠᠯ ᠢ ᠲᠡᠳᠬᠦᠨ | ᠳᠡᠮᠵᠢᠵᠦ᠂ ᠠᠵᠤ ᠠᠬᠤᠶᠢᠯᠠᠯ ᠠᠴᠠ ᠠᠰᠢᠭ ᠣᠯᠵᠠᠪᠤᠷᠢ ᠲᠠᠢ ᠪᠣᠯᠤᠭᠰᠠᠨ ᠠᠴᠠ ᠡᠬᠢᠯᠡᠨ᠂ ᠠᠵᠤ ᠠᠬᠤᠶᠢᠯᠠᠯ ᠤᠨ | ᠦᠶᠯᠡᠳᠪᠦᠷᠢᠯᠡᠯ ᠡᠵᠡᠩᠨᠡᠯᠲᠡ ᠶᠢᠨ ᠠᠰᠢᠭ ᠣᠯᠵᠠᠪᠤᠷᠢ ᠶᠢᠨ ᠣᠷᠣᠨ ᠨᠤᠲᠤᠭ ᠤᠨ ᠠᠵᠤ ᠠᠬᠤᠶ ᠳᠤ ᠦᠵᠡᠭᠦᠯᠦᠭᠰᠡᠨ | ᠬᠤᠪᠢ ᠨᠡᠮᠡᠷᠢ ᠶᠢᠨ 50% ᠠᠴᠠ ᠳᠠᠪᠠᠭᠰᠠᠨ ᠥᠬᠡᠶ ᠪᠠᠷ ᠲᠡᠳᠬᠦᠨ᠎ᠡ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ | ᠤᠨ ᠠᠵᠤ ᠠᠬᠤᠶᠢᠯᠠᠯ ᠢ ᠲᠡᠳᠬᠦᠨ᠎ᠡ᠃ ᠰᠢᠨ᠎ᠡ ᠪᠠᠷ ᠳᠠᠩᠰᠠᠯᠠᠭᠤᠯᠤᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ᠂ | ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠠᠵᠤ | ᠠᠬᠤᠶᠢᠯᠠᠯ ᠢ ᠲᠡᠳᠬᠦᠨ ᠳᠡᠮᠵᠢᠨ᠎ᠡ᠃ ᠵᠢᠯ ᠪᠦᠷᠢ ᠣᠷᠣᠨ ᠨᠤᠲᠤᠭ ᠲᠤ ᠦᠵᠡᠭᠦᠯᠬᠦ ᠬᠤᠪᠢ ᠨᠡᠮᠡᠷᠢ ᠶᠢᠨ ᠨᠣᠷᠮ᠎ᠠ ᠨᠢ | 100 ᠲᠦᠮᠡᠨ ᠲᠥᠭᠦᠷᠢᠭ ᠠᠴᠠ ᠥᠨᠳᠥᠷ ᠪᠠᠶᠢᠪᠠᠯ᠂ ᠠᠵᠤ ᠠᠬᠤᠶᠢᠯᠠᠯ ᠤᠨ ᠦᠶᠯᠡᠳᠪᠦᠷᠢᠯᠡᠯ ᠡᠵᠡᠩᠨᠡᠯᠲᠡ ᠶᠢᠨ | ᠣᠯᠵᠠᠪᠤᠷᠢ ᠶᠢᠨ ᠣᠷᠣᠨ ᠨᠤᠲᠤᠭ ᠤᠨ ᠠᠵᠤ ᠠᠬᠤᠶ ᠳᠤ ᠦᠵᠡᠭᠦᠯᠦᠭᠰᠡᠨ ᠬᠤᠪᠢ ᠨᠡᠮᠡᠷᠢ ᠶᠢᠨ 50% ᠪᠠᠷ ᠲᠡᠳᠬᠦᠨ | ᠳᠡᠮᠵᠢᠨ᠎ᠡ᠃ ᠵᠢᠯ ᠪᠦᠷᠢ ᠶᠢᠨ ᠡᠵᠡᠩᠨᠡᠯᠲᠡ ᠶᠢᠨ ᠣᠯᠵᠠᠪᠤᠷᠢ ᠨᠢ ᠣᠷᠣᠨ ᠨᠤᠲᠤᠭ ᠤᠨ ᠠᠵᠤ ᠠᠬᠤᠶ ᠳᠤ 2000 ᠲᠦᠮᠡᠨ | ᠲᠥᠭᠦᠷᠢᠭ ᠠᠴᠠ ᠳᠡᠭᠡᠭᠰᠢ ᠬᠤᠪᠢ ᠨᠡᠮᠡᠷᠢ ᠦᠵᠡᠭᠦᠯᠪᠡᠯ《 ᠨᠢᠭᠡ ᠦᠶᠯᠡᠳᠬᠦᠨ ᠳᠤ ᠨᠢᠭᠡ ᠲᠥᠷᠥ ᠶᠢᠨ ᠪᠣᠳᠣᠯᠭ᠎ᠠ᠂ ᠨᠢᠭᠡ | ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ 》 ᠪᠠᠷ ᠨᠠᠩ ᠢᠯᠡᠭᠦᠦ ᠬᠠᠷᠠᠭᠠᠯᠵᠠᠯ ᠦᠵᠡᠭᠦᠯᠬᠦ ᠲᠥᠷᠥ ᠶᠢᠨ | ᠪᠣᠳᠣᠯᠭ᠎ᠠ ᠶᠢᠨ ᠲᠡᠳᠬᠦᠮᠵᠢ ᠦᠵᠡᠭᠦᠯᠵᠦ ᠪᠣᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ | ᠲᠡᠳᠬᠦᠨ ᠵᠣᠷᠢᠭᠵᠢᠭᠤᠯᠤᠨ᠎ᠠ᠃ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠵᠣᠷᠢᠭᠵᠢᠭᠤᠯᠵᠤ᠂ ᠠᠭᠤᠷᠬᠠᠶ ᠶᠢᠨ ᠭᠠᠷᠤᠯᠲᠠ ( ᠦᠯᠡᠳᠡᠭᠳᠡᠯ | ᠬᠦᠳᠡᠷ ) ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ᠂ ᠳᠡᠭᠡᠳᠦ ᠲᠠᠰ | ᠤᠨ ᠲᠣᠨᠤᠭ ᠲᠥᠬᠦᠭᠡᠷᠦᠮᠵᠢ ᠦᠶᠯᠡᠳᠬᠦ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠵᠡᠷᠭᠡ ᠭᠤᠤᠯᠳᠠᠯᠭ᠎ᠠ | ᠲᠠᠢ ᠬᠦᠷᠢᠶ᠎ᠡ ᠴᠠᠷᠠᠭ᠎ᠠ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠠᠮᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠠᠵᠤ ᠦᠶᠢᠯᠡᠰᠵᠢᠭᠦᠯᠬᠦ ᠲᠥᠷᠥᠯ ᠵᠦᠶᠯ ᠳᠤ᠂ ᠣᠷᠣᠨ ᠨᠤᠲᠤᠭ ᠤᠨ ᠠᠵᠤ ᠠᠬᠤᠶ ᠳᠤ ᠦᠵᠡᠭᠦᠯᠦᠭᠰᠡᠨ | ᠬᠤᠪᠢ ᠨᠡᠮᠡᠷᠢ ᠨᠢ 100 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ ᠠᠵᠤ ᠠᠬᠤᠶᠢᠯᠠᠯ ᠤᠨ ᠦᠶᠯᠡᠳᠪᠦᠷᠢᠯᠡᠯ | ᠡᠵᠡᠩᠨᠡᠯᠲᠡ ᠶᠢᠨ ᠣᠯᠵᠠᠪᠤᠷᠢ ᠪᠠᠷ ᠣᠷᠣᠨ ᠨᠤᠲᠤᠭ ᠤᠨ ᠠᠵᠤ ᠠᠬᠤᠶ ᠳᠤ ᠦᠵᠡᠭᠦᠯᠦᠭᠰᠡᠨ ᠬᠤᠪᠢ ᠨᠡᠮᠡᠷᠢ ᠶᠢᠨ 50% | ᠪᠠᠷ ᠲᠡᠳᠬᠦᠨ ᠳᠡᠮᠵᠢᠨ᠎ᠡ᠃ ᠶᠡᠷᠦᠩᠬᠡᠶ ᠬᠡᠯᠲᠡᠰ ᠤᠨ ᠠᠵᠤ ᠠᠬᠤᠶ ᠶᠢ ᠬᠥᠭᠵᠢᠭᠦᠯᠬᠦ ᠶᠢ ᠳᠠᠮᠵᠢᠨ᠎ᠠ᠃ ᠳᠡᠯᠡᠬᠡᠶ ᠶᠢᠨ 500 | ᠬᠦᠴᠦᠷᠬᠡᠭ᠂ ᠪᠥᠬᠦ ᠤᠯᠤᠰ ᠤᠨ 500 ᠬᠦᠴᠦᠷᠬᠡᠭ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 500 | ᠬᠦᠴᠦᠷᠬᠡᠭ᠂ ᠠᠵᠢᠯ ᠲᠥᠷᠥᠯ ᠤᠨ ᠳᠠᠭᠠᠭᠤᠯᠤᠭᠴᠢ ᠶᠢᠨ ᠲᠦᠷᠦᠭᠦᠦ 10 ᠨᠡᠷᠡᠰ ᠤᠨ ᠠᠵᠤ ᠠᠬᠤᠶᠢᠯᠠᠯ ᠢ ᠪᠠᠶᠠᠨ | ᠠᠭᠤᠷᠬᠠᠶ ᠶᠢᠨ ᠲᠣᠭᠤᠷᠢᠭ ᠲᠤ ᠶᠡᠷᠦᠩᠬᠡᠶ ᠬᠡᠯᠲᠡᠰ᠂ ᠬᠠᠮᠢᠶᠠᠷᠤᠯᠲᠠ ᠶᠢᠨ ᠬᠡᠯᠪᠡᠷᠢ ᠶᠢᠨ ᠡᠵᠡᠩᠨᠡᠯᠲᠡ ᠶᠢᠨ ᠲᠥᠪ | ᠪᠠᠶᠢᠭᠤᠯᠤᠭᠰᠠᠨ ᠪᠣᠯ᠂ ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠤᠨ ᠦᠶᠯᠡᠳᠪᠦᠷᠢᠯᠡᠯ ᠡᠵᠡᠩᠨᠡᠯᠲᠡ ᠶᠢᠨ ᠣᠷᠣᠯᠭ᠎ᠠ ᠠᠴᠠ | ᠣᠷᠣᠨ ᠨᠤᠲᠤᠭ ᠤᠨ ᠠᠵᠤ ᠠᠬᠤᠶ ᠳᠤ ᠦᠵᠡᠭᠦᠯᠦᠭᠰᠡᠨ ᠬᠤᠪᠢ ᠨᠡᠮᠡᠷᠢ ᠶᠢᠨ 90% ᠪᠠᠷ ᠲᠡᠳᠬᠦᠨ ᠳᠡᠮᠵᠢᠨ᠎ᠡ᠃ ᠠᠵᠤ | ᠠᠬᠤᠶᠢᠯᠠᠯ ᠠᠰᠢᠭ ᠣᠯᠤᠭᠰᠠᠨ ᠡᠳᠦᠷ ᠠᠴᠠ ᠡᠬᠢᠯᠡᠨ᠂ ᠠᠵᠤ ᠠᠬᠤᠶᠢᠯᠠᠯ ᠤᠨ ᠳᠡᠭᠡᠳᠦ ᠲᠠᠰ ᠤᠨ ᠬᠠᠮᠢᠶᠠᠷᠤᠭᠴᠢ ᠳᠤ | ᠱᠠᠩᠨᠠᠯ ᠣᠯᠭᠤᠵᠤ᠂ ᠱᠠᠩᠨᠠᠯ ᠤᠨ ᠵᠣᠭᠤᠰ ᠤᠨ ᠲᠤᠭ᠎ᠠ ᠶᠢ ᠲᠡᠭᠦᠨ ᠤ ᠲᠤᠰᠢᠶᠠᠭᠰᠠᠨ ᠬᠤᠪᠢ ᠬᠥᠮᠦᠨ ᠤ ᠠᠰᠢᠭ | ᠣᠷᠣᠯᠭ᠎ᠠ ᠶᠢᠨ ᠭᠠᠶᠢᠯᠢ ᠶᠢᠨ ᠣᠷᠣᠨ ᠨᠤᠲᠤᠭ ᠤᠨ ᠦᠯᠡᠳᠡᠭᠡᠬᠦ ᠬᠡᠰᠡᠭ ᠢᠶᠠᠷ ᠯᠠᠪᠯᠠᠯᠲᠠ ᠪᠣᠯᠭᠠᠵᠤ ᠬᠢᠨᠠᠨ ᠲᠣᠭᠲᠠᠭᠠᠨ᠎ᠠ᠃ | | ᠮᠥᠩᠭᠦᠨ ᠭᠦᠢᠯᠭᠡᠭᠡ ᠳᠠᠭᠠᠳᠬᠠᠯ ᠤᠨ ᠠᠵᠢᠯ ᠲᠦᠷᠦᠯ ᠢ ᠶᠡᠬᠡᠪᠡᠷ ᠬᠥᠭᠵᠢᠭᠦᠯᠦᠨ᠎ᠡ᠃ ᠪᠠᠶ᠋ᠬᠠᠣᠪᠤᠭ᠎ᠠ ᠠᠭᠤᠷᠬᠠᠶ | ᠶᠢᠨ ᠲᠣᠭᠤᠷᠢᠭ ᠲᠤ ᠰᠢᠨ᠎ᠡ ᠪᠠᠷ ᠳᠠᠩᠰᠠᠯᠠᠭᠤᠯᠤᠭᠰᠠᠨ ᠮᠥᠩᠭᠦᠨ ᠭᠦᠢᠯᠭᠡᠭᠡᠨ ᠤ ᠳᠠᠭᠠᠳᠬᠠᠯ ᠤᠨ ᠦᠢᠯᠡᠰ ᠤᠨ ᠠᠵᠤ | ᠠᠬᠤᠶᠢᠯᠠᠯ ᠳᠤ᠂ ᠦᠷ᠎ᠡ ᠠᠰᠢᠭ ᠡᠭᠦᠰᠦᠭᠰᠡᠨ ᠠᠴᠠ ᠡᠬᠢᠯᠡᠨ᠂ ᠦᠢᠯᠡᠳᠪᠦᠷᠢᠯᠡᠯ ᠡᠵᠡᠩᠨᠡᠯᠲᠡ ᠶᠢᠨ ᠣᠯᠵᠠᠪᠤᠷᠢ ᠶᠢᠨ | ᠶᠣᠰᠣᠭᠠᠷ ᠣᠷᠣᠨ ᠨᠤᠲᠤᠭ ᠤᠨ ᠠᠵᠤ ᠠᠬᠤᠶ ᠳᠤ ᠦᠵᠡᠭᠦᠯᠦᠭᠰᠡᠨ ᠬᠤᠪᠢ ᠨᠡᠮᠡᠷᠢ ᠶᠢᠨ 60% ᠶᠢ ᠨᠢ ᠲᠡᠳᠬᠦᠬᠦ | ᠬᠡᠷᠡᠭᠲᠡᠶ᠃ ᠲᠡᠭᠦᠨ ᠤ ᠪᠠᠶᠢᠭᠤᠯᠤᠭᠰᠠᠨ ᠬᠤᠪᠢᠶᠠᠷᠢ ᠰᠠᠭᠤᠷᠢ ᠮᠥᠩᠭᠦ ᠪᠣᠯᠤᠨ ᠬᠤᠪᠢᠶᠠᠷᠢ ᠰᠠᠭᠤᠷᠢ ᠮᠥᠩᠭᠦ ᠶᠢᠨ ᠪᠡᠯᠡ | ᠣᠷᠣᠭᠤᠯᠤᠯᠲᠠ ᠶᠢᠨ ᠲᠥᠷᠥᠯ ᠵᠦᠢᠯ ᠳᠤ ᠪᠣᠯ ᠦᠷ᠎ᠡ ᠠᠰᠢᠭ ᠪᠣᠯᠤᠨ ᠬᠤᠪᠢ ᠨᠡᠮᠡᠷᠢ ᠦᠵᠡᠭᠦᠯᠦᠭᠰᠡᠨ ᠬᠡᠮᠵᠢᠶ᠎ᠡ ᠶᠢ ᠨᠢ | ᠦᠨᠳᠦᠰᠦᠯᠡᠨ᠂《 ᠨᠢᠭᠡ ᠦᠢᠯᠡᠳᠬᠦᠨ ᠳᠤ ᠨᠢᠭᠡ ᠲᠥᠷᠥ ᠶᠢᠨ ᠪᠣᠳᠣᠯᠭ᠎ᠠ᠂ ᠨᠢᠭᠡ ᠠᠵᠤ ᠠᠬᠤᠶᠢᠯᠠᠯ ᠳᠤ ᠨᠢᠭᠡ ᠲᠥᠷᠥ | ᠶᠢᠨ ᠪᠣᠳᠣᠯᠭ᠎ᠠ 》 ᠪᠠᠷ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠶᠢ ᠬᠡᠷᠡᠭᠵᠢᠭᠦᠯᠦᠨ᠎ᠡ᠃ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠶᠢ ᠵᠣᠷᠢᠭᠵᠢᠭᠤᠯᠬᠤ ᠲᠥᠷᠥ ᠶᠢᠨ ᠪᠣᠳᠣᠯᠭ᠎ᠠ᠃ ᠠᠵᠤ ᠠᠬᠤᠶᠢᠯᠠᠯ ᠤᠨ ᠣᠷᠣᠭᠤᠯᠤᠨ | ᠠᠪᠴᠢᠷᠠᠭᠰᠠᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠳᠤ᠂ ᠺᠣᠮᠫᠠᠨᠢ ᠶᠢᠨ ᠮᠡᠷᠭᠡᠵᠢᠯ ᠤᠨ ᠰᠤᠳᠤᠯᠤᠨ ᠨᠡᠭᠡᠭᠡᠯᠲᠡ᠂ | ᠭᠠᠷ ᠤᠷᠠᠯᠠᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠬᠢ ᠠᠵᠢᠯ ᠤᠨ ᠠᠮᠵᠢᠯᠲᠠ ᠲᠣᠪᠣᠶᠢᠮ᠎ᠠ᠂ ᠬᠤᠪᠢ ᠨᠡᠮᠡᠷᠢ ᠪᠠᠷ | ᠲᠣᠪᠣᠶᠢᠮ᠎ᠠ ᠰᠢᠯᠢᠳᠡᠭ ᠴᠢᠳᠠᠪᠤᠷᠢᠲᠠᠨ ᠳᠤ ᠵᠠᠰᠠᠭ ᠤᠨ ᠣᠷᠳᠣᠨ ᠠᠴᠠ ᠦᠨ᠎ᠡ ᠲᠥᠯᠥᠪᠦᠷᠢ ᠥᠬᠡᠶ ᠪᠠᠷ ᠣᠷᠣᠨ ᠰᠠᠭᠤᠴᠠ | ᠶᠢᠨ ᠪᠠᠲᠤᠯᠠᠭ᠎ᠠ ᠬᠠᠩᠭᠠᠬᠤ ᠶᠢᠨ ᠬᠠᠮᠲᠤ᠂ ᠬᠠᠨᠢ ᠨᠥᠬᠦᠷ ᠨᠢ ᠠᠵᠢᠯ ᠤᠯᠬᠤ᠂ ᠦᠷ᠎ᠡ ᠬᠡᠦᠬᠡᠳ ᠨᠢ ᠰᠤᠷᠭᠠᠭᠤᠯᠢ ᠳᠤ | ᠣᠷᠣᠬᠤ ᠶᠢ ᠰᠢᠶᠳᠪᠦᠷᠢᠯᠡᠨ᠎ᠡ᠃ ᠠᠵᠤ ᠠᠬᠤᠶᠢᠯᠠᠯ《 ᠬᠤᠤᠰ ᠲᠡᠷᠢᠭᠦᠨ ᠲᠠᠰ 》 ᠤᠨ ᠶᠡᠭᠡ ᠰᠤᠷᠭᠠᠭᠤᠯᠢ ᠶᠢᠨ | ᠳ᠋ᠣᠺᠲ᠋ᠣᠷ᠂ ᠮᠠᠬᠢᠰᠲ᠋ᠧᠷ ᠤᠨ ᠠᠰᠫᠢᠷᠠᠨᠲ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠭᠰᠠᠨ ᠪᠠᠶᠢᠪᠠᠯ ᠱᠠᠩᠨᠠᠯ ᠣᠯᠭᠤᠵᠤ᠂ | ᠱᠠᠩᠨᠠᠯ ᠤᠨ ᠵᠣᠭᠤᠰ ᠤᠨ ᠲᠤᠭ᠎ᠠ ᠶᠢ ᠲᠡᠭᠦᠨ ᠤ ᠲᠤᠰᠢᠶᠠᠭᠰᠠᠨ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ | ᠣᠷᠣᠨ ᠨᠤᠲᠤᠭ ᠤᠨ ᠦᠯᠡᠳᠡᠭᠡᠬᠦ ᠬᠡᠰᠡᠭ ᠲᠠᠢ ᠬᠠᠷᠢᠴᠠᠭᠤᠯᠵᠤ ᠪᠠᠶᠢᠭᠠᠳ ᠬᠢᠨᠠᠨ ᠲᠣᠭᠲᠠᠭᠠᠨ᠎ᠠ᠃ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠤ ᠠᠬᠤᠶᠢᠯᠠᠯ ᠤᠨ | ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠳᠤ᠂ ᠣᠷᠣᠨ ᠤ ᠱᠠᠲᠤ ᠨᠢ ᠬᠠᠰᠤᠵᠤ | ᠬᠡᠯᠲᠦᠷᠢᠭᠦᠯᠬᠦ ᠡᠷᠬᠡ ᠮᠡᠳᠡᠯ ᠲᠠᠢ ᠪᠣᠯ ᠴᠥᠮ ᠬᠠᠰᠤᠵᠤ ᠬᠡᠯᠲᠦᠷᠢᠭᠦᠯᠬᠦ ᠶᠢ ᠬᠡᠷᠡᠭᠵᠢᠭᠦᠯᠬᠦ ᠬᠡᠷᠡᠭᠲᠡᠶ᠃ ᠬᠢᠨᠠᠨ ᠵᠥᠪᠰᠢᠶᠡᠷᠡᠬᠦ | ᠶᠢᠨ ᠰᠠᠭᠠᠳ ᠥᠬᠡᠶ ᠨᠡᠪᠲᠡᠷᠡᠬᠦ ᠵᠠᠮ ᠢ ᠨᠡᠭᠡᠭᠡᠵᠦ᠂《 ᠣᠷᠣᠯᠠᠨ ᠭᠦᠶᠴᠡᠳᠬᠡᠬᠦ ᠦᠶᠯᠡᠴᠢᠯᠡᠭᠡ᠂ ᠴᠠᠭ ᠬᠢᠵᠠᠭᠠᠷᠯᠠᠨ | ᠭᠦᠶᠴᠡᠳᠬᠡᠵᠦ ᠳᠠᠭᠤᠰᠬᠠᠬᠤ 》 ᠶᠢ ᠬᠡᠷᠡᠭᠵᠢᠭᠦᠯᠦᠨ᠂ ᠠᠵᠤ ᠠᠬᠤᠶᠢᠯᠠᠯ ᠤᠨ ᠭᠠᠵᠠᠷ ᠬᠡᠷᠡᠭᠯᠡᠬᠦ᠂ ᠤᠰᠤ ᠬᠡᠷᠡᠭᠯᠡᠬᠦ᠂ | ᠴᠠᠬᠢᠯᠭᠠᠨ ᠬᠡᠷᠡᠭᠯᠡᠬᠦ᠂ ᠰᠢᠲᠠᠮᠠᠬᠠᠶ ᠬᠡᠶ ᠬᠡᠷᠡᠭᠯᠡᠬᠦ᠂ ᠢᠯᠴᠢ ᠬᠠᠩᠭᠠᠬᠤ ᠵᠡᠷᠭᠡ ᠡᠮᠦᠨᠡᠬᠢ ᠬᠤᠭᠤᠴᠠᠭᠠᠨ ᠤ ᠭᠠᠷᠳᠠᠮ | ᠭᠦᠶᠴᠡᠳᠬᠡᠬᠦ ᠳᠤ ᠦᠶᠯᠡᠴᠢᠯᠡᠵᠦ᠂《 ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠤᠨ ᠲᠡᠷᠢᠭᠦᠨ ᠤ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢ ᠪᠣᠶ ᠪᠣᠯᠭᠠᠬᠤ ᠠᠷᠭ᠎ᠠ ᠬᠡᠮᠵᠢᠶ᠎ᠡ ᠨᠦᠭᠦᠳ 》 ᠤᠨ ᠲᠣᠭᠲᠠᠭᠠᠭᠰᠠᠨ ᠴᠠᠭ | ᠬᠤᠭᠤᠴᠠᠭ᠎ᠠ ᠶᠣᠰᠣᠭᠠᠷ ᠬᠢᠨᠠᠨ ᠵᠥᠪᠰᠢᠶᠡᠷᠡᠬᠦ ᠶᠢ ᠴᠢᠩᠭ᠎ᠠ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠵᠦᠶᠯᠡᠰ ᠨᠢ ᠬᠠᠮᠤᠭ | ᠤᠨ ᠴᠥᠭᠡᠨ᠂ ᠵᠠᠰᠠᠭ ᠤᠨ ᠶᠠᠪᠤᠳᠠᠯ ᠤᠨ ᠦᠶᠯᠡᠴᠢᠯᠡᠭᠡ ᠨᠢ ᠬᠠᠮᠤᠭ ᠤᠨ ᠰᠠᠶᠢᠨ᠂ ᠬᠢᠨᠠᠨ ᠵᠥᠪᠰᠢᠶᠡᠷᠡᠬᠦ ᠪᠠ ᠦᠶᠯᠡᠴᠢᠯᠡᠬᠦ | ᠬᠤᠷᠳᠤᠴᠠ ᠨᠢ ᠬᠠᠮᠤᠭ ᠤᠨ ᠲᠦᠷᠭᠡᠨ ᠬᠢᠨᠠᠨ ᠵᠥᠪᠰᠢᠶᠡᠷᠡᠬᠦ ᠦᠶᠯᠡᠴᠢᠯᠡᠭᠡ ᠶᠢ ᠪᠡᠶᠡᠯᠡᠭᠦᠯᠦᠨ᠎ᠡ᠃ | ᠵᠠᠰᠠᠭ ᠤᠨ ᠶᠠᠪᠤᠳᠠᠯ ᠤᠨ ᠦᠶᠯᠡᠴᠢᠯᠡᠭᠡ ᠣᠶᠤᠨᠴᠢ ᠪᠠᠷ ᠲᠠᠰ ᠳᠡᠪᠰᠢᠵᠦ ᠰᠢᠨ᠎ᠡ ᠰᠢᠪᠲᠤᠯᠤᠯᠲᠠ ᠶᠢ ᠡᠷᠢᠯᠬᠢᠯᠡᠶ᠎ᠡ | ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠠᠵᠤ ᠠᠬᠤᠶᠢᠯᠠᠯ ᠤᠨ ᠦᠶᠯᠡᠴᠢᠯᠡᠭᠡᠨ ᠤ ᠰᠢᠭᠤᠳ ᠨᠡᠪᠲᠡᠷᠡᠬᠦ | ᠲᠡᠷᠭᠡ ᠶᠢ ᠰᠠᠶᠢᠲᠤᠷ ᠨᠡᠭᠡᠭᠡᠬᠦ ᠶᠢ ᠡᠷᠢᠯᠬᠢᠯᠡᠵᠦ᠂《 ᠲᠠᠪᠤᠨ ᠨᠢᠭᠡᠳᠦᠭᠡᠷ ᠴᠠᠭ 》 ᠤᠨ ᠳᠠᠷᠤᠶᠢᠬᠠᠨ ᠭᠦᠶᠴᠡᠳᠬᠡᠬᠦ | ᠣᠶᠢᠯᠠᠭᠠᠭᠳᠠᠬᠤᠨ ᠢᠶᠠᠷ᠂ ᠲᠤᠰᠬᠠᠶ ᠱᠤᠭᠤᠮ᠂ ᠲᠤᠰᠬᠠᠶ ᠰᠦᠯᠵᠢᠶ᠎ᠡ᠂ ᠲᠤᠰᠬᠠᠶ ᠴᠣᠩᠬᠤ᠂ ᠲᠤᠰᠬᠠᠶ ᠲᠤᠰᠢᠶᠠᠯᠲᠠᠨ | ᠵᠡᠷᠭᠡ《 ᠳᠥᠷᠪᠡᠨ ᠲᠤᠰᠬᠠᠶ 》ᠠᠵᠤ ᠠᠬᠤᠶᠢᠯᠠᠯ ᠤᠨ ᠦᠶᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ᠵᠠᠰᠠᠭ ᠠᠵᠤ | ᠠᠬᠤᠶᠢᠯᠠᠯ ᠤᠨ ᠨᠡᠪᠲᠡᠷᠡᠯᠴᠡᠬᠦ ᠠᠷᠭ᠎ᠠ ᠵᠠᠮ ᠢ ᠰᠢᠯᠤᠭᠤᠳᠬᠠᠵᠤ᠂ ᠠᠵᠤ ᠠᠬᠤᠶᠢᠯᠠᠯ ᠳᠤ ᠨᠢᠭᠡ ᠴᠦ ᠵᠠᠶ ᠥᠬᠡᠶ | ᠦᠶᠯᠡᠴᠢᠯᠡᠭᠡ ᠬᠠᠩᠭᠠᠨ᠎ᠠ᠃ ᠠᠵᠤ ᠠᠬᠤᠶᠢᠯᠠᠯ ᠤᠨ ᠦᠶᠯᠡᠴᠢᠯᠡᠭᠡᠨ ᠤ ᠨᠢᠭᠡᠳᠦᠭᠡᠷ ᠨᠣᠮᠧᠷᠲᠤ ᠶᠢ ᠴᠤᠤᠷᠢᠶᠠᠲᠤᠨ ᠳᠠᠭᠠᠵᠤ᠂ | ᠠᠵᠤ ᠠᠬᠤᠶᠢᠯᠠᠯ ᠤᠨ ᠦᠶᠯᠡᠴᠢᠯᠡᠭᠡᠨ ᠤ ᠲᠤᠰᠬᠠᠶ ᠱᠤᠭᠤᠮ ᠢ ᠪᠠᠶᠢᠭᠤᠯᠤᠨ᠂ ᠠᠵᠤ ᠠᠬᠤᠶᠢᠯᠠᠯ ᠤᠨ ᠦᠶᠯᠡᠴᠢᠯᠡᠭᠡᠨ ᠤ | ᠲᠤᠰᠬᠠᠶ ᠰᠠᠭᠤᠳᠠᠯ ᠭᠠᠷᠭᠠᠨ ᠭᠥᠯᠢᠶᠡᠨ ᠠᠪᠴᠤ ᠰᠣᠨᠣᠰᠴᠤ᠂ ᠲᠤᠰᠬᠠᠶ ᠵᠦᠶᠯ ᠢᠶᠠᠷ ᠭᠥᠯᠢᠶᠡᠨ ᠠᠪᠴᠤ ᠰᠢᠶᠳᠪᠦᠷᠢᠯᠡᠨ᠂ | ᠨᠠᠷᠢᠨ ᠬᠠᠭᠤᠳᠠᠰᠤ ᠶᠢᠨ ᠮᠠᠶ᠋ᠢᠭ ᠤᠨ ᠡᠬᠡ ᠲᠠᠩᠰᠠ ᠶᠢᠨ ᠬᠠᠮᠢᠶᠠᠷᠤᠯᠲᠠ ᠶᠢ ᠠᠬᠢᠭᠤᠯᠤᠨ ᠰᠢᠶᠳᠪᠦᠷᠢᠯᠡᠪᠡ᠃ ᠠᠵᠤ | ᠠᠬᠤᠶᠢᠯᠠᠯ ᠤᠨ ᠦᠶᠯᠡᠴᠢᠯᠡᠭᠡᠨ ᠤ ᠲᠤᠰᠬᠠᠶ ᠰᠦᠯᠵᠢᠶ᠎ᠡ ᠪᠠᠷ ᠰᠢᠶᠳᠪᠦᠷᠢᠯᠡᠨ᠎ᠡ᠃ ᠨᠢᠭᠡ ᠴᠣᠭᠴᠠᠵᠢᠭᠤᠯᠤᠭᠰᠠᠨ | ᠦᠶᠯᠡᠴᠢᠯᠡᠭᠡᠨ ᠤ ᠲᠠᠪᠴᠠᠩ᠂ ᠪᠠᠷᠢᠯᠭ᠎ᠠ ᠶᠢᠨ ᠲᠥᠷᠥᠯ ᠵᠦᠶᠯ ᠤᠨ ᠥᠭᠡᠷᠡᠴᠢᠯᠡᠯᠲᠡ ᠶᠢᠨ ᠲᠠᠪᠴᠠᠩ ᠢ ᠳᠡᠯᠭᠡᠷᠡᠭᠦᠯᠵᠦ᠂ | 《ᠥᠪᠥᠷ ᠮᠣᠩᠭᠤᠯ ᠤᠨ ᠰᠠᠭᠠᠳ ᠥᠬᠡᠶ ᠨᠡᠪᠲᠡᠷᠡᠬᠦ 》᠂《 ᠥᠪᠥᠷ ᠮᠣᠩᠭᠤᠯ ᠤᠨ ᠲᠦᠷᠭᠡᠨ ᠰᠢᠶᠳᠪᠦᠷᠢᠯᠡᠬᠦ 》᠂ | ᠸᠢᠴᠠᠲ ᠤᠨ ᠣᠯᠠᠨ ᠨᠡᠶᠢᠲᠡ ᠶᠢᠨ ᠨᠣᠮᠧᠷ ᠵᠡᠷᠭᠡ ᠲᠡᠷᠢᠭᠦᠨ ᠤ ᠬᠤᠷᠴᠠ ᠵᠡᠪᠰᠡᠭ ᠢ ᠰᠠᠶᠢᠲᠤᠷ ᠬᠡᠷᠡᠭᠯᠡᠨ᠂ ᠠᠵᠤ | ᠠᠬᠤᠶᠢᠯᠠᠯ ᠤᠨ ᠠᠵᠢᠯ ᠬᠡᠷᠡᠭ ᠭᠦᠶᠴᠡᠳᠬᠡᠬᠦ ᠳᠤ ᠥᠨᠳᠥᠷ ᠪᠦᠲᠦᠮᠵᠢᠲᠡᠶ᠂ ᠳᠥᠭᠦᠮ ᠳᠥᠲᠡ ᠪᠣᠯᠭᠠᠨ᠎ᠠ᠃ ᠠᠵᠤ | ᠠᠬᠤᠶᠢᠯᠠᠯ ᠤᠨ ᠦᠶᠯᠡᠴᠢᠯᠡᠭᠡᠨ ᠤ ᠲᠤᠰᠬᠠᠶ ᠴᠣᠩᠬᠤ《 ᠨᠢᠭᠡ ᠴᠣᠩᠬᠤ ᠪᠠᠷ ᠭᠥᠯᠢᠶᠡᠨ ᠠᠪᠴᠤ ᠭᠦᠶᠴᠡᠳᠬᠡᠬᠦ 》᠃ | ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠠᠵᠤ ᠠᠬᠤᠶᠢᠯᠠᠯ ᠤᠨ ᠦᠶᠯᠡᠴᠢᠯᠡᠭᠡᠨ ᠤ ᠲᠤᠰᠬᠠᠶ ᠴᠣᠩᠬᠤ ᠭᠠᠷᠭᠠᠵᠤ᠂ | ᠵᠠᠬ᠎ᠠ ᠳᠡᠯᠭᠡᠭᠦᠷ ᠤᠨ ᠲᠣᠪᠴᠢᠶ᠎ᠠ᠂ ᠵᠠᠰᠠᠭ ᠤᠨ ᠶᠠᠪᠤᠳᠠᠯ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ | ᠲᠣᠪᠴᠢᠶ᠎ᠠ᠂ ᠪᠠᠩᠬᠢ ᠶᠢᠨ ᠰᠠᠯᠠᠭ᠎ᠠ ᠮᠥᠴᠢᠷ ᠢᠶᠠᠷ ᠪᠦᠷᠢᠯᠳᠦᠭᠰᠡᠨ ᠠᠵᠤ ᠠᠬᠤᠶᠢᠯᠠᠯ ᠲᠤᠰᠬᠠᠶ ᠠᠩᠭᠢ ᠡᠷᠭᠢᠯᠡᠵᠦ᠂ ᠠᠵᠤ | ᠠᠬᠤᠶᠢᠯᠠᠯ ᠬᠠᠪᠰᠤᠷᠤᠨ ᠵᠢᠯᠣᠭᠤᠳᠬᠤ ᠪᠦᠯᠬᠦᠮ ᠪᠠᠶᠢᠭᠤᠯᠵᠤ᠂《 ᠠᠭᠤᠯᠵᠠᠬᠤ ᠥᠬᠡᠶ ᠪᠠᠷ ᠰᠦᠯᠵᠢᠶᠡᠨ ᠳᠡᠭᠡᠷ᠎ᠡ | ᠭᠦᠶᠴᠡᠳᠬᠡᠬᠦ 》 ᠪᠠᠷ ᠳᠠᠮᠵᠢᠭᠤᠯᠤᠨ᠎ᠠ᠃ ᠲᠡᠭ ᠭᠡᠷᠡᠴᠢᠯᠡᠯ ᠮᠠᠲ᠋ᠧᠷᠢᠶᠠᠯ ᠬᠠᠰᠤᠬᠤ᠂ ᠥᠪᠡᠷ ᠤᠨ ᠥᠷᠲᠡᠭ ᠦᠭᠡᠢ᠂ | ᠳᠠᠷᠤᠭᠠᠰᠤ ᠦᠭᠡᠢ᠂ ᠬᠦᠯᠢᠶᠡᠵᠦ ᠪᠠᠶ᠂ ᠣᠳᠣ ᠪᠠᠷ ᠢᠶᠠᠨ ᠬᠢ᠂《 ᠲᠠᠪᠤᠨ ᠲᠡᠭ 》ᠠᠷᠠᠳ ᠲᠤ ᠲᠥᠬᠦᠮ ᠦᠵᠡᠭᠦᠯᠬᠦ | ᠠᠷᠭ᠎ᠠ ᠬᠡᠮᠵᠢᠶ᠎ᠡ ᠠᠪᠴᠤ ᠠᠵᠤ ᠠᠬᠤᠶᠢᠯᠠᠯ ᠤᠨ ᠳᠡᠩᠰᠡᠯᠡᠯᠲᠡ ᠶᠢᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠶᠴᠡᠳᠬᠡᠬᠦ | ᠶᠢ ᠪᠡᠶᠡᠯᠡᠭᠦᠯᠵᠦ᠂ 0.5 ᠡᠳᠦᠷ ᠭᠦᠶᠴᠡᠳᠬᠡᠵᠦ ᠳᠠᠭᠤᠰᠬᠠᠪᠠ᠃ ᠦᠶᠯᠡᠴᠢᠯᠡᠭᠡᠨ ᠤ ᠲᠤᠰᠬᠠᠶ ᠴᠤᠩᠬᠤᠪᠴᠢ ᠨᠢ ᠠᠵᠤ | ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠲᠤᠬᠠᠶ ᠶᠢᠨ ᠲᠠᠯᠠᠪᠠᠶ ᠳᠤ ᠭᠥᠯᠢᠶᠡᠨ ᠠᠪᠴᠤ ᠰᠢᠶᠳᠪᠦᠷᠢᠯᠡᠨ᠂ ᠠᠵᠤ ᠠᠬᠤᠶᠢᠯᠠᠯ | ᠳᠤ《 ᠨᠢᠭᠡ ᠥᠷᠲᠡᠭᠡ ᠮᠠᠶ᠋ᠢᠭ 》᠂《 ᠰᠦᠯᠵᠢᠶᠡᠨ ᠳᠡᠭᠡᠷ᠎ᠡ ᠰᠦᠯᠵᠢᠶᠡᠨ ᠭᠠᠳᠠᠨ᠎ᠠ ᠨᠡᠮᠡᠬᠦ 》᠂《 ᠪᠥᠬᠦ ᠴᠤᠪᠤᠷᠠᠯ | 》 ᠤᠨ ᠦᠶᠯᠡᠴᠢᠯᠡᠭᠡ ᠬᠠᠩᠭᠠᠨ᠎ᠠ᠃ ᠠᠵᠤ ᠠᠬᠤᠶᠢᠯᠠᠯ ᠤᠨ ᠦᠶᠯᠡᠴᠢᠯᠡᠭᠡᠨ ᠤ ᠲᠤᠰᠬᠠᠶ ᠲᠤᠰᠢᠶᠠᠯᠲᠠᠨ ᠤ《 ᠨᠢᠭᠡ ᠳᠤ | ᠨᠢᠭᠡ ᠳᠤ ᠦᠶᠯᠡᠴᠢᠯᠡᠬᠦ 》 ᠶᠢ ᠲᠣᠭᠲᠠᠭᠰᠠᠨ ᠴᠠᠭ ᠲᠤᠨᠢ ᠵᠣᠬᠢᠴᠠᠭᠤᠯᠤᠨ ᠠᠬᠢᠭᠤᠯᠬᠤ ᠲᠣᠭᠲᠠᠴᠠ ᠶᠢ ᠪᠠᠶᠢᠭᠤᠯᠵᠤ᠂ | ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠪᠥᠬᠦ ᠬᠦᠴᠦᠨ ᠢᠶᠠᠷ ᠪᠠᠲᠤᠯᠠᠨ᠎ᠠ᠃ | ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ《 ᠡᠬᠡᠯ | ᠠᠷᠠᠳ ᠤᠨ ᠶᠠᠪᠤᠳᠠᠯ᠂ ᠪᠠᠭ᠎ᠠ ᠶᠠᠪᠤᠳᠠᠯ ᠭᠡᠵᠦ ᠥᠬᠡᠶ 》 ᠭᠡᠬᠦ ᠦᠶᠯᠡᠴᠢᠯᠡᠭᠡᠨ ᠤ ᠣᠭ ᠰᠠᠨᠠᠭ᠎ᠠ ᠪᠠᠨ ᠪᠠᠲᠤ ᠰᠠᠬᠢᠵᠤ᠂ | ᠣᠶᠤᠨ ᠴᠢᠳᠠᠯ ᠢᠶᠠᠨ ᠦᠶᠯᠡᠴᠢᠯᠡᠭᠡ ᠳᠡᠭᠡᠷ᠎ᠡ ᠲᠠᠯᠪᠢᠬᠤ ᠶᠢ ᠢᠮᠠᠭᠲᠠ ᠪᠠᠷᠢᠮᠲᠠᠯᠠᠵᠤ᠂《 ᠨᠠᠮ ᠤᠨ ᠭᠡᠰᠢᠭᠦᠨ ᠳᠠᠭᠠᠭᠤᠯᠤᠨ | ᠭᠦᠶᠴᠡᠳᠬᠡᠬᠦ 》᠂《ᠪᠣᠬᠢᠷᠲᠤᠯ ᠥᠬᠡᠶ ᠣᠷᠣᠯᠠᠨ ᠭᠦᠶᠴᠡᠳᠬᠡᠬᠦ》ᠵᠡᠷᠭᠡ ᠦᠶᠯᠡᠴᠢᠯᠡᠭᠡ ᠶᠢ ᠦᠨᠳᠦᠰᠦᠨ ᠱᠠᠲᠤᠨ ᠳᠤ | ᠲᠠᠯᠪᠢᠬᠤ᠂ ᠦᠶᠯᠡᠴᠢᠯᠡᠭᠡ ᠶᠢ ᠤᠷᠢᠳᠴᠢᠯᠠᠨ ᠬᠢᠬᠦ ᠰᠡᠳᠬᠢᠯ ᠢ ᠳᠤᠯᠠᠭᠠᠴᠠᠭᠤᠯᠬᠤ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ | ᠭᠠᠷᠭᠠᠵᠤ᠂ ᠨᠠᠮ ᠤᠨ ᠭᠡᠰᠢᠭᠦᠨ ᠣᠯᠠᠨ ᠲᠦᠮᠡᠨ ᠤ ᠦᠶᠯᠡᠴᠢᠯᠡᠭᠡᠨ ᠤ ᠲᠥᠪ ᠢ ᠨᠠᠮ ᠤᠨ ᠭᠡᠰᠢᠭᠦᠨ ᠵᠢᠴᠢ ᠣᠯᠠᠨ ᠲᠦᠮᠡᠨ | ᠤ ᠬᠥᠮᠦᠵᠢᠯ ᠤᠨ ᠰᠢᠨ᠎ᠡ ᠲᠠᠪᠴᠠᠩ᠂ ᠨᠠᠮ ᠤᠨ ᠭᠡᠰᠢᠭᠦᠨ ᠣᠯᠠᠨ ᠲᠦᠮᠡᠨ ᠲᠠᠢ ᠬᠠᠷᠢᠯᠴᠠᠬᠤ ᠰᠢᠨ᠎ᠡ ᠠᠴᠢᠶᠠᠯᠠᠪᠤᠷᠢ᠂ ᠨᠠᠮ | ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠲᠥᠷᠥᠯ ᠲᠡᠮᠳᠡᠭ ᠪᠣᠯᠭᠠᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠳᠥᠭᠦᠮ ᠦᠵᠡᠭᠦᠯᠬᠦ ᠬᠡᠮᠵᠢᠶ᠎ᠡ ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠪᠦᠬᠦ ᠶᠠᠪᠤᠴᠠ ᠳᠤ ᠦᠨ᠎ᠡ | ᠲᠥᠯᠥᠪᠦᠷᠢ ᠦᠭᠡᠢ ᠪᠠᠷ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ᠰᠠᠭᠤᠭᠠᠯᠢ | ᠠᠷᠠᠳ ᠤᠨ ᠬᠡᠷᠡᠭ ᠡᠷᠬᠢᠯᠡᠬᠦ ᠳᠤ ᠨᠡᠶᠢᠭᠡᠮ ᠲᠣᠭᠤᠷᠢᠭ ᠠᠴᠠ ᠭᠠᠷᠬᠤ ᠦᠭᠡᠢ ᠪᠠᠶᠢᠬᠤ ᠶᠢ ᠠᠯᠬᠤᠮ ᠠᠯᠬᠤᠮ ᠢᠶᠠᠷ | ᠪᠡᠶᠡᠯᠡᠭᠦᠯᠦᠨ᠎ᠡ᠃ ᠨᠠᠰᠤᠲᠠᠶᠢᠴᠤᠳ ᠤᠨ ᠠᠵᠢᠯ ᠶᠠᠪᠤᠳᠠᠯ ᠭᠦᠶᠴᠡᠳᠬᠡᠬᠦ ᠦᠶᠯᠡᠴᠢᠯᠡᠭᠡ ᠳᠤ ᠳᠥᠭᠦᠮ ᠦᠵᠡᠭᠦᠯᠦᠨ᠎ᠡ᠃ | ᠵᠠᠰᠠᠭ ᠤᠨ ᠶᠠᠪᠤᠳᠠᠯ ᠤᠨ ᠶᠡᠭᠡ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠶᠡᠭᠡ ᠲᠢᠩᠬᠢᠮ ᠳᠤ ᠨᠠᠰᠤᠲᠠᠶᠢᠴᠤᠳ ᠤᠨ ᠦᠶᠯᠡᠴᠢᠯᠡᠭᠡᠨ ᠤ ᠲᠤᠰᠬᠠᠶ ᠴᠣᠩᠬᠤ ᠭᠠᠷᠭᠠᠵᠤ᠂ ᠨᠢᠭᠡ ᠴᠣᠭᠴᠠᠵᠢᠭᠤᠯᠤᠭᠰᠠᠨ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠳᠤ ᠲᠦᠰᠢᠭᠯᠡᠨ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ | ᠬᠠᠮᠲᠤ ᠪᠠᠷ ᠡᠳ᠋ᠯᠡᠬᠦ ᠶᠢ ᠤᠯᠠᠮ ᠨᠢᠭᠡ ᠠᠯᠬᠤᠮ ᠠᠬᠢᠭᠤᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ | ᠰᠢᠯᠢᠳᠡᠭᠵᠢᠭᠦᠯᠦᠨ᠂ ᠨᠡᠶᠢᠭᠡᠮ ᠤᠨ ᠳᠠᠭᠠᠳᠬᠠᠯ ᠤᠨ ᠣᠯᠭᠤᠮᠵᠢ ᠶᠢᠨ ᠬᠢᠷᠢ ᠬᠡᠮ ᠢ ᠭᠡᠷᠡᠴᠢᠯᠡᠬᠦ᠂ ᠨᠡᠮᠡᠭᠦᠷᠢ ᠮᠥᠩᠭᠦ | ᠨᠥᠬᠦᠪᠥᠷᠢ ᠮᠥᠩᠭᠦ ᠠᠪᠬᠤ ᠵᠡᠷᠭᠡ ᠨᠠᠰᠤᠲᠠᠶᠢᠴᠤᠳ ᠤᠨ ᠥᠨᠳᠥᠷ ᠳᠠᠪᠲᠠᠮᠵᠢᠲᠤ ᠦᠶᠯᠡᠴᠢᠯᠡᠭᠡᠨ ᠤ ᠵᠦᠶᠯᠡᠰ ᠢ ᠳᠥᠭᠦᠮ | ᠳᠥᠲᠡ ᠪᠠᠷ ᠭᠦᠶᠴᠡᠳᠬᠡᠬᠦ ᠶᠢ ᠪᠡᠶᠡᠯᠡᠭᠦᠯᠵᠦ᠂ ᠨᠠᠰᠤᠲᠠᠶᠢᠴᠤᠳ ᠢ ᠠᠵᠢᠯ ᠶᠠᠪᠤᠳᠠᠯ ᠭᠦᠶᠴᠡᠳᠬᠡᠬᠦ ᠳᠤ ᠳᠤᠲᠠᠭᠤ | ᠭᠦᠶᠦᠯᠭᠡᠬᠦ ᠪᠣᠯᠭᠠᠨ᠎ᠠ᠃ ᠡᠷᠬᠡ ᠣᠯᠭᠤᠨ ᠣᠷᠣᠯᠠᠨ ᠭᠦᠶᠴᠡᠳᠬᠡᠬᠦ᠂ ᠲᠥᠷᠥᠯ ᠰᠠᠳᠤᠨ ᠨᠠᠶᠢᠵᠠ ᠨᠥᠬᠦᠳ ᠨᠢ ᠣᠷᠣᠯᠠᠨ | ᠭᠦᠶᠴᠡᠳᠬᠡᠬᠦ ᠵᠡᠷᠭᠡ ᠴᠢᠳᠠᠮᠵᠢ ᠶᠢ ᠬᠡᠷᠡᠭᠵᠢᠭᠦᠯᠵᠦ᠂ ᠡᠮᠴᠢᠯᠡᠭᠡ᠂ ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠤᠳᠠᠯ᠂ | ᠮᠥᠩᠭᠦᠨ ᠭᠦᠶᠯᠭᠡᠭᠡᠨ᠂ ᠴᠠᠬᠢᠯᠭᠠᠨ ᠬᠤᠯᠪᠣᠭ᠎ᠠ᠂ ᠰᠢᠦᠳᠠᠨ᠂ ᠵᠠᠬᠢᠳᠠᠯ ᠰᠤᠷᠪᠤᠯᠵᠢᠯᠠᠯ᠂ ᠬᠢᠯᠢ ᠪᠠᠷ ᠣᠷᠣᠵᠤ ᠭᠠᠷᠬᠤ᠂ | ᠠᠮᠢᠳᠤᠷᠠᠯ ᠤᠨ ᠰᠦᠶᠳᠬᠡᠯ ᠲᠤᠰᠢᠶᠠᠬᠤ ᠵᠡᠷᠭᠡ ᠥᠨᠳᠥᠷ ᠳᠠᠪᠲᠠᠮᠵᠢᠲᠤ ᠦᠶᠯᠡᠴᠢᠯᠡᠭᠡᠨ ᠤ ᠵᠦᠶᠯᠡᠰ ᠢ ᠴᠥᠮ ᠰᠦᠯᠵᠢᠶᠡᠨ | ᠠᠴᠠ ᠭᠠᠳᠠᠭᠤᠷ ᠭᠦᠶᠴᠡᠳᠬᠡᠬᠦ ᠵᠠᠮ ᠮᠥᠷ ᠢ ᠦᠯᠡᠳᠡᠭᠡᠬᠦ ᠶᠢᠨ ᠬᠠᠮᠲᠤ᠂ ᠦᠨᠳᠦᠰᠦᠨ ᠱᠠᠲᠤ ᠳᠠᠰᠢ ᠤᠷᠲᠤᠳᠬᠠᠵᠤ᠂ | ᠨᠠᠰᠤᠲᠠᠶᠢᠴᠤᠳ ᠲᠤ ᠳᠥᠭᠦᠮ ᠳᠥᠲᠡ ᠦᠶᠯᠡᠴᠢᠯᠡᠭᠡ ᠬᠠᠩᠭᠠᠨ᠎ᠠ᠃ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠤᠶᠤᠨᠴᠢᠯᠠᠯᠲᠠ ᠳᠡᠭᠡᠷ᠎ᠡ ᠰᠢᠪᠲᠤᠯᠤᠯᠲᠠ ᠭᠠᠷᠭᠠᠵᠤ᠂《 ᠬᠤᠷᠤᠭᠤᠨ | ᠦᠵᠦᠭᠦᠷ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ 》 ᠢ ᠪᠠᠶᠢᠭᠤᠯᠤᠨ᠎ᠠ᠃ ᠪᠠᠶ᠋ᠬᠠᠣᠪᠤᠭ᠎ᠠ ᠵᠠᠰᠠᠭ ᠤᠨ | ᠣᠷᠳᠣᠨ ᠬᠤᠷᠤᠭᠤᠨ ᠦᠵᠦᠭᠦᠷ ᠪᠢᠴᠢᠯ ᠦᠶᠯᠡᠴᠢᠯᠡᠭᠡᠨ ᠤ ᠬᠡᠰᠡᠭ ᠨᠡᠶᠢᠲᠡᠯᠡᠵᠦ᠂ ᠪᠥᠲᠥᠭᠡᠨ ᠪᠠᠶᠢᠭᠤᠯᠤᠯᠲᠠ ᠶᠢᠨ ᠰᠠᠯᠠᠭ᠎ᠠ | ᠮᠥᠴᠢᠷ ᠤᠨ ᠸᠢᠴᠠᠲ ᠪᠢᠴᠢᠯ ᠴᠤᠭᠯᠠᠷᠠᠯ ᠨᠢ ᠣᠯᠠᠨ ᠲᠦᠮᠡᠨ ᠤ ᠦᠶᠯᠡᠴᠢᠯᠡᠭᠡᠨ ᠤ ᠵᠦᠶᠯᠡᠰ ᠢ ᠨᠢᠭᠡ ᠯᠡ ᠳᠠᠷᠤᠪᠴᠢ ᠪᠠᠷ | ᠪᠠᠶᠢᠴᠠᠭᠠᠵᠤ ᠪᠣᠯᠬᠤ ᠪᠣᠯᠭᠠᠵᠤ᠂ ᠣᠯᠠᠨ ᠲᠦᠮᠡᠨ ᠤ ᠬᠡᠷᠡᠭᠴᠡᠭᠡ ᠶᠢ ᠦᠨᠳᠦᠰᠦᠯᠡᠨ ᠬᠡᠷᠡᠭᠯᠡᠭᠡᠨ ᠤ ᠲᠠᠯᠠᠪᠠᠶ ᠶᠢᠨ ᠥᠷᠭᠡᠴᠡ | ᠪᠠ ᠭᠦᠨᠴᠡ ᠶᠢ ᠲᠠᠰᠤᠷᠠᠯᠲᠠ ᠥᠬᠡᠶ ᠥᠷᠭᠡᠳᠬᠡᠵᠦ᠂ ᠬᠠᠷᠢᠯᠴᠠᠨ ᠠᠰᠠᠭᠤᠵᠤ᠂ ᠰᠦᠯᠵᠢᠶᠡᠨ ᠳᠡᠭᠡᠷ᠎ᠡ ᠭᠦᠶᠴᠡᠳᠬᠡᠬᠦ | ᠪᠣᠯᠭᠠᠵᠠᠶ᠃ ᠷᠠᠳᠢᠣ᠋ ᠲᠧᠯᠸᠢᠰ ᠤᠨ ᠦᠶᠯᠡᠴᠢᠯᠡᠭᠡᠨ ᠤ ᠲᠠᠪᠴᠠᠩ ᠳᠤ ᠲᠦᠰᠢᠭᠯᠡᠨ ᠲᠧᠯᠸᠢᠰ ᠤᠨ ᠣᠷᠣᠶ ᠳᠡᠭᠡᠷᠡᠬᠢ | ᠬᠠᠶᠢᠷᠴᠠᠭ ᠤᠨ ᠮᠡᠷᠭᠡᠵᠢᠯ ᠢ ᠠᠰᠢᠭᠯᠠᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠭᠤᠯᠭ᠎ᠠ ᠵᠢᠴᠢ ᠵᠠᠰᠠᠭ ᠤᠨ ᠶᠠᠪᠤᠳᠠᠯ | ᠤᠨ ᠦᠶᠯᠡᠴᠢᠯᠡᠭᠡᠨ ᠤ ᠵᠦᠶᠯᠡᠰ ᠤᠨ ᠠᠵᠢᠯ ᠶᠠᠪᠤᠳᠠᠯ ᠭᠦᠶᠴᠡᠳᠬᠡᠬᠦ ᠵᠦᠭᠯᠡᠭᠦᠷ ᠢ ᠰᠠᠭᠤᠭᠠᠯᠢ ᠠᠷᠠᠳ ᠤᠨ ᠬᠡᠷ ᠲᠤ | ᠬᠦᠷᠭᠡᠬᠦ ᠬᠡᠷᠡᠭᠲᠡᠶ᠃ ᠠᠵᠤ ᠠᠬᠤᠶᠢᠯᠠᠯ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢ《 ᠢᠷᠡᠬᠦ ᠥᠬᠡᠶ ᠪᠣᠯ ᠡᠳ᠋ᠯᠡᠨ᠎ᠡ | 》᠃《 ᠪᠤᠭᠤ ᠶᠢᠨ ᠬᠤᠲᠠ ᠶᠢᠨ ᠴᠣᠩᠬᠤ 》 ᠶᠢᠨ ᠥᠪᠡᠰᠦᠪᠡᠨ ᠦᠶᠯᠡᠴᠢᠯᠡᠬᠦ ᠦᠵᠦᠭᠦᠷ ᠢ ᠲᠠᠰ ᠳᠡᠪᠰᠢᠭᠦᠯᠦᠨ | ᠥᠭᠡᠷᠡᠴᠢᠯᠡᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠨᠢᠭᠡ ᠴᠣᠠᠠᠴᠠᠵᠢᠭᠤᠯᠥᠨ | ᠣᠷᠭᠠᠨᠢᠭ ᠢᠶᠠᠷ ᠤᠶᠠᠯᠳᠤᠭᠤᠯᠤᠨ᠂ ᠬᠠᠷᠢᠯᠴᠠᠨ ᠨᠥᠬᠦᠪᠥᠷᠢᠯᠡᠨ᠎ᠡ᠃ ᠪᠤᠭᠤᠲᠤ ᠬᠤᠲᠠ ᠶᠢᠨ ᠳᠤᠮᠳᠠ ᠵᠢᠵᠢᠭ ᠠᠵᠤ | ᠠᠬᠤᠶᠢᠯᠠᠯ ᠤᠨ ᠦᠶᠯᠡᠴᠢᠯᠡᠭᠡᠨ ᠤ ᠲᠠᠪᠴᠠᠩ ᠪᠤᠶᠤ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ | ᠶᠠᠪᠤᠳᠠᠯ ᠤᠨ ᠦᠶᠯᠡᠴᠢᠯᠡᠭᠡᠨ ᠤ ᠲᠠᠪᠴᠠᠩ ᠳᠤ ᠲᠦᠰᠢᠭᠯᠡᠨ᠂《 ᠲᠥᠷᠥ ᠶᠢᠨ ᠪᠣᠳᠣᠯᠭ᠎ᠠ ᠬᠦᠷᠭᠡᠬᠦ᠂ ᠯᠠᠪᠯᠠᠭ᠎ᠠ ᠥᠭᠬᠦ᠂ | ᠰᠦᠯᠵᠢᠶ᠎ᠡ ᠪᠠᠷ ᠭᠦᠶᠴᠡᠳᠬᠡᠬᠦ 》ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠠᠵᠤ ᠠᠬᠤᠶᠢᠯᠠᠯ ᠳᠤ | ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢ ᠲᠤᠶᠢᠯ ᠤᠨ ᠣᠨᠣᠪᠴᠢᠲᠠᠶ ᠪᠠᠷ ᠬᠦᠷᠭᠡᠬᠦ ᠪᠠ《 ᠢᠷᠡᠬᠦ ᠥᠬᠡᠶ ᠪᠣᠯ ᠡᠳ᠋ᠯᠡᠬᠦ | 》 ᠦᠶᠯᠡᠴᠢᠯᠡᠭᠡᠨ ᠤ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ ᠠᠵᠤ ᠠᠬᠤᠶᠢᠯᠠᠯ ᠤᠳ ᠠᠵᠢᠯ ᠲᠥᠷᠥᠯ ᠤᠨ ᠬᠠᠤᠯᠢ | ᠴᠠᠭᠠᠵᠠ ᠬᠠᠤᠯᠢ ᠲᠣᠭᠲᠠᠭᠠᠯ᠂ ᠠᠵᠤ ᠠᠬᠤᠶᠢᠯᠠᠯ ᠳᠤ ᠬᠤᠯᠪᠣᠭᠳᠠᠬᠤ ᠲᠥᠷᠥ ᠶᠢᠨ ᠪᠣᠳᠣᠯᠭ᠎ᠠ᠂ ᠭᠦᠶᠴᠡᠳᠬᠡᠬᠦ ᠴᠤᠪᠤᠷᠠᠯ ᠢ | ᠴᠠᠭ ᠲᠤᠬᠠᠶ ᠳᠤᠨᠢ ᠣᠶᠢᠯᠠᠭᠠᠵᠤ ᠪᠣᠯᠤᠨ᠎ᠠ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠤᠶᠤᠨᠴᠢᠯᠠᠯᠲᠠ᠃ ᠬᠠᠤᠯᠢ ᠴᠠᠭᠠᠵᠠ | ᠶᠢᠨ ᠲᠣᠪᠴᠢᠶ᠎ᠠ ᠠᠴᠠ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠬᠠᠤᠯᠢ ᠴᠠᠭᠠᠵᠠ ᠶᠢᠨ E ᠴᠡᠭ ᠲᠤ ᠣᠶᠤᠨᠴᠢ | ᠦᠶᠯᠡᠴᠢᠯᠡᠭᠡᠨ ᠤ ᠮᠠᠰᠢᠨ ᠬᠥᠮᠦᠨ ᠢ ᠣᠷᠣᠭᠤᠯᠤᠨ ᠠᠪᠴᠢᠷᠠᠵᠤ᠂ ᠬᠠᠤᠯᠢ ᠴᠠᠭᠠᠵᠠ ᠶᠢᠨ ᠮᠡᠳᠡᠯᠭᠡ ᠶᠢᠨ ᠣᠶᠤᠨᠴᠢ | ᠠᠰᠠᠭᠤᠯᠲᠠ ᠬᠠᠷᠢᠭᠤᠯᠲᠠ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠯᠤᠰ ᠠᠴᠠ ᠬᠠᠮᠵᠢᠯᠴᠠᠬᠤ᠂ ᠬᠠᠤᠯᠢ ᠴᠠᠭᠠᠵᠠ ᠶᠢᠨ | ᠪᠢᠴᠢᠭ ᠬᠠᠷ᠎ᠠ ᠶᠢ ᠲᠣᠭᠲᠠᠭᠠᠨ ᠲᠣᠭᠲᠠᠭᠠᠬᠤ᠂ ᠬᠠᠤᠯᠢ ᠴᠠᠭᠠᠵᠠ ᠬᠠᠤᠯᠢ ᠲᠣᠭᠲᠠᠭᠠᠯ ᠢ ᠨᠢᠭᠡ ᠯᠡ ᠳᠠᠷᠤᠪᠴᠢ ᠪᠠᠷ | ᠪᠠᠶᠢᠴᠠᠭᠠᠨ ᠯᠠᠪᠯᠠᠵᠤ ᠳᠠᠷᠤᠮᠠᠯᠯᠠᠬᠤ ᠶᠢ ᠪᠡᠶᠡᠯᠡᠭᠦᠯᠪᠡ᠃ | ᠦᠶᠯᠡᠴᠢᠯᠡᠭᠡ ᠪᠠᠨ ᠰᠢᠯᠢᠳᠡᠭᠵᠢᠭᠦᠯᠬᠦ ᠶᠢ ᠵᠣᠭᠰᠣᠯᠲᠠ ᠥᠬᠡᠶ ᠪᠠᠷᠢᠮᠲᠠᠯᠠᠵᠤ ᠦᠷ᠎ᠡ ᠪᠦᠲᠦᠮᠵᠢ ᠪᠠᠨ ᠳᠠᠬᠢᠨᠲᠠ | ᠳᠡᠭᠡᠭᠰᠢᠯᠡᠭᠦᠯᠦᠶ᠎ᠡ | ᠪᠥᠬᠦ ᠬᠤᠲᠠ ᠶᠢᠨ ᠨᠡᠶᠢᠳᠡᠮ ᠭᠦᠶᠴᠡᠳᠬᠡᠬᠦ ᠠᠵᠢᠯ ᠢ ᠪᠥᠬᠦ ᠲᠠᠯ᠎ᠠ ᠪᠠᠷ ᠠᠬᠢᠭᠤᠯᠪᠠ᠃ ᠪᠤᠭᠤᠲᠤ ᠬᠤᠲᠠ ᠬᠠᠷᠢᠶ᠎ᠠ | ᠭᠠᠵᠠᠷ ᠤᠨ ᠭᠥᠯᠢᠶᠡᠨ ᠠᠪᠴᠤ ᠰᠢᠶᠳᠪᠦᠷᠢᠯᠡᠬᠦ᠂ ᠬᠠᠷᠢᠶ᠎ᠠ ᠭᠠᠵᠠᠷ ᠤᠨ ᠬᠢᠨᠠᠨ ᠵᠥᠪᠰᠢᠶᠡᠷᠡᠬᠦ ᠬᠢᠵᠠᠭᠠᠷᠯᠠᠯ ᠢ ᠡᠪᠳᠡᠵᠦ᠂ | ᠠᠵᠤ ᠠᠬᠤᠶᠢᠯᠠᠯ ᠣᠯᠠᠨ ᠲᠦᠮᠡᠨ ᠳᠤᠷ᠎ᠠ ᠪᠠᠷ ᠢᠶᠠᠨ ᠰᠣᠩᠭᠤᠵᠤ᠂ ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠤᠨ ᠵᠠᠰᠠᠭ | ᠤᠨ ᠶᠠᠪᠤᠳᠠᠯ ᠤᠨ ᠲᠢᠩᠬᠢᠮ (ᠬᠤᠪᠢᠶᠠᠷᠢ ᠲᠢᠩᠬᠢᠮ ) ᠤᠨ ᠣᠶᠢᠷ᠎ᠠ ᠬᠠᠪᠢ ᠳᠤᠨᠢ ᠬᠦᠷᠴᠦ ᠵᠠᠰᠠᠭ ᠤᠨ ᠶᠠᠪᠤᠳᠠᠯ ᠤᠨ | ᠦᠶᠯᠡᠴᠢᠯᠡᠭᠡ ( ᠣᠯᠠᠨ ᠨᠡᠶᠢᠲᠡ ᠶᠢᠨ ᠦᠶᠯᠡᠴᠢᠯᠡᠭᠡ ) ᠶᠢᠨ ᠵᠦᠶᠯᠡᠰ ᠢ ᠭᠦᠶᠴᠡᠳᠬᠡᠵᠦ ᠪᠣᠯᠤᠨ᠎ᠠ᠃ ᠲᠣᠭᠤᠷᠢᠭ ᠤᠨ | ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ 《ᠪᠥᠬᠦ ᠬᠤᠲᠠ ᠳᠤ ᠨᠡᠶᠢᠳᠡᠮ ᠭᠦᠶᠴᠡᠳᠬᠡᠬᠦ 》ᠴᠣᠩᠬᠤᠪᠴᠢ ᠭᠠᠷᠭᠠᠵᠤ | ᠠᠵᠢᠯ ᠶᠠᠪᠤᠳᠠᠯ ᠭᠦᠶᠴᠡᠳᠬᠡᠬᠦ ᠵᠦᠭᠯᠡᠭᠦᠷ ᠢ ᠦᠨᠳᠦᠰᠦᠯᠡᠨ ᠭᠥᠯᠢᠶᠡᠨ ᠠᠪᠴᠤ ᠭᠦᠶᠴᠡᠳᠬᠡᠬᠦ ᠵᠦᠶᠯᠡᠰ ᠢ ᠲᠣᠬᠢᠷᠠᠭᠤᠯᠵᠤ᠂ | ᠲᠠᠰ ᠱᠠᠲᠤ ᠠᠯᠤᠰᠯᠠᠨ ᠬᠠᠮᠢᠶ᠎ᠠ ᠪᠥᠬᠦᠶ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠠᠢ ᠬᠠᠮᠵᠢᠯᠴᠠᠨ ᠲᠤᠬᠠᠶᠢᠯᠠᠭᠰᠠᠨ ᠠᠵᠢᠯ | ᠤᠨ ᠶᠢᠨ᠂ ᠮᠠᠲ᠋ᠧᠷᠢᠶᠠᠯ ᠢ ᠤᠷᠢᠳᠴᠢᠯᠠᠨ ᠬᠢᠨᠠᠵᠤ᠂ ᠤᠷᠢᠳᠴᠢᠯᠠᠨ ᠬᠢᠨᠠᠭᠰᠠᠨ ᠤ ᠳᠠᠷᠠᠭ᠎ᠠ ᠪᠥᠬᠦ ᠬᠤᠲᠠ ᠶᠢᠨ ᠨᠢᠭᠡ | ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ | ᠮᠡᠳᠡᠭᠡ ᠵᠠᠩᠭᠢ ᠶᠢ ᠬᠠᠷᠢᠶ᠎ᠠ ᠭᠠᠵᠠᠷ ᠤᠨ ᠰᠠᠯᠠᠭ᠎ᠠ ᠮᠥᠴᠢᠷ ᠲᠤ ᠬᠦᠷᠭᠡᠵᠦ᠂ ᠭᠤᠶᠤᠴᠢᠯᠠᠯ ᠤᠨ ᠮᠠᠲ᠋ᠧᠷᠢᠶᠠᠯ ᠢ ᠲᠦᠷᠭᠡᠨ | ᠢᠯᠡᠭᠡᠯᠲᠡ ᠪᠠᠷ ᠳᠠᠮᠵᠢᠭᠤᠯᠤᠨ ᠬᠦᠷᠭᠡᠨ᠎ᠡ᠃ ᠡᠷᠦᠬᠡ ᠠᠮᠠ ᠶᠢᠨ ᠶᠠᠪᠤᠳᠠᠯ᠂ ᠮᠠᠰᠢᠨ ᠲᠡᠷᠭᠡ ᠵᠢᠯᠣᠭᠤᠳᠬᠤ᠂ ᠰᠤᠷᠭᠠᠨ | ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠨᠡᠶᠢᠭᠡᠮ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠵᠡᠷᠭᠡ | ᠰᠠᠯᠠᠭ᠎ᠠ ᠮᠥᠴᠢᠷ ᠤᠨ ᠤᠴᠢᠷ ᠶᠠᠪᠤᠳᠠᠯ ᠢ ᠨᠢᠭᠡ ᠪᠦᠯᠦᠭ ᠤᠳᠠᠭ᠎ᠠ ᠪᠥᠬᠦ ᠬᠤᠲᠠ ᠳᠤ ᠨᠡᠶᠢᠳᠡᠮ ᠭᠦᠶᠴᠡᠳᠬᠡᠬᠦ ᠪᠠᠷ | ᠴᠢᠷᠮᠠᠶᠢᠨ᠎ᠠ᠃《 ᠮᠤᠵᠢ ᠠᠯᠤᠰᠯᠠᠨ ᠨᠡᠶᠢᠳᠡᠮ ᠭᠦᠶᠴᠡᠳᠬᠡᠬᠦ 》ᠲᠤᠷᠰᠢᠯᠲᠠ ᠬᠢᠵᠦ᠂ ᠣᠯᠠᠨ ᠲᠦᠮᠡᠨ ᠤ ᠣᠨᠳᠣᠤ ᠭᠠᠵᠠᠷ | ᠤᠴᠢᠷ ᠶᠠᠪᠤᠳᠠᠯ ᠭᠦᠶᠴᠡᠳᠬᠡᠬᠦ ᠳᠤ《 ᠣᠯᠠᠨ ᠭᠠᠵᠠᠷ ᠣᠴᠢᠬᠤ 》᠂《 ᠪᠤᠴᠠᠵᠤ ᠣᠴᠢᠬᠤ 》ᠵᠡᠷᠭᠡ ᠠᠰᠠᠭᠤᠳᠠᠯ ᠢ | ᠰᠢᠶᠳᠪᠦᠷᠢᠯᠡᠬᠦ ᠶᠢᠨ ᠲᠣᠭᠤᠷᠢᠨ ᠳᠤ᠂ ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠤᠨ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠲᠢᠩᠬᠢᠮ ᠳᠤ《 ᠮᠤᠵᠢ ᠠᠯᠤᠰᠯᠠᠨ ᠨᠡᠶᠢᠳᠡᠮ ᠭᠦᠶᠴᠡᠳᠬᠡᠬᠦ 》 ᠴᠣᠩᠬᠤ ᠭᠠᠷᠭᠠᠵᠤ᠂ ᠥᠪᠡᠷᠲᠡᠭᠡᠨ | ᠵᠠᠰᠠᠬᠤ ᠣᠷᠣᠨ ᠠᠴᠠ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠲᠠᠪᠴᠠᠩ ᠤᠨ ᠰᠦᠯᠵᠢᠶᠡᠨ ᠭᠠᠳᠠᠨᠠᠬᠢ ᠨᠢᠭᠡ | ᠴᠤᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ ( ᠮᠤᠵᠢ ᠠᠯᠤᠰᠯᠠᠨ ᠨᠡᠶᠢᠳᠡᠮ ᠭᠦᠶᠴᠡᠳᠬᠡᠬᠦ ) ᠰᠢᠰᠲ᠋ᠧᠮ ᠢ | ᠨᠢᠭᠡᠳᠦᠯᠲᠡᠶ ᠪᠠᠶᠢᠭᠤᠯᠵᠤ᠂ ᠰᠦᠯᠵᠢᠶᠡᠨ ᠭᠠᠳᠠᠨᠠᠬᠢ 《 ᠮᠤᠵᠢ ᠠᠯᠤᠰᠯᠠᠨ ᠨᠡᠶᠢᠳᠡᠮ ᠭᠦᠶᠴᠡᠳᠬᠡᠬᠦ 》ᠭᠦᠶᠴᠡᠳᠬᠡᠬᠦ | ᠣᠷᠣᠴᠠ ᠬᠠᠩᠭᠠᠨ᠎ᠠ᠃ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠦᠨ ᠳᠠᠬᠢᠨ ᠪᠠᠶᠢᠭᠤᠯᠬᠤ ᠪᠠᠷ ᠳᠠᠮᠵᠢᠭᠤᠯᠤᠨ᠂ | 2021 ᠣᠨ ᠤ ᠰᠡᠭᠦᠯᠴᠢ ᠠᠴᠠ ᠡᠮᠦᠨ᠎ᠡ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ | ᠢ《ᠮᠤᠵᠢ ᠠᠯᠤᠰᠯᠠᠨ ᠨᠡᠶᠢᠳᠡᠮ ᠭᠦᠶᠴᠡᠳᠬᠡᠬᠦ 》 ᠶᠢ ᠦᠨᠳᠦᠰᠦᠨ ᠳᠡᠭᠡᠨ ᠪᠡᠶᠡᠯᠡᠭᠦᠯᠦᠨ᠎ᠡ᠃ | ᠣᠯᠠᠨ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢᠨ ᠲᠠᠯ᠎ᠠ ᠪᠠᠷ | ᠰᠢᠪᠲᠤᠯᠤᠯᠲᠠ ᠭᠠᠷᠭᠠᠬᠤ ᠪᠠᠷ ᠴᠢᠷᠮᠠᠶᠢᠵᠤ ᠪᠠᠶᠢᠨ᠎ᠠ᠃ ᠡᠯ᠎ᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠳᠤᠲᠠᠭᠤᠳᠠᠯ ᠪᠠ | ᠪᠠᠭᠤᠷᠠᠶ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢᠨ | ᠵᠣᠷᠢᠭ ᠰᠠᠨᠠᠭ᠎ᠠ ᠪᠠ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠠᠷᠭ᠎ᠠ ᠬᠢᠳᠡᠯ ᠢ ᠨᠠᠷᠢᠨ ᠬᠢᠨᠠᠮᠠᠭᠠᠶ ᠰᠤᠳᠤᠯᠵᠤ᠂《 | ᠳᠤᠮᠳᠠᠳᠤ ᠤᠯᠤᠰ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠮᠡᠳᠡᠭᠦᠯᠦᠯᠲᠡ 2020 ᠣᠨ ᠤ ᠬᠡᠪᠯᠡᠯ 》 ᠳᠤ | ᠵᠢᠭᠰᠠᠭᠠᠭᠰᠠᠨ ᠲᠡᠷᠢᠭᠦᠨ ᠤ ᠬᠤᠲᠠ ᠶᠢᠨ ᠪᠠᠷᠢᠮᠵᠢᠶ᠎ᠠ ᠪᠠᠷ ᠰᠠᠨᠠᠭᠠᠴᠢᠯᠠᠭ᠎ᠠ ᠠᠴᠠ ᠪᠠᠨ ᠪᠠᠷᠢᠮᠵᠢᠶᠠᠯᠠᠵᠤ᠂ ᠲᠠᠷᠠᠭᠠᠴᠢ ᠶᠢᠨ | ᠠᠯᠬᠤᠮ ᠤᠨ《ᠲᠠᠯᠪᠢᠬᠤ ᠬᠠᠮᠢᠶᠠᠷᠬᠤ ᠦᠶᠯᠡᠴᠢᠯᠡᠬᠦ 》ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠵᠠᠰᠠᠭ ᠤᠨ ᠶᠠᠪᠤᠳᠠᠯ | ᠤᠨ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠳᠠᠲᠠᠶ ᠠᠷᠭ᠎ᠠ ᠬᠡᠮᠵᠢᠶ᠎ᠡ ᠪᠠ ᠬᠠᠷᠠᠯᠲᠠ ᠶᠢ ᠡᠮᠬᠢᠯᠡᠨ | ᠲᠣᠳᠣᠷᠬᠠᠶᠢᠯᠠᠵᠤ᠂ ᠭᠤᠤᠯ ᠰᠢᠪᠲᠤᠯᠤᠯᠲᠠ ᠶᠢᠨ ᠴᠢᠭᠯᠡᠯ ᠢ ᠤᠯᠠᠮ ᠨᠢᠭᠡ ᠠᠯᠬᠤᠮ ᠲᠣᠳᠣᠷᠬᠠᠶᠢᠯᠠᠪᠠ᠃ ᠣᠳᠣᠬᠠᠨ ᠤ | ᠪᠠᠯᠠ ᠣᠷᠣᠭᠤᠯᠤᠯᠲᠠ ᠶᠢᠨ ᠲᠥᠷᠥᠯ ᠵᠦᠶᠯ ᠢ ᠬᠢᠨᠠᠨ ᠵᠥᠪᠰᠢᠶᠡᠷᠡᠬᠦ ᠳᠤᠮᠳᠠ ᠣᠷᠣᠰᠢᠵᠤ ᠪᠠᠶᠢᠭ᠎ᠠ ᠠᠳᠠᠯᠢ ᠪᠤᠰᠤ᠂ ᠬᠡᠰᠡᠭ | ᠪᠤᠰᠠᠭ᠂ ᠬᠢᠨᠠᠨ ᠵᠥᠪᠰᠢᠶᠡᠷᠡᠬᠦ ᠨᠢ ᠶᠠᠷᠰᠢᠭᠲᠠᠶ᠂ ᠦᠷ᠎ᠡ ᠪᠦᠲᠦᠮᠵᠢ ᠳᠣᠤᠷ᠎ᠠ᠂ ᠭᠤᠭᠴᠤᠭ᠎ᠠ ᠣᠯᠠᠨ᠂ ᠲᠦᠭᠵᠢᠷᠡᠯ ᠲᠠᠢ᠂ | ᠬᠤᠯᠪᠣᠯᠳᠤᠬᠤ ᠥᠬᠡᠶ ᠵᠡᠷᠭᠡ ᠠᠰᠠᠭᠤᠳᠠᠯ ᠳᠤ ᠴᠢᠭᠯᠡᠭᠦᠯᠦᠨ᠂ ᠪᠠᠷᠢᠯᠭ᠎ᠠ ᠶᠢᠨ ᠵᠥᠪᠰᠢᠶᠡᠷᠡᠯ ᠤᠨ ᠲᠥᠬᠦᠮ ᠦᠵᠡᠭᠦᠯᠬᠦ | ᠬᠡᠮᠵᠢᠶ᠎ᠡ ᠶᠢ ᠳᠡᠭᠡᠭᠰᠢᠯᠡᠭᠦᠯᠬᠦ ᠪᠠᠷ ᠭᠤᠤᠯᠳᠠᠯᠭ᠎ᠠ ᠪᠣᠯᠭᠠᠵᠤ᠂《 ᠬᠢᠨᠠᠨ ᠵᠥᠪᠰᠢᠶᠡᠷᠡᠵᠦ ᠮᠥᠰᠥ ᠬᠠᠭᠠᠯᠬᠤ 》ᠢᠨᠵᠧᠨᠧᠷᠢᠩ | ᠢ ᠬᠡᠷᠡᠭᠵᠢᠭᠦᠯᠦᠨ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠣᠭᠤᠨᠢᠰᠬᠠᠬᠤ᠂ ᠦᠶᠯᠡᠴᠢᠯᠡᠭᠡ ᠶᠢ ᠳᠡᠭᠡᠭᠰᠢᠯᠡᠭᠦᠯᠬᠦ᠂ | ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠶᠢ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ | ᠲᠠᠯ᠎ᠠ ᠪᠠᠷ ᠰᠠᠶᠢᠵᠢᠷᠠᠭᠤᠯᠤᠨ᠎ᠠ᠃ ᠬᠢᠨᠠᠨ ᠵᠥᠪᠰᠢᠶᠡᠷᠡᠬᠦ ᠶᠠᠪᠤᠴᠠ ᠶᠢ ᠵᠢᠷᠤᠮᠵᠢᠭᠤᠯᠵᠤ᠂ ᠰᠦᠯᠵᠢᠶᠡᠨ ᠭᠠᠳᠠᠨᠠᠬᠢ《 ᠨᠢᠭᠡ | ᠴᠣᠩᠬᠤᠪᠴᠢ 》 ᠶᠢᠨ ᠶᠡᠷᠦᠩᠬᠡᠶᠢᠯᠡᠭᠰᠡᠨ ᠦᠶᠯᠡᠴᠢᠯᠡᠭᠡ ᠶᠢ ᠳᠡᠭᠡᠭᠰᠢᠯᠡᠭᠦᠯᠦᠨ᠂ ᠰᠦᠯᠵᠢᠶᠡᠨ ᠳᠡᠭᠡᠷᠡᠬᠢ ᠬᠢᠨᠠᠨ ᠵᠥᠪᠰᠢᠶᠡᠷᠡᠬᠦ | ᠦᠶᠯᠡᠴᠢᠯᠡᠭᠡᠨ ᠤ ᠰᠢᠰᠲ᠋ᠧᠮ ᠢ ᠰᠢᠯᠢᠳᠡᠭᠵᠢᠭᠦᠯᠦᠨ᠎ᠡ᠃ ᠨᠡᠶᠢᠭᠡᠮ ᠤᠨ ᠪᠠᠯᠠ ᠣᠷᠣᠭᠤᠯᠤᠯᠲᠠ ᠶᠢᠨ ᠲᠥᠬᠦᠮ ᠪᠥᠭᠡᠳ | ᠳᠣᠤᠷ᠎ᠠ ᠲᠦᠭᠰᠢᠭᠦᠷᠢᠲᠦ ᠲᠥᠷᠥᠯ ᠵᠦᠶᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠯᠥᠪᠵᠢᠭᠦᠯᠭᠡ ᠵᠢᠷᠤᠭ | ᠲᠥᠯᠥᠪᠯᠡᠭᠡ ᠶᠢᠨ ᠲᠥᠰᠦᠯ ᠢ ᠬᠢᠨᠠᠨ ᠪᠠᠶᠢᠴᠠᠭᠠᠬᠤ᠂ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠵᠡᠷᠭᠡ ᠠᠷᠭ᠎ᠠ ᠬᠡᠮᠵᠢᠶ᠎ᠡ | ᠶᠢ ᠬᠦᠴᠦᠨ ᠥᠬᠡᠶ ᠪᠣᠯᠭᠠᠬᠤ ᠪᠠᠷ ᠳᠠᠮᠵᠢᠭᠤᠯᠤᠨ᠂ ᠲᠥᠬᠦᠮ ᠪᠥᠭᠡᠳ ᠳᠣᠤᠷ᠎ᠠ ᠲᠦᠭᠰᠢᠭᠦᠷᠢᠲᠦ ᠲᠥᠷᠥᠯ ᠵᠦᠶᠯ ᠤᠨ | ᠭᠤᠤᠯ ᠴᠤᠪᠤᠷᠠᠯ ᠤᠨ ᠬᠢᠨᠠᠨ ᠵᠥᠪᠰᠢᠶᠡᠷᠡᠬᠦ ᠴᠠᠭ ᠢ 12 ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠦᠨ᠎ᠡ᠃ ᠨᠡᠶᠢᠭᠡᠮ | ᠤᠨ ᠪᠡᠯᠡ ᠣᠷᠣᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠂ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠢ ᠬᠢᠨᠠᠨ ᠵᠥᠪᠰᠢᠶᠡᠷᠡᠬᠦ ᠴᠤᠪᠤᠷᠠᠯ | ᠂ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠲᠥᠰᠦᠯ ᠢᠶᠠᠷ ᠳᠠᠮᠵᠢᠭᠤᠯᠤᠨ ᠱᠠᠲᠤ ᠲᠥᠷᠥᠯ ᠬᠤᠪᠢᠶᠠᠨ ᠬᠢᠨᠠᠨ | ᠪᠠᠶᠢᠴᠠᠭᠠᠨ᠎ᠠ᠂ ᠲᠥᠯᠥᠪᠵᠢᠭᠦᠯᠭᠡ ᠶᠢᠨ ᠵᠥᠪᠯᠡᠯ ᠲᠥᠷᠥᠯ ᠵᠦᠶᠯ ᠤᠨ ᠲᠤᠭ᠎ᠠ ᠬᠡᠮᠵᠢᠶ᠎ᠡ ᠶᠢ ᠬᠢᠨᠠᠨ ᠪᠠᠶᠢᠴᠠᠭᠠᠨ᠎ᠠ᠂ | ᠠᠮᠠᠯᠠᠯᠲᠠ ᠶᠢᠨ ᠳᠦᠷᠢᠮ ᠢ ᠬᠡᠷᠡᠭᠵᠢᠭᠦᠯᠵᠦ ᠪᠠᠷᠢᠯᠭ᠎ᠠ ᠪᠠᠷᠢᠬᠤ ᠵᠥᠪᠰᠢᠶᠡᠷᠡᠯ ᠤᠨ ᠭᠠᠷ ᠭᠦᠶᠴᠡᠳᠬᠡᠯ ᠬᠢᠨ᠎ᠡ᠂ ᠠᠵᠤ | ᠦᠶᠯᠡᠳᠪᠦᠷᠢ ᠶᠢᠨ ᠲᠥᠷᠥᠯ ᠵᠦᠶᠯ ᠳᠤ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ ᠭᠤᠭᠴᠤᠭ᠎ᠠ ᠶᠢ ᠬᠦᠴᠦᠨ | ᠥᠬᠡᠶ ᠪᠣᠯᠭᠠᠪᠠ᠂ ᠬᠠᠮᠲᠤ ᠳᠤᠨᠢ ᠭᠠᠵᠠᠷ ᠰᠢᠷᠣᠶ ᠶᠢᠨ ᠭᠠᠷ ᠭᠦᠶᠴᠡᠳᠬᠡᠯ ᠪᠠ ᠠᠮᠠᠯᠠᠯᠲᠠ ᠶᠢᠨ ᠳᠦᠷᠢᠮ ᠢᠶᠠᠷ | ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠲᠥᠰᠦᠯ ᠢ ᠬᠢᠨᠠᠨ ᠪᠠᠶᠢᠴᠠᠭᠠᠨ᠎ᠠ᠂ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠲᠥᠷᠥᠯ ᠤᠨ ᠲᠥᠷᠥᠯ ᠵᠦᠢᠯ ᠨᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠡᠷᠡᠭᠯᠡᠬᠦ | ᠭᠠᠵᠠᠷ ᠢ ᠤᠷᠢᠳᠴᠢᠯᠠᠨ ᠬᠢᠨᠠᠬᠤ ᠬᠢᠭᠡᠳ ᠭᠠᠵᠠᠷ ᠰᠣᠩᠭᠤᠬᠤ ᠰᠠᠨᠠᠯ ᠤᠨ ᠪᠢᠴᠢᠭ ᠲᠤ ᠲᠣᠭᠲᠠᠭᠠᠭᠰᠠᠨ ᠬᠡᠷᠡᠭᠯᠡᠬᠦ ᠭᠠᠵᠠᠷ ᠢ | ᠦᠨᠳᠦᠰᠦᠯᠡᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ | ᠰᠢᠭᠤᠳ ᠭᠦᠢᠴᠡᠳᠬᠡᠬᠦ ᠵᠡᠷᠭᠡ ᠠᠯᠢ ᠣᠯᠠᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠠᠪᠤᠨ᠎ᠠ᠂ ᠨᠡᠶᠢᠭᠡᠮ ᠤᠨ ᠪᠠᠯᠠ | ᠣᠷᠣᠭᠤᠯᠤᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠭᠤᠤᠯ ᠴᠤᠪᠤᠷᠠᠯ ᠤᠨ ᠬᠢᠨᠠᠨ | ᠵᠥᠪᠰᠢᠶᠡᠷᠡᠬᠦ ᠴᠠᠭ ᠢ 100 ᠠᠵᠢᠯᠯᠠᠬᠤ ᠡᠳᠦᠷ ᠠᠴᠠ 30 ᠠᠵᠢᠯᠯᠠᠬᠤ ᠡᠳᠦᠷ ᠪᠣᠯᠭᠠᠨ ᠪᠣᠭᠤᠨᠢᠰᠬᠠᠨ᠎ᠠ᠂ ᠵᠠᠰᠠᠭ ᠤᠨ | ᠣᠷᠳᠣᠨ ᠤ ᠪᠠᠯᠠ ᠣᠷᠣᠭᠤᠯᠤᠭᠰᠠᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠭᠤᠤᠯ ᠴᠤᠪᠤᠷᠠᠯ | ᠤᠨ ᠬᠢᠨᠠᠨ ᠵᠥᠪᠰᠢᠶᠡᠷᠡᠬᠦ ᠴᠠᠭ ᠢ 100 ᠠᠵᠢᠯᠯᠠᠬᠤ ᠡᠳᠦᠷ ᠠᠴᠠ 55 ᠠᠵᠢᠯᠯᠠᠬᠤ ᠡᠳᠦᠷ ᠪᠣᠯᠭᠠᠨ ᠪᠣᠭᠤᠨᠢᠰᠬᠠᠨ᠎ᠠ᠃ | ᠭᠠᠵᠠᠷ ᠠᠪᠴᠤ ᠠᠵᠢᠯ ᠡᠬᠢᠯᠡᠭᠦᠯᠬᠦ ᠲᠤᠷᠰᠢᠯᠲᠠ ᠶᠢᠨ ᠴᠢᠬ ᠤᠨ ᠰᠠᠭᠤᠷᠢᠨ ᠳᠡᠭᠡᠷ᠎ᠡ᠂ ᠠᠵᠤ ᠠᠬᠤᠶᠢᠯᠠᠯ ᠤᠨ ᠠᠵᠢᠯ | ᠡᠬᠢᠯᠡᠭᠦᠯᠬᠦ ᠨᠢᠭᠡᠳᠦᠯᠲᠡᠶ ᠨᠥᠬᠦᠴᠡᠯ ᠢ ᠰᠦᠪᠡᠭᠴᠢᠯᠡᠨ ᠨᠡᠶᠢᠲᠡᠯᠡᠵᠦ᠂ ᠠᠵᠤ ᠠᠬᠤᠶᠢᠯᠠᠯ ᠬᠡᠷᠡᠭᠯᠡᠬᠦ ᠭᠠᠵᠠᠷ ᠣᠯᠵᠤ᠂ ᠠᠵᠢᠯ | ᠡᠬᠢᠯᠡᠭᠦᠯᠬᠦ ᠨᠥᠬᠦᠴᠡᠯ ᠢ ᠬᠠᠩᠭᠠᠭᠰᠠᠨ ᠤ ᠳᠠᠷᠠᠭ᠎ᠠ ᠬᠠᠮᠢᠶ᠎ᠠ ᠪᠥᠬᠦᠶ ᠠᠮᠠᠯᠠᠯᠲᠠ ᠬᠢᠵᠦ᠂ ᠪᠥᠲᠥᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠮᠢᠶ᠎ᠠ ᠪᠥᠬᠦᠶ ᠦᠨᠡᠮᠯᠡᠯ ᠢ ᠰᠢᠭᠤᠳ ᠣᠯᠭᠤᠵᠤ᠂ ᠲᠥᠷᠥᠯ ᠵᠦᠶᠯ ᠨᠢ | ᠳᠠᠷᠤᠶ ᠠᠵᠢᠯ ᠡᠬᠢᠯᠡᠭᠦᠯᠵᠦ ᠪᠣᠯᠤᠨ᠎ᠠ᠃ | 《 ᠭᠤᠷᠪᠠ ᠶᠢ ᠪᠠᠭᠠᠰᠬᠠᠵᠤ ᠬᠤᠶᠠᠷ ᠢ ᠰᠢᠯᠢᠳᠡᠭᠵᠢᠭᠦᠯᠬᠦ 》ᠠᠵᠢᠯ ᠢ ᠭᠦᠨᠵᠡᠭᠡᠶᠢᠷᠡᠭᠦᠯᠦᠨ᠎ᠡ᠂ ᠬᠠᠰᠤᠯᠲᠠ ᠶᠢᠨ | ᠵᠠᠩᠭᠢᠯᠠᠭ᠎ᠠ᠂ ᠮᠠᠲ᠋ᠧᠷᠢᠶᠠᠯ ᠬᠠᠰᠤᠬᠤ᠂ ᠴᠠᠭ ᠤᠨ ᠬᠢᠵᠠᠭᠠᠷ ᠢ ᠬᠠᠰᠤᠬᠤ᠂ ᠰᠢᠯᠢᠳᠡᠭ ᠴᠤᠪᠤᠷᠠᠯ᠂ ᠰᠢᠯᠢᠳᠡᠭ ᠦᠢᠯᠡᠴᠢᠯᠡᠭᠡ᠂ | ᠡᠮᠦᠨ᠎ᠡ ᠳᠤᠮᠳᠠ ᠠᠷᠤ ᠲᠠᠪᠴᠠᠩ ᠤᠨ ᠬᠠᠮᠵᠢᠯᠴᠠᠨ ᠬᠢᠨᠠᠨ ᠵᠥᠪᠰᠢᠶᠡᠷᠡᠬᠦ ᠳᠤ ᠠᠩᠬᠠᠷᠤᠯ ᠢᠶᠠᠨ ᠲᠥᠪᠯᠡᠷᠡᠭᠦᠯᠦᠨ᠎ᠡ᠂ | ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠠᠩᠰᠠᠯᠠᠯ ᠢ ᠳᠥᠭᠦᠮᠴᠢᠯᠡᠬᠦ᠂ ᠪᠡᠯᠡ | ᠣᠷᠣᠭᠤᠯᠤᠯᠲᠠ ᠶᠢᠨ ᠵᠦᠢᠯᠡᠰ ᠪᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ | ᠥᠭᠡᠷᠡᠴᠢᠯᠡᠯᠲᠡ ᠵᠡᠷᠭᠡ ᠭᠤᠣᠯᠳᠠᠯᠭ᠎ᠠ ᠲᠠᠢ ᠬᠦᠷᠢᠶ᠎ᠡ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠴᠣᠮᠬᠠᠳᠬᠠᠨ ᠰᠢᠯᠢᠳᠡᠭᠵᠢᠭᠦᠯᠬᠦ ᠠᠵᠢᠯ ᠢ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠬᠦ ᠬᠡᠷᠡᠭᠲᠡᠶ᠂ ᠬᠠᠤᠯᠢ ᠴᠠᠭᠠᠵᠠ ᠶᠢᠨ | ᠲᠣᠪᠴᠢᠶ᠎ᠠ ᠲᠠᠢ ᠬᠠᠮᠵᠢᠯᠴᠠᠨ ᠭᠡᠷᠡᠴᠢᠯᠡᠬᠦ ᠵᠦᠶᠯᠡᠰ ᠢ ᠢᠯᠭᠠᠷᠠᠭᠤᠯᠤᠨ ᠵᠢᠷᠤᠮᠵᠢᠭᠤᠯᠬᠤ ᠠᠵᠢᠯ ᠢ ᠥᠷᠨᠢᠭᠦᠯᠦᠨ᠎ᠡ᠂ | ᠦᠯᠡᠳᠡᠭᠡᠭᠰᠡᠨ ᠬᠠᠤᠯᠢ ᠪᠠᠷ ᠲᠣᠭᠲᠠᠭᠠᠭᠰᠠᠨ ᠭᠡᠷᠡᠴᠢᠯᠡᠬᠦ ᠵᠦᠶᠯᠡᠰ ᠢ ᠮᠡᠳᠡᠭᠡ ᠵᠠᠩᠭᠢ ᠪᠠᠷ ᠳᠠᠮᠵᠢᠭᠤᠯᠤᠨ ᠬᠠᠮᠲᠤ ᠪᠠᠷ | ᠡᠳ᠋ᠯᠡᠨ᠎ᠡ᠂ ᠰᠦᠯᠵᠢᠶᠡᠨ ᠳᠡᠭᠡᠷ᠎ᠡ ᠬᠢᠨᠠᠨ ᠰᠢᠯᠭᠠᠬᠤ᠂ ᠠᠮᠠᠯᠠᠯᠲᠠ ᠪᠠᠨ ᠮᠡᠳᠡᠭᠳᠡᠬᠦ ᠵᠡᠷᠭᠡ ᠠᠷᠭ᠎ᠠ ᠮᠠᠶ᠋ᠢᠭ ᠢ ᠳᠥᠭᠦᠮᠴᠢᠯᠡᠪᠡ᠂ | 《ᠬᠢᠨᠠᠨ ᠵᠥᠪᠰᠢᠶᠡᠷᠡᠬᠦ ᠨᠢ ᠬᠠᠮᠤᠭ ᠪᠠᠭ᠎ᠠ᠂ ᠦᠶᠯᠡᠴᠢᠯᠡᠭᠡ ᠬᠠᠮᠤᠭ ᠰᠠᠶᠢᠨ᠂ ᠬᠤᠷᠳᠤᠴᠠ ᠨᠢ ᠬᠠᠮᠤᠭ ᠬᠤᠷᠳᠤᠨ᠃ | ᠬᠤᠪᠢᠯᠭᠠᠨ ᠠᠭᠤᠯᠠᠨ ᠳᠤ ᠴᠠᠰᠤ ᠯᠠᠪᠰᠠᠯᠠᠨ᠎ᠠ᠃ ᠰᠢᠨ᠎ᠡ ᠠᠶᠠᠨ ᠵᠠᠮ ᠰᠢᠨ᠎ᠡ ᠥᠷᠢᠰᠥᠯᠳᠦᠭᠡᠨ ᠤ ᠡᠮᠦᠨ᠎ᠡ᠂ ᠪᠠᠶ᠋ᠬᠠᠤᠪᠤᠭ᠎ᠠ | ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠢ ᠠᠵᠤ ᠠᠬᠤᠢ ᠶᠢᠨ ᠬᠥᠭᠵᠢᠯᠲᠡ ᠶᠢᠨ ᠵᠠᠩᠭᠢᠯᠠᠭ᠎ᠠ | ᠶᠢᠨ ᠭᠠᠷᠳᠠᠴᠠ ᠪᠠ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ | ᠡᠵᠡᠩᠨᠡᠯᠲᠡ ᠶᠢᠨ ᠬᠡᠯᠪᠡᠷᠢ᠂ ᠰᠢᠨ᠎ᠡ ᠵᠠᠭᠪᠤᠷ ᠤᠨ ᠠᠵᠤ ᠠᠬᠤᠢ ᠶᠢ ᠪᠣᠶᠢᠵᠢᠭᠤᠯᠤᠨ ᠪᠤᠵᠠᠭᠠᠶᠢᠷᠠᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠪᠡᠶᠡᠯᠡᠭᠦᠯᠦᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂《 ᠠᠷᠪᠠᠨ ᠳᠥᠷᠪᠡᠳᠦᠭᠡᠷ ᠲᠠᠪᠤᠨ | ᠵᠢᠯ 》 ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠰᠢᠯᠢᠳᠡᠭ ᠠᠮᠵᠢᠯᠲᠠ ᠪᠠᠷ ᠨᠠᠮ ᠪᠠᠶᠢᠭᠤᠯᠤᠭᠳᠠᠭᠰᠠᠨ 100 ᠵᠢᠯ ᠤᠨ | ᠤᠢ ᠳᠤ ᠪᠡᠯᠡᠭ ᠬᠦᠷᠭᠡᠬᠦ ᠪᠣᠯᠤᠨ᠎ᠠ᠃ |