ᠲᠤᠭᠤᠷᠢᠭ ᠤᠨ ᠲᠡᠮᠦᠷ ᠤᠨ ᠠᠭᠤᠷᠬᠠᠶ ᠶᠢᠨ ᠬᠡᠦᠬᠡᠳ ᠤᠨ ᠴᠡᠴᠡᠷᠯᠢᠭ《ᠬᠡᠦᠬᠡᠳ ᠤᠨ ᠰᠡᠳᠬᠢᠯ ᠢ ᠨᠠᠮ ᠥᠭᠡᠳᠡ ᠵᠦᠭ ᠳᠠᠭᠠᠭᠤᠯᠤᠨ᠂ ᠵᠣᠯ ᠵᠢᠷᠭᠠᠯ ᠲᠠᠢ ᠦᠰᠦᠨ ᠪᠤᠶᠢᠵᠢᠬᠤ 》ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/4/1
      ᠬᠡᠦᠬᠡᠳ ᠤᠨ ᠨᠠᠮ ᠢᠶᠠᠨ ᠬᠠᠶᠢᠷᠠᠯᠠᠬᠤ᠂ ᠡᠬᠡ ᠤᠯᠤᠰ ᠢᠶᠠᠨ ᠬᠠᠶᠢᠷᠠᠯᠠᠬᠤ᠂ ᠨᠡᠶᠢᠭᠡᠮ ᠵᠢᠷᠤᠮ ᠢ ᠬᠠᠶᠢᠷᠠᠯᠠᠬᠤ ᠬᠠᠶᠢᠷ᠎ᠠ ᠰᠡᠳᠬᠢᠯᠭᠡ ᠶᠢ ᠬᠥᠭᠵᠢᠭᠡᠬᠦ ᠶᠢᠨ ᠲᠥᠯᠥᠭᠡ ᠨᠠᠮ ᠪᠠᠶᠢᠭᠤᠯᠤᠭᠳᠠᠭᠰᠠᠨ100 ᠵᠢᠯ ᠤᠨ ᠣᠶ ᠶᠢᠨ ᠲᠠᠰᠢᠷᠠᠮ ᠢᠶᠠᠷ ᠲᠣᠭᠤᠷᠢᠭ ᠤᠨ ᠲᠡᠮᠦᠷ ᠤᠨ ᠠᠭᠤᠷᠬᠠᠶ ᠶᠢᠨ ᠬᠡᠦᠬᠡᠳ ᠤᠨ ᠴᠡᠴᠡᠷᠯᠢᠭ《 ᠬᠡᠦᠬᠡᠳ ᠤᠨ ᠰᠡᠳᠬᠢᠯ ᠢ ᠨᠠᠮ ᠥᠭᠡᠳᠡ ᠵᠦᠭ ᠳᠠᠭᠠᠭᠤᠯᠤᠨ᠂ ᠵᠣᠯ ᠵᠢᠷᠭᠠᠯ ᠲᠠᠢ ᠦᠰᠦᠨ ᠪᠤᠶᠢᠵᠢᠬᠤ 》ᠭᠤᠤᠯ ᠰᠡᠳᠦᠪᠲᠦ ᠬᠥᠮᠦᠵᠢᠯ ᠤᠨ ᠥᠢᠯᠡᠳᠤᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠯᠢ ᠣᠯᠠᠨ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠪᠠᠷ ᠳᠠᠮᠵᠢᠭᠤᠯᠤᠨ ᠬᠡᠦᠬᠡᠳ ᠲᠤ ᠡᠬᠡ ᠤᠯᠤᠰ ᠢᠶᠠᠨ ᠬᠠᠶᠢᠷᠠᠯᠠᠬᠤ᠂ ᠨᠠᠮ ᠢᠶᠠᠨ ᠬᠠᠶᠢᠷᠠᠯᠠᠬᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠬᠥᠮᠦᠵᠢᠭᠦᠯᠵᠦ᠂ ᠬᠡᠦᠬᠡᠳ ᠤᠨ ᠨᠢᠯᠬ᠎ᠠ ᠪᠠᠭ᠎ᠠ ᠪᠠᠶᠢᠭ᠎ᠠ ᠰᠡᠳᠬᠢᠯ ᠳᠤ ᠤᠯᠤᠰ ᠢᠶᠠᠨ ᠬᠠᠶᠢᠷᠠᠯᠠᠬᠤ ᠦᠵᠡᠯ ᠤᠨ ᠵᠤᠷᠢᠭ ᠰᠠᠨᠠᠭ᠎ᠠ ᠶᠢ ᠳᠠᠷᠠᠬᠠᠪᠠ᠃    《ᠨᠠᠮ ᠤᠨ ᠬᠡᠷᠡᠯ ᠭᠢᠯᠪᠠᠭ᠎ᠠ ᠮᠢᠨᠦ ᠰᠡᠳᠬᠢᠯ ᠢ ᠭᠡᠶᠢᠭᠦᠯᠬᠦ︾ ᠬᠤᠪᠢᠰᠬᠠᠯᠲᠤ ᠺᠢᠨᠣ᠋ ᠦᠵᠡᠬᠦ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ ᠬᠡᠦᠬᠡᠳ ᠤᠳ ᠢ ᠬᠠᠪᠰᠤᠷᠤᠨ ᠤᠯᠤᠰ ᠢᠶᠠᠨ ᠬᠠᠶᠢᠷᠠᠯᠠᠬᠤ ᠦᠵᠡᠯ ᠰᠠᠨᠠᠭ᠎ᠠ ᠲᠠᠢ ᠪᠣᠯᠭᠠᠵᠤ᠂ ᠥᠨᠥᠳᠦᠷ ᠤᠨ ᠵᠣᠯ ᠵᠢᠷᠭᠠᠯᠲᠤ ᠠᠮᠢᠳᠤᠷᠠᠯ ᠢ ᠨᠠᠨᠳᠢᠩᠨᠠᠨ ᠲᠠᠯᠠᠷᠬᠠᠨ᠎ᠠ᠂ ᠡᠭᠦᠨ ᠤ ᠬᠠᠮᠲᠤ ᠯᠧᠶ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠡᠦᠬᠡᠳ ᠤᠨ ᠳᠡᠷᠭᠡᠳᠡᠬᠢ ᠵᠢᠵᠢᠭ ᠰᠠᠵᠢᠭ ᠶᠠᠪᠤᠳᠠᠯ ᠢ ᠬᠠᠯᠠᠮᠵᠢᠯᠠᠨ᠂ ᠪᠤᠰᠤᠳ ᠢ ᠬᠠᠯᠠᠮᠵᠢᠯᠠᠨ᠂ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠵᠤ᠂ ᠴᠠᠭ ᠦᠶ᠎ᠡ ᠶᠢᠨ ᠵᠣᠷᠢᠭ ᠰᠠᠨᠠᠭ᠎ᠠ ᠶᠢ ᠨᠡᠩ ᠰᠠᠶᠢᠳᠤᠷ ᠤᠯᠠᠮᠵᠢᠯᠠᠨ ᠪᠠᠳᠠᠷᠠᠭᠤᠯᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠲᠡᠮᠦᠷ ᠤᠨ ᠠᠭᠤᠷᠬᠠᠶ ᠶᠢᠨ ᠬᠡᠦᠬᠡᠳ ᠤᠨ ᠴᠡᠴᠡᠷᠯᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号