ᠲᠤᠭᠤᠷᠢᠭ ᠤᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2021/11/2
     ᠣᠶᠢᠷ᠎ᠠ ᠳᠤ᠂ ᠲᠤᠭᠤᠷᠢᠭ ᠤᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠬᠤᠷᠠᠯ ᠬᠤᠷᠠᠯᠳᠤᠭᠤᠯᠵᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠰᠬᠠᠶ ᠰᠡᠳᠦᠪ ᠢᠶᠠᠷ ᠰᠤᠷᠤᠯᠴᠠᠪᠠ᠃      ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ︾᠎ ᠶᠢ ᠲᠥᠪᠯᠡᠷᠡᠭᠦᠯᠦᠨ ᠰᠤᠷᠤᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠲᠡᠦᠬᠡ ᠶᠢᠨ ᠲᠤᠷᠰᠢᠯᠭ᠎ᠠ ᠠᠴᠠ ᠰᠢᠮ᠎ᠡ ᠲᠡᠵᠢᠭᠡᠯ ᠬᠦᠷᠳᠡᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ︽ᠰᠢᠯᠭᠠᠯᠲᠠ ᠳᠤ ᠣᠷᠣᠯᠴᠠᠬᠤ︾ ᠰᠡᠷᠭᠡᠭ ᠪᠠᠶᠢᠬᠤ ᠪᠠ ︽ᠪᠦᠷᠢᠨ ᠢᠯᠠᠯᠲᠠ︾᠎ ᠶᠢᠨ ᠡᠷᠡᠰ ᠪᠠᠲᠤ ᠪᠠᠶᠢᠬᠤ ᠶᠢ ᠢᠮᠠᠭᠲᠠ ᠪᠠᠲᠤᠯᠠᠵᠤ᠂ ᠨᠠᠮ ᠪᠣᠯᠤᠨ ᠠᠷᠠᠳ ᠲᠦᠮᠡᠨ ᠠᠴᠠ ᠳᠠᠭᠠᠭᠠᠯᠭᠠᠭᠰᠠᠨ ᠰᠢᠨ᠎ᠡ ᠴᠠᠭ ᠦᠶ᠎ᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠰᠢᠨ᠎ᠡ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠱᠠᠭᠠᠷᠳᠠᠭᠰᠠᠨ ᠨᠢ᠂ ᠪᠦᠬᠦ ᠡᠮᠨᠡᠯᠭᠡ ᠶᠢᠨ ᠬᠤᠷᠢᠶ᠎ᠠ ᠤᠨ ᠨᠠᠮ ᠤᠨ ᠭᠡᠰᠢᠭᠦᠨ ᠺᠠᠳ᠋ᠷ ᠠᠵᠢᠯᠳᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠦᠬᠦᠳᠠ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ᠣᠳᠣᠬᠠᠨ ᠤ ᠥᠷᠨᠢᠭᠦᠯᠵᠦ ᠪᠠᠶᠢᠭ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠨᠢᠭᠲᠠ ᠤᠶᠠᠯᠳᠤᠭᠤᠯᠵᠤ ᠂ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠡᠳᠬᠢᠯ ᠳᠡᠭᠡᠨ ᠬᠠᠳᠠᠩᠰᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠡᠮᠨᠡᠯᠭᠡ ᠶᠢᠨ ᠠᠵᠢᠯᠳᠠᠨ ᠪᠣᠯᠤᠭᠰᠠᠨ ᠤ ᠬᠤᠪᠢ ᠳᠤ᠂ ᠡᠪᠡᠳᠴᠢᠨ ᠢ ᠨᠢ ᠵᠠᠰᠠᠵᠤ ᠡᠳᠡᠭᠡᠷᠡᠭᠦᠯᠦᠨ ᠠᠪᠬᠤ ᠪᠣᠯ ᠳᠠᠷᠤᠢ ᠪᠢᠳᠡᠨ ᠤ ᠡᠭᠦᠷᠭᠡ ᠬᠠᠷᠢᠭᠤᠴᠠᠯᠭ᠎ᠠ ᠮᠥᠨ᠂ ᠣᠳᠣᠬᠠᠨ ᠤ ᠲᠣᠭᠲᠠᠭᠤᠨ ᠪᠤᠰᠤ ᠬᠢᠵᠢᠭ ᠤᠨ ᠪᠠᠶᠢᠳᠠᠯ ᠳᠤ ᠬᠠᠨᠳᠤᠭᠤᠯᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠪᠠᠶᠠᠬᠤᠪᠤᠭ᠎ᠠ ᠠᠭᠤᠷᠬᠠᠶ ᠶᠢᠨ ᠲᠤᠭᠤᠷᠢᠭ ᠤᠨ ᠠᠷᠠᠳ ᠤᠯᠠᠨ ᠤ ᠡᠷᠡᠭᠦᠯ ᠮᠡᠨᠳᠤ ᠶᠢ ᠬᠠᠮᠠᠭᠠᠯᠠᠬᠤ ᠬᠡᠷᠡᠭᠲᠡᠶ ᠭᠡᠵᠤ ᠱᠠᠭᠠᠷᠳᠠᠪᠠ᠃  
 
ᠢᠷᠡᠯᠲᠡ᠄ ᠲᠤᠭᠤᠷᠢᠭ ᠤᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号