ᠰᠢᠩ ᠭᠤᠸᠠᠩ ᠨᠡᠶᠢᠭᠡᠮ ᠲᠣᠭᠤᠷᠢᠭ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ‌‍ᠰᠤᠷᠤᠯᠴᠠᠪᠠ
ᠨᠡᠶᠢᠲᠡᠯᠡᠭᠰᠡᠨ ᠴᠠᠭ᠄
2021/11/23
     ᠤᠢᠢᠷ᠎ᠠ ᠳᠤ᠂ ᠰᠢᠩ ᠭᠤᠸᠠᠩ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ ᠵᠢᠭᠠᠨ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ︽ᠰᠢᠢᠳᠪᠦᠷᠢ︾᠎ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠪᠠᠶᠠᠯᠢᠭ ᠠᠭᠤᠯᠤᠭᠳᠠᠬᠤᠨ ᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠪᠢᠳᠡᠨ ᠤ ᠣᠳᠤᠬᠢ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠠᠢ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠬᠤ᠂ ᠰᠠᠶᠢᠲᠤᠷ ᠤᠬᠠᠭᠤᠯᠬᠤ᠂ ᠰᠠᠶᠢᠲᠤᠷ ᠲᠤᠤᠱᠯᠠᠭᠤᠯᠬᠤ ᠶᠢ ᠣᠳᠤᠬᠢ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ︽ᠲᠦᠷᠪᠡᠨ ᠤᠬᠠᠮᠰᠠᠷ︾᠎ ᠢᠶᠠᠨ ᠴᠢᠨᠠᠭᠰᠢᠳᠠ ᠴᠢᠩᠭᠠᠳᠬᠠᠵᠤ᠂ ︽ᠲᠦᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠪᠦᠬᠦᠳᠡ ᠬᠤᠷᠠᠯ ᠪᠣᠯᠤᠨ ᠰᠢ ᠶᠢᠨ ᠫᠢᠩ ᠤᠨ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠦᠨᠡᠨᠬᠦ ᠨᠢᠭᠡᠳᠬᠡᠬᠦ ᠬᠡᠷᠡᠭᠲᠡᠢ ᠭᠡᠵᠤ ᠵᠢᠭᠠᠵᠤ ᠭᠠᠷᠭᠠᠪᠠ᠃      ᠬᠤᠷᠠᠯ ᠠᠴᠠ ᠱᠠᠭᠠᠷᠳᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠪᠣᠯᠤᠨ ᠭᠤᠣᠯ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠵᠤ᠂ ᠦᠨᠡᠨᠬᠦ ᠰᠤᠷᠤᠯᠴᠠᠨ ᠣᠶᠢᠯᠠᠭᠠᠵᠤ ᠪᠣᠳᠠᠲᠠᠶᠢᠵᠢᠭᠤᠯᠬᠤ ᠬᠡᠷᠡᠭᠲᠡᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠡᠳᠦᠷ ᠳᠤᠳᠤᠮ ᠤᠨ ᠨᠡᠶᠢᠭᠡᠮ ᠲᠣᠭᠤᠷᠢᠭ ᠤᠨ ᠠᠵᠢᠯ ᠲᠠᠢ ᠤᠶᠠᠯᠳᠤᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠵᠤ᠂ ᠤᠯᠠᠨ ᠲᠦᠮᠡᠨ ᠤ ᠬᠦᠴᠢᠷ ᠵᠣᠪᠠᠭᠤᠷᠢ ᠲᠠᠢ ᠪᠠᠶᠢᠬᠤ ᠠᠰᠠᠭᠤᠳᠠᠯ ᠢ ᠭᠦᠨᠵᠡᠭᠡᠢ ᠰᠢᠢᠳᠪᠦᠷᠢᠯᠡᠵᠦ᠂ ᠠᠷᠠᠳ ᠲᠤ ᠲᠦᠬᠦᠮ ᠦᠵᠡᠭᠦᠯᠵᠦ ᠠᠷᠠᠳ ᠲᠤ ᠦᠢᠯᠡᠴᠢᠯᠡᠬᠦ ᠦᠢᠯᠡᠴᠢᠯᠡᠭᠡᠨ ᠤ ᠶᠠᠰᠤ ᠴᠢᠨᠠᠷ ᠢ ᠴᠢᠨᠠᠭᠰᠢᠳᠠ ᠳᠡᠭᠡᠭᠰᠢᠯᠡᠭᠦᠯᠵᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠴᠡᠴᠡᠭᠯᠡᠨ ᠵᠢᠮᠢᠰᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠰᠢᠩ ᠭᠤᠸᠠᠩ ᠨᠡᠶᠢᠭᠡᠮ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号