ᠲᠤᠭᠤᠷᠢᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ ᠵᠢᠴᠢ ᠪᠠᠭᠰᠢ ᠶᠢᠨ ᠬᠡᠪ ᠰᠤᠷᠲᠠᠯ ᠢ ᠲᠥᠪᠯᠡᠷᠡᠭᠦᠯᠦᠨ ᠪᠣᠯᠪᠠᠰᠤᠷᠠᠭᠤᠯᠬᠤ ᠰᠤᠷᠤᠯᠴᠠᠯᠭ᠎ᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2021/1/26
     ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠣᠯᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠥᠬᠦ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠪᠠᠭᠰᠢ ᠶᠢᠨ ᠬᠡᠪ ᠰᠤᠷᠲᠠᠯ ᠢ ᠴᠡᠭᠴᠡᠯᠡᠨ ᠵᠠᠰᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠬᠤ ᠶᠢᠨ ᠲᠥᠯᠥᠭᠡ᠂ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠲᠡᠷᠡ ᠳᠠᠷᠤᠶ ᠳᠤᠨᠢ ᠲᠣᠬᠢᠷᠠᠭᠤᠯᠤᠯᠲᠠ ᠬᠢᠵᠦ᠂ ᠲᠤᠭᠤᠷᠢᠭ ᠤᠨ ᠬᠠᠷᠢᠶᠠᠳᠤ ᠶᠢᠨ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠰᠤᠷᠤᠯᠴᠠᠬᠤ ᠲᠥᠯᠥᠪᠯᠡᠭᠡ ᠲᠣᠭᠲᠠᠭᠠᠵᠤ᠂ ᠰᠤᠷᠤᠯᠴᠠᠬᠤ ᠠᠷᠭ᠎ᠠ ᠬᠡᠯᠪᠡᠷᠢ ᠶᠢ ᠲᠣᠳᠣᠷᠬᠠᠶᠢᠯᠠᠵᠤ᠂ ᠰᠤᠷᠤᠭᠴᠢᠳ ᠤᠨ ᠡᠪᠦᠯ ᠤᠨ ᠠᠮᠠᠷᠠᠯᠲᠠ ᠶᠢᠨ ᠰᠢᠯᠭᠠᠯᠲᠠ ᠳᠠᠭᠤᠰᠤᠭᠰᠠᠨ ᠤ ᠳᠠᠷᠠᠭ᠎ᠠ᠂ ᠨᠢᠭᠡ ᠭᠠᠷᠠᠭ ᠤᠨ ᠬᠤᠭᠤᠴᠠᠭ᠎ᠠ ᠲᠠᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠵᠢᠴᠢ ᠪᠠᠭᠰᠢ ᠶᠢᠨ ᠬᠡᠪ ᠰᠤᠷᠲᠠᠯ ᠤᠨ ᠣᠨᠣᠯ ᠤᠨ ᠰᠤᠷᠤᠯᠴᠠᠯᠭ᠎ᠠ ᠶᠢ ᠵᠣᠬᠢᠶᠠᠨ ᠪᠠᠶᠢᠭᠤᠯᠤᠯᠳᠠ ᠬᠢᠪᠡ᠃      ᠲᠣᠰ ᠤᠳᠠᠭᠠᠨ ᠤ ᠪᠤᠯᠪᠠᠰᠤᠷᠠᠯ ᠨᠢ ︽ᠰᠤᠷᠤᠯᠴᠠᠯᠭ᠎ᠠ ᠶᠢ ᠭᠦᠨᠵᠡᠭᠡᠶᠢᠷᠡᠭᠦᠯᠬᠦ᠂ ᠥᠪᠡᠷ ᠢ ᠪᠠᠨ ᠨᠢᠭᠡ ᠪᠦᠯᠦᠭ ᠬᠢᠨᠠᠬᠤ︾᠂ ︽ᠰᠤᠳᠤᠯᠤᠨ ᠶᠠᠷᠢᠯᠴᠠᠵᠤ ᠰᠣᠯᠢᠯᠴᠠᠬᠤ᠂ ᠨᠢᠭᠡ ᠪᠦᠯᠦᠭ ᠢ ᠳᠠᠬᠢᠨ ᠱᠤᠭᠤᠬᠤ︾᠂ ︽ᠪᠠᠭᠰᠢ ᠶᠢᠨ ᠮᠣᠷᠠᠯ ᠤᠨ ᠠᠮᠠᠯᠠᠯᠲᠠ᠂ ᠨᠢᠭᠡ ᠪᠦᠯᠦᠭ ᠢ ᠵᠢᠷᠤᠮᠵᠢᠭᠤᠯᠬᠤ︾ ᠳᠤᠮᠳᠠᠬᠢ ᠬᠠᠮᠢᠶ᠎ᠠ ᠪᠥᠬᠦᠶ ᠠᠭᠤᠯᠭ᠎ᠠ ᠪᠠᠷ ᠭᠠᠷᠳᠠᠴᠠ ᠪᠣᠯᠭᠠᠵᠤ᠂ ᠬᠤᠪᠢ ᠬᠥᠮᠦᠨ ᠥᠪᠡᠷ ᠢᠶᠠᠨ ᠰᠤᠷᠤᠯᠴᠠᠬᠤ᠂ ᠬᠠᠮᠲᠤ ᠪᠠᠷ ᠰᠤᠷᠤᠯᠴᠠᠬᠤ᠂ ᠲᠤᠰᠬᠠᠶ ᠰᠡᠳᠦᠪᠲᠦ ᠲᠠᠶᠢᠯᠤᠮᠵᠢ ᠬᠢᠬᠦ᠂ ᠳᠤᠭᠤᠶᠢᠯᠠᠩ ᠬᠤᠪᠢᠶᠠᠨ ᠶᠠᠷᠢᠯᠴᠠᠬᠤ᠂ ᠠᠮᠠᠯᠠᠯᠲᠠ ᠶᠢᠨ ᠪᠢᠴᠢᠭ ᠲᠣᠭᠲᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠭᠦᠨᠵᠡᠭᠡᠶ ᠰᠤᠷᠤᠯᠴᠠᠬᠤ ᠶᠢᠨ ᠬᠠᠮᠲᠤ᠂ ᠪᠥᠬᠦ ᠲᠭᠤᠷᠢᠭ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠣᠰᠣ ᠰᠤᠷᠳᠠᠬᠤᠨ ᠬᠢᠭᠡᠳ ᠬᠠᠤᠯᠢ ᠪᠠᠷ ᠵᠠᠰᠠᠬᠤ᠂ ᠬᠡᠯᠡ ᠪᠢᠴᠢᠭ᠂ ᠲᠡᠦᠬᠡ ᠭᠤᠷᠪᠠᠨ ᠲᠥᠷᠥᠯ ᠤᠨ ︽ᠬᠡᠪ ᠳᠠᠭᠤᠷᠢᠶᠠᠯ ᠦᠵᠡᠭᠦᠯᠬᠦ ᠴᠢᠨᠠᠷᠲᠠᠶ ᠰᠢᠯᠭᠠᠷᠠᠭᠰᠠᠨ ᠪᠠᠭᠰᠢ︾᠎ ᠶᠢᠨ ᠰᠦᠯᠵᠢᠶᠡᠨ ᠳᠡᠭᠡᠷᠡᠬᠢ ᠪᠤᠯᠪᠠᠰᠤᠷᠠᠯ ᠳᠤ ᠢᠳᠡᠪᠬᠢᠲᠡᠶ ᠣᠷᠤᠯᠴᠠᠨ᠂   ᠪᠤᠯᠪᠠᠰᠤᠷᠠᠯ ᠰᠤᠷᠤᠯᠴᠠᠯᠭ᠎ᠠ ᠶᠢ ᠪᠠᠭᠰᠢ ᠨᠢᠭᠡᠪᠦᠷᠢ ᠳᠤ ᠦᠨᠡᠨᠬᠦ ᠬᠠᠮᠤᠷᠬᠤ ᠬᠡᠷᠡᠭᠲᠡᠢ ᠭᠡᠵᠡᠢ᠃      ᠨᠢᠭᠡ ᠭᠠᠷᠠᠭ ᠤᠨ ᠬᠤᠭᠤᠴᠠᠭᠠᠨ ᠤ ᠰᠤᠷᠤᠯᠴᠠᠬᠤ ᠪᠠᠷ ᠳᠡᠮᠵᠢᠨ᠂ ᠪᠥᠬᠦ ᠰᠤᠷᠭᠠᠨ ᠬᠥᠮᠦᠵᠢᠯ ᠤᠨ ᠠᠵᠢᠯᠲᠠᠳ ᠦᠨᠳᠦᠰᠦᠲᠡᠨ ᠤ ᠠᠵᠢᠯ ᠢ ᠳᠥᠯᠭᠢᠨ ᠠᠬᠢᠭᠤᠯᠬᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠵᠢᠴᠢ ᠪᠠᠭᠰᠢ ᠶᠢᠨ ᠬᠡᠪ ᠰᠤᠷᠲᠠᠯ ᠤᠨ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠤᠯᠠᠮ ᠨᠢᠭᠡ ᠠᠯᠬᠤᠮ ᠣᠶᠢᠯᠠᠭᠠᠵᠤ᠂ ᠬᠠᠮᠢᠶ᠎ᠠ ᠪᠥᠬᠦᠶ ᠰᠤᠷᠭᠠᠨ ᠬᠥᠮᠦᠵᠢᠯ ᠤᠨ ᠬᠠᠤᠯᠢ ᠴᠠᠭᠠᠵᠠ ᠲᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠲᠣᠳᠣᠷᠬᠠᠶ ᠪᠣᠯᠭᠠᠬᠤ ᠶᠢᠨ ᠬᠠᠮᠲᠤ ᠥᠪᠡᠷ ᠢ ᠪᠠᠨ ᠭᠦᠨᠵᠡᠭᠡᠶ ᠡᠷᠭᠢᠴᠡᠭᠦᠯᠦᠨ ᠪᠤᠳᠤᠵᠤ᠂ ᠰᠤᠷᠭᠠᠭᠤᠯᠢ ᠡᠷᠭᠢᠯᠡᠬᠦ ᠥᠢᠯᠠ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠳᠤ ᠰᠠᠶᠢᠨ ᠰᠠᠭᠤᠷᠢ ᠲᠠᠯᠪᠢᠵᠤ ᠥᠭᠴᠡᠶ᠃ ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠲᠡᠷᠡ ᠬᠦ ᠬᠠᠮᠢᠶ᠎ᠠ ᠪᠥᠬᠦᠶ ᠠᠭᠤᠯᠭ᠎ᠠ ᠶᠢᠨ ᠲᠣᠭᠤᠷᠢᠨ ᠳᠤ᠂ ᠪᠠᠭᠰᠢ ᠨᠠᠷ ᠠᠮᠠᠷᠠᠯᠲᠠ ᠶᠢᠨ ᠬᠤᠭᠤᠴᠠᠭᠠᠨ ᠳᠤ ᠥᠪᠡᠷᠳᠡᠭᠡᠨ ᠢᠯᠡᠭᠦᠬᠡᠨ ᠨᠣᠮ ᠤᠩᠰᠢᠬᠤ᠂ ᠰᠠᠶᠢᠨ ᠨᠣᠮ ᠤᠩᠰᠢᠬᠤ ᠶᠢ ᠰᠠᠨᠠᠭᠠᠴᠢᠯᠡᠨ᠂ ᠰᠤᠷᠭᠠᠭᠤᠯᠢ ᠡᠬᠢᠯᠡᠬᠦ ᠶᠢᠨ ᠦᠶ᠎ᠡ ᠳᠤ ᠨᠣᠮ ᠤᠩᠰᠢᠬᠤ ᠶᠢᠨ ᠬᠤᠪᠢᠶᠠᠯᠴᠠᠯᠭ᠎ᠠ ᠦᠷᠨᠢᠭᠦᠯᠤᠨ᠎ᠡ ᠭᠡᠪᠡ ᠃ 
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号