ᠰᠢᠶᠠᠩ ᠶᠦᠨ ᠨᠡᠶᠢᠭᠡᠮ ᠲᠣᠭᠤᠷᠢᠭ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2021/11/25
     ᠤᠢᠢᠷ᠎ᠠ ᠶᠢᠨ ᠡᠳᠦᠷ᠂ ᠰᠢᠶᠠᠩ ᠶᠦᠨ ᠨᠡᠶᠢᠭᠡᠮ ᠲᠣᠭᠤᠷᠢᠭ ᠤᠨ ᠬᠤᠷᠢᠶ᠎ᠠ ᠨᠠᠮ ᠤᠨ ᠭᠡᠰᠢᠭᠦᠳ ᠤᠨ ᠶᠡᠭᠡ ᠬᠤᠷᠠᠯ ᠬᠤᠷᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ ᠱᠠᠭᠠᠷᠳᠠᠭᠰᠠᠨ ᠨᠢ᠂ ᠪᠦᠬᠦ ᠨᠠᠮ ᠤᠨ ᠭᠡᠰᠢᠭᠦᠨ ᠪᠣᠯᠤᠨ ᠠᠵᠢᠯᠲᠠᠳ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ  ᠬᠡᠮᠵᠢᠶ᠎ᠠ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠵᠠᠭᠤᠨ ᠵᠢᠯ ᠤᠨ ᠨᠠᠮ ᠤᠨ ᠲᠡᠦᠬᠡ ᠶᠢᠨ ᠴᠢᠬᠤᠯᠠ ᠶᠡᠭᠡ ᠠᠴᠢ ᠬᠤᠯᠪᠣᠭᠳᠠᠯ᠂ ᠵᠠᠭᠤᠨ ᠵᠢᠯ ᠤᠨ ᠨᠠᠮ ᠤᠨ ᠲᠡᠦᠬᠡ ᠶᠢᠨ ᠡᠭᠦᠷᠭᠡ ᠬᠠᠷᠢᠭᠤᠴᠠᠯᠭ᠎ᠠ ᠶᠢ ᠭᠦᠨᠵᠡᠭᠡᠢ ᠣᠶᠢᠯᠠᠭᠠᠵᠤ᠂ ᠰᠢᠨ᠎ᠡ ᠴᠠᠭ ᠦᠶ᠎ᠡ ᠳᠤ ᠤᠷᠤᠬᠰᠠᠨ ᠲᠡᠦᠬᠡᠲᠦ ᠴᠢᠨᠠᠷᠲᠠᠢ ᠬᠤᠪᠢᠰᠤᠯᠲᠠ᠂ ᠵᠠᠭᠤᠨ ᠵᠢᠯ ᠤᠨ ᠨᠠᠮ ᠤᠨ ᠲᠡᠦᠬᠡ ᠶᠢᠨ ᠠᠭᠤᠤ ᠶᠡᠭᠡ ᠠᠮᠵᠢᠯᠲᠠ ᠪᠦᠲᠦᠮᠵᠢ ᠵᠢᠴᠢ ᠰᠢᠨ᠎ᠡ ᠴᠠᠭ ᠦᠶ᠎ᠡ ᠶᠢᠨ ᠴᠢᠬᠤᠯᠠ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠬᠤ ᠬᠡᠷᠡᠭᠲᠡᠢ ᠭᠡᠵᠤ ᠱᠠᠭᠠᠷᠳᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠤᠷᠤᠯᠴᠠᠵᠦ ᠤᠬᠠᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠦ ᠤᠬᠠᠭᠤᠯᠤᠨ ᠲᠤᠤᠱᠯᠠᠭᠤᠯᠬᠤ ᠶᠢ ᠤᠳᠤᠬᠢ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠬᠤ ᠬᠡᠷᠡᠭᠲᠡᠢ᠃ ᠤᠭ ᠵᠣᠬᠢᠶᠠᠯ ᠢ ᠤᠩᠰᠢᠬᠤ᠂ ᠤᠭ ᠵᠣᠬᠢᠶᠠᠯ ᠢ ᠰᠤᠷᠤᠯᠴᠠᠬᠤ᠂ ᠤᠭ ᠶᠣᠰᠣ ᠶᠢ ᠣᠶᠢᠯᠠᠭᠠᠬᠤ ᠶᠢ ᠪᠠᠷᠢᠮᠲᠠᠯᠠᠵᠤ᠂ ᠪᠦᠬᠦ ᠠᠵᠢᠯᠲᠠᠳ ᠢᠶᠠᠷ ᠢᠶᠠᠨ ᠰᠤᠷᠤᠯᠴᠠᠬᠤ᠂ ᠭᠦᠨᠵᠡᠭᠡᠢ ᠰᠤᠷᠤᠯᠴᠠᠬᠤ᠂ ᠤᠯᠠᠨ ᠶᠠᠩᠵᠤ ᠪᠠᠷ ᠰᠤᠷᠤᠯᠴᠠᠬᠤ ᠶᠢ ᠪᠡᠶᠡᠯᠡᠭᠦᠯᠵᠦ᠂ ᠰᠤᠷᠤᠯᠴᠠᠵᠦ ᠤᠬᠠᠭᠤᠯᠵᠤ ᠳᠠᠶᠢᠴᠢᠯᠠᠬᠤ ᠠᠵᠢᠯ ᠢ ᠪᠦᠬᠦᠨ ᠢ ᠪᠦᠷᠬᠦᠬᠦᠯᠬᠦ ᠶᠢ ᠪᠠᠲᠤᠯᠠᠵᠤ᠂ ᠦᠨᠡᠨᠬᠦ ᠰᠤᠷᠤᠯᠴᠠᠨ ᠣᠶᠢᠯᠠᠭᠠᠬᠤ᠂ ᠨᠡᠪᠲᠡᠷᠡᠲᠡᠯ᠎ᠡ ᠡᠵᠡᠮᠰᠢᠬᠦ᠂ ᠪᠣᠳᠠᠲᠠᠶᠢᠵᠢᠭᠤᠯᠬᠤ ᠶᠢ ᠪᠡᠶᠡᠯᠡᠭᠦᠯᠬᠦ ᠬᠡᠷᠡᠭᠲᠡᠢ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ ᠨᠠᠶᠢᠳᠠᠪᠤᠷᠢᠵᠢᠭᠤᠯᠬᠤ ᠶᠢ ᠨᠡᠶᠢᠭᠡᠮ ᠲᠣᠭᠤᠷᠢᠭ ᠤᠨ ᠠᠵᠢᠯ ᠲᠠᠢ ᠨᠢᠭᠲᠠ ᠤᠶᠠᠯᠳᠤᠭᠤᠯᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠲᠤᠤᠱᠯᠠᠭᠤᠯᠬᠤ᠂ ᠮᠡᠳᠡᠬᠦ ᠢᠲᠡᠭᠡᠬᠦ ᠠᠵᠢᠯᠯᠠᠬᠤ ᠶᠢ ᠨᠢᠭᠡᠳᠦᠯᠲᠡᠢ ᠪᠠᠶᠢᠯᠭᠠᠬᠤ ᠬᠡᠷᠡᠭᠲᠡᠢ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠪᠦᠬᠦ ᠵᠢᠯ ᠤᠨ ᠠᠵᠢᠯ ᠤᠨ ᠠᠯᠳᠠᠭᠳᠠᠯ ᠢ ᠪᠠᠶᠢᠴᠠᠭᠠᠵᠤ ᠲᠤᠳᠠᠭᠳᠠᠯ ᠢ ᠨᠥᠬᠦᠪᠥᠷᠢᠯᠡᠬᠦ ᠲᠠᠢ ᠨᠢᠭᠲᠠ ᠤᠶᠠᠯᠳᠤᠭᠤᠯᠤᠨ ᠲᠤᠳᠠᠭᠳᠠᠯ ᠢ ᠱᠠᠯᠠᠪᠳᠠᠨ ᠨᠥᠬᠦᠪᠥᠷᠢᠯᠡᠵᠦ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠨᠡᠨ ᠬᠦ ᠨᠠᠶᠢᠳᠠᠪᠤᠷᠢᠵᠢᠭᠤᠯᠵᠤ᠂ ᠠᠵᠢᠯ ᠤᠨ ᠳᠤᠮᠳᠠ ᠪᠠ ᠠᠵᠢᠯᠯᠠᠭ᠎ᠠ ᠳᠡᠭᠡᠷ᠎ᠡ ᠪᠠᠨ ᠢᠯᠡᠷᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃  
 
ᠢᠷᠡᠯᠲᠡ᠄ ᠰᠢᠶᠠᠩ ᠶᠦᠨ ᠨᠡᠶᠢᠭᠡᠮ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号