ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠠᠴᠠ ᠮᠠᠨ ᠤ ᠲᠤᠭᠤᠷᠢᠭ ᠲᠤ ᠣᠷᠣᠵᠤ ᠢᠷᠡᠬᠦ ᠬᠥᠮᠦᠰ ᠢ ᠬᠠᠮᠢᠶᠠᠷᠤᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2021/8/4
     ᠣᠶᠢᠷ᠎ᠠ ᠳᠤ᠂ ᠨᠠᠨᠵᠢᠩ ᠤᠨ ᠠᠭᠤᠰᠬᠢᠨ ᠦᠷᠪᠢᠰᠦᠯ ᠳᠤ ᠨᠡᠷᠪᠡᠭᠳᠡᠭᠰᠡᠨ ᠢᠶᠠᠷ ᠣᠨᠣᠰᠢᠯᠠᠭᠰᠠᠨ ᠡᠪᠡᠳᠴᠢᠨ ᠤ ᠵᠢᠱᠢᠶ᠎ᠡ ᠦᠷᠭᠦᠯᠵᠢᠯᠡᠨ ᠨᠡᠮᠡᠭᠳᠡᠵᠦ ᠪᠠᠶᠢᠨ᠎ᠠ᠂ ᠡᠭᠦᠨ ᠤ ᠵᠡᠷᠭᠡ ᠳᠤ ᠬᠢᠵᠢᠭ ᠤᠨ ᠬᠠᠯᠳᠠᠪᠤᠷᠢᠯᠠᠬᠤ ᠬᠡᠯᠬᠢᠶ᠎ᠡ ᠲᠠᠰᠤᠷᠠᠯᠲᠠ ᠥᠬᠡᠶ ᠤᠷᠲᠤᠳᠴᠤ ᠪᠠᠶᠢᠨ᠎ᠠ᠂ ᠣᠳᠣᠬᠠᠨ ᠳᠤ ᠨᠠᠨᠵᠢᠩ ᠤᠨ ᠬᠢᠵᠢᠭ ᠤᠨ ᠪᠠᠶᠢᠳᠠᠯ ᠨᠢᠭᠡᠨᠲᠡ 15 ᠮᠤᠵᠢ 27 ᠬᠤᠲᠠ ᠳᠤ ᠬᠤᠯᠪᠣᠭᠳᠠᠵᠤ ᠪᠠᠶᠢᠨ᠎ᠠ᠃ ︽ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠰᠡᠷᠭᠦᠬᠦ ᠶᠢ ᠰᠡᠷᠭᠡᠶᠢᠯᠡᠬᠦ︾ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ ᠲᠤᠭᠤᠷᠢᠭ ᠤᠨ ᠭᠠᠳᠠᠭᠠᠳᠤ ᠠᠴᠠ ᠣᠷᠣᠭᠤᠯᠬᠤ ᠴᠢᠨᠠᠷᠲᠠᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠯᠢᠭ ᠤᠨᠤᠪᠴᠢᠲᠠᠢ ᠪᠠᠷ ᠰᠠᠶᠢᠲᠤᠷ ᠬᠢᠵᠦ᠂ ᠠᠭᠤᠰᠬᠢᠨ ᠰᠢᠨ᠎ᠡ ᠦᠷᠪᠢᠰᠦᠯ ᠤᠨ ᠬᠢᠵᠢᠭ ᠤᠨ ᠣᠷᠣᠵᠤ ᠲᠠᠷᠬᠠᠬᠤ ᠶᠢ ᠴᠢᠩᠭ᠎ᠠ ᠰᠡᠷᠭᠡᠶᠢᠯᠡᠬᠦ ᠶᠢᠨ ᠲᠤᠰᠠᠳᠠ᠂ ᠡᠳᠦᠭᠡ ᠮᠠᠨ ᠤ ᠲᠤᠭᠤᠷᠢᠭ ᠤᠨ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠳᠤᠮᠳᠠ ᠥᠨᠳᠥᠷ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠢᠷᠡᠬᠦ ︵ᠪᠤᠴᠠᠬᠤ︶ ᠬᠥᠮᠦᠰ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠤᠯᠤᠰ ᠤᠨ ᠳᠣᠲᠣᠭᠠᠳᠤ ᠶᠢᠨ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠮᠠᠨ ᠤ ᠲᠤᠭᠤᠷᠢᠭ ᠲᠤ ᠢᠷᠡᠭᠰᠡᠨ ᠬᠥᠮᠦᠰ ︽14 ᠡᠳᠦᠷ ᠲᠤ ᠲᠥᠪᠯᠡᠷᠡᠭᠦᠯᠦᠨ ᠲᠤᠰᠠᠭᠠᠷᠯᠠᠬᠤ + 5 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠥᠮ ᠬᠡᠷᠡᠭᠵᠢᠭᠦᠯᠵᠦ᠂ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠲᠦᠭᠰᠢᠭᠦᠷᠢ ᠲᠠᠢ ᠭᠠᠵᠠᠷ ᠣᠷᠣᠨ ᠤ ᠮᠠᠨ ᠤ ᠲᠤᠭᠤᠷᠢᠭ ᠲᠤ ᠢᠷᠡᠬᠦ ︵ᠪᠤᠴᠠᠬᠤ︶ ᠬᠥᠮᠦᠰ ᠲᠤ ᠴᠥᠮ ︽14 ᠡᠳᠦᠷ ᠲᠤ ᠬᠡᠷ ᠲᠤᠨᠢ ᠲᠤᠰᠠᠭᠠᠷᠯᠠᠬᠤ + 5 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ 1᠂ 4᠂ 7᠂ 10᠂ 14 ᠡᠳᠦᠷ ᠲᠤ ᠲᠣᠰ ᠲᠣᠰ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠠᠷᠭ᠎ᠠ ᠴᠢᠨᠠᠷᠲᠠᠶ ᠡᠪᠡᠳᠴᠢᠨ ᠤ ᠵᠢᠱᠢᠶ᠎ᠡ ᠲᠠᠢ ᠳᠣᠤᠷ᠎ᠠ ᠲᠦᠭᠰᠢᠭᠦᠷᠢ ᠲᠠᠢ ᠬᠤᠲᠠ᠂ ᠲᠤᠯᠤᠭᠠᠨ ᠡᠳᠦᠷ ᠲᠤ ᠬᠡᠷ ᠲᠤᠨᠢ ᠡᠷᠡᠭᠦᠯ ᠮᠡᠨᠳᠦ ᠶᠢᠨ ᠪᠠᠶᠢᠴᠠᠭᠠᠨ ᠬᠡᠮᠵᠢᠯᠲᠡ + 2 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠠᠵᠢᠭᠯᠠᠬᠤ ᠬᠡᠷᠡᠭᠲᠡᠶ᠃      ᠬᠤᠶᠠᠷ᠂ ᠭᠤᠤᠯᠳᠠᠯᠭ᠎ᠠ ᠲᠠᠢ ᠭᠠᠵᠠᠷ ᠣᠷᠣᠨ ᠤ ᠪᠤᠴᠠᠵᠤ ᠢᠷᠡᠭᠰᠡᠨ ᠬᠥᠮᠦᠰ ᠢ ᠵᠢᠭᠰᠠᠭᠠᠨ ᠪᠠᠶᠢᠴᠠᠭᠠᠬᠤ ᠶᠢ ᠰᠠᠶᠢᠲᠤᠷ ᠬᠢᠬᠦ ᠬᠡᠷᠡᠭᠲᠡᠶ᠃ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠂ ᠡᠮ ᠡᠮᠨᠡᠯᠭᠡ ᠶᠢᠨ ᠰᠡᠷᠭᠡᠶᠢᠯᠡᠨ ᠡᠵᠡᠮᠳᠡᠬᠦ ᠳᠤᠭᠤᠶᠢᠯᠠᠩ᠂ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ ᠵᠢᠴᠢ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠵᠢᠶᠠᠩᠰᠦ ᠮᠤᠵᠢ ᠶᠢᠨ ᠨᠠᠨᠵᠢᠩ ᠬᠤᠲᠠ᠂ ᠰᠦᠴᠢᠶᠠᠨ ᠬᠤᠲᠠ᠂ ᠶᠠᠩᠵᠸᠤ ᠬᠤᠲᠠ᠂ ᠬᠤᠸᠠᠢ ᠠᠨ ᠬᠤᠲᠠ ᠶᠢ ᠨᠡᠮᠡᠭᠳᠡᠭᠦᠯᠵᠦ᠂ ᠰᠧᠴᠤᠸᠠᠨ ᠮᠤᠵᠢ ᠶᠢᠨ ᠮᠢᠶᠠᠨᠶᠠᠩ ᠬᠤᠲᠠ᠂ ᠴᠧᠩᠳᠦ᠋ ᠬᠤᠲᠠ᠂ ᠢᠪᠢᠨ ᠬᠤᠲᠠ᠂ ᠯᠦᠵᠸᠦ ᠬᠤᠲᠠ᠂ ᠯᠢᠶᠣᠤᠨᠢᠩ ᠮᠤᠵᠢ ᠶᠢᠨ ᠮᠦᠭᠳᠡᠨ ᠬᠤᠲᠠ᠂ ᠳ᠋ᠠᠯᠢᠶᠠᠨ ᠬᠤᠲᠠ᠂ ᠬᠤᠨᠠᠨ ᠮᠤᠵᠢ ᠶᠢᠨ ᠵᠠᠩ ᠵᠢᠶᠠ ᠵᠢᠶᠧ ᠬᠤᠲᠠ᠂ ᠵᠦᠵᠸᠤ ᠬᠤᠲᠠ᠂ ᠬᠤᠨᠠᠨ ᠤ ᠪᠠᠷᠠᠭᠤᠨ ᠬᠡᠰᠡᠭ ᠤᠨ ᠥᠪᠡᠷᠲᠡᠭᠡᠨ ᠵᠠᠰᠠᠬᠤ ᠵᠧᠤ᠂ ᠶᠢ ᠶᠠᠩ ᠬᠤᠲᠠ᠂ ᠴᠠᠩᠱᠠ ᠬᠤᠲᠠ᠂ ᠰᠢᠶᠠᠩᠲ᠋ᠠᠨ ᠬᠤᠲᠠ᠂ ᠹᠦᠵᠢᠶᠠᠨ ᠮᠤᠵᠢ ᠶᠢᠨ ᠰᠢᠶᠠᠮᠧᠨ ᠬᠤᠲᠠ᠂ ᠾᠧᠨᠠᠨ ᠮᠤᠵᠢ ᠶᠢᠨ ᠵᠧᠩᠵᠧᠤ ᠬᠤᠲᠠ᠂ ᠱᠠᠩᠴᠢᠦ ᠬᠤᠲᠠ᠂ ᠬᠤᠪᠸᠢ ᠮᠤᠵᠢ ᠶᠢᠨ ᠬᠤᠸᠠᠩᠭᠠᠩ ᠬᠤᠲᠠ᠂ ᠶᠦᠨᠨᠠᠨ ᠮᠤᠵᠢ ᠶᠢᠨ ᠳᠤ ᠬᠤᠩ ᠵᠧᠤ ᠵᠡᠷᠭᠡ ᠬᠤᠲᠠ ᠶᠢᠨ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠮᠠᠨ ᠤ ᠲᠤᠭᠤᠷᠢᠭ ᠤᠨ ᠬᠥᠮᠦᠰ ᠢ ᠵᠢᠭᠰᠠᠭᠠᠨ ᠪᠠᠶᠢᠴᠠᠭᠠᠬᠤ ᠶᠢ ᠬᠦᠴᠤᠯᠡᠬᠦ ᠬᠡᠷᠡᠭᠲᠡᠢ ᠃ ᠳᠡᠭᠡᠷᠡᠬᠢ ᠭᠠᠵᠠᠷ ᠣᠷᠣᠨ ᠠᠴᠠ ᠮᠠᠨ ᠤ ᠲᠤᠭᠤᠷᠢᠭ ᠲᠤ ᠢᠷᠡᠬᠦ ︵ᠪᠤᠴᠠᠬᠤ︶ ᠬᠥᠮᠦᠰ᠂ ᠬᠤᠭᠤᠰᠣᠨ ᠵᠦᠢᠯ ᠢ ᠲᠤᠯᠭᠠᠭᠰᠠᠨ ᠤ ᠳᠠᠷᠠᠭ᠎ᠠ ᠳᠠᠷᠦ᠋ᠢᠬᠠᠨ 12 ᠴᠠᠭ ᠠᠴᠠ ᠬᠡᠲᠦᠷᠡᠭᠦᠯᠵᠦ ᠪᠣᠯᠬᠤ ᠥᠬᠡᠶ ᠪᠥᠭᠡᠳ ᠪᠠᠶᠢᠭ᠎ᠠ ᠨᠡᠶᠢᠭᠡᠮ ᠲᠣᠭᠤᠷᠢᠭ᠂ ᠪᠠᠶᠢᠭᠤᠯᠭ᠎ᠠ ᠨᠢᠭᠡᠴᠡ ᠪᠤᠶᠤ ᠪᠠᠭᠤᠳᠠᠯ ᠳᠤ ᠪᠠᠭᠤᠬᠤ ᠳᠠᠭᠠᠨ ᠮᠡᠳᠡᠭᠦᠯᠵᠦ᠂ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠢᠳᠡᠪᠬᠢᠲᠡᠶ ᠪᠠᠷ ᠬᠠᠮᠵᠢᠯᠴᠠᠬᠤ ᠬᠡᠷᠡᠭᠲᠡᠶ᠃      ᠭᠤᠷᠪᠠ᠂ ᠨᠢᠭᠲᠠ ᠣᠶᠢᠷᠠᠲᠤᠭᠰᠠᠳ ᠪᠠ ᠵᠢᠭᠰᠠᠭᠠᠨ ᠪᠠᠶᠢᠴᠠᠭᠠᠬᠤ ᠠᠵᠢᠯᠲᠠᠨ ᠤ ᠬᠠᠮᠢᠶᠠᠷᠤᠨ ᠡᠵᠡᠮᠳᠡᠬᠦ ᠶᠢ ᠰᠠᠶᠢᠲᠤᠷ ᠬᠢᠬᠦ ᠬᠡᠷᠡᠭᠲᠡᠶ᠃ ᠡᠯ᠎ᠡ ᠭᠠᠵᠠᠷ ᠤᠨ ᠬᠦᠷᠭᠡᠭᠰᠡᠨ ᠨᠢᠭᠲᠠ ᠣᠶᠢᠷᠠᠲᠤᠭᠰᠠᠳ᠂ ᠳᠡᠳ᠋ ᠨᠢᠭᠲᠠ ᠵᠠᠯᠭᠠᠭᠰᠠᠳ ᠢ ᠳᠠᠷᠤᠶ ᠲᠦᠷᠭᠡᠨ ᠵᠢᠭᠰᠠᠭᠠᠨ ᠪᠠᠶᠢᠴᠠᠭᠠᠵᠤ᠂ 24 ᠴᠠᠭ ᠤᠨ ᠳᠣᠲᠣᠷ᠎ᠠ ᠪᠦᠬᠦ ᠬᠥᠮᠦᠰ ᠢ ᠣᠷᠣ ᠣᠷᠣᠨ ᠳᠤᠨᠢ ᠮᠥᠷᠳᠡᠵᠦ᠂ ᠣᠷᠣ ᠣᠷᠣᠨ ᠳᠤᠨᠢ ᠵᠢᠭᠰᠠᠭᠠᠨ ᠪᠠᠶᠢᠴᠠᠭᠠᠵᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠣᠷᠣᠨ ᠪᠠᠶᠢᠷᠢ ᠳᠤᠨᠢ ᠬᠦᠷᠭᠡᠵᠦ᠂ ᠲᠤᠰᠠᠭᠠᠷᠯᠠᠬᠤ ᠶᠢ ᠦᠨᠡᠨ ᠬᠦ ᠪᠠᠲᠤᠯᠠᠵᠤ᠂ ᠪᠠᠶᠢᠴᠠᠭᠠᠪᠠᠰᠤ ᠵᠣᠬᠢᠬᠤ ᠶᠢ ᠨᠢ ᠪᠦᠬᠦᠨ ᠢ ᠪᠠᠶᠢᠴᠠᠭᠠᠵᠤ᠂ ᠲᠠᠰᠤᠯᠪᠠᠰᠤ ᠵᠣᠬᠢᠬᠤ ᠶᠢ ᠨᠢ ᠪᠦᠬᠦᠨ ᠢ ᠰᠠᠯᠭᠠᠵᠤ᠂ ᠪᠥᠭᠡᠮ ᠬᠦᠴᠢᠯ ᠤᠨ ᠠᠷᠭ᠎ᠠ ᠴᠢᠨᠠᠷ ᠢ ᠣᠯᠵᠤ ᠮᠡᠳᠡᠪᠡᠯ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠳᠠᠷᠤᠶ ᠲᠦᠷᠭᠡᠨ ᠡᠬᠢᠯᠡᠭᠦᠯᠵᠦ᠂ ᠰᠢᠨᠵᠢᠯᠡᠬᠦ ᠤᠬᠠᠭᠠᠨᠴᠢ ᠪᠠᠷ ᠨᠠᠷᠢᠯᠢᠭ ᠤᠨᠤᠪᠴᠢᠲᠠᠢ ᠪᠠᠷ ᠠᠷᠭᠠᠴᠠᠵᠤ᠂ ᠲᠦᠷᠭᠡᠨ ᠪᠥᠭᠡᠳ ᠡᠷᠡᠰ ᠰᠢᠭᠤᠷᠬᠠᠶ ᠪᠠᠷ ᠰᠢᠢᠳᠪᠤᠷᠢᠯᠡᠬᠦ ᠶᠢ ᠡᠷᠡᠰ ᠪᠡᠶᠡᠯᠡᠭᠦᠯᠵᠦ᠂ ᠬᠢᠵᠢᠭ ᠤᠨ ᠲᠠᠷᠬᠠᠯᠲᠠ ᠪᠠ ᠳᠡᠯᠭᠡᠷᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃      ᠳᠥᠷᠪᠡ᠂ ᠬᠢᠯᠢ ᠪᠠᠷ ᠣᠷᠣᠵᠤ ᠢᠷᠡᠬᠦ ᠬᠥᠮᠦᠰ ᠤᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠴᠢᠩᠳᠠᠯᠠᠵᠤ ᠂ ᠬᠢᠯᠢ ᠪᠠᠷ ᠣᠷᠣᠵᠤ ᠢᠷᠡᠬᠦ ᠬᠥᠮᠦᠰ ᠲᠤ 14 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ ᠪᠠ 7 ᠡᠳᠦᠷ ᠤᠨ ᠬᠡᠷ ᠪᠦᠯᠢ ᠶᠢᠨ ᠲᠤᠰᠠᠭᠠᠷᠯᠠᠯ ᠢ ᠴᠢᠩᠭ᠎ᠠ ᠬᠡᠷᠡᠭᠵᠢᠭᠦᠯᠦᠨ᠂ ᠬᠡᠷ ᠪᠦᠯᠢ ᠶᠢᠨ ᠲᠤᠰᠠᠭᠠᠷᠯᠠᠬᠤ ᠨᠥᠬᠦᠴᠡᠯ ᠳᠤ ᠨᠡᠶᠢᠴᠡᠬᠦ ᠥᠬᠡᠶ ᠪᠠᠶᠢᠪᠠᠯ ᠲᠥᠪᠯᠡᠷᠡᠭᠦᠯᠦᠨ ᠲᠤᠰᠠᠭᠠᠷᠯᠠᠵᠤ᠂ ᠬᠢᠯᠢ ᠪᠠᠷ ᠣᠷᠣᠵᠤ ᠢᠷᠡᠬᠦ ᠪᠦᠬᠦ ᠬᠥᠮᠦᠰ ᠢ ᠲᠥᠪᠯᠡᠷᠡᠭᠦᠯᠦᠨ ᠲᠤᠰᠠᠭᠠᠷᠯᠠᠬᠤ ᠬᠤᠭᠤᠴᠠᠭᠠᠨ ᠤ 1᠂ 4᠂ 7᠂ 10᠂ 14 ᠡᠳᠦᠷ ᠵᠢᠴᠢ ᠬᠡᠷ ᠪᠦᠯᠢ ᠶᠢᠨ ᠲᠤᠰᠠᠭᠠᠷᠯᠠᠬᠤ ᠬᠤᠭᠤᠴᠠᠭᠠᠨ ᠤ 2᠂ 7 ᠡᠳᠦᠷ ᠤᠨ ᠳᠣᠲᠣᠷ᠎ᠠ ᠬᠠᠮᠠᠷ ᠵᠠᠯᠭᠢᠭᠤᠷ ᠤᠨ ᠵᠦᠯᠭᠦᠭᠦᠷ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠪᠡᠶᠡᠯᠡᠭᠦᠯᠭᠦ ᠬᠡᠷᠡᠭᠲᠡᠢ᠃      ᠲᠠᠪᠤ᠂ ᠨᠠᠨᠵᠢᠩ᠂ ᠵᠠᠩ ᠵᠢᠶᠠ ᠵᠢᠶᠧ ᠬᠤᠳᠠ ᠵᠡᠷᠭᠡ ᠵᠠᠷᠢᠮ ᠭᠠᠵᠠᠷ ᠣᠷᠣᠨ ᠳᠤ ᠲᠤᠰ ᠭᠠᠵᠠᠷ ᠤᠨ ᠡᠪᠡᠳᠴᠢᠨ ᠤ ᠵᠢᠱᠢᠶ᠎ᠡ ᠭᠠᠷᠴᠤ ᠪᠠᠶᠢᠭ᠎ᠠ ᠪᠣᠯᠬᠤᠷ ᠤᠢᠢᠷ᠎ᠠ ᠶᠢᠨ ᠬᠤᠭᠤᠴᠠᠭᠠᠨ ᠳᠤ ᠲᠡᠶᠢᠮᠦ ᠴᠢᠬᠤᠯᠠ ᠦᠭᠡᠢ ᠪᠣᠯ ᠲᠤᠰ ᠭᠠᠵᠠᠷ ᠤᠨ ᠬᠢᠵᠢᠭ ᠤᠨ ᠪᠠᠶᠢᠳᠠᠯ ᠭᠠᠷᠤᠭᠰᠠᠨ ᠬᠤᠳᠠ ᠪᠠ ᠭᠠᠵᠠᠷ ᠣᠷᠣᠨ ᠳᠤ ᠣᠴᠢᠵᠤ ᠵᠤᠭᠠᠴᠠᠬᠤ᠂ ᠠᠵᠢᠯ ᠢᠶᠠᠷ ᠭᠠᠳᠠᠭᠰᠢ ᠭᠠᠷᠬᠤ᠂ ᠲᠦᠷᠦᠯ ᠰᠠᠳᠤᠨ ᠢᠶᠠᠨ ᠡᠷᠭᠢᠵᠦ ᠦᠵᠡᠬᠦ ᠪᠠ ᠨᠠᠶᠢᠵᠠ ᠨᠥᠬᠦᠳ ᠢᠶᠠᠨ ᠡᠷᠭᠢᠵᠦ ᠦᠵᠡᠬᠦ ᠦᠭᠡᠢ ᠪᠠᠶᠢᠬᠤ ᠶᠢ ᠰᠠᠨᠠᠭᠤᠯᠤᠶ᠎ᠠ᠃ ᠬᠡᠷᠪᠡ ᠵᠠᠪᠠᠯ ᠣᠴᠢᠬᠤ ᠴᠢᠬᠤᠯᠠ ᠲᠠᠢ ᠪᠣᠯ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠰᠠᠶᠢᠲᠤᠷ ᠠᠪᠬᠤ ᠬᠡᠷᠡᠭᠲᠡᠶ᠃ ᠬᠠᠷᠢᠭᠤ ᠮᠡᠳᠡᠭᠦᠯᠬᠦ ᠠᠴᠠ ᠡᠮᠦᠨ᠎ᠡ᠂ ᠪᠠᠶᠢᠭᠤᠯᠭ᠎ᠠ ᠨᠢᠭᠡᠴᠡ ᠪᠣᠯᠤᠨ ᠨᠡᠶᠢᠭᠡᠮ ᠲᠣᠭᠤᠷᠢᠭ ᠲᠤ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠲᠣᠰ ᠡᠳᠦᠷ ᠠᠴᠠ ᠡᠬᠢᠯᠡᠨ᠂ ᠪᠥᠬᠦ ᠲᠤᠭᠤᠷᠢᠭ ᠤᠨ ᠡᠯ᠎ᠡ ᠱᠠᠲᠤᠨ ᠤ ᠪᠠᠶᠢᠭᠤᠯᠤᠯᠭ᠎ᠠ᠂ ᠨᠢᠭᠡᠴᠡ ᠪᠣᠯᠤᠨ ᠪᠦᠯᠬᠦᠮ ᠤᠳ ᠴᠢᠬᠤᠯᠠ ᠥᠬᠡᠶ ᠪᠣᠯ ᠲᠣᠮᠣ ᠬᠡᠯᠪᠡᠷᠢ ᠶᠢᠨ ᠴᠤᠭᠯᠠᠷᠠᠯ ᠤᠨ ᠴᠢᠨᠠᠷᠲᠠᠶ ᠠᠵᠢᠯᠯᠠᠭ᠎ᠠ ᠡᠷᠭᠢᠯᠡᠬᠦ ᠥᠬᠡᠶ ᠪᠠᠶᠢᠵᠤ᠂ ᠦᠨᠡᠨᠬᠦ ᠡᠷᠭᠢᠯᠡᠬᠦ ᠴᠢᠬᠤᠯᠠ ᠲᠠᠢ ᠪᠣᠯ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠵᠢᠯᠣᠭᠤᠳᠬᠤ ᠭᠠᠵᠠᠷ ᠲᠤ ᠴᠠᠭ ᠲᠤᠬᠠᠶ ᠳᠤᠨᠢ ᠳᠠᠩᠰᠠᠯᠠᠭᠤᠯᠬᠤ ᠬᠡᠷᠡᠭᠲᠡᠶ᠃      ᠵᠢᠷᠭᠤᠭ᠎ᠠ᠂ ᠬᠢᠵᠢᠭ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠᠶᠢᠩᠭᠤ ᠶᠢᠨ ᠠᠵᠢᠯ ᠢ ᠴᠢᠩᠭᠠᠳᠬᠠᠨ᠎ᠠ᠃ ︽ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠬᠤ︾᠂ ︽ᠪᠠᠶᠢᠴᠠᠭᠠᠬᠤ ᠳᠤᠷᠠᠲᠠᠶ ᠪᠠᠶᠢᠬᠤ ᠶᠢ ᠨᠢ ᠴᠥᠮ ᠪᠠᠶᠢᠴᠠᠭᠠᠬᠤ︾ ᠪᠠ ᠣᠯᠠᠨ ᠲᠠᠯ᠎ᠠ ᠶᠢ ᠬᠥᠨᠳᠡᠵᠦ ᠪᠠᠶᠢᠩᠭᠤᠵᠢᠭᠤᠯᠤᠭᠰᠠᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠡᠷᠭᠡ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠬᠥᠮᠦᠨ᠂ ᠪᠣᠳᠠᠰ᠂ ᠣᠷᠴᠢᠨ ᠲᠣᠭᠤᠷᠢᠨ ᠢ ᠵᠡᠷᠭᠡᠪᠡᠷ ᠰᠡᠷᠭᠡᠶᠢᠯᠡᠬᠦ ᠶᠢ ᠪᠠᠷᠢᠮᠲᠠᠯᠠᠵᠤ᠂ ᠭᠠᠳᠠᠭᠠᠳᠤ ᠠᠴᠠ ᠣᠷᠣᠭᠤᠯᠬᠤ ᠬᠦᠢᠲᠡᠨ ᠬᠡᠯᠬᠢᠶᠡᠲᠦ ᠢᠳᠡᠭᠡᠨ ᠤ ᠠᠵᠢᠯ ᠢ ᠰᠠᠶᠢᠲᠤᠷ ᠬᠢᠵᠦ᠂ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠤᠨ ᠵᠢᠵᠢᠭᠦᠷᠯᠡᠭᠴᠢ᠂ ᠡᠮᠨᠡᠯᠭᠡ ᠶᠢᠨ ᠠᠵᠢᠯᠲᠠᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ ᠵᠢᠴᠢ ᠲᠦᠷᠭᠡᠨ ᠬᠦᠷᠭᠡᠯᠲᠡ ᠶᠢᠨ ᠠᠵᠢᠯᠲᠠᠨ ᠵᠡᠷᠭᠡ ᠲᠦᠭᠰᠢᠭᠦᠷᠢ ᠲᠠᠢ ᠠᠵᠢᠯ ᠮᠡᠷᠭᠡᠵᠢᠯ ᠤᠨ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠪᠠ ᠪᠤᠰᠤᠳ ᠭᠤᠤᠯᠳᠠᠯᠭ᠎ᠠ ᠲᠠᠢ ᠬᠥᠮᠦᠰ᠂ ᠭᠤᠤᠯᠳᠠᠯᠭ᠎ᠠ ᠲᠠᠢ ᠪᠠᠶᠢᠭᠤᠯᠤᠮᠵᠢ᠂ ᠭᠤᠤᠯᠳᠠᠯᠭ᠎ᠠ ᠲᠠᠢ ᠲᠠᠯᠠᠪᠤᠷ ᠵᠡᠷᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠥᠯᠢᠭᠡᠷ ᠠᠪᠴᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠬᠢᠵᠦ᠂ ᠡᠪᠡᠳᠴᠢᠨ ᠤ ᠵᠢᠱᠢᠶ᠎ᠡ ᠶᠢ ᠢᠯᠡᠷᠡᠭᠦᠯᠬᠦ ᠶᠢᠨ ᠴᠠᠭ ᠲᠤᠬᠠᠢᠢᠴᠢ ᠴᠢᠨᠠᠷ ᠪᠠ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢᠨ ᠰᠡᠷᠭᠡᠭ ᠴᠢᠨᠠᠷ᠂ ᠣᠨᠣᠪᠴᠢᠲᠤ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃      ᠲᠤᠯᠤᠭ᠎ᠠ᠂ ᠥᠷᠭᠡᠨ ᠤᠯᠠᠨ ᠰᠠᠭᠤᠭᠠᠯᠢ ᠠᠷᠠᠳ ᠴᠠᠭ ᠢᠮᠠᠭᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠪᠠᠨ ᠴᠢᠩᠭᠠᠷᠠᠭᠤᠯᠵᠤ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠶᠢ ᠠᠩᠬᠠᠷᠴᠤ᠂ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠵᠤ᠂ ᠬᠠᠮᠠᠭᠠᠯᠠᠯᠲᠠ ᠶᠢᠨ ᠠᠮᠠᠪᠴᠢ ᠶᠢ ᠦᠷᠭᠦᠯᠵᠢᠯᠡᠨ ᠵᠡᠭᠦᠬᠦ᠂ ᠬᠤᠶᠠᠷ ᠭᠠᠷ ᠢᠶᠠᠨ ᠦᠷᠭᠦᠯᠵᠢ ᠤᠬᠢᠶᠠᠬᠤ᠂ ᠨᠡᠶᠢᠭᠡᠮ ᠤᠨ ᠬᠠᠷᠢᠯᠴᠠᠭᠠᠨ ᠤ ᠵᠠᠢ ᠶᠢ ᠦᠯᠡᠳᠡᠭᠡᠬᠦ᠂ ᠴᠣᠩᠬᠤ ᠶᠢ ᠴᠢᠳᠠᠬᠤ ᠶᠢᠨ ᠬᠢᠷᠢ ᠪᠠᠷ ᠨᠡᠭᠡᠭᠡᠬᠦ᠂ ᠬᠠᠨᠢᠶᠠᠵᠤ ᠨᠠᠶᠢᠲᠠᠭᠠᠬᠤ ᠶᠢ ᠪᠠᠰᠠ ᠬᠠᠯᠬᠠᠯᠠᠬᠤ ᠬᠠᠮᠠᠭᠠᠯᠠᠯᠲᠠ ᠶᠢᠨ ︽ᠲᠠᠪᠤᠨ ᠵᠦᠢᠯ︾᠎ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃      ᠨᠠᠢᠮᠠ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠪᠣᠯ ᠣᠳᠣᠬᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠠᠮᠤᠭ ᠤᠨ ᠪᠦᠲᠦᠮᠵᠢᠲᠡᠶ ᠠᠷᠭ᠎ᠠ ᠪᠠᠷᠢᠯ ᠮᠥᠨ᠂ ᠸᠠᠺᠼᠢᠨ ᠤ ᠲᠠᠷᠢᠯᠭ᠎ᠠ ᠬᠢᠬᠦ ᠪᠠᠷ ᠳᠠᠮᠵᠢᠭᠤᠯᠤᠨ ᠬᠥᠮᠦᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠬᠦ ᠲᠦᠭᠰᠢᠭᠦᠷᠢ ᠶᠢ ᠪᠦᠲᠦᠮᠵᠢᠲᠡᠶ ᠪᠠᠭᠠᠰᠬᠠᠵᠤ ᠴᠢᠳᠠᠨ᠎ᠠ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠨᠥᠬᠦᠴᠡᠯ ᠳᠤ ᠨᠡᠶᠢᠴᠡᠬᠦ ᠥᠷᠭᠡᠨ ᠣᠯᠠᠨ ᠰᠠᠭᠤᠭᠠᠯᠢ ᠠᠷᠠᠳ ︽ᠭᠥᠯᠢᠶᠡᠨ ᠠᠪᠬᠤ ᠶᠣᠰᠣᠲᠠᠶ ᠶᠢ ᠨᠢ ᠴᠥᠮ ᠭᠥᠯᠢᠶᠡᠨ ᠠᠪᠬᠤ︾ ᠱᠠᠭᠠᠷᠳᠠᠯᠭ᠎ᠠ ᠶᠣᠰᠣᠭᠠᠷ᠂ ᠠᠯᠢ ᠲᠦᠷᠭᠡᠨ ᠢᠶᠠᠷ ᠲᠠᠷᠢᠯᠭ᠎ᠠ ᠬᠢᠵᠦ᠂ ᠰᠢᠨ᠎ᠡ ᠲᠢᠲᠢᠮᠯᠢᠭ ᠸᠢᠷᠦ᠋ᠰ ᠢ ᠡᠰᠡᠷᠭᠦᠴᠡᠬᠦ ᠡᠭᠡᠯᠢᠯᠡᠭᠡ ᠶᠢᠨ ᠬᠠᠯᠬᠠᠪᠴᠢ ᠶᠢ ᠬᠠᠮᠲᠤ ᠪᠠᠷ ᠴᠣᠭᠴᠠᠯᠠᠨ ᠪᠠᠶᠢᠭᠤᠯᠬᠤ ᠬᠡᠷᠡᠭᠲᠡᠶ᠃      ᠶᠢᠰᠦ᠂ ᠡᠷᠡᠭᠦᠯ ᠪᠥᠭᠡᠳ ᠢᠳᠡᠪᠬᠢᠲᠡᠶ ᠰᠡᠳᠬᠢᠴᠡ ᠶᠢᠨ ᠪᠠᠶᠢᠳᠠᠯ ᠲᠠᠢ ᠪᠠᠶᠢᠬᠤ ᠬᠡᠷᠡᠭᠲᠡᠶ᠃ ᠠᠯᠪᠠᠨ ᠤ ᠲᠠᠯ᠎ᠠ ᠶᠢᠨ ᠡᠷᠬᠡ ᠰᠦᠷᠲᠦ ᠨᠡᠶᠢᠲᠡᠯᠡᠯ᠂ ᠭᠤᠤᠯ ᠤᠷᠤᠰᠬᠠᠯ ᠤᠨ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠵᠢᠩᠬᠢᠨᠢ ᠠᠷᠭ᠎ᠠ ᠵᠠᠮ ᠢᠶᠠᠷ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠪᠣᠯᠤᠨ ᠰᠡᠷᠭᠡᠶᠢᠯᠡᠨ ᠡᠵᠡᠮᠳᠡᠬᠦ ᠮᠡᠳᠡᠯᠭᠡ ᠶᠢ ᠣᠶᠢᠯᠠᠭᠠᠵᠤ᠂ ᠴᠤᠤᠷᠬᠠᠯ ᠢ ᠢᠲᠡᠭᠡᠬᠦ ᠥᠬᠡᠶ᠂ ᠴᠤᠤᠷᠬᠠᠯ ᠢ ᠲᠠᠷᠬᠠᠭᠠᠬᠤ ᠥᠬᠡᠶ᠂ ᠴᠤᠤᠷᠬᠠᠯ ᠲᠠᠯᠪᠢᠬᠤ ᠥᠬᠡᠶ ᠪᠠᠶᠢᠵᠤ᠂ ᠬᠡᠷᠡᠭ ᠥᠬᠡᠶ ᠵᠣᠪᠠᠨᠢᠯ ᠪᠠ ᠭᠡᠯᠮᠡᠭᠳᠡᠯ ᠠᠴᠠ ᠵᠠᠶᠢᠯᠠᠰᠬᠢᠬᠦ ᠬᠡᠷᠡᠭᠲᠡᠶ᠃                                                      ᠵᠢᠯᠣᠭᠤᠳᠬᠤ ᠭᠠᠵᠠᠷ ᠤᠨ ᠬᠠᠷᠢᠯᠴᠠᠬᠤ ᠤᠲᠠᠰᠤ᠄ 0472-8515041      ᠲᠤᠭᠤᠷᠢᠭ ᠤᠨ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠤᠲᠠᠰᠤ᠄ 0472 — 8512573      ᠬᠠᠯᠠᠭᠤᠷᠠᠯ ᠤᠨ ᠡᠭᠦᠳᠡᠨ ᠡᠮᠨᠡᠯᠭᠡ ᠶᠢᠨ ᠤᠲᠠᠰᠤ᠄ 0472-6131615      ᠪᠠᠶᠠᠬᠤᠪᠤᠭ᠎ᠠ ᠠᠭᠤᠷᠬᠠᠶ ᠶᠢᠨ ᠲᠤᠭᠤᠷᠢᠭ ᠤᠨ ᠰᠢᠨ᠎ᠡ ᠲᠢᠲᠢᠮᠯᠢᠭ  ᠠᠭᠤᠰᠬᠢᠨ ᠦᠷᠪᠢᠰᠦᠯ ᠢ      ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                2021 ᠣᠨ ᠤ 8 ᠰᠠᠷ᠎ᠠ ᠶᠢᠨ 3᠎ ᠤ ᠡᠳᠤᠷ
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号