ᠲᠤᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2021/11/22
     ᠣᠶᠢᠷ᠎ᠠ ᠳᠤ᠂ ᠲᠤᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶᠠᠨ ᠤ ᠪᠠᠶᠢᠭᠤᠯᠭ᠎ᠠ ᠶᠢᠨ ᠨᠠᠮ ᠤᠨ ᠡᠭᠦᠷ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ ᠱᠠᠭᠠᠷᠳᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠭᠤᠰᠢᠯᠠᠭᠤᠯᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠥᠬᠦ ᠠᠵᠢᠯᠲᠠᠨ ᠠᠵᠢᠯᠴᠢᠨ ᠪᠥᠬᠦᠳᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠪᠣᠯᠤᠨ ᠭᠤᠤᠯ ᠠᠭᠤᠯᠭ᠎ᠠ ᠶᠢ ᠭᠦᠨᠵᠡᠭᠡᠶ ᠣᠶᠢᠯᠠᠭᠠᠵᠤ᠂ ᠦᠨᠡᠨ ᠬᠦ ᠰᠤᠷᠤᠯᠴᠠᠨ ᠨᠡᠪᠲᠡᠷᠡᠲᠡᠯ᠎ᠡ ᠤᠶᠢᠯᠠᠭᠠᠨ ᠪᠣᠳᠠᠲᠠᠶᠢᠵᠢᠭᠤᠯᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠴᠡᠷᠢᠭ ᠤᠨ ᠠᠯᠪᠠ ᠠᠴᠠ ᠪᠠᠭᠤᠬᠤ᠂ ᠠᠷᠠᠳ ᠤᠨ ᠶᠠᠪᠤᠳᠠᠯ ᠤᠨ ᠡᠳᠦᠷ ᠲᠤᠲᠤᠮ ᠤᠨ ᠠᠵᠢᠯ ᠲᠠᠢ ᠤᠶᠠᠯᠳᠤᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠵᠤ᠂ ᠣᠯᠠᠨ ᠲᠦᠮᠡᠨ ᠤ ᠪᠠᠴᠢᠮ ᠲᠤᠯᠭᠠᠮ ᠂ ᠬᠦᠴᠢᠷ ᠵᠣᠪᠠᠭᠤᠷᠢ᠂ ᠬᠦᠰᠡᠯ ᠡᠷᠡᠮᠡᠯᠵᠡᠯ ᠤᠨ ᠠᠰᠠᠭᠤᠳᠠᠯ ᠢ ᠭᠦᠨᠵᠡᠭᠡᠶ ᠰᠢᠢᠳᠪᠤᠷᠢᠯᠡᠵᠤ᠂ ᠠᠷᠠᠳ ᠲᠦᠮᠡᠨ ᠳᠤ ᠲᠥᠬᠦᠮ ᠦᠵᠡᠭᠦᠯᠬᠦ ᠥᠢᠯᠡᠴᠢᠯᠡᠭᠡᠨ ᠤ ᠶᠠᠰᠤ ᠴᠢᠨᠠᠷ ᠢ ᠤᠯᠠᠮ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠲᠤᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号