ᠲᠤᠭᠤᠷᠢᠭ ᠤᠨ ᠨᠠᠮ ᠤᠨ ᠬᠤᠷᠢᠶᠠᠨ ᠤ ᠱᠦᠵᠢ ᠦ᠋ ᠺᠠᠶ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/29
     10 ᠰᠠᠷ᠎ᠠ ᠶᠢᠨ 28᠎ ᠤ ᠡᠳᠦᠷ᠂  ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠦ᠋ ᠺᠠᠶ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠪᠠᠳᠠᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠳᠣᠭᠢᠷᠠᠭᠤᠯᠤᠨ ᠪᠠᠶᠢᠷᠢᠯᠠᠭᠤᠯᠪᠠ᠃     ᠦ᠋ ᠺᠠᠢ ᠵᠢᠭᠠᠵᠤ ᠭᠠᠷᠭᠠᠭᠰᠠᠨ ᠨᠢ     ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠨ᠎ᠠ᠂ ᠡᠯ᠎ᠡ ᠰᠠᠯᠠᠭ᠎ᠠ ᠮᠥᠴᠢᠷ ᠤᠨ ᠬᠢᠨ ᠰᠡᠷᠭᠡᠶᠢᠯᠡᠨ ᠡᠵᠡᠮᠳᠡᠬᠦ ᠡᠭᠦᠷᠭᠡ ᠶᠢᠨ ᠪᠡᠷᠬᠡ ᠬᠠᠲᠠᠭᠤᠵᠢᠯᠲᠠᠢ ᠴᠢᠨᠠᠷ ᠬᠦᠨᠳᠦ ᠨᠦᠰᠡᠷ ᠴᠢᠨᠠᠷ ᠢ ᠭᠦᠨᠵᠡᠭᠡᠢ ᠲᠠᠨᠢᠵᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠲᠠᠯᠠᠪᠤᠷ᠂ ᠭᠤᠣᠯᠳᠠᠯᠭ᠎ᠠ ᠲᠠᠢ ᠬᠥᠮᠦᠰ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢ ᠬᠠᠮᠢᠶᠠᠷᠤᠨ ᠡᠵᠡᠮᠳᠡᠬᠦ ᠡᠷᠴᠢᠮ ᠢᠶᠠᠨ ᠦᠨᠡᠨᠬᠦ ᠴᠢᠩᠭᠠᠳᠬᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠠ ᠶᠢ ᠨᠠᠷᠢᠨ ᠪᠣᠳᠠᠲᠠᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠣᠷᠤᠵᠤ ᠢᠷᠡᠬᠦ ᠶᠢ ᠡᠷᠡᠰ ᠰᠡᠷᠭᠡᠶᠢᠯᠡᠵᠦ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠰᠠᠶᠢᠲᠤᠷ ᠬᠠᠮᠠᠭᠠᠯᠠᠬᠤ ᠬᠡᠷᠡᠭᠲᠡᠢ᠃ ᠡᠯ᠎ᠡ ᠠᠵᠢᠯᠯᠠᠬᠤ ᠳᠤᠭᠤᠶᠢᠯᠠᠩ ᠤᠨ ᠬᠢᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠤᠳᠤᠯᠤᠨ ᠮᠠᠭᠠᠳᠯᠠᠬᠤ ᠪᠠ ᠶᠠᠷᠢᠶ᠎ᠠ ᠬᠡᠯᠡᠯᠴᠡᠭᠡᠨ ᠤ ᠵᠢᠯᠤᠭᠤᠳᠤᠯᠭ᠎ᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠰᠡᠷᠭᠡᠶᠢᠯᠡᠨ ᠡᠵᠡᠮᠳᠡᠬᠦ᠂ ᠥᠨᠳᠥᠷ ᠪᠦᠲᠦᠮᠵᠢᠲᠡᠢ ᠬᠠᠮᠵᠢᠯᠴᠠᠨ ᠠᠵᠢᠯᠯᠠᠬᠤ ᠳᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃      ᠡᠦ ᠺᠠᠶ ᠱᠠᠭᠠᠷᠳᠠᠭᠰᠠᠨ ᠨᠢ      ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠤᠲᠠ ᠶᠢᠨ ᠲᠣᠭᠤᠷᠢᠭ ᠤᠨ ᠵᠠᠮ ᠬᠠᠷᠢᠯᠴᠠᠭᠠᠨ ᠤ ᠪᠣᠭᠤᠮᠲᠠ ᠶᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠨᠠᠰᠢ ᠴᠠᠰᠢ ᠶᠠᠪᠤᠬᠤ ᠲᠡᠷᠭᠡ ᠬᠥᠰᠬᠡ ᠵᠢᠴᠢ ᠵᠢᠯᠣᠭᠤᠴᠢ ᠰᠠᠭᠤᠳᠠᠯ ᠤᠨ ᠠᠵᠢᠯᠲᠠᠨ ᠳᠤ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ᠂ ᠠᠮᠠᠪᠴᠢ ᠵᠡᠭᠦᠬᠦ᠂ ᠠᠶᠠᠯᠠᠯ ᠤᠨ ᠨᠣᠮᠧᠷ᠂ ᠡᠷᠡᠭᠦᠯ ᠮᠡᠨᠳᠦ ᠶᠢᠨ ᠨᠣᠮᠧᠷ ᠢ ᠪᠠᠶᠢᠴᠠᠭᠠᠨ ᠰᠢᠯᠭᠠᠬᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠶᠢ ᠪᠠᠶᠢᠴᠠᠭᠠᠨ ᠦᠵᠡᠬᠦ᠂ ᠲᠡᠷᠭᠡ ᠬᠥᠰᠬᠡ ᠶᠢ ᠠᠷᠢᠭᠤᠳᠬᠠᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠬᠥᠮᠦᠰ ᠤᠨ ᠮᠡᠳᠡᠭᠡ ᠵᠠᠩᠭᠢ ᠶᠢᠨ ᠳᠡᠩᠰᠡᠯᠡᠯᠲᠡ ᠶᠢ ᠰᠠᠶᠢᠲᠤᠷ ᠬᠢᠵᠦ᠂ ᠬᠤᠲᠠ ᠶᠢᠨ ᠲᠣᠭᠤᠷᠢᠭ ᠤᠨ ᠣᠷᠣᠵᠤ ᠭᠠᠷᠬᠤ ᠭᠠᠵᠠᠷ ᠤᠨ ᠨᠢᠭᠡᠳᠦᠭᠡᠷ ᠪᠣᠭᠤᠮᠲᠠ ᠶᠢ ᠰᠠᠶᠢᠲᠤᠷ ᠰᠠᠬᠢᠬᠤ ᠬᠡᠷᠡᠭᠲᠡᠶ᠃ ᠬᠤᠳᠠ ᠶᠢᠨ ᠲᠣᠭᠤᠷᠢᠭ ᠤᠨ ᠲᠠᠬᠢᠨ ᠠᠵᠢᠯ ᠣᠯᠭᠤᠯᠲᠠ ᠶᠢᠨ ᠵᠠᠬ᠎ᠠ ᠳᠡᠯᠭᠡᠭᠦᠷ᠂ ᠬᠡᠳᠦ ᠵᠠᠬ᠎ᠠ ᠳᠡᠯᠭᠡᠭᠦᠷ᠂ ᠤᠬᠢᠶᠠᠯᠭ᠎ᠠ᠂ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ ᠵᠡᠷᠭᠡ ᠭᠤᠣᠯᠳᠠᠯᠭ᠎ᠠ ᠲᠠᠢ ᠲᠠᠯᠠᠪᠤᠷ᠂ ᠭᠤᠣᠯᠳᠠᠯᠭ᠎ᠠ ᠲᠠᠢ ᠣᠷᠣᠨ ᠪᠠᠶᠢᠷᠢ ᠶᠢᠨ ᠰᠡᠷᠭᠡᠶᠢᠯᠡᠨ ᠡᠵᠡᠮᠳᠡᠬᠦ ᠤᠰᠠᠳᠬᠠᠬᠤ ᠠᠵᠢᠯ ᠢ ᠦᠨᠡᠨᠬᠦ ᠰᠠᠶᠢᠲᠤᠷ ᠠᠳᠬᠤᠵᠤ᠂ ᠲᠤᠭᠤᠷᠢᠭ ᠤᠨ ᠳᠣᠲᠣᠷᠠᠬᠢ ᠰᠡᠷᠭᠡᠶᠢᠯᠡᠨ ᠡᠵᠡᠮᠳᠡᠬᠦ ᠬᠤᠶᠠᠳᠤᠭᠠᠷ ᠪᠣᠭᠤᠮᠲᠠ ᠶᠢ ᠰᠠᠶᠢᠲᠤᠷ ᠡᠵᠡᠮᠳᠡᠬᠦ ᠬᠡᠷᠡᠭᠲᠡᠢ ᠭᠡᠵᠤ ᠱᠠᠭᠠᠷᠳᠠᠪᠠ᠃     ᠦ᠋ ᠺᠠᠢ ᠴᠢᠬᠤᠯᠠᠴᠢᠯᠠᠭᠰᠠᠨ ᠨᠢ     ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠪᠠᠲᠤᠯᠠᠭ᠎ᠠ ᠪᠠ ᠡᠮ ᠡᠮᠨᠡᠯᠭᠡ ᠶᠢᠨ ᠠᠪᠤᠷᠠᠨ ᠲᠤᠰᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯ᠎ᠡ ᠲᠥᠷᠥᠯ ᠤᠨ ᠰᠡᠷᠭᠡᠶᠢᠯᠡᠨ ᠬᠠᠮᠠᠭᠠᠯᠠᠬᠤ ᠡᠳ᠋ ᠪᠣᠳᠠᠰ ᠂ ᠠᠪᠤᠷᠠᠨ ᠵᠠᠰᠠᠬᠤ ᠲᠥᠬᠦᠭᠡᠷᠦᠮᠵᠢ ᠶᠢᠨ ᠨᠥᠭᠡᠴᠡᠯᠡᠯᠲᠡ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠬᠦᠭᠡᠷᠦᠮᠵᠢ᠂ ᠠᠵᠢᠯᠲᠠᠨ᠂ ᠡᠳ᠋ ᠪᠣᠳᠠᠰ ᠵᠡᠷᠭᠡ ᠶᠢᠨ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠪᠠᠲᠤᠯᠠᠭ᠎ᠠ ᠪᠠᠷ  ᠭᠦᠢᠴᠡᠳ᠂ ᠲᠦᠷᠭᠡᠨ ᠠᠷᠭᠠᠴᠠᠬᠤ᠂ ᠯᠠᠪᠳᠠᠭᠤᠨ ᠢᠶᠠᠷ ᠰᠢᠢᠳᠪᠤᠷᠢᠯᠡᠬᠦ ᠶᠢ ᠪᠡᠶᠡᠯᠡᠭᠦᠯᠬᠦ ᠬᠡᠷᠡᠭᠲᠡᠶ᠃ ᠨᠢᠭᠡᠳᠦᠭᠡᠷ ᠹᠷᠣᠨᠲ ᠤᠨ ᠠᠵᠢᠯᠲᠠᠨ ᠤ ᠡᠯ᠎ᠡ ᠲᠥᠷᠥᠯ ᠤᠨ ᠪᠠᠲᠤᠯᠠᠭ᠎ᠠ ᠶᠢ ᠴᠢᠩᠭᠠᠳᠬᠠᠵᠤ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠠᠵᠢᠯᠲᠠᠨ ᠤ ᠬᠦᠴᠦᠨ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠠᠵᠢᠯ ᠤᠨ ᠪᠠᠶᠢᠷᠢ ᠡᠭᠡᠯᠵᠢᠯᠡᠨ ᠠᠮᠠᠷᠠᠬᠤ ᠶᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠬᠢᠵᠦ᠂ ᠨᠢᠭᠡᠳᠦᠭᠡᠷ ᠹᠷᠣᠨᠲ ᠤᠨ ᠠᠵᠢᠯᠲᠠᠨ ᠤ ᠠᠮᠤᠷ ᠲᠦᠪᠰᠢᠨ ᠡᠷᠡᠭᠦᠯ ᠮᠡᠨᠳᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠪᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号