( 2021 ᠣᠨ ᠤ 1 ᠰᠠᠷ᠎ᠠ ᠶᠢᠨ 20 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶ᠋ᠬᠠᠤᠪᠤᠭ᠎ᠠ | ᠠᠭᠤᠷᠬᠠᠶ ᠶᠢᠨ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠠᠷᠪᠠᠳᠤᠭᠠᠷ ᠪᠥᠬᠦᠳᠡ ᠬᠤᠷᠠᠯ ᠠᠴᠠ | ᠪᠠᠲᠤᠯᠠᠪᠠ ) | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠪᠠᠨ ᠨᠢᠭᠡᠳᠦᠭᠡᠷ | ᠬᠤᠭᠤᠴᠠᠭᠠᠨ ᠤ ᠬᠤᠷᠢᠶ᠎ᠠ ᠶᠢᠨ ᠠᠷᠪᠠᠳᠤᠭᠠᠷ ᠪᠦᠬᠦᠳᠡ ᠬᠤᠷᠠᠯ ᠵᠢᠴᠢ ᠪᠦᠬᠦ ᠲᠣᠭᠤᠷᠢᠭ ᠤᠨ ᠠᠵᠤ ᠠᠬᠤᠢ ᠶᠢᠨ ᠠᠵᠢᠯ | ᠤᠨ ᠬᠤᠷᠠᠯ 2021 ᠣᠨ ᠤ 1 ᠰᠠᠷ᠎ᠠ ᠶᠢᠨ 20 ᠤ ᠡᠳᠦᠷ ᠬᠤᠷᠠᠯᠳᠤᠪᠠ᠃ ᠬᠤᠷᠠᠯ ᠳᠤ ᠣᠷᠣᠯᠴᠠᠭᠰᠠᠨ | ᠲᠣᠭᠤᠷᠢᠭ ᠤᠨ ᠨᠠᠮ ᠤᠨ ᠬᠤᠷᠢᠶᠠᠨ ᠤ ᠭᠡᠰᠢᠭᠦᠨ 22 ᠬᠥᠮᠦᠨ᠃ | | | | | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠪᠠᠨ ᠨᠢᠭᠡᠳᠦᠭᠡᠷ | ᠬᠤᠭᠤᠴᠠᠭᠠᠨ ᠤ ᠬᠤᠷᠢᠶᠠᠨ ᠤ ᠠᠷᠪᠠᠳᠤᠭᠠᠷ ᠪᠦᠬᠦᠳᠡ ᠬᠤᠷᠠᠯ ᠵᠢᠴᠢ ᠪᠦᠬᠦ ᠲᠣᠭᠤᠷᠢᠭ ᠤᠨ ᠠᠵᠤ ᠠᠬᠤᠢ ᠶᠢᠨ ᠠᠵᠢᠯ ᠤᠨ | ᠬᠤᠷᠠᠯ ᠤᠨ ᠲᠠᠯᠠᠪᠠᠢ ↓ | | | ᠲᠣᠭᠤᠷᠢᠭ ᠤᠨ ᠬᠤᠯᠪᠣᠭᠳᠠᠯ ᠪᠥᠬᠦᠶ ᠤᠳᠤᠷᠢᠳᠬᠤ ᠨᠥᠬᠦᠳ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠣᠯᠤᠨ ᠬᠤᠯᠪᠣᠭᠳᠠᠯ ᠪᠥᠬᠦᠶ ᠲᠠᠯ᠎ᠠ | ᠶᠢᠨ ᠬᠠᠷᠢᠭᠤᠴᠠᠯᠭᠠᠲᠠᠨ ᠨᠥᠬᠦᠳ᠂ ᠬᠡᠰᠡᠭ ᠨᠠᠮ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠶ᠃ | ᠪᠦᠬᠦᠳᠡ ᠬᠤᠷᠠᠯ ᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠲᠣᠭᠤᠷᠢᠭ ᠤᠨ | ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ | ᠤᠨ ᠳᠠᠷᠤᠭ᠎ᠠ ᠬᠤᠸᠠᠩ ᠮᠢᠨ ᠲᠤᠰ ᠲᠤᠰ ᠶᠠᠷᠢᠶ᠎ᠠ ᠲᠠᠯᠪᠢᠪᠠ᠃ | ᠪᠦᠬᠦᠳᠡ ᠬᠤᠷᠠᠯ ᠨᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ ᠵᠠᠩ | ᠶᠦᠩ ᠳ᠋ᠦᠩ ᠤᠨ ᠬᠢᠭᠰᠡᠨ ᠠᠵᠢᠯ ᠤᠨ ᠢᠯᠡᠳᠬᠡᠯ ᠢ ᠰᠣᠨᠣᠰᠴᠤ ᠶᠠᠷᠢᠯᠴᠠᠪᠠ᠂《 ᠤᠯᠤᠰ ᠠᠷᠠᠳ ᠤᠨ ᠠᠵᠤ ᠠᠬᠤᠢ | ᠪᠣᠯᠤᠨ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠣᠯᠤᠨ 2035 ᠣᠨ | ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶ᠋ᠬᠠᠤᠪᠤᠭ᠎ᠠ ᠠᠭᠤᠷᠬᠠᠢ | ᠶᠢᠨ ᠲᠣᠭᠤᠷᠢᠭ ᠤᠨ ᠬᠤᠷᠢᠶᠠᠨ ᠤ ᠬᠡᠷᠡᠭᠵᠢᠭᠦᠯᠬᠦ ᠰᠠᠨᠠᠯ 》᠂ 《 ᠳᠤᠮᠳᠠᠳᠤ ᠤᠯᠤᠰ ᠤᠨ ᠡᠪ ᠬᠠᠮᠲᠤ ᠨᠠᠮ ᠤᠨ | ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠬᠤᠷᠢᠶᠠᠨ ᠤ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠪᠤᠢ ᠪᠣᠯᠭᠠᠵᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠲᠤᠬᠠᠢ | ᠬᠡᠷᠡᠭᠵᠢᠭᠦᠯᠬᠦ ᠰᠠᠨᠠᠯ 》᠂《 ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶ᠋ᠬᠠᠣᠪᠤᠭ᠎ᠠ ᠠᠭᠤᠷᠬᠠᠢ ᠶᠢᠨ | ᠲᠣᠭᠤᠷᠢᠭ ᠤᠨ ᠬᠤᠷᠢᠶᠠᠨ ᠤ ᠠᠵᠤ ᠠᠬᠤᠶᠢᠯᠠᠯ ᠪᠣᠯᠤᠨ ᠣᠷᠣᠨ ᠨᠤᠲᠤᠭ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠨ | ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ 》᠂《 ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶ᠋ᠬᠠᠣᠪᠤᠭ᠎ᠠ | ᠠᠭᠤᠷᠬᠠᠢ ᠶᠢᠨ ᠲᠣᠭᠤᠷᠢᠭ ᠤᠨ ᠬᠤᠷᠢᠶᠠᠨ ᠤ ᠤᠶᠤᠠᠳᠤ ᠣᠷᠣᠨ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ᠂ 2020 ᠣᠨ ᠤ ᠠᠵᠤ ᠠᠬᠤᠶ ᠶᠢᠨ ᠠᠵᠢᠯ ᠢ ᠳ᠋ᠦᠩᠨᠡᠵᠦ᠂ | 2021 ᠣᠨ ᠤ ᠠᠵᠤ ᠠᠬᠤᠶ ᠶᠢᠨ ᠠᠵᠢᠯ ᠢ ᠪᠠᠶᠢᠷᠢᠯᠠᠭᠤᠯᠪᠠ᠃ ᠵᠠᠩ ᠶᠦᠩ ᠳ᠋ᠦᠩ《 ᠤᠯᠤᠰ ᠠᠷᠠᠳ ᠤᠨ ᠠᠵᠤ | ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠣᠯᠤᠨ | 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ | ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠬᠤᠷᠢᠶ᠎ᠠ ᠶᠢᠨ ᠰᠠᠨᠠᠭᠤᠯᠭ᠎ᠠ ( ᠲᠥᠰᠦᠯ ) ᠂《 ᠳᠤᠮᠳᠠᠳᠤ ᠤᠯᠤᠰ ᠤᠨ | ᠡᠪ ᠬᠠᠮᠲᠤ ᠨᠠᠮ ᠤᠨ ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠤᠨ ᠬᠤᠷᠢᠶ᠎ᠠ ᠶᠢᠨ ᠲᠡᠷᠢᠭᠦᠨ ᠲᠠᠰ ᠤᠨ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠵᠤ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠲᠦᠷᠭᠡᠳᠬᠡᠬᠦ ᠲᠤᠬᠠᠶ ᠬᠡᠷᠡᠭᠵᠢᠭᠦᠯᠬᠦ ᠰᠠᠨᠠᠯ (ᠲᠥᠰᠦᠯ ) ( ᠶᠠᠷᠢᠯᠴᠠᠬᠤ ᠨᠣᠤᠷᠠᠭ ) 》᠂《 ᠳᠤᠮᠳᠠᠳᠤ | ᠤᠯᠤᠰ ᠤᠨ ᠡᠪ ᠬᠠᠮᠲᠤ ᠨᠠᠮ ᠤᠨ ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠤᠨ ᠵᠥᠪᠯᠡᠯ ᠤᠨ ᠠᠵᠤ ᠠᠬᠤᠶᠢᠯᠠᠯ ᠣᠷᠣᠨ | ᠨᠤᠲᠤᠭ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ ( ᠲᠥᠰᠦᠯ ) ( | ᠶᠠᠷᠢᠯᠴᠠᠬᠤ ᠨᠣᠤᠷᠠᠭ ) 》 ᠶᠢᠨ ᠲᠤᠬᠠᠢ ᠪᠥᠬᠦᠳᠡ ᠬᠤᠷᠠᠯ ᠳᠤ ᠲᠣᠳᠣᠷᠬᠠᠶᠢᠯᠠᠯᠲᠠ ᠬᠢᠪᠡ᠃ | ᠪᠦᠬᠦᠳᠡ ᠬᠤᠷᠠᠯ ᠠᠴᠠ ᠨᠢᠭᠡ ᠵᠢᠯ ᠤᠨ ᠲᠤᠷᠰᠢᠬᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶᠠᠨ ᠤ ᠠᠵᠢᠯ ᠢ ᠭᠦᠢᠴᠡᠳ ᠨᠤᠲᠠᠯᠠᠪᠠ᠃ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ | ᠬᠤᠲᠠ ᠶᠢᠨ ᠨᠠᠮ ᠤᠨ ᠬᠤᠷᠢᠶᠠᠨ ᠤ ᠵᠥᠪ ᠣᠨᠣᠪᠴᠢᠲᠠᠶ ᠳᠠᠭᠠᠭᠤᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ ᠤ ᠨᠠᠮ | ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠦᠨᠳᠦ ᠨᠣᠴᠢᠲᠠᠶ ᠨᠠᠷᠢᠨ ᠪᠤᠳᠤᠯᠢᠶᠠᠨᠲᠠᠶ ᠠᠵᠤ ᠠᠬᠤᠶ ᠶᠢᠨ ᠪᠠᠶᠢᠳᠠᠯ ᠤᠨ | ᠡᠮᠦᠨ᠎ᠡ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠬᠠᠲᠠᠭᠤ ᠪᠡᠷᠬᠡ ᠡᠭᠦᠷᠭᠡ ᠣᠨᠴᠠᠭᠠᠶᠢᠯᠠᠨ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠢ ᠳᠠᠭᠠᠷᠢᠯᠳᠠ ᠳᠣᠣᠷ᠎ᠠ᠂ ᠢᠮᠠᠭᠲᠠ《 ᠬᠤᠶᠠᠷ ᠢ | ᠬᠠᠮᠠᠭᠠᠯᠠᠬᠤ 》 ᠶᠢ ᠦᠢᠯᠡᠳᠦᠯᠭᠡᠵᠢᠭᠦᠯᠬᠦ ᠶᠢ ᠦᠨᠳᠦᠰᠦᠨ ᠤᠯᠤᠰ ᠲᠦᠷᠦ ᠶᠢᠨ ᠡᠭᠦᠷᠭᠡ ᠪᠣᠯᠭᠠᠨ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ | ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ ᠶᠢᠨ ᠨᠠᠮ ᠤᠨ | ᠬᠤᠷᠢᠶᠠᠨ ᠤ ᠬᠠᠮᠢᠶ᠎ᠠ ᠪᠥᠬᠦᠶ ᠱᠠᠭᠠᠷᠳᠠᠯᠭ᠎ᠠ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ | ᠬᠥᠭ ᠠᠶᠠᠰ ᠢ ᠪᠠᠷᠢᠮᠲᠠᠯᠠᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠪᠣᠬᠢᠷᠲᠤᠯ ᠦᠭᠡᠢ ᠬᠥᠭᠵᠢᠯᠲᠡ | ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠵᠠᠮᠨᠠᠨ᠂ ᠰᠢᠢᠳᠪᠦᠷᠢᠲᠦ ᠳᠠᠶᠢᠯᠠᠯᠳᠤᠭᠠᠨ | ᠬᠢᠵᠦ ᠰᠢᠢᠳᠪᠦᠷᠢᠲᠦ ᠢᠯᠠᠯᠲᠠ ᠶᠢ ᠤᠯᠬᠤ ᠬᠠᠷᠠᠯᠲᠠ ᠡᠭᠦᠷᠭᠡ ᠪᠣᠯᠤᠨ ᠬᠢᠵᠢᠭ ᠤᠨ ᠪᠠᠶᠢᠳᠠᠯ ᠤᠨ ᠶᠡᠭᠡ ᠰᠢᠯᠭᠠᠯᠲᠠ ᠳᠤ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢᠨ ᠬᠠᠮᠲᠤ᠂ ᠭᠠᠪᠰᠢᠭᠠᠶᠢᠯᠠᠨ ᠣᠷᠣᠨ《 ᠵᠢᠷᠭᠤᠭ᠎ᠠ ᠶᠢ | ᠲᠣᠭᠲᠠᠪᠤᠷᠢᠵᠢᠭᠤᠯᠬᠤ 》ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂《 ᠵᠢᠷᠭᠤᠭ᠎ᠠ ᠶᠢ ᠪᠠᠲᠤᠯᠠᠬᠤ 》ᠡᠭᠦᠷᠭᠡ ᠶᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠠᠵᠢᠯ ᠦᠢᠯᠡᠰ ᠰᠢᠨ᠎ᠡ ᠠᠬᠢᠴᠠ ᠰᠢᠨ᠎ᠡ ᠦᠷ᠎ᠡ ᠪᠦᠲᠦᠮᠵᠢ | ᠤᠯᠪᠠ᠃ | ᠪᠦᠬᠦᠳᠡ ᠬᠤᠷᠠᠯ ᠠᠴᠠ ᠪᠦᠬᠦ ᠲᠣᠭᠤᠷᠢᠭ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ | ᠢᠯᠠᠯᠲᠠ ᠶᠢ ᠣᠯᠵᠤ ᠣᠯᠤᠭᠰᠠᠨ ᠰᠢᠢᠳᠪᠦᠷᠢᠲᠦ ᠴᠢᠨᠠᠷᠲᠠᠢ ᠠᠮᠵᠢᠯᠲᠠ ᠶᠢ ᠳᠡᠭᠡᠳᠦ ᠬᠡᠮᠵᠢᠶ᠎ᠡ ᠪᠠᠷ ᠦᠨᠡᠯᠡᠵᠦ᠂《 ᠠᠷᠪᠠᠨ | ᠭᠤᠷᠪᠠᠳᠤᠭᠠᠷ ᠲᠠᠪᠤᠨ ᠵᠢᠯ 》 ᠤᠨ ᠬᠤᠭᠤᠴᠠᠭᠠᠨ ᠳᠤ ᠠᠵᠤ ᠠᠬᠤᠢ ᠶᠢᠨ ᠡᠷᠭᠢᠯᠲᠡ ᠲᠣᠭᠲᠠᠭᠤᠨ ᠤ ᠳᠤᠮᠳᠠ ᠶᠠᠰᠤ | ᠴᠢᠨᠠᠷ ᠢ ᠳᠡᠭᠡᠭᠰᠢᠯᠡᠭᠦᠯᠵᠦ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠮᠵᠢ ᠢᠯᠡᠳᠲᠡ | ᠪᠤᠯᠵᠤ᠂ ᠠᠮᠢ ᠠᠬᠤᠢ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠵᠤ᠂ ᠴᠢᠬᠤᠯᠠ ᠬᠦᠷᠢᠶ᠎ᠡ ᠪᠣᠯᠤᠨ ᠵᠠᠩᠭᠢᠯᠠᠭ᠎ᠠ ᠶᠢᠨ | ᠭᠤᠭᠴᠤᠭ᠎ᠠ ᠶᠢᠨ ᠥᠭᠡᠷᠡᠴᠢᠯᠡᠯᠲᠡ ᠰᠢᠪᠲᠤᠯᠤᠯᠲᠠ ᠲᠠᠢ ᠪᠤᠯᠵᠤ᠂ ᠬᠤᠳᠠ ᠶᠢᠨ ᠶᠠᠰᠤ ᠴᠢᠨᠠᠷ ᠦᠷᠭᠦᠯᠵᠢᠯᠡᠨ ᠳᠡᠭᠡᠭᠰᠢᠯᠡᠵᠦ᠂ | ᠨᠡᠶᠢᠭᠡᠮ ᠤᠨ ᠦᠢᠯᠡᠰ ᠪᠦᠬᠦ ᠲᠠᠯ᠎ᠠ ᠪᠠᠷ ᠲᠠᠪᠰᠢᠵᠤ᠂ ᠨᠡᠶᠢᠭᠡᠮ ᠤᠨ ᠵᠠᠰᠠᠯᠲᠠ ᠢᠯᠡᠳᠲᠡ ᠦᠷ᠎ᠡ ᠪᠦᠲᠦᠮᠵᠢ ᠣᠯᠵᠤ᠂ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠴᠢᠩᠭᠠᠷᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ | ᠭᠦᠨᠵᠡᠭᠡᠶᠢᠷᠡᠨ ᠬᠥᠭᠵᠢᠪᠡ᠃ ᠪᠦᠬᠦ ᠲᠣᠭᠤᠷᠢᠭ ᠤᠨ ᠳᠠᠶᠠᠭᠠᠷ ᠢᠶᠠᠨ ᠲᠡᠷᠢᠭᠦᠨ ᠵᠡᠷᠭᠡ ᠶᠢᠨ ᠬᠢ ᠪᠠᠷ ᠪᠠᠷᠢᠮᠵᠢᠶᠠᠯᠠᠨ ᠲᠡᠷᠢᠭᠦᠨ | ᠵᠡᠷᠭᠡ ᠶᠢᠨ ᠬᠢ ᠶᠢ ᠪᠡᠶᠡᠯᠡᠭᠦᠯᠵᠦ᠂ ᠲᠦᠭᠰᠢᠭᠦᠷᠢᠲᠦ ᠰᠡᠳᠬᠢᠯᠭᠡ᠂ ᠲᠤᠯᠭᠠᠮ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ | ᠪᠠᠷ ᠬᠥᠭᠵᠢᠯᠲᠡ ᠶᠢ ᠡᠷᠢᠯᠬᠢᠯᠡᠵᠦ᠂ ᠪᠣᠳᠠᠲᠠᠶ ᠠᠵᠢᠯ ᠬᠢᠵᠦ᠂ ᠮᠠᠩᠯᠠᠢ ᠳᠤᠨᠢ ᠭᠠᠷᠬᠤ ᠪᠠᠷ ᠮᠡᠷᠡᠶᠢᠨ ᠴᠢᠷᠮᠠᠶᠢᠵᠤ᠂ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ | ᠪᠠᠶ᠋ᠬᠠᠣᠪᠤᠭ᠎ᠠ ᠶᠢ ᠪᠥᠲᠥᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ | ᠪᠦᠬᠦᠳᠡ ᠬᠤᠷᠠᠯ ᠠᠴᠠ ᠰᠢᠨ᠎ᠡ ᠬᠥᠭᠵᠢᠯᠲᠡ ᠶᠢᠨ ᠱᠠᠲᠤᠨ ᠤ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ | ᠬᠥᠭᠵᠢᠯᠲᠡ ᠳᠤ ᠲᠤᠯᠭᠠᠷᠠᠵᠤ ᠪᠠᠶᠢᠭ᠎ᠠ ᠰᠢᠨ᠎ᠡ ᠠᠵᠠ ᠲᠣᠬᠢᠶᠠᠯ ᠰᠢᠨ᠎ᠡ ᠥᠷᠢᠰᠥᠯᠳᠦᠭᠡᠨ ᠢ ᠭᠦᠨᠵᠡᠭᠡᠢ ᠵᠠᠳᠠᠯᠵᠤ᠂ ᠮᠠᠨ ᠤ | ᠲᠣᠭᠤᠷᠢᠭ ᠤᠨ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ | ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢ ᠨᠡᠩ ᠰᠠᠶᠢᠲᠤᠷ ᠠᠬᠢᠭᠤᠯᠬᠤ ᠤᠯᠠᠨ ᠲᠠᠯ᠎ᠠ ᠶᠢᠨ ᠠᠰᠢᠭᠲᠠᠢ ᠨᠥᠬᠦᠴᠡᠯ ᠢ | ᠪᠦᠷᠢᠯᠳᠦᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠯᠤᠲᠤ ᠶᠡᠭᠡ ᠬᠥᠭᠵᠢᠯᠲᠡ ᠶᠢᠨ | ᠣᠷᠣᠨ ᠵᠠᠢ ᠶᠢ ᠡᠭᠦᠳᠴᠦ᠂ ᠤᠯᠠᠨ ᠳᠠᠪᠬᠤᠷ ᠬᠥᠭᠵᠢᠯᠲᠡ ᠶᠢᠨ ᠠᠵᠠ ᠲᠣᠬᠢᠶᠠᠯ ᠶᠠᠭ ᠢᠯᠡᠷᠡᠵᠦ᠂ ᠰᠠᠶᠢᠨ ᠬᠦᠴᠦᠨ | ᠵᠦᠢᠯ ᠲᠦᠷᠭᠡᠨ ᠲᠥᠪᠯᠡᠷᠡᠵᠦ ᠪᠠᠶᠢᠨ᠎ᠠ ᠭᠡᠵᠦ ᠦᠵᠡᠪᠡ᠃ ᠡᠭᠦᠨ ᠤ ᠬᠠᠮᠲᠤ᠂ ᠪᠠᠶ᠋ᠬᠠᠤᠪᠤᠭ᠎ᠠ ᠠᠭᠤᠷᠬᠠᠶ ᠶᠢᠨ | ᠲᠣᠭᠤᠷᠢᠭ ᠤᠨ ᠬᠥᠭᠵᠢᠯᠲᠡ ᠲᠡᠩᠴᠡᠭᠦᠷᠢ ᠥᠬᠡᠶ ᠭᠦᠶᠴᠡᠳ ᠥᠬᠡᠶ ᠪᠠᠶᠢᠬᠤ ᠠᠰᠠᠭᠤᠳᠠᠯ ᠮᠥᠨ ᠬᠦ ᠨᠡᠯᠢᠶᠡᠳ ᠲᠣᠪᠣᠶᠢᠮ᠎ᠠ | ᠪᠠᠶᠢᠵᠤ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠲᠥᠷᠥᠯᠬᠢ ᠬᠦᠷᠦᠯᠴᠡᠬᠦ ᠥᠬᠡᠶ᠂ ᠠᠵᠤ | ᠦᠶᠯᠡᠰ ᠤᠨ ᠬᠥᠭᠵᠢᠯᠲᠡ ᠶᠢᠨ ᠬᠢᠷᠢ ᠲᠦᠪᠰᠢᠨ ᠥᠨᠳᠥᠷ ᠪᠢᠰᠢ᠂ ᠨᠡᠶᠢᠭᠡᠮ ᠤᠨ ᠦᠶᠯᠡᠰ ᠤᠨ ᠬᠥᠭᠵᠢᠯᠲᠡ ᠬᠠᠷᠢᠴᠠᠩᠭᠤᠶ | ᠬᠤᠴᠣᠷᠴᠤ᠂ ᠨᠡᠶᠢᠭᠡᠮ ᠤᠨ ᠵᠠᠰᠠᠯᠲᠠ ᠳᠤ ᠪᠠᠰᠠ ᠪᠠᠭᠤᠷᠠᠶ ᠲᠠᠯ᠎ᠠ ᠣᠷᠣᠰᠢᠵᠤ᠂ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠳᠤ ᠰᠢᠨ᠎ᠡ ᠰᠢᠯᠭᠠᠯᠲᠠ ᠲᠤᠯᠭᠠᠷᠠᠵᠤ᠂ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ | ᠪᠠᠷ ᠠᠬᠢᠭᠤᠯᠬᠤ ᠳᠤ ᠡᠭᠦᠷᠭᠡ ᠬᠦᠨᠳᠦ ᠵᠠᠮ ᠬᠤᠯᠠ ᠪᠠᠶᠢᠨ᠎ᠠ᠃ ᠲᠣᠭᠤᠷᠢᠭ ᠤᠨ ᠳᠠᠶᠠᠭᠠᠷ ᠢᠶᠠᠨ ᠠᠵᠠ ᠲᠣᠬᠢᠶᠠᠯ ᠤᠨ | ᠤᠬᠠᠮᠰᠠᠷ ᠪᠣᠯᠤᠨ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠠᠵᠤ ᠠᠬᠤᠢ ᠶᠢᠨ ᠠᠵᠢᠯ ᠤᠨ | ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠤᠷᠤᠭᠰᠢᠯᠠᠯᠲᠠ ᠶᠢᠨ ᠵᠠᠮ ᠳᠡᠭᠡᠷᠡᠬᠢ ᠬᠦᠴᠢᠷᠳᠡᠯ ᠪᠣᠯᠤᠨ ᠥᠷᠢᠰᠥᠯᠳᠦᠭᠡᠨ | ᠢ ᠴᠢᠷᠮᠠᠶᠢᠨ ᠢᠯᠠᠨ ᠳᠠᠪᠠᠵᠤ᠂ ᠨᠡᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠪᠦᠭᠦᠳᠡ ᠬᠤᠷᠠᠯ ᠠᠴᠠ 2035 ᠣᠨ ᠤ ᠠᠯᠤᠰ ᠤᠨ ᠬᠠᠷᠠᠯᠲᠠ ᠶᠢ ᠳᠤᠷᠠᠳᠤᠨ ᠭᠠᠷᠭᠠᠪᠠ᠃ ᠡᠨᠡ ᠨᠢ ᠳᠠᠷᠤᠢ᠄ | ᠥᠨᠳᠥᠷ ᠲᠦᠪᠰᠢᠨ ᠪᠦᠬᠦᠢ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ᠂ | ᠪᠤᠭᠤᠲᠤ ᠬᠤᠳᠠ ᠶᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠣᠳᠣᠬᠢᠴᠢᠯᠠᠯᠲᠠ ᠶᠢᠨ ᠬᠤᠰᠢᠭᠤ ᠰᠢᠶᠠᠨ ᠤ ᠪᠦᠳᠦᠬᠡᠨ ᠪᠠᠶᠢᠭᠤᠯᠤᠯᠲᠠ ᠶᠢᠨ ᠬᠡᠪ ᠳᠠᠭᠤᠷᠢᠶᠠᠯ ᠢ ᠴᠢᠷᠮᠠᠶᠢᠨ ᠪᠠᠶᠢᠭᠤᠯᠬᠤ | ᠶᠠᠪᠤᠳᠠᠯ ᠪᠣᠯᠤᠨ᠎ᠠ᠃ ᠪᠥᠬᠦ ᠲᠣᠭᠤᠷᠢᠭ ᠤᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠠ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠣᠷᠣᠯᠭ᠎ᠠ ᠨᠠᠩ ᠥᠨᠳᠥᠷ ᠳᠡᠭᠲᠡᠷ ᠲᠤ ᠭᠠᠷᠴᠤ᠂ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ | ᠨᠡᠶᠢᠴᠡᠭᠰᠡᠨ᠂ ᠪᠠᠶ᠋ᠬᠠᠤᠪᠤᠭ᠎ᠠ ᠠᠭᠤᠷᠬᠠᠶ ᠶᠢᠨ ᠣᠷᠣᠨ ᠤ ᠣᠨᠴᠠᠯᠢᠭ ᠲᠠᠢ ᠣᠲᠣ ᠦᠶ᠎ᠡ ᠶᠢᠨ ᠠᠵᠤ ᠦᠶᠯᠡᠰ ᠤᠨ ᠰᠢᠰᠲ᠋ᠧᠮ | ᠂ ᠣᠷᠣᠨ ᠪᠦᠰᠡ ᠶᠢᠨ ᠰᠢᠨ᠎ᠡ ᠶᠢ ᠡᠭᠦᠳᠬᠦ ᠰᠢᠰᠲ᠋ᠧᠮ᠂ ᠨᠡᠭᠡᠭᠡᠯᠲᠡᠲᠦ ᠬᠥᠭᠵᠢᠯᠲᠡ ᠶᠢᠨ ᠰᠢᠰᠲ᠋ᠧᠮ ᠪᠠ ᠰᠠᠭᠤᠷᠢ | ᠲᠥᠬᠦᠭᠡᠷᠦᠮᠵᠢ ᠶᠢᠨ ᠰᠢᠰᠲ᠋ᠧᠮ ᠢ ᠪᠥᠬᠦ ᠲᠠᠯ᠎ᠠ ᠪᠠᠷ ᠪᠠᠶᠢᠭᠤᠯᠵᠤ᠂ ᠰᠢᠨ᠎ᠡ ᠬᠡᠯᠪᠡᠷᠢ ᠶᠢᠨ ᠠᠵᠤ ᠦᠶᠯᠡᠳᠪᠦᠷᠢᠵᠢᠯᠲᠡ᠂ | ᠮᠡᠳᠡᠭᠡ ᠵᠠᠩᠭᠢᠵᠢᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠪᠤᠭᠤᠲᠤ ᠬᠤᠲᠠ ᠶᠢᠨ ᠰᠢᠨ᠎ᠡ ᠬᠥᠭᠵᠢᠯᠲᠡ ᠶᠢᠨ ᠪᠠᠶᠢᠷᠢᠰᠢᠯ | ᠢ ᠪᠠᠶᠢᠭᠤᠯᠬᠤ ᠳᠤᠮᠳᠠᠬᠢ ᠴᠢᠬᠤᠯᠠ ᠪᠦᠷᠢᠯᠳᠦᠬᠦᠨ ᠬᠡᠰᠡᠭ ᠪᠣᠯᠪᠠ᠃ ᠰᠤᠷᠭᠠᠨ ᠬᠥᠮᠦᠵᠢᠯ᠂ ᠴᠢᠳᠠᠪᠤᠷᠢᠲᠠᠨ᠂ ᠡᠷᠡᠭᠦᠯ | ᠮᠡᠨᠳᠦ ᠵᠡᠷᠭᠡ ᠬᠦᠷᠢᠶ᠎ᠡ ᠴᠠᠷᠠᠭ᠎ᠠ ᠳᠤ ᠬᠤᠲᠠ ᠶᠢᠨ ᠳᠡᠰ ᠲᠠᠢ ᠠᠳᠠᠯᠢᠬᠠᠨ ᠬᠥᠭᠵᠢᠯᠲᠡ ᠶᠢᠨ ᠬᠢᠷᠢ ᠬᠡᠮᠵᠢᠶ᠎ᠡ ᠶᠢ ᠦᠨᠳᠦᠰᠦᠨ | ᠳᠡᠭᠡᠨ ᠪᠡᠶᠡᠯᠡᠭᠦᠯᠵᠦ᠂ ᠬᠤᠲᠠ ᠶᠢᠨ ᠪᠣᠯᠪᠠᠰᠤᠨ ᠤ ᠬᠡᠮᠵᠢᠶ᠎ᠡ ᠪᠠ ᠡᠯ᠎ᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠰᠢᠨ᠎ᠡ ᠥᠨᠳᠥᠷ ᠲᠦᠪᠰᠢᠨ ᠳᠤ ᠬᠦᠷᠭᠡᠵᠦ᠂ ᠰᠣᠶᠣᠯ ᠤᠨ ᠵᠥᠭᠡᠯᠡᠨ ᠪᠣᠳᠠᠲᠤ ᠬᠦᠴᠦᠨ ᠢ ᠢᠯᠡᠳᠲᠡ ᠴᠢᠩᠭᠠᠷᠠᠭᠤᠯᠤᠨ᠎ᠠ᠃ | ᠠᠮᠢ ᠠᠬᠤᠶ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠴᠢᠬᠤᠯᠠ ᠶᠡᠭᠡ ᠦᠷ᠎ᠡ ᠪᠦᠲᠦᠮᠵᠢ ᠣᠯᠵᠤ᠂ ᠪᠣᠬᠢᠷᠲᠤᠯ | ᠥᠬᠡᠶ ᠦᠶᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠥᠷᠭᠡᠨ ᠢᠶᠠᠷ ᠪᠦᠷᠢᠯᠳᠦᠵᠦ᠂ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠣᠷᠭᠢᠯ ᠳᠠᠭᠠᠨ ᠬᠦᠷᠦᠭᠰᠡᠨ ᠤ ᠳᠠᠷᠠᠭ᠎ᠠ ᠲᠣᠭᠲᠠᠭᠤᠨ ᠤ ᠳᠤᠮᠳᠠ ᠪᠠᠭᠤᠷᠠᠵᠤ᠂ ᠠᠮᠢ ᠠᠬᠤᠶ | ᠣᠷᠴᠢᠨ ᠲᠣᠭᠤᠷᠢᠨ ᠨᠠᠩ ᠴᠢᠨᠠᠷ ᠰᠠᠶᠢᠲᠠᠶ ᠪᠣᠯᠵᠣ᠂ ᠦᠵᠡᠰᠬᠦᠯᠡᠩᠲᠦ ᠰᠠᠶᠢᠬᠠᠨ ᠴᠠᠭᠠᠨ ᠡᠭᠦᠯᠡ ᠦᠨᠳᠦᠰᠦᠨ ᠳᠡᠭᠡᠨ | ᠪᠠᠶᠢᠭᠤᠯᠤᠭᠳᠠᠵᠤ᠂ ᠬᠤᠲᠠ ᠨᠠᠩ ᠴᠡᠪᠡᠷ ᠲᠡᠭᠰᠢ ᠲᠠᠭᠠᠯᠠᠮᠵᠢᠲᠠᠶ ᠳᠥᠭᠦᠮ ᠳᠥᠲᠡ ᠪᠣᠯᠪᠠ᠃ ᠬᠠᠤᠯᠢᠵᠢᠯ ᠤᠨ | ᠪᠠᠶ᠋ᠬᠠᠣᠪᠤᠭ᠎ᠠ᠂ ᠠᠮᠤᠷ ᠠᠮᠤᠭᠤᠯᠠᠩ ᠪᠠᠶ᠋ᠬᠠᠣᠪᠤᠭ᠎ᠠ ᠤᠨ ᠪᠠᠶᠢᠭᠤᠯᠤᠯᠲᠠ ᠨᠡᠩ ᠥᠨᠳᠥᠷ ᠲᠦᠪᠰᠢᠨ ᠳᠤ ᠬᠦᠷᠴᠦ᠂ ᠡᠯ᠎ᠡ | ᠲᠠᠯ᠎ᠠ ᠶᠢᠨ ᠪᠠᠶᠢᠭᠤᠯᠤᠮᠵᠢ ᠲᠣᠭᠲᠠᠴᠠ ᠨᠡᠩ ᠲᠡᠭᠦᠯᠳᠡᠷᠵᠢᠵᠦ᠂ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ | ᠶᠢᠨ ᠣᠳᠣᠬᠢᠴᠢᠯᠠᠯᠲᠠ ᠦᠨᠳᠦᠰᠦᠨ ᠳᠡᠭᠡᠨ ᠪᠡᠶᠡᠯᠡᠭᠳᠡᠨ᠎ᠡ᠃ ᠬᠥᠮᠦᠨ ᠤ ᠪᠦᠬᠦ ᠲᠠᠯ᠎ᠠ ᠶᠢᠨ ᠬᠥᠭᠵᠢᠯᠲᠡ᠂ ᠪᠦᠬᠦ ᠠᠷᠠᠳ | ᠲᠦᠮᠡᠨ ᠤ ᠬᠠᠮᠲᠤ ᠪᠠᠷ ᠪᠠᠶᠠᠵᠢᠬᠤ ᠶᠠᠪᠤᠳᠠᠯ ᠨᠡᠩ ᠢᠯᠡᠷᠬᠡᠢ ᠮᠥᠨ ᠴᠢᠨᠠᠷ ᠤᠨ ᠠᠬᠢᠯᠲᠠ ᠲᠠᠢ ᠪᠤᠯᠵᠤ᠂ ᠤᠯᠠᠨ ᠨᠡᠶᠢᠲᠡ | ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠠᠪᠤᠳᠠᠯ ᠢ ᠪᠡᠶᠡᠯᠡᠭᠦᠯᠵᠦ᠂ ᠰᠠᠭᠤᠭᠠᠯᠢ ᠠᠷᠠᠳ ᠤᠨ | ᠠᠮᠢᠳᠤᠷᠠᠯ ᠤᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠦᠨ᠂ ᠴᠢᠨᠠᠷ ᠰᠠᠶᠢᠲᠠᠢ ᠠᠮᠢᠳᠤᠷᠠᠯ ᠢ ᠭᠦᠢᠴᠡᠳ ᠢᠯᠡᠷᠡᠭᠦᠯᠵᠦ᠂ | ᠠᠷᠠᠳ ᠲᠦᠮᠡᠨ ᠤ ᠠᠰᠢᠭ ᠬᠦᠷᠲᠡᠭᠰᠡᠨ ᠲᠦᠷᠦᠭᠳᠡᠯ᠂ ᠵᠣᠯ ᠵᠢᠷᠭᠠᠯ ᠤᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ | ᠢ ᠨᠡᠩ ᠴᠢᠩᠭ᠎ᠠ ᠪᠣᠯᠭᠠᠨ᠎ᠠ᠃ | ᠪᠥᠬᠦᠳᠡ ᠬᠤᠷᠠᠯ ᠠᠴᠠ《 ᠠᠷᠪᠠᠨ ᠳᠥᠷᠪᠡᠳᠦᠭᠡᠷ ᠲᠠᠪᠤᠨ ᠵᠢᠯ 》 ᠤᠨ ᠬᠤᠭᠤᠴᠠᠭᠠᠨ ᠤ ᠪᠥᠬᠦ ᠲᠣᠭᠤᠷᠢᠭ ᠤᠨ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ ᠶᠢ ᠳᠤᠷᠠᠳᠪᠠ᠂ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ ᠪᠥᠬᠦᠳᠡ ᠬᠤᠷᠠᠯ ᠢ ᠭᠦᠨᠵᠡᠭᠡᠶ ᠲᠤᠭᠤᠰᠢᠯᠠᠭᠤᠯᠪᠠ᠂ ᠲᠥᠪ ᠬᠤᠷᠢᠶᠠᠨ ᠤ ᠭᠤᠷᠪᠠᠳᠤᠭᠠᠷ ᠳᠥᠷᠪᠡᠳᠦᠭᠡᠷ | ᠳᠤᠮᠳᠠ ᠬᠤᠷᠠᠯ ᠵᠢᠴᠢ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠨᠠᠮ ᠤᠨ ᠦᠨᠳᠦᠰᠦᠨ ᠣᠨᠣᠯ ᠢ ᠪᠦᠬᠦ | ᠲᠠᠯ᠎ᠠ ᠪᠠᠷ ᠲᠤᠭᠤᠰᠢᠯᠠᠭᠤᠯᠤᠨ᠂ ᠦᠨᠳᠦᠰᠦᠨ ᠱᠤᠭᠤᠮ ᠪᠠ ᠦᠨᠳᠦᠰᠦᠨ ᠠᠷᠭ᠎ᠠ ᠪᠣᠳᠣᠯᠭ᠎ᠠ᠂ ᠶᠡᠷᠦᠩᠬᠡᠶ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠂《ᠲᠠᠪᠤ ᠶᠢ ᠨᠢᠭᠡ ᠴᠤᠭᠴᠠᠵᠢᠭᠤᠯᠬᠤ 》ᠶᠡᠷᠦᠩᠬᠡᠶ ᠪᠠᠶᠢᠷᠢᠯᠠᠭᠤᠯᠤᠯᠲᠠ ᠶᠢ | ᠨᠢᠭᠡᠳᠦᠯᠲᠡᠶ ᠲᠥᠯᠥᠪᠯᠡᠨ ᠠᠬᠢᠭᠤᠯᠤᠨ᠎ᠠ᠂《ᠳᠥᠷᠪᠡᠨ ᠪᠥᠬᠦ ᠲᠠᠯ᠎ᠠ 》 ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠤᠨ᠎ᠠ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠎ᠠ᠂ | ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠬᠤ ᠬᠡᠷᠡᠭᠲᠡᠶ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠪᠠᠷᠢᠮᠲᠠᠯᠠᠨ᠎ᠠ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠨ᠎ᠠ᠂ ᠲᠣᠭᠲᠠᠭᠤᠨ ᠤ ᠳᠤᠮᠳᠠ | ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠬᠤ ᠬᠡᠷᠡᠭᠲᠡᠶ᠂ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠪᠠᠷ ᠭᠤᠤᠯ ᠰᠡᠳᠦᠪ ᠪᠣᠯᠭᠠᠨ᠎ᠠ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ | ᠬᠦᠴᠦᠨ ᠪᠣᠯᠭᠠᠨ᠎ᠠ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠭ᠎ᠠ ᠰᠠᠶᠢᠨ ᠰᠠᠶᠢᠬᠠᠨ ᠠᠮᠢᠳᠤᠷᠠᠯ ᠤᠨ | ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠨ᠎ᠠ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ | ᠲᠥᠯᠥᠪᠯᠡᠨ᠎ᠡ᠂ ᠡᠷᠡᠰ ᠭᠤᠶᠢᠪᠢᠰᠢ ᠦᠭᠡᠢ ᠪᠠᠷ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠵᠢᠴᠢ ᠤᠳᠤ ᠦᠶ᠎ᠡ ᠶᠢᠨ | ᠠᠵᠤ ᠠᠬᠤᠢ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠂ ᠬᠤᠲᠠ ᠶᠢᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ | ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠂ ᠡᠯ᠎ᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠠᠬᠢᠭᠤᠯᠤᠨ᠎ᠠ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠢ ᠪᠣᠬᠢᠷᠲᠤᠯ ᠦᠭᠡᠢ ᠣᠷᠴᠢᠯ ᠬᠥᠭᠵᠢᠯᠲᠡ ᠶᠢᠨ ᠬᠤᠲᠠ | ᠲᠣᠭᠤᠷᠢᠭ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ ᠬᠤᠲᠠ | ᠲᠣᠭᠤᠷᠢᠭ ᠢ ᠠᠭᠤᠰᠤᠯᠴᠠᠭᠤᠯᠤᠨ᠂ ᠬᠠᠷᠢᠶ᠎ᠠ ᠠᠯᠤᠰᠯᠠᠭᠰᠠᠨ ᠬᠢᠯᠢ ᠠᠯᠤᠰᠯᠠᠭᠰᠠᠨ ᠵᠢᠱᠢᠶ᠎ᠡ ᠦᠵᠡᠭᠦᠯᠬᠦ ᠬᠤᠲᠠ ᠲᠣᠭᠤᠷᠢᠭ᠂ | 5G ᠬᠡᠷᠡᠭᠯᠡᠭᠡᠨ ᠤ ᠬᠤᠰᠢᠭᠤᠴᠢ ᠬᠤᠲᠠ ᠲᠣᠭᠤᠷᠢᠭ᠂ ᠵᠣᠯ ᠵᠢᠷᠭᠠᠯᠲᠤ ᠠᠮᠤᠷ ᠠᠮᠤᠭᠤᠯᠠᠩ ᠠᠮᠢᠳᠤᠷᠠᠯ ᠤᠨ ᠬᠤᠲᠠ | ᠲᠣᠭᠤᠷᠢᠭ᠂ ᠬᠥᠭᠵᠢᠯ ᠪᠠᠳᠠᠷᠠᠯ ᠢ ᠪᠦᠬᠦ ᠬᠦᠴᠦᠨ ᠢᠶᠠᠷ ᠴᠣᠭᠴᠠᠯᠠᠶ᠎ᠠ᠂ ᠴᠡᠴᠡᠭᠯᠡᠨ ᠬᠥᠭᠵᠢᠬᠦ᠂ ᠡᠶ᠎ᠡ ᠵᠣᠬᠢᠴᠠᠯ ᠲᠠᠢ | ᠣᠷᠣᠰᠢᠨ ᠰᠠᠭᠤᠬᠤ ᠳᠤ ᠲᠣᠬᠢᠷᠠᠮᠵᠢᠲᠠᠶ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠪᠠᠶ᠋ᠬᠠᠣᠪᠤᠭ᠎ᠠ ᠶᠢ ᠪᠦᠬᠦ ᠬᠦᠴᠦᠨ ᠪᠠᠷ | ᠴᠣᠭᠴᠠᠯᠠᠨ᠎ᠠ᠃ | ᠪᠥᠬᠦᠳᠡ ᠬᠤᠷᠠᠯ ᠠᠴᠠ《 ᠠᠷᠪᠠᠨ ᠳᠥᠷᠪᠡᠳᠦᠭᠡᠷ ᠲᠠᠪᠤᠨ ᠵᠢᠯ 》 ᠤᠨ ᠬᠤᠭᠤᠴᠠᠭᠠᠨ ᠤ ᠪᠥᠬᠦ ᠲᠣᠭᠤᠷᠢᠭ ᠤᠨ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠶᠢ ᠳᠤᠷᠠᠳᠪᠠ᠂ ᠭᠤᠤᠯᠳᠠᠭᠤ᠄ ᠪᠥᠬᠦ ᠣᠷᠣᠨ ᠪᠦᠰᠡ | ᠶᠢᠨ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠢ ᠲᠣᠪᠣᠶᠢᠮ᠎ᠠ ᠪᠥᠲᠥᠭᠡᠨ | ᠪᠠᠶᠢᠭᠤᠯᠤᠨ᠎ᠠ᠂ ᠤᠯᠤᠰ ᠤᠨ ᠲᠠᠰ ᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ | ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠤᠯᠤᠰ ᠤᠨ ᠲᠠᠰ ᠤᠨ ᠪᠣᠬᠢᠷᠲᠤᠯ ᠥᠬᠡᠶ ᠠᠭᠤᠷᠬᠠᠶ ᠶᠢᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ᠂ ᠰᠢᠨ᠎ᠡ ᠡᠨᠧᠷᠭᠢ ᠭᠠᠷᠭᠠᠬᠤ ᠰᠠᠭᠤᠷᠢᠨ ᠭᠠᠵᠠᠷ ᠪᠠ ᠠᠭᠤᠷᠬᠠᠶ ᠶᠢᠨ ᠠᠵᠤ ᠦᠶᠯᠡᠳᠪᠦᠷᠢ ᠶᠢᠨ | ᠵᠢᠭᠤᠯᠴᠢᠯᠠᠯ ᠤᠨ ᠰᠠᠭᠤᠷᠢᠨ ᠭᠠᠵᠠᠷ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠨᠡᠩ ᠶᠡᠭᠡ ᠰᠢᠨ᠎ᠡ ᠠᠬᠢᠯᠲᠠ ᠲᠠᠢ ᠪᠣᠯᠪᠠ᠂ | ᠠᠵᠤ ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ《ᠵᠢᠷᠭᠤᠭᠠᠨ ᠶᠡᠭᠡ ᠬᠤᠪᠢᠷᠠᠯᠲᠠ 》 ᠶᠢ ᠪᠡᠶᠡᠯᠡᠭᠦᠯᠪᠡ᠂ | ᠥᠭᠡᠷᠡᠴᠢᠯᠡᠯᠲᠡ ᠨᠡᠭᠡᠭᠡᠯᠲᠡ ᠰᠢᠨ᠎ᠡ ᠳᠠᠪᠠᠯᠲᠠ ᠶᠢ ᠪᠡᠶᠡᠯᠡᠭᠦᠯᠪᠡ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ | ᠴᠢᠬᠤᠯᠠ ᠶᠡᠭᠡ ᠦᠷ᠎ᠡ ᠪᠦᠲᠦᠮᠵᠢ ᠤᠯᠪᠠ᠂ ᠨᠡᠶᠢᠭᠡᠮ ᠤᠨ ᠪᠣᠯᠪᠠᠰᠤᠨ ᠤ ᠬᠡᠮᠵᠢᠶ᠎ᠡ ᠢᠯᠡᠳᠲᠡ ᠳᠡᠭᠡᠭᠰᠢᠯᠡᠪᠡ᠂ ᠠᠷᠠᠳ ᠤᠨ | ᠠᠮᠢᠳᠤᠷᠠᠯ ᠨᠠᠩ ᠪᠠᠶᠠᠨ ᠴᠢᠨᠡᠭᠡᠯᠢᠭ ᠪᠣᠯᠪᠠ᠂ ᠵᠠᠰᠠᠯᠲᠠ ᠶᠢᠨ ᠦᠷ᠎ᠡ ᠪᠦᠲᠦᠮᠵᠢ ᠲᠠᠰᠤᠷᠠᠯᠲᠠ ᠦᠭᠡᠢ ᠳᠡᠭᠡᠭᠰᠢᠯᠡᠪᠡ᠂ | ᠠᠭᠤᠷᠬᠠᠶ ᠶᠢᠨ ᠡᠬᠢ ᠪᠠᠶᠠᠯᠢᠭ ᠢ ᠬᠠᠮᠠᠭᠠᠯᠠᠵᠤ ᠨᠡᠭᠡᠭᠡᠨ ᠠᠰᠢᠭᠯᠠᠬᠤ ᠲᠠᠯ᠎ᠠ ᠪᠠᠷ ᠪᠦᠬᠦ ᠤᠯᠤᠰ ᠤᠨ ᠡᠮᠦᠨ᠎ᠡ ᠡᠩᠨᠡᠭᠡᠨ ᠳᠤ | ᠣᠷᠣᠨ᠎ᠠ᠂ 5G ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠬᠦᠷᠢᠶ᠎ᠡ ᠨᠢ ᠥᠪᠡᠷᠲᠡᠭᠡᠨ ᠵᠠᠰᠠᠬᠤ ᠣᠷᠣᠨ ᠤ ᠡᠮᠦᠨ᠎ᠡ | ᠡᠩᠨᠡᠭᠡᠨ ᠳᠤ ᠣᠷᠣᠪᠠ᠂ ᠶᠡᠷᠦᠩᠬᠡᠶᠢᠯᠡᠭᠰᠡᠨ ᠪᠣᠳᠠᠲᠤ ᠬᠦᠴᠦᠨ ᠪᠥᠬᠦ ᠬᠤᠲᠠ ᠶᠢᠨ ᠬᠤᠰᠢᠭᠤ ᠰᠢᠶᠠᠨ ᠲᠣᠭᠤᠷᠢᠭ ᠤᠨ | ᠳᠤᠮᠳᠠ ᠪᠠᠶᠢᠷᠢ ᠶᠢᠨ ᠳᠠᠷᠠᠭᠠᠯᠠᠯ ᠢ ᠲᠠᠰᠤᠷᠠᠯᠲᠠ ᠥᠬᠡᠶ ᠤᠷᠤᠭᠰᠢ ᠰᠢᠯᠵᠢᠭᠦᠯᠪᠡ᠂ ᠬᠤᠲᠠ ᠶᠢᠨ ᠲᠣᠭᠤᠷᠢᠭ ᠤᠨ ᠪᠦᠬᠦᠯᠢ | ᠴᠣᠭᠴᠠ ᠶᠢᠨ ᠥᠷᠢᠰᠥᠯᠳᠦᠬᠦ ᠬᠦᠴᠦᠨ᠂ ᠨᠥᠯᠥᠭᠡᠯᠡᠬᠦ ᠬᠦᠴᠦᠨ ᠦᠷᠭᠦᠯᠵᠢᠯᠡᠨ ᠴᠢᠩᠭᠠᠷᠠᠪᠠ᠂ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠪᠠᠶ᠋ᠬᠠᠣᠪᠤᠭ᠎ᠠ ᠶᠢ | ᠴᠣᠭᠴᠠᠯᠠᠬᠤ ᠠᠵᠢᠯ ᠰᠢᠪᠲᠤᠯᠤᠯᠲᠠ ᠶᠢᠨ ᠴᠢᠨᠠᠷᠲᠠᠢ ᠦᠷ᠎ᠡ ᠪᠦᠲᠦᠭᠡᠯ ᠤᠯᠪᠠ᠃ | ᠪᠦᠬᠦᠳᠠ ᠬᠤᠷᠠᠯ ᠠᠴᠠ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ | ᠪᠤᠳᠤᠯᠭ᠎ᠠ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠬᠥᠭᠵᠢᠯᠲᠡ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ | ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠤᠨ ᠪᠠᠶᠢᠯᠳᠤᠬᠤ ᠪᠤᠳᠤᠯᠭ᠎ᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠴᠦ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ ᠲᠡᠭᠦᠯᠳᠡᠷᠵᠢᠭᠦᠯᠦᠨ᠂ ᠰᠢᠨ᠎ᠡ ᠶᠢ ᠡᠭᠦᠳᠬᠦ | ᠨᠡᠭᠡᠭᠡᠯᠳᠡ ᠬᠠᠮᠲᠤᠷᠠᠯᠴᠠᠭ᠎ᠠ ᠶᠢ ᠥᠷᠭᠡᠳᠬᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ《 ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》ᠠᠵᠢᠯᠯᠠᠭ᠎ᠠ ᠶᠢᠨ ᠪᠠᠶᠢᠯᠳᠤᠬᠤ ᠪᠣᠳᠣᠯᠭ᠎ᠠ ᠶᠢᠨ ᠰᠢᠨ᠎ᠡ ᠠᠵᠠ | ᠲᠣᠬᠢᠶᠠᠯ ᠢ ᠴᠢᠩᠭ᠎ᠠ ᠠᠳᠬᠤᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ | ᠤᠨ ᠰᠢᠨ᠎ᠡ ᠶᠢ ᠡᠭᠦᠳᠬᠦ ᠬᠤᠰᠢᠭᠤᠷᠠᠯ ᠢ ᠣᠨᠢᠯᠠᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠶ ᠲᠠᠯ᠎ᠠ ᠪᠠᠨ | ᠬᠦᠴᠦᠷᠬᠡᠭᠵᠢᠭᠦᠯᠵᠦ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ | ᠬᠠᠮᠢᠶ᠎ᠠ ᠪᠥᠬᠦᠶ ᠠᠵᠤ ᠦᠶᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠬᠦᠷᠢᠶᠡᠨ ᠳᠤ | ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠵᠤ᠂ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠬᠡᠷᠡᠭᠯᠡᠭᠡᠨ ᠤ ᠲᠠᠯ᠎ᠠ | ᠪᠠᠷ ᠰᠢᠨ᠎ᠡ ᠰᠢᠪᠲᠤᠯᠤᠯᠲᠠ ᠭᠠᠷᠭᠠᠨ᠎ᠠ ᠭᠡᠵᠦ ᠴᠢᠬᠤᠯᠠᠴᠢᠯᠠᠪᠠ᠃ | ᠪᠥᠬᠦᠳᠡ ᠬᠤᠷᠠᠯ ᠠᠴᠠ᠂ ᠠᠵᠤ ᠦᠶᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠶᠢ ᠲᠦᠷᠭᠡᠳᠬᠡᠵᠦ | ᠂ ᠭᠤᠤᠯᠯᠠᠭᠴᠢ ᠠᠵᠤ ᠦᠶᠯᠡᠰ ᠢᠶᠠᠷ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠪᠠᠷ ᠡᠷᠭᠢᠯᠳᠡᠲᠦ ᠠᠵᠤ ᠠᠬᠤᠶ ᠶᠢ | ᠪᠠᠶᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠭᠰᠠᠨ ᠠᠵᠤ ᠦᠶᠯᠡᠰ ᠪᠣᠯᠤᠨ ᠣᠲᠣ ᠦᠶ᠎ᠡ ᠶᠢᠨ | ᠦᠶᠯᠡᠴᠢᠯᠡᠭᠡᠨ ᠤ ᠦᠶᠯᠡᠰ ᠢ ᠪᠣᠶᠢᠵᠢᠭᠤᠯᠤᠨ ᠬᠥᠭᠵᠢᠭᠦᠯᠵᠦ᠂ ᠲᠣᠭᠠᠴᠢᠯᠠᠭᠰᠠᠨ ᠡᠭᠦᠯᠡᠨ ᠪᠤᠳᠤᠯᠲᠠ ᠶᠢᠨ ᠪᠠᠶᠢᠭᠤᠯᠤᠯᠲᠠ | ᠶᠢ ᠠᠬᠢᠭᠤᠯᠵᠤ᠂ ᠰᠠᠭᠤᠷᠢ ᠲᠥᠬᠦᠭᠡᠷᠦᠮᠵᠢ ᠶᠢᠨ ᠠᠵᠤ ᠦᠶᠯᠡᠰ ᠤᠨ ᠰᠢᠯᠵᠢᠯᠲᠡ ᠶᠢ ᠵᠣᠯᠭᠠᠭᠤᠯᠬᠤ ᠴᠢᠳᠠᠪᠤᠷᠢ ᠶᠢ | ᠴᠢᠩᠭᠠᠳᠬᠠᠵᠤ᠂《 ᠳᠥᠷᠪᠡᠨ ᠰᠠᠭᠤᠷᠢᠨ ᠭᠠᠵᠠᠷ 》 ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠣᠯᠠᠨ | ᠡᠰᠢᠵᠢᠨ ᠬᠥᠭᠵᠢᠭᠰᠡᠨ᠂ ᠣᠯᠠᠨ ᠱᠠᠲᠤ ᠪᠠᠷ ᠲᠤᠯᠭᠠᠭᠤᠷᠢᠯᠠᠭᠰᠠᠨ ᠣᠲᠣ ᠦᠶ᠎ᠡ ᠶᠢᠨ ᠠᠵᠤ ᠦᠶᠯᠡᠰ ᠤᠨ ᠰᠢᠰᠲ᠋ᠧᠮ ᠢ | ᠪᠥᠬᠦ ᠲᠠᠯ᠎ᠠ ᠪᠠᠷ ᠪᠦᠷᠢᠯᠳᠦᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ | ᠪᠣᠳᠣᠯᠭ᠎ᠠ ᠶᠢᠨ ᠰᠠᠭᠤᠷᠢ ᠴᠡᠭ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ | ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠬᠡᠷᠡᠭᠲᠡᠶ᠃ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠬᠦ ᠶᠢ ᠬᠠᠩᠭᠠᠯᠭ᠎ᠠ ᠶᠢᠨ ᠲᠠᠯ᠎ᠠ ᠳᠠᠬᠢ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠯᠦᠭᠡ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠬᠡᠷᠡᠭᠯᠡᠭᠡ ᠶᠢᠨ ᠪᠠᠭᠲᠠᠭᠠᠮᠵᠢ ᠶᠢ ᠥᠷᠭᠡᠳᠬᠡᠨ | ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠂ ᠪᠦᠲᠦᠮᠵᠢᠲᠡᠶ ᠪᠠᠯᠠ ᠣᠷᠣᠭᠤᠯᠤᠯᠲᠠ ᠶᠢ ᠢᠳᠡᠪᠬᠢᠲᠡᠶ ᠪᠠᠷ ᠥᠷᠭᠡᠳᠬᠡᠵᠦ | ᠂ ︽ᠣᠷᠣᠨ ᠠᠯᠤᠰᠯᠠᠭᠰᠠᠨ ᠠᠵᠤ ᠠᠬᠤᠶ︾ ᠶᠢ ᠪᠤᠵᠠᠭᠠᠶᠢᠷᠠᠭᠤᠯᠤᠨ ᠬᠥᠭᠵᠢᠭᠦᠯᠵᠦ᠂ ᠣᠷᠣᠨ ᠪᠦᠰᠡ ᠶᠢᠨ ᠵᠣᠬᠢᠴᠠᠩᠭᠤᠶ | ᠬᠥᠭᠵᠢᠯᠲᠡ ᠳᠤ ᠥᠢᠯᠡᠴᠢᠯᠡᠬᠦ ᠪᠠ ᠠᠭᠤᠰᠤᠯᠴᠠᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠡᠵᠡᠨ ᠮᠡᠳᠡᠬᠦ ᠴᠢᠨᠠᠷ᠂ | ᠦᠷᠭᠦᠯᠵᠢᠯᠡᠬᠦ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠤᠶᠠᠨ ᠬᠠᠲᠠᠨ ᠴᠢᠨᠠᠷ ᠢ ᠴᠢᠩᠭᠠᠷᠠᠭᠤᠯᠵᠤ᠂ ᠮᠠᠨ ᠤ | ᠲᠤᠭᠤᠷᠢᠭ ᠤᠨ ᠠᠵᠤ ᠠᠬᠤᠶ ᠶᠢᠨ ᠦᠷᠭᠦᠯᠵᠢᠯᠡᠨ ᠲᠣᠭᠲᠠᠭᠤᠨ ᠪᠠᠶᠢᠯᠭᠠᠬᠤ ᠪᠥᠭᠡᠳ ᠡᠷᠡᠭᠦᠯ ᠢᠶᠠᠷ ᠬᠥᠭᠵᠢᠬᠦ᠋ᠢ | ᠠᠬᠢᠭᠤᠯᠬᠤ ᠬᠡᠷᠡᠭᠲᠡᠢ ᠭᠡᠪᠡ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠪᠠᠷ ᠰᠠᠭᠤᠷᠢ ᠪᠣᠯᠭᠠᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠮᠢᠵᠢᠷᠠᠯ ᠤᠨ | ᠬᠦᠴᠦᠨ ᠢᠶᠠᠷ ᠪᠢᠯᠬᠠᠮ᠎ᠠ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢᠨ ᠲᠣᠭᠲᠠᠴᠠ ᠶᠢ | ᠲᠦᠷᠭᠡᠳᠬᠡᠨ ᠪᠠᠶᠢᠭᠤᠯᠬᠤ ᠬᠡᠷᠡᠭᠲᠡᠢ᠃ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠠᠵᠤ ᠠᠬᠤᠶ | ᠨᠡᠶᠢᠭᠡᠮ ᠤᠨ ᠬᠥᠭᠵᠢᠯᠲᠡ ᠶᠢ ᠶᠡᠷᠦᠩᠬᠡᠶᠢᠯᠡᠨ ᠵᠢᠯᠣᠭᠤᠳᠣᠭᠤᠯᠵᠤ᠂ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠬᠠᠮᠤᠭ ᠤᠨ ᠶᠡᠭᠡ ᠡᠷᠴᠢᠮ ᠢᠶᠠᠷ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠶᠢ ᠬᠡᠷᠡᠭᠵᠢᠭᠦᠯᠵᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ | ᠬᠦᠴᠦᠨ ᠢ ᠭᠦᠢᠴᠡᠳ ᠬᠥᠭᠵᠢᠭᠡᠵᠦ᠂ ᠵᠠᠬ᠎ᠠ ᠳᠡᠯᠭᠡᠭᠦᠷ ᠪᠦᠲᠦᠮᠵᠢᠲᠡᠶ᠂ ᠵᠠᠰᠠᠭ ᠤᠨ ᠣᠷᠳᠣᠨ ᠪᠦᠲᠦᠮᠵᠢᠲᠡᠶ᠂ ᠠᠵᠤ | ᠠᠬᠤᠶᠢᠯᠠᠯ ᠠᠰᠢᠭᠲᠠᠶ᠂ ᠣᠯᠠᠨ ᠲᠦᠮᠡᠨ ᠠᠰᠢᠭ ᠭᠥᠷᠳᠡᠬᠦ ᠪᠠᠶᠢᠭᠤᠯᠤᠯ ᠲᠣᠭᠲᠠᠴᠠ ᠶᠢᠨ ᠰᠢᠨ᠎ᠡ ᠳᠠᠪᠠᠭᠤᠯᠢᠭ ᠢ ᠡᠭᠦᠳᠬᠦ | ᠬᠡᠷᠡᠭᠲᠡᠢ ᠭᠡᠵᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠪᠠ ᠰᠢᠨ᠎ᠡ ᠬᠡᠯᠪᠡᠷᠢ ᠶᠢᠨ | ᠬᠤᠲᠠ ᠪᠠᠯᠭᠠᠰᠤᠵᠢᠯᠲᠠ ᠶᠢ ᠠᠬᠢᠭᠤᠯᠬᠤ ᠬᠡᠷᠡᠭᠲᠡᠢ᠃ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ | ᠬᠥᠭᠵᠢᠭᠦᠯᠬᠦ ᠪᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ | ᠨᠡᠭᠡᠭᠡᠨ ᠬᠠᠮᠠᠭᠠᠯᠠᠬᠤ ᠰᠢᠨ᠎ᠡ ᠪᠠᠶᠢᠷᠢᠰᠢᠯ ᠢ ᠪᠠᠶᠢᠭᠤᠯᠵᠤ᠂ ᠬᠥᠮᠦᠨ ᠢᠶᠠᠷ ᠭᠤᠤᠯ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ | ᠪᠠᠯᠭᠠᠰᠤᠵᠢᠯᠲᠠ ᠶᠢ ᠠᠬᠢᠭᠤᠯᠵᠤ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢ | ᠪᠦᠷᠢᠨᠰᠢᠭᠦᠯᠵᠦ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ | ᠭᠡᠪᠡ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠪᠠᠷ | ᠰᠣᠶᠣᠯ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠬᠤᠲᠠ ᠶᠢᠨ ᠰᠣᠶᠣᠯ ᠤᠨ ᠵᠥᠭᠡᠯᠡᠨ ᠪᠣᠳᠠᠲᠤ | ᠬᠦᠴᠦᠨ ᠢ ᠲᠠᠰᠤᠷᠠᠯᠲᠠ ᠦᠭᠡᠶ ᠳᠡᠭᠡᠭᠰᠢᠯᠡᠭᠦᠯᠬᠦ ᠬᠡᠷᠡᠭᠲᠡᠶ᠃ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ | ᠮᠠᠷᠺᠰ ᠤᠨ ᠦᠵᠡᠯ ᠤᠨ ᠵᠢᠯᠣᠭᠤᠳᠬᠤ ᠪᠠᠶᠢᠷᠢ ᠰᠠᠭᠤᠷᠢ ᠶᠢ ᠪᠠᠷᠢᠮᠲᠠᠯᠠᠵᠤ᠂ ᠰᠣᠶᠣᠯ ᠤᠨ ᠢᠲᠡᠭᠡᠯ ᠢᠶᠠᠨ ᠪᠠᠲᠤᠳᠬᠠᠨ᠂ | ᠤᠯᠠᠮᠵᠢᠯᠠᠯᠲᠤ ᠰᠢᠯᠢᠳᠡᠭ ᠰᠣᠶᠣᠯ ᠢ ᠠᠭᠤᠳᠠᠯᠤᠨ ᠳᠡᠯᠭᠡᠷᠡᠭᠦᠯᠬᠦ ᠶᠢ ᠴᠢᠩᠭᠠᠳᠬᠠᠵᠤ᠂ ᠨᠡᠶᠢᠭᠡᠮ ᠤᠨ ᠪᠣᠯᠪᠠᠰᠤᠨ ᠤ | ᠬᠡᠮᠵᠢᠶ᠎ᠡ ᠶᠢ ᠳᠡᠭᠡᠭᠰᠢᠯᠡᠭᠦᠯᠦᠨ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ | ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠠᠷᠠᠳ ᠲᠦᠮᠡᠨ ᠤ ᠰᠣᠶᠣᠯ ᠤᠨ | ᠬᠡᠷᠡᠭᠴᠡᠭᠡ ᠶᠢ ᠬᠠᠩᠭᠠᠬᠤ ᠪᠠ ᠠᠷᠠᠳ ᠲᠦᠮᠡᠨ ᠤ ᠤᠶᠤᠨ ᠰᠠᠨᠠᠭᠠᠨ ᠤ ᠬᠦᠴᠦᠨ ᠢ ᠨᠡᠮᠡᠭᠳᠡᠭᠦᠯᠬᠦ ᠶᠢ ᠨᠢᠭᠡᠳᠬᠡᠬᠦ ᠶᠢ | ᠠᠬᠢᠭᠤᠯᠬᠤ ᠬᠡᠷᠡᠭᠲᠡᠢ ᠴᠢᠬᠤᠯᠠᠴᠢᠯᠠᠪᠠ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠠᠮᠢ ᠠᠬᠤᠢ ᠶᠢ ᠤᠷᠢᠳ ᠢᠶᠠᠷ ᠪᠤᠳᠤᠯᠬᠢᠯᠡᠨ᠂ ᠪᠣᠬᠢᠷᠲᠤᠯ ᠦᠭᠡᠢ | ᠬᠥᠭᠵᠢᠭᠦᠯᠬᠦ ᠶᠢ ᠪᠠᠷᠢᠮᠲᠠᠯᠠᠵᠤ᠂ ᠡᠭᠡ ᠤᠯᠤᠰ ᠤᠨ ᠤᠮᠠᠷᠠᠲᠤ ᠶᠢᠨ ᠪᠣᠬᠢᠷᠲᠤᠯ ᠦᠭᠡᠢ ᠠᠮᠢ ᠠᠬᠤᠢ ᠶᠢᠨ ᠠᠮᠤᠷ | ᠲᠦᠪᠰᠢᠨ ᠤ ᠤᠷᠳᠤ ᠴᠠᠭᠠᠨ ᠬᠡᠷᠡᠮ ᠢ ᠴᠣᠭᠴᠠᠯᠠᠬᠤ ᠬᠡᠷᠡᠭᠲᠡᠢ᠃ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ | ᠬᠢᠭᠡᠳ ᠪᠥᠲᠥᠭᠡᠨ ᠪᠠᠶᠢᠭᠤᠯᠤᠯᠲᠠ ᠶᠢᠨ ᠶᠠᠭᠠᠷᠠᠯᠲᠡᠢ ᠴᠢᠨᠠᠷ ᠢ ᠲᠣᠳᠣᠷᠬᠠᠶ ᠲᠠᠨᠢᠵᠤ᠂ ᠠᠮᠢ ᠠᠬᠤᠶ ᠶᠢᠨ ᠰᠢᠰᠲ᠋ᠧᠮ ᠢ | ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠂ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠵᠤ᠂ ᠪᠣᠬᠢᠷᠲᠤᠯ | ᠥᠬᠡᠶ ᠡᠷᠬᠢᠯᠳᠡᠳᠤ ᠳᠣᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠤᠨ᠂ ᠪᠣᠬᠢᠷᠲᠤᠯ ᠥᠬᠡᠶ ᠥᠢᠯᠡᠳᠪᠤᠷᠢᠯᠡᠯ | ᠠᠮᠢᠳᠤᠷᠠᠯ ᠤᠨ ᠠᠷᠭ᠎ᠠ ᠮᠠᠶ᠋ᠢᠭ ᠢ ᠶᠡᠬᠡᠪᠡᠷ ᠰᠠᠨᠠᠭᠠᠴᠢᠯᠠᠵᠤ᠂ ᠬᠥᠬᠡᠮᠳᠦᠭ ᠨᠣᠭᠤᠭᠠᠨ ᠠᠭᠤᠯᠠ ᠤᠰᠤ ᠲᠠᠢ᠂ ᠴᠡᠪᠡᠷ | ᠲᠤᠩᠭᠠᠯᠠᠭ ᠠᠭᠠᠷ ᠲᠠᠢ ᠦᠵᠡᠰᠬᠦᠯᠡᠩᠲᠦ ᠰᠠᠶᠢᠬᠠᠨ ᠪᠠᠶᠠᠬᠤᠪᠤᠭ᠎ᠠ ᠶᠢ ᠪᠥᠲᠥᠭᠡᠨ ᠪᠠᠶᠢᠭᠤᠯᠬᠤ ᠬᠡᠷᠡᠭᠲᠡᠶ ᠭᠡᠵᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠪᠠᠲᠤ ᠪᠤᠢ ᠪᠣᠯᠭᠠᠵᠤ᠂ ᠠᠷᠠᠳ ᠤᠯᠠᠨ ᠤ ᠠᠮᠢᠳᠤᠷᠠᠯ ᠤᠨ ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠬᠦ | ᠬᠡᠷᠡᠭᠲᠡᠢ᠃ ᠬᠥᠭᠵᠢᠭᠦᠯᠬᠦ ᠨᠢ ᠠᠷᠠᠳ ᠲᠦᠮᠡᠨ ᠤ ᠲᠥᠯᠥᠭᠡ ᠶᠤᠮ᠂ ᠬᠥᠭᠵᠢᠭᠦᠯᠬᠦ ᠳᠤ ᠠᠷᠠᠳ ᠲᠦᠮᠡᠨ ᠢ ᠲᠦᠰᠢᠭᠯᠡᠨ᠎ᠡ᠂ | ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠲᠠᠢ ᠬᠠᠮᠲᠤ ᠪᠠᠷ ᠬᠤᠪᠢᠶᠠᠯᠴᠠᠨ᠎ᠠ᠃ ᠠᠷᠠᠳ ᠲᠦᠮᠡᠨ ᠤ ᠠᠰᠢᠭ | ᠲᠤᠰᠠ ᠶᠢ ᠡᠷᠬᠡᠪᠰᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠨ᠂ ᠠᠷᠠᠳ ᠲᠦᠮᠡᠨ ᠢᠶᠠᠷ ᠭᠤᠣᠯ ᠪᠣᠯᠭᠠᠬᠤ ᠶᠢ | ᠦᠷᠳᠡᠭ ᠤᠨ ᠬᠥᠭᠡᠭᠡᠴᠡᠯᠳᠦᠯ ᠢᠶᠠᠨ ᠪᠣᠯᠭᠠᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠴᠢᠨᠠᠷ ᠰᠠᠶᠢᠨ ᠲᠡᠩᠴᠡᠭᠦᠷᠢᠲᠡᠢ | ᠬᠥᠭᠵᠢᠯᠲᠡ ᠶᠢ ᠠᠬᠢᠭᠤᠯᠵᠤ᠂ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠵᠤ᠂ | ᠡᠷᠡᠭᠦᠯ ᠴᠢᠬᠢᠷᠠᠭ ᠪᠠᠶᠠᠬᠤᠪᠤᠭ᠎ᠠ ᠲᠤᠭᠤᠷᠢᠭ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠂ ᠬᠥᠮᠦᠨ ᠠᠮᠠ ᠶᠢᠨ | ᠨᠠᠰᠤᠵᠢᠯ ᠢ ᠢᠳᠡᠪᠬᠢᠲᠡᠢ ᠠᠷᠭᠠᠴᠠᠭᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ | ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠴᠢᠬᠤᠯᠠᠴᠢᠯᠠᠵᠠᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠭᠦᠯᠵᠦ᠂ ᠡᠭᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠴᠣᠭᠴᠠᠯᠠᠬᠤ | ᠬᠡᠷᠡᠭᠲᠡᠢ᠃ ᠠᠮᠤᠷ ᠲᠦᠪᠰᠢᠨ ᠬᠥᠭᠵᠢᠯᠲᠡ ᠶᠢ ᠢᠮᠠᠭᠲᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠠ | ᠬᠡᠪᠴᠢᠶ᠎ᠠ ᠪᠦᠬᠦ ᠶᠠᠪᠤᠴᠠ ᠳᠤ ᠲᠤᠭᠤᠰᠢᠯᠠᠭᠤᠯᠵᠤ᠂ ᠤᠯᠤᠰ ᠲᠦᠷᠦ ᠶᠢᠨ ᠠᠮᠤᠷ ᠲᠦᠪᠰᠢᠨ ᠢ ᠡᠷᠡᠰ ᠬᠠᠮᠠᠭᠠᠯᠠᠨ᠂ | ᠦᠨᠳᠦᠰᠦᠲᠡᠨ ᠤ ᠪᠦᠯᠬᠦᠮᠳᠡᠯ ᠢ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠲᠦᠷᠦᠯ ᠤᠨ ᠬᠦᠨᠳᠦ ᠶᠡᠭᠡ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ | ᠪᠠᠲᠤᠯᠠᠨ᠂ ᠨᠡᠶᠢᠭᠡᠮ ᠤᠨ ᠲᠣᠭᠲᠠᠭᠤᠨ ᠪᠠᠶᠢᠳᠠᠯ ᠪᠠ ᠠᠮᠤᠷ ᠲᠦᠪᠰᠢᠨ ᠢ ᠬᠠᠮᠠᠭᠠᠯᠠᠵᠤ᠂ ᠨᠡᠶᠢᠭᠡᠮ ᠤᠨ ᠵᠠᠰᠠᠯᠲᠠ ᠶᠢ | ᠴᠢᠩᠭᠠᠳᠬᠠᠨ ᠰᠢᠨᠡᠴᠢᠯᠡᠵᠦ᠂ ᠠᠷᠠᠳ ᠲᠦᠮᠡᠨ ᠤ ᠠᠮᠤᠷ ᠲᠡᠶᠢᠪᠤᠩ ᠠᠵᠤ ᠲᠦᠷᠦᠭᠦ᠂ ᠨᠡᠶᠢᠭᠡᠮ ᠤᠨ ᠠᠮᠤᠷ ᠲᠣᠭᠲᠠᠭᠤᠨ | ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ | ᠪᠣᠯᠤᠨ 2035 ᠣᠨ ᠤ ᠠᠯᠤᠰ ᠤᠨ ᠬᠠᠷᠠᠯᠲᠠ ᠶᠢ ᠪᠡᠶᠡᠯᠡᠭᠦᠯᠬᠦ ᠳᠤ ᠡᠷᠬᠡᠪᠰᠢ ᠨᠠᠮ ᠤᠨ ᠪᠥᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠶ ᠪᠣᠯᠭᠠᠬᠤ ᠪᠠ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠷᠠᠭ᠎ᠠ ᠪᠠᠨ ᠥᠷᠭᠡᠳᠬᠡᠨ᠂ ᠠᠬᠤᠶ ᠪᠠᠶᠢᠳᠠᠯ ᠢᠶᠠᠨ ᠳᠡᠭᠡᠭᠰᠢᠯᠡᠭᠦᠯᠵᠦ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ ᠴᠠᠭ ᠪᠢᠳᠡᠨ ᠢ ᠬᠦᠯᠢᠶᠡᠬᠦ ᠥᠬᠡᠶ᠂ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠲᠤᠭᠤᠷᠢᠭ ᠤᠨ ᠨᠠᠮ ᠤᠨ ᠬᠤᠷᠢᠶᠠᠨ ᠤ ᠪᠥᠬᠦ ᠲᠠᠯ᠎ᠠ ᠶᠢ | ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢᠨ ᠤᠳᠤᠷᠢᠳᠤᠨ ᠵᠣᠬᠢᠴᠠᠭᠤᠯᠬᠤ ᠭᠤᠤᠯᠯᠠᠭᠴᠢ ᠶᠢᠨ ᠥᠢᠯᠡᠳᠤᠯ ᠢ ᠭᠦᠢᠴᠡᠳ | ᠪᠠᠳᠠᠷᠠᠭᠤᠯᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠣᠯᠠᠨ ᠤ ᠤᠬᠠᠭᠠᠨ ᠬᠠᠮᠲᠤ ᠶᠢᠨ ᠬᠦᠴᠦᠨ᠂ ᠴᠢᠨᠠᠷ | ᠰᠠᠶᠢᠲᠠᠶ ᠬᠥᠭᠵᠢᠯᠲᠡ ᠶᠢᠨ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠶ ᠭᠡᠵᠦ ᠵᠢᠭᠠᠵᠤ | ᠭᠠᠷᠭᠠᠪᠠ᠃ ᠨᠠᠮ ᠠᠴᠠ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠨᠡᠶᠢᠭᠡᠮ | ᠵᠢᠷᠤᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠠᠬᠢᠭᠤᠯᠵᠤ᠂ ᠪᠦᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ | ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠶᠢ ᠪᠠᠳᠠᠷᠠᠭᠤᠯᠤᠨ᠂ | ᠲᠥᠯᠥᠪᠵᠢᠭᠦᠯᠭᠡ ᠲᠣᠭᠲᠠᠭᠠᠵᠤ ᠨᠠᠶᠢᠳᠠᠪᠤᠷᠢᠵᠢᠭᠤᠯᠬᠤ ᠲᠣᠭᠲᠠᠴᠠ ᠶᠢ ᠪᠦᠷᠢᠨᠰᠢᠬᠦᠯᠵᠥ᠂ ᠡᠯ᠎ᠡ ᠵᠦᠢᠯ ᠤᠨ ᠬᠠᠷᠠᠯᠲᠠ | ᠡᠭᠦᠷᠭᠡ ᠶᠢᠨ ᠤᠷᠤᠭᠰᠢᠲᠠᠢ ᠪᠡᠶᠡᠯᠡᠭᠳᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠪᠣᠯ ᠮᠠᠨ ᠤ ᠤᠯᠤᠰ ᠤᠨ ᠤᠳᠤᠬᠢᠴᠢᠯᠠᠯᠳᠠ ᠶᠢᠨ | ᠪᠦᠲᠦᠭᠡᠨ ᠪᠠᠶᠢᠭᠤᠯᠤᠯᠲᠠ ᠶᠢᠨ ᠠᠬᠢᠴᠠ ᠳᠤᠮᠳᠠᠬᠢ ᠣᠨᠴᠠᠭᠠᠢ ᠴᠢᠬᠤᠯᠠ ᠴᠢᠨᠠᠷᠲᠡᠢ ᠨᠢᠭᠡ ᠵᠢᠯ᠂ ᠨᠠᠮ ᠪᠠᠶᠢᠭᠤᠯᠤᠭᠳᠠᠭᠰᠠᠨ | 100 ᠵᠢᠯ ᠤᠨ ᠤᠢ ᠮᠥᠨ᠂ ᠮᠠᠨ ᠤ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠲᠦᠭᠡᠨ | ᠪᠠᠶᠢᠭᠤᠯᠬᠤ ᠰᠢᠨ᠎ᠡ ᠠᠶᠠᠯᠠᠯ ᠢ ᠪᠦᠬᠦ ᠲᠠᠯ᠎ᠠ ᠪᠠᠷ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ | ᠲᠡᠶᠢᠰᠢ ᠤᠷᠤᠭᠰᠢᠯᠠᠭᠰᠠᠨ ᠡᠬᠢᠯᠡᠯᠲᠡ ᠶᠢᠨ ᠵᠢᠯ ᠮᠥᠨ᠂ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠲᠦᠢᠯ ᠤᠨ | ᠴᠢᠬᠤᠯᠠ ᠠᠴᠢ ᠬᠤᠯᠪᠣᠭᠳᠠᠯ ᠲᠠᠢ ᠶᠤᠮ᠃ ᠪᠥᠬᠦ ᠲᠤᠭᠤᠷᠢᠭ ᠤᠨ ᠳᠠᠶᠠᠭᠠᠷ ᠳᠡᠭᠡᠳᠦ ᠱᠠᠲᠤᠨ ᠤ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠪᠣᠯᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ | ᠬᠤᠷᠠᠯ ᠵᠢᠴᠢ ᠪᠥᠬᠦ ᠲᠤᠭᠤᠷᠢᠭ ᠤᠨ ᠠᠵᠤ ᠠᠬᠤᠶ ᠶᠢᠨ ᠠᠵᠢᠯ ᠤᠨ ᠬᠤᠷᠠᠯ᠂ ᠬᠤᠲᠠ ᠶᠢᠨ ᠨᠠᠮ ᠤᠨ ᠬᠤᠷᠢᠶᠠᠨ ᠤ ᠠᠷᠪᠠᠨ | ᠬᠤᠶᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠭᠵᠢᠯᠲᠡ ᠶᠢᠨ | ᠰᠤᠳᠠᠰᠤ ᠶᠢ ᠣᠨᠣᠪᠴᠢᠲᠠᠶ ᠡᠵᠡᠮᠳᠡᠵᠦ᠂ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠡᠵᠡᠮᠳᠡᠨ᠂ ᠬᠠᠷᠠᠯᠲᠠ ᠪᠠᠶᠢᠷᠢ | ᠲᠣᠭᠲᠠᠭᠠᠯᠲᠠ ᠪᠠᠨ ᠲᠣᠭᠲᠠᠭᠠᠵᠤ᠂ ᠭᠠᠵᠠᠷ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠨᠠᠶᠢᠳᠠᠪᠤᠷᠢᠵᠢᠭᠤᠯᠤᠯᠲᠠ ᠶᠢ | ᠦᠨᠡᠨ ᠬᠦ ᠠᠳᠬᠤᠵᠤ ᠪᠣᠳᠠᠲᠠᠶ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠢᠯᠡᠴᠢᠯᠡᠭᠡ ᠪᠠᠨ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠭᠤᠯᠬᠤ ᠲᠠᠯ᠎ᠠ ᠪᠠᠷ ᠠᠩᠬᠠᠨ ᠤ ᠠᠯᠬᠤᠮ ᠢᠶᠠᠨ ᠰᠠᠶᠢᠲᠤᠷ ᠠᠯᠬᠤᠬᠤ ᠪᠠᠷ | ᠴᠢᠷᠮᠠᠶᠢᠬᠤ ᠬᠡᠷᠡᠭᠲᠡᠶ ᠭᠡᠪᠡ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠤᠨ ᠪᠦᠬᠦ ᠲᠤᠭᠤᠷᠢᠭ ᠤᠨ ᠠᠵᠤ ᠠᠬᠤᠶ ᠶᠢᠨ | ᠠᠵᠢᠯ ᠤᠨ ᠶᠡᠷᠦᠩᠬᠡᠶ ᠱᠠᠭᠠᠷᠳᠠᠯᠭ᠎ᠠ ᠶᠢ ᠲᠤᠷᠠᠳᠴᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ | ᠪᠥᠬᠦᠳᠡ ᠬᠤᠷᠠᠯ᠂ ᠭᠤᠷᠪᠠᠳᠤᠭᠠᠷ᠂ ᠲᠦᠷᠪᠡᠳᠤᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠢ ᠪᠥᠬᠦ | ᠲᠠᠯ᠎ᠠ ᠪᠠᠷ ᠲᠤᠭᠤᠰᠢᠯᠠᠭᠤᠯᠪᠠ᠂ ᠶᠡᠷᠦᠩᠬᠡᠶ ᠱᠦᠵᠢ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ | ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠬᠤ ᠬᠡᠷᠡᠭᠲᠡᠶ᠂ ᠰᠢᠨ᠎ᠡ ᠬᠥᠭᠵᠢᠯᠲᠡ ᠶᠢᠨ | ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠦᠭᠵᠢᠯᠳᠡ ᠶᠢᠨ | ᠪᠠᠶᠢᠷᠢᠰᠢᠯ ᠢ ᠴᠤᠭᠴᠠᠯᠠᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠤᠯᠭᠠᠵᠤ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠤᠯ ᠱᠤᠭᠤᠮ | ᠪᠤᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠤᠯᠭᠠᠵᠤ᠂ ᠠᠷᠠᠳ | ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠱᠠᠭᠠᠷᠳᠠᠯᠭ᠎ᠠ ᠶᠢ | ᠬᠠᠩᠭᠠᠬᠤ ᠪᠠᠷ ᠦᠨᠳᠦᠰᠦᠨ ᠬᠠᠷᠠᠯᠳᠠ ᠪᠤᠯᠭᠠᠬᠤ ᠬᠡᠷᠡᠭᠲᠡᠢ᠂ ᠰᠢᠰᠲ᠋ᠧᠮ ᠤᠨ ᠦᠵᠡᠯᠲᠡ ᠪᠠᠨ ᠪᠠᠷᠢᠮᠳᠡᠯᠡᠨ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠬᠡᠷᠡᠭᠲᠡᠢ᠂ ᠬᠥᠭᠵᠢᠯᠲᠡ ᠪᠣᠯᠤᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠦᠯᠤᠪᠵᠢᠭᠦᠯᠵᠤ᠂ | ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠨ᠎ᠠ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠢ ᠴᠢᠩᠭᠠᠷᠠᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ | ᠨᠡᠭᠡᠭᠡᠯᠲᠡ ᠶᠢ ᠥᠷᠭᠡᠳᠬᠡᠨ᠎ᠡ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠳᠤᠲᠡᠢ ᠰᠠᠶᠢᠲᠤᠷ | ᠬᠢᠵᠤ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠢ ᠶᠢᠨ | ᠡᠷᠭᠢᠯᠲᠡ ᠶᠢ ᠪᠦᠬᠦ ᠬᠦᠴᠦᠨ ᠢᠶᠠᠷ ᠰᠠᠶᠢᠲᠤᠷ ᠠᠳᠬᠤᠨ᠎ᠠ᠂ ᠬᠠᠮᠤᠭ ᠤᠨ ᠰᠠᠶᠢᠨ ᠬᠥᠭᠵᠢᠯᠲᠡ ᠶᠢᠨ ᠦᠷ᠎ᠡ ᠪᠦᠲᠦᠭᠡᠯ ᠢ | ᠣᠯᠬᠤ ᠪᠠᠷ ᠴᠢᠷᠮᠠᠶᠢᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠲᠡ ᠶᠢ ᠪᠠᠳᠤᠯᠠᠵᠤ ᠂ ᠰᠢᠯᠢᠳᠡᠭ | ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠶ᠎ᠠ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠠᠵᠤ ᠠᠬᠤᠶᠢᠯᠠᠯ ᠢ ᠲᠣᠭᠲᠠᠪᠤᠷᠢᠵᠢᠭᠤᠯᠵᠤ ᠠᠵᠤ ᠠᠬᠤᠶᠢᠯᠠᠯ ᠢ | ᠬᠦᠴᠦᠷᠬᠡᠭᠵᠢᠭᠦᠯᠬᠦ ᠶᠢ ᠴᠥᠬᠦᠷᠡᠰᠢ ᠥᠬᠡᠶ ᠪᠠᠷᠢᠮᠳᠡᠯᠡᠨ᠂ ᠠᠵᠤ ᠠᠬᠤᠶ ᠶᠢᠨ ᠦᠷᠭᠦᠯᠵᠢᠯᠡᠨ ᠰᠡᠷᠭᠦᠬᠦ ᠶᠢ ᠠᠬᠢᠭᠤᠯᠵᠤ᠂ ︽ | ᠭᠤᠷᠪᠠᠨ ᠮᠣᠷᠢᠨ ᠲᠡᠷᠭᠡ︾ ᠶᠢᠨ ᠥᠢᠯᠡᠳᠤᠯ ᠢ ᠪᠠᠳᠠᠷᠠᠭᠤᠯᠵᠤ᠂ ᠬᠤᠤᠰ ᠡᠷᠭᠢᠯᠲᠡ ᠶᠢᠨ ᠪᠠᠶᠢᠷᠢᠰᠢᠯ ᠳᠤ ᠢᠳᠡᠪᠬᠢᠲᠡᠶ | ᠠᠭᠤᠰᠤᠯᠴᠠᠵᠤ᠂ ᠠᠵᠤ ᠠᠬᠤᠶ ᠶᠢᠨ ᠡᠷᠭᠢᠯᠲᠡ ᠶᠢᠨ ᠰᠠᠶᠢᠵᠢᠷᠠᠬᠤ ᠬᠠᠨᠳᠤᠰᠢ ᠶᠢ ᠲᠠᠰᠤᠷᠠᠯᠲᠠ ᠥᠬᠡᠶ ᠥᠷᠭᠡᠳᠬᠡᠵᠦ᠂ | ᠪᠥᠬᠦ ᠵᠢᠯ ᠤᠨ ᠲᠣᠭᠲᠠᠭᠤᠨ ᠡᠷᠭᠢᠯᠲᠡ ᠶᠢ ᠪᠠᠲᠤᠯᠠᠬᠤ ᠬᠡᠷᠡᠭᠲᠡᠶ᠃ ᠠᠵᠤ ᠦᠢᠯᠡᠰ ᠤᠨ ᠪᠦᠲᠦᠴᠡ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠣᠷᠣᠨ ᠠᠯᠤᠰᠯᠠᠭᠰᠠᠨ | ᠠᠵᠤ ᠠᠬᠤᠢ ᠶᠢ ᠪᠤᠵᠠᠭᠠᠶᠢᠷᠠᠭᠤᠯᠤᠨ ᠬᠥᠭᠵᠢᠭᠦᠯᠵᠦ᠂ ᠠᠵᠤ ᠦᠢᠯᠡᠰ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ | ᠬᠡᠷᠡᠭᠲᠡᠢ᠃ ᠥᠭᠡᠷᠡᠴᠢᠯᠡᠯᠲᠡ ᠨᠡᠭᠡᠭᠡᠯᠳᠠ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠶᠢᠨ ᠲᠤᠳᠠᠭᠳᠠᠯ ᠳᠤ ᠰᠢᠪᠲᠤᠯᠤᠯᠲᠠ ᠭᠠᠷᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠪᠠᠷ ᠰᠠᠭᠤᠷᠢ ᠪᠣᠯᠭᠠᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠭᠠᠳᠠᠭᠠᠳᠤ | ᠨᠡᠭᠡᠭᠡᠯᠳᠠ ᠶᠢᠨ ᠠᠵᠠ ᠲᠣᠬᠢᠶᠠᠯ ᠢ ᠠᠮᠵᠢᠨ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠭᠦᠷ ᠢ ᠴᠣᠭᠴᠠᠯᠠᠬᠤ | ᠬᠡᠷᠡᠭᠲᠡᠢ᠃ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠵᠤ᠂ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠠᠮᠢ ᠠᠬᠤᠶ | ᠣᠷᠴᠢᠨ ᠲᠣᠭᠤᠷᠢᠨ ᠤ ᠬᠠᠮᠠᠭᠠᠯᠠᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠪᠣᠬᠢᠷᠲᠤᠯ ᠥᠬᠡᠶ ᠡᠷᠬᠢᠯᠳᠡᠳᠤ | ᠬᠥᠭᠵᠢᠯᠲᠡ ᠶᠢᠨ ᠬᠤᠲᠠ ᠲᠣᠭᠤᠷᠢᠭ ᠢ ᠲᠦᠷᠭᠡᠳᠬᠡᠨ ᠪᠥᠲᠥᠭᠡᠨ ᠪᠠᠶᠢᠭᠤᠯᠵᠤ᠂ ᠪᠣᠬᠢᠷᠲᠤᠯ ᠥᠬᠡᠶ ᠠᠮᠢᠳᠤᠷᠠᠯ ᠤᠨ ᠠᠷᠭ᠎ᠠ | ᠬᠡᠯᠪᠡᠷᠢ ᠶᠢ ᠶᠡᠭᠡ ᠪᠠᠷ ᠠᠬᠢᠭᠤᠯᠵᠤ᠂ ᠦᠵᠡᠰᠬᠦᠯᠡᠩᠲᠦ ᠰᠠᠶᠢᠬᠠᠨ ᠪᠠᠶᠠᠬᠤᠪᠤᠭ᠎ᠠ ᠶᠢ ᠲᠦᠷᠭᠡᠳᠬᠡᠨ ᠪᠥᠲᠥᠭᠡᠨ ᠪᠠᠶᠢᠭᠤᠯᠬᠤ | ᠬᠡᠷᠡᠭᠲᠡᠶ ᠭᠡᠵᠦ ᠴᠢᠬᠤᠯᠠᠴᠢᠯᠠᠪᠠ᠃ ᠬᠥᠮᠦᠨ ᠢᠶᠠᠷ ᠭᠤᠣᠯ ᠪᠣᠯᠭᠠᠬᠤ ᠶᠢ ᠪᠠᠷᠢᠮᠳᠡᠯᠡᠨ᠂ ᠬᠤᠳᠠ ᠶᠢᠨ ᠬᠥᠭᠵᠢᠯᠲᠡ ᠶᠢᠨ | ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠠᠮᠤᠭ ᠤᠨ ᠰᠠᠶᠢᠨ ᠣᠷᠣᠰᠢᠨ ᠰᠠᠭᠤᠷᠢᠰᠢᠬᠤ | ᠣᠷᠴᠢᠨ ᠲᠣᠭᠤᠷᠢᠨ ᠢ ᠬᠦᠴᠦᠯᠡᠨ ᠪᠠᠶᠢᠭᠤᠯᠵᠤ᠂ ᠣᠷᠣᠨ ᠪᠦᠰᠡ ᠶᠢᠨ ᠬᠥᠭᠵᠢᠯᠲᠡ ᠳᠤ ᠢᠳᠡᠪᠬᠢᠲᠡᠢ ᠦᠢᠯᠡᠴᠢᠯᠡᠨ | ᠠᠭᠤᠰᠤᠯᠴᠠᠵᠤ᠂ ᠬᠤᠳᠠ ᠶᠢᠨ ᠶᠠᠰᠤ ᠴᠢᠨᠠᠷ ᠪᠣᠯᠤᠨ ᠴᠢᠨᠠᠷ ᠳᠡᠰ ᠢ ᠲᠦᠷᠭᠡᠨ ᠳᠡᠭᠡᠭᠰᠢᠯᠡᠭᠦᠯᠤᠨ᠎ᠡ᠃ ᠦᠨᠳᠦᠰᠦᠨ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠵᠤ᠂ ᠠᠵᠢᠯ ᠣᠯᠭᠤᠯᠲᠠ ᠪᠠᠷ ᠪᠤᠶᠢᠵᠢᠭᠤᠯᠬᠤ᠂ ᠰᠡᠳᠬᠢᠯ ᠢ | ᠳᠤᠯᠠᠭᠠᠴᠠᠭᠤᠯᠬᠤ᠂ ᠰᠤᠷᠭᠠᠨ ᠬᠥᠮᠦᠵᠢᠯ ᠤᠨ ᠴᠢᠬᠢ ᠶᠢ ᠰᠢᠯᠢᠳᠡᠭᠵᠢᠭᠦᠯᠦᠨ᠂ ᠡᠷᠡᠭᠦᠯ ᠡᠩᠬᠡ ᠪᠠᠶᠠᠬᠤᠪᠤᠭ᠎ᠠ᠂ ᠨᠢᠭᠡ | ᠦᠷᠳᠡᠭᠡᠴᠢᠯᠡᠭᠰᠡᠨ ᠬᠡᠯᠪᠡᠷᠢ ᠶᠢᠨ ᠨᠠᠶᠢᠳᠠᠨ ᠲᠡᠵᠢᠭᠡᠯᠭᠡᠬᠦ᠂ ᠰᠣᠶᠣᠯᠢᠶ᠋ᠠᠷ ᠠᠷᠠᠳ ᠲᠤ ᠠᠰᠢᠭ ᠬᠦᠷᠲᠡᠭᠡᠬᠦ ︽ᠵᠢᠷᠭᠤᠭᠠᠨ | ᠢᠨᠵᠧᠨᠧᠷᠢᠩ︾ ᠢ ᠬᠡᠷᠡᠭᠵᠢᠭᠦᠯᠵᠦ᠂ ᠠᠷᠠᠳ ᠲᠦᠮᠡᠨ ᠤ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ ᠭᠡᠵᠡᠢ᠃ | |