ᠭᠤᠸᠠᠩᠳᠦ᠋ᠩ ᠮᠤᠵᠢ ᠶᠢᠨ ᠭᠤᠸᠠᠩᠵᠧᠦ ᠬᠤᠲᠠ᠂ ᠹᠥ᠋ ᠱᠠᠨ ᠬᠤᠲᠠ ᠠᠴᠠ ᠮᠠᠨ ᠤ ᠲᠤᠭᠤᠷᠢᠭ ᠲᠤ ᠣᠷᠣᠵᠤ ᠢᠷᠡᠬᠦ ᠬᠥᠮᠦᠰ ᠢ ᠬᠠᠮᠢᠶᠠᠷᠤᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠪᠠᠶ᠋ᠬᠠᠤᠪᠤᠭ᠎ᠠ ᠠᠭᠤᠷᠬᠠᠶ ᠶᠢᠨ ᠲᠤᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2021/5/31
     2021 ᠣᠨ ᠤ 5 ᠰᠠᠷ᠎ᠠ ᠶᠢᠨ 21᠎ ᠤ ᠡᠳᠦᠷ ᠭᠤᠸᠠᠩᠵᠧᠦ ᠬᠤᠲᠠ ᠶᠢᠨ ᠯᠢ ᠸᠠᠨ ᠲᠣᠭᠤᠷᠢᠭ ᠤᠨ ᠬᠢᠨ ᠠᠩᠬᠠᠳᠠᠭᠴᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠲᠣᠰ ᠭᠠᠵᠠᠷ ᠲᠤᠨᠢ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ ᠮᠡᠳᠡᠭᠦᠯᠦᠭᠰᠡᠨ ᠠᠴᠠ ᠨᠠᠭᠠᠰᠢ᠂ ᠡᠪᠡᠳᠴᠢᠨ ᠤ ᠵᠢᠱᠢᠶ᠎ᠡ ᠦᠷᠭᠦᠯᠵᠢᠯᠡᠨ ᠨᠡᠮᠡᠭᠳᠡᠵᠦ᠂ ᠨᠢᠭᠡᠨᠲᠡ ᠨᠡᠶᠢᠲᠡ 4 ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ ᠮᠡᠳᠡᠭᠦᠯᠵᠦ᠂ ᠡᠪᠡᠳᠴᠢᠨ ᠤ ᠢᠯᠡᠷᠡᠯ ᠥᠬᠡᠶ ᠪᠠᠷ ᠬᠠᠯᠳᠠᠪᠤᠷᠢᠯᠠᠭᠰᠠᠨ ᠬᠥᠮᠦᠨ 21 ᠪᠠᠶᠢᠨ᠎ᠠ᠃ 2021 ᠣᠨ ᠤ 5 ᠰᠠᠷ᠎ᠠ ᠶᠢᠨ 29᠎ ᠤ ᠡᠳᠦᠷ ᠠᠴᠠ ᠡᠬᠢᠯᠡᠨ᠂ ᠭᠤᠸᠠᠩᠵᠧᠦ ᠬᠤᠲᠠ ᠶᠢᠨ ᠯᠢ ᠸᠠᠨ ᠲᠣᠭᠤᠷᠢᠭ ᠤᠨ ᠰᠢᠨ᠎ᠡ ᠪᠠᠷ ᠨᠡᠮᠡᠭᠳᠡᠭᠰᠡᠨ ᠪᠠᠶ ᠾᠧ ᠳ᠋ᠦᠩ ᠵᠡᠭᠡᠯᠢ ᠭᠤᠳᠤᠮᠵᠢ᠂ ᠵᠥᠩ ᠨᠠᠨ ᠵᠡᠭᠡᠯᠢ ᠭᠤᠳᠤᠮᠵᠢ᠂ ᠳ᠋ᠦᠩ ᠢᠦᠶ ᠵᠡᠭᠡᠯᠢ ᠭᠤᠳᠤᠮᠵᠢ᠂ ᠴᠥᠩ ᠺᠸᠦ ᠵᠡᠭᠡᠯᠢ ᠭᠤᠳᠤᠮᠵᠢ ᠪᠣᠯ ᠳᠤᠮᠳᠠ ᠲᠦᠭᠰᠢᠭᠦᠷᠢ ᠲᠠᠢ ᠭᠠᠵᠠᠷ ᠣᠷᠣᠨ ᠪᠣᠯᠤᠨ᠎ᠠ᠃ ᠹᠥ᠋ ᠱᠠᠨ ᠬᠤᠳᠠ ᠶᠢᠨ 5 ᠰᠠᠷ᠎ᠠ ᠶᠢᠨ 28᠎ ᠤ ᠡᠳᠦᠷ ᠨᠠᠨ ᠬᠠᠢ ᠲᠣᠭᠤᠷᠢᠭ ᠤᠨ ᠬᠢᠨ ᠲᠤᠰ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠰᠠᠨ 1 ᠡᠪᠡᠳᠴᠢᠨ ᠤ ᠵᠢᠱᠢᠶ᠎ᠠ ᠶᠢ ᠮᠡᠳᠡᠭᠦᠯᠵᠦ᠂ 5 ᠰᠠᠷ᠎ᠠ ᠶᠢᠨ 29᠎ ᠤ ᠡᠳᠦᠷ ᠠᠴᠠ ᠡᠬᠢᠯᠡᠨ ᠨᠠᠨ ᠬᠠᠢ ᠲᠣᠭᠤᠷᠢᠭ ᠤᠨ ᠬᠦᠢ ᠴᠧᠩ ᠵᠡᠭᠡᠯᠢ ᠭᠤᠳᠤᠮᠵᠢ ᠶᠢᠨ ᠬᠤᠸᠠ ᠹᠦ᠋ ᠢᠦᠢ ᠱᠦᠢ ᠠᠨ ᠪᠠᠭ᠎ᠠ ᠲᠣᠭᠤᠷᠢᠭ ᠢ ᠳᠤᠮᠳᠠ ᠠᠶᠤᠯ ᠲᠦᠭᠰᠢᠭᠦᠷᠢ ᠲᠠᠢ ᠭᠠᠵᠠᠷ ᠣᠷᠣᠨ ᠪᠣᠯᠭᠠᠨ ᠳᠤᠬᠢᠷᠠᠭᠤᠯᠵᠠᠢ᠃ ︽ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠰᠡᠷᠭᠦᠬᠦ ᠶᠢ ᠰᠡᠷᠭᠡᠶᠢᠯᠡᠬᠦ︾ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ ᠪᠦᠲᠦᠮᠵᠢᠲᠡᠶ ᠬᠢᠵᠠᠭᠠᠷᠯᠠᠬᠤ ᠪᠠ ᠪᠠᠭᠠᠰᠬᠠᠬᠤ ᠶᠢᠨ ᠲᠤᠰᠠᠳᠠ᠂ ᠮᠠᠨ ᠤ ᠲᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠣᠳᠤ ᠳᠣᠤᠷᠠᠬᠢ ᠮᠡᠲᠦ ᠵᠠᠷᠯᠠᠶ᠎ᠠ᠄      ᠨᠢᠭᠡ᠂ 2021 ᠣᠨ ᠤ 5 ᠰᠠᠷ᠎ᠠ ᠶᠢᠨ 15᠎ ᠤ ᠡᠳᠦᠷ ︵ᠪᠠᠭᠲᠠᠨ᠎ᠠ︶᠎ ᠤᠨ ᠳᠠᠷᠠᠭ᠎ᠠ ᠭᠤᠸᠠᠩᠳᠦ᠋ᠩ ᠮᠤᠵᠢ ᠶᠢᠨ ᠭᠤᠸᠠᠩᠵᠧᠦ ᠬᠤᠲᠠ ᠶᠢᠨ ᠯᠢ ᠸᠠᠨ ᠲᠣᠭᠤᠷᠢᠭ ᠤᠨ ᠪᠠᠶ ᠾᠧ ᠳ᠋ᠦᠩ ᠵᠡᠭᠡᠯᠢ ᠭᠤᠳᠤᠮᠵᠢ᠂ ᠵᠥᠩ ᠨᠠᠨ ᠵᠡᠭᠡᠯᠢ ᠭᠤᠳᠤᠮᠵᠢ᠂ ᠳ᠋ᠦᠩ ᠢᠦᠶ ᠵᠡᠭᠡᠯᠢ ᠭᠤᠳᠤᠮᠵᠢ᠂ ᠴᠥᠩ ᠺᠸᠦ ᠵᠡᠭᠡᠯᠢ ᠭᠤᠳᠤᠮᠵᠢ ᠪᠠ ᠹᠥ᠋‌‍ᠱᠠᠨ ᠬᠤᠲᠠ ᠶᠢᠨ ᠨᠠᠨ ᠬᠠᠶ ᠲᠣᠭᠤᠷᠢᠭ ᠤᠨ ᠬᠦᠶ ᠴᠧᠩ ᠵᠡᠭᠡᠯᠢ ᠭᠤᠳᠤᠮᠵᠢ ᠶᠢᠨ ᠬᠤᠸᠠ ᠹᠦ᠋ ᠢᠦᠶ ᠱᠦᠶ ᠠᠨ ᠲᠣᠭᠤᠷᠢᠭ ᠤᠨ ᠪᠠᠶ ᠷᠧᠨ ︵ᠪᠤᠴᠠᠵᠤ ᠢᠷᠡᠭᠰᠡᠨ︶᠂ ᠰᠠᠨᠠᠭᠠᠴᠢᠯᠠᠭ᠎ᠠ ᠠᠴᠠ ᠪᠠᠨ ᠬᠠᠷᠢᠶᠠᠯᠠᠭᠳᠠᠬᠤ ᠨᠡᠶᠢᠭᠡᠮ ᠲᠣᠭᠤᠷᠢᠭ ᠲᠤ ᠬᠦᠷᠴᠦ ᠮᠡᠳᠡᠭᠦᠯᠦᠨ ᠳᠠᠩᠰᠠᠯᠠᠭᠤᠯᠤᠭᠠᠷᠠᠶ᠂ 7 ᠡᠳᠦᠷ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠲᠠᠢ ᠪᠠᠶᠢᠪᠠᠯ᠂ ᠳᠤᠯᠠᠭᠠᠨ ᠤ ᠬᠡᠮᠵᠢᠯᠲᠡ ᠨᠢ ᠬᠡᠪ ᠤᠨ ᠪᠥᠭᠡᠳ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠡᠮᠬᠢ ᠵᠢᠷᠤᠮ ᠲᠠᠢ ᠪᠠᠷ ᠰᠢᠯᠵᠢᠵᠦ ᠪᠣᠯᠤᠨ᠎ᠠ᠃ ᠬᠡᠷᠪᠡ ᠳᠡᠭᠡᠷ᠎ᠡ ᠳᠤᠷᠠᠳᠤᠭᠰᠠᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠬᠠᠩᠭᠠᠬᠤ ᠶᠢᠨ ᠠᠷᠭ᠎ᠠ ᠥᠬᠡᠶ ᠪᠣᠯ᠂ ᠲᠡᠷᠡ ᠳᠠᠷᠤᠶ ᠳᠤᠨᠢ ᠲᠥᠪᠯᠡᠷᠡᠭᠦᠯᠦᠨ ᠲᠤᠰᠠᠭᠠᠷᠯᠠᠬᠤ ᠶᠢᠨ ᠬᠠᠮᠲᠤ 24 ᠴᠠᠭ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠲᠠ ᠶᠢ ᠪᠡᠶᠡᠯᠡᠭᠦᠯᠵᠦ᠂ ᠪᠠᠶᠢᠴᠠᠭᠠᠯᠲᠠ ᠶᠢᠨ ᠦᠷ᠎ᠡ ᠳ᠋ᠦᠩ ᠨᠢ ᠪᠢᠯᠢᠭ ᠴᠢᠨᠠᠷ ᠲᠠᠢ ᠪᠣᠯ ᠰᠠᠶ᠋ᠢ ᠲᠤᠰᠠᠭᠠᠷᠯᠠᠬᠤ ᠪᠠᠨ ᠪᠤᠯᠢᠵᠤ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠡᠮᠬᠢ ᠵᠢᠷᠤᠮ ᠲᠠᠢ ᠪᠠᠷ ᠰᠢᠯᠵᠢᠨ᠎ᠡ᠃ ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ ᠠᠷᠭ᠎ᠠ ᠴᠢᠨᠠᠷ ᠲᠠᠢ ᠪᠠᠶᠢᠬᠤ ᠶᠢ ᠣᠯᠵᠤ ᠮᠡᠳᠡᠪᠡᠯ᠂ ᠳᠠᠷᠦ᠋ᠢᠬᠠᠨ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠠᠯᠠᠭ᠎ᠠ ᠮᠥᠴᠢᠷ ᠠᠴᠠ ᠵᠢᠷᠤᠮᠵᠢᠯ ᠤᠨ ᠱᠠᠭᠠᠷᠳᠠᠯᠭ᠎ᠠ ᠶᠣᠰᠣᠭᠠᠷ ᠲᠤᠭᠤᠷᠢᠭ ᠤᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠰᠢᠯᠵᠢᠭᠦᠯᠦᠨ ᠬᠦᠷᠭᠡᠵᠦ ᠲᠤᠰᠠᠭᠠᠷᠯᠠᠨ ᠡᠮᠨᠡᠭᠦᠯᠬᠦ ᠬᠡᠷᠡᠭᠲᠡᠶ᠃      ᠳᠡᠭᠡᠷ᠎ᠡ ᠳᠤᠷᠠᠳᠤᠭᠰᠠᠨ ᠭᠠᠵᠠᠷ ᠣᠷᠣᠨ ᠠᠴᠠ ᠢᠷᠡᠭᠰᠡᠨ ︵ᠪᠤᠴᠠᠵᠤ ᠢᠷᠡᠭᠰᠡᠨ︶ ᠬᠥᠮᠦᠰ ᠪᠦᠬᠦᠨ ᠡᠷᠬᠡᠪᠰᠢ ᠮᠠᠨ ᠤ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠵᠢᠷᠤᠮᠯᠠᠵᠤ᠂ ᠬᠠᠩᠭᠠᠭᠰᠠᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠭᠡᠷᠡᠴᠢ ᠨᠢ ᠦᠨᠡᠨ ᠪᠣᠳᠠᠲᠠᠶ ᠪᠥᠭᠡᠳ ᠢᠲᠡᠭᠡᠮᠵᠢᠲᠡᠶ ᠪᠠᠶᠢᠵᠤ᠂ ᠮᠡᠳᠡᠭᠦᠯᠬᠦ ᠥᠬᠡᠶ ᠨᠢᠭᠤᠬᠤ᠂ ᠬᠤᠳᠠᠯ ᠢᠶᠠᠷ ᠮᠡᠳᠡᠭᠦᠯᠦᠭᠰᠡᠨ ᠬᠥᠮᠦᠰ ᠵᠣᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃      ᠬᠤᠶᠠᠷ᠂ ᠳᠡᠭᠡᠷ᠎ᠡ ᠳᠤᠷᠠᠳᠤᠭᠰᠠᠨ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠦᠰ ᠲᠠᠢ ᠬᠠᠷᠢᠯᠴᠠᠵᠤ ᠥᠩᠭᠡᠷᠡᠭᠰᠡᠨ ᠬᠥᠮᠦᠨ ᠪᠦᠬᠦᠨ ᠬᠠᠯᠠᠭᠤᠷᠠᠬᠤ᠂ ᠬᠠᠨᠢᠶᠠᠬᠤ᠂ ᠠᠮᠢᠰᠬᠤᠯ ᠳᠠᠪᠬᠤᠴᠠᠬᠤ ᠵᠡᠷᠭᠡ ᠠᠮᠢᠰᠬᠤᠯ ᠤᠨ ᠵᠠᠮ ᠤᠨ ᠡᠪᠡᠳᠴᠢᠨ ᠤ ᠢᠯᠡᠷᠡᠯ ᠲᠠᠢ ᠪᠠᠶᠢᠪᠠᠯ᠂ ᠲᠡᠷᠡ ᠳᠠᠷᠤᠶ ᠳᠤᠨᠢ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠂ ᠬᠠᠷᠢᠶ᠎ᠠ ᠨᠡᠶᠢᠭᠡᠮ ᠲᠣᠭᠤᠷᠢᠭ ᠪᠤᠶᠤ ᠪᠠᠭᠤᠳᠠᠯ ᠳᠤ ᠣᠷᠣᠵᠤ ᠰᠠᠭᠤᠭᠰᠠᠳ ᠲᠤ ᠮᠡᠳᠡᠭᠦᠯᠵᠦ᠂ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠠᠴᠠ ᠲᠣᠭᠤᠷᠢᠭ ᠤᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠰᠢᠯᠵᠢᠭᠦᠯᠦᠨ ᠬᠦᠷᠭᠡᠵᠦ ᠵᠢᠭᠰᠠᠭᠠᠨ ᠪᠠᠶᠢᠴᠠᠭᠠᠯᠭᠠᠨ᠎ᠠ᠃      ᠭᠤᠷᠪᠠ᠂ ᠥᠷᠭᠡᠨ ᠣᠯᠠᠨ ᠰᠠᠭᠤᠭᠠᠯᠢ ᠠᠷᠠᠳ ᠪᠣᠯᠤᠨ ᠪᠠᠶᠠᠬᠤᠪᠤᠭ᠎ᠠ ᠠᠭᠤᠷᠬᠠᠢ ᠶᠢᠨ ᠲᠤᠭᠤᠷᠢᠭ ᠲᠤ ᠢᠷᠡᠭᠰᠡᠨ ᠬᠥᠮᠦᠰ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠮᠵᠢᠨ ᠬᠠᠮᠵᠢᠯᠴᠠᠵᠤ᠂ ᠳᠡᠭᠡᠷ᠎ᠡ ᠳᠤᠷᠠᠳᠤᠭᠰᠠᠨ ᠭᠠᠵᠠᠷ ᠣᠷᠣᠨ ᠠᠴᠠ ᠮᠠᠨ ᠤ ᠲᠤᠭᠤᠷᠢᠭ ᠲᠤ ᠣᠷᠣᠵᠤ ᠢᠷᠡᠭᠰᠡᠨ ᠬᠥᠮᠦᠰ ᠤᠨ ᠮᠡᠳᠡᠭᠡ ᠵᠠᠩᠭᠢ ᠶᠢ ᠡᠵᠡᠮᠰᠢᠭᠰᠡᠨ ᠪᠠᠶᠢᠪᠠᠯ᠂ ᠳᠠᠷᠦ᠋ᠢᠬᠠᠨ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠂ ᠬᠠᠷᠢᠶ᠎ᠠ ᠨᠡᠶᠢᠭᠡᠮ ᠲᠣᠭᠤᠷᠢᠭ ᠲᠤ ᠮᠡᠳᠡᠭᠦᠯᠬᠦ ᠬᠡᠷᠡᠭᠲᠡᠶ᠃          ᠲᠦᠷᠪᠡ᠂ ᠥᠷᠭᠡᠨ ᠤᠯᠠᠨ ᠰᠠᠭᠤᠭᠠᠯᠢ ᠠᠷᠠᠳ ᠴᠠᠭ ᠢᠮᠠᠭᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠪᠠᠨ ᠴᠢᠩᠭᠠᠷᠠᠭᠤᠯᠵᠤ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠶᠢ ᠠᠩᠬᠠᠷᠴᠤ᠂ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠵᠤ᠂ ᠬᠠᠮᠠᠭᠠᠯᠠᠯᠲᠠ ᠶᠢᠨ ᠠᠮᠠᠪᠴᠢ ᠶᠢ ᠦᠷᠭᠦᠯᠵᠢᠯᠡᠨ ᠵᠡᠭᠦᠬᠦ᠂ ᠬᠤᠶᠠᠷ ᠭᠠᠷ ᠢᠶᠠᠨ ᠦᠷᠭᠦᠯᠵᠢ ᠤᠬᠢᠶᠠᠬᠤ᠂ ᠨᠡᠶᠢᠭᠡᠮ ᠤᠨ ᠬᠠᠷᠢᠯᠴᠠᠭᠠᠨ ᠤ ᠵᠠᠢ ᠶᠢ ᠦᠯᠡᠳᠡᠭᠡᠬᠦ᠂ ᠴᠣᠩᠬᠤ ᠶᠢ ᠴᠢᠳᠠᠬᠤ ᠶᠢᠨ ᠬᠢᠷᠢ ᠪᠠᠷ ᠨᠡᠭᠡᠭᠡᠬᠦ᠂ ᠬᠠᠨᠢᠶᠠᠵᠤ ᠨᠠᠶᠢᠲᠠᠭᠠᠬᠤ ᠶᠢ ᠪᠠᠰᠠ ᠬᠠᠯᠬᠠᠯᠠᠬᠤ ᠬᠠᠮᠠᠭᠠᠯᠠᠯᠲᠠ ᠶᠢᠨ ︽ᠲᠠᠪᠤᠨ ᠵᠦᠢᠯ︾᠎ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃      ᠲᠠᠪᠤ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠪᠣᠯ ᠣᠳᠣᠬᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠠᠮᠤᠭ ᠤᠨ ᠪᠦᠲᠦᠮᠵᠢᠲᠡᠶ ᠠᠷᠭ᠎ᠠ ᠪᠠᠷᠢᠯ ᠮᠥᠨ᠂ ᠸᠠᠺᠼᠢᠨ ᠤ ᠲᠠᠷᠢᠯᠭ᠎ᠠ ᠬᠢᠬᠦ ᠪᠠᠷ ᠳᠠᠮᠵᠢᠭᠤᠯᠤᠨ ᠬᠥᠮᠦᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠬᠦ ᠲᠦᠭᠰᠢᠭᠦᠷᠢ ᠶᠢ ᠪᠦᠲᠦᠮᠵᠢᠲᠡᠶ ᠪᠠᠭᠠᠰᠬᠠᠵᠤ ᠴᠢᠳᠠᠨ᠎ᠠ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠨᠥᠬᠦᠴᠡᠯ ᠳᠤ ᠨᠡᠶᠢᠴᠡᠬᠦ ᠥᠷᠭᠡᠨ ᠣᠯᠠᠨ ᠰᠠᠭᠤᠭᠠᠯᠢ ᠠᠷᠠᠳ ︽ᠭᠥᠯᠢᠶᠡᠨ ᠠᠪᠬᠤ ᠶᠣᠰᠣᠲᠠᠶ ᠶᠢ ᠨᠢ ᠴᠥᠮ ᠭᠥᠯᠢᠶᠡᠨ ᠠᠪᠬᠤ︾ ᠱᠠᠭᠠᠷᠳᠠᠯᠭ᠎ᠠ ᠶᠣᠰᠣᠭᠠᠷ ᠸᠠᠺᠼᠢᠨ ᠤ ᠲᠠᠷᠢᠯᠭ᠎ᠠ ᠬᠢᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠴᠢᠬᠤᠯᠠ ᠪᠤᠰᠤ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠴᠥᠭᠡᠳᠬᠡᠵᠦ᠂ ᠭᠠᠳᠠᠭᠰᠢ ᠭᠠᠷᠬᠤ ᠶᠢ ᠵᠦᠢ ᠵᠣᠬᠢᠰᠲᠠᠶ ᠪᠠᠷ ᠲᠣᠬᠢᠷᠠᠭᠤᠯᠤᠨ᠎ᠠ᠂ ᠴᠢᠬᠤᠯᠠ ᠪᠤᠰᠤ ᠤᠢᠢᠷ᠎ᠠ ᠶᠢᠨ ᠬᠤᠭᠤᠴᠠᠭᠠᠨ ᠳᠤ ᠳᠡᠭᠡᠷ᠎ᠡ ᠳᠤᠷᠠᠳᠤᠭᠰᠠᠨ ᠬᠢᠵᠢᠭ ᠤᠨ ᠪᠠᠶᠢᠳᠠᠯ ᠤᠨ ᠳᠤᠮᠳᠠᠬᠢ ᠠᠶᠤᠯ ᠲᠦᠭᠰᠢᠭᠦᠷᠢᠲᠡᠶ ᠭᠠᠵᠠᠷ ᠣᠷᠣᠨ ᠳᠤ ᠣᠴᠢᠬᠤ ᠦᠭᠡᠢ ᠪᠠᠶᠢᠬᠤ ᠬᠡᠷᠡᠭᠲᠡᠶ᠃          ᠵᠢᠯᠣᠭᠤᠳᠬᠤ ᠭᠠᠵᠠᠷ ᠤᠨ ᠬᠠᠷᠢᠯᠴᠠᠬᠤ ᠤᠲᠠᠰᠤ᠄ 0472-85150      ᠲᠤᠭᠤᠷᠢᠭ ᠤᠨ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠤᠲᠠᠰᠤ᠄ 0472 — 8512573      ᠬᠠᠯᠠᠭᠤᠷᠠᠯ ᠤᠨ ᠡᠭᠦᠳᠡᠨ ᠡᠮᠨᠡᠯᠭᠡ ᠶᠢᠨ ᠤᠲᠠᠰᠤ᠄ 0472-6131615      ᠪᠠᠶᠠᠬᠤᠪᠤᠭ᠎ᠠ ᠠᠭᠤᠷᠬᠠᠶ ᠶᠢᠨ ᠲᠤᠭᠤᠷᠢᠭ ᠤᠨ ᠰᠢᠨ᠎ᠡ ᠲᠢᠲᠢᠮᠯᠢᠭ  ᠠᠭᠤᠰᠬᠢᠨ ᠦᠷᠪᠢᠰᠦᠯ ᠢ      ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                   2021 ᠣᠨ ᠤ 5 ᠰᠠᠷ᠎ᠠ ᠶᠢᠨ 31᠎ ᠤ ᠡᠳᠤᠷ  
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号