ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2021/11/19
     ᠣᠶᠢᠷ᠎ᠠ ᠳᠤ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠨᠠᠮ ᠤᠨ ᠭᠡᠰᠢᠭᠦᠳ ᠤᠨ ᠶᠡᠭᠡ ᠬᠤᠷᠠᠯ ᠬᠤᠷᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠳᠡᠭᠡᠷ᠎ᠡ᠂ ᠪᠥᠬᠦ ᠨᠠᠮ ᠤᠨ ᠭᠡᠰᠢᠭᠦᠨ ᠺᠠᠳ᠋ᠷ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ︾᠎ ᠶᠢ ᠲᠥᠪᠯᠡᠷᠡᠭᠦᠯᠦᠨ ᠰᠤᠷᠤᠯᠴᠠᠪᠠ ᠃          ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢᠨ ᠴᠢᠬᠤᠯᠠ ᠲᠡᠦᠬᠡᠨ ᠴᠠᠭ ᠮᠥᠴᠡ ᠳᠤ ᠨᠠᠮ ᠠᠴᠠ ᠠᠷᠠᠳ ᠲᠦᠮᠡᠨ ᠢ ᠤᠳᠤᠷᠢᠳᠤᠨ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠵᠤ ᠪᠠᠶᠢᠭ᠎ᠠ ᠴᠢᠬᠤᠯᠠ ᠶᠡᠭᠡ ᠲᠡᠦᠬᠡ ᠶᠢᠨ ᠵᠠᠩᠭᠢᠯᠠᠭ᠎ᠠ ᠶᠢᠨ ᠦᠶ᠎ᠡ ᠳᠤ᠂ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠨᠢ ᠪᠦᠬᠦᠳᠠ ᠬᠤᠷᠠᠯ ᠠᠴᠠ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠡᠷᠬᠢᠮ ᠨᠠᠨᠳᠢᠨ ᠲᠤᠷᠰᠢᠯᠭ᠎ᠠ ᠶᠢ ᠭᠦᠨᠵᠡᠭᠡᠢ ᠳ᠋ᠦᠩᠨᠡᠵᠦ᠂ ᠪᠦᠬᠦ ᠨᠠᠮ ᠤᠨ ᠭᠡᠰᠢᠭᠦᠨ ᠺᠠᠳ᠋ᠷ ᠪᠦᠬᠦᠳᠠ ᠬᠤᠷᠠᠯ ᠤᠨ ᠵᠣᠷᠢᠭ ᠰᠠᠨᠠᠭᠠᠨ ᠤ ᠪᠠᠶᠠᠯᠢᠭ ᠠᠭᠤᠯᠤᠭᠳᠠᠬᠤᠨ ᠪᠣᠯᠤᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠰᠤᠷᠤᠯᠴᠠᠵᠤ᠂ ᠣᠨᠣᠪᠴᠢᠲᠠᠢ ᠣᠶᠢᠯᠠᠭᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃            ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠨᠠᠮ ᠤᠨ ᠭᠡᠰᠢᠭᠦᠨ ᠺᠠᠳ᠋ᠷᠴᠤᠳ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠠᠪᠤᠳᠠᠯ ᠢ ᠣᠳᠤᠬᠢ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠤᠷᠤᠯᠴᠠᠬᠤ ᠲᠥᠯᠥᠪᠯᠡᠭᠡ ᠲᠣᠭᠲᠠᠭᠠᠵᠤ᠂ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠭᠠᠷᠭᠠᠵᠤ᠂ ᠨᠠᠮ ᠤᠨ ᠡᠭᠦᠷ ᠤᠨ ᠪᠦᠷᠢᠯᠳᠦᠬᠦᠨ ᠨᠡᠷ ᠵᠢᠱᠢᠶ᠎ᠠ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠰᠤᠷᠤᠯᠴᠠᠬᠤ ᠶᠢ ᠲᠡᠷᠢᠭᠦᠨ ᠳᠤ ᠲᠠᠯᠪᠢᠬᠤ᠂ ᠲᠦᠷᠦᠭᠦᠯᠡᠨ ᠰᠤᠳᠤᠯᠤᠨ ᠶᠠᠷᠢᠯᠴᠠᠵᠤ᠂ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠪᠠᠷ ᠴᠢᠷᠮᠠᠶᠢᠬᠤ ᠬᠡᠷᠡᠭᠲᠡᠶ ᠭᠡᠵᠤ ᠴᠢᠬᠤᠯᠠᠴᠢᠯᠠᠪᠠ᠃      ᠬᠤᠷᠠᠯ ᠠᠴᠠ ᠱᠠᠭᠠᠷᠳᠠᠭᠰᠠᠨ ᠨᠢ᠂ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠬᠢ ᠶᠢᠨ ᠪᠦᠬᠦ ᠠᠵᠢᠯᠲᠠᠳ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠠᠷᠠᠳ ᠤᠯᠠᠨ ᠤ ︽ᠪᠠᠴᠢᠮ ᠬᠦᠴᠢᠷᠲᠡᠢ ᠵᠣᠪᠠᠨᠢᠯ︾᠎ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠰᠤᠷᠤᠯᠴᠠᠨ ᠲᠤᠤᠱᠯᠠᠭᠤᠯᠤᠭᠰᠠᠨ ᠦᠷ᠎ᠡ ᠪᠦᠲᠦᠭᠡᠯ ᠢᠶᠠᠨ ᠦᠨᠡᠨᠬᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠬᠢᠵᠦ ᠦᠢᠯᠡᠰ ᠪᠤᠰᠬᠠᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠬᠤᠳᠠ ᠶᠢᠨ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠢ ᠴᠢᠨᠠᠭᠰᠢᠳᠠ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃  
 
ᠢᠷᠡᠯᠲᠡ᠄ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠨᠠᠮ ᠤᠨ ᠠᠷᠪᠠ ᠶᠢᠰᠦᠳᠦᠭ᠊
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号