ᠪᠠᠶ᠋ᠬᠠᠤᠪᠤᠭ᠎ᠠ ᠠᠭᠤᠷᠬᠠᠢ ᠶᠢᠨ ᠲᠤᠭᠤᠷᠢᠭ᠄ ᠰᠢᠨ᠎ᠡ ᠴᠠᠭ ᠦᠶ᠎ᠡ ᠶᠢᠨ ᠰᠢᠨ᠎ᠡ ᠪᠤᠭᠤᠲᠤ ᠶᠢ ᠪᠦᠳᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠶ᠎ᠠ — ᠪᠠᠶ᠋ᠬᠠᠤᠪᠤᠭ᠎ᠠ ᠠᠭᠤᠷᠬᠠᠶ ᠶᠢᠨ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠡᠦ ᠺᠠᠶ ᠶᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2021/11/5
     ᠴᠠᠭ᠄  2021-11-05      ᠬᠦᠨᠳᠦᠲᠦ ᠵᠣᠴᠢᠨ : ᠪᠠᠶ᠋ᠬᠠᠤᠪᠤᠭ᠎ᠠ ᠠᠭᠤᠷᠬᠠᠶ ᠶᠢᠨ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠡᠦ ᠺᠠᠶ      ᠠᠬᠤᠢ ᠪᠠᠶᠢᠳᠠᠯ᠄        ᠪᠤᠭᠤᠲᠤ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠵᠢᠱᠢᠭᠰᠡᠨ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠮᠵᠢᠯᠲᠠ ᠲᠠᠢ ᠲᠡᠭᠦᠰᠪᠡ᠂ ᠶᠡᠭᠡ ᠬᠤᠷᠠᠯ ᠠᠴᠠ ᠵᠢᠷᠤᠭᠯᠠᠭᠰᠠᠨ ᠠᠤᠭ᠎ᠠ ᠵᠢᠷᠤᠭ ᠲᠥᠯᠥᠪᠯᠡᠭᠡ ᠪᠣᠯ ᠴᠠᠭ ᠦᠶ᠎ᠡ ᠶᠢᠨ ᠤᠷᠢᠶᠠᠯᠠᠭ᠎ᠠ᠂ ᠠᠷᠠᠳ ᠲᠦᠮᠡᠨ ᠤ ᠬᠦᠰᠡᠯ ᠡᠷᠡᠮᠡᠯᠵᠡᠯ ᠮᠥᠨ᠂ ᠨᠡᠩ ᠴᠤ ᠰᠢᠨ᠎ᠡ ᠠᠶᠠᠨ ᠵᠠᠮ ᠳᠤ ᠲᠠᠬᠢᠨ ᠮᠣᠷᠳᠠᠬᠤ ᠲᠠᠶᠢᠴᠢᠯᠠᠯᠳᠠ ᠶᠢᠨ ᠵᠠᠷᠯᠢᠭ ᠮᠥᠨ᠃ ᠬᠤᠷᠠᠯ ᠤᠨ ᠳᠠᠷᠠᠭ᠎ᠠ᠂ ᠪᠠᠶ᠋ᠬᠠᠤᠪᠤᠭ᠎ᠠ ᠠᠭᠤᠷᠬᠠᠢ ᠶᠢᠨ ᠲᠤᠭᠤᠷᠢᠭ ᠦᠳᠲᠡᠷ ᠲᠦᠷᠭᠡᠨ ᠬᠥᠳᠡᠯᠦᠯᠴᠡᠵᠦ ᠲᠡᠷᠡ ᠳᠠᠷᠤᠢ ᠳᠤᠨᠢ ᠪᠤᠭᠤᠲᠤ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠬᠤᠷᠠᠯ ᠠᠴᠠ ᠳᠤᠷᠠᠳᠤᠭᠰᠠᠨ ᠬᠠᠷᠠᠯᠲᠠ᠂ ᠲᠣᠳᠣᠷᠬᠠᠶᠢᠯᠠᠭᠰᠠᠨ ᠡᠭᠦᠷᠭᠡ ᠶᠢ ᠦᠨᠡᠨ ᠬᠦ ᠪᠣᠳᠠᠲᠠᠢ ᠰᠡᠳᠬᠢᠴᠡ᠂ ᠪᠣᠳᠠᠲᠠᠢ ᠠᠷᠭ᠎ᠠ ᠬᠡᠮᠵᠢᠶ᠎ᠠ ᠪᠣᠯᠭᠠᠨ ᠬᠤᠪᠢᠷᠠᠭᠤᠯᠵᠤ᠂ ᠪᠣᠳᠠᠲᠠᠢ ᠲᠦᠷᠦᠯ ᠵᠦᠢᠯ ᠨᠢ ᠪᠦᠬᠦ ᠲᠤᠭᠤᠷᠢᠭ ᠲᠤ ᠠᠵᠢᠯ ᠬᠢᠵᠦ ᠦᠢᠯᠡᠰ ᠪᠤᠰᠬᠠᠬᠤ ᠰᠢᠨ᠎ᠡ ᠥᠷᠨᠢᠯᠲᠡ ᠶᠢ ᠪᠦᠬᠦ ᠲᠠᠯ᠎ᠠ ᠪᠠᠷ ᠪᠤᠢ ᠪᠣᠯᠭᠠᠵᠤ ᠰᠢᠨ᠎ᠡ ᠴᠠᠭ ᠦᠶ᠎ᠡ ᠶᠢᠨ ᠰᠢᠨ᠎ᠡ ᠪᠤᠭᠤᠲᠤ ᠶᠢ ᠪᠦᠳᠦᠭᠡᠨ ᠪᠠᠶᠢᠭᠤᠯᠬᠤ ᠳᠤ ᠪᠠᠶ᠋ᠬᠠᠤᠪᠤᠭ᠎ᠠ ᠠᠭᠤᠷᠬᠠᠶ ᠶᠢᠨ ᠲᠤᠭᠤᠷᠢᠭ ᠤᠨ ᠬᠦᠴᠦᠨ ᠴᠢᠳᠠᠯ ᠢᠶᠠᠨ ᠨᠡᠮᠡᠷᠢᠯᠡᠶ᠎ᠡ᠃          ᠪᠠᠶ᠋ᠬᠠᠤᠪᠤᠭ᠎ᠠ ᠶᠢᠨ ᠤᠯᠠᠨ ᠠᠴᠠ ᠳᠠᠪᠠᠭᠤ ᠨᠦᠬᠦᠴᠡᠯ ᠲᠠᠢ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠰᠢᠭᠯᠠᠵᠤ᠂ ᠬᠤᠪᠣᠷ ᠰᠢᠷᠣᠢ ᠶᠢᠨ ᠨᠡᠷᠡᠶᠢᠳᠤᠯ᠂ ᠡᠬᠢ ᠪᠠᠶᠠᠯᠢᠭ ᠤᠨ ᠨᠡᠷᠡᠶᠢᠳᠤᠯ ᠢ ᠰᠠᠶᠢᠲᠤᠷ ᠲᠠᠯᠪᠢᠵᠤ᠂ ᠪᠣᠯᠪᠠᠰᠤᠷᠠᠭᠤᠯᠤᠯᠲᠠ ᠶᠢ ᠤᠷᠳᠤᠳᠬᠠᠨ ᠬᠡᠯᠬᠢᠶ᠎ᠠ ᠶᠢ ᠨᠦᠬᠦᠪᠦᠷᠢᠯᠡᠨ ᠬᠦᠴᠦᠷᠬᠡᠭᠵᠢᠭᠦᠯᠬᠦ ᠳᠡᠭᠡᠷ᠎ᠡ ᠬᠦᠴᠦ ᠲᠠᠯᠪᠢᠵᠤ᠂ ᠲᠦᠷᠦᠯ ᠵᠦᠢᠯ ᠢᠶᠠᠷ ᠭᠠᠷᠳᠠᠴᠠ ᠪᠤᠯᠭᠠᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠶᠡᠭᠡ ᠪᠠᠷ ᠥᠷᠨᠢᠭᠦᠯᠵᠦ᠂ ᠳᠡᠯᠡᠬᠡᠢ ᠶᠢᠨ ᠰᠢᠨ᠎ᠡ ᠬᠡᠯᠪᠡᠷᠢ ᠶᠢᠨ ᠬᠤᠪᠣᠷ ᠰᠢᠷᠣᠢ ᠶᠢᠨ ᠲᠦᠭᠦᠬᠡᠢ ᠮᠠᠲ᠋ᠧᠷᠢᠶᠠᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠰᠠᠭᠤᠷᠢᠨ ᠭᠠᠵᠠᠷ ᠨᠢ ᠡᠬᠢ ᠪᠠᠶᠠᠯᠢᠭ ᠤᠨ ᠳᠠᠪᠠᠭᠤᠯᠢᠭ ᠢ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠤᠨ᠎ᠠ᠃ ᠲᠠᠯᠪᠢᠬᠤ ᠬᠠᠮᠢᠶᠠᠷᠬᠤ ᠥᠢᠯᠡᠴᠢᠯᠡᠬᠦ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠤᠨ ︽ᠪᠠᠶ᠋ᠬᠠᠤᠪᠤᠭ᠎ᠠ ᠶᠢᠨ ᠬᠤᠷᠳᠤᠴᠠ ᠬᠠᠮᠤᠭ ᠤᠨ ᠬᠢᠯᠪᠠᠷ  ︾᠎ ᠤᠨ ᠥᠢᠯᠡᠴᠢᠯᠡᠭᠡᠨ ᠤ ᠨᠠᠷᠠᠲᠤ ᠲᠡᠮᠳᠡᠭᠲᠦ ᠶᠢ ᠪᠣᠶ ᠪᠣᠯᠭᠠᠵᠤ᠂ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ᠂ ᠠᠵᠤ ᠥᠢᠯᠡᠰ ᠤᠨ ᠣᠷᠴᠢᠨ ᠲᠣᠭᠤᠷᠢᠨ᠂ ᠬᠠᠤᠯᠢ ᠪᠠᠷ ᠵᠠᠰᠠᠬᠤ ᠣᠷᠴᠢᠨ ᠲᠣᠭᠤᠷᠢᠨ ᠪᠠ ᠬᠤᠲᠠ ᠶᠢᠨ ᠣᠷᠴᠢᠨ ᠲᠣᠭᠤᠷᠢᠨ ᠢ ᠲᠠᠰᠤᠷᠠᠯᠲᠠ ᠥᠬᠡᠶ ᠰᠢᠯᠢᠳᠡᠭᠵᠢᠭᠦᠯᠬᠦ ᠬᠡᠷᠡᠭᠲᠡᠢ ᠭᠡᠵᠡᠢ  ᠃      ᠪᠦᠬᠦ ᠬᠤᠳᠠ ᠶᠢᠨ ᠱᠠᠨ ᠪᠸᠢ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠬᠦ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠠᠰᠢᠭᠯᠠᠨ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠤᠳᠠᠭᠳᠠᠯ ᠢ ᠨᠥᠬᠦᠪᠥᠷᠢᠯᠡᠵᠦ᠂ ᠭᠦᠶᠠᠩ ᠰᠢᠶᠠᠨ ᠪᠠ ᠪᠠᠶᠠᠬᠤᠪᠤᠭ᠎ᠠ ᠶᠢᠨ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠤᠭᠤᠲᠤ ᠠᠴᠠ ᠪᠠᠶ᠋ᠬᠠᠤᠪᠤᠭ᠎ᠠ ᠬᠦᠷᠬᠦ ᠲᠡᠮᠦᠷ ᠵᠠᠮ ᠤᠨ ᠬᠤᠷᠳᠤᠴᠠ ᠶᠢ ᠳᠡᠭᠡᠭᠰᠢᠯᠡᠭᠦᠯᠦᠨ ᠥᠭᠡᠷᠡᠴᠢᠯᠡᠬᠦ ᠶᠢ ᠴᠢᠷᠮᠠᠶᠢᠨ ᠠᠬᠢᠭᠤᠯᠵᠤ᠂ ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠠᠶ᠋ᠬᠠᠤᠪᠤᠭ᠎ᠠ ᠠᠭᠤᠷᠬᠠᠶ ᠶᠢᠨ ᠲᠤᠭᠤᠷᠢᠭ ᠤᠨ ᠠᠵᠤ ᠤᠶᠢᠯᠡᠰ ᠤᠨ ᠬᠦᠷᠢᠶᠡᠯᠡᠩ ᠤᠨ ︽ᠨᠠᠢᠮᠠ ᠶᠢ ᠨᠡᠪᠲᠡᠷᠡᠭᠦᠯᠵᠦ ᠨᠢᠭᠡ ᠶᠢ ᠲᠡᠭᠰᠢᠯᠡᠬᠦ︾ ᠰᠠᠭᠤᠷᠢ ᠪᠡᠯᠡᠳᠬᠡᠮᠵᠢ ᠶᠢ ᠪᠥᠲᠥᠭᠡᠨ ᠪᠠᠶᠢᠭᠤᠯᠤᠨ ᠲᠡᠭᠦᠯᠳᠡᠷᠵᠢᠭᠦᠯᠦᠨ᠎ᠡ᠃ ᠠᠷᠠᠳ ᠤᠨ ᠠᠮᠢᠳᠤᠷᠠᠯ ᠨᠡᠶᠢᠭᠡᠮ ᠤᠨ ᠦᠢᠯᠡᠰ ᠤᠨ ᠲᠤᠳᠠᠭᠳᠠᠯ ᠎ ᠢ ᠨᠥᠬᠦᠪᠥᠷᠢᠯᠡᠵᠦ᠂ ᠰᠤᠷᠭᠠᠨ ᠬᠥᠮᠦᠵᠢᠯ ᠡᠮ ᠡᠮᠨᠡᠯᠭᠡ ᠨᠠᠰᠤᠵᠢᠯ ᠤᠨ ᠠᠰᠠᠷᠠᠮᠵᠢ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠬᠦᠯᠬᠦ ᠬᠡᠷᠡᠭᠲᠡᠢ᠃      ᠡᠷᠡᠰ ᠰᠢᠭᠤᠷᠬᠠᠶ ᠪᠠᠷ ᠤᠷᠤᠭᠰᠢᠯᠠᠨ ᠳᠠᠪᠰᠢᠬᠤ᠂ ᠬᠡᠵᠢᠶᠡᠳᠡ ᠬᠤᠶᠢᠷᠭᠤᠰᠢᠬᠤ ᠦᠭᠡᠶ ᠣᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠵᠣᠷᠢᠭᠲᠠᠶ ᠬᠢᠵᠦ ᠵᠣᠷᠢᠭᠲᠠᠶ ᠲᠤᠷᠰᠢᠬᠤ᠂ ᠴᠤᠴᠠᠯᠲᠠ ᠦᠭᠡᠶ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ ᠢᠶᠠᠨ ᠢᠮᠠᠭᠲᠠ ᠪᠠᠷᠢᠮᠲᠠᠯᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠶᠡᠭᠡ ᠶᠠᠪᠤᠳᠠᠯ ᠢ ᠮᠡᠳᠡᠬᠦ᠂ ᠠᠵᠢᠯ ᠬᠢᠬᠦ ᠶᠢ ᠪᠤᠳᠤᠬᠤ᠂ ᠠᠵᠢᠯ ᠬᠢᠵᠦ ᠴᠢᠳᠠᠬᠤ᠂ ᠠᠵᠢᠯ ᠬᠢᠵᠦ ᠪᠦᠲᠦᠭᠡᠬᠦ᠂ ᠠᠵᠢᠯ ᠬᠢᠬᠦ ᠦᠭᠡᠢ᠂ ᠬᠠᠮᠲᠤ ᠠᠵᠢᠯᠯᠠᠬᠤ ᠳᠤᠷᠠᠲᠠᠢ ᠺᠠᠳ᠋ᠷ ᠤᠨ ᠡᠩᠨᠡᠭᠡ ᠶᠢ ᠴᠢᠷᠮᠠᠶᠢᠨ ᠪᠠᠶᠢᠭᠤᠯᠵᠤ᠂ ᠨᠠᠮ ᠪᠣᠯᠤᠨ ᠠᠷᠠᠳ ᠲᠦᠮᠡᠨ ᠳᠤ ᠨᠡᠩ ᠶᠡᠭᠡ ᠢᠷᠠᠭᠤ ᠠᠯᠳᠠᠷ ᠢ ᠲᠡᠮᠡᠴᠡᠨ ᠤᠯᠬᠤ ᠪᠠᠷ ᠴᠢᠷᠮᠠᠶᠢᠵᠤ᠂ ᠴᠡᠴᠡᠭᠯᠡᠨ ᠬᠥᠭᠵᠢᠭᠰᠡᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠪᠤᠭᠤᠲᠤ ᠶᠢ ᠪᠦᠳᠦᠭᠡᠨ ᠪᠠᠶᠢᠭᠤᠯᠬᠤ ᠳᠤ ᠪᠠᠶᠠᠬᠤᠪᠤᠭ᠎ᠠ ᠠᠭᠤᠷᠬᠠᠢ ᠶᠢᠨ ᠲᠤᠭᠤᠷᠢᠭ ᠤᠨ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号