ᠲᠤᠭᠤᠷᠢᠭ ᠤᠨ ᠵᠡᠮᠳᠡᠭᠴᠦᠳ ᠤᠨ ᠬᠤᠯᠪᠣᠭ᠎ᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2021/11/23
     ᠤᠢᠢᠷ᠎ᠠ ᠶᠢᠨ ᠡᠳᠦᠷ᠂ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠪᠦᠬᠦ ᠠᠵᠢᠯᠳᠠᠨ ᠠᠵᠢᠯᠴᠢᠨ ᠢ ᠵᠣᠬᠢᠶᠠᠨ ᠪᠠᠶᠢᠭᠤᠯᠤᠨ ᠲᠤᠰᠬᠠᠢ ᠰᠡᠳᠦᠪᠲᠦ ᠰᠤᠷᠤᠯᠴᠠᠬᠤ ᠬᠤᠷᠠᠯ ᠬᠤᠷᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠳᠡᠭᠡᠷ᠎ᠡ ᠲᠤᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠪᠦᠬᠦ ᠠᠵᠢᠯᠳᠠᠨ ᠠᠵᠢᠯᠴᠢᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠪᠣᠯᠤᠨ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠲᠡᠦᠬᠡ ᠶᠢᠨ ᠲᠤᠷᠰᠢᠯᠭ᠎ᠠ ᠶᠢᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ︾ ᠵᠡᠷᠭᠡ ᠴᠢᠬᠤᠯᠠ ᠲᠤᠯᠭᠤᠷ ᠪᠢᠴᠢᠭ ᠢ ᠭᠦᠨᠵᠡᠭᠡᠢ ᠰᠤᠷᠤᠯᠴᠠᠬᠤ ᠶᠢᠨ ᠲᠣᠭᠤᠷᠢᠨ ᠳᠤ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠣᠯᠤᠯᠲᠠ ᠲᠦᠷᠦᠭᠳᠡᠯ ᠢᠶᠠᠨ ᠠᠭᠤᠵᠢᠷᠠᠲᠠᠯ᠎ᠠ ᠶᠠᠷᠢᠯᠴᠠᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠲᠥᠪ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠠᠷᠢᠨ ᠨᠢᠮᠪᠠᠢ ᠪᠠᠶᠢᠷᠢᠯᠠᠭᠤᠯᠵᠤ᠂ ᠵᠡᠮᠳᠡᠭᠴᠦᠳ ᠤᠨ ᠤᠯᠠᠨ ᠲᠦᠮᠡᠨ ᠳᠤ ᠬᠠᠨᠳᠤᠭᠤᠯᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠠᠵᠢᠯ ᠢ ᠴᠢᠩᠭᠠᠳᠬᠠᠵᠤ᠂ ᠵᠡᠮᠳᠡᠭᠴᠦᠳ ᠤᠨ ᠠᠵᠢᠯᠳᠠᠨ ᠵᠢᠴᠢ ᠵᠡᠮᠳᠡᠭᠴᠦᠳ ᠤᠨ ᠤᠯᠠᠨ ᠲᠦᠮᠡᠨ ᠤ ᠳᠤᠮᠳᠠ ᠰᠤᠷᠤᠯᠴᠠᠵᠤ ᠤᠬᠠᠭᠤᠯᠤᠨ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠵᠤ᠂ ᠵᠡᠮᠳᠡᠭᠴᠦᠳ ᠤᠨ ᠠᠬ᠎ᠠ ᠳᠡᠭᠦᠦ ᠡᠭᠡᠴᠢ ᠥᠬᠢᠨ ᠳᠡᠭᠦᠦ ᠨᠡᠷ ᠢ ᠳᠠᠭᠠᠭᠤᠯᠤᠨ ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠶᠢ ᠮᠡᠳᠡᠷᠡᠵᠦ᠂ ᠨᠠᠮ ᠢᠶᠠᠨ ᠲᠠᠭᠠᠵᠦ᠂ ᠨᠡᠩ ᠵᠣᠯ ᠵᠢᠷᠭᠠᠯᠲᠤ ᠰᠠᠶᠢᠨ ᠰᠠᠶᠢᠬᠠᠨ ᠰᠢᠨ᠎ᠡ ᠠᠮᠢᠳᠤᠷᠠᠯ ᠢ ᠬᠠᠮᠲᠤᠪᠠᠷ ᠪᠠᠶᠢᠭᠤᠯᠵᠤ ᠬᠠᠮᠲᠤᠪᠠᠷ ᠡᠳᠡᠯᠵᠡᠭᠡᠶ᠎ᠠ ᠭᠡᠵᠤ ᠴᠢᠬᠤᠯᠠᠴᠢᠯᠠᠪᠠ᠃
 
ᠢᠷᠡᠯᠲᠡ᠄ ᠵᠡᠮᠳᠡᠭᠴᠦᠳ ᠤᠨ ᠬᠤᠯᠪᠣᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号