ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠬᠤᠷᠠᠯ ᠬᠤᠷᠠᠯᠳᠤᠭᠤᠯᠵᠤ ᠪᠤᠭᠤᠲᠤ ᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2021/10/12
     ᠣᠶᠢᠷ᠎ᠠ ᠳᠤ᠂ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠬᠤᠷᠠᠯ ᠬᠤᠷᠠᠯᠳᠤᠭᠤᠯᠵᠤ ᠪᠤᠭᠤᠲᠤ ᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠳᠡᠭᠡᠷ᠎ᠡ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠡᠤ ᠶᠦᠩ ᠯᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷᠡᠬᠢ ᠮᠧᠩ ᠹᠠᠨ ᠯᠢ ᠶᠢᠨ ᠢᠯᠡᠳᠬᠡᠯ︾᠎ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠃      ᠬᠤᠷᠠᠯ ᠠᠴᠠ ᠵᠢᠭᠠᠨ ᠭᠠᠷᠭᠠᠭᠰᠠᠨ ᠨᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠪᠣᠯ ᠮᠠᠨ ᠤ ᠬᠤᠳᠠ ᠶᠢᠨ ︽ᠬᠤᠣᠰ ᠵᠠᠭᠤᠨ ᠵᠢᠯ︾᠎ ᠤᠨ ᠲᠡᠮᠡᠴᠡᠬᠦ ᠬᠠᠷᠠᠯᠲᠠ ᠶᠢᠨ ᠵᠠᠩᠭᠢᠯᠠᠭ᠎ᠠ ᠶᠢᠨ ᠴᠡᠭ ᠲᠤ᠂ ᠰᠢᠨ᠎ᠡ ᠤᠢᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠰᠢᠨ᠎ᠡ ᠠᠶᠠᠨ ᠢᠶᠠᠨ ᠡᠬᠢᠯᠡᠭᠦᠯᠵᠦ᠂ ᠬᠤᠷᠠᠯᠳᠤᠭᠤᠯᠤᠭᠰᠠᠨ ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠤᠨ᠎ᠠ᠃ ᠪᠦᠬᠦ ᠺᠠᠳ᠋ᠷ ᠠᠵᠢᠯᠳᠠᠨ ᠠᠵᠢᠯᠴᠢᠨ ᠡᠷᠬᠡᠪᠰᠢ ᠪᠦᠳᠦᠬᠡᠨ ᠪᠠᠶᠢᠭᠤᠯᠤᠯᠲᠠ ᠶᠢᠨ ᠲᠤᠪᠴᠢᠶ᠎ᠠ ᠶᠢᠨ ᠴᠢᠨᠠᠷ ᠰᠠᠶᠢᠲᠠᠢ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠡᠭᠦᠷᠭᠡ ᠲᠤᠰᠢᠶᠠᠯ ᠪᠣᠯᠤᠨ ᠡᠭᠦᠷᠭᠡ ᠬᠠᠷᠢᠭᠤᠴᠠᠯᠭ᠎ᠠ ᠶᠢ ᠣᠨᠣᠪᠴᠢᠲᠠᠢ ᠡᠵᠡᠮᠳᠡᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠦᠳᠲᠡᠷ ᠲᠦᠷᠭᠡᠨ ᠨᠢᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃        ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠲᠤᠪᠴᠢᠶ᠎ᠠ ᠶᠢᠨ ᠪᠦᠬᠦ ᠺᠠᠳ᠋ᠷ ᠠᠵᠢᠯᠳᠠᠨ ᠠᠵᠢᠯᠴᠢᠨ ᠴᠠᠭ ᠢᠮᠠᠭᠲᠠ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢ ᠡᠯ᠎ᠡ ᠵᠦᠢᠯ ᠤᠨ ᠠᠵᠢᠯ ᠳᠤ ᠢᠮᠠᠭᠲᠠ ᠲᠤᠤᠱᠯᠠᠭᠤᠯᠵᠤ᠂ ᠰᠠᠶᠢᠨ ᠰᠠᠶᠢᠬᠠᠨ ᠰᠤᠷᠲᠠᠯ ᠢ ᠪᠠᠳᠠᠷᠠᠭᠤᠯᠤᠨ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠬᠤᠶᠠᠷ ᠲᠤ᠂ ᠠᠷᠠᠳ ᠤᠨ ᠠᠮᠢᠳᠤᠷᠠᠯ ᠤᠨ ᠦᠢᠯᠡᠰ ᠢ ᠰᠠᠶᠢᠲᠤᠷ ᠠᠳᠬᠤᠵᠤ᠂ ᠠᠷᠠᠳ ᠤᠯᠠᠨ ᠤ ᠵᠣᠯ ᠵᠢᠷᠭᠠᠯ ᠤᠨ ᠬᠤᠷᠢᠭ᠎ᠠ ᠱᠤᠭᠤᠮ ᠢ ᠪᠠᠲᠤ ᠴᠣᠭᠴᠠᠯᠠᠬᠤ ᠬᠡᠷᠡᠭᠲᠡᠢ᠃ ᠪᠦᠬᠦ ᠺᠠᠳ᠋ᠷ ᠠᠵᠢᠯᠳᠠᠨ ᠠᠵᠢᠯᠴᠢᠨ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠡᠷᠡᠰ ᠭᠤᠶᠢᠪᠢᠰᠢ ᠦᠭᠡᠢ ᠪᠠᠷ ᠨᠡᠮᠡᠭᠳᠡᠭᠦᠯᠵᠦ᠂ ᠣᠷᠣᠨ ᠰᠠᠭᠤᠴᠠ ᠪᠠ ᠪᠦᠳᠦᠭᠡᠨ ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠢᠶᠠᠨ ᠦᠷᠭᠦᠯᠵᠢᠯᠡᠨ ᠰᠠᠶᠢᠲᠤᠷ ᠠᠳᠬᠤᠵᠤ᠂ ᠠᠷᠠᠳ ᠤᠯᠠᠨ ᠳᠤ ᠴᠢᠨᠠᠷ ᠰᠠᠶᠢᠲᠠᠢ ᠠᠮᠢᠳᠤᠷᠠᠯ ᠢ ᠡᠭᠦᠳᠴᠦ ᠥᠭᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号