ᠪᠠᠶᠠᠬᠤᠪᠤᠭ᠎ᠠ ᠠᠭᠤᠷᠬᠠᠢ ᠶᠢᠨ ᠲᠤᠭᠤᠷᠢᠭ ᠤᠨ ᠨᠠᠮ ᠤᠨ ᠵᠠᠰᠠᠭ ᠲᠠᠷᠠᠭᠭᠠᠭᠰᠠᠨ〔2021〕1 ᠳ᠋ᠤᠭᠡᠷ ᠲᠤᠭᠠᠳᠤ | | | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠠᠬᠤᠪᠤᠭ᠎ᠠ ᠠᠭᠤᠷᠬᠠᠶ ᠶᠢᠨ ᠲᠤᠭᠤᠷᠢᠭ ᠤᠨ ᠵᠦᠪᠯᠡᠯ ᠪᠠᠶ᠋ᠬᠠᠤᠪᠤᠭ᠎ᠠ ᠠᠭᠤᠷᠬᠠᠶ ᠶᠢᠨ ᠲᠤᠭᠤᠷᠢᠭ ᠤᠨ | ᠠᠷᠠᠳ ᠤᠨ ᠵᠠᠰᠠᠭ ᠤᠨ ᠣᠷᠳᠣᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠪᠣᠶ ᠪᠤᠯᠭᠠᠬᠤ ᠠᠷᠠᠳ ᠤᠨ ᠡᠵᠡᠩᠨᠡᠯᠲᠡ ᠶᠢᠨ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠬᠦ ᠲᠤᠬᠠᠶ ᠬᠡᠷᠡᠭᠵᠢᠭᠦᠯᠬᠦ ᠰᠠᠨᠠᠯ | | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠪᠣᠯᠤᠨ ᠰᠢ ᠶᠢᠨ ᠫᠢᠩ ᠶᠡᠷᠦᠩᠬᠡᠢ ᠱᠦᠵᠢ ᠶᠢᠨ | ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠬᠥᠭᠵᠢᠭᠦᠯᠬᠦ ᠲᠤᠬᠠᠢ ᠴᠢᠬᠤᠯᠠ | ᠥᠭᠦᠯᠡᠯᠲᠡ ᠵᠢᠴᠢ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠶᠢᠨ ᠲᠥᠯᠥᠭᠡ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ | ᠨᠦᠬᠦᠴᠡᠯ ᠢ ᠰᠢᠯᠢᠳᠡᠭᠵᠢᠭᠦᠯᠬᠦ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠲᠤᠬᠠᠶ ᠰᠢᠢᠳᠪᠤᠷᠢᠳᠤ ᠪᠣᠳᠣᠯᠭ᠎ᠠ ᠶᠢᠨ | ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ ᠶᠢᠨ ᠨᠠᠮ ᠤᠨ ᠬᠤᠷᠢᠶ᠎ᠠ ᠶᠢᠨ ᠬᠤᠳᠠᠯᠳᠤᠭ᠎ᠠ ᠡᠷᠭᠢᠯᠡᠬᠦ | ᠣᠷᠴᠢᠨ ᠨᠦᠬᠦᠴᠡᠯ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠨᠠᠨ ᠵᠥᠪᠰᠢᠶᠡᠷᠡᠬᠦ ᠪᠠᠷ ᠬᠠᠮᠤᠭ ᠤᠨ ᠴᠥᠭᠡᠨ᠂ ᠥᠢᠯᠡᠴᠢᠯᠡᠭᠡ ᠪᠠᠷ ᠬᠠᠮᠤᠭ ᠤᠨ ᠰᠠᠶᠢᠨ᠂ | ᠬᠤᠷᠳᠤᠴᠠ ᠪᠠᠷ ᠬᠠᠮᠤᠭ ᠤᠨ ᠲᠦᠷᠭᠡᠨ ᠪᠥᠬᠦ ᠤᠯᠤᠰ ᠤᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠪᠣᠶ ᠪᠤᠯᠭᠠᠵᠤ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠣᠭᠤᠮᠢ ᠶᠢ ᠪᠦᠲᠦᠮᠵᠢᠲᠡᠢ ᠰᠢᠢᠳᠪᠦᠷᠢᠯᠡᠵᠦ᠂ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ | ᠥᠷᠭᠡᠳᠭᠡᠨ ᠬᠠᠳᠠᠭᠠᠯᠠᠯᠲᠠ ᠶᠢᠨ ᠬᠡᠮᠵᠢᠶ᠎ᠠ ᠶᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠰᠢᠪᠲᠤᠯᠤᠯᠲᠠ ᠲᠠᠢ ᠪᠣᠯᠬᠤ ᠶᠢ ᠠᠬᠢᠭᠤᠯᠤᠨ᠎ᠠ᠃ | 《 ᠪᠤᠭᠤᠲᠤ ᠬᠤᠲᠠ ᠶᠢᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠪᠣᠶ ᠪᠣᠯᠭᠠᠵᠤ ᠠᠷᠠᠳ ᠤᠨ ᠡᠵᠡᠩᠨᠡᠯᠲᠡ ᠶᠢᠨ ᠠᠵᠤ | ᠠᠬᠤᠶᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠬᠦ ᠲᠤᠬᠠᠶ ᠬᠡᠷᠡᠭᠵᠢᠭᠦᠯᠬᠦ ᠰᠠᠨᠠᠯ》 ᠢ ᠦᠨᠳᠦᠰᠦᠯᠡᠨ ᠮᠠᠨ ᠤ ᠲᠤᠭᠤᠷᠢᠭ ᠤᠨ ᠪᠣᠳᠠᠲᠠᠶ ᠲᠠᠢ ᠪᠠᠨ | ᠤᠶᠠᠯᠳᠤᠭᠤᠯᠤᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠪᠣᠶ ᠪᠣᠯᠭᠠᠵᠤ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ | ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠬᠦ ᠲᠤᠬᠠᠶ ᠳᠣᠤᠷᠠᠬᠢ ᠮᠡᠲᠦ ᠬᠡᠷᠡᠭᠵᠢᠭᠦᠯᠬᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠴᠢᠬᠤᠯᠠ ᠠᠴᠢ ᠬᠤᠯᠪᠣᠭᠳᠠᠯ ᠲᠠᠢ᠃ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ | ᠲᠡᠰ ᠳᠡᠪᠰᠢᠭᠦᠯᠬᠦ ᠶᠢᠨ ᠭᠤᠣᠯ ᠬᠦᠴᠦᠨ᠂ ᠰᠢᠨ᠎ᠡ ᠶᠢ ᠡᠭᠦᠳᠬᠦ ᠦᠢᠯᠡᠰ ᠪᠤᠰᠬᠠᠬᠤ ᠭᠤᠣᠯ ᠬᠦᠴᠦᠨ᠂ ᠠᠵᠢᠯ ᠣᠯᠭᠤᠯᠲᠠ ᠶᠢ ᠰᠢᠩᠭᠡᠭᠡᠨ ᠠᠪᠬᠤ ᠭᠤᠣᠯ | ᠠᠷᠭ᠎ᠠ ᠵᠠᠮ ᠮᠥᠨ᠂ ᠠᠷᠠᠳ ᠤᠨ ᠡᠵᠡᠩᠨᠡᠯᠲᠡ ᠶᠢᠨ ᠠᠵᠤ ᠠᠬᠤᠢ ᠠᠮᠢᠳᠤᠯᠢᠭ ᠪᠣᠯᠪᠠᠰᠤ ᠪᠦᠬᠦ ᠲᠠᠯ᠎ᠠ ᠪᠠᠷ ᠠᠮᠢᠳᠤᠯᠢᠭ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠬᠥᠭᠵᠢᠪᠡᠯ ᠪᠦᠬᠦ ᠲᠠᠯ᠎ᠠ ᠪᠠᠷ ᠬᠥᠭᠵᠢᠨ᠎ᠡ᠃ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠠᠷᠠᠳ ᠤᠨ ᠡᠵᠡᠩᠨᠡᠯᠲᠡ ᠶᠢᠨ ᠠᠵᠤ | ᠠᠬᠤᠶ ᠶᠢ ᠬᠥᠭᠵᠢᠭᠦᠯᠬᠦ ᠪᠣᠯ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ ᠶᠢᠨ ᠨᠠᠮ ᠤᠨ | ᠬᠤᠷᠢᠶ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠬᠤ ᠶᠢᠨ ᠵᠠᠶᠢᠯᠠᠰᠢ ᠥᠬᠡᠶ ᠱᠠᠭᠠᠷᠳᠠᠯᠭ᠎ᠠ ᠮᠥᠨ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠪᠤᠭᠤᠲᠤ ᠬᠤᠲᠠ ᠶᠢᠨ ᠨᠠᠮ ᠤᠨ ᠬᠤᠷᠢᠶ᠎ᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠤᠰᠬᠠᠶ ᠲᠣᠭᠤᠷᠢᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠬᠢᠬᠦ ᠶᠢᠨ ᠵᠠᠶᠢᠯᠠᠰᠢ ᠥᠬᠡᠶ ᠱᠠᠭᠠᠷᠳᠠᠯᠭ᠎ᠠ᠂ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠠᠷᠠᠳ ᠤᠯᠠᠨ ᠳᠤ ᠥᠭᠡᠷᠡᠴᠢᠯᠡᠯᠲᠡ ᠬᠥᠭᠵᠢᠯᠲᠡ ᠶᠢᠨ ᠦᠷ᠎ᠡ | ᠪᠦᠲᠦᠭᠡᠯ ᠢ ᠬᠠᠮᠲᠤᠪᠠᠷ ᠡᠳ᠋ᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠣᠳᠣᠬᠠᠨ ᠳᠤ ᠮᠠᠨ ᠤ ᠲᠤᠭᠤᠷᠢᠭ ᠤᠨ ᠠᠷᠠᠳ ᠤᠨ ᠡᠵᠡᠩᠨᠡᠯᠲᠡ ᠶᠢᠨ ᠠᠵᠤ | ᠠᠬᠤᠶ ᠶᠢᠨ ᠬᠥᠭᠵᠢᠯᠲᠡ ᠶᠢᠨ ᠬᠡᠪᠴᠢᠶ᠎ᠡ ᠶᠡᠷᠦᠩᠬᠡᠶ ᠬᠡᠮᠵᠢᠶ᠎ᠡ ᠪᠠᠰᠠ ᠲᠡᠶᠢᠮᠦ ᠶᠡᠭᠡ ᠪᠢᠰᠢ᠂ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠪᠠᠰᠠ ᠲᠡᠶᠢᠮᠦ | ᠭᠦᠢᠴᠡᠳ ᠪᠤᠰᠤ ᠪᠠᠶᠢᠵᠤ᠂ ᠴᠥᠭᠡᠨ ᠪᠤᠰᠤ ᠲᠤᠳᠠᠭᠳᠠᠯ ᠪᠠ ᠪᠠᠭᠤᠷᠠᠶ ᠲᠠᠯ᠎ᠠ ᠣᠷᠣᠰᠢᠵᠤ᠂ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠬᠦ ᠣᠷᠴᠢᠨ | ᠨᠦᠬᠦᠴᠡᠯ ᠢ ᠪᠤᠢ ᠪᠣᠯᠭᠠᠵᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠪᠣᠯ ᠴᠢᠬᠤᠯᠠ ᠶᠡᠭᠡ ᠠᠵᠤ ᠠᠬᠤᠢ ᠶᠢᠨ | ᠠᠰᠠᠭᠤᠳᠠᠯ᠂ ᠬᠥᠭᠵᠢᠯᠲᠡ ᠶᠢᠨ ᠠᠰᠠᠭᠤᠳᠠᠯ ᠪᠣᠯᠬᠤ ᠮᠥᠷᠲᠡᠭᠡᠨ ᠪᠠᠰᠠ ᠴᠢᠬᠤᠯᠠ ᠶᠡᠭᠡ ᠨᠡᠶᠢᠭᠡᠮ ᠤᠨ ᠠᠰᠠᠭᠤᠳᠠᠯ ᠤᠯᠤᠰ ᠲᠦᠷᠦ ᠶᠢᠨ ᠠᠰᠠᠭᠤᠳᠠᠯ ᠪᠣᠯᠤᠨ᠎ᠠ | ᠃ ᠪᠢᠳᠡ ᠡᠷᠬᠡᠪᠰᠢ ᠡᠭᠦᠷᠭᠡᠯᠡᠬᠦ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠦᠯᠢᠶᠡᠵᠦ ᠳᠡᠶᠢᠯᠬᠦ ᠦᠭᠡᠢ | ᠤᠳᠠᠭᠠᠨ ᠪᠠᠶᠢᠵᠤ ᠪᠤᠯᠬᠤ ᠦᠭᠡᠢ ᠰᠠᠭᠤᠵᠤ ᠳᠡᠶᠢᠯᠬᠦ ᠦᠭᠡᠢ ᠲᠦᠭᠰᠢᠭᠦᠷᠢᠲᠦ ᠰᠡᠳᠬᠢᠯᠭᠡ᠂ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠷ | ᠪᠦᠬᠦ ᠬᠦᠴᠦᠨ ᠢᠶᠠᠷ ᠢᠶᠠᠨ ᠪᠦᠬᠦ ᠤᠯᠤᠰ ᠤᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠪᠤᠢ ᠪᠣᠯᠭᠠᠵᠤ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠭᠤᠶᠢᠪᠢᠰᠢ ᠦᠭᠡᠢ ᠠᠬᠢᠭᠤᠯᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ | ᠪᠣᠳᠠᠲᠤ ᠬᠦᠴᠦᠨ ᠪᠠ ᠦᠷᠢᠰᠦᠯᠳᠦᠬᠦ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠪᠦᠬᠦ | ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃ | ︵ᠬᠤᠶᠠᠷ︶ ᠵᠢᠯᠣᠭᠤᠳᠬᠤ ᠦᠵᠡᠯ ᠰᠠᠨᠠᠭ᠎ᠠ ᠲᠠᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠪᠠ ᠠᠷᠠᠳ ᠤᠨ | ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠥᠪᠥᠷ ᠮᠣᠩᠭᠤᠯ ᠳᠤ ᠶᠠᠷᠢᠭᠰᠠᠨ | ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ | ᠰᠠᠭᠤᠷᠢᠯᠠᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠢᠲᠡᠭᠡᠯ | ᠵᠣᠷᠢᠭ ᠢᠶᠠᠨ ᠬᠥᠪᠴᠢᠯᠡᠬᠦ ᠪᠠᠷ ᠤᠷᠢᠲᠠᠯ ᠪᠣᠯᠭᠠᠵᠤ᠂ ᠶᠠᠰᠤ ᠴᠢᠨᠠᠷ ᠢ ᠳᠡᠭᠡᠭᠰᠢᠯᠡᠭᠦᠯᠤᠨ ᠨᠡᠮᠡᠭᠳᠡᠯ ᠤᠨ ᠬᠡᠮᠵᠢᠶ᠎ᠠ ᠶᠢ ᠨᠡᠮᠡᠭᠳᠡᠭᠦᠯᠬᠦ ᠪᠠᠷ ᠬᠠᠷᠠᠯᠲᠠ ᠪᠤᠯᠭᠠᠵᠤ᠂ | ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠭᠤᠣᠯᠳᠠᠯᠭ᠎ᠠ ᠪᠤᠯᠭᠠᠨ ᠲᠠᠪᠴᠠᠩ ᠪᠠᠶᠢᠭᠤᠯᠬᠤ ᠪᠠᠷ ᠪᠠᠲᠤᠯᠠᠭ᠎ᠠ ᠪᠣᠯᠭᠠᠵᠤ᠂ ᠨᠡᠩ ᠬᠠᠨᠳᠤᠯᠭᠠᠲᠤ ᠴᠢᠨᠠᠷᠲᠠᠶ ᠨᠡᠩ | ᠪᠦᠲᠦᠮᠵᠢᠲᠡᠶ ᠲᠥᠷᠥ ᠶᠢᠨ ᠪᠣᠳᠣᠯᠭ᠎ᠠ ᠶᠢ ᠲᠣᠭᠲᠠᠭᠠᠵᠤ ᠬᠠᠷᠠᠯᠲᠠ ᠲᠠᠢ ᠪᠠᠷ ᠲᠡᠳᠬᠦᠨ ᠳᠡᠮᠵᠢᠬᠦ ᠬᠦᠴᠦᠯᠠᠴᠠ ᠢᠶᠠᠨ ᠴᠢᠩᠭᠠᠷᠠᠭᠤᠯᠵᠤ᠂ ᠵᠠᠬ᠎ᠠ | ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶᠢᠵᠢᠭᠰᠡᠨ ᠡᠵᠡᠩᠨᠡᠯᠲᠡ ᠶᠢᠨ ᠣᠷᠴᠢᠨ ᠨᠦᠬᠦᠴᠡᠯ ᠢ ᠪᠦᠬᠦ ᠬᠦᠴᠦᠨ ᠢᠶᠠᠷ ᠢᠶᠠᠨ ᠪᠤᠶ ᠪᠣᠯᠭᠠᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ《 ᠵᠠᠬ᠎ᠠ ᠳᠡᠯᠭᠡᠭᠦᠷ ᠤᠨ ᠮᠥᠰᠥᠨ ᠠᠭᠤᠯᠠ᠂ ᠪᠡᠯᠡ ᠬᠤᠷᠠᠮᠳᠤᠭᠤᠯᠬᠤ ᠥᠨᠳᠥᠷ | ᠠᠭᠤᠯᠠ᠂ ᠬᠡᠯᠪᠡᠷᠢ ᠪᠠᠨ ᠬᠤᠪᠢᠷᠠᠭᠤᠯᠬᠤ ᠭᠠᠯᠲᠤ ᠠᠭᠤᠯᠠ》 ᠶᠢ ᠪᠦᠬᠦ ᠬᠦᠴᠦᠨ ᠢᠶᠠᠷ ᠢᠶᠠᠨ ᠰᠢᠢᠳᠪᠤᠷᠢᠯᠠᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠡᠷᠡᠭᠦᠯ ᠢᠶᠠᠷ ᠬᠥᠭᠵᠢᠬᠦ ᠶᠢ ᠠᠬᠢᠭᠤᠯᠤᠨ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠪᠣᠯᠤᠨ ᠪᠦᠲᠦᠭᠡᠯᠴᠢ ᠬᠦᠴᠦᠨ ᠢ | ᠬᠠᠮᠤᠭ ᠤᠨ ᠶᠡᠭᠡ ᠬᠡᠮᠵᠢᠶ᠎ᠠ ᠪᠠᠷ ᠬᠥᠭᠵᠢᠭᠡᠵᠦ᠂《 ᠨᠢᠭᠡ ᠬᠦᠷᠢᠶᠡᠯᠡᠩ ᠲᠣᠭᠤᠷᠢᠭ ᠲᠦᠷᠪᠡᠨ ᠰᠠᠭᠤᠷᠢᠨ ᠭᠠᠵᠠᠷ ᠲᠠᠪᠤᠨ ᠬᠤᠳᠠ ᠶᠢᠨ ᠲᠣᠭᠤᠷᠢᠭ 》 ᠢ | ᠪᠠᠶᠢᠭᠤᠯᠵᠤ᠂ ᠴᠡᠴᠡᠭᠯᠡᠨ ᠮᠠᠨᠳᠤᠬᠤ᠂ ᠬᠦᠭᠵᠢᠨ ᠪᠠᠳᠠᠷᠠᠬᠤ ᠡᠶ᠎ᠡ ᠵᠣᠬᠢᠴᠠᠩᠭᠤᠢ ᠪᠠᠷ ᠣᠷᠣᠰᠢᠨ ᠰᠠᠭᠤᠬᠤ ᠳᠤ ᠲᠠᠭᠠᠯᠠᠮᠵᠢᠲᠠᠢ᠂ ᠠᠮᠢᠵᠢᠷᠠᠯ ᠤᠨ ᠬᠦᠴᠦᠨ ᠢᠶᠠᠷ | ᠪᠢᠯᠬᠠᠮ᠎ᠠ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠪᠠᠶᠠᠬᠤᠪᠤᠭ᠎ᠠ | ᠠᠭᠤᠷᠬᠠᠢ ᠶᠢᠨ ᠲᠤᠭᠤᠷᠢᠭ ᠢ ᠴᠣᠭᠴᠠᠯᠠᠨ᠎ᠠ᠃ | ︵ᠭᠤᠷᠪᠠ︶ ᠦᠨᠳᠦᠰᠦᠨ ᠵᠠᠷᠴᠢᠮ ᠲᠠᠢ᠃ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠪᠠᠷᠢᠮᠲᠠᠯᠠᠨ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ ᠤᠨ | ᠬᠤᠭᠤᠷᠤᠨᠳᠤᠬᠢ ᠬᠠᠷᠢᠴᠠᠭ᠎ᠠ ᠶᠢ ᠰᠠᠶᠢᠲᠤᠷ ᠰᠢᠢᠳᠪᠤᠷᠢᠯᠡᠵᠤ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ ᠵᠠᠬ᠎ᠠ ᠳᠡᠯᠭᠡᠭᠦᠷ ᠤᠨ | ᠡᠮᠬᠢ ᠵᠢᠷᠤᠮ ᠢ ᠵᠢᠷᠤᠮᠵᠢᠭᠤᠯᠤᠨ᠎ᠠ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠦᠵᠡᠯ ᠰᠠᠨᠠᠭ᠎ᠠ ᠪᠠᠨ ᠴᠢᠯᠥᠭᠡᠯᠡᠬᠦ ᠦᠵᠡᠯᠲᠡ ᠪᠠᠨ ᠰᠢᠨᠡᠴᠢᠯᠡᠬᠦ ᠶᠢ | ᠪᠠᠷᠢᠮᠲᠠᠯᠠᠵᠤ᠂ ᠤᠯᠤᠰ ᠤᠨ ᠳᠣᠲᠣᠭᠠᠳᠤ ᠳᠤ ᠪᠠᠨ ᠲᠡᠷᠢᠭᠦᠮᠵᠢᠯᠡᠬᠦ ᠪᠠᠷ ᠪᠠᠷᠢᠮᠵᠢᠶ᠎ᠠ ᠪᠣᠯᠭᠠᠨ ᠲᠦᠷᠦ ᠶᠢᠨ ᠪᠤᠳᠤᠯᠭ᠎ᠠ ᠶᠢᠨ ᠲᠡᠳᠬᠦᠨ ᠳᠡᠮᠵᠢᠬᠦ ᠶᠢ | ᠲᠡᠭᠦᠯᠳᠡᠷᠵᠢᠭᠦᠯᠵᠦ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠬᠦᠴᠦᠯᠡᠨ ᠨᠡᠪᠲᠡᠷᠡᠭᠦᠯᠦᠨ᠎ᠡ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠡᠯᠡᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠤᠰᠬᠠᠭᠰᠠᠨ ᠳᠤᠪᠤᠶᠢᠮ᠎ᠠ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠲᠦᠷᠦ ᠶᠢᠨ ᠪᠤᠳᠤᠯᠭ᠎ᠠ ᠶᠢ ᠵᠦᠪ ᠤᠨᠤᠪᠴᠢᠲᠠᠢ ᠬᠡᠷᠡᠭᠵᠢᠭᠦᠯᠵᠦ᠂ ᠥᠨᠢ ᠤᠳᠠᠭᠠᠨ ᠴᠢᠷᠮᠠᠶᠢᠨ ᠠᠵᠢᠯᠯᠠᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ《ᠡᠪᠬᠡᠮᠡᠯ ᠬᠠᠭᠠᠯᠭ᠎ᠠ》᠂ 《ᠰᠢᠯ ᠬᠠᠭᠠᠯᠭ᠎ᠠ》᠂《 ᠡᠷᠭᠢᠯᠳᠦᠭᠡ ᠬᠠᠭᠠᠯᠭ᠎ᠠ》 ᠶᠢᠨ ᠠᠰᠠᠭᠤᠳᠠᠯ ᠢ | ᠡᠷᠡᠰ ᠠᠷᠢᠯᠭᠠᠨ᠎ᠠ᠃ ᠡᠷᠬᠡ ᠲᠡᠭᠰᠢ ᠪᠠᠷ ᠥᠷᠢᠰᠥᠯᠳᠦᠬᠦ ᠶᠢ ᠪᠠᠷᠢᠮᠲᠠᠯᠠᠵᠤ ᠡᠷᠬᠡ ᠲᠡᠭᠰᠢ ᠪᠠᠷ ᠥᠷᠢᠰᠥᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ᠂ | ᠲᠥᠷᠥ ᠶᠢᠨ ᠪᠣᠳᠣᠯᠭ᠎ᠠ ᠶᠢᠨ ᠣᠷᠴᠢᠨ ᠲᠣᠭᠤᠷᠢᠨ᠂ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠪᠣᠶ ᠪᠣᠯᠭᠠᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠷᠬᠡ | ᠠᠰᠢᠭ᠂ ᠠᠵᠠ ᠲᠣᠬᠢᠶᠠᠯ᠂ ᠲᠦᠷᠢᠮ ᠲᠣᠭᠲᠠᠭᠠᠯ ᠵᠡᠷᠭᠡ ᠡᠷᠬᠡ ᠲᠡᠭᠰᠢ ᠪᠠᠶᠢᠬᠤ ᠶᠢ ᠦᠨᠡᠨᠬᠦ ᠪᠠᠳᠣᠯᠠᠬᠤ ᠬᠡᠷᠡᠭᠲᠡᠢ᠃ | ︵ᠳᠥᠷᠪᠡ︶ ᠭᠤᠤᠯ ᠬᠠᠷᠠᠯᠲᠠ ᠲᠠᠢ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠬᠡᠮᠵᠢᠶᠡᠯᠡᠬᠦ ᠭᠦᠢᠴᠡᠳᠭᠡᠯ ᠲᠤᠭ᠎ᠠ ᠶᠢ ᠤᠯᠤᠰ ᠤᠨ | ᠳᠣᠲᠣᠭᠠᠳᠤ ᠶᠢᠨ ᠲᠡᠷᠢᠭᠦᠨ ᠤ ᠬᠢᠷᠢ ᠲᠦᠪᠰᠢᠨ ᠳᠤ ᠬᠦᠷᠦᠭᠦᠯᠬᠦ ᠶᠢ ᠲᠦᠷᠭᠡᠬᠡᠨ ᠪᠡᠶᠡᠯᠡᠭᠦᠯᠵᠦ᠂ 3 — 5 ᠵᠢᠯ ᠤᠨ ᠬᠤᠭᠤᠴᠠᠭ᠎ᠠ ᠶᠢ ᠬᠡᠷᠡᠭᠯᠡᠵᠦ | ᠪᠠᠶᠢᠭᠠᠳ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ᠂ ᠳᠡᠯᠡᠬᠡᠶᠢᠴᠢᠯᠡᠬᠦ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠨᠳᠦᠰᠦᠨ ᠳᠡᠭᠡᠨ ᠪᠣᠶ | ᠪᠤᠯᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠪᠦᠬᠦᠯᠢ ᠴᠣᠭᠴᠠ ᠶᠢᠨ ᠪᠣᠳᠠᠲᠤ ᠬᠦᠴᠦᠨ ᠪᠠ ᠥᠷᠢᠰᠥᠯᠳᠦᠬᠦ ᠬᠦᠴᠦᠨ ᠢ ᠦᠷᠭᠦᠯᠵᠢᠯᠡᠨ | ᠳᠡᠭᠡᠭᠰᠢᠯᠡᠭᠦᠯᠤᠨ᠂ ᠲᠦᠮᠡᠨ ᠠᠭᠲᠠ ᠶᠢᠨ ᠳᠡᠪᠬᠢᠯᠳᠤᠨ ᠤᠷᠤᠭᠰᠢᠯᠠᠬᠤ ᠬᠥᠭᠵᠢᠯᠲᠡ ᠶᠢᠨ ᠪᠠᠶᠢᠳᠠᠯ ᠢ ᠦᠨᠳᠦᠰᠦᠨ ᠳᠡᠭᠡᠨ ᠪᠦᠷᠢᠯᠳᠤᠭᠦᠯᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠡᠵᠡᠯᠡᠬᠦ ᠬᠠᠷᠢᠴᠠᠯ ᠪᠠ ᠬᠤᠪᠢ ᠨᠡᠮᠡᠷᠢ ᠶᠢ ᠲᠠᠰᠤᠷᠠᠯᠲᠠ ᠦᠭᠡᠢ ᠨᠡᠮᠡᠭᠳᠡᠭᠦᠯᠤᠨ᠎ᠡ᠃ | ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠤᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠪᠠ | ᠭᠤᠭᠴᠤᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠴᠣᠮᠬᠠᠳᠬᠠᠵᠤ᠂ ᠬᠢᠨᠠᠨ ᠵᠥᠪᠰᠢᠶᠡᠷᠡᠬᠦ ᠶᠠᠪᠤᠴᠠ ᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠦᠨ ᠳᠠᠬᠢᠨ | ᠪᠣᠶ ᠪᠣᠯᠭᠠᠵᠤ᠂ ᠲᠤᠭᠤᠷᠢᠭ ᠤᠨ ᠲᠣᠰ ᠱᠠᠲᠤᠨ ᠤ ᠬᠢᠨᠠᠨ ᠵᠥᠪᠰᠢᠶᠡᠷᠡᠬᠦ᠂ ᠥᠢᠯᠡᠴᠢᠯᠡᠭᠡᠨ ᠤ ᠵᠦᠢᠯᠡᠰ ᠢ 100% ᠪᠠᠷ《ᠬᠠᠮᠤᠭ ᠤᠨ ᠠᠷᠪᠢᠨ ᠳᠠᠭᠠᠨ | ᠨᠢᠭᠡ ᠯᠠ ᠤᠳᠠᠭ᠎ᠠ ᠭᠦᠶᠤᠬᠦ》 ᠶᠢ ᠪᠡᠶᠡᠯᠡᠭᠦᠯᠵᠦ᠂ ᠪᠣᠶ ᠪᠥᠬᠦᠶ ᠭᠤᠶᠤᠴᠢᠯᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ᠂ ᠥᠢᠯᠡᠴᠢᠯᠡᠭᠡᠨ ᠤ | ᠵᠦᠢᠯᠡᠰ ᠢ《 ᠨᠢᠭᠡ ᠰᠦᠯᠵᠢᠶ᠎ᠡ ᠪᠠᠷ ᠰᠢᠢᠳᠪᠤᠷᠢᠯᠡᠬᠦ》᠂《 ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠤᠷᠢᠯᠡᠬᠦ 》᠂《 ᠠᠭᠤᠯᠵᠠᠬᠤ ᠥᠬᠡᠶ ᠪᠠᠷ ᠬᠢᠨᠠᠨ | ᠵᠥᠪᠰᠢᠶᠡᠷᠡᠬᠦ》 ᠶᠢ ᠪᠡᠶᠡᠯᠡᠭᠦᠯᠦᠨ᠎ᠡ᠃《 ᠬᠤᠶᠠᠷ ᠢ ᠰᠤᠭᠤᠴᠢᠵᠤ ᠨᠢᠭᠡ ᠶᠢ ᠢᠯᠡ ᠪᠣᠯᠭᠠᠬᠤ》ᠬᠢᠨᠠᠯᠲᠠ ᠬᠠᠮᠢᠶᠠᠷᠤᠯᠲᠠ ᠶᠢ ᠪᠦᠬᠦᠨ ᠢ ᠬᠠᠮᠤᠷᠬᠤ ᠶᠢ | ᠪᠠᠶᠡᠯᠡᠭᠦᠯᠤᠨ ᠰᠢᠨ᠎ᠡ ᠠᠵᠤ ᠥᠢᠯᠡᠰ᠂ ᠰᠢᠨ᠎ᠡ ᠡᠵᠡᠩᠨᠡᠯᠳᠡ ᠶᠢᠨ ᠬᠡᠯᠪᠡᠷᠢ ᠪᠠᠶᠢᠳᠠᠯ ᠂ ᠰᠢᠨ᠎ᠡ ᠵᠠᠭᠪᠤᠷ ᠢ ᠪᠠᠭᠲᠠᠭᠠᠮᠵᠢᠲᠠᠶ ᠬᠢᠨᠠᠯᠲᠠ ᠬᠠᠮᠢᠶᠠᠷᠤᠯᠲᠠ ᠶᠢ | ᠬᠡᠪ ᠤᠨ ᠪᠠᠶᠢᠳᠠᠯ ᠪᠣᠯᠭᠠᠵᠤ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠤᠨ ᠠᠷᠠᠯᠵᠢᠶ᠎ᠠ ᠶᠢᠨ ᠴᠢᠯᠥᠭᠡᠵᠢᠯᠲᠡ᠂ ᠳᠥᠭᠦᠮᠴᠢᠯᠡᠯᠲᠡ ᠶᠢᠨ ᠬᠡᠮᠵᠢᠶ᠎ᠡ ᠪᠠ | ᠰᠠᠭᠤᠭᠠᠯᠢ ᠠᠷᠠᠳ ᠤᠨ ᠠᠵᠢᠯ ᠠᠮᠢᠳᠤᠷᠠᠯ ᠤᠨ ᠶᠠᠰᠤ ᠴᠢᠨᠠᠷᠵᠢᠯᠲᠠ᠂ ᠳᠥᠭᠦᠮᠴᠢᠯᠡᠯᠲᠡ ᠶᠢᠨ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠦᠨ᠎ᠡ᠃ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠷᠭᠦᠯᠵᠢᠯᠡᠨ ᠳᠡᠭᠡᠭᠰᠢᠯᠡᠬᠦᠯᠭᠦ ᠬᠡᠷᠡᠭᠲᠡᠢ᠃ ᠵᠢᠷᠤᠮᠵᠢᠭᠰᠠᠨ᠂ ᠪᠠᠷᠢᠮᠵᠢᠶᠠᠵᠢᠭᠰᠠᠨ᠂ ᠤᠶᠤᠨᠴᠢᠯᠠᠭᠰᠠᠨ | ᠠᠵᠢᠯ ᠶᠠᠪᠤᠳᠠᠯ ᠡᠷᠬᠢᠯᠡᠬᠦ ᠵᠦᠭᠯᠡᠭᠦᠷ ᠪᠠ ᠶᠠᠪᠤᠴᠠ ᠢ ᠲᠣᠭᠲᠠᠭᠠᠨ ᠬᠡᠷᠡᠭᠵᠢᠭᠦᠯᠵᠦ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠡᠭᠦᠳᠤᠨ᠂ | ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠤᠬᠠᠮᠰᠠᠷ ᠢᠶᠠᠨ ᠴᠢᠩᠭᠠᠷᠠᠭᠤᠯᠤᠨ ᠠᠵᠤ ᠠᠬᠤᠶᠢᠯᠠᠯ ᠤᠨ ᠪᠡᠯᠡ ᠣᠷᠣᠭᠤᠯᠤᠯᠲᠠ ᠬᠥᠭᠵᠢᠯᠲᠡ ᠶᠢᠨ ᠦᠶᠡᠯᠡᠯ ᠤᠨ | ᠬᠤᠭᠤᠴᠠᠭᠠᠨ ᠤ ᠦᠢᠯᠡᠴᠢᠯᠡᠭᠡᠨ ᠤ ᠰᠢᠰᠲ᠋ᠧᠮ ᠪᠠ 《 ᠬᠠᠮᠢᠶᠠᠷᠤᠭᠴᠢ ᠮᠠᠶ᠋ᠢᠭ》 ᠤᠨ ᠬᠤᠳᠠᠯᠳᠤᠭᠠᠴᠢᠨ ᠤᠷᠢᠵᠤ ᠬᠤᠳᠠᠯᠳᠤᠭᠠᠴᠢᠨ ᠢ ᠠᠮᠤᠷᠵᠢᠭᠤᠯᠬᠤ | ᠲᠠᠪᠴᠠᠩ ᠢ ᠪᠦᠬᠦ ᠲᠠᠯ᠎ᠠ ᠪᠠᠷ ᠪᠠᠶᠢᠭᠤᠯᠵᠤ《 ᠠᠵᠢᠯ ᠶᠠᠪᠤᠳᠠᠯ ᠭᠦᠢᠴᠡᠳᠭᠡᠬᠦ ᠳᠡᠭᠡᠨ ᠪᠤᠰᠤᠳ ᠢ ᠭᠤᠶᠤᠬᠤ ᠦᠭᠡᠢ》 ᠪᠠᠶᠢᠬᠤ ᠶᠢ ᠪᠦᠬᠦ ᠲᠠᠯ᠎ᠠ ᠪᠠᠷ | ᠪᠡᠶᠡᠯᠡᠭᠦᠯᠤᠨ᠎ᠡ᠃ | ᠪᠡᠯᠡ ᠣᠷᠣᠭᠤᠯᠤᠯᠲᠠ ᠶᠢᠨ ᠠᠮᠢ ᠠᠬᠤᠶ ᠶᠢ ᠪᠦᠬᠦ ᠲᠠᠯ᠎ᠠ ᠪᠠᠷ ᠰᠢᠯᠢᠳᠡᠭᠵᠢᠭᠦᠯᠤᠨ᠎ᠡ᠃ ᠲᠥᠷᠥ ᠶᠢᠨ ᠪᠣᠳᠣᠯᠭ᠎ᠠ ᠶᠢᠨ ᠲᠣᠭᠲᠠᠪᠤᠷᠢᠲᠤ ᠴᠢᠨᠠᠷ ᠪᠠ ᠢᠯᠡ | ᠲᠣᠳᠣ ᠶᠢᠨ ᠬᠡᠮᠵᠢᠶ᠎ᠡ ᠶᠢ ᠦᠨᠡᠨᠬᠦ ᠨᠡᠮᠡᠭᠳᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠠᠯᠠ ᠣᠷᠣᠭᠤᠯᠤᠨ ᠬᠥᠭᠵᠢᠭᠦᠯᠬᠦ ᠢᠲᠡᠭᠡᠯ ᠪᠠ | ᠵᠢᠱᠢᠯᠲᠡ ᠶᠢ ᠪᠦᠲᠦᠮᠵᠢᠲᠡᠶ ᠪᠠᠷ ᠨᠡᠮᠡᠭᠳᠡᠭᠦᠯᠦᠨ ᠨᠢᠭᠡ ᠪᠦᠯᠦᠭ ᠬᠥᠲᠥᠯᠦᠨ ᠳᠠᠭᠠᠭᠤᠯᠬᠤ ᠴᠢᠨᠠᠷᠲᠠᠶ᠂ ᠬᠡᠪ ᠳᠠᠭᠤᠷᠢᠶᠠᠯ ᠤᠨ ᠴᠢᠨᠠᠷᠲᠠᠶ ᠲᠣᠮᠣ ᠲᠦᠷᠤᠯ ᠵᠦᠢᠯ | ᠪᠠ ᠴᠢᠨᠠᠷ ᠰᠠᠶᠢᠲᠠᠶ ᠠᠵᠤ ᠠᠬᠤᠶᠢᠯᠠᠯ ᠢ ᠶᠡᠬᠡᠪᠡᠷ ᠣᠷᠣᠭᠤᠯᠤᠨ ᠠᠪᠴᠢᠷᠠᠵᠤ ᠬᠡᠷᠡᠭᠵᠢᠭᠦᠯᠦᠨ ᠨᠢᠭᠡ ᠪᠦᠯᠦᠭ ᠲᠤᠰᠬᠠᠶ ᠨᠠᠷᠢᠯᠢᠭ ᠰᠢᠨ᠎ᠡ ᠳᠤᠮᠳᠠ ᠵᠢᠵᠢᠭ | ᠪᠢᠴᠢᠯ ᠠᠵᠤ ᠠᠬᠤᠶᠢᠯᠠᠯ ᠢ ᠪᠤᠶᠢᠵᠢᠭᠤᠯᠤᠨ ᠬᠥᠭᠵᠢᠭᠦᠯᠵᠦ᠂ ᠪᠠᠶᠠᠬᠤᠪᠤᠭ᠎ᠠ ᠠᠭᠤᠷᠬᠠᠶᠶᠢᠨ ᠲᠤᠭᠤᠷᠢᠭ ᠤᠨ ᠠᠵᠤ ᠠᠬᠤᠶᠢᠯᠠᠯᠲᠠᠨ ᠤ ᠠᠵᠢᠯ ᠬᠢᠵᠦ ᠠᠳᠠᠯ | ᠥᠢᠯᠡᠰ ᠴᠣᠭᠴᠠᠯᠠᠬᠤ ᠶᠢᠨ ᠵᠢᠷᠭᠠᠯᠠᠩᠲᠤ ᠣᠷᠣᠨ ᠪᠣᠯᠭᠠᠬᠤ ᠪᠠᠷ ᠴᠢᠷᠮᠠᠶᠢᠨ᠎ᠠ᠃ | ᠬᠥᠭᠵᠢᠯᠲᠡ ᠶᠢᠨ ᠠᠮᠢᠳᠤᠯᠢᠭ ᠬᠦᠴᠦᠨ ᠢ ᠲᠦᠷᠭᠡᠪᠴᠢᠯᠡᠨ ᠪᠠᠳᠠᠷᠠᠭᠤᠯᠤᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠤᠰᠬᠠᠭᠰᠠᠨ | ᠡᠪᠡᠷᠰᠢᠶᠡᠯ᠂ ᠲᠦᠭᠵᠢᠷᠡᠯ᠂ ᠬᠦᠴᠢᠷ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠲᠡᠦᠬᠡᠨ ᠠᠴᠠ ᠦᠯᠡᠳᠡᠭᠳᠡᠵᠦ | ᠢᠷᠡᠭᠰᠡᠨ ᠨᠢᠭᠡ ᠪᠦᠯᠦᠭ ᠠᠰᠠᠭᠤᠳᠠᠯ ᠢ ᠵᠣᠬᠢᠰᠲᠠᠢ ᠰᠢᠢᠳᠪᠦᠷᠢᠯᠡᠵᠦ᠂ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ | ᠬᠠᠮᠠᠭᠠᠯᠠᠵᠤ᠂ ᠳᠣᠲᠣᠨᠣ ᠴᠢᠬᠡᠴᠢ ᠰᠢᠨ᠎ᠡ ᠬᠡᠯᠪᠡᠷᠢ ᠶᠢᠨ ᠵᠠᠰᠠᠭ ᠬᠤᠳᠠᠯᠳᠤᠭᠠᠨ ᠤ ᠬᠠᠷᠢᠴᠠᠭ᠎ᠠ ᠶᠢ ᠪᠦᠬᠦ ᠲᠠᠯ᠎ᠠ ᠪᠠᠷ ᠪᠠᠶᠢᠭᠤᠯᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠡᠷᠬᠡ ᠲᠡᠭᠰᠢ ᠪᠠᠷ ᠦᠷᠢᠰᠦᠯᠳᠦᠬᠦ ᠣᠷᠴᠢᠨ ᠲᠣᠭᠤᠷᠢᠨ ᠢ ᠲᠡᠭᠦᠯᠳᠡᠷᠵᠢᠭᠦᠯᠵᠦ᠂ ᠨᠡᠩ ᠨᠡᠭᠡᠭᠡᠯᠲᠡᠲᠡᠢ ᠡᠷᠬᠡ ᠲᠡᠭᠰᠢ | ᠪᠦᠲᠦᠮᠵᠢᠲᠡᠢ ᠵᠠᠬ᠎ᠠ ᠳᠡᠯᠭᠡᠭᠦᠷ ᠤᠨ ᠲᠣᠭᠲᠠᠴᠠ ᠶᠢ ᠪᠠᠶᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠠᠮᠤᠭ ᠤᠨ ᠶᠡᠭᠡ ᠬᠡᠮᠵᠢᠶ᠎ᠠ ᠪᠠᠷ | ᠬᠥᠭᠵᠢᠭᠡᠨ᠎ᠡ᠃ | ᠬᠤᠶᠠᠷ᠂ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ | ︵ᠨᠢᠭᠡ︶ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠳᠥᠭᠦᠮᠴᠢᠯᠡᠨ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ | ᠬᠤᠪᠢ ᠬᠥᠮᠦᠨ ᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ᠢᠵᠢ ᠪᠥᠷᠢᠳᠦᠭᠦᠯᠬᠦ | ᠪᠡᠯᠡᠳᠬᠡᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠯᠠᠨ ᠲᠠᠰ ᠳᠠᠪᠬᠤᠷᠭ᠎ᠠ᠂ ᠥᠨᠳᠥᠷ ᠬᠢᠷᠢ ᠲᠦᠪᠰᠢᠨ ᠪᠥᠬᠦᠶ ᠣᠯᠠᠨ ᠨᠡᠶᠢᠲᠡ ᠶᠢᠨ | ᠥᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ《10 ᠮᠢᠨᠦ᠋ᠲ ᠤᠨ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ᠬᠦᠷᠢᠶ᠎ᠡ》ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠤᠨ ᠠᠵᠢᠯ ᠶᠠᠪᠤᠳᠠᠯ ᠭᠦᠢᠴᠡᠳᠭᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠪᠠ ᠬᠤᠪᠢ ᠬᠥᠮᠦᠨ ᠳᠤ | ᠳᠥᠭᠦᠮ ᠳᠥᠲᠡ᠂ ᠥᠨᠳᠥᠷ ᠦᠷ᠎ᠡ ᠪᠦᠲᠦᠮᠵᠢᠲᠡᠶ ᠵᠠᠰᠠᠭ ᠤᠨ ᠶᠠᠪᠤᠳᠠᠯ ᠤᠨ ᠥᠢᠯᠡᠴᠢᠯᠡᠭᠡ ᠬᠠᠩᠭᠠᠨ᠎ᠠ᠃ ᠨᠠᠰᠤᠲᠠᠶᠢᠴᠤᠳ ᠤᠨ ᠥᠢᠯᠡᠴᠢᠯᠡᠭᠡᠨ ᠤ ᠲᠤᠰᠬᠠᠶ | ᠴᠣᠩᠬᠤ ᠭᠠᠷᠭᠠᠵᠤ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠤᠯᠠᠮ ᠨᠢᠭᠡ ᠠᠯᠬᠤᠮ ᠠᠬᠢᠭᠤᠯᠤᠨ ᠵᠠᠰᠠᠭ ᠤᠨ ᠶᠠᠪᠤᠳᠠᠯ ᠤᠨ | ᠥᠢᠯᠡᠴᠢᠯᠡᠭᠡ ᠶᠢ ᠰᠢᠯᠢᠳᠡᠭᠵᠢᠭᠦᠯᠵᠦ᠂ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠤᠨ ᠬᠢᠷᠢ ᠬᠡᠮ ᠢ ᠭᠡᠷᠡᠴᠢᠯᠡᠬᠦ᠂ ᠨᠡᠮᠡᠭᠦᠷᠢ ᠨᠥᠬᠦᠪᠥᠷᠢ ᠠᠪᠬᠤ ᠵᠡᠷᠭᠡ | ᠨᠠᠰᠤᠲᠠᠶᠢᠴᠤᠳ ᠤᠨ ᠥᠨᠳᠥᠷ ᠲᠠᠪᠳᠠᠮᠵᠢᠳᠤ ᠥᠢᠯᠡᠴᠢᠯᠡᠭᠡᠨ ᠤ ᠵᠦᠢᠯᠡᠰ ᠢ ᠳᠥᠭᠦᠮ ᠳᠥᠲᠡ ᠭᠦᠢᠴᠡᠳᠭᠡᠬᠦ ᠶᠢ ᠪᠡᠶᠡᠯᠡᠭᠦᠯᠵᠦ᠂ ᠨᠠᠰᠤᠲᠠᠶᠢᠴᠤᠳ ᠤᠨ ᠠᠵᠢᠯ | ᠶᠠᠪᠤᠳᠠᠯ ᠭᠦᠢᠴᠡᠳᠭᠡᠬᠦ ᠳᠤ ᠳᠤᠲᠠᠭᠤ ᠭᠦᠶᠦᠯᠭᠡᠬᠦ᠂ ᠨᠥᠬᠦᠴᠡᠯ ᠪᠦᠷᠢᠯᠳᠦᠭᠦᠯᠵᠦ ᠪᠠᠶᠢᠭᠠᠳ《 24 ᠴᠠᠭ ᠤᠨ ᠠᠦ᠋ᠲ᠋ᠣ᠋ ᠥᠢᠯᠡᠴᠢᠯᠡᠭᠡ》ᠬᠠᠩᠭᠠᠵᠤ᠂ | ᠠᠦ᠋ᠲ᠋ᠣ᠋ ᠥᠢᠯᠡᠴᠢᠯᠡᠭᠡ ᠲᠣᠨᠤᠭ ᠲᠥᠬᠦᠭᠡᠷᠦᠮᠵᠢ ᠶᠢ ᠪᠠᠶᠠᠯᠢᠭᠵᠢᠭᠤᠯᠤᠨ ᠠᠵᠤ ᠠᠬᠤᠶᠢᠯᠠᠯ ᠪᠠ ᠬᠤᠪᠢ ᠬᠥᠮᠦᠨ ᠤ ᠪᠥᠬᠦ ᠡᠳᠦᠷ ᠢᠶᠠᠷ ᠢᠶᠠᠨ ᠠᠦ᠋ᠲ᠋ᠣ᠋ | ᠥᠢᠯᠡᠴᠢᠯᠡᠭᠡ ᠭᠦᠢᠴᠡᠳᠭᠡᠬᠦ ᠶᠢ ᠪᠠᠲᠤᠯᠠᠬᠤ ᠬᠡᠷᠡᠭᠲᠡᠶ᠃ | ᠠᠵᠤ ᠠᠬᠤᠶᠢᠯᠠᠯ ᠤᠨ ᠨᠡᠭᠡᠭᠡᠨ ᠡᠷᠭᠢᠯᠡᠬᠦ ᠬᠦᠴᠦᠨ ᠥᠬᠡᠶ ᠪᠣᠯᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ | ᠳᠡᠩᠰᠡᠯᠡᠯᠲᠡ ᠶᠢᠨ ᠪᠥᠬᠦ ᠶᠠᠪᠤᠴᠠ ᠶᠢ ᠡᠯᠤᠺᠲᠷᠤᠨᠴᠢᠯᠠᠬᠤ ᠶᠢ ᠭᠦᠨᠵᠡᠭᠡᠶ ᠥᠷᠨᠢᠭᠦᠯᠵᠦ᠂《 ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠤᠷᠢᠯᠷᠬᠦ᠂ ᠨᠢᠭᠡ | ᠬᠦᠰᠦᠨᠦᠭᠲᠦ ᠪᠠᠷ ᠲᠠᠭᠯᠠᠨ ᠮᠡᠳᠡᠭᠦᠯᠬᠦ᠂ ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠭᠡᠬᠦ 》 ᠶᠢ ᠬᠡᠷᠡᠭᠵᠢᠭᠦᠯᠦᠨ ᠠᠵᠤ ᠠᠬᠤᠶᠢᠯᠠᠯ ᠨᠡᠭᠡᠭᠡᠨ ᠡᠷᠭᠢᠯᠡᠬᠦ | ᠠᠵᠢᠯ ᠤᠨ ᠳᠤᠭᠤᠶᠢᠯᠠᠩ ᠪᠠᠶᠢᠭᠤᠯᠵᠤ᠂ ᠠᠵᠤ ᠠᠬᠤᠶᠢᠯᠠᠯ ᠨᠡᠭᠡᠭᠡᠨ ᠡᠷᠭᠢᠯᠡᠬᠦ ᠲᠤᠰᠬᠠᠶ ᠴᠣᠩᠬᠤ ᠭᠠᠷᠭᠠᠬᠤ᠂ ᠲᠤᠰᠬᠠᠶ ᠲᠤᠰᠢᠶᠠᠯᠲᠠᠨ ᠭᠠᠷᠭᠠᠬᠤ᠂ ᠠᠵᠤ | ᠠᠬᠤᠶᠢᠯᠠᠯ ᠪᠠᠶᠢᠭᠤᠯᠤᠨ ᠳᠠᠩᠰᠠᠯᠠᠬᠤ᠂ ᠲᠠᠮᠠᠭ᠎ᠠ ᠰᠡᠶᠢᠯᠬᠦ᠂ ᠪᠠᠷᠢᠮᠲᠠ ᠭᠤᠶᠤᠴᠢᠯᠠᠨ ᠠᠪᠬᠤ᠂ ᠨᠡᠶᠢᠭᠡᠮ ᠤᠨ ᠳᠠᠭᠠᠳᠬᠠᠯ ᠡᠮᠴᠢᠯᠡᠭᠡᠨ ᠤ ᠳᠠᠭᠠᠳᠬᠠᠯ ᠤᠨ | ᠳᠡᠩᠰᠡᠯᠡᠯᠲᠡ ᠶᠢ 0.5 ᠠᠵᠢᠯᠯᠠᠬᠤ ᠡᠳᠦᠷ ᠲᠤ ᠭᠦᠢᠴᠡᠳᠭᠡᠵᠤ ᠳᠠᠭᠤᠰᠬᠠᠬᠤ ᠶᠢ ᠪᠡᠶᠡᠯᠡᠭᠦᠯᠵᠦ᠂ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠳᠤ | ᠰᠦᠢᠳᠭᠡᠯ ᠬᠤᠷᠢᠶᠠᠬᠤ ᠥᠬᠡᠶ ᠪᠠᠷ ᠲᠠᠮᠠᠭ᠎ᠠ ᠣᠯᠭᠤᠨ᠎ᠠ᠃《ᠦᠨᠡᠮᠯᠡᠯ ᠪᠠ ᠦᠨᠡᠮᠯᠡᠯ ᠢ ᠰᠠᠯᠭᠠᠬᠤ 》 ᠥᠭᠡᠷᠡᠴᠢᠯᠡᠯᠲᠡ ᠶᠢ ᠠᠬᠢᠭᠤᠯᠵᠤ᠂《ᠦᠨᠡᠮᠯᠡᠯ | ᠠᠪᠤᠭᠰᠠᠨ ᠤ ᠳᠠᠷᠠᠭ᠎ᠠ ᠦᠨᠡᠮᠯᠡᠯ ᠢ ᠬᠠᠰᠤᠬᠤ》 ᠶᠢ ᠪᠡᠶᠡᠯᠡᠭᠦᠯᠵᠦ᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠭᠡ ᠶᠢᠨ ᠲᠠᠩᠰᠠᠯᠠᠨ ᠡᠵᠡᠩᠨᠡᠬᠦ ᠲᠠᠯᠠᠪᠤᠷ ᠭᠠᠵᠠᠷ ᠤᠨ ᠬᠢᠵᠠᠭᠠᠷᠯᠠᠯ ᠢ ᠠᠭᠤᠵᠢᠭᠤ ᠪᠣᠯᠭᠠᠨ᠎ᠠ᠃ ᠲᠦᠭᠦᠮ ᠢᠶᠠᠷ ᠬᠦᠴᠦᠨ ᠦᠭᠡᠢ ᠪᠣᠯᠭᠠᠬᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠬᠦᠴᠦᠨ ᠦᠭᠡᠢ ᠪᠣᠯᠭᠠᠬᠤ《 ᠨᠢᠭᠡ ᠰᠦᠯᠵᠢᠶ᠎ᠡ ᠪᠠᠷ ᠭᠦᠢᠴᠡᠳᠭᠡᠬᠦ》 ᠶᠢ ᠬᠡᠷᠡᠭᠵᠢᠭᠦᠯᠵᠦ᠂ | ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠬᠡᠷᠡᠭᠵᠢᠭᠦᠯᠵᠦ᠂ ᠨᠥᠬᠦᠴᠡᠯ ᠳᠤ ᠨᠡᠶᠢᠴᠡᠭᠰᠡᠨ ᠬᠦᠴᠦᠨ ᠦᠭᠡᠢ ᠪᠣᠯᠭᠠᠭᠰᠠᠨ ᠮᠠᠲ᠋ᠧᠷᠢᠶᠠᠯ | ᠨᠢ ᠪᠦᠷᠢᠨ ᠭᠦᠢᠴᠡᠳ ᠪᠠᠶᠢᠪᠠᠯ ᠳᠠᠷᠤᠶ ᠳᠤᠨᠢ ᠰᠢᠢᠳᠪᠣᠷᠢᠯᠠᠵᠤ ᠳᠠᠭᠤᠰᠬᠠᠨ᠎ᠠ᠃ ᠡᠯᠧᠺᠲᠷᠣᠨ ᠡᠵᠡᠩᠨᠡᠯᠲᠡ ᠶᠢᠨ ᠦᠨᠡᠮᠯᠡᠯ᠂ ᠡᠯᠧᠺᠲᠷᠣᠨ ᠭᠠᠷ ᠤᠨ ᠥᠰᠥᠭ᠂ | ᠡᠯᠧᠺᠲᠷᠣᠨ ᠭᠡᠷ᠎ᠡ ᠵᠢᠴᠢ ᠡᠯᠧᠺᠲᠷᠣᠨ ᠲᠠᠮᠠᠭ᠎ᠠ ᠶᠢ ᠮᠡᠳᠡᠷᠡᠨ ᠵᠥᠪᠰᠢᠶᠡᠷᠡᠬᠦ ᠪᠠ ᠬᠡᠷᠡᠭᠯᠡᠬᠦ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠤᠨ ᠪᠢᠴᠢᠭ | ᠮᠠᠲ᠋ᠧᠷᠢᠶᠠᠯ ᠡᠷᠭᠢᠯᠡᠨ ᠢᠯᠡᠭᠡᠬᠦ᠂ ᠭᠡᠷᠡᠴᠢ ᠪᠠᠷᠢᠮᠲᠠ ᠶᠢ ᠠᠦ᠋ᠲ᠋ᠣ᠋ ᠳᠠᠷᠤᠮᠠᠯᠯᠠᠬᠤ ᠥᠢᠯᠡᠴᠢᠯᠡᠭᠡᠨ ᠢ ᠶᠡᠬᠡᠪᠡᠷ ᠠᠬᠢᠭᠤᠯᠤᠨ᠎ᠠ᠃ | ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠵᠥᠪᠰᠢᠶᠡᠷᠡᠬᠦ ᠪᠠ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠤᠨ᠎ᠠ᠃ | ᠪᠠᠷᠢᠯᠭ᠎ᠠ ᠶᠢᠨ ᠵᠥᠪᠰᠢᠶᠡᠷᠡᠯ ᠢ ᠭᠦᠢᠴᠡᠳᠭᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠬᠦ ᠪᠠᠷ ᠭᠤᠤᠯᠳᠠᠯᠭ᠎ᠠ ᠪᠣᠯᠭᠠᠵᠤ᠂《ᠬᠢᠨᠠᠨ ᠵᠥᠪᠰᠢᠶᠡᠷᠡᠵᠦ | ᠮᠥᠰᠥ ᠬᠠᠭᠠᠯᠬᠤ 》 ᠢᠨᠵᠧᠨᠧᠷᠢᠩ ᠢ ᠬᠡᠷᠡᠭᠵᠢᠭᠦᠯᠦᠨ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠠᠭᠠᠰᠬᠠᠬᠤ᠂ ᠥᠢᠯᠡᠴᠢᠯᠡᠭᠡ ᠶᠢ ᠳᠡᠭᠡᠭᠰᠢᠯᠡᠭᠦᠯᠬᠦ᠂ | ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠶᠢ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠪᠥᠬᠦ ᠲᠠᠯ᠎ᠠ ᠪᠠᠷ ᠰᠠᠶᠢᠵᠢᠷᠠᠭᠤᠯᠤᠨ᠎ᠠ᠃ | ᠨᠡᠶᠢᠭᠡᠮ ᠤᠨ ᠪᠠᠯᠠ ᠣᠷᠣᠭᠤᠯᠤᠯᠲᠠ ᠶᠢᠨ ᠲᠥᠬᠦᠮ ᠪᠥᠭᠡᠳ ᠳᠣᠤᠷ᠎ᠠ ᠲᠦᠭᠰᠢᠭᠦᠷᠢ ᠲᠠᠢ ᠲᠥᠷᠥᠯ ᠵᠦᠢᠯ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠵᠢᠷᠤᠭ | ᠲᠥᠯᠥᠪᠯᠡᠭᠡ ᠶᠢᠨ ᠲᠥᠰᠦᠯ ᠢ ᠬᠢᠨᠠᠨ ᠪᠠᠶᠢᠴᠠᠭᠠᠬᠤ᠂ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠵᠡᠷᠭᠡ ᠬᠢᠨᠠᠨ ᠵᠥᠪᠰᠢᠶᠡᠷᠡᠬᠦ ᠭᠤᠭᠴᠤᠭ᠎ᠠ ᠶᠢ ᠬᠦᠴᠦᠨ | ᠥᠬᠡᠶ ᠪᠣᠯᠭᠠᠵᠤ᠂ ᠲᠥᠬᠦᠮ ᠪᠥᠭᠡᠳ ᠳᠣᠤᠷ᠎ᠠ ᠲᠦᠭᠰᠢᠭᠦᠷᠢ ᠲᠠᠢ ᠲᠥᠷᠥᠯ ᠵᠦᠢᠯ ᠤᠨ ᠭᠤᠤᠯ ᠶᠠᠪᠤᠴᠠ ᠢ ᠬᠢᠨᠠᠨ ᠵᠥᠪᠰᠢᠶᠡᠷᠡᠬᠦ ᠶᠢ 12 ᠠᠵᠢᠯᠯᠠᠬᠤ | ᠡᠳᠦᠷ ᠤᠨ ᠳᠣᠲᠣᠷ᠎ᠠ ᠪᠡᠶᠡᠯᠡᠭᠦᠯᠦᠨ᠎ᠡ᠃《 ᠭᠠᠵᠠᠷ ᠭᠠᠷᠭᠠᠵᠤ ᠠᠵᠢᠯ ᠡᠬᠢᠯᠡᠭᠦᠯᠬᠦ》ᠵᠡᠷᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠭᠦᠨᠵᠡᠭᠡᠶᠢᠷᠡᠭᠦᠯᠵᠦ᠂ | ᠨᠡᠶᠢᠭᠡᠮ ᠤᠨ ᠪᠠᠯᠠ ᠣᠷᠣᠭᠤᠯᠤᠯᠲᠠ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠬᠢᠨᠠᠨ ᠵᠥᠪᠰᠢᠶᠡᠷᠡᠬᠦ ᠶᠠᠪᠤᠴᠠ ᠢ ᠰᠢᠯᠢᠳᠡᠭᠵᠢᠭᠦᠯᠦᠨ ᠬᠡᠯᠡᠵᠦ ᠠᠮᠠᠯᠠᠭᠤᠯᠬᠤ ᠲᠦᠷᠢᠮ ᠢ ᠬᠡᠷᠡᠭᠵᠢᠭᠦᠯᠵᠦ ᠪᠠᠷᠢᠯᠭ᠎ᠠ ᠪᠠᠷᠢᠬᠤ ᠶᠢ ᠵᠥᠪᠰᠢᠶᠡᠷᠡᠬᠦ | ᠭᠠᠷᠳᠠᠮ ᠢ ᠭᠦᠢᠴᠡᠳᠭᠡᠵᠤ᠂ ᠨᠡᠶᠢᠭᠡᠮ ᠤᠨ ᠪᠠᠯᠠ ᠣᠷᠣᠭᠤᠯᠤᠯᠲᠠ ᠪᠠ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠭᠤᠤᠯ ᠶᠠᠪᠤᠴᠠ ᠤᠨ ᠬᠢᠨᠠᠨ ᠵᠥᠪᠰᠢᠶᠡᠷᠡᠯ ᠢ ᠲᠣᠰ ᠲᠣᠰ 30 ᠪᠠ 55 ᠠᠵᠢᠯᠯᠠᠬᠤ ᠡᠳᠦᠷ ᠲᠤ ᠪᠡᠶᠡᠯᠡᠭᠦᠯᠦᠨ᠎ᠡ᠃ | ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠵᠥᠪᠳᠡᠯᠴᠡᠨ ᠳᠣᠭᠢᠷᠠᠭᠤᠯᠬᠤ ᠲᠣᠭᠲᠠᠴᠠ ᠪᠠ ᠴᠢᠬᠤᠯᠠ ᠶᠡᠭᠡ ᠲᠥᠷᠥᠯ ᠵᠦᠶ᠋ᠯ ᠤᠨ ᠬᠠᠮᠲᠤᠷᠠᠭᠰᠠᠨ | ᠬᠤᠷᠠᠯ ᠤᠨ ᠲᠦᠷᠢᠮ ᠢ ᠲᠡᠭᠦᠯᠳᠡᠷᠵᠢᠭᠦᠯᠵᠦ᠂ ᠤᠯᠤᠰ ᠤᠨ ᠲᠥᠷᠥ ᠶᠢᠨ ᠪᠣᠳᠣᠯᠭ᠎ᠠ ᠪᠠ ᠵᠥᠪᠰᠢᠶᠡᠷᠡᠨ ᠣᠷᠣᠭᠤᠯᠬᠤ ᠱᠠᠭᠠᠷᠳᠠᠯᠭ᠎ᠠ ᠳᠤ ᠨᠡᠶᠢᠴᠡᠬᠦ ᠮᠠᠨ ᠤ | ᠲᠤᠭᠤᠷᠢᠭ ᠤᠨ5000 ᠲᠦᠮᠡᠨ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢᠯ ᠪᠦᠬᠦᠨ ᠳᠤ ᠠᠰᠠᠭᠤᠨ ᠯᠠᠪᠯᠠᠬᠤ ᠥᠢᠯᠡᠴᠢᠯᠡᠭᠡᠨ ᠤ | ᠳᠤᠭᠤᠶᠢᠯᠠᠩ ᠨᠢ 5 ᠠᠵᠢᠯᠯᠠᠬᠤ ᠡᠳᠦᠷ ᠤᠨ ᠳᠣᠲᠣᠷ᠎ᠠ ᠬᠠᠮᠲᠤᠷᠠᠨ ᠵᠥᠪᠳᠡᠯᠴᠡᠬᠦ ᠰᠠᠨᠠᠯ ᠢ ᠨᠢᠭᠡᠳᠦᠯᠲᠡᠶ ᠭᠠᠷᠭᠠᠨ᠎ᠠ᠃《 ᠣᠯᠠᠨ ᠬᠢᠨᠠᠯᠲᠠ ᠶᠢ ᠨᠡᠶᠢᠯᠡᠭᠦᠯᠦᠨ | ᠨᠢᠭᠡ ᠪᠣᠯᠭᠠᠬᠤ᠂ ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ᠂ ᠣᠯᠠᠨ ᠲᠣᠭᠲᠠᠭᠠᠯ ᠢ ᠨᠡᠶᠢᠯᠡᠭᠦᠯᠦᠨ ᠨᠢᠭᠡ ᠪᠣᠯᠭᠠᠬᠤ》ᠥᠭᠡᠷᠡᠴᠢᠯᠡᠯᠲᠡ ᠶᠢ | ᠥᠷᠨᠢᠭᠦᠯᠵᠦ᠂ ᠪᠠᠷᠢᠯᠭ᠎ᠠ ᠶᠢᠨ ᠠᠵᠢᠯ ᠳᠠᠭᠤᠰᠤᠭᠰᠠᠨ ᠢ ᠬᠤᠭᠤᠴᠠᠭ᠎ᠠ ᠬᠢᠵᠠᠭᠠᠷᠯᠠᠨ ᠬᠠᠮᠲᠤᠷᠠᠨ ᠰᠢᠯᠭᠠᠨ ᠠᠪᠬᠤ ᠶᠢ ᠪᠥᠬᠦ ᠲᠠᠯ᠎ᠠ ᠪᠠᠷ ᠠᠬᠢᠭᠤᠯᠤᠨ ᠨᠢᠭᠡᠨᠲᠡ | ᠪᠣᠳᠠᠲᠠᠶᠢᠵᠢᠭᠤᠯᠤᠭᠰᠠᠨ ᠪᠠᠯᠠ ᠣᠷᠣᠭᠤᠯᠤᠯᠲᠠ ᠶᠢᠨ ᠲᠥᠷᠥᠯ ᠵᠦᠢᠯ ᠳᠤ 2 — 3 ᠵᠢᠯ ᠤᠨ《 ᠪᠠᠯᠠ ᠣᠷᠣᠭᠤᠯᠤᠯᠲᠠ ᠶᠢᠨ ᠥᠢᠯᠡᠴᠢᠯᠡᠭᠡᠨ ᠤ ᠠᠶᠠᠯᠠᠯ | ᠬᠠᠮᠠᠭᠠᠯᠠᠬᠤ ᠬᠤᠭᠤᠴᠠᠭ᠎ᠠ》 ᠶᠢ ᠳᠣᠭᠢᠷᠠᠭᠤᠯᠵᠤ᠂ ᠠᠵᠢᠯ ᠨᠢ ᠲᠥᠷᠥᠯ ᠵᠦᠢᠯ ᠢ ᠳᠠᠭᠠᠵᠤ ᠶᠠᠪᠤᠬᠤ᠂ ᠪᠠᠯᠠ ᠮᠥᠩᠭᠦ ᠨᠢ ᠲᠥᠷᠥᠯ ᠵᠦᠢᠯ ᠢ ᠳᠠᠭᠠᠵᠤ ᠶᠠᠪᠤᠬᠤ | ᠂ ᠬᠦᠴᠦᠨ ᠵᠦᠢᠯ ᠨᠢ ᠲᠥᠷᠥᠯ ᠵᠦᠢᠯ ᠢ ᠳᠠᠭᠠᠵᠤ ᠶᠠᠪᠤᠬᠤ᠂ ᠥᠢᠯᠡᠴᠢᠯᠡᠭᠡ ᠨᠢ ᠲᠥᠷᠥᠯ ᠵᠦᠢᠯ ᠢ ᠳᠠᠭᠠᠵᠤ ᠶᠠᠪᠤᠬᠤ ᠶᠢ ᠪᠡᠶᠡᠯᠡᠭᠦᠯᠬᠦ ᠬᠡᠷᠡᠭᠲᠡᠢ᠃ | ᠤᠰᠤ ᠬᠠᠩᠭᠠᠬᠤ᠂ ᠴᠠᠬᠢᠯᠭᠠᠨ ᠬᠠᠩᠭᠠᠬᠤ᠂ ᠬᠡᠢ ᠬᠠᠩᠭᠠᠬᠤ᠂ ᠢᠯᠴᠢ ᠬᠠᠩᠭᠠᠬᠤ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠴᠠᠬᠢᠯᠭᠠᠨ ᠤᠰᠤ ᠢᠯᠴᠢ ᠬᠠᠩᠭᠠᠬᠤ ᠰᠢᠲᠠᠮᠠᠬᠠᠶ ᠬᠡᠶ ᠳᠤ《 ᠨᠢᠭᠡ ᠥᠷᠲᠡᠭᠡᠨ ᠤ ᠮᠠᠶ᠋ᠢᠭ》 ᠤᠨ ᠥᠢᠯᠡᠴᠢᠯᠡᠭᠡ ᠶᠢ ᠨᠢᠭᠡᠳᠦᠯᠲᠡᠶ ᠬᠠᠩᠭᠠᠵᠤ᠂ ᠴᠠᠬᠢᠯᠭᠠᠨ | ᠤᠰᠤ ᠬᠡᠶ ᠬᠡᠷᠡᠭᠯᠡᠬᠦ ᠢᠯᠴᠢ ᠪᠠᠷ ᠮᠡᠳᠡᠭᠦᠯᠦᠨ ᠤᠭᠰᠠᠷᠠᠬᠤ ᠶᠠᠪᠤᠴᠠ ᠢ ᠳᠥᠭᠦᠮᠴᠢᠯᠡᠨ《ᠬᠡᠷ ᠲᠤᠨᠢ ᠬᠦᠷᠭᠡᠬᠦ ᠥᠬᠡᠶ᠂ ᠬᠢᠨᠠᠨ ᠵᠥᠪᠰᠢᠶᠡᠷᠡᠬᠦ ᠥᠬᠡᠶ᠂ | ᠥᠪᠡᠷ ᠤᠨ ᠥᠷᠲᠡᠭ ᠥᠬᠡᠶ 》 ᠥᠢᠯᠡᠴᠢᠯᠡᠭᠡ ᠶᠢ ᠬᠠᠩᠭᠠᠨ᠎ᠠ᠃ 160 ᠺᠢᠯᠤᠸᠤᠯᠲ ᠠᠮᠫᠤᠷ ᠵᠢᠴᠢ ᠲᠡᠭᠦᠨ ᠠᠴᠠ ᠳᠣᠷᠣᠭᠰᠢᠬᠢ ᠠᠵᠤ ᠥᠢᠯᠡᠳᠪᠤᠷᠢ | ᠬᠤᠳᠠᠯᠳᠤᠭᠠᠨ ᠤ ᠵᠣᠴᠢᠨ ᠡᠷᠦᠬᠡ ᠶᠢᠨ ᠴᠠᠬᠢᠯᠭᠠᠨ ᠮᠡᠳᠡᠭᠡ ᠪᠠᠷ ᠤᠭᠰᠠᠷᠠᠬᠤ《 ᠪᠠᠯᠠ ᠣᠷᠣᠭᠤᠯᠬᠤ ᠥᠬᠡᠶ》ᠪᠠᠶᠢᠬᠤ ᠶᠢ ᠪᠡᠶᠡᠯᠡᠭᠦᠯᠵᠦ᠂ 10 ᠺᠢᠯᠤᠸᠤᠯᠲ | ᠵᠢᠴᠢ ᠲᠡᠭᠦᠨ ᠠᠴᠠ ᠳᠣᠷᠣᠭᠰᠢᠬᠢ ᠥᠨᠳᠥᠷ᠂ ᠳᠣᠤᠷ᠎ᠠ ᠬᠦᠴᠦᠳᠡᠯᠲᠦ ᠴᠠᠬᠢᠯᠭᠠᠨ ᠬᠦᠴᠦᠨ ᠢ ᠵᠠᠯᠭᠠᠨ ᠣᠷᠣᠭᠤᠯᠬᠤ ᠢᠨᠵᠧᠨᠧᠷᠢᠩ ᠤᠨ ᠬᠢᠨᠠᠨ ᠵᠥᠪᠰᠢᠶᠡᠷᠡᠯ ᠢ | 3 ᠠᠵᠢᠯᠯᠠᠬᠤ ᠡᠳᠦᠷ ᠲᠤ ᠭᠦᠢᠴᠡᠳᠭᠡᠵᠤ ᠳᠠᠭᠤᠰᠬᠠᠬᠤ᠂ ᠣᠨᠴᠠ ᠲᠣᠭᠲᠠᠭᠠᠭᠰᠠᠨ ᠱᠠᠭᠠᠷᠳᠠᠯᠭ᠎ᠠ ᠠᠴᠠ ᠭᠠᠳᠠᠨ᠎ᠠ ᠮᠡᠳᠡᠭᠦᠯᠦᠨ ᠤᠭᠰᠠᠷᠠᠭᠤᠯᠬᠤ ᠶᠠᠪᠤᠴᠠ ᠳᠤ | ᠵᠠᠮ ᠡᠵᠡᠯᠡᠬᠦ᠂ ᠬᠤᠭᠤᠯᠠᠶ ᠱᠤᠭᠤᠮ᠂ ᠨᠣᠭᠤᠭᠠᠷᠠᠭᠤᠯᠬᠤ᠂ ᠵᠠᠮ ᠬᠠᠷᠢᠯᠴᠠᠭ᠎ᠠ ᠵᠡᠷᠭᠡ ᠶᠢ ᠬᠢᠨᠠᠨ ᠵᠥᠪᠰᠢᠶᠡᠷᠡᠬᠦ ᠵᠦᠢᠯ ᠳᠤ ᠬᠤᠯᠪᠣᠭᠳᠠᠪᠠᠯ ᠬᠡᠯᠡᠵᠦ | ᠠᠮᠠᠯᠠᠭᠤᠯᠬᠤ ᠲᠦᠷᠢᠮ ᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠠᠴᠠ ᠲᠤᠬᠠᠶ ᠶᠢᠨ ᠲᠠᠯᠠᠪᠤᠷ ᠲᠤᠨᠢ ᠵᠥᠪᠰᠢᠶᠡᠷᠡᠯ ᠢ ᠬᠢᠨᠠᠨ ᠣᠯᠭᠤᠨ᠎ᠠ᠃ | | ᠡᠳ᠋ ᠬᠥᠷᠥᠩᠭᠡ ᠶᠢ ᠳᠠᠩᠰᠠᠯᠠᠬᠤ ᠥᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠦᠯᠡᠳᠡᠭᠳᠡᠯ ᠠᠰᠠᠭᠤᠳᠠᠯ ᠢ ᠡᠪᠳᠡᠬᠦ ᠶᠢ ᠪᠡᠶᠡᠯᠡᠭᠦᠯᠵᠦ᠂ | ᠰᠢᠢᠳᠪᠦᠷᠢᠯᠡᠬᠦ ᠶᠠᠪᠤᠴᠠ ᠪᠠ ᠰᠢᠢᠳᠪᠦᠷᠢᠯᠡᠬᠦ ᠴᠢᠬᠤᠯᠠ ᠨᠥᠬᠦᠴᠡᠯ ᠢ ᠪᠦᠲᠦᠭᠡᠯᠴᠢ ᠪᠠᠷ ᠳᠥᠭᠦᠮᠴᠢᠯᠡᠵᠦ᠂ ᠦᠶ᠎ᠡ ᠭᠡᠰᠢᠭᠦᠦ ᠶᠢ ᠨᠡᠪᠲᠡᠷᠡᠭᠦᠯᠦᠨ ᠰᠤᠳᠠᠰᠤ ᠶᠢ | ᠨᠡᠪᠲᠡᠷᠡᠭᠦᠯᠵᠦ᠂ ᠡᠭᠦᠨ ᠤ ᠤᠯᠠᠮ ᠠᠴᠠ ᠥᠮᠴᠢᠯᠡᠯ ᠤᠨ ᠡᠷᠬᠡ ᠶᠢᠨ ᠳᠠᠩᠰᠠᠯᠠᠯᠲᠠ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ | ᠰᠢᠢᠳᠪᠦᠷᠢᠯᠡᠬᠦ ᠳᠤ ᠠᠭᠤᠵᠢᠭᠤ ᠲᠠᠯᠪᠢᠭᠤ ᠲᠦᠷᠦ ᠶᠢᠨ ᠪᠤᠳᠤᠯᠭ᠎ᠠ ᠶᠢᠨ ᠣᠷᠴᠢᠨ ᠨᠦᠬᠦᠴᠡᠯ ᠢ ᠪᠤᠢ ᠪᠣᠯᠭᠠᠬᠤ ᠬᠡᠷᠡᠭᠲᠡᠢ᠃ ᠬᠡᠰᠡᠭ ᠬᠡᠷ ᠪᠠᠶᠢᠰᠢᠩ ᠭᠠᠵᠠᠷ | ᠬᠥᠷᠥᠩᠭᠡ ᠶᠢᠨ ᠠᠵᠤ ᠠᠬᠤᠶᠢᠯᠠᠯ ᠤᠨ ᠣᠳᠣᠬᠠᠨ ᠤ ᠲᠣᠰ ᠪᠡᠶ᠎ᠡ ᠶᠢᠨ ᠬᠥᠭᠵᠢᠯᠲᠡ ᠨᠢ ᠬᠦᠴᠢᠷᠳᠡᠯ ᠲᠠᠢ᠂ ᠪᠠᠯᠠ ᠮᠥᠩᠭᠦ ᠳᠤᠲᠠᠭᠳᠠᠵᠤ ᠪᠠᠶᠢᠭ᠎ᠠ ᠪᠠᠶᠢᠳᠠᠯ ᠳᠤ | ᠴᠢᠭᠯᠡᠭᠦᠯᠦᠨ《 ᠦᠨᠡᠮᠯᠡᠯ ᠪᠠ ᠵᠠᠷᠤᠳᠠᠯ ᠢ ᠰᠠᠯᠭᠠᠬᠤ 》 ᠶᠢ ᠬᠡᠷᠡᠭᠵᠢᠭᠦᠯᠵᠦ᠂ ᠠᠮᠠᠯᠠᠵᠤ ᠨᠡᠬᠡᠮᠵᠢᠯᠡᠨ ᠲᠤᠰᠢᠶᠠᠯᠭᠠᠬᠤ ᠲᠦᠷᠢᠮ︾ ᠢ ᠬᠡᠷᠡᠭᠵᠢᠭᠦᠯᠦᠨ | ᠨᠥᠬᠦᠴᠡᠯ ᠳᠤ ᠨᠡᠶᠢᠴᠡᠬᠦ ᠲᠥᠷᠥᠯ ᠵᠦᠢᠯ ᠢ ᠤᠷᠢᠳᠠᠪᠠᠷ ᠭᠦᠢᠴᠡᠳᠭᠡᠵᠤ᠂ ᠬᠡᠷ ᠪᠠᠶᠢᠰᠢᠩ ᠬᠤᠳᠠᠯᠳᠤᠨ ᠠᠪᠤᠭᠴᠢ ᠶᠢᠨ ᠠᠰᠢᠭ ᠲᠤᠰᠠ ᠶᠢ ᠬᠠᠮᠤᠭ ᠤᠨ ᠶᠡᠭᠡ | ᠬᠡᠮᠵᠢᠶ᠎ᠡ ᠪᠠᠷ ᠪᠠᠲᠤᠯᠠᠨ᠎ᠠ᠃ ᠨᠥᠬᠦᠴᠡᠯ ᠳᠤ ᠨᠡᠶᠢᠴᠡᠬᠦ ᠵᠢᠵᠢᠭ ᠪᠢᠴᠢᠯ ᠠᠵᠤ ᠠᠬᠤᠶᠢᠯᠠᠯ ᠠᠴᠠ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ | ᠰᠦᠢᠳᠭᠡᠯ ᠬᠤᠷᠢᠶᠠᠬᠤ ᠥᠬᠡᠶ ᠪᠠᠷ ᠲᠣᠰ ᠠᠷᠭ᠎ᠠ ᠬᠡᠮᠵᠢᠶ᠎ᠡ ᠨᠢ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠳᠤ ᠬᠤᠯᠪᠣᠭᠳᠠᠬᠤ ᠠᠵᠤ ᠠᠬᠤᠶᠢᠯᠠᠯ ᠤᠨ | ᠬᠡᠪᠴᠢᠶ᠎ᠡ ᠶᠢ 90% ᠠᠴᠠ ᠳᠡᠭᠡᠭᠰᠢ ᠬᠡᠮᠵᠢᠶᠡᠨ ᠳᠤ ᠬᠦᠷᠭᠡᠵᠦ᠂ ᠠᠵᠤ ᠠᠬᠤᠶᠢᠯᠠᠯ ᠤᠨ ᠲᠣᠭᠲᠠᠭᠠᠯᠲᠤ ᠰᠦᠢᠳᠭᠡᠯ ᠤᠨ ᠳᠠᠷᠤᠯᠲᠠ ᠶᠢ ᠭᠦᠢᠴᠡᠳ | ᠪᠠᠭᠠᠰᠬᠠᠨ᠎ᠠ᠃ | ᠭᠠᠶᠢᠯᠢ ᠲᠤᠰᠢᠶᠠᠬᠤ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠡᠯᠧᠺᠲᠷᠣᠨ ᠭᠠᠶᠢᠯᠢᠶᠢᠨ ᠶᠠᠪᠤᠳᠠᠯ ᠤᠨ ᠲᠣᠪᠴᠢᠶ᠎ᠠ ᠶᠢᠨ | ᠴᠢᠳᠠᠮᠵᠢ ᠶᠢ ᠲᠡᠭᠦᠯᠳᠡᠷᠵᠢᠭᠦᠯᠦᠨ ᠥᠷᠭᠡᠳᠬᠡᠵᠦ᠂ ᠭᠠᠶᠢᠯᠢ ᠲᠤᠰᠢᠶᠠᠭᠴᠢ ᠶᠢᠨ 90% ᠠᠴᠠ ᠳᠡᠭᠡᠭᠰᠢᠬᠢ ᠭᠤᠤᠯ ᠪᠣᠯᠬᠤ ᠭᠠᠶᠢᠯᠢ ᠳᠤ ᠬᠤᠯᠪᠣᠭᠳᠠᠬᠤ | ᠥᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠭᠡᠬᠦ ᠶᠢ ᠪᠡᠶᠡᠯᠡᠭᠦᠯᠵᠦ᠂ ᠰᠦᠯᠵᠢᠶᠡᠨ ᠳᠡᠭᠡᠷ᠎ᠡ ᠮᠡᠳᠡᠭᠦᠯᠦᠨ ᠳᠡᠯᠭᠡᠷᠡᠭᠦᠯᠬᠦ ᠨᠣᠷᠮ᠎ᠠ ᠶᠢ | 99% ᠠᠴᠠ ᠳᠡᠭᠡᠭᠰᠢ ᠳᠤ ᠬᠦᠷᠦᠭᠦᠯᠦᠨ᠎ᠡ᠂ ᠠᠵᠤ ᠠᠬᠤᠶᠢᠯᠠᠯ ᠤᠨ ᠭᠠᠶᠢᠯᠢ ᠲᠤᠰᠢᠶᠠᠬᠤ ᠭᠦᠢᠴᠡᠳᠭᠡᠬᠦ ᠴᠠᠭ ᠢ 15% ᠪᠠᠷ ᠪᠠᠭᠠᠰᠬᠠᠬᠤ ᠶᠢ ᠠᠬᠢᠭᠤᠯᠵᠤ᠂ | ᠵᠢᠯ ᠳᠤᠮᠳᠠᠴᠢ ᠪᠠᠷ 90 ᠴᠠᠭ ᠤᠨ ᠳᠣᠲᠣᠷ᠎ᠠ ᠪᠠᠭᠠᠰᠬᠠᠬᠤ ᠪᠠᠷ ᠴᠢᠷᠮᠠᠶᠢᠵᠤ᠂ ᠣᠯᠠᠨ ᠶᠠᠩᠵᠤ ᠶᠢᠨ ᠪᠠᠷᠢᠮᠲᠠ ᠶᠢ ᠭᠤᠶᠤᠴᠢᠯᠠᠨ ᠠᠪᠬᠤ ᠠᠷᠭ᠎ᠠ ᠮᠠᠶ᠋ᠢᠭ ᠢ | ᠬᠠᠩᠭᠠᠵᠤ᠂ ᠡᠯᠧᠺᠲᠷᠣᠨ ᠪᠠᠷᠢᠮᠲᠠ ᠶᠢᠨ ᠰᠦᠯᠵᠢᠶᠡᠨ ᠳᠡᠭᠡᠷ᠎ᠡ ᠭᠠᠷᠭᠠᠨ ᠠᠪᠴᠤ ᠬᠡᠷᠡᠭᠯᠡᠬᠦ ᠬᠠᠷᠢᠴᠠᠯ ᠢ 85% ᠪᠣᠯᠲᠠᠯ᠎ᠠ ᠳᠡᠭᠡᠭᠰᠢᠯᠡᠭᠦᠯᠦᠨ᠎ᠡ᠃ ᠬᠠᠤᠯᠢ ᠶᠢ | ᠵᠥᠷᠢᠴᠡᠭᠰᠡᠨ᠂ ᠲᠤᠰᠢᠶᠠᠭᠠᠳᠤᠶ ᠭᠠᠶᠢᠯᠢ ᠶᠢᠨ ᠵᠣᠭᠤᠰ ᠲᠤ ᠭᠠᠶᠢᠯᠢ ᠲᠤᠰᠢᠶᠠᠬᠤ ᠳᠤ ᠲᠣᠬᠢᠷᠠᠭᠤᠯᠤᠯᠲᠠ ᠬᠢᠬᠦ ᠴᠢᠬᠤᠯᠠᠲᠠᠶ ᠵᠡᠷᠭᠡ ᠪᠠᠶᠢᠳᠠᠯᠢ ᠭᠠᠷᠭᠠᠪᠠᠯ᠂ | ᠥᠷᠲᠡᠭ ᠨᠡᠮᠡᠭᠳᠡᠯ ᠤᠨ ᠭᠠᠶᠢᠯᠢ ᠶᠢᠨ ᠡᠩ ᠤᠨ ᠭᠠᠶᠢᠯᠢ ᠲᠤᠰᠢᠶᠠᠭᠴᠢ ᠶᠢᠨ ᠭᠠᠶᠢᠯᠢ ᠶᠢᠨ ᠶᠠᠪᠤᠳᠠᠯ ᠢ ᠬᠦᠴᠦᠨ ᠥᠬᠡᠶ ᠪᠣᠯᠭᠠᠬᠤ ᠶᠢ 5 ᠠᠵᠢᠯᠯᠠᠬᠤ ᠡᠳᠦᠷ ᠤᠨ | ᠳᠣᠲᠣᠷ᠎ᠠ ᠭᠦᠢᠴᠡᠳᠭᠡᠵᠤ ᠳᠠᠭᠤᠰᠬᠠᠨ᠎ᠠ᠂ ᠥᠷᠲᠡᠭ ᠨᠡᠮᠡᠭᠳᠡᠯ ᠤᠨ ᠭᠠᠶᠢᠯᠢ ᠶᠢᠨ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠪᠠ ᠪᠤᠰᠤᠳ ᠭᠠᠶᠢᠯᠢ | ᠲᠤᠰᠢᠶᠠᠭᠴᠢ ᠨᠢ 3 ᠠᠵᠢᠯᠯᠠᠬᠤ ᠡᠳᠦᠷ ᠤᠨ ᠳᠣᠲᠣᠷ᠎ᠠ ᠭᠦᠢᠴᠡᠳᠭᠡᠵᠤ ᠳᠠᠭᠤᠰᠬᠠᠨ᠎ᠠ᠂ ᠲᠡᠷᠡ ᠮᠥᠷᠲᠡᠭᠡᠨ ᠰᠢᠯᠢᠳᠡᠭᠴᠢᠯᠡᠨ ᠬᠦᠴᠦᠨ ᠥᠬᠡᠶ ᠪᠣᠯᠭᠠᠬᠤ᠂ | ᠳᠥᠭᠦᠮᠬᠡᠨ ᠢᠶᠠᠷ ᠬᠦᠴᠦᠨ ᠥᠬᠡᠶ ᠪᠣᠯᠭᠠᠬᠤ ᠶᠢ ᠪᠡᠶᠡᠯᠡᠭᠦᠯᠬᠦ ᠳᠤ ᠨᠡᠶᠢᠴᠡᠨ ᠣᠨᠴᠠᠭᠠᠢ ᠪᠠᠶᠢᠳᠠᠯ ᠪᠠᠶᠢᠬᠤ ᠦᠬᠡᠢ᠂ ᠭᠠᠶᠢᠯᠢ ᠪᠤᠴᠠᠭᠠᠬᠤ ᠲᠤᠬᠠᠶᠢᠯᠠᠭᠰᠠᠨ ᠠᠵᠢᠯ | ︵7 ᠵᠦᠢᠯ︶ ᠢ 10 ᠠᠵᠢᠯᠯᠠᠬᠤ ᠡᠳᠦᠷ ᠠᠴᠠ 1 — 3 ᠠᠵᠢᠯᠯᠠᠬᠤ ᠡᠳᠦᠷ ᠤᠨ ᠳᠣᠲᠣᠷ᠎ᠠ ᠭᠦᠢᠴᠡᠳᠭᠡᠵᠤ ᠳᠠᠭᠤᠰᠬᠠᠨ᠎ᠠ᠂ ᠡᠭᠦᠨ ᠳᠤ ᠠᠰᠠᠷᠠᠮᠵᠢ ᠶᠢᠨ | ᠠᠵᠤ ᠠᠬᠤᠶᠢᠯᠠᠯ ᠤᠨ 1 ᠠᠵᠢᠯᠯᠠᠬᠤ ᠡᠳᠦᠷ ᠤᠨ ᠳᠣᠲᠣᠷ᠎ᠠ ᠭᠠᠶᠢᠯᠢ ᠪᠤᠴᠠᠭᠠᠨ᠎ᠠ᠃ | ︵ᠬᠤᠶᠠᠷ︶ ᠵᠠᠬ᠎ᠠ ᠳᠡᠯᠭᠡᠭᠦᠷᠴᠢᠯᠡᠭᠰᠡᠨ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ | ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠤᠯᠠᠮ ᠨᠢᠭᠡ ᠠᠯᠬᠤᠮ ᠠᠭᠤᠵᠢᠭᠤ ᠳᠠᠯᠪᠢᠨ᠎ᠠ᠃ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ | ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤ ᠶᠢᠨ ᠲᠦᠷᠢᠮ ᠢ ᠨᠠᠶᠢᠳᠠᠪᠤᠷᠢᠵᠢᠭᠤᠯᠤᠨ《 ᠴᠠᠭᠠᠵᠠᠯᠠᠬᠤ ᠦᠭᠡᠢ ᠪᠣᠯ ᠳᠠᠷᠤᠶ | ᠣᠷᠣᠭᠤᠯᠬᠤ》ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠪᠠᠯᠠ ᠨᠡᠶᠢᠯᠡᠭᠦᠯᠦᠨ ᠡᠵᠡᠩᠨᠡᠬᠦ᠂ ᠰᠲ᠋ᠣᠺ ᠤᠨ ᠡᠷᠬᠡ ᠶᠢ ᠣᠯᠠᠨ ᠡᠰᠢᠵᠢᠭᠦᠯᠬᠦ ᠥᠭᠡᠷᠡᠴᠢᠯᠡᠯᠲᠡ ᠳᠤ ᠣᠷᠣᠯᠴᠠᠬᠤ ᠶᠢ ᠵᠣᠷᠢᠭᠵᠢᠭᠤᠯᠵᠤ᠂ | ᠨᠡᠶᠢᠭᠡᠮ ᠤᠨ ᠬᠥᠷᠥᠩᠭᠡ ᠶᠢᠨ ᠨᠡᠮᠡᠭᠳᠡᠯ ᠴᠠᠬᠢᠯᠭᠠᠨ ᠲᠦᠭᠡᠭᠡᠬᠦ ᠲᠤᠬᠠᠶᠢᠯᠠᠭᠰᠠᠨ ᠠᠵᠢᠯ ᠤᠨ ᠥᠭᠡᠷᠡᠴᠢᠯᠠᠯᠳᠠ ᠶᠢ ᠵᠤᠷᠢᠭᠵᠢᠭᠤᠯᠤᠨ᠎ᠠ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠣᠯᠡᠮ ᠨᠢᠭᠡ ᠠᠯᠬᠤᠮ ᠳᠡᠭᠡᠭᠰᠢᠯᠡᠭᠦᠯᠣᠨ᠎ᠡ᠃《 ᠳᠠᠯᠪᠢᠬᠤ ᠬᠠᠮᠢᠶᠠᠷᠬᠤ | ᠥᠢᠯᠡᠴᠢᠯᠡᠬᠦ》ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠬᠥᠳᠡᠯᠦᠩᠭᠦᠶ | ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠦᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠢ ᠬᠠᠤᠯᠢ ᠲᠣᠭᠲᠠᠭᠠᠯ | ᠶᠣᠰᠣᠭᠠᠷ ᠨᠠᠶᠢᠳᠠᠪᠤᠷᠢᠵᠢᠭᠤᠯᠵᠤ᠂《 ᠭᠡᠷᠡᠴᠢ ᠥᠬᠡᠶ 》 ᠠᠵᠢᠯ ᠶᠠᠪᠤᠳᠠᠯ ᠭᠦᠢᠴᠡᠳᠭᠡᠬᠦ ᠬᠤᠲᠠ ᠶᠢ ᠲᠦᠷᠭᠡᠳᠬᠡᠨ ᠪᠠᠶᠢᠭᠤᠯᠤᠨ᠎ᠠ᠃ ᠬᠠᠪᠰᠤᠷᠤᠨ | ᠰᠢᠢᠳᠪᠤᠷᠢᠯᠡᠬᠦ ᠣᠷᠣᠯᠠᠨ ᠭᠦᠢᠴᠡᠳᠭᠡᠬᠦ ᠭᠤᠤᠯ ᠠᠭᠤᠯᠭ᠎ᠠ ᠪᠠ ᠥᠢᠯᠡᠴᠢᠯᠡᠭᠡᠨ ᠤ ᠵᠢᠷᠤᠮᠵᠢᠯ ᠢ ᠲᠣᠳᠣᠷᠬᠠᠶᠢᠯᠠᠵᠤ᠂ ᠣᠯᠠᠨ ᠬᠦᠷᠢᠶ᠎ᠡ ᠴᠠᠷᠠᠭ᠎ᠠ᠂ ᠲᠠᠰ | ᠳᠠᠪᠬᠤᠷᠭ᠎ᠠ ᠪᠥᠬᠦ ᠲᠠᠯ᠎ᠠ ᠶᠢᠨ ᠵᠠᠰᠠᠭ ᠤᠨ ᠶᠠᠪᠤᠳᠠᠯ ᠤᠨ ᠥᠢᠯᠡᠴᠢᠯᠡᠭᠡᠨ ᠢ ᠥᠷᠨᠢᠭᠦᠯᠵᠦ᠂ ᠠᠵᠤ ᠠᠬᠤᠶᠢᠯᠠᠯ ᠳᠤ《ᠠᠰᠠᠷᠠᠭᠴᠢ ᠮᠠᠶ᠋ᠢᠭ》《 ᠬᠠᠮᠢᠶᠠᠷᠤᠭᠴᠢ | ᠮᠠᠶ᠋ᠢᠭ》 ᠤᠨ ᠥᠢᠯᠡᠴᠢᠯᠡᠭᠡ ᠬᠠᠩᠭᠠᠨ᠎ᠠ᠃ ᠡᠯ᠎ᠡ ᠰᠠᠯᠠᠭ᠎ᠠ ᠮᠥᠴᠢᠷ ᠤᠳ ᠪᠦᠬᠦ ᠲᠤᠭᠤᠷᠢᠭ ᠤᠨ《 ᠨᠢᠭᠡ ᠥᠷᠤᠭ᠌ ᠰᠢᠲᠠᠷ᠎ᠠ》 ᠶᠢᠨ ᠦᠵᠡᠯ ᠰᠠᠨᠠᠭ᠎ᠠ ᠶᠢ | ᠪᠠᠲᠤ ᠪᠠᠬᠢ ᠪᠣᠶ ᠪᠣᠯᠭᠠᠵᠤ᠂《 ᠬᠠᠷᠢᠶ᠎ᠠ ᠠᠯᠤᠰᠯᠠᠭᠰᠠᠨ ᠠᠵᠤ ᠠᠬᠤᠢ》 ᠶᠢᠨ ᠠᠵᠤ ᠠᠬᠤᠶᠢᠯᠠᠯ ᠪᠠ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠥᠲᠥᠭᠡᠨ | ᠪᠠᠶᠢᠭᠤᠯᠬᠤ᠂ ᠡᠵᠡᠩᠨᠡᠬᠦ ᠳᠤ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠥᠢᠯᠡᠴᠢᠯᠡᠭᠡ ᠬᠠᠩᠭᠠᠬᠤ ᠬᠡᠷᠡᠭᠲᠡᠶ᠃ ᠬᠥᠳᠡᠯᠮᠦᠷᠢ ᠬᠦᠴᠦᠨ ᠤ ᠵᠠᠬ᠎ᠠ | ᠳᠡᠯᠭᠡᠭᠦᠷ ᠤᠨ ᠥᠢᠯᠡᠴᠢᠯᠡᠭᠡ ᠶᠢ ᠰᠢᠯᠢᠳᠡᠭᠵᠢᠭᠦᠯᠵᠦ᠂ ᠰᠦᠯᠵᠢᠶᠡᠨ ᠳᠡᠭᠡᠷᠡᠬᠢ ᠠᠵᠢᠯ ᠠᠯᠳᠠᠯᠲᠠ ᠶᠢᠨ ᠳᠡᠩᠰᠡᠯᠡᠯᠲᠡ ᠶᠢ ᠪᠥᠬᠦ ᠲᠠᠯ᠎ᠠ ᠪᠠᠷ ᠴᠢᠯᠥᠭᠡᠲᠡᠶ | ᠪᠣᠯᠭᠠᠵᠤ᠂ 60 ᠡᠳᠦᠷ ᠤᠨ ᠳᠣᠲᠣᠷ᠎ᠠ ᠠᠵᠢᠯ ᠠᠯᠳᠠᠯᠲᠠ ᠶᠢᠨ ᠳᠠᠭᠠᠳᠬᠠᠯ ᠤᠨ ᠬᠠᠷᠠᠭᠠᠯᠵᠠᠯ ᠭᠤᠶᠤᠴᠢᠯᠠᠬᠤ ᠬᠢᠵᠠᠭᠠᠷᠯᠠᠯ ᠢ ᠬᠦᠴᠦᠨ ᠥᠬᠡᠶ ᠪᠣᠯᠭᠠᠵᠤ᠂ | ᠪᠡᠶ᠎ᠡ ᠶᠢᠨ ᠦᠨᠡᠮᠯᠡᠯ ᠪᠤᠶᠤ ᠨᠡᠶᠢᠭᠡᠮ ᠤᠨ ᠳᠠᠭᠠᠳᠬᠠᠯ ᠤᠨ ᠺᠠᠷᠲ ᠢᠶᠠᠷ ᠢᠶᠠᠨ ᠰᠦᠯᠵᠢᠶᠡᠨ ᠳᠡᠭᠡᠷ᠎ᠡ ᠠᠵᠢᠯ ᠠᠯᠳᠠᠯᠲᠠ ᠶᠢᠨ ᠳᠠᠭᠠᠳᠬᠠᠯ ᠤᠨ ᠬᠠᠷᠠᠭᠠᠯᠵᠠᠯ | ᠭᠤᠶᠤᠴᠢᠯᠠᠵᠤ ᠪᠣᠯᠤᠨ᠎ᠠ᠂《ᠰᠠᠶᠢᠨ ᠮᠠᠭᠤ ᠶᠢ ᠦᠨᠡᠯᠡᠬᠦ》ᠦᠨᠡᠯᠡᠯᠲᠡ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠡᠯ᠎ᠡ ᠶᠡᠭᠡ ᠲᠢᠩᠬᠢᠮ ᠤᠨ | ᠥᠢᠯᠡᠴᠢᠯᠡᠭᠡᠨ ᠤ ᠶᠠᠰᠤ ᠴᠢᠨᠠᠷ ᠤᠨ ᠬᠠᠮᠢᠶᠠᠷᠤᠯᠲᠠ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠥᠢᠯᠡᠴᠢᠯᠡᠭᠡᠨ ᠤ ᠴᠢᠳᠠᠪᠤᠷᠢ ᠶᠢ | ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠠᠵᠤ ᠠᠬᠤᠶᠢᠯᠠᠯ ᠤᠨ ᠬᠠᠨᠤᠮᠵᠢ ᠶᠢᠨ ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠵᠤ᠂ ᠵᠠᠰᠠᠭ ᠤᠨ ᠣᠷᠳᠣᠨ ᠤ | ᠦᠢᠯᠡᠴᠢᠯᠡᠭᠡ᠂ ᠤᠯᠠᠨ ᠨᠡᠶᠢᠲᠡ ᠶᠢᠨ ᠦᠢᠯᠡᠴᠢᠯᠡᠭᠡ᠂ ᠨᠡᠶᠢᠭᠡᠮ ᠤᠨ ᠦᠢᠯᠡᠴᠢᠯᠡᠭᠡᠨ ᠤ ᠤᠯᠠᠨ ᠵᠦᠢᠯ ᠤᠨ ᠴᠢᠳᠠᠮᠵᠢ ᠶᠢ ᠨᠢᠭᠡ ᠴᠤᠭᠴᠠᠵᠢᠭᠤᠯᠤᠭᠰᠠᠨ | ᠶᠡᠷᠦᠩᠬᠡᠶᠢᠯᠡᠭᠰᠡᠨ ᠴᠢᠨᠠᠷᠲᠠᠶ ᠬᠤᠯᠪᠤᠭ᠎ᠠ ᠤᠲᠠᠰᠤᠨ ᠤ ᠲᠠᠪᠴᠠᠩ ᠢ ᠪᠠᠶᠢᠭᠤᠯᠬᠤ ᠬᠡᠷᠡᠭᠲᠡᠢ᠃ | ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ ᠦᠢᠯᠡᠳᠦᠯ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠰᠠᠯᠠᠭ᠎ᠠ ᠮᠥᠴᠢᠷ ᠠᠯᠤᠰᠯᠠᠭᠰᠠᠨ᠂ | ᠬᠦᠷᠢᠶ᠎ᠡ ᠠᠯᠤᠰᠯᠠᠭᠰᠠᠨ《 ᠬᠤᠶᠠᠷ ᠢ ᠰᠤᠭᠤᠴᠢᠵᠤ ᠨᠢᠭᠡ ᠶᠢ ᠢᠯᠡ ᠪᠣᠯᠭᠠᠬᠤ》ᠬᠠᠮᠲᠤᠷᠠᠨ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠲᠣᠭᠲᠠᠴᠠ ᠶᠢ | ᠪᠠᠶᠢᠭᠤᠯᠵᠤ᠂ ᠠᠳᠠᠯᠢ ᠨᠢᠭᠡᠨ ᠬᠤᠳᠠᠯᠳᠤᠭᠠᠨ ᠤ ᠶᠠᠪᠤᠳᠠᠯ ᠤᠨ ᠭᠤᠤᠯ ᠴᠣᠭᠴᠠ ᠶᠢᠨ ᠣᠯᠠᠨ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠵᠦ ᠪᠠᠶᠢᠴᠠᠭᠠᠬᠤ | ᠵᠦᠢᠯᠡᠰ ᠢ ᠨᠢᠭᠡ ᠯᠡ ᠤᠳᠠᠭ᠎ᠠ ᠳᠤ ᠪᠡᠶᠡᠯᠡᠭᠦᠯᠬᠦ ᠶᠢ ᠪᠡᠶᠡᠯᠡᠭᠦᠯᠵᠦ᠂《 ᠨᠢᠭᠡ ᠤᠳᠠᠭ᠎ᠠ ᠡᠭᠦᠳᠡ ᠪᠠᠷ ᠣᠷᠣᠵᠤ᠂ ᠣᠯᠠᠨ ᠵᠦᠢᠯ ᠤᠨ ᠤᠴᠢᠷ ᠶᠠᠪᠤᠳᠠᠯ ᠢ | ᠪᠠᠶᠢᠴᠠᠭᠠᠬᠤ 》 ᠶᠢ ᠪᠡᠶᠡᠯᠡᠭᠦᠯᠦᠨ᠎ᠡ᠃ ᠪᠠᠭᠳᠠᠭᠠᠮᠵᠢ ᠲᠠᠢ ᠪᠣᠯᠭᠤᠮᠵᠢᠲᠠᠢ ᠬᠢᠨᠡᠨ ᠬᠠᠮᠢᠶᠠᠷᠤᠯᠲᠠ ᠶᠢ ᠬᠡᠷᠡᠭᠵᠢᠭᠦᠯᠵᠦ᠂ ᠰᠢᠨ᠎ᠡ ᠮᠡᠷᠭᠡᠵᠢᠯ᠂ ᠰᠢᠨ᠎ᠡ ᠠᠵᠤ | ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠲᠤ ᠳᠤᠬᠢᠷᠠᠬᠤ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠰᠢᠨ᠎ᠡ ᠪᠠᠷ | ᠡᠭᠦᠳᠴᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠠᠷᠯᠠᠨ ᠨᠡᠶᠢᠲᠡᠯᠡᠬᠦ᠂ ᠬᠠᠤᠯᠢ ᠬᠡᠷᠡᠭᠵᠢᠭᠦᠯᠦᠯᠲᠡ ᠶᠢᠨ ᠪᠦᠬᠦ ᠶᠠᠪᠤᠴᠠ ᠶᠢ ᠲᠡᠮᠳᠡᠭᠯᠡᠬᠦ᠂ | ᠴᠢᠬᠤᠯᠠ ᠶᠡᠭᠡ ᠬᠠᠤᠯᠢ ᠬᠡᠷᠡᠭᠵᠢᠭᠦᠯᠦᠯᠲᠡ ᠶᠢᠨ ᠲᠣᠭᠲᠠᠭᠠᠯ ᠳᠤ ᠬᠠᠤᠯᠢ ᠲᠦᠷᠢᠮ ᠤᠨ ᠬᠢᠨᠠᠨ ᠬᠠᠷᠭᠤᠭᠤᠯᠤᠯᠲᠠ ᠬᠢᠬᠦ《ᠭᠤᠷᠪᠠᠨ ᠵᠦᠢᠯ ᠤᠨ ᠲᠦᠷᠢᠮ》 ᠢ | ᠬᠡᠷᠡᠭᠵᠢᠭᠦᠯᠵᠦ᠂ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠤᠨ᠎ᠠ᠃ ᠠᠵᠤ ᠠᠬᠤᠶᠢᠯᠠᠯ ᠳᠤ | ᠬᠤᠯᠪᠣᠭᠳᠠᠭᠰᠠᠨ ᠵᠠᠰᠠᠭ ᠵᠠᠬᠢᠷᠭᠠᠨ ᠤ ᠲᠣᠭᠲᠠᠭᠠᠯ ᠠᠴᠠ ᠵᠥᠷᠢᠴᠡᠭᠰᠡᠨ ᠬᠥᠩᠭᠡᠨ ᠥᠢᠯᠡ ᠠᠵᠢᠯᠯᠠᠭ᠎ᠠ ᠶᠢ《 ᠠᠩᠬ᠎ᠠ ᠤᠳᠠᠭ᠎ᠠ ᠥᠯᠥ ᠲᠣᠷᠭᠠᠬᠤ᠂ ᠪᠣᠳᠠᠲᠠᠶ | ᠭᠠᠵᠠᠷ ᠲᠤᠨᠢ ᠰᠡᠷᠡᠮᠵᠢᠯᠡᠭᠦᠯᠬᠦ ᠳᠠᠬᠢᠵᠤ ᠡᠶᠢᠮᠤ ᠵᠢᠱᠢᠶ᠎ᠠ ᠭᠠᠷᠭᠠᠬᠤ ᠦᠬᠡᠢ》 ᠶᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠰᠦᠢᠳᠭᠡᠯ ᠲᠣᠷᠭᠠᠭᠤᠯᠢ ᠶᠢᠨ | ᠲᠠᠰᠤᠯᠤᠯᠲᠠ ᠶᠢᠨ ᠡᠷᠬᠡ ᠶᠢ ᠪᠣᠯᠭᠤᠮᠵᠢᠲᠠᠶ ᠬᠡᠷᠡᠭᠵᠢᠭᠦᠯᠵᠦ᠂ ᠣᠷᠴᠢᠨ ᠠᠬᠤᠶ ᠶᠢᠨ ᠬᠠᠮᠠᠭᠠᠯᠠᠯᠲᠠ᠂ ᠠᠮᠤᠷ ᠲᠦᠪᠰᠢᠨ ᠵᠡᠷᠭᠡ ᠠᠰᠠᠭᠤᠳᠠᠯ ᠢᠶᠠᠷ ᠰᠢᠯᠲᠠᠭ | ᠪᠣᠯᠭᠠᠵᠤ《ᠡᠭᠡᠭᠡ ᠠᠳᠠᠯᠢ ᠪᠠᠶᠢᠯᠭᠠᠬᠤ》 ᠮᠠᠶ᠋ᠢᠭ ᠤᠨ ᠠᠵᠤ ᠠᠬᠤᠶᠢᠯᠠᠯ ᠢ ᠬᠠᠭᠠᠵᠤ ᠵᠣᠭᠰᠣᠭᠠᠬᠤ ᠠᠷᠭ᠎ᠠ ᠬᠢᠳᠡᠯ ᠢ ᠴᠠᠭ ᠲᠤᠬᠠᠶ ᠳᠤᠨᠢ ᠵᠠᠯᠠᠷᠠᠭᠤᠯᠵᠤ᠂ | ᠳᠤᠷ᠎ᠠ ᠵᠣᠷᠢᠭ ᠢᠶᠠᠷ ᠢᠶᠠᠨ ᠬᠠᠤᠯᠢ ᠬᠡᠷᠡᠭᠵᠢᠭᠦᠯᠬᠦ᠂ ᠰᠦᠢᠳᠭᠡᠬᠦ ᠪᠠᠷᠢᠮᠵᠢᠶ᠎ᠠ ᠨᠢ ᠠᠳᠠᠯᠢ ᠥᠬᠡᠶ ᠪᠠᠶᠢᠬᠤ ᠵᠡᠷᠭᠡ ᠦᠵᠡᠭᠳᠡᠯ ᠰᠡᠷᠭᠡᠶᠢᠯᠠᠵᠤ᠂ ᠲᠣᠷᠭᠠᠵᠤ | ᠬᠤᠷᠢᠶᠠᠨ ᠠᠪᠤᠭᠰᠠᠨ ᠣᠷᠣᠯᠭ᠎ᠠ ᠶᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢᠨ ᠠᠰᠢᠭ ᠲᠤᠰᠠ ᠲᠠᠢ ᠬᠤᠯᠪᠣᠭᠳᠠᠭᠤᠯᠬᠤ ᠶᠢ ᠴᠠᠭᠠᠵᠠᠯᠠᠬᠤ | ᠬᠡᠷᠡᠭᠲᠡᠢ᠃ | ᠳᠠᠭᠠᠭᠠᠴᠢᠯᠠᠯᠲᠠ ᠵᠠᠷᠯᠠᠬᠤ ᠲᠠᠯᠳᠠ ᠪᠠᠬᠢᠯᠡᠯᠲᠡ ᠶᠢ ᠤᠯᠠᠮ ᠨᠢᠭᠡ ᠠᠯᠬᠤᠮ ᠠᠷᠢᠯᠭᠠᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠳᠤ ᠡᠷᠬᠡ ᠲᠡᠭᠰᠢ ᠪᠠᠷ ᠣᠷᠣᠯᠴᠠᠬᠤ ᠶᠢ ᠳᠡᠮᠵᠢᠵᠦ᠂ ᠵᠣᠬᠢᠬᠤ ᠬᠢᠷᠢ ᠬᠡᠮ ᠤᠨ ᠨᠥᠬᠦᠴᠡᠯ ᠢ ᠪᠦᠷᠢᠯᠳᠦᠭᠦᠯᠦᠭᠰᠡᠨ ᠠᠵᠤ | ᠠᠬᠤᠶᠢᠯᠠᠯ ᠳᠤ ᠲᠤᠬᠠᠶᠢᠯᠠᠭᠰᠠᠨ ᠠᠵᠢᠯ ᠤᠨ ᠴᠢᠳᠠᠪᠤᠷᠢ ᠯᠤᠭ᠎ᠠ ᠬᠤᠯᠪᠤᠭᠳᠠᠯ ᠦᠬᠡᠢ ᠠᠵᠤ ᠠᠬᠤᠶᠢᠯᠠᠯ ᠤᠨ ᠬᠡᠪᠴᠢᠶ᠎ᠡ ᠶᠢᠨ ᠪᠠᠷᠢᠮᠵᠢᠶ᠎ᠠ ᠪᠠ ᠳᠠᠭᠠᠭᠠᠴᠢᠯᠠᠯᠲᠠ | ᠵᠠᠷᠯᠠᠬᠤ ᠲᠥᠷᠥᠯ ᠵᠦᠢᠯ ᠤᠨ ᠱᠠᠭᠠᠷᠳᠠᠯᠭ᠎ᠠ ᠠᠴᠠ ᠢᠯᠡᠳᠲᠡ ᠳᠠᠪᠠᠭᠰᠠᠨ ᠠᠵᠢᠯ ᠤᠨ ᠪᠦᠲᠦᠮᠵᠢ ᠶᠢᠨ ᠪᠠᠷᠢᠮᠵᠢᠶ᠎ᠠ ᠵᠡᠷᠭᠡ ᠶᠢ ᠪᠠᠶᠢᠷᠢᠯᠠᠭᠤᠯᠵᠤ ᠪᠣᠯᠬᠤ ᠥᠬᠡᠶ᠂ | ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠳᠤ ᠲᠣᠭᠲᠠᠭᠠᠯ ᠠᠴᠠ ᠵᠥᠷᠢᠴᠡᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠢ | ᠭᠠᠳᠠᠭᠤᠷᠴᠢᠯᠠᠵᠤ ᠪᠣᠯᠬᠤ ᠥᠬᠡᠶ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠲᠣᠰ ᠭᠠᠵᠠᠷ ᠲᠠᠭᠠᠨ ᠲᠤᠰᠠᠭᠠᠷ ᠬᠤᠪᠢᠶᠠᠷᠢ ᠺᠣᠮᠫᠠᠨᠢ ᠳᠠᠩᠰᠠᠯᠠᠭᠤᠯᠤᠨ | ᠪᠠᠶᠢᠭᠤᠯᠬᠤ ᠪᠠᠷ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠶᠢᠨ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠰᠦᠢᠳᠭᠡᠯ ᠬᠤᠷᠢᠶᠠᠬᠤ ᠥᠬᠡᠶ ᠪᠠᠷ | ᠬᠠᠩᠭᠠᠵᠤ᠂ ᠡᠩ ᠤᠨ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠠᠵᠢᠯᠯᠠᠭ᠎ᠠ ᠳᠤ ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ ᠬᠤᠷᠢᠶᠠᠬᠤ ᠥᠬᠡᠶ | ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ | ᠮᠥᠩᠭᠦ ᠶᠢᠨ《1+3+N》ᠡᠯᠧᠺᠲᠷᠣᠨ ᠪᠠᠲᠤᠯᠠᠭ᠎ᠠ ᠶᠢᠨ ᠵᠠᠬᠢᠳᠠᠯ ᠤᠨ ᠬᠡᠪ ᠵᠠᠭᠪᠤᠷ ᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠪᠠᠯᠠ ᠮᠦᠩᠬᠦᠨ ᠤ | ᠡᠷᠬᠢᠯᠳᠠ ᠶᠢᠨ ᠳᠠᠷᠤᠯᠳᠠ ᠶᠢ ᠦᠨᠡᠨᠬᠦ ᠬᠦᠩᠭᠡᠷᠡᠭᠦᠯᠤᠨᠡ᠃ | ︵ᠭᠤᠷᠪᠠ︶ ᠬᠠᠤᠯᠢ ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ | ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠢ᠃ ᠡᠯ᠎ᠡ ᠲᠦᠷᠦᠯ ᠤᠨ ᠵᠠᠬ᠎ᠠ ᠳᠡᠯᠭᠡᠭᠦᠷ ᠤᠨ | ᠪᠡᠶᠡᠴᠢ ᠴᠣᠭᠴᠠ ᠵᠢᠴᠢ ᠡᠵᠡᠩᠨᠡᠭᠴᠢ ᠶᠢᠨ ᠡᠳ᠋ ᠬᠦᠷᠦᠩᠭᠡ ᠶᠢᠨ ᠡᠷᠬᠡ᠂ ᠡᠵᠡᠩᠨᠡᠯᠲᠡ ᠶᠢᠨ ᠡᠵᠡᠨ ᠮᠡᠳᠡᠬᠦ ᠡᠷᠬᠡ ᠪᠠ ᠪᠤᠰᠤᠳ ᠬᠠᠤᠯᠢ ᠶᠣᠰᠣᠨ ᠤ ᠡᠷᠬᠡ | ᠠᠰᠢᠭ ᠢ ᠬᠠᠤᠯᠢ ᠶᠣᠰᠣᠭᠠᠷ ᠬᠠᠮᠠᠭᠠᠯᠠᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠵᠡᠩᠨᠡᠯᠲᠡ ᠶᠢᠨ ᠠᠵᠢᠯᠯᠠᠭ᠎ᠠ ᠲᠠᠢ ᠨᠢᠭᠲᠠ ᠬᠤᠯᠪᠣᠭᠳᠠᠬᠤ | ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠰᠠᠨᠠᠯ ᠢ ᠰᠣᠨᠣᠰᠬᠤ ᠠᠵᠢᠯ ᠤᠨ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠵᠥᠪᠳᠡᠯᠴᠡᠨ ᠶᠠᠷᠢᠯᠴᠠᠬᠤ ᠶᠢ ᠴᠢᠩᠭᠠᠳᠬᠠᠬᠤ ᠶᠢᠨ ᠵᠡᠷᠭᠡᠴᠡᠭᠡᠪᠡᠷ ᠬᠠᠤᠯᠢ ᠶᠣᠰᠣᠴᠢ ᠴᠢᠨᠠᠷ ᠪᠠ ᠲᠥᠪ ᠭᠤᠣᠯᠴᠢ ᠴᠢᠨᠠᠷ ᠤᠨ ᠬᠢᠨᠠᠨ | ᠪᠠᠶᠢᠴᠠᠭᠠᠯᠲᠠ ᠶᠢ ᠴᠢᠩᠭ᠎ᠠ ᠬᠢᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠥᠷᠢᠰᠥᠯᠳᠦᠭᠡᠨ ᠳᠤ ᠣᠷᠣᠯᠴᠠᠬᠤ ᠶᠢ ᠭᠠᠳᠠᠭᠤᠷᠴᠢᠯᠠᠬᠤ᠂ | ᠬᠢᠵᠠᠭᠠᠷᠯᠠᠬᠤ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠦ ᠪᠣᠯᠬᠤ ᠦᠭᠡᠢ᠂ ᠵᠠᠰᠠᠭ ᠵᠠᠬᠢᠷᠭᠠᠨ ᠤ ᠡᠷᠬᠡ ᠶᠢ ᠳᠤᠷ᠎ᠠ ᠪᠠᠷ ᠢᠶᠠᠨ ᠬᠡᠷᠡᠭᠯᠡᠵᠦ | ᠥᠷᠢᠰᠥᠯᠳᠦᠭᠡᠨ ᠢ ᠭᠠᠳᠠᠭᠤᠷᠴᠢᠯᠠᠭᠰᠠᠨ᠂ ᠬᠢᠵᠠᠭᠠᠷᠯᠠᠭᠰᠠᠨ ᠨᠡᠶᠢᠲᠡᠯᠢᠭ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠤᠷᠢᠯᠡᠬᠦ ᠶᠢᠨ ᠬᠠᠮᠲᠤ ᠨᠡᠶᠢᠭᠡᠮ ᠳᠤ | ᠨᠡᠶᠢᠲᠡᠯᠡᠨ᠎ᠡ᠃ ᠤᠳᠤᠷᠢᠳᠬᠤ ᠺᠠᠳ᠋ᠷᠴᠤᠳ ᠲᠣᠭᠲᠠᠭᠠᠯ ᠢ ᠵᠥᠷᠢᠴᠡᠨ ᠠᠵᠤ ᠠᠬᠤᠶᠢᠯᠠᠯ ᠵᠡᠷᠭᠡ ᠬᠠᠮᠢᠶᠠᠷᠤᠯᠲᠠ ᠦᠢᠯᠡᠴᠢᠯᠡᠭᠡᠨ ᠤ ᠡᠲᠡᠭᠡᠳ ᠠᠴᠠ ᠵᠢᠭᠡᠯᠡᠯᠭᠡ | ᠠᠪᠬᠤ᠂ ᠬᠤᠪᠢ ᠣᠷᠣᠭᠤᠯᠬᠤ ᠵᠢᠴᠢ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠵᠡᠷᠭᠡ ᠠᠰᠠᠭᠤᠳᠠᠯ ᠢ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠢ | ᠦᠷᠨᠢᠭᠦᠯᠬᠦ ᠬᠡᠷᠡᠭᠲᠡᠢ᠃ | ᠦᠨᠡᠨᠴᠢ ᠢᠲᠡᠭᠡᠮᠵᠢᠲᠡᠶ ᠨᠡᠶᠢᠭᠡᠮ ᠤᠨ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠨ᠎ᠠ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢ ᠬᠢᠨᠠᠨ ᠬᠡᠮᠵᠢᠵᠦ ᠵᠠᠰᠠᠬᠤ ᠰᠢᠰᠲ᠋ᠧᠮ ᠪᠠ ᠵᠠᠰᠠᠭ ᠤᠨ ᠣᠷᠳᠣᠨ ᠤ | ᠢᠲᠡᠭᠡᠯ ᠠᠯᠳᠠᠭᠰᠠᠨ ᠬᠠᠷᠢᠭᠤᠴᠠᠯᠭ᠎ᠠ ᠶᠢ ᠨᠡᠬᠡᠮᠵᠢᠯᠡᠬᠦ ᠲᠣᠭᠲᠠᠴᠠ ᠶᠢ ᠪᠠᠶᠢᠭᠤᠯᠵᠤ᠂《 ᠵᠠᠰᠠᠭ ᠤᠨ ᠣᠷᠳᠣᠨ ᠤ ᠠᠮᠠᠯᠠᠯᠲᠠ᠂ ᠨᠡᠶᠢᠭᠡᠮ ᠤᠨ ᠬᠢᠨᠠᠯᠲᠠ᠂ | ᠢᠲᠡᠭᠡᠯ ᠠᠯᠳᠠᠭᠰᠠᠨ ᠬᠠᠷᠢᠭᠤᠴᠠᠯᠭ᠎ᠠ ᠶᠢ ᠨᠡᠬᠡᠮᠵᠢᠯᠡᠬᠦ》ᠲᠣᠭᠲᠠᠴᠠ ᠶᠢ ᠪᠦᠷᠢᠨᠰᠢᠬᠦᠯᠦᠨ᠎ᠠ᠃ ᠳᠠᠩᠰᠠᠨ ᠤ ᠵᠣᠭᠤᠰ ᠢ ᠥᠷᠢᠲᠦᠬᠦ ᠦᠢᠯᠡ ᠠᠵᠢᠯᠯᠠᠭ᠎ᠠ ᠶᠢ | ᠬᠢᠵᠠᠭᠠᠷᠯᠠᠵᠤ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠩᠰᠠᠨ ᠤ ᠵᠣᠭᠤᠰ ᠢ ᠥᠷᠢᠲᠦᠬᠦ | ᠠᠰᠠᠭᠤᠳᠠᠯ ᠢ ᠰᠡᠷᠭᠡᠶᠢᠯᠡᠨ ᠵᠠᠯᠠᠷᠠᠭᠤᠯᠤᠨ᠎ᠠ᠂ ᠪᠥᠬᠦ ᠬᠤᠲᠠ ᠶᠢᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠢ | ᠰᠠᠶᠢᠲᠤᠷ ᠬᠡᠷᠡᠭᠯᠡᠵᠦ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠪᠠᠷ ᠡᠳ᠋ᠯᠡᠬᠦ ᠶᠢ | ᠠᠬᠢᠭᠤᠯᠤᠨ᠎ᠠ᠃ ᠡᠯ᠎ᠡ ᠠᠵᠢᠯ ᠲᠥᠷᠥᠯ ᠤᠨ ᠬᠦᠷᠢᠶᠡᠨ ᠳᠠᠬᠢ ᠢᠲᠡᠭᠡᠯ ᠠᠯᠳᠠᠭᠰᠠᠨ ᠪᠡᠶᠡᠴᠢ ᠴᠣᠭᠴᠠ ᠶᠢᠨ ᠨᠡᠷᠡᠰ ᠤᠨ ᠬᠠᠮᠢᠶᠠᠷᠤᠯᠲᠠ ᠶᠢᠨ ᠲᠦᠷᠢᠮ ᠢ | ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠯ ᠶᠣᠰᠣᠭᠠᠷ ᠢᠲᠡᠭᠡᠮᠵᠢ ᠲᠠᠢ ᠪᠠᠶᠢᠬᠤ ᠶᠢ ᠬᠠᠮᠲᠤᠷᠠᠨ ᠤᠷᠮᠠᠰᠢᠭᠤᠯᠬᠤ ᠪᠠ ᠢᠲᠡᠭᠡᠯ ᠠᠯᠳᠠᠭᠰᠠᠨ ᠢ ᠬᠠᠮᠲᠤᠷᠠᠨ | ᠵᠠᠯᠬᠠᠭᠠᠨ ᠴᠡᠭᠡᠷᠯᠡᠭᠦᠯᠬᠦ ᠶᠢ ᠥᠷᠨᠢᠭᠦᠯᠵᠦ᠂ ᠢᠲᠡᠭᠡᠮᠵᠢ ᠶᠢ ᠰᠡᠷᠭᠦᠭᠡᠬᠦ ᠠᠵᠢᠯ ᠢ ᠡᠮᠬᠢ ᠵᠢᠷᠤᠮ ᠲᠠᠢ ᠥᠷᠨᠢᠭᠦᠯᠵᠦ᠂ ᠢᠲᠡᠭᠡᠮᠵᠢ ᠲᠠᠢ ᠬᠦᠮᠤᠰ ᠲᠤ《 | ᠲᠤᠳᠠᠭᠤ ᠶᠢ ᠬᠦᠯᠢᠶᠠᠨ ᠠᠪᠴᠤ ᠰᠢᠢᠳᠪᠣᠷᠢᠯᠡᠬᠦ》᠂《 ᠰᠠᠭᠠᠳ ᠥᠬᠡᠶ ᠨᠡᠪᠲᠡᠷᠡᠬᠦ ᠵᠠᠮ 》 ᠤᠨ ᠲᠥᠬᠦᠮ ᠦᠵᠡᠭᠦᠯᠬᠦ ᠠᠷᠭ᠎ᠠ ᠬᠡᠮᠵᠢᠶ᠎ᠡ ᠬᠠᠩᠭᠠᠬᠤ ᠶᠢ | ᠬᠠᠶᠢᠨ ᠰᠦᠪᠡᠭᠴᠢᠯᠡᠨ᠎ᠡ᠃ | ᠬᠠᠤᠯᠢ ᠪᠠᠷᠢᠬᠤ ᠠᠵᠢᠯᠯᠠᠭ᠎ᠠ ᠶᠢ ᠦᠨᠡᠨ ᠬᠦ ᠵᠢᠷᠤᠮᠵᠢᠭᠤᠯᠬᠤ ᠬᠡᠷᠡᠭᠲᠡᠢ᠃ ᠬᠠᠤᠯᠢ ᠪᠠᠷᠢᠬᠤ ᠪᠠᠶᠢᠭᠤᠯᠭ᠎ᠠ ᠶᠢᠨ ᠡᠷᠡᠭᠦᠦ ᠶᠢᠨ ᠬᠡᠷᠡᠭ ᠢ ᠪᠠᠶᠢᠴᠠᠭᠠᠨ | ᠰᠢᠢᠳᠪᠦᠷᠢᠯᠡᠬᠦ ᠪᠠᠷ ᠰᠢᠯᠲᠠᠭ ᠪᠣᠯᠭᠠᠵᠤ ᠢᠷᠭᠡᠨ ᠤ ᠬᠡᠷᠡᠭ ᠤᠨ ᠠᠵᠤ ᠠᠬᠤᠢ ᠶᠢᠨ ᠵᠠᠭᠤᠷᠠᠯᠳᠤᠭᠠᠨ ᠳᠤ ᠭᠠᠷ ᠲᠦᠷᠦᠭᠦ᠂ ᠠᠵᠤ ᠠᠬᠤᠶᠢᠯᠠᠯ ᠤᠨ ᠬᠡᠪ ᠤᠨ | ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ ᠭᠠᠷ ᠲᠦᠷᠦᠭᠦ᠂ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠢ ᠰᠢᠢᠳᠪᠦᠷᠢᠯᠡᠬᠦ ᠳᠡᠭᠡᠨ《 ᠴᠥᠭᠡᠨ | ᠪᠠᠷᠢᠪᠴᠢᠯᠠᠬᠤ》᠂《ᠳᠤᠲᠠᠭᠤ ᠬᠤᠷᠢᠬᠤ》᠂ 《 ᠪᠣᠯᠭᠤᠮᠵᠢᠲᠠᠢ ᠵᠠᠭᠠᠯᠳᠤᠬᠤ》ᠬᠠᠤᠯᠢ ᠪᠠᠷᠢᠬᠤ ᠣᠶᠢᠯᠠᠭᠠᠭᠳᠠᠬᠤᠨ ᠢ ᠨᠠᠶᠢᠳᠠᠪᠤᠷᠢᠵᠢᠭᠤᠯᠬᠤ ᠶᠢ ᠴᠢᠩᠭ᠎ᠠ | ᠴᠠᠭᠠᠵᠠᠯᠠᠵᠤ᠂ ᠬᠡᠷᠡᠭ ᠰᠢᠢᠳᠪᠦᠷᠢᠯᠡᠬᠦ ᠠᠵᠢᠯᠯᠠᠭ᠎ᠠ ᠶᠢᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠡᠪ ᠤᠨ ᠦᠢᠯᠡᠳᠪᠦᠷᠢᠯᠡᠯ ᠡᠵᠡᠩᠨᠡᠯᠲᠡ ᠳᠤ | ᠤᠴᠠᠷᠠᠭᠤᠯᠬᠤ ᠠᠰᠢᠭ ᠦᠭᠡᠢ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ ᠡᠳ᠋ ᠬᠦᠷᠦᠩᠭᠡ ᠳᠤ ᠬᠤᠯᠪᠣᠭᠳᠠᠬᠤ ᠠᠯᠪᠠᠳᠠᠯᠭ᠎ᠠ ᠶᠢᠨ | ᠴᠢᠨᠠᠷᠲᠠᠶ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠪᠣᠯᠭᠤᠮᠵᠢᠲᠠᠶ ᠬᠡᠷᠡᠭᠯᠡᠵᠦ᠂ ᠬᠠᠤᠯᠢ ᠪᠤᠰᠤ ᠡᠳ᠋ ᠬᠦᠷᠦᠩᠭᠡ ᠬᠢᠭᠡᠳ ᠬᠠᠤᠯᠢ ᠶᠣᠰᠣᠨ ᠤ ᠡᠳ᠋ ᠬᠦᠷᠦᠩᠭᠡ᠂ | ᠠᠵᠤ ᠠᠬᠤᠶᠢᠯᠠᠯ ᠤᠨ ᠬᠠᠤᠯᠢ ᠶᠢᠨ ᠬᠥᠮᠦᠨ ᠤ ᠡᠳ᠋ ᠬᠦᠷᠦᠩᠭᠡ ᠬᠢᠭᠡᠳ ᠬᠤᠪᠢ ᠣᠷᠣᠭᠤᠯᠤᠭᠴᠢ ᠶᠢᠨ ᠬᠤᠪᠢ ᠬᠥᠮᠦᠨ ᠤ ᠡᠳ᠋ ᠬᠦᠷᠦᠩᠭᠡ᠂ ᠬᠡᠷᠡᠭ ᠲᠤ | ᠬᠤᠯᠪᠣᠭᠳᠠᠬᠤ ᠬᠥᠮᠦᠨ ᠤ ᠬᠤᠪᠢ ᠬᠥᠮᠦᠨ ᠤ ᠡᠳ᠋ ᠬᠦᠷᠦᠩᠭᠡ ᠬᠢᠭᠡᠳ ᠭᠡᠷ ᠪᠦᠯᠢ ᠶᠢᠨ ᠪᠦᠷᠢᠯᠳᠦᠬᠦᠨ ᠤ ᠡᠳ᠋ ᠬᠦᠷᠦᠩᠭᠡ ᠶᠢ ᠴᠢᠩᠭ᠎ᠠ ᠢᠯᠭᠠᠵᠤ᠂ | ᠬᠡᠷᠡᠭ ᠲᠤ ᠬᠤᠯᠪᠣᠭᠳᠠᠬᠤ ᠤᠢᠭᠡᠢ ᠵᠣᠭᠤᠰ ᠮᠥᠩᠭᠦ ᠡᠳ᠋ ᠪᠣᠳᠠᠰ᠂ ᠲᠡᠩᠰᠠ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠮᠠᠲ᠋ᠧᠷᠢᠶᠠᠯ | ᠵᠡᠷᠭᠡ ᠶᠢ ᠪᠠᠶᠢᠴᠠᠭᠠᠨ ᠪᠢᠲᠡᠭᠦᠮᠵᠢᠯᠡᠵᠦ᠂ ᠬᠤᠷᠢᠶᠠᠨ ᠠᠪᠬᠤ᠂ ᠴᠡᠪᠳᠡᠭᠯᠡᠵᠦ ᠪᠣᠯᠬᠤ ᠤᠢᠭᠡᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ | ᠬᠠᠯᠳᠠᠭᠰᠠᠨ ᠪᠠ ᠬᠤᠳᠠᠯᠳᠤᠭᠠᠨ ᠤ ᠢᠲᠡᠭᠡᠯ ᠬᠦᠨᠳᠦ᠂ ᠲᠠᠸᠠᠷ ᠤᠨ ᠨᠡᠷ᠎ᠡ ᠬᠦᠨᠳᠦ ᠶᠢ ᠬᠤᠬᠢᠷᠠᠭᠤᠯᠤᠭᠰᠠᠨ ᠵᠡᠷᠭᠡ ᠶᠠᠯᠠᠲᠤ ᠠᠵᠢᠯᠯᠠᠭ᠎ᠠ ᠶᠢ ᠡᠷᠡᠰ ᠢᠶᠠᠷ | ᠵᠠᠯᠬᠠᠭᠠᠨ ᠰᠢᠢᠳᠭᠡᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠪᠠᠶᠢᠩᠭᠤᠵᠢᠭᠤᠯᠬᠤ ᠳᠤ ᠣᠷᠣᠭᠤᠯᠬᠤ ᠶᠢ ᠠᠬᠢᠭᠤᠯᠵᠤ᠂ | ᠬᠠᠷ᠎ᠠ ᠪᠦᠯᠦᠭᠲᠡᠨ ᠬᠠᠷᠭᠢᠰ ᠬᠦᠴᠦᠨ ᠤ ᠬᠢᠬᠠᠨ ᠮᠥᠯᠵᠢᠬᠦ᠂ ᠦ ᠡᠷᠢᠵᠦ ᠬᠡᠷᠡᠭ ᠡᠳᠦᠬᠦ᠂ ᠡᠵᠡᠷᠬᠡᠭᠯᠡᠬᠦ᠂ ᠬᠤᠳᠠ ᠶᠢᠨ ᠡᠵᠡᠷᠬᠡᠭᠴᠢ ᠠᠵᠢᠯ ᠨᠢᠭᠡᠲᠡᠨ ᠢᠶᠠᠨ | ᠳᠠᠷᠤᠯᠠᠵᠤ ᠵᠠᠬ᠎ᠠ ᠳᠡᠯᠭᠡᠭᠦᠷ ᠢ ᠡᠵᠡᠷᠬᠡᠬᠦ ᠵᠡᠷᠭᠡ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠪᠠ ᠠᠵᠤ ᠠᠬᠤᠶᠢᠯᠠᠯᠲᠠᠨ ᠤ ᠠᠮᠢ ᠨᠠᠰᠤ | ᠡᠳ᠋ ᠬᠦᠷᠦᠩᠭᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠭᠦᠨ᠎ᠡ᠃ ᠠᠵᠤ | ᠠᠬᠤᠶᠢᠯᠠᠯ ᠳᠤ ᠬᠤᠯᠪᠣᠭᠳᠠᠭᠰᠠᠨ ᠵᠢᠭᠤᠷᠠᠯᠳᠤᠭᠠᠨ ᠢ ᠬᠡᠷᠡᠭ ᠪᠣᠯᠭᠠᠨ ᠲᠠᠩᠰᠠᠯᠠᠵᠤ ᠠᠷᠢᠯᠭᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠠᠵᠤ | ᠠᠬᠤᠶᠢᠯᠠᠯ ᠳᠤ ᠬᠤᠯᠪᠣᠭᠳᠠᠭᠰᠠᠨ ᠬᠢᠯᠢᠰ ᠬᠤᠳᠠᠯ ᠪᠤᠷᠤᠭᠤ ᠬᠡᠷᠡᠭ ᠢ ᠵᠠᠯᠠᠷᠠᠭᠤᠯᠬᠤ ᠡᠷᠴᠢᠮ ᠢ ᠴᠢᠩᠭᠠᠷᠠᠭᠤᠯᠵᠤ᠂ ᠦᠨᠡᠨ ᠬᠦ ᠪᠣᠳᠠᠲᠤ ᠬᠡᠷᠡᠭ ᠨᠢ ᠲᠣᠳᠣᠷᠬᠠᠶ | ᠦᠭᠡᠢ᠂ ᠭᠡᠷᠡᠴᠢ ᠪᠠᠷᠢᠮᠲᠠ ᠨᠢ ᠭᠦᠢᠴᠡᠳ ᠦᠭᠡᠢ᠂ ᠬᠠᠤᠯᠢ ᠴᠠᠭᠠᠵᠠ ᠶᠢ ᠪᠤᠷᠤᠭᠤ ᠬᠡᠷᠡᠭᠯᠡᠭᠰᠡᠨ ᠬᠡᠷᠡᠭ ᠢ ᠬᠠᠤᠯᠢ ᠶᠣᠰᠣᠭᠠᠷ ᠴᠠᠭ ᠲᠤᠬᠠᠶ ᠳᠤᠨᠢ ᠵᠠᠯᠠᠷᠠᠭᠤᠯᠬᠤ | ᠬᠡᠷᠡᠭᠲᠡᠢ᠃ | ︵ᠳᠥᠷᠪᠡ︶ ᠰᠢᠨ᠎ᠡ ᠬᠡᠯᠪᠡᠷᠢ ᠶᠢᠨ ᠵᠠᠰᠠᠭ ᠤᠨ ᠣᠷᠳᠣᠨ ᠪᠠ ᠬᠤᠳᠠᠯᠳᠤᠭᠠᠨ ᠤ ᠣᠷᠴᠢᠨ ᠨᠦᠬᠦᠴᠡᠯ ᠢ ᠳᠡᠭᠡᠭᠰᠢᠯᠡᠭᠦᠯᠬᠦ ᠠᠵᠢᠯᠯᠠᠭ᠎ᠠ ᠶᠢ | ᠬᠡᠷᠡᠭᠵᠢᠭᠦᠯᠦᠨ᠎ᠡ | ᠵᠠᠰᠠᠭ ᠤᠨ ᠣᠷᠳᠣᠨ ᠤ ᠬᠤᠳᠠᠯᠳᠤᠭᠠᠴᠢᠨ ᠴᠢᠩ ᠤᠯᠤᠰ ᠢ ᠳᠣᠲᠣᠨᠣᠴᠢᠯᠠᠬᠤ ᠶᠠᠪᠤᠯᠴᠠᠭ᠎ᠠ ᠶᠢ ᠠᠬᠢᠭᠤᠯᠤᠨ᠎ᠠ᠃ ᠵᠠᠰᠠᠭ ᠤᠨ ᠣᠷᠳᠣᠨ ᠪᠠ | ᠬᠤᠳᠠᠯᠳᠤᠭᠠᠴᠢᠨ ᠬᠥᠮᠦᠰ ᠤᠨ ᠬᠡᠪ ᠤᠨ ᠶᠠᠪᠤᠯᠴᠠᠭ᠎ᠠ ᠶᠢᠨ ᠠᠵᠢᠯᠯᠠᠭᠠᠨ ᠤ ᠵᠢᠷᠤᠮᠵᠢᠯ ᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠪᠠ ᠬᠤᠳᠠᠯᠳᠤᠭᠠᠨ ᠤ | ᠶᠠᠪᠤᠯᠴᠠᠭ᠎ᠠ ᠶᠢᠨ《 ᠵᠥᠪ ᠲᠠᠯ᠎ᠠ ᠶᠢᠨ ᠲᠣᠳᠣᠷᠬᠠᠶ ᠬᠠᠭᠤᠳᠠᠰᠤ》ᠪᠠ《 ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤ》 ᠶᠢ ᠰᠠᠶᠢᠲᠤᠷ ᠬᠡᠷᠡᠭᠵᠢᠭᠦᠯᠦᠨ᠎ᠡ᠃ | ᠡᠯ᠎ᠡ ᠱᠠᠲᠤᠨ ᠤ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠵᠢᠴᠢ ᠲᠡᠭᠦᠨ ᠤ | ᠬᠠᠷᠢᠭᠤᠴᠠᠯᠭᠠᠲᠠᠨ ᠲᠠᠢ ᠦᠨᠡᠨᠴᠢ ᠰᠢᠳᠤᠷᠭᠤ ᠪᠠᠷ ᠬᠠᠷᠢᠯᠴᠠᠨ ᠶᠠᠪᠤᠯᠴᠠᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ | ᠣᠶᠢᠯᠠᠭᠠᠵᠤ᠂ ᠪᠣᠳᠠᠲᠠᠢ ᠬᠦᠴᠢᠷᠳᠡᠯ ᠢ ᠨᠢ ᠵᠥᠪᠰᠢᠶᠡᠷᠡᠭᠦᠯᠦᠭᠡᠳ᠂ ᠠᠵᠤ ᠠᠬᠤᠶᠢᠯᠠᠯ ᠪᠤᠶᠤ ᠠᠵᠢᠯ ᠲᠥᠷᠥᠯ ᠤᠨ ᠨᠡᠶᠢᠭᠡᠮᠯᠢᠭ᠂ ᠬᠤᠳᠠᠯᠳᠤᠭᠠᠴᠢᠳ ᠤᠨ | ᠡᠪᠯᠡᠯ ᠤᠨ ᠡᠷᠭᠢᠯᠡᠭᠰᠡᠨ ᠶᠠᠷᠢᠯᠴᠠᠬᠤ ᠬᠤᠷᠠᠯ᠂ ᠴᠠᠶᠢᠯᠠᠯᠭ᠎ᠠ ᠪᠠ ᠠᠵᠤ ᠠᠬᠤᠶᠢᠯᠠᠯ ᠤᠨ ᠥᠢᠯᠡᠳᠭᠦᠨ ᠤ ᠳᠡᠯᠭᠡᠨ ᠪᠣᠷᠣᠯᠠᠭᠤᠯᠬᠤ ᠴᠤᠭᠯᠠᠭᠠᠨ᠂ ᠠᠵᠤ ᠠᠬᠤᠶ | ᠠᠷᠠᠯᠵᠢᠶᠠᠨ ᠤ ᠵᠥᠪᠳᠡᠯᠴᠡᠬᠡᠷ ᠤᠨ ᠬᠤᠷᠠᠯ ᠵᠢᠴᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠᠷ ᠭᠤᠤᠯ ᠰᠡᠳᠦᠪ ᠪᠣᠯᠭᠠᠭᠰᠠᠨ ᠬᠤᠯᠪᠤᠭᠳᠠᠯ ᠪᠥᠬᠦᠶ | ᠠᠵᠢᠯᠯᠠᠭ᠎ᠠ ᠳᠤ ᠣᠷᠣᠯᠴᠠᠵᠤ ᠪᠣᠯᠤᠨ᠎ᠠ᠃ | ᠬᠠᠷᠢᠯᠴᠠᠨ ᠦᠢᠯᠡᠴᠢᠯᠡᠬᠦ ᠲᠦᠷᠢᠮ ᠢ ᠲᠡᠭᠦᠯᠳᠡᠷᠵᠢᠬᠦᠯᠬᠦ ᠬᠡᠷᠡᠭᠲᠡᠢ᠃ ᠤᠳᠤᠷᠢᠳᠬᠤ ᠺᠠᠳ᠋ᠷ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ | ᠳᠠᠭᠠᠭᠠᠴᠢᠯᠠᠨ ᠬᠤᠯᠪᠣᠭᠠᠯᠠᠬᠤ ᠠᠵᠢᠯ ᠤᠨ ᠲᠦᠷᠢᠮ ᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠰᠠᠭᠤᠭ᠎ᠠ ᠬᠤᠯᠪᠣᠭᠠᠴᠢᠨ ᠭᠠᠷᠭᠠᠵᠤ᠂ ︽ᠱᠠᠭᠠᠷᠳᠠᠯᠭ᠎ᠠ | ᠪᠠᠶᠢᠪᠠᠯ ᠵᠠᠪᠠᠯ ᠬᠦᠯᠢᠶᠡᠵᠦ᠂ ᠶᠠᠪᠤᠳᠠᠯ ᠥᠬᠡᠶ ᠪᠣᠯ ᠬᠠᠷᠰᠢᠯᠠᠬᠤ ᠥᠬᠡᠶ︾ ᠥᠢᠯᠡᠴᠢᠯᠡᠭᠡ ᠬᠠᠩᠭᠠᠨ᠎ᠠ᠃《 ᠪᠢᠳᠡ ᠠᠵᠤ ᠠᠬᠤᠶᠢᠯᠠᠯ ᠳᠤ ᠵᠠᠬᠢᠶᠠᠯᠠᠭ᠎ᠠ ᠶᠢᠨ | ᠬᠠᠭᠤᠳᠠᠰᠤ ᠡᠷᠢᠵᠦ ᠥᠭᠬᠦ》ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠰᠢᠭᠯᠠᠯᠲᠠ ᠳᠤ ᠣᠷᠣᠭᠤᠯᠤᠨ ᠠᠵᠢᠯᠯᠠᠵᠤ ᠪᠠᠶᠢᠭ᠎ᠠ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠤᠨ ᠵᠠᠬ᠎ᠠ ᠳᠡᠯᠭᠡᠭᠦᠷ ᠢ ᠥᠷᠭᠡᠳᠬᠡᠬᠦ᠂ ᠵᠠᠬᠢᠶᠠᠯᠠᠭ᠎ᠠ ᠶᠢᠨ ᠬᠠᠭᠤᠳᠠᠰᠤ ᠶᠢ ᠨᠡᠮᠡᠭᠳᠡᠭᠦᠯᠬᠦ᠂ ᠪᠣᠷᠣᠯᠠᠭᠤᠯᠬᠤ ᠵᠠᠮ ᠡᠷᠢᠬᠦ ᠶᠢ ᠢᠳᠡᠪᠬᠢᠲᠡᠶ | ᠬᠠᠪᠰᠤᠷᠴᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ᠨᠡᠩ ᠰᠠᠶᠢᠲᠤᠷ ᠦᠢᠯᠡᠴᠢᠯᠡᠨ᠎ᠡ᠃ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠥᠷᠲᠡᠭᠡ ᠪᠠᠶᠢᠭᠤᠯᠬᠤ ᠶᠢ ᠵᠣᠷᠢᠭᠵᠢᠭᠤᠯᠵᠤ᠂ ᠥᠢᠯᠡᠴᠢᠯᠡᠭᠡᠨ ᠤ ᠵᠦᠢᠯᠡᠰ ᠢ ᠨᠠᠮ ᠤᠨ ᠵᠣᠬᠢᠶᠠᠨ | ᠪᠠᠶᠢᠭᠤᠯᠤᠯᠲᠠ ᠠᠴᠠ ᠣᠷᠣᠯᠠᠨ ᠭᠦᠢᠴᠡᠳᠭᠡᠬᠦ ᠲᠦᠷᠢᠮ ᠢ ᠪᠠᠶᠢᠭᠤᠯᠬᠤ᠂ ᠠᠵᠤ ᠠᠬᠤᠶᠢᠯᠠᠯ ᠳᠤ ᠬᠤᠯᠪᠣᠭᠳᠠᠬᠤ ᠰᠠᠯᠠᠭ᠎ᠠ ᠮᠥᠴᠢᠷ ᠨᠢᠭᠡᠴᠡ ᠶᠢᠨ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠠᠴᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠥᠢᠯᠡᠴᠢᠯᠡᠭᠡᠨ ᠤ ᠱᠠᠭᠠᠷᠳᠠᠯᠭ᠎ᠠ ᠳᠤ ᠴᠢᠭᠯᠡᠭᠦᠯᠦᠨ | ᠲᠤᠬᠠᠶᠢᠯᠠᠭᠰᠠᠨ ᠠᠵᠢᠯ ᠤᠨ ᠭᠤᠤᠯᠯᠠᠬᠤ ᠬᠦᠴᠦᠨ ᠢ ᠰᠣᠩᠭᠤᠨ ᠲᠣᠮᠢᠯᠠᠵᠤ《 ᠨᠢᠭᠡ ᠨᠢᠭᠡ ᠪᠠᠷ ᠬᠠᠷᠭᠤᠭᠤᠯᠬᠤ 》 ᠪᠠᠷ ᠲᠦᠷᠦᠭᠦᠯᠡᠭᠦᠯᠦᠨ ᠲᠤᠰᠬᠠᠶ ᠠᠩᠭᠢ | ᠵᠣᠬᠢᠶᠠᠨ ᠪᠠᠶᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠠᠵᠤ ᠥᠢᠯᠡᠳᠪᠤᠷᠢ ᠬᠤᠳᠠᠯᠳᠤᠭᠠᠨ ᠤ ᠡᠷᠦᠬᠡ ᠶᠢᠨ ᠬᠤᠯᠪᠣᠭᠳᠠᠯ | ᠪᠥᠬᠦᠶ ᠲᠤᠬᠠᠶᠢᠯᠠᠭᠰᠠᠨ ᠠᠵᠢᠯ ᠢ ᠭᠦᠢᠴᠡᠳᠭᠡᠬᠦ ᠳᠤ ᠥᠨᠳᠥᠷ ᠪᠦᠲᠦᠮᠵᠢᠲᠡᠶ ᠳᠥᠭᠦᠮ ᠳᠥᠲᠡ ᠥᠢᠯᠡᠴᠢᠯᠡᠭᠡ ᠬᠠᠩᠭᠠᠬᠤ ᠬᠡᠷᠡᠭᠲᠡᠢ᠃ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠨᠢ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠪᠠᠳᠠᠷᠠᠭᠤᠯᠵᠤ᠂ ᠲᠣᠭᠲᠠᠮᠠᠯ | ᠬᠤᠭᠤᠴᠠᠭ᠎ᠠ ᠲᠠᠢ ᠪᠠᠷ ᠠᠵᠤ ᠠᠬᠤᠶᠢᠯᠠᠯᠲᠠᠨ ᠢ ᠵᠣᠬᠢᠶᠠᠨ ᠪᠠᠶᠢᠭᠤᠯᠤᠨ ᠶᠠᠷᠢᠯᠴᠠᠬᠤ ᠪᠠ ᠰᠤᠷᠪᠤᠯᠵᠢᠯᠠᠵᠤ᠂ ᠠᠵᠤ ᠠᠬᠤᠶᠢᠯᠠᠯ ᠤᠨ ᠬᠦᠴᠢᠷᠳᠡᠯ ᠪᠠ | ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠲᠤᠰᠬᠠᠬᠤ ᠪᠠ ᠵᠣᠬᠢᠴᠠᠭᠤᠯᠤᠨ ᠰᠢᠢᠳᠪᠤᠷᠢᠯᠡᠭᠦ ᠬᠡᠷᠡᠭᠲᠡᠶ᠃ | ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢᠨ | ᠶᠠᠷᠢᠯᠴᠠᠬᠤ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠬᠥᠬᠢᠭᠦᠯᠦᠨ | ᠰᠠᠶᠢᠰᠢᠶᠠᠬᠤ ᠠᠵᠢᠯᠯᠠᠭ᠎ᠠ ᠶᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠤᠯᠤᠰ ᠲᠦᠷᠦ ᠶᠢᠨ ᠤᠷᠮᠠᠰᠢᠭᠤᠯᠤᠯ ᠢ ᠴᠢᠩᠭᠠᠳᠬᠠᠵᠤ᠂ ᠬᠤᠯᠪᠣᠭᠳᠠᠯ | ᠪᠦᠬᠦᠢ ᠲᠦᠷᠢᠮ ᠤᠨ ᠱᠠᠭᠠᠷᠳᠠᠯᠭ᠎ᠠ ᠳᠤ ᠨᠡᠶᠢᠴᠡᠭᠰᠡᠨ ᠤᠷᠢᠲᠠᠯ ᠳᠣᠣᠷ᠎ᠠ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠣᠲᠣᠷᠠᠬᠢ ᠠᠷᠠᠳ ᠤᠨ ᠡᠵᠡᠩᠨᠡᠯᠲᠡ ᠶᠢᠨ ᠰᠢᠯᠢᠳᠡᠭ ᠠᠵᠤ ᠠᠬᠤᠶᠢᠯᠠᠯᠲᠠᠨ ᠤ | ᠲᠤᠭ᠎ᠠ ᠶᠢ ᠵᠣᠬᠢᠰᠲᠠᠶ ᠪᠠᠷ ᠨᠡᠮᠡᠭᠳᠡᠭᠦᠯᠬᠦ ᠬᠡᠷᠡᠭᠲᠡᠢ᠃ ᠦᠨᠡᠨᠴᠢ ᠢᠲᠡᠭᠡᠮᠵᠢᠲᠡᠢ ᠪᠠᠷ ᠭᠡᠷ᠎ᠡ ᠪᠠᠨ ᠰᠠᠬᠢᠬᠤ᠂ ᠶᠠᠰᠤ ᠴᠢᠨᠠᠷ ᠲᠤ ᠠᠩᠬᠠᠷᠤᠯ ᠢᠶᠠᠨ ᠲᠥᠪᠯᠡᠷᠡᠭᠦᠯᠬᠦ᠂ | ᠭᠠᠷᠮᠠᠭᠠᠢ ᠰᠢᠯᠢᠳᠡᠭ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠡᠶᠢᠲᠡᠯᠢᠭ ᠵᠢᠱᠢᠶ᠎ᠠ ᠶᠢ ᠢᠯᠡᠷᠡᠭᠦᠯᠬᠦ ᠶᠢ ᠴᠢᠬᠤᠯᠠᠴᠢᠯᠠᠵᠤ᠂ ᠰᠢᠯᠢᠳᠡᠭ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠲᠡᠷᠢᠭᠦᠨ ᠤ ᠦᠢᠯᠡ ᠠᠵᠢᠯᠯᠠᠭ᠎ᠠ ᠪᠣᠯᠤᠨ ᠳᠤᠪᠤᠶᠢᠮ᠎ᠠ ᠬᠤᠪᠢ ᠨᠡᠮᠡᠷᠢ ᠶᠢ ᠶᠡᠬᠡᠪᠡᠷ ᠤᠬᠠᠭᠤᠯᠵᠤ᠂ ᠰᠢᠯᠢᠳᠡᠭ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠨᠡᠶᠢᠭᠡᠮ ᠤᠨ ᠢᠷᠠᠭᠤ ᠠᠯᠳᠠᠷ ᠤᠨ ᠲᠦᠷᠦᠭᠳᠡᠯ ᠲᠠᠢ ᠪᠣᠯᠭᠠᠨ᠎ᠠ᠃ ᠰᠢᠨ᠎ᠡ ᠶᠢ ᠡᠭᠦᠳᠬᠦ ᠶᠢ ᠵᠤᠷᠢᠭᠵᠢᠭᠤᠯᠤᠨ | ᠂ ᠢᠯᠠᠭᠳᠠᠭᠰᠠᠨ ᠰᠣᠶᠣᠯ ᠪᠠ ᠨᠡᠶᠢᠭᠡᠮ ᠤᠨ ᠠᠭᠤᠷ ᠠᠮᠢᠰᠬᠤᠯ ᠢ ᠠᠭᠤᠴᠢᠯᠠᠨ ᠪᠠᠭᠲᠠᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠤᠯᠢ | ᠶᠣᠰᠣᠨ ᠤ ᠡᠵᠡᠩᠨᠡᠯᠲᠡ ᠶᠢᠨ ᠳᠤᠮᠳᠠ ᠭᠠᠷᠤᠭᠰᠠᠨ ᠠᠯᠳᠠᠰᠢ ᠶᠢ ᠨᠡᠩ ᠢᠯᠡᠭᠦᠦ ᠣᠶᠢᠯᠠᠭᠠᠵᠤ᠂ ᠠᠭᠤᠴᠢᠯᠠᠨ ᠪᠠᠭᠳᠠᠭᠠᠬᠤ ᠪᠠ ᠬᠠᠪᠰᠤᠷᠴᠤ᠂ ᠪᠦᠬᠦ | ᠨᠡᠶᠢᠭᠡᠮ ᠳᠤ ᠠᠷᠠᠳ ᠤᠨ ᠡᠵᠡᠩᠨᠡᠯᠲᠡ ᠶᠢᠨ ᠠᠵᠤ ᠠᠬᠤᠢᠶᠢ ᠴᠢᠬᠤᠯᠠᠴᠢᠯᠠᠬᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠬᠦᠨᠳᠦᠳᠬᠡᠬᠦ ᠰᠠᠶᠢᠨ | ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ᠃ | ᠭᠤᠷᠪᠠ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢᠨ ᠬᠠᠷᠰᠢ ᠰᠠᠭᠠᠳ ᠢ ᠲᠠᠶᠢᠯᠪᠤᠷᠢᠯᠠᠨ ᠬᠡᠷᠡᠭᠵᠢᠭᠦᠯᠤᠨ᠎ᠡ | ︵ᠨᠢᠭᠡ︶《 ᠪᠠᠯᠠ ᠲᠣᠬᠢᠷᠠᠭᠤᠯᠬᠤ ᠳᠤ ᠬᠦᠴᠢᠷᠲᠡᠶ ᠪᠠᠶᠢᠬᠤ 》 ᠶᠢ ᠰᠢᠢᠳᠪᠤᠷᠢᠯᠡᠬᠦ ᠰᠢᠪᠲᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠳᠡᠭᠡᠳᠦ | ᠱᠠᠲᠤᠨ ᠤ ᠠᠵᠤ ᠠᠬᠤᠶᠢᠯᠠᠯ ᠤᠨ ᠡᠷᠭᠢᠯᠲᠡ ᠶᠢᠨ ᠴᠢᠨᠠᠷᠲᠠᠶ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠠᠭᠤᠷᠢ ᠮᠥᠩᠭᠦ ᠪᠠ ᠬᠦᠴᠢᠷᠳᠡᠯ ᠢ ᠰᠢᠢᠳᠪᠤᠷᠢᠯᠡᠭᠦ | ᠬᠥᠭᠵᠢᠯᠲᠡ ᠶᠢᠨ ᠰᠠᠭᠤᠷᠢ ᠮᠥᠩᠭᠦ ᠶᠢ ᠴᠢᠷᠮᠠᠶᠢᠨ ᠣᠯᠵᠤ᠂ ᠬᠦᠴᠢᠷᠳᠡᠯ ᠢ ᠰᠢᠢᠳᠪᠤᠷᠢᠯᠡᠭᠦ ᠰᠠᠭᠤᠷᠢ ᠮᠥᠩᠭᠦ ᠶᠢᠨ ᠬᠡᠪᠴᠢᠶ᠎ᠡ ᠶᠢ ᠥᠷᠭᠡᠳᠬᠡᠨ᠎ᠡ᠃ | ᠬᠤᠯᠪᠣᠭᠠᠯᠠᠨ ᠬᠥᠳᠡᠯᠦᠯᠴᠡᠬᠦ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ | ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠳᠠᠬᠢᠨ ᠳᠠᠭᠠᠭᠠᠯᠲᠠ ᠶᠢᠨ ᠰᠢᠰᠲ᠋ᠧᠮᠵᠢ ᠶᠢᠨ ᠲᠠᠰ ᠳᠠᠷᠠᠭᠠᠯᠠᠯ ᠳᠤ ᠢᠳᠡᠪᠬᠢᠲᠡᠶ ᠣᠷᠣᠯᠴᠠᠭᠤᠯᠵᠤ᠂ | ᠤᠯᠤᠰ ᠤᠨ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠠᠭᠤᠷᠢ ᠮᠥᠩᠭᠦ ᠶᠢᠨ ᠳᠡᠮᠵᠢᠯᠭᠡ ᠶᠢ ᠤᠯᠬᠤ ᠪᠠᠷ ᠴᠢᠷᠮᠠᠶᠢᠵᠤ᠂ ᠪᠠᠯᠠ ᠲᠣᠬᠢᠷᠠᠭᠤᠯᠭ᠎ᠠ ᠶᠢᠨ | ᠳᠠᠭᠠᠭᠠᠯᠲᠠ ᠶᠢᠨ ᠲᠤᠬᠠᠶᠢᠯᠠᠭᠰᠠᠨ ᠠᠵᠢᠯ ᠤᠨ ᠲᠦᠭᠰᠢᠭᠦᠷᠢ ᠶᠢᠨ ᠱᠠᠩᠨᠠᠵᠤ ᠨᠥᠬᠦᠪᠥᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ《ᠲᠤᠰᠠᠯᠠᠬᠤ ᠪᠠᠲᠤᠯᠠᠭ᠎ᠠ ᠶᠢᠨ | ᠮᠥᠩᠭᠦ》 ᠶᠢᠨ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠦᠷᠭᠦᠯᠵᠢᠯᠡᠨ ᠵᠢᠭᠡᠯᠡᠯᠭᠡ ᠲᠠᠯᠪᠢᠬᠤ ᠳᠤ ᠲᠥᠬᠦᠮ ᠦᠵᠡᠭᠦᠯᠬᠦ ᠲᠤᠬᠠᠶᠢᠯᠠᠭᠰᠠᠨ ᠠᠵᠢᠯ ᠪᠠ ᠢᠲᠡᠭᠡᠮᠵᠢᠲᠦ ᠵᠢᠭᠡᠯᠡᠯᠭᠡ ᠶᠢ ᠬᠥᠭᠵᠢᠭᠦᠯᠬᠦ ᠶᠢ | ᠵᠣᠷᠢᠭᠵᠢᠭᠤᠯᠤᠨ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠢᠲᠡᠭᠡᠮᠵᠢ ᠣᠯᠭᠤᠬᠤ ᠲᠤᠭ᠎ᠠ ᠬᠡᠮᠵᠢᠶ᠎ᠡ ᠶᠢ | ᠳᠡᠭᠡᠭᠰᠢᠯᠡᠭᠦᠯᠵᠦ᠂ ᠵᠢᠵᠢᠭ ᠪᠢᠴᠢᠯ ᠠᠵᠤ ᠠᠬᠤᠶᠢᠯᠠᠯ ᠤᠨ ᠠᠩᠬᠠᠨ ᠤ ᠵᠢᠭᠡᠯᠡᠯᠭᠡ᠂ ᠡᠬᠡ ᠮᠥᠩᠭᠦ ᠶᠢ ᠪᠤᠴᠠᠭᠠᠬᠤ ᠥᠬᠡᠶ ᠪᠠᠷ ᠦᠷᠭᠦᠯᠵᠢᠯᠡᠨ ᠵᠢᠭᠡᠯᠡᠯᠭᠡ | ᠲᠠᠯᠪᠢᠬᠤ᠂ ᠡᠷᠬᠢᠯᠳᠡᠳᠦ ᠵᠢᠭᠡᠯᠡᠯᠭᠡ ᠲᠠᠯᠪᠢᠬᠤ ᠵᠡᠷᠭᠡ ᠲᠤᠬᠠᠶᠢᠯᠠᠭᠰᠠᠨ ᠠᠵᠢᠯ ᠤᠨ ᠬᠠᠮᠤᠷᠬᠤ ᠬᠡᠪᠴᠢᠶ᠎ᠡ ᠶᠢ ᠳᠡᠯᠭᠡᠷᠡᠭᠦᠯᠦᠨ᠎ᠡ᠃ | ︵ᠬᠤᠶᠠᠷ︶《ᠥᠪᠡᠷ ᠤᠨ ᠥᠷᠲᠡᠭ ᠥᠨᠳᠥᠷ》ᠠᠰᠠᠭᠤᠳᠠᠯ ᠢ ᠰᠢᠢᠳᠪᠤᠷᠢᠯᠡᠬᠦ ᠪᠣᠭᠤᠮᠲᠠ ᠰᠢᠪᠲᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠳᠡᠭᠡᠳᠦ | ᠱᠠᠲᠤᠨ ᠤ ᠭᠠᠶᠢᠯᠢ ᠬᠥᠩᠭᠡᠯᠡᠬᠦ ᠪᠠ ᠭᠠᠶᠢᠯᠢ ᠠᠴᠠ ᠬᠡᠯᠲᠦᠷᠢᠭᠦᠯᠬᠦ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠦᠷᠳᠡᠭ | ᠨᠡᠮᠡᠭᠳᠡᠯ ᠤᠨ ᠭᠠᠶᠢᠯᠢ ᠶᠢᠨ ᠲᠤᠯᠭᠠᠨ ᠬᠠᠰᠤᠬᠤ ᠬᠡᠯᠬᠢᠶ᠎ᠡ ᠶᠢ ᠲᠡᠭᠦᠯᠳᠡᠷᠵᠢᠭᠦᠯᠵᠦ᠂ ᠦᠷᠳᠡᠭ ᠨᠡᠮᠡᠭᠳᠡᠯ ᠤᠨ ᠭᠠᠶᠢᠯᠢ ᠶᠢᠨ ᠲᠤᠰᠬᠠᠶ ᠪᠠᠷᠢᠮᠲᠠ ᠶᠢ ᠣᠷᠣᠯᠠᠨ | ᠪᠢᠴᠢᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠰᠦᠯᠵᠢᠶᠡᠨ ᠳᠡᠭᠡᠷ᠎ᠡ ᠭᠠᠶᠢᠯᠢ ᠭᠦᠢᠴᠡᠳᠬᠡᠬᠦ ᠴᠢᠳᠠᠮᠵᠢ ᠶᠢ ᠴᠢᠩᠭᠠᠷᠠᠭᠤᠯᠤᠨ᠎ᠠ᠃ ᠠᠵᠤ | ᠠᠬᠤᠶᠢᠯᠠᠯ ᠳᠤ ᠬᠤᠯᠪᠤᠭᠳᠠᠭᠰᠠᠨ ᠭᠠᠵᠠᠷ ᠰᠢᠷᠣᠶ ᠶᠢᠨ ᠠᠷᠠᠯᠵᠢᠶ᠎ᠠ ᠶᠢᠨ ᠥᠢᠯᠡᠴᠢᠯᠡᠭᠡᠨ ᠤ ᠰᠦᠢᠳᠭᠡᠯ ᠬᠤᠷᠢᠶᠠᠬᠤ ᠵᠡᠷᠭᠡ ᠡᠵᠡᠩᠨᠡᠯᠲᠡ ᠥᠢᠯᠡᠴᠢᠯᠡᠭᠡᠨ ᠤ | ᠴᠢᠨᠠᠷᠲᠠᠶ ᠰᠦᠢᠳᠭᠡᠯ ᠬᠤᠷᠢᠶᠠᠬᠤ ᠲᠥᠷᠥᠯ ᠵᠦᠢᠯ ᠢ ᠬᠦᠴᠦᠨ ᠥᠬᠡᠶ ᠪᠣᠯᠭᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠳᠡᠭᠡᠳᠦ ᠱᠠᠲᠤᠨ ᠤ | ᠣᠨᠴᠠ ᠲᠥᠷᠥᠯᠤᠨ ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠰᠦᠢᠳᠭᠡᠯ ᠬᠤᠷᠢᠶᠠᠬᠤ ᠶᠢ ᠪᠠᠭᠤᠷᠠᠭᠤᠯᠬᠤ ᠵᠡᠷᠭᠡ ᠠᠷᠭ᠎ᠠ | ᠬᠡᠮᠵᠢᠶ᠎ᠡ ᠶᠢ ᠰᠠᠶᠢᠲᠤᠷ ᠬᠡᠷᠡᠭᠵᠢᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠪᠠ | ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠭᠠᠷᠴᠠᠭ ᠤᠨ ᠲᠣᠳᠣᠷᠬᠠᠶ ᠬᠠᠭᠤᠳᠠᠰᠤ ᠶᠢᠨ ᠲᠦᠷᠢᠮ ᠢ ᠬᠡᠷᠡᠭᠵᠢᠭᠦᠯᠵᠦ᠂ ᠲᠣᠳᠣᠷᠬᠠᠶ | ᠬᠠᠭᠤᠳᠠᠰᠤ ᠠᠴᠠ ᠭᠠᠳᠠᠨ᠎ᠠ ᠰᠦᠢᠳᠬᠡᠯ ᠬᠤᠷᠢᠶᠠᠬᠤ ᠶᠢ ᠴᠠᠭᠠᠵᠠᠯᠠᠬᠤ ᠬᠡᠷᠡᠭᠲᠡᠢ᠃ | ︵ᠭᠤᠷᠪᠠ︶《ᠠᠵᠢᠯᠴᠢᠨ ᠬᠡᠷᠡᠭᠯᠡᠬᠦ ᠳᠤ ᠬᠦᠴᠢᠷᠲᠡᠶ ᠪᠠᠶᠢᠬᠤ》ᠠᠰᠠᠭᠤᠳᠠᠯ ᠢ ᠰᠢᠢᠳᠪᠤᠷᠢᠯᠡᠬᠦ ᠰᠢᠪᠳᠤᠯᠤᠯᠳᠠ ᠶᠢᠨ ᠠᠵᠢᠯᠯᠠᠭ᠎ᠠ ᠶᠢ | ᠬᠡᠷᠡᠭᠵᠢᠭᠦᠯᠦᠨ᠎ᠡ᠃ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ ᠶᠢᠨ ᠲᠦᠷᠢᠮ ᠢ ᠨᠠᠶᠢᠳᠠᠪᠤᠷᠢᠵᠢᠭᠤᠯᠵᠤ᠂ ᠠᠵᠢᠯ ᠣᠯᠭᠤᠬᠤ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠤᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠠᠴᠢᠮ ᠬᠡᠷᠡᠭᠴᠡᠭᠡ ᠪᠠ ᠳᠡᠭᠡᠳᠦ ᠳᠡᠰ ᠤᠨ ᠴᠢᠳᠠᠪᠤᠷᠢᠲᠠᠨ ᠤ | ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ ᠢ ᠣᠷᠣᠨ ᠰᠠᠭᠤᠴᠠ᠂ ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ᠂ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ | ᠵᠡᠷᠭᠡ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠤᠯᠠᠨ ᠵᠦᠢᠯ ᠤᠨ ᠤᠷᠢᠬᠤ ᠬᠡᠯᠪᠡᠷᠢ ᠶᠢ ᠬᠡᠷᠡᠭᠯᠡᠨ ᠠᠵᠢᠯᠴᠢᠨ | ᠬᠡᠷᠡᠭᠯᠡᠬᠦ ᠶᠢ ᠵᠣᠯᠭᠠᠭᠤᠯᠬᠤ ᠦᠢᠯᠡᠴᠢᠯᠡᠭᠡ ᠪᠠ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠬᠥᠳᠡᠯᠮᠦᠷᠢ ᠦᠢᠯᠡᠴᠢᠯᠡᠭᠡᠨ ᠤ | ᠬᠠᠮᠵᠢᠯᠴᠠᠭ᠎ᠠ ᠶᠢ ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠰᠲ᠋ᠣᠺ ᠤᠨ ᠡᠷᠬᠡ ᠪᠠᠷ ᠤᠷᠮᠠᠰᠢᠭᠤᠯᠬᠤ᠂ ᠬᠤᠭᠤᠴᠠᠭᠠᠲᠤ | ᠡᠷᠬᠡ ᠪᠠᠷ ᠤᠷᠮᠠᠰᠢᠭᠤᠯᠬᠤ᠂ ᠮᠡᠷᠭᠡᠵᠢᠯ ᠢᠶᠠᠷ ᠬᠤᠪᠢ ᠣᠷᠤᠭᠤᠯᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠨᠡᠩ ᠤᠯᠠᠨ ᠰᠢᠯᠢᠳᠡᠭ ᠴᠢᠳᠠᠪᠤᠷᠢᠲᠠᠨ ᠢ | ᠲᠠᠳᠠᠨ ᠠᠪᠴᠢᠷᠠᠵᠤ ᠠᠵᠤ ᠠᠬᠤᠶᠢᠯᠠᠯ ᠤᠨ ᠠᠵᠢᠯᠳᠠᠨ ᠤ ᠬᠠᠷᠢᠶᠠᠯᠠᠭᠳᠠᠬᠤ ᠰᠡᠳᠬᠢᠯᠭᠡ ᠶᠢ ᠳᠡᠭᠡᠭᠰᠢᠯᠡᠭᠦᠯᠬᠦ ᠬᠡᠷᠡᠭᠲᠡᠢ᠃ | ︵ᠳᠥᠷᠪᠡ︶《ᠠᠵᠢᠯ ᠶᠠᠪᠤᠳᠠᠯ ᠭᠦᠢᠴᠡᠳᠭᠡᠬᠦ ᠳᠤ ᠬᠦᠴᠢᠷ》 ᠢ ᠰᠢᠢᠳᠪᠤᠷᠢᠯᠡᠬᠦ ᠰᠢᠪᠲᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠢᠨᠠᠨ | ᠵᠥᠪᠰᠢᠶᠡᠷᠡᠬᠦ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠶᠢ ᠭᠦᠨᠵᠡᠭᠡᠶ ᠠᠬᠢᠭᠤᠯᠵᠤ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ᠂ ᠠᠵᠤ ᠠᠬᠤᠶᠢᠯᠠᠯ ᠤᠨ | ᠪᠡᠯᠡ ᠣᠷᠣᠭᠤᠯᠤᠯᠲᠠ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠵᠡᠷᠭᠡ ᠠᠵᠤ ᠠᠬᠤᠶᠢᠯᠠᠯ ᠤᠨ | ᠠᠩᠬᠠᠷᠬᠤ ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠭᠤᠭᠴᠤᠭ᠎ᠠ᠂ ᠮᠠᠲ᠋ᠧᠷᠢᠶᠠᠯ ᠂ ᠴᠠᠭ ᠤᠨ ᠬᠢᠵᠠᠭᠠᠷ᠂ ᠵᠠᠷᠤᠳᠠᠯ ᠵᠡᠷᠭᠡ ᠢ ᠪᠠᠭᠠᠰᠬᠠᠬᠤ | ᠱᠠᠭᠠᠷᠳᠠᠯᠭ᠎ᠠ ᠶᠣᠰᠣᠭᠠᠷ ᠥᠢᠯᠡᠳᠬᠦ ᠬᠡᠯᠪᠡᠷᠢ ᠨᠢ ᠰᠢᠭᠤᠳ ᠦᠵᠡᠨ ᠣᠶᠢᠯᠠᠭᠠᠬᠤ ᠳᠤ ᠬᠢᠯᠪᠠᠷ᠂ ᠰᠦᠯᠵᠢᠶᠡᠨ ᠳᠡᠭᠡᠷ᠎ᠡ ᠪᠠᠶᠢᠴᠠᠭᠠᠵᠤ ᠪᠣᠯᠬᠤ ᠤᠲᠠᠰᠤ ᠪᠠᠷ | ᠠᠰᠠᠭᠤᠵᠤ ᠪᠣᠯᠬᠤ ᠶᠢ ᠪᠡᠶᠡᠯᠡᠭᠦᠯᠵᠦ᠂ ᠬᠢᠨᠠᠨ ᠵᠥᠪᠰᠢᠶᠡᠷᠡᠬᠦ ᠥᠢᠯᠡᠴᠢᠯᠡᠭᠡᠨ ᠤ ᠳᠤᠮᠳᠠᠬᠢ《 ᠬᠤᠯᠪᠣᠭᠳᠠᠯ ᠪᠥᠬᠦᠶ ᠮᠠᠲ᠋ᠧᠷᠢᠶᠠᠯ》᠂《 ᠬᠤᠯᠪᠣᠭᠳᠠᠯ ᠪᠥᠬᠦᠶ | ᠰᠠᠯᠠᠭ᠎ᠠ ᠮᠥᠴᠢᠷ》ᠵᠡᠷᠭᠡ ᠪᠠᠯᠠᠷᠬᠠᠶ ᠵᠦᠢᠯ ᠵᠤᠷᠪᠤᠰ ᠤᠳ ᠢ ᠦᠭᠡᠶᠢᠰᠬᠡᠨ᠎ᠡ 《ᠲᠠᠪᠤ ᠵᠦᠢᠯ ᠢ ᠲᠡᠷᠡ ᠳᠠᠷᠤᠶ ᠳᠤᠨᠢ ᠭᠦᠢᠴᠡᠳᠭᠡᠬᠦ 》ᠠᠵᠢᠯ ᠤᠨ ᠲᠦᠷᠢᠮ ᠢ | ᠪᠠᠷᠢᠮᠲᠠᠯᠠᠵᠤ᠂ ᠠᠵᠤ ᠠᠬᠤᠶᠢᠯᠠᠯ ᠳᠤ ᠥᠢᠯᠡᠴᠢᠯᠡᠬᠦ᠂ ᠲᠥᠷᠥᠯ ᠵᠦᠢᠯ ᠳᠤ ᠥᠢᠯᠡᠴᠢᠯᠡᠬᠦ ᠳᠤᠮᠳᠠ ᠬᠠᠷᠢᠯᠴᠠᠨ ᠲᠦᠯᠬᠢᠯᠴᠡᠬᠦ᠂ ᠠᠯᠪᠠ ᠬᠠᠰᠢᠵᠤ ᠠᠮᠠ ᠪᠥᠭᠯᠡᠬᠦ | ᠂ ᠵᠠᠰᠠᠭ ᠤᠨ ᠶᠠᠪᠤᠳᠠᠯ ᠳᠤ ᠬᠤᠶᠢᠷᠭᠤᠰᠢᠬᠤ ᠵᠡᠷᠭᠡ ᠥᠢᠯᠡ ᠠᠵᠢᠯᠯᠠᠭ᠎ᠠ ᠶᠢ ᠡᠷᠡᠰ ᠴᠡᠭᠴᠡᠯᠡᠨ ᠵᠠᠰᠠᠨ᠎ᠠ᠃ | ︵ᠲᠠᠪᠤ︶《 ᠭᠠᠵᠠᠷ ᠬᠡᠷᠡᠭᠯᠡᠬᠦ ᠳᠤ ᠬᠦᠴᠢᠷ 》 ᠢ ᠰᠢᠢᠳᠪᠤᠷᠢᠯᠡᠬᠦ ᠰᠢᠪᠲᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠠᠤᠯᠢ ᠶᠣᠰᠣᠭᠠᠷ | ᠬᠤᠳᠠᠯᠳᠤᠨ ᠠᠪᠴᠤ ᠬᠤᠷᠢᠶᠠᠨ ᠠᠪᠤᠭᠰᠠᠨ ᠳᠣᠣᠷ᠎ᠠ ᠠᠰᠢᠭᠯᠠᠮᠵᠢᠳᠤ ᠭᠠᠵᠠᠷ ᠢ ᠭᠤᠣᠯᠳᠠᠯᠭ᠎ᠠ ᠲᠠᠢ ᠵᠦᠢᠯᠡᠰ ᠢ ᠲᠣᠬᠢᠷᠠᠭᠤᠯᠬᠤ ᠳᠤ ᠤᠷᠢᠳᠠᠪᠠᠷ ᠬᠡᠷᠡᠭᠯᠡᠨ | ᠠᠵᠤ ᠠᠬᠤᠶᠢᠯᠠᠯ ᠤᠨ ᠭᠠᠵᠠᠷ ᠰᠢᠷᠣᠶ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠠᠰᠠᠭᠤᠳᠠᠯ ᠢ ᠱᠠᠯᠠᠪᠳᠠᠨ ᠰᠤᠳᠤᠯᠤᠨ ᠰᠢᠢᠳᠪᠤᠷᠢᠯᠠᠵᠤ᠂ ᠠᠵᠤ | ᠠᠬᠤᠶᠢᠯᠠᠯ ᠤᠨ ᠭᠠᠵᠠᠷ ᠰᠢᠷᠣᠶ ᠬᠡᠷᠡᠭᠯᠡᠬᠦ ᠡᠷᠬᠡ ᠪᠠ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ《 ᠬᠤᠶᠠᠷ ᠦᠨᠡᠮᠯᠡᠯ》 ᠤᠨ ᠪᠦᠷᠢᠨ ᠪᠤᠰᠤ | ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠳᠤ ᠲᠦᠷᠦᠯ ᠵᠦᠢᠯ ᠬᠤᠪᠢᠶᠠᠵᠤ ᠰᠢᠢᠳᠪᠤᠷᠢᠯᠠᠬᠦ᠂ ᠠᠵᠤ ᠠᠬᠤᠶᠢᠯᠠᠯ ᠤᠨ ᠬᠡᠷᠡᠭᠯᠡᠬᠦ ᠭᠠᠵᠠᠷ ᠰᠢᠷᠣᠶ ᠶᠢᠨ | ᠥᠪᠡᠷ ᠤᠨ ᠥᠷᠲᠡᠭ ᠢ ᠬᠦᠴᠦᠯᠡᠨ ᠪᠠᠭᠤᠷᠠᠭᠤᠯᠵᠤ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠤᠨ ᠴᠢᠭᠯᠡᠯ ᠳᠤ ᠨᠡᠶᠢᠴᠡᠬᠦ᠂ ᠳᠠᠶᠢᠴᠢᠯᠠᠬᠤ | ᠬᠦᠴᠦᠨ ᠢᠶᠠᠷ ᠴᠢᠩᠭ᠎ᠠ ᠰᠢᠨ᠎ᠡ ᠠᠵᠤ ᠥᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠳᠤ ᠬᠡᠷᠡᠭᠯᠡᠬᠦ ᠭᠠᠵᠠᠷ | ᠰᠢᠷᠣᠶ ᠶᠢ ᠤᠷᠢᠳᠠᠪᠠᠷ ᠪᠠᠲᠤᠯᠠᠵᠤ᠂ ᠭᠠᠵᠠᠷ ᠰᠢᠷᠣᠶ ᠶᠢ ᠵᠦᠷᠢᠶᠡᠴᠢᠯᠡᠨ ᠬᠠᠩᠭᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ ᠲᠦᠷᠢᠶᠡᠰᠦᠯᠡᠭᠦᠯᠬᠦ᠂ | ᠤᠷᠢᠳᠠᠪᠠᠷ ᠲᠦᠷᠢᠶᠡᠰᠦᠯᠡᠭᠦᠯᠵᠦ ᠳᠠᠷᠠᠭ᠎ᠠ ᠨᠢ ᠬᠢᠮᠳᠠ ᠦᠨ᠎ᠡ ᠪᠠᠷ ᠬᠤᠳᠠᠯᠳᠤᠬᠤ ᠬᠠᠷᠢᠮᠠᠬᠠᠶ ᠴᠢᠨᠠᠷ ᠲᠠᠢ ᠵᠢᠯ ᠤᠨ ᠬᠤᠭᠤᠴᠠᠭ᠎ᠠ ᠲᠠᠢ ᠰᠢᠯᠵᠢᠭᠦᠯᠦᠨ | ᠬᠤᠳᠠᠯᠳᠤᠬᠤ ᠵᠡᠷᠭᠡ ᠭᠠᠵᠠᠷ ᠰᠢᠷᠣᠶ ᠬᠠᠩᠭᠠᠬᠤ ᠠᠷᠭ᠎ᠠ ᠮᠠᠶ᠋ᠢᠭ ᠢ ᠬᠡᠷᠡᠭᠯᠡᠨ᠎ᠡ᠃ ᠡᠭᠦᠨ ᠤ ᠬᠠᠮᠲᠤ ᠦᠯᠡᠳᠡᠭᠡᠯ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠵᠢᠴᠢ ᠭᠠᠵᠠᠷ ᠳᠡᠭᠡᠷᠡᠬᠢ ᠪᠠᠷᠢᠯᠭ᠎ᠠ ᠶᠢ ᠬᠠᠤᠯᠢ ᠶᠣᠰᠣᠭᠠᠷ ᠪᠠᠷ ᠨᠢ ᠰᠢᠯᠵᠢᠭᠦᠯᠦᠨ ᠥᠭᠬᠦ᠂ ᠬᠡᠰᠡᠭᠯᠡᠨ ᠰᠢᠯᠵᠢᠭᠦᠯᠦᠨ ᠥᠭᠬᠦ ᠶᠢ ᠵᠥᠪᠰᠢᠶᠡᠷᠡᠵᠦ᠂ | ᠬᠤᠪᠢᠶᠠᠷᠢᠯᠠᠨ ᠰᠠᠯᠭᠠᠵᠤ ᠪᠣᠯᠬᠤ ᠭᠠᠵᠠᠷ ᠰᠢᠷᠣᠶ ᠶᠢᠨ ᠡᠨᠧᠷᠭᠢ᠂ ᠣᠷᠴᠢᠨ ᠲᠣᠭᠤᠷᠢᠨ ᠤ ᠬᠠᠮᠠᠭᠠᠯᠠᠯᠲᠠ᠂ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ | ᠰᠠᠭᠤᠴᠠ ᠶᠢᠨ ᠢᠨᠵᠧᠨᠧᠷᠢᠩ᠂ ᠨᠠᠰᠤᠵᠢᠯ ᠤᠨ ᠠᠰᠠᠷᠠᠮᠵᠢ᠂ ᠰᠤᠷᠭᠠᠨ ᠬᠥᠮᠦᠵᠢᠯ ᠂ ᠰᠣᠶᠣᠯ᠂ ᠪᠡᠶ᠎ᠡ ᠶᠢᠨ ᠲᠠᠮᠢᠷ ᠵᠢᠴᠢ ᠤᠰᠤ ᠰᠢᠲᠠᠮᠠᠬᠠᠶ ᠬᠡᠶ ᠢᠯᠴᠢ | ᠬᠠᠩᠭᠠᠬᠤ ᠪᠡᠯᠡᠳᠬᠡᠮᠵᠢ ᠵᠡᠷᠭᠡ ᠲᠥᠷᠥᠯ ᠵᠦᠢᠯ ᠳᠤ ᠬᠤᠪᠢᠶᠠᠷᠢᠯᠠᠨ ᠥᠭᠬᠦ ᠠᠷᠭ᠎ᠠ ᠮᠠᠶ᠋ᠢᠭ ᠢᠶᠠᠷ ᠭᠠᠵᠠᠷ ᠰᠢᠷᠣᠶ ᠬᠠᠩᠭᠠᠬᠤ ᠠᠴᠠ ᠭᠠᠳᠠᠨ᠎ᠠ ᠰᠢᠯᠵᠢᠭᠦᠯᠦᠨ | ᠬᠤᠳᠠᠯᠳᠤᠬᠤ᠂ ᠲᠦᠷᠢᠶᠡᠰᠦᠯᠡᠭᠦᠯᠬᠦ ᠠᠷᠭ᠎ᠠ ᠮᠠᠶ᠋ᠢᠭ ᠢᠶᠠᠷ ᠭᠠᠵᠠᠷ ᠰᠢᠷᠣᠶ ᠬᠠᠩᠭᠠᠬᠤ ᠶᠢ ᠵᠣᠷᠢᠭᠵᠢᠭᠤᠯᠤᠨ᠎ᠠ᠃ ᠠᠵᠤ ᠠᠬᠤᠶᠢᠯᠠᠯ ᠤᠨ《 ᠭᠠᠵᠠᠷ ᠰᠢᠷᠣᠶ | ᠥᠯᠥ ᠨᠡᠮᠡᠭᠳᠡᠭᠦᠯᠬᠦ》ᠮᠡᠷᠭᠡᠵᠢᠯ ᠤᠨ ᠥᠭᠡᠷᠡᠴᠢᠯᠡᠯᠲᠡ ᠶᠢ ᠵᠣᠷᠢᠭᠵᠢᠭᠤᠯᠵᠤ᠂ ᠬᠤᠲᠠ ᠶᠢᠨ ᠲᠥᠯᠥᠪᠵᠢᠭᠦᠯᠭᠡ᠂ ᠠᠵᠤ ᠥᠢᠯᠡᠰ ᠤᠨ | ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠳᠤ ᠨᠡᠶᠢᠴᠡᠬᠦ ᠪᠠ ᠭᠠᠵᠠᠷ ᠰᠢᠷᠣᠶ ᠶᠢᠨ ᠬᠡᠷᠡᠭᠯᠡᠯᠲᠡ ᠶᠢ ᠥᠯᠥ ᠬᠤᠪᠢᠷᠠᠭᠤᠯᠬᠤ ᠤᠷᠢᠲᠠᠯ ᠳᠣᠤᠷ᠎ᠠ | ᠵᠥᠪᠰᠢᠶᠡᠷᠡᠭᠦᠯᠬᠦ ᠪᠠᠷ ᠳᠡᠮᠵᠢᠨ ᠤᠤᠯ ᠤᠨ ᠬᠡᠷᠡᠭᠯᠡᠭᠰᠡᠨ ᠭᠠᠵᠠᠷ ᠤᠨ ᠬᠡᠪᠴᠢᠶᠡᠨ ᠳᠣᠲᠣᠷ᠎ᠠ ᠮᠡᠷᠭᠡᠵᠢᠯ ᠤᠨ ᠥᠭᠡᠷᠡᠴᠢᠯᠡᠯᠲᠡ ᠬᠢᠵᠦ᠂ ᠣᠯᠠᠨ ᠳᠠᠪᠬᠤᠷᠭᠠᠲᠤ | ᠥᠢᠯᠡᠳᠪᠤᠷᠢ ᠶᠢᠨ ᠬᠡᠷ ᠪᠠᠶᠢᠰᠢᠩ ᠪᠠᠷᠢᠬᠤ ᠪᠤᠶᠤ ᠥᠢᠯᠡᠳᠪᠤᠷᠢ ᠶᠢᠨ ᠬᠡᠷ ᠪᠠᠶᠢᠰᠢᠩ ᠤᠨ ᠥᠭᠡᠷᠡᠴᠢᠯᠡᠯᠲᠡ ᠬᠢᠬᠦ᠂ ᠲᠠᠰ ᠳᠠᠪᠬᠤᠷᠭ᠎ᠠ ᠪᠠᠨ ᠨᠡᠮᠡᠭᠳᠡᠭᠦᠯᠦᠨ | ᠬᠥᠷᠥᠩᠭᠡ ᠪᠠᠨ ᠨᠡᠮᠡᠭᠳᠡᠭᠦᠯᠵᠦ ᠭᠠᠷᠤᠯᠲᠠ ᠪᠠᠨ ᠥᠷᠭᠡᠳᠬᠡᠬᠦ ᠪᠠᠷ ᠳᠠᠮᠵᠢᠭᠤᠯᠤᠨ ᠪᠠᠷᠢᠯᠭ᠎ᠠ ᠶᠢᠨ ᠪᠠᠭᠲᠠᠭᠠᠮᠵᠢ ᠶᠢᠨ ᠨᠣᠷᠮ᠎ᠠ ᠶᠢ ᠨᠡᠮᠡᠭᠳᠡᠭᠦᠯᠦᠭᠰᠡᠨ ᠪᠠᠶᠢᠪᠠᠯ᠂ | ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠭᠰᠠᠨ ᠦᠨ᠎ᠡ ᠶᠢᠨ ᠵᠣᠭᠤᠰ ᠢ ᠳᠠᠬᠢᠨ ᠬᠤᠷᠢᠶᠠᠨ ᠠᠪᠬᠤ ᠥᠬᠡᠶ ᠭᠡᠵᠡᠢ᠃ | ︵ᠵᠢᠷᠭᠤᠭ᠎ᠠ︶《ᠡᠷᠬᠡ ᠪᠠᠨ ᠬᠠᠮᠠᠭᠠᠯᠠᠬᠤ ᠳᠤ ᠬᠦᠴᠢᠷ 》 ᠢ ᠰᠢᠢᠳᠪᠤᠷᠢᠯᠡᠬᠦ ᠰᠢᠪᠲᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠳᠤᠮᠳᠠ | ᠵᠢᠵᠢᠭ ᠠᠵᠤ ᠠᠬᠤᠶᠢᠯᠠᠯ ᠤᠨ ᠡᠷᠬᠡ ᠪᠠᠨ ᠬᠠᠮᠠᠭᠠᠯᠠᠬᠤ ᠵᠠᠭᠠᠯᠳᠤᠯᠭ᠎ᠠ ᠶᠢᠨ ᠦᠢᠯᠡᠴᠢᠯᠡᠭᠡᠨ ᠤ ᠵᠣᠬᠢᠴᠠᠭᠤᠯᠬᠤ ᠲᠣᠭᠲᠠᠴᠠ ᠶᠢᠨ ᠦᠢᠯᠡᠳᠦᠯ ᠢ ᠰᠠᠶᠢᠲᠤᠷ | ᠪᠠᠳᠠᠷᠠᠭᠤᠯᠵᠤ᠂《ᠬᠠᠤᠯᠢ ᠶᠢᠨ ᠲᠤᠰᠢᠶᠠᠯᠲᠠᠨ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠳᠤ ᠣᠷᠣᠬᠤ》《ᠪᠠᠶᠢᠴᠠᠭᠠᠬᠤ ᠲᠤᠰᠢᠶᠠᠯᠲᠠᠨ ᠠᠷᠠᠳ ᠤᠨ | ᠡᠵᠡᠩᠨᠡᠯᠳᠡ ᠶᠢᠨ ᠠᠵᠤ ᠠᠬᠤᠶᠢᠯᠠᠯ ᠢ ᠲᠤᠰᠠᠯᠠᠬᠤ》《ᠬᠠᠤᠯᠢ ᠶᠢᠨ ᠤᠬᠠᠭᠠᠨ ᠤ ᠨᠡᠶᠢᠭᠡᠮᠯᠢᠭ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠢ | ᠬᠠᠶᠢᠷᠠᠯᠠᠬᠤ》ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠳᠤ ᠬᠠᠤᠯᠢ ᠴᠠᠭᠠᠵᠠ ᠶᠢᠨ | ᠡᠷᠬᠡ ᠪᠠᠨ ᠬᠠᠮᠠᠭᠠᠯᠠᠬᠤ ᠬᠤᠯᠪᠣᠭᠳᠠᠯ ᠪᠦᠬᠦᠢ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠢᠢᠳᠪᠤᠷᠢᠯᠡᠬᠦ ᠬᠡᠷᠡᠭᠲᠡᠢ᠃ ᠤᠯᠠᠨ ᠨᠡᠶᠢᠲᠡ ᠶᠢᠨ ᠬᠠᠤᠯᠢ | ᠴᠠᠭᠠᠵᠠ ᠶᠢᠨ ᠦᠢᠯᠡᠴᠢᠯᠡᠭᠡᠨ ᠤ ᠪᠣᠳᠠᠲᠤ ᠴᠣᠭᠴᠠ ᠶᠢᠨ ᠲᠠᠪᠴᠠᠩ ᠪᠠ 12348 ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠯᠠᠭᠤᠨ ᠤᠲᠠᠰᠤ᠂【 4K | ᠤᠶᠤᠨᠲᠤ ᠮᠠᠰᠢᠨ ᠤ ᠤᠷᠤᠢ ᠶᠢᠨ ᠬᠠᠶᠢᠷᠴᠠᠭ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠦᠵᠦᠭᠦᠷ ᠵᠡᠷᠭᠡ ᠶᠢᠨ ᠦᠢᠯᠡᠳᠦᠯ】 ᠢ ᠭᠦᠢᠴᠡᠳ ᠪᠠᠳᠠᠷᠠᠭᠤᠯᠵᠤ᠂ | ᠭᠤᠮᠣᠳᠠᠯ ᠱᠠᠭᠠᠷᠳᠠᠯᠭ᠎ᠠ ᠶᠢ ᠬᠦᠯᠢᠶᠡᠨ ᠠᠪᠴᠤ ᠰᠢᠢᠳᠪᠤᠷᠢᠯᠡᠨ᠂ ᠱᠠᠳᠤ ᠬᠤᠪᠢᠶᠠᠨ ᠰᠢᠢᠳᠪᠤᠷᠢᠯᠡᠬᠦ᠂ ᠨᠢᠭᠡ ᠦᠷᠳᠡᠭᠡ ᠶᠢᠨ ᠮᠠᠶ᠋ᠢᠭ ᠢᠶᠠᠷ ᠰᠢᠢᠳᠪᠤᠷᠢᠯᠡᠬᠦ᠂ | ᠨᠢᠭᠡ ᠰᠦᠯᠵᠢᠶᠡᠨ ᠤ ᠮᠠᠶ᠋ᠢᠭ ᠢᠶᠠᠷ ᠰᠢᠢᠳᠪᠤᠷᠢᠯᠡᠬᠦ ᠶᠢ ᠪᠡᠶᠡᠯᠡᠭᠦᠯᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ᠲᠦᠭᠡᠮᠡᠯ ᠬᠠᠷᠠᠭᠠᠯᠵᠠᠯ ᠤᠨ ᠴᠢᠨᠠᠷᠲᠠᠶ᠂ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠨ ᠲᠦᠬᠦᠮ ᠵᠦᠢᠯᠡᠰ ᠢ ᠲᠡᠷᠡ ᠳᠠᠷᠤᠶ ᠳᠤᠨᠢ ᠬᠠᠷᠢᠭᠤᠯᠵᠤ᠂ | ᠪᠤᠳᠤᠯᠢᠶᠠᠨᠲᠠᠶ ᠠᠰᠠᠭᠤᠳᠠᠯ ᠢ ᠴᠠᠭ ᠬᠢᠵᠠᠭᠠᠷᠯᠠᠨ ᠬᠠᠷᠢᠭᠤᠯᠬᠤ ᠶᠢ ᠪᠠᠶᠠᠯᠡᠭᠦᠯᠤᠨᠡ᠃ | ︵ᠳᠣᠯᠤᠭ᠎ᠠ︶ ᠲᠥᠷᠥ ᠶᠢᠨ ᠪᠣᠳᠣᠯᠭ᠎ᠠ ᠶᠢᠨ《 ᠪᠣᠳᠠᠲᠠᠶᠢᠵᠢᠭᠤᠯᠬᠤ ᠳᠤ ᠬᠦᠴᠢᠷ 》 ᠢ ᠰᠢᠢᠳᠪᠤᠷᠢᠯᠡᠬᠦ ᠰᠢᠪᠲᠤᠯᠤᠯᠲᠠ ᠶᠢᠨ ᠠᠵᠢᠯᠯᠠᠭ᠎ᠠ ᠶᠢ | ᠬᠡᠷᠡᠭᠵᠢᠭᠦᠯᠦᠨ᠎ᠡ᠃ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠥᠬᠦ | ᠲᠠᠯ᠎ᠠ ᠪᠠᠷ ᠡᠮᠬᠢᠯᠡᠨ ᠳᠢᠭᠯᠡᠵᠦ᠂ ᠪᠤᠭᠤᠲᠤ ᠬᠤᠲᠠ ᠶᠢᠨ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢ ᠪᠠᠶᠢᠴᠠᠭᠠᠨ ᠯᠠᠪᠯᠠᠬᠤ ᠲᠠᠪᠴᠠᠩ ᠪᠠ ᠰᠢᠨ᠎ᠡ ᠪᠠᠷ | ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠨᠡᠶᠢᠲᠡᠯᠡᠬᠦ ᠲᠠᠪᠴᠠᠩ ᠢ ᠰᠠᠶᠢᠲᠤᠷ ᠬᠡᠷᠡᠭᠯᠡᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠢᠯᠡ | ᠲᠣᠳᠣ ᠵᠠᠰᠠᠭ ᠤᠨ ᠣᠷᠳᠣᠨ ᠤ ᠥᠮᠴᠢᠯᠡᠯ ᠤᠨ ᠡᠷᠬᠡ ᠳᠤ ᠬᠤᠯᠪᠣᠭᠳᠠᠭᠰᠠᠨ ᠵᠢᠭᠤᠷᠠᠯᠳᠤᠭᠠᠨ ᠤ ᠲᠤᠰᠬᠠᠶ ᠵᠠᠰᠠᠯᠲᠠ ᠶᠢ ᠭᠦᠨᠵᠡᠭᠡᠶ ᠥᠷᠨᠢᠭᠦᠯᠵᠦ᠂ ᠠᠵᠢᠯ ᠤᠨ | ᠡᠬᠡ ᠲᠠᠩᠰᠠ ᠪᠠᠶᠢᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠤᠨ ᠵᠠᠷᠯᠠᠨ ᠮᠡᠳᠡᠭᠳᠡᠵᠦ᠂ ᠭᠤᠤᠯᠳᠠᠯᠭ᠎ᠠ ᠲᠠᠢ ᠲᠦᠪᠡᠭᠲᠡᠶ ᠬᠡᠷᠡᠭ ᠢ ᠮᠥᠷᠳᠡᠨ | ᠪᠠᠶᠢᠴᠠᠭᠠᠵᠤ᠂ ᠲᠥᠷᠥ ᠶᠢᠨ ᠪᠣᠳᠣᠯᠭ᠎ᠠ ᠶᠢᠨ ᠬᠤᠪᠢᠷᠠᠯᠲᠠ᠂ ᠠᠵᠢᠯᠲᠠᠨ ᠤ ᠶᠠᠪᠤᠳᠠᠯ ᠤᠨ ᠬᠤᠪᠢᠷᠠᠯᠲᠠ ᠵᠡᠷᠭᠡ ᠰᠢᠯᠲᠠᠭᠠᠨ ᠠᠴᠠ ᠪᠤᠯᠵᠤ᠂《ᠰᠢᠨ᠎ᠡ ᠨᠣᠶᠠᠨ | ᠬᠠᠭᠤᠴᠢᠨ ᠲᠠᠩᠰᠠ ᠶᠢ ᠬᠠᠮᠢᠶᠠᠷᠬᠤ ᠥᠬᠡᠶ 》ᠵᠡᠷᠭᠡ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠢᠲᠡᠭᠡᠯ ᠠᠯᠳᠠᠭᠰᠠᠨ ᠠᠰᠠᠭᠤᠳᠠᠯ ᠳᠤ ᠰᠢᠢᠳᠪᠤᠷᠢᠯᠡᠬᠦ ᠨᠢ | ᠬᠤᠶᠢᠷᠭᠤᠰᠢᠭᠰᠠᠨ᠂ ᠰᠢᠢᠳᠪᠤᠷᠢᠯᠡᠭᠰᠡᠨ ᠨᠢ ᠬᠦᠴᠦᠨ ᠥᠬᠡᠶ ᠠᠴᠠ ᠡᠭᠦᠰᠤᠨ ᠮᠠᠨ ᠤ ᠲᠤᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ | ᠬᠦᠨᠳᠦ ᠨᠣᠴᠢᠲᠠᠶ ᠬᠤᠬᠢᠷᠠᠭᠤᠯᠤᠭᠰᠠᠨ ᠰᠠᠯᠠᠭ᠎ᠠ ᠮᠥᠴᠢᠷ ᠲᠤ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠶᠢ ᠡᠬᠢᠯᠡᠭᠦᠯᠤᠨ᠎ᠡ᠃ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠨᠤᠭᠤᠳ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠲᠥᠷᠥᠯ ᠤᠨ ᠲᠥᠷᠥ ᠶᠢᠨ | ᠪᠣᠳᠣᠯᠭ᠎ᠠ ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠴᠠᠭ ᠲᠤᠬᠠᠶ ᠳᠤᠨᠢ ᠮᠥᠷᠳᠡᠨ | ᠣᠶᠢᠯᠠᠭᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠠᠶᠢᠴᠠᠭᠠᠬᠤ ᠪᠠ ᠴᠠᠭᠳᠠᠨ ᠪᠠᠶᠢᠴᠠᠭᠠᠬᠤ ᠭᠤᠤᠯᠳᠠᠯᠭ᠎ᠠ ᠲᠠᠢ ᠠᠭᠤᠯᠭ᠎ᠠ ᠳᠤ ᠣᠷᠣᠭᠤᠯᠤᠨ ᠠᠵᠤ | ᠠᠬᠤᠶᠢᠯᠠᠯ ᠤᠨ ᠲᠤᠰᠬᠠᠭᠰᠠᠨ ᠠᠰᠠᠭᠤᠳᠠᠯ ᠢ ᠰᠢᠢᠳᠪᠤᠷᠢᠯᠡᠬᠦ ᠥᠬᠡᠶ ᠤᠳᠠᠭᠠᠰᠢᠷᠠᠭᠤᠯᠬᠤ ᠪᠤᠶᠤ ᠵᠣᠷᠢᠭᠤᠳᠠ ᠡᠯ᠎ᠡ ᠲᠥᠷᠥᠯ ᠤᠨ ᠬᠠᠷᠰᠢ ᠰᠠᠭᠠᠳ ᠭᠠᠷᠭᠠᠵᠤ | ᠠᠵᠤ ᠠᠬᠤᠶᠢᠯᠠᠯ ᠢ ᠭᠠᠴᠢᠭᠰᠠᠨ ᠪᠠᠶᠢᠪᠠᠯ ᠣᠯᠵᠤ ᠮᠡᠳᠡᠪᠡᠯ ᠡᠷᠡᠰ ᠪᠠᠶᠢᠴᠠᠭᠠᠨ ᠰᠢᠢᠳᠪᠤᠷᠢᠯᠡᠬᠦ ᠶᠢᠨ ᠬᠠᠮᠲᠤ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠶ | ᠃ | ︵ᠨᠠᠢᠮᠠ︶ ᠥᠷᠢᠲᠦᠭᠰᠡᠨ ᠵᠣᠭᠤᠰ ᠤᠨ ︽ᠲᠦᠯᠤᠪᠤᠷᠢ ᠶᠢᠨ ᠬᠦᠴᠢᠷᠳᠠᠯ︾ ᠢ ᠰᠢᠢᠳᠪᠤᠷᠢᠯᠡᠬᠦ ᠰᠢᠪᠲᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ | ᠃ ᠬᠢᠯᠢ ᠶᠢᠨ ᠵᠠᠭᠠᠭ ᠢ ᠲᠣᠳᠣᠷᠬᠠᠶ ᠪᠠᠶᠢᠯᠭᠠᠨ ᠭᠤᠣᠯᠳᠠᠯᠭ᠎ᠠ ᠶᠢ ᠲᠤᠪᠤᠶᠢᠯᠭᠠᠬᠤ᠂ ᠡᠬᠢ ᠰᠤᠷᠪᠤᠯᠵᠢ ᠠᠴᠠ ᠨᠢ ᠵᠠᠰᠠᠨ ᠪᠤᠷᠤᠭᠤ ᠳᠠᠷᠠᠭᠠᠯᠠᠯ ᠢ ᠠᠭᠠᠵᠢᠮ ᠢᠶᠠᠷ | ᠠᠬᠢᠭᠤᠯᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷᠴᠢᠯᠠᠨ ᠬᠠᠤᠯᠢ ᠪᠠᠷ ᠵᠠᠰᠠᠬᠤ ᠠᠷᠭ᠎ᠠ ᠪᠠᠷᠢᠯ ᠢ ᠬᠡᠷᠡᠭᠯᠡᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ | ᠥᠷᠢᠲᠦᠵᠦ ᠪᠠᠶᠢᠭ᠎ᠠ ᠳᠠᠩᠰᠠᠨ ᠵᠣᠭᠤᠰ ᠢ ᠱᠠᠯᠠᠪᠳᠠᠨ ᠡᠮᠬᠢᠯᠡᠨ ᠲᠢᠭᠯᠡᠵᠦ᠂ ᠪᠤᠴᠠᠭᠠᠬᠤ ᠠᠷᠭ᠎ᠠ ᠬᠡᠮᠵᠢᠶ᠎ᠡ ᠶᠢ ᠳᠡᠰ ᠳᠠᠷᠠᠭᠠᠯᠠᠨ ᠲᠣᠭᠲᠠᠭᠠᠵᠤ᠂ ᠮᠠᠷᠭᠤᠭᠠᠨ | ᠦᠭᠡᠢ ᠥᠷᠢᠲᠦᠭᠰᠡᠨ ᠵᠣᠭᠤᠰ ᠢ ᠠᠯᠬᠤᠮ ᠠᠯᠬᠤᠮ ᠢᠶᠠᠷ《ᠴᠠᠭ ᠢ ᠬᠢᠵᠠᠭᠠᠷᠯᠠᠨ ᠦᠭᠡᠶᠢᠰᠭᠡᠬᠦ》᠂ ᠰᠢᠨ᠎ᠡ ᠪᠠᠷ ᠥᠷᠢᠲᠦᠵᠦ ᠪᠠᠶᠢᠭ᠎ᠠ ᠵᠣᠭᠤᠰ ᠭᠠᠷᠬᠤ ᠶᠢ | ᠴᠢᠩᠭ᠎ᠠ ᠴᠠᠭᠠᠵᠠᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠦᠷᠲᠡᠮᠵᠢ ᠶᠢᠨ ᠲᠦᠷᠦᠭᠳᠡᠯ ᠲᠠᠢ ᠪᠠᠶᠢᠬᠤ ᠶᠢ ᠦᠨᠡᠨ ᠬᠦ ᠪᠠᠳᠤᠯᠠᠬᠤ ᠬᠡᠷᠡᠭᠲᠡᠢ᠃ | | ᠲᠦᠷᠪᠡ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ | ︵ᠨᠢᠭᠡ︶ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠬᠤ ᠲᠤᠰᠬᠠᠶ ᠠᠵᠢᠯᠯᠠᠭ᠎ᠠ ᠶᠢ ᠬᠡᠷᠡᠭᠵᠢᠭᠦᠯᠦᠨ᠎ᠡ᠃ | ᠭᠤᠷᠪᠠᠨ ᠠᠵᠤ ᠥᠢᠯᠡᠰ ᠢ ᠵᠡᠷᠭᠡᠪᠡᠷ ᠬᠥᠭᠵᠢᠭᠦᠯᠬᠦ ᠶᠢ ᠪᠠᠷᠢᠮᠲᠠᠯᠠᠵᠤ᠂ ᠲᠣᠮᠣ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠠᠵᠤ ᠥᠢᠯᠡᠳᠪᠤᠷᠢ | ᠬᠤᠳᠠᠯᠳᠤᠭᠠᠨ ᠤ ᠡᠷᠦᠬᠡ ᠶᠢ ᠵᠡᠷᠭᠡᠪᠡᠷ ᠠᠳᠬᠤᠨ ᠪᠣᠳᠠᠲᠤ ᠰᠦᠯᠵᠢᠶᠡᠨ ᠤ ᠳᠡᠯᠭᠡᠭᠦᠷ ᠢ ᠬᠠᠮᠳᠤ ᠪᠠᠷ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠪᠠᠶᠡᠴᠢ ᠴᠤᠭᠴᠠ | ᠶᠢᠨ ᠶᠡᠷᠦᠩᠬᠡᠶ ᠬᠡᠮᠵᠢᠶ᠎ᠡ ᠪᠠ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢᠨ ᠦᠳᠲᠡᠷ ᠲᠦᠷᠭᠡᠨ ᠨᠡᠮᠡᠭᠳᠡᠬᠦ ᠶᠢ ᠲᠦᠯᠬᠢᠨ ᠠᠬᠢᠭᠤᠯᠤᠨ᠎ᠠ᠃《 ᠬᠤᠪᠢ | ᠬᠥᠮᠦᠨ ᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ᠂ ᠠᠵᠤ ᠠᠬᠤᠶᠢᠯᠠᠯ ᠤᠨ ᠲᠦᠷᠢᠮ ᠢ ᠳᠡᠭᠡᠭᠰᠢᠯᠡᠭᠦᠯᠬᠦ᠂ ᠲᠦᠷᠢᠮ ᠢ ᠰᠲ᠋ᠣᠺ ᠪᠣᠯᠭᠠᠨ ᠬᠤᠪᠢᠷᠠᠭᠤᠯᠬᠤ᠂ | ᠰᠲ᠋ᠣᠺ ᠢ ᠵᠠᠬ᠎ᠠ ᠳᠡᠯᠭᠡᠭᠦᠷ ᠲᠤ ᠭᠠᠷᠭᠠᠬᠤ》 ᠶᠢ ᠭᠦᠨᠵᠡᠭᠡᠶ ᠠᠬᠢᠭᠤᠯᠵᠤ᠂ ᠥᠪᠥᠷ ᠮᠣᠩᠭᠤᠯ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ 100 | ᠬᠦᠴᠦᠷᠬᠡᠭ᠂ ᠳᠤᠮᠳᠠᠳᠤ ᠤᠯᠤᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ 500 ᠬᠦᠴᠦᠷᠬᠡᠭ ᠵᠡᠷᠭᠡ《ᠳᠥᠷᠪᠡ ᠶᠢ | ᠳᠡᠭᠡᠭᠰᠢᠯᠡᠭᠦᠯᠬᠦ》ᠠᠵᠤ ᠠᠬᠤᠶᠢᠯᠠᠯ ᠢ ᠶᠡᠬᠡᠪᠡᠷ ᠣᠷᠣᠭᠤᠯᠤᠨ ᠠᠪᠴᠢᠷᠠᠵᠤ ᠠᠵᠢᠯ ᠲᠥᠷᠥᠯ ᠤᠨ ᠬᠤᠭᠤᠰᠣᠨ ᠢ ᠨᠥᠬᠦᠪᠥᠷᠢᠯᠡᠨ᠎ᠡ᠃ ᠠᠵᠤ ᠠᠬᠤᠶᠢᠯᠠᠯ | ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠵᠢᠯᠴᠠᠨ ᠰᠢᠨ᠎ᠡ ᠶᠢ ᠡᠭᠦᠳᠬᠦ ᠲᠠᠪᠴᠠᠩ ᠢ ᠲᠦᠷᠭᠡᠪᠴᠢᠯᠡᠨ ᠪᠠᠶᠢᠭᠤᠯᠵᠤ | ᠂ ᠰᠢᠨ᠎ᠡ ᠶᠢ ᠡᠭᠦᠳᠬᠦ ᠶᠢ ᠵᠣᠷᠢᠭᠵᠢᠭᠤᠯᠬᠤ ᠲᠦᠷᠢᠮ ᠤᠨ ᠣᠷᠴᠢᠨ ᠨᠥᠬᠦᠴᠡᠯ ᠢ ᠪᠤᠢ ᠪᠣᠯᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠰᠢᠨᠵᠢᠯᠡᠬᠦ | ᠤᠬᠠᠭᠠᠨ ᠮᠡᠷᠭᠡᠵᠢᠯ᠂ ᠬᠠᠮᠢᠶᠠᠷᠤᠯᠲᠠ᠂ ᠬᠤᠳᠠᠯᠳᠤᠭᠠᠨ ᠤ ᠵᠠᠭᠪᠤᠷ ᠵᠡᠷᠭᠡ ᠡᠯ᠎ᠡ ᠬᠦᠷᠢᠶᠡᠨ ᠳᠤ ᠰᠢᠨ᠎ᠡ ᠶᠢ ᠡᠭᠦᠳᠴᠦ᠂ ᠤᠳᠤ ᠦᠶ᠎ᠡ ᠶᠢᠨ ᠠᠵᠤ | ᠠᠬᠤᠶᠢᠯᠠᠯ ᠤᠨ ᠲᠦᠷᠢᠮ ᠢ ᠪᠠᠶᠢᠭᠤᠯᠤᠨ᠂ ᠭᠤᠣᠯᠯᠠᠬᠤ ᠥᠷᠢᠰᠥᠯᠳᠦᠬᠦ ᠬᠦᠴᠦᠨ ᠢ ᠪᠤᠢ ᠪᠣᠯᠭᠠᠨ᠎ᠠ᠃ ᠡᠯ᠎ᠡ ᠲᠥᠷᠥᠯ ᠤᠨ ᠪᠠᠯᠠ ᠮᠥᠩᠭᠦ ᠶᠢᠨ ᠰᠠᠭᠤᠷᠢ | ᠮᠥᠩᠭᠦ ᠶᠢ ᠰᠠᠶᠢᠲᠤᠷ ᠬᠡᠷᠡᠭᠯᠡᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠡᠯ᠎ᠡ ᠵᠦᠢᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠪᠠ ᠬᠡᠪᠴᠢᠶᠠᠵᠢᠯ ᠠᠴᠠ ᠳᠡᠭᠡᠭᠰᠢᠬᠢ ᠲᠡᠳᠬᠦᠬᠦ ᠳᠡᠮᠵᠢᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ᠬᠥᠭᠵᠢᠨ ᠪᠤᠵᠠᠭᠠᠢᠢᠷᠠᠬᠤ ᠶᠢ ᠠᠬᠢᠭᠤᠯᠤᠨ᠎ᠠ᠃ | ︵ᠬᠤᠶᠠᠷ︶ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠤ ᠥᠢᠯᠡᠰ ᠤᠨ ᠲᠠᠰ ᠳᠡᠪᠰᠢᠬᠦ ᠲᠤᠰᠬᠠᠶ ᠠᠵᠢᠯᠯᠠᠭ᠎ᠠ ᠶᠢ ᠬᠡᠷᠡᠭᠵᠢᠭᠦᠯᠦᠨ᠎ᠡ᠃ | 《 ᠪᠠᠶᠠᠬᠤᠪᠤᠭ᠎ᠠ ᠠᠴᠠ ᠦᠰᠦᠷᠦᠨ ᠭᠠᠷᠴᠤ ᠪᠠᠶᠠᠬᠤᠪᠤᠭ᠎ᠠ ᠶᠢ ᠲᠥᠰᠦᠪᠯᠡᠬᠦ᠂ ᠪᠠᠶᠠᠬᠤᠪᠤᠭ᠎ᠠ ᠠᠴᠠ ᠦᠰᠦᠷᠦᠨ ᠭᠠᠷᠴᠤ ᠪᠠᠶᠠᠬᠤᠪᠤᠭ᠎ᠠ ᠶᠢ | ᠬᠥᠭᠵᠢᠭᠦᠯᠬᠦ》ᠭᠤᠣᠯᠯᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠳᠠᠯᠠᠨ ᠠᠵᠤ ᠥᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢ | ᠰᠢᠯᠢᠳᠡᠭᠵᠢᠭᠦᠯᠦᠨ ᠳᠡᠭᠡᠭᠰᠢᠯᠡᠭᠦᠯᠵᠦ᠂《 ᠬᠠᠷᠢᠶ᠎ᠠ ᠠᠯᠤᠰᠯᠠᠭᠰᠠᠨ ᠠᠵᠤ ᠠᠬᠤᠶ 》 ᠶᠢᠨ ᠬᠥᠭᠵᠢᠯᠲᠡ ᠶᠢᠨ ᠵᠠᠭᠪᠤᠷ ᠢ ᠭᠦᠨᠵᠡᠭᠡᠶᠢᠷᠡᠭᠦᠯᠦᠨ ᠂ ᠠᠵᠢᠯ | ᠲᠥᠷᠥᠯ ᠠᠯᠤᠰᠯᠠᠭᠰᠠᠨ ᠲᠤᠭ᠎ᠠ ᠪᠠᠷᠢᠮᠲᠠ ᠶᠢᠨ ᠠᠵᠤ ᠠᠬᠤᠶ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠢᠭᠤᠯᠵᠤ《ᠲᠤᠭ᠎ᠠ ᠪᠠᠷᠢᠮᠲᠠ + | ᠮᠥᠩᠭᠦᠨ ᠭᠦᠢᠯᠭᠡᠭᠡ》 ᠬᠤᠶᠠᠷ ᠢ ᠠᠭᠤᠰᠤᠯᠴᠠᠭᠤᠯᠬᠤ ᠶᠢ ᠠᠬᠢᠭᠤᠯᠤᠨ᠂ ᠪᠥᠬᠦ ᠬᠤᠲᠠ ᠶᠢᠨ ᠣᠲᠣ ᠦᠶ᠎ᠡ ᠶᠢᠨ ᠥᠢᠯᠡᠴᠢᠯᠡᠭᠡᠨ ᠤ ᠥᠢᠯᠡᠰ ᠤᠨ ᠰᠢᠨ᠎ᠡ | ᠬᠥᠭᠵᠢᠯᠲᠡ ᠶᠢᠨ ᠬᠡᠪ ᠳᠠᠭᠤᠷᠢᠶᠠᠯ ᠢ ᠴᠢᠷᠮᠠᠶᠢᠨ ᠡᠭᠦᠳᠴᠦ᠂ ᠤᠯᠤᠰ ᠤᠨ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠪᠠ ᠤᠯᠤᠰ ᠤᠨ ᠲᠠᠰ ᠤᠨ ᠬᠠᠷᠢᠶ᠎ᠠ ᠠᠯᠤᠰᠯᠠᠭᠰᠠᠨ ᠠᠵᠤ ᠠᠬᠤᠶ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠶᠢ ᠪᠣᠶ ᠪᠣᠯᠭᠠᠨ᠎ᠠ᠃ | ᠤᠶᠤᠨᠴᠢᠯᠠᠭᠰᠠᠨ ᠮᠡᠷᠭᠡᠵᠢᠯ ᠤᠨ ᠥᠭᠡᠷᠡᠴᠢᠯᠡᠯᠲᠡ ᠶᠢ ᠶᠡᠬᠡᠪᠡᠷ ᠥᠷᠨᠢᠭᠦᠯᠵᠦ᠂ ᠰᠢᠨ᠎ᠡ ᠬᠡᠯᠪᠡᠷᠢ ᠶᠢᠨ ᠮᠠᠲ᠋ᠧᠷᠢᠶᠠᠯ᠂ ᠤᠳᠤ ᠦᠶ᠎ᠡ ᠶᠢᠨ ᠡᠨᠧᠷᠭᠢ ᠶᠢᠨ | ᠰᠤᠷᠪᠤᠯᠵᠢ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠮᠡᠷᠭᠡᠵᠢᠯ ᠤᠨ ᠥᠭᠡᠷᠡᠴᠢᠯᠡᠯᠲᠡ ᠶᠢ ᠰᠢᠨᠵᠢᠯᠡᠬᠦ ᠤᠬᠠᠭᠠᠨ ᠮᠡᠷᠭᠡᠵᠢᠯ ᠮᠥᠩᠭᠦᠨ ᠭᠦᠢᠯᠭᠡᠭᠡᠨ ᠤ | ᠭᠦᠨᠵᠡᠭᠡᠶ ᠠᠭᠤᠰᠤᠯᠴᠠᠯ ᠢ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠴᠢᠳᠠᠪᠤᠷᠢᠲᠠᠨ ᠤ ᠰᠢᠨ᠎ᠡ ᠶᠢ ᠡᠭᠦᠳᠬᠦ᠂ ᠠᠳᠠᠯ ᠥᠢᠯᠡᠰ | ᠴᠣᠭᠴᠠᠯᠠᠬᠤ ᠰᠠᠭᠤᠷᠢ ᠮᠥᠩᠭᠦ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠵᠡᠷᠭᠡ ᠮᠥᠩᠭᠦᠨ ᠭᠦᠢᠯᠭᠡᠭᠡᠨ ᠤ | ᠥᠢᠯᠡᠴᠢᠯᠡᠭᠡ ᠶᠢ ᠢᠳᠡᠪᠬᠢᠲᠡᠶ ᠬᠠᠩᠭᠠᠨ᠎ᠠ᠃ | ︵ᠭᠤᠷᠪᠠ︶ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠣᠭᠠᠴᠢᠯᠠᠭᠰᠠᠨ ᠡᠨᠧᠷᠭᠢ ᠣᠯᠭᠤᠬᠤ ᠲᠤᠰᠬᠠᠶ ᠠᠵᠢᠯᠯᠠᠭ᠎ᠠ ᠶᠢ ᠬᠡᠷᠡᠭᠵᠢᠭᠦᠯᠦᠨ᠎ᠡ | ᠃ ᠡᠳ᠋ ᠤᠨ ᠵᠠᠰᠠᠭ ᠤᠨ ᠱᠠᠩᠨᠠᠵᠤ ᠨᠥᠬᠦᠪᠥᠷᠢᠯᠡᠬᠦ᠂ ᠰᠲ᠋ᠣᠺ ᠤᠨ ᠡᠷᠬᠡ ᠪᠠᠷ ᠪᠠᠯᠠ ᠣᠷᠣᠭᠤᠯᠬᠤ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠳᠡᠭᠡᠳᠦ ᠦᠵᠦᠭᠦᠷᠴᠢᠯᠡᠭᠰᠡᠨ᠂ ᠤᠶᠤᠨᠴᠢᠯᠠᠭᠰᠠᠨ᠂ ᠪᠣᠬᠢᠷᠲᠤᠯ ᠥᠬᠡᠶ ᠪᠠᠷ ᠲᠠᠰ ᠳᠡᠪᠰᠢᠭᠦᠯᠦᠨ | ᠥᠭᠡᠷᠡᠴᠢᠯᠡᠬᠦ ᠶᠢ ᠵᠣᠷᠢᠭᠵᠢᠭᠤᠯᠤᠨ᠂ ᠲᠣᠭᠠᠴᠢᠯᠠᠭᠰᠠᠨ ᠲᠠᠪᠴᠠᠩ ᠢ ᠱᠠᠲᠤ ᠱᠠᠲᠤ ᠪᠠᠷ ᠪᠤᠶᠢᠵᠢᠭᠤᠯᠵᠤ᠂ ᠠᠵᠤ ᠥᠢᠯᠡᠳᠪᠤᠷᠢ ᠶᠢᠨ ᠢᠨᠲ᠋ᠤᠷ ᠰᠦᠯᠵᠢᠶᠡᠨ ᠤ | ᠲᠠᠪᠴᠠᠩ ᠤᠨ ᠬᠥᠭᠵᠢᠯᠲᠡ ᠶᠢ ᠠᠬᠢᠭᠤᠯᠤᠨ᠎ᠠ᠃ ᠲᠣᠭᠠᠴᠢᠯᠠᠭᠰᠠᠨ ᠡᠨᠧᠷᠭᠢ ᠣᠯᠭᠤᠬᠤ ᠥᠢᠯᠡᠴᠢᠯᠡᠭᠡᠨ ᠤ ᠬᠡᠲᠦ ᠳᠡᠯᠭᠡᠭᠦᠷ ᠢ ᠰᠠᠶᠢᠲᠤᠷ ᠬᠡᠷᠡᠭᠯᠡᠵᠦ᠂ ᠠᠵᠢᠯ | ᠣᠯᠭᠤᠯᠲᠠ ᠶᠢ ᠲᠣᠭᠲᠠᠪᠤᠷᠢᠵᠢᠭᠤᠯᠤᠨ ᠠᠬᠢᠭᠤᠯᠬᠤ᠂ ᠠᠵᠤ ᠥᠢᠯᠡᠰ ᠪᠠ ᠠᠭᠤᠰᠤᠯᠴᠠᠯ ᠢ ᠵᠣᠯᠭᠠᠭᠤᠯᠬᠤ᠂ ᠬᠠᠩᠭᠠᠯᠭ᠎ᠠ ᠶᠢᠨ ᠬᠡᠯᠬᠢᠶ᠎ᠡ ᠶᠢ ᠵᠣᠯᠭᠠᠭᠤᠯᠬᠤ | ᠵᠡᠷᠭᠡ ᠲᠣᠭᠠᠴᠢᠯᠠᠭᠰᠠᠨ ᠡᠨᠧᠷᠭᠢ ᠣᠯᠭᠤᠬᠤ ᠥᠢᠯᠡᠴᠢᠯᠡᠭᠡᠨ ᠤ ᠥᠢᠯᠡᠳᠭᠦᠨ ᠢ ᠡᠯᠰᠡᠨ ᠴᠤᠭᠯᠠᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ | ᠭᠠᠳᠠᠨᠠᠬᠢ ᠶᠢ ᠵᠣᠯᠭᠠᠭᠤᠯᠬᠤ ᠶᠢ ᠵᠣᠬᠢᠶᠠᠨ ᠪᠠᠶᠢᠭᠤᠯᠬᠤ ᠬᠡᠷᠡᠭᠲᠡᠢ᠃ | ︵ᠳᠥᠷᠪᠡ︶ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠶᠢ | ᠬᠡᠷᠡᠭᠵᠢᠭᠦᠯᠦᠨ᠎ᠡ᠃ ᠨᠥᠬᠦᠴᠡᠯ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠵᠠᠰᠠᠯᠲᠠ ᠶᠢᠨ ᠪᠦᠲᠦᠴᠡ ᠨᠢ ᠵᠦᠢ ᠵᠣᠬᠢᠰᠲᠠᠢ᠂ ᠬᠤᠪᠢ | ᠣᠷᠣᠭᠤᠯᠤᠭᠴᠢ ᠶᠢᠨ ᠠᠵᠢᠯᠯᠠᠭ᠎ᠠ ᠨᠢ ᠵᠢᠷᠤᠮᠵᠢᠯ ᠲᠠᠢ᠂ ᠳᠣᠲᠣᠭᠠᠳᠤ ᠶᠢᠨ ᠬᠢᠵᠠᠭᠠᠷᠯᠠᠯ ᠨᠢ ᠪᠦᠲᠦᠮᠵᠢᠲᠡᠢ᠂ ᠠᠵᠢᠯᠯᠠᠭᠠᠨ ᠨᠢ ᠥᠨᠳᠥᠷ ᠪᠦᠲᠦᠮᠵᠢᠲᠡᠢ | ᠠᠮᠢᠳᠤᠯᠢᠭ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠲᠦᠷᠭᠡᠨ ᠪᠠᠶᠢᠭᠤᠯᠬᠤ ᠶᠢ ᠵᠣᠷᠢᠭᠵᠢᠭᠤᠯᠤᠨ᠎ᠠ᠃ ᠺᠣᠮᠫᠠᠨᠢ ᠶᠢᠨ ᠬᠤᠪᠢ | ᠣᠷᠣᠭᠤᠯᠤᠭᠴᠢᠳ ᠤᠨ ᠵᠥᠪᠯᠡᠯ᠂ ᠬᠡᠷᠡᠭ ᠮᠡᠳᠡᠭᠴᠢᠳ ᠤᠨ ᠵᠥᠪᠯᠡᠯ ᠂ ᠬᠢᠨᠠᠭᠴᠢᠳ ᠤᠨ ᠵᠥᠪᠯᠡᠯ ᠵᠡᠷᠭᠡ ᠶᠢᠨ ᠲᠦᠷᠢᠮ ᠢ ᠲᠡᠭᠦᠯᠳᠡᠷᠵᠢᠭᠦᠯᠵᠦ᠂ | ᠲᠤᠬᠠᠶᠢᠯᠠᠭᠰᠠᠨ ᠠᠵᠢᠯ ᠤᠨ ᠶᠠᠪᠤᠴᠠ ᠪᠠ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠤᠨ ᠰᠢᠨᠵᠢᠯᠡᠬᠦ ᠤᠬᠠᠭᠠᠨᠴᠢ ᠵᠢᠷᠤᠮᠵᠢᠭᠰᠠᠨ | ᠬᠥᠳᠡᠯᠮᠦᠷᠢ ᠶᠢᠨ ᠠᠵᠢᠯᠴᠢᠨ ᠬᠡᠷᠡᠭᠯᠡᠬᠦ᠂ ᠣᠷᠣᠯᠭᠠᠶᠢᠨ ᠬᠤᠪᠢᠶᠠᠷᠢᠯᠠᠯᠲᠠ ᠶᠢᠨ ᠲᠦᠷᠢᠮ ᠢ ᠪᠠᠶᠢᠭᠤᠯᠵᠤ᠂ ᠶᠠᠰᠤ ᠴᠢᠨᠠᠷ᠂ ᠨᠡᠷᠡᠳᠤ ᠲᠡᠮᠳᠡᠭ᠂ ᠡᠳ᠋ ᠤᠨ | ᠶᠠᠪᠤᠳᠠᠯ᠂ ᠡᠵᠡᠩᠨᠡᠨ ᠪᠣᠷᠣᠯᠠᠭᠤᠯᠤᠯᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠲᠦᠯᠬᠢᠨ ᠠᠬᠢᠭᠤᠯᠤᠨ᠎ᠠ᠃ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠢᠲᠡᠭᠡᠯ ᠬᠦᠨᠳᠦ ᠶᠢ ᠴᠢᠬᠤᠯᠠᠴᠢᠯᠠᠨ ᠢᠲᠡᠭᠡᠮᠵᠢ ᠶᠢ ᠰᠠᠬᠢᠬᠤ᠂ ᠢᠲᠡᠭᠡᠮᠵᠢ ᠶᠢ ᠡᠷᠬᠢᠮᠯᠡᠬᠦ᠂ ᠬᠠᠤᠯᠢ ᠶᠣᠰᠣᠭᠠᠷ ᠡᠵᠡᠩᠨᠡᠨ ᠬᠠᠮᠢᠶᠠᠷᠬᠤ ᠬᠠᠤᠯᠢ | ᠶᠣᠰᠣᠭᠠᠷ ᠠᠵᠤ ᠠᠬᠤᠶᠢᠯᠠᠯ ᠢ ᠵᠠᠰᠠᠬᠤ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠶᠢ ᠬᠥᠲᠥᠯᠥᠨ ᠵᠢᠯᠣᠭᠤᠳᠴᠤ᠂ ᠣᠷᠴᠢᠨ ᠠᠬᠤᠶ ᠶᠢᠨ ᠬᠠᠮᠠᠭᠠᠯᠠᠯᠲᠠ ᠪᠠ | ᠠᠶᠤᠯᠭᠦᠶ ᠦᠢᠯᠡᠳᠪᠦᠷᠢᠯᠡᠯ ᠵᠡᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ᠂ | ᠨᠡᠶᠢᠲᠡ ᠶᠢᠨ ᠠᠰᠠᠷᠠᠮᠵᠢ ᠨᠢᠭᠦᠯᠡᠰᠦᠩᠭᠦᠶ ᠶᠢᠨ ᠦᠢᠯᠡᠰ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠨᠡᠶᠢᠭᠡᠮ ᠤᠨ ᠦᠢᠯᠡᠰ ᠲᠤ ᠢᠳᠡᠪᠬᠢᠲᠡᠶ | ᠤᠷᠤᠯᠴᠠᠬᠤ ᠬᠡᠷᠡᠭᠲᠡᠢ᠃ | ᠲᠠᠪᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ | ︵ᠨᠢᠭᠡ︶ ᠵᠣᠬᠢᠶᠠᠨ ᠪᠠᠶᠢᠭᠤᠯᠤᠯᠲᠠ ᠶᠢᠨ ᠠᠬᠢᠭᠤᠯᠤᠯᠲᠠ ᠶᠢ ᠴᠢᠩᠭᠠᠷᠠᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ ᠲᠤᠰ ᠰᠠᠨᠠᠯ ᠢ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠪᠦᠬᠦ ᠲᠤᠭᠤᠷᠢᠭ ᠤᠨ ᠨᠠᠮ ᠤᠨ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠪᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠲᠣᠭᠲᠠᠮᠠᠯ ᠬᠤᠭᠤᠴᠠᠭ᠎ᠠ ᠲᠠᠢ ᠪᠠᠷ ᠬᠤᠳᠠᠯᠳᠤᠭ᠎ᠠ ᠡᠷᠭᠢᠯᠡᠬᠦ ᠣᠷᠴᠢᠨ | ᠨᠦᠬᠦᠴᠡᠯ ᠢ ᠰᠤᠳᠤᠯᠤᠨ ᠰᠢᠯᠢᠳᠡᠭᠵᠢᠭᠦᠯᠬᠦ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠠᠵᠢᠯ ᠤᠨ ᠲᠦᠷᠢᠮ ᠢ ᠪᠠᠶᠢᠭᠤᠯᠤᠨ | ᠪᠦᠷᠢᠨᠰᠢᠬᠦᠯᠵᠦ᠂ ᠳᠡᠭᠡᠳᠦ ᠳᠣᠤᠷᠠᠳᠤ ᠱᠠᠲᠤ ᠪᠠᠷ ᠢᠶᠠᠨ ᠨᠡᠪᠲᠡᠷᠡᠯᠴᠡᠭᠰᠡᠨ᠂ ᠵᠣᠬᠢᠴᠠᠯᠳᠤᠨ ᠨᠡᠪᠲᠡᠷᠡᠭᠰᠡᠨ ᠠᠵᠢᠯ ᠤᠨ ᠰᠢᠰᠲ᠋ᠧᠮᠵᠢ ᠪᠠ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠠᠷᠠᠳ ᠤᠨ | ᠡᠵᠡᠩᠨᠡᠯᠲᠡ ᠶᠢᠨ ᠠᠵᠤ ᠠᠬᠤᠶ ᠶᠢ ᠬᠥᠭᠵᠢᠭᠦᠯᠬᠦ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠠᠵᠢᠯ ᠤᠨ ᠵᠣᠬᠢᠴᠠᠭᠤᠯᠭ᠎ᠠ ᠶᠢ ᠴᠢᠩᠭᠠᠳᠬᠠᠬᠤ ᠬᠡᠷᠡᠭᠲᠡᠶ | ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠪᠠ ᠠᠵᠢᠯ | ᠪᠦᠬᠦᠨ ᠢ ᠬᠠᠮᠤᠷᠬᠤ ᠶᠢ ᠪᠡᠶᠡᠯᠡᠭᠦᠯᠬᠦ ᠪᠠᠷ ᠢᠳᠡᠪᠬᠢᠲᠡᠢ ᠴᠢᠷᠮᠠᠶᠢᠨ᠂ ᠭᠤᠣᠯ ᠬᠠᠷᠢᠭᠤᠴᠠᠯᠭᠠᠲᠠᠨ ᠨᠥᠬᠦᠳ ᠪᠡᠶᠡᠴᠢ ᠴᠤᠭᠴᠠ ᠶᠢᠨ ᠬᠠᠷᠢᠭᠤᠴᠠᠯᠭ᠎ᠠ ᠶᠢ | ᠡᠭᠦᠷᠭᠡᠯᠡᠵᠦ᠂ ᠥᠪᠡᠷ ᠤᠨ ᠪᠡᠶ᠎ᠡ ᠪᠠᠷ ᠢᠶᠠᠨ ᠲᠦᠯᠤᠪᠵᠢᠭᠦᠯᠤᠨ ᠬᠡᠷᠡᠭᠵᠢᠭᠦᠯᠬᠦ ᠶᠢ ᠠᠳᠬᠤᠨ ᠬᠠᠷᠠᠯᠲᠠ ᠡᠭᠦᠷᠭᠡ ᠪᠠᠨ ᠨᠠᠷᠢᠯᠢᠬᠵᠢᠭᠤᠯᠵᠤ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠨᠢ | ᠬᠠᠤᠯᠢ ᠶᠣᠰᠣᠭᠠᠷ ᠬᠢᠨᠠᠯᠲᠠ ᠲᠠᠯᠪᠢᠬᠤ ᠪᠠ ᠠᠷᠠᠳᠴᠢᠯᠠᠯ ᠢᠶᠠᠷ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢᠨ ᠥᠢᠯᠡᠳᠤᠯ ᠢᠶᠠᠨ ᠪᠠᠳᠠᠷᠠᠭᠤᠯᠵᠤ᠂ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠮᠥᠷᠳᠡᠨ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠪᠥᠬᠦ ᠲᠤᠭᠤᠷᠢᠭ ᠢᠶᠠᠷ ᠢᠶᠠᠨ ᠵᠡᠷᠭᠡᠪᠡᠷ ᠠᠳᠬᠤᠵᠤ | ᠬᠠᠮᠲᠤᠪᠠᠷ ᠬᠠᠮᠢᠶᠠᠷᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃ | ︵ᠬᠤᠶᠠᠷ︶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠷᠠᠭᠤᠯᠬᠤ ᠬᠡᠷᠡᠭᠲᠡᠢ᠃ ᠲᠣᠮᠣ ᠲᠤᠭ᠎ᠠ ᠪᠠᠷᠢᠮᠳᠠ ᠶᠢᠨ ᠮᠡᠷᠭᠡᠵᠢᠯ ᠢ ᠬᠡᠷᠡᠭᠯᠡᠨ | ᠡᠯ᠎ᠡ ᠱᠠᠲᠤᠨ ᠤ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠪᠠ ᠵᠠᠬ᠎ᠠ ᠳᠡᠯᠭᠡᠭᠦᠷ ᠤᠨ ᠪᠡᠶᠡᠴᠢ ᠴᠤᠭᠴᠠ ᠶᠢᠨ | ᠲᠤᠭ᠎ᠠ ᠪᠠᠷᠢᠮᠲᠠ ᠶᠢ ᠬᠤᠷᠠᠮᠳᠤᠭᠤᠯᠵᠤ᠂ ᠨᠠᠷᠢᠯᠢᠭ ᠣᠨᠣᠪᠴᠢᠲᠠᠢ ᠪᠠᠷ ᠳᠣᠭᠢᠷᠠᠭᠤᠯᠤᠨ ᠥᠢᠯᠡᠴᠢᠯᠠᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠪᠴᠢᠲᠠᠢ ᠪᠠᠷ ᠨᠠᠶᠢᠳᠠᠪᠤᠷᠢᠵᠢᠭᠤᠯᠤᠨ᠎ᠠ᠃ ᠲᠥᠷᠥ ᠶᠢᠨ ᠪᠣᠳᠣᠯᠭ᠎ᠠ ᠶᠢᠨ ᠬᠠᠪᠰᠤᠷᠤᠨ ᠵᠢᠯᠣᠭᠤᠳᠬᠤ ᠲᠦᠷᠢᠮ ᠢ | ᠪᠠᠶᠢᠭᠤᠯᠵᠤ᠂ ᠠᠵᠤ ᠠᠬᠤᠶᠢᠯᠠᠯ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠬᠡᠷᠡᠭᠵᠢᠭᠦᠯᠬᠦ ᠨᠠᠷᠢᠨ ᠲᠦᠷᠢᠮ ᠢ ᠴᠠᠭ ᠲᠤᠬᠠᠶ ᠳᠤᠨᠢ ᠨᠡᠶᠢᠲᠡᠯᠡᠵᠦ᠂ | ᠲᠥᠷᠥ ᠶᠢᠨ ᠪᠣᠳᠣᠯᠭ᠎ᠠ ᠶᠢᠨ ᠬᠤᠯᠪᠣᠭᠠᠴᠢᠨ ᠢ ᠲᠣᠳᠣᠷᠬᠠᠶᠢᠯᠠᠨ᠂ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ᠂ ᠵᠠᠭᠠᠯᠳᠤᠬᠤ | ᠰᠠᠨᠠᠭᠤᠯᠭ᠎ᠠ ᠶᠢ ᠭᠥᠯᠢᠶᠡᠨ ᠠᠪᠴᠤ ᠰᠢᠢᠳᠪᠤᠷᠢᠯᠡᠬᠦ᠂ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠪᠣᠳᠠᠲᠠᠶ ᠪᠠᠷ ᠨᠠᠶᠢᠳᠠᠪᠤᠷᠢᠵᠢᠭᠤᠯᠤᠭᠰᠠᠨ | ᠥᠬᠡᠶ᠂ ᠠᠵᠢᠯᠯᠠᠭ᠎ᠠ ᠨᠢ ᠲᠦᠷᠭᠡᠨ ᠪᠤᠰᠤ᠂ ᠠᠬᠢᠭᠤᠯᠤᠭᠰᠠᠨ ᠨᠢ ᠬᠦᠴᠦᠨ ᠥᠬᠡᠶ ᠪᠠᠶᠢᠪᠠᠯ ᠪᠥᠬᠦ ᠲᠤᠭᠤᠷᠢᠭ ᠲᠤ ᠨᠡᠶᠢᠲᠡᠯᠡᠨ ᠮᠡᠳᠡᠭᠳᠡᠵᠦ ᠬᠠᠷᠢᠭᠤᠴᠠᠯᠭ᠎ᠠ | ᠨᠡᠬᠡᠮᠵᠢᠯᠡᠨ᠎ᠡ᠃ ᠴᠠᠭᠳᠠᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠵᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠶᠢ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ | ᠭᠤᠣᠯᠳᠠᠯᠭ᠎ᠠ ᠲᠠᠢ ᠠᠭᠤᠯᠭ᠎ᠠ ᠳᠤ ᠣᠷᠣᠭᠤᠯᠵᠤ᠂ ᠦᠢᠯᠡᠴᠢᠯᠡᠭᠡᠨ ᠤ ᠤᠬᠠᠮᠰᠠᠷ ᠢᠶᠠᠷ ᠠᠨᠠᠶ᠂ ᠳᠤᠷ᠎ᠠ ᠪᠠᠷ ᠢᠶᠠᠨ ᠬᠠᠤᠯᠢ ᠬᠡᠷᠡᠭᠵᠢᠭᠦᠯᠬᠦ ᠵᠡᠷᠭᠡ ᠲᠤᠪᠤᠶᠢᠮ᠎ᠠ | ᠠᠰᠠᠭᠤᠳᠠᠯ ᠢ ᠴᠢᠩᠭ᠎ᠠ ᠠᠩᠬᠠᠷᠴᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠦᠨ᠎ᠡ᠃ ᠶᠠᠷᠢᠶ᠎ᠠ ᠬᠡᠯᠡᠯᠴᠡᠭᠡᠨ ᠤ ᠬᠢᠨᠠᠯᠲᠠ ᠶᠢᠨ ᠪᠦᠬᠦᠯᠢ ᠡᠳᠦᠷ ᠤᠨ | ᠬᠠᠶᠢᠭᠤᠯ ᠳ᠋ᠧᠩ ᠤᠨ ᠥᠢᠯᠡᠳᠤᠯ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠢᠯᠡᠴᠢᠯᠡᠨ ᠮᠡᠳᠡᠭᠦᠯᠬᠦ ᠪᠠ ᠵᠠᠭᠠᠯᠳᠤᠬᠤ ᠠᠷᠭ᠎ᠠ ᠵᠠᠮ ᠢ ᠰᠠᠭᠠᠳ ᠥᠬᠡᠶ | ᠨᠡᠪᠲᠡᠷᠡᠭᠦᠯᠵᠦ᠂ ᠠᠵᠢᠯ ᠬᠢᠬᠦ ᠥᠬᠡᠶ ᠂ ᠠᠵᠢᠯ ᠢᠶᠠᠨ ᠤᠳᠠᠭᠠᠨ ᠬᠢᠬᠦ ᠂ ᠳᠤᠷ᠎ᠠ ᠪᠠᠷ ᠢᠶᠠᠨ ᠬᠢᠬᠦ ᠵᠡᠷᠭᠡ ᠦᠵᠡᠭᠳᠡᠯ ᠢ ᠨᠢᠭᠡ ᠶᠢ ᠢᠯᠡᠷᠡᠭᠦᠯᠵᠦ ᠨᠢᠭᠡ ᠶᠢ | ᠢᠯᠡᠴᠢᠯᠡᠨ᠎ᠡ᠃ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢᠨ ᠣᠨᠴᠠ ᠤᠷᠢᠭᠰᠠᠨ ᠬᠢᠨᠠᠯᠲᠠ ᠲᠠᠯᠪᠢᠭᠴᠢ ᠶᠢᠨ ᠲᠦᠷᠢᠮ ᠢ | ᠪᠦᠷᠢᠨᠰᠢᠬᠦᠯᠵᠤ᠂ ᠠᠵᠤ ᠠᠬᠤᠶᠢᠯᠠᠯ ᠳᠤ ᠬᠤᠯᠪᠣᠭᠳᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠶᠢ | ᠪᠠᠶᠢᠩᠭᠤᠵᠢᠭᠤᠯᠤᠨ ᠥᠷᠨᠢᠭᠦᠯᠦᠨ᠎ᠡ᠃ | ︵ᠭᠤᠷᠪᠠ︶ ᠦᠨᠡᠯᠡᠨ ᠵᠢᠱᠢᠵᠦ ᠰᠢᠯᠭᠠᠨ ᠬᠢᠨᠠᠬᠤ ᠶᠢ ᠴᠢᠩᠭᠠᠷᠠᠭᠤᠯᠤᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢᠨ | ᠬᠠᠨᠳᠤᠰᠢ ᠪᠠ ᠠᠰᠠᠭᠤᠳᠠᠯ ᠢ ᠵᠠᠳᠠᠯᠤᠨ ᠰᠤᠳᠤᠯᠬᠤ ᠪᠠᠨ ᠴᠢᠩᠭᠠᠳᠬᠠᠵᠤ᠂ ᠵᠢᠯ ᠪᠦᠷᠢ ᠴᠠᠭ ᠲᠤᠨᠢ ᠲᠣᠬᠢᠷᠠᠭᠤᠯᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠠᠵᠤ ᠠᠬᠤᠶᠢᠯᠠᠯ ᠤᠨ ᠲᠥᠯᠥᠭᠡᠯᠡᠭᠴᠢ ᠵᠢᠴᠢ ᠬᠡᠷᠡᠭ ᠶᠠᠪᠤᠳᠠᠯ ᠡᠷᠭᠢᠯᠡᠬᠦ ᠠᠵᠤ | ᠠᠬᠤᠶᠢᠯᠠᠯ ᠵᠡᠷᠭᠡ ᠶᠢ ᠵᠣᠬᠢᠶᠠᠨ ᠪᠠᠶᠢᠭᠤᠯᠵᠤ ᠪᠠᠶᠢᠭᠠᠳ ᠠᠵᠤ ᠠᠬᠤᠶᠢᠯᠠᠯ ᠳᠤ ᠬᠤᠯᠪᠣᠭᠳᠠᠬᠤ ᠥᠢᠯᠡᠴᠢᠯᠡᠭᠡᠨ ᠤ ᠡᠭᠦᠷᠭᠡ ᠴᠢᠳᠠᠪᠤᠷᠢ ᠲᠠᠢ ᠰᠠᠯᠠᠭ᠎ᠠ | ᠮᠥᠴᠢᠷ ᠤᠨ ᠥᠢᠯᠡᠴᠢᠯᠡᠭᠡᠨ ᠤ ᠣᠪᠣᠷ ᠂ ᠶᠠᠰᠤ ᠴᠢᠨᠠᠷ᠂ ᠠᠮᠠᠯᠠᠯᠲᠠ ᠪᠠᠨ ᠭᠦᠢᠴᠡᠳᠭᠡᠭᠰᠡᠨ ᠪᠠᠶᠢᠳᠠᠯ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠵᠡᠷᠭᠡ ᠶᠢ ᠦᠨᠡᠯᠡᠨ ᠶᠠᠷᠢᠯᠴᠠᠵᠤ᠂ ᠦᠨᠡᠯᠡᠨ ᠶᠠᠷᠢᠯᠴᠠᠭᠰᠠᠨ ᠦᠷ᠎ᠡ ᠳ᠋ᠦᠩ ᠢᠶᠠᠨ ᠣᠨ ᠤ ᠪᠣᠳᠠᠲᠤ ᠠᠮᠵᠢᠯᠲᠠ ᠶᠢ ᠬᠢᠨᠠᠨ ᠰᠢᠯᠭᠠᠬᠤ ᠴᠢᠬᠤᠯᠠ | ᠦᠨᠳᠦᠰᠦᠯᠡᠯ ᠪᠣᠯᠭᠠᠨ᠎ᠠ᠃《ᠪᠠᠶ᠋ᠬᠠᠤᠪᠤᠭ᠎ᠠ ᠠᠭᠤᠷᠬᠠᠶ ᠶᠢᠨ ᠲᠤᠭᠤᠷᠢᠭ ᠤᠨ ᠲᠡᠷᠢᠭᠦᠨ ᠤ ᠡᠵᠡᠩᠨᠡᠯᠲᠡ ᠶᠢᠨ ᠣᠷᠴᠢᠨ ᠨᠦᠬᠦᠴᠡᠯ ᠢ ᠪᠣᠶ ᠪᠣᠯᠭᠠᠭᠰᠠᠨ | ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠷᠭ᠎ᠠ》︵ᠲᠤᠷᠰᠢᠨ ᠬᠡᠷᠡᠭᠵᠢᠭᠦᠯᠬᠦ︶ ᠶᠣᠰᠣᠭᠠᠷ ᠡᠵᠡᠩᠨᠡᠯᠲᠡ ᠶᠢᠨ ᠣᠷᠴᠢᠨ ᠨᠦᠬᠦᠴᠡᠯ ᠢ ᠦᠨᠡᠯᠡᠬᠦ | ᠭᠦᠢᠴᠡᠳᠭᠡᠯ ᠲᠤᠭ᠎ᠠ ᠲᠠᠢ ᠬᠠᠷᠢᠴᠠᠭᠤᠯᠤᠨ ᠡᠯ᠎ᠡ ᠰᠠᠯᠠᠭ᠎ᠠ ᠮᠥᠴᠢᠷ ᠲᠤ ᠬᠡᠮᠵᠢᠶᠡᠵᠢᠭᠦᠯᠦᠨ ᠦᠨᠡᠯᠡᠨ ᠵᠢᠱᠢᠬᠦ ᠶᠢ ᠥᠷᠨᠢᠭᠦᠯᠦᠨ᠎ᠡ᠃ ᠠᠷᠠᠳ ᠤᠨ | ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢᠨ ᠠᠵᠢᠯ ᠤᠨ ᠪᠣᠯᠵᠣᠨ ᠶᠠᠷᠢᠯᠴᠠᠬᠤ ᠲᠣᠭᠲᠠᠴᠠ ᠶᠢ ᠪᠠᠶᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠲᠤᠰᠬᠠᠭᠰᠠᠨ ᠵᠦᠶ ᠵᠣᠬᠢᠰᠲᠠᠶ ᠬᠠᠤᠯᠢ ᠶᠣᠰᠣᠨ ᠤ ᠠᠰᠠᠭᠤᠳᠠᠯ ᠢ ᠰᠠᠶᠢᠲᠤᠷ ᠰᠢᠢᠳᠪᠤᠷᠢᠯᠡᠭᠰᠡᠨ ᠥᠬᠡᠶ᠂ ᠲᠥᠷᠥ ᠶᠢᠨ ᠪᠣᠳᠣᠯᠭ᠎ᠠ ᠶᠢ | ᠪᠣᠳᠠᠲᠠᠶᠢᠵᠢᠭᠤᠯᠤᠭᠰᠠᠨ ᠥᠬᠡᠶ ᠨᠢᠭᠡᠴᠡ ᠶᠢᠨ ᠭᠤᠤᠯ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ᠂ ᠬᠠᠷᠢᠭᠤᠴᠠᠯᠭ᠎ᠠ ᠲᠠᠢ ᠨᠢᠭᠡᠴᠡ ᠪᠠ | ᠬᠠᠷᠢᠭᠤᠴᠠᠯᠭᠠᠲᠠᠨ ᠢ ᠵᠠᠷᠯᠠᠨ ᠮᠡᠳᠡᠭᠳᠡᠵᠦ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ︵ᠳᠥᠷᠪᠡ︶ ᠬᠠᠷᠢᠭᠤᠴᠠᠯᠭ᠎ᠠ ᠡᠭᠦᠷᠭᠡᠯᠡᠨ ᠠᠵᠢᠯ ᠢᠶᠠᠨ ᠰᠠᠶᠢᠨ ᠬᠢᠬᠦ ᠶᠢ ᠴᠢᠩᠭᠠᠷᠠᠭᠤᠯᠤᠨ᠎ᠠ᠃《ᠤᠭ ᠰᠠᠨᠠᠭ᠎ᠠ ᠪᠠᠨ ᠥᠯᠥ ᠮᠠᠷᠳᠡᠨ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》ᠭᠤᠣᠯ ᠰᠡᠳᠦᠪᠲᠦ ᠬᠥᠮᠦᠵᠢᠯ ᠢ ᠪᠠᠶᠢᠩᠭᠤᠵᠢᠭᠤᠯᠬᠤ ᠳᠦᠷᠢᠮᠵᠢᠭᠦᠯᠬᠦ ᠲᠠᠢ ᠤᠶᠠᠯᠳᠤᠭᠤᠯᠤᠨ ᠨᠠᠮ ᠤᠨ ᠭᠡᠰᠢᠭᠦᠨ | ᠺᠠᠳ᠋ᠷ ᠢ ᠲᠥᠪᠯᠡᠷᠡᠭᠦᠯᠦᠨ ᠡᠭᠡᠯᠵᠢᠯᠡᠨ ᠪᠣᠯᠪᠠᠰᠤᠷᠠᠭᠤᠯᠬᠤ ᠠᠵᠢᠯ ᠢ ᠥᠷᠨᠢᠭᠦᠯᠵᠦ᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠦᠷᠭᠦᠯᠵᠢᠯᠡᠨ | ᠭᠦᠨᠵᠡᠭᠡᠶᠢᠷᠡᠭᠦᠯᠵᠦ᠂ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ《 ᠭᠠᠵᠠᠷ ᠪᠣᠯᠭᠠᠨ ᠳᠤ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ᠂ ᠬᠥᠮᠦᠨ | ᠪᠣᠯᠭᠠᠨ ᠴᠥᠮ ᠳᠦᠷᠢ ᠲᠥᠷᠬᠦ ᠶᠢᠨ ᠡᠯᠴᠢ》ᠭᠡᠬᠦ ᠴᠢᠩᠭ᠎ᠠ ᠤᠬᠠᠮᠰᠠᠷ ᠢ ᠪᠠᠲᠤ ᠪᠠᠬᠢ ᠪᠤᠶ ᠪᠣᠯᠭᠠᠵᠤ᠂ ᠬᠡᠵᠢᠶᠡᠳᠡ ᠰᠢᠨᠲᠠᠷᠠᠰᠢ ᠦᠭᠡᠶ ᠣᠶᠤᠨ ᠰᠠᠨᠠᠭᠠᠨ ᠤ | ᠪᠠᠶᠢᠳᠠᠯ ᠪᠣᠯᠤᠨ ᠴᠤᠴᠠᠯᠲᠠ ᠦᠭᠡᠶ ᠲᠡᠮᠡᠴᠡᠬᠦ ᠣᠪᠣᠷ ᠪᠠᠶᠢᠳᠠᠯ ᠢᠶᠠᠨ ᠢᠮᠠᠭᠲᠠ ᠪᠠᠷᠢᠮᠲᠠᠯᠠᠵᠤ ᠠᠵᠢᠯ ᠤᠨ ᠬᠠᠷᠢᠭᠤᠴᠠᠯᠭ᠎ᠠ ᠲᠠᠢ᠂ ᠠᠵᠢᠯ ᠤᠨ | ᠬᠠᠷᠢᠭᠤᠴᠠᠯᠭ᠎ᠠ ᠪᠠᠨ ᠭᠦᠢᠴᠡᠳᠬᠡᠵᠦ《 ᠭᠠᠪᠢᠶ᠎ᠠ ᠵᠢᠳᠬᠦᠯ ᠨᠢ ᠮᠢᠨᠦ ᠳᠡᠭᠡᠷ᠎ᠡ ᠪᠠᠶᠢᠬᠤ ᠬᠡᠷᠡᠭ ᠦᠭᠡᠶ》ᠭᠡᠬᠦ ᠵᠣᠷᠢᠭ ᠰᠠᠨᠠᠭᠠᠨ ᠤ ᠠᠬᠤᠶ ᠪᠠᠶᠢᠳᠠᠯ | ᠪᠠ《ᠭᠠᠪᠢᠶ᠎ᠠ ᠵᠢᠳᠬᠦᠯ ᠨᠢ ᠯᠠᠪᠲᠠᠶ ᠪᠢ ᠪᠠᠶᠢᠬᠤ ᠬᠡᠷᠡᠭᠲᠡᠶ》ᠭᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠮᠠᠨ ᠤ ᠲᠤᠭᠤᠷᠢᠭ ᠤᠨ ᠬᠤᠳᠠᠯᠳᠤᠭ᠎ᠠ | ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠶᠢ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ | ᠡᠯ᠎ᠡ ᠵᠦᠢᠯ ᠤᠨ ᠬᠠᠷᠠᠯᠲᠠ ᠡᠭᠦᠷᠭᠡ ᠶᠢ ᠨᠠᠷᠢᠯᠢᠭ ᠨᠠᠶᠢᠳᠠᠪᠤᠷᠢᠵᠢᠭᠤᠯᠵᠤ᠂ ᠪᠠᠯᠠ ᠣᠷᠣᠭᠤᠯᠤᠭᠴᠢᠳ ᠪᠠ ᠠᠷᠠᠳ ᠣᠯᠠᠨ ᠳᠤ ᠮᠠᠨ ᠤ ᠲᠤᠭᠤᠷᠢᠭ ᠤᠨ | ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠳᠠᠬᠢᠨ ᠪᠣᠶ ᠪᠣᠯᠭᠠᠬᠤ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢ ᠪᠤᠵᠠᠭᠠᠶᠢᠷᠠᠭᠤᠯᠬᠤ ᠡᠷᠡᠰ ᠵᠣᠷᠢᠭ | ᠪᠠ ᠬᠤᠪᠢᠷᠠᠯᠲᠠ ᠶᠢ ᠦᠨᠡᠨᠬᠦ ᠮᠡᠳᠡᠷᠡᠭᠦᠯᠵᠦ᠂ ᠪᠥᠬᠦ ᠬᠦᠴᠦᠨ ᠢᠶᠠᠷ ᠢᠶᠠᠨ ᠮᠠᠨ ᠤ ᠲᠤᠭᠤᠷᠢᠭ ᠢᠶᠠᠨ ᠪᠠᠯᠠ ᠣᠷᠣᠭᠤᠯᠵᠤ ᠠᠳᠠᠯ ᠥᠢᠯᠡᠰ ᠴᠣᠭᠴᠠᠯᠠᠬᠤ | ᠲᠤᠯᠠᠭᠠᠨ ᠭᠠᠵᠠᠷ ᠪᠣᠯᠭᠠᠨ᠎ᠠ᠃ | ︵ᠲᠠᠪᠤ︶ ᠶᠠᠷᠢᠶ᠎ᠠ ᠬᠡᠯᠡᠯᠴᠡᠭᠡ ᠪᠠᠷ ᠬᠥᠲᠥᠯᠦᠨ ᠵᠢᠯᠣᠭᠤᠳᠬᠤ ᠶᠢ ᠴᠢᠩᠭᠠᠷᠠᠭᠤᠯᠤᠨ᠎ᠠ᠃ ᠠᠵᠤ ᠠᠬᠤᠶᠢᠯᠠᠯ ᠳᠤ ᠬᠤᠯᠪᠣᠭᠳᠠᠬᠤ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠷᠢᠶᠠᠳᠤ ᠠᠵᠢᠯ ᠲᠥᠷᠥᠯ ᠤᠨ ᠬᠡᠪᠴᠢᠶ᠎ᠡ | ᠵᠡᠷᠭᠡ ᠶᠢ ᠦᠨᠳᠦᠰᠦᠯᠡᠨ ᠨᠠᠷᠢᠯᠢᠭ ᠣᠨᠤᠪᠴᠢᠲᠠᠢ ᠪᠠᠷ ᠬᠦᠷᠭᠡᠨ ᠥᠭᠴᠦ᠂ ᠲᠥᠷᠥ ᠶᠢᠨ ᠪᠣᠳᠣᠯᠭ᠎ᠠ ᠶᠢᠨ ᠣᠶᠢᠯᠠᠭᠠᠬᠤ ᠬᠡᠮᠵᠢᠶ᠎ᠡ ᠪᠠ ᠬᠠᠮᠤᠷᠬᠤ ᠬᠡᠪᠴᠢᠶ᠎ᠡ ᠶᠢ | ᠳᠡᠭᠡᠭᠰᠢᠯᠡᠭᠦᠯᠦᠨ᠎ᠡ᠃ ᠲᠧᠯᠸᠢᠰ᠂ ᠰᠣᠨᠢᠨ᠂ ᠰᠦᠯᠵᠢᠶ᠎ᠡ᠂ ᠸᠢᠴᠠᠲ ᠵᠡᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠠᠷᠭ᠎ᠠ ᠵᠠᠮ ᠤᠯᠠᠨ | ᠠᠴᠢᠶᠠᠯᠠᠪᠤᠷᠢ ᠤᠯᠠᠨ ᠳᠠᠪᠬᠤᠷᠭ᠎ᠠ ᠠᠴᠠ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠠ ᠪᠠ ᠲᠤᠷᠰᠢᠯᠭ᠎ᠠ ᠠᠷᠭ᠎ᠠ ᠬᠢᠳᠡᠯ ᠢ ᠤᠬᠠᠭᠤᠯᠤᠨ᠎ᠠ᠃ ᠬᠤᠳᠠᠯᠳᠤᠭ᠎ᠠ | ᠡᠷᠬᠢᠯᠡᠬᠦ ᠣᠷᠴᠢᠨ ᠨᠥᠬᠦᠴᠡᠯ ᠤᠨ ᠪᠥᠬᠦ ᠨᠡᠶᠢᠭᠡᠮ ᠢᠶᠠᠷ ᠢᠶᠠᠨ ᠣᠷᠣᠯᠴᠠᠬᠤ ᠲᠣᠭᠲᠠᠴᠠ ᠶᠢ ᠪᠠᠶᠢᠭᠤᠯᠤᠨ ᠰᠢᠯᠢᠳᠡᠭᠵᠢᠭᠦᠯᠵᠦ᠂ ᠬᠤᠳᠠᠯᠳᠤᠭ᠎ᠠ ᠡᠷᠬᠢᠯᠡᠬᠦ | ᠣᠷᠴᠢᠨ ᠨᠥᠬᠦᠴᠡᠯ ᠤᠨ ᠤᠬᠠᠭᠤᠯᠭ᠎ᠠ ᠶᠢ ᠥᠷᠨᠢᠭᠦᠯᠬᠦ ᠪᠠ ᠵᠠᠬ᠎ᠠ ᠳᠡᠯᠭᠡᠭᠦᠷ ᠤᠨ ᠦᠨᠡᠯᠡᠯᠲᠡ ᠶᠢ ᠴᠤᠭᠯᠠᠭᠤᠯᠬᠤ ᠶᠢ ᠤᠶᠠᠯᠳᠤᠭᠤᠯᠤᠨ ᠠᠵᠤ ᠠᠬᠤᠶᠢᠯᠠᠯ ᠤᠨ | ᠰᠠᠨᠠᠯ ᠢ ᠲᠤᠰᠬᠠᠬᠤ ᠠᠷᠭ᠎ᠠ ᠵᠠᠮ ᠢ ᠥᠷᠭᠡᠳᠬᠡᠵᠦ᠂ ᠪᠥᠬᠦ ᠨᠡᠶᠢᠭᠡᠮ ᠢᠶᠠᠷ ᠢᠶᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠳᠡᠮᠵᠢᠨ ᠰᠢᠯᠢᠳᠡᠭᠵᠢᠭᠦᠯᠬᠦ᠂ | ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢ ᠳᠥᠯᠭᠢᠨ ᠠᠬᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠤᠯᠭᠠᠬᠤ ᠬᠡᠷᠡᠭᠲᠡᠢ᠃ | | | | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠠᠬᠤᠪᠤᠭ᠎ᠠ ᠠᠭᠤᠷᠬᠠᠶ ᠶᠢᠨ ᠲᠤᠭᠤᠷᠢᠭ ᠤᠨ ᠬᠤᠷᠢᠶ᠎ᠠ | ᠪᠠᠶᠠᠬᠤᠪᠤᠭ᠎ᠠ ᠠᠭᠤᠷᠬᠠᠶ ᠶᠢᠨ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ | | 2021 ᠣᠨ ᠤ 2 ᠰᠠᠷ᠎ᠠ ᠶᠢᠨ 26 ᠤ ᠡᠳᠦᠷ | | | | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶ᠋ᠬᠠᠤᠪᠤᠭ᠎ᠠ ᠠᠭᠤᠷᠬᠠᠢ ᠶᠢᠨ ᠲᠤᠭᠤᠷᠢᠭ ᠤᠨ ᠵᠥᠪᠯᠡᠯ ᠤᠨ ᠠᠯᠪᠠᠨ ᠭᠡᠷ | 2021 ᠣᠨ ᠤ 3 ᠰᠠᠷ᠎ᠠ ᠶᠢᠨ 1 ᠤ ᠡᠳᠦᠷ ᠳᠠᠷᠤᠮᠠᠯᠯᠠᠨ ᠲᠠᠷᠬᠠᠭᠠᠪᠠ |