ᠪᠠᠶ᠋ᠬᠠᠤᠪᠤᠭ᠎ᠠ ᠠᠭᠤᠷᠬᠠᠶ ᠶᠢᠨ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠰᠦᠷᠯᠢᠭ ᠰᠠᠶᠢᠬᠠᠨ ᠵᠢᠷᠤᠭ ᠢ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠵᠢᠷᠤᠭᠯᠠᠰᠤᠭᠠᠢ — ᠪᠠᠶ᠋ᠬᠠᠤᠪᠤᠭ᠎ᠠ ᠠᠭᠤᠷᠬᠠᠶ ᠶᠢᠨ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠡᠦ ᠺᠠᠶ ᠶᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2021/8/9
     ᠴᠠᠭ᠄  2021-08-09      ᠬᠦᠨᠳᠦᠲᠦ ᠵᠣᠴᠢᠨ :  ᠪᠠᠶ᠋ᠬᠠᠤᠪᠤᠭ᠎ᠠ ᠠᠭᠤᠷᠬᠠᠶ ᠶᠢᠨ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠡᠦ ᠺᠠᠶ      ᠠᠬᠤᠢ ᠪᠠᠶᠢᠳᠠᠯ᠄  ᠪᠠᠶ᠋ᠬᠠᠤᠪᠤᠭ᠎ᠠ ᠠᠭᠤᠷᠬᠠᠶ ᠶᠢᠨ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠦ᠋ ᠺᠠᠶ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠣᠳᠣᠬᠢᠴᠢᠯᠠᠯᠲᠠ ᠶᠢᠨ ᠰᠢᠨ᠎ᠡ ᠠᠶᠠᠨ ᠤ ᠲᠡᠦᠬᠡᠨ ᠭᠠᠷᠤᠭ᠎ᠠ ᠳᠡᠭᠡᠷ᠎ᠡ ᠵᠣᠭᠰᠣᠵᠤ᠂ ᠪᠠᠶ᠋ᠬᠠᠤᠪᠤᠭ᠎ᠠ ᠠᠭᠤᠷᠬᠠᠶ ᠶᠢᠨ ᠲᠤᠭᠤᠷᠢᠭ ᠤᠨ ᠬᠢᠨ ᠡᠷᠡᠰ ᠭᠤᠶᠢᠪᠢᠰᠢ ᠦᠭᠡᠶ ᠪᠠᠷ ᠰᠢ ᠶᠢᠨ ᠫᠢᠩ ᠶᠡᠷᠦᠩᠬᠡᠶ ᠱᠦᠵᠢ ᠶᠢᠨ ᠳᠣᠯᠣᠭᠠᠨ ᠰᠠᠷ᠎ᠠ ᠶᠢᠨ ᠨᠢᠭᠡᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠪᠦᠬᠦ ᠲᠤᠭᠤᠷᠢᠭ ᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠢ ᠥᠷᠭᠡᠨ ᠢᠶᠠᠷ ᠳᠠᠶᠢᠴᠢᠯᠠᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠡᠴᠦᠰ ᠲᠤᠨᠢ ᠲᠤᠯᠲᠠᠯ᠎ᠠ ᠲᠡᠮᠡᠴᠡᠬᠦ ᠡᠷᠡᠰ ᠵᠣᠷᠢᠭ᠂ ᠥᠷᠢᠰᠥᠯᠳᠦᠭᠡᠨ ᠢ ᠤᠭᠲᠤᠬᠤ ᠢᠲᠡᠭᠡᠯ ᠵᠣᠷᠢᠭ ᠪᠣᠯᠤᠨ ᠴᠥᠬᠦᠷᠡᠰᠢ ᠦᠭᠡᠢ ᠲᠡᠰᠪᠦᠷᠢ ᠲᠡᠪᠴᠢᠶᠡᠷᠢ ᠶᠢ ᠪᠠᠷᠢᠮᠲᠠᠯᠠᠨ ᠴᠢᠷᠮᠠᠶᠢᠨ ᠲᠡᠮᠡᠴᠡᠵᠦ᠂ ᠴᠠᠭ ᠢ ᠠᠮᠵᠢᠵᠤ ᠲᠡᠷᠢᠭᠦᠨ ᠤ ᠬᠢ ᠶᠢ ᠲᠡᠮᠡᠴᠡᠨ ᠣᠯᠵᠤ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠢᠳᠡᠪᠬᠢᠲᠡᠢ ᠪᠠᠷ ᠦᠢᠯᠡᠰ ᠪᠦᠲᠦᠭᠡᠵᠦ᠂ ᠪᠠᠶ᠋ᠬᠠᠤᠪᠤᠭ᠎ᠠ ᠠᠭᠤᠷᠬᠠᠶ ᠶᠢᠨ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠰᠦᠷᠯᠢᠭ ᠰᠠᠶᠢᠬᠠᠨ ᠵᠢᠷᠤᠭ ᠢ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠵᠢᠷᠤᠭᠯᠠᠬᠤ ᠬᠡᠷᠡᠭᠲᠡᠢ᠃      ᠬᠥᠲᠥᠯᠥᠭᠴᠢ ᠯᠢ ᠠᠨ᠄ ᠪᠠᠶ᠋ᠬᠠᠤᠪᠤᠭ᠎ᠠ ᠠᠭᠤᠷᠬᠠᠶ ᠶᠢᠨ ᠲᠤᠭᠤᠷᠢᠭ ᠤᠨ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠮᠵᠢᠯᠲᠠ ᠪᠦᠲᠦᠮᠵᠢ ᠶᠢᠨ ᠲᠤᠬᠠᠶ ᠲᠠ ᠲᠥᠬᠦᠮ ᠡᠷᠭᠢᠴᠡᠭᠦᠯᠦᠯ ᠬᠢᠬᠦ ᠪᠣᠯᠪᠠᠤ︖      ᠬᠦᠨᠳᠦᠲᠦ ᠵᠣᠴᠢᠨ ᠪᠠᠶ᠋ᠬᠠᠤᠪᠤᠭ᠎ᠠ ᠠᠭᠤᠷᠬᠠᠶ ᠶᠢᠨ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠡᠦ ᠺᠠᠶ ᠄ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭ᠎ᠠ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠱᠠᠳᠤ ᠦᠶ᠎ᠡ ᠪᠣᠯᠤᠨ᠎ᠠ᠂ ᠮᠥᠨᠴᠦ ᠪᠠᠶ᠋ᠬᠠᠤᠪᠤᠭ᠎ᠠ ᠠᠭᠤᠷᠬᠠᠢ ᠶᠢᠨ ᠲᠤᠭᠤᠷᠢᠭ ᠤᠨ ᠴᠢᠬᠤᠯᠠ ᠶᠡᠭᠡ ᠥᠷᠢᠰᠥᠯᠳᠦᠭᠡᠨ ᠢ ᠠᠷᠭᠠᠴᠠᠵᠤ᠂ ᠴᠢᠬᠤᠯᠠ ᠶᠡᠭᠡ ᠰᠢᠯᠭᠠᠯᠲᠠ ᠶᠢ ᠳᠠᠭᠠᠭᠠᠵᠤ᠂ ᠴᠢᠬᠤᠯᠠ ᠶᠡᠭᠡ ᠠᠮᠵᠢᠯᠲᠠ ᠣᠯᠤᠭᠰᠠᠨ ᠲᠠᠪᠤᠨ ᠵᠢᠯ ᠪᠣᠯᠤᠨ᠎ᠠ᠃ ᠲᠠᠪᠤᠨ ᠵᠢᠯ ᠤᠨ ᠲᠤᠷᠰᠢ᠂ ᠪᠠᠶ᠋ᠬᠠᠤᠪᠤᠭ᠎ᠠ ᠠᠭᠤᠷᠬᠠᠶ ᠶᠢᠨ ᠲᠤᠭᠤᠷᠢᠭ ᠤᠨ ᠬᠢᠨ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠡᠯ᠎ᠡ ᠵᠦᠢᠯ ᠤᠨ ᠭᠤᠣᠯ ᠬᠠᠷᠠᠯᠲᠠ ᠡᠭᠦᠷᠭᠡ ᠪᠠᠨ ᠠᠮᠵᠢᠯᠲᠠ ᠲᠠᠢ ᠪᠡᠶᠡᠯᠡᠭᠦᠯᠵᠦ᠂ ᠪᠥᠬᠦ ᠤᠯᠤᠰ ᠤᠨ ᠭᠠᠵᠢᠭᠤ ᠨᠣᠮᠯᠠᠯ ᠥᠬᠡᠶ ᠵᠢᠱᠢᠶ᠎ᠡ ᠦᠵᠡᠭᠦᠯᠬᠦ ᠲᠤᠭᠤᠷᠢᠭ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ᠂ ᠤᠯᠤᠰ ᠤᠨ ᠲᠠᠰ ᠤᠨ ᠰᠠᠭᠤᠷᠢ ᠰᠤᠷᠭᠠᠨ ᠬᠥᠮᠦᠵᠢᠯ ᠤᠨ ᠰᠢᠯᠢᠳᠡᠭ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠬᠦ ᠵᠢᠱᠢᠶ᠎ᠡ ᠦᠵᠡᠭᠦᠯᠬᠦ ᠲᠤᠭᠤᠷᠢᠭ᠂ ᠪᠥᠬᠦ ᠤᠯᠤᠰ ᠤᠨ ︽ᠭᠤᠷᠪᠠ ᠥᠬᠡᠶ︾ ᠵᠠᠬᠢᠳᠠᠯ ᠰᠤᠷᠪᠤᠯᠵᠢᠯᠠᠭ᠎ᠠ ᠶᠢᠨ ᠬᠤᠰᠢᠭᠤ ᠰᠢᠶᠠᠨ ᠲᠣᠭᠤᠷᠢᠭ ᠵᠡᠷᠭᠡ ᠢᠷᠠᠭᠤ ᠠᠯᠳᠠᠷ ᠢᠶᠠᠷ ᠦᠨᠡᠯᠡᠭᠳᠡᠵᠦ᠂ ᠠᠵᠤ ᠠᠬᠤᠶ ᠶᠢᠨ ᠪᠥᠲᠥᠭᠡᠨ ᠪᠠᠶᠢᠭᠤᠯᠤᠯᠲᠠ᠂ ᠤᠯᠤᠰ ᠲᠥᠷᠥ ᠶᠢᠨ ᠪᠥᠲᠥᠭᠡᠨ ᠪᠠᠶᠢᠭᠤᠯᠤᠯᠲᠠ᠂ ᠰᠣᠶᠣᠯ ᠤᠨ ᠪᠥᠲᠥᠭᠡᠨ ᠪᠠᠶᠢᠭᠤᠯᠤᠯᠲᠠ᠂ ᠨᠡᠶᠢᠭᠡᠮ ᠤᠨ ᠪᠥᠲᠥᠭᠡᠨ ᠪᠠᠶᠢᠭᠤᠯᠤᠯᠲᠠ᠂ ᠠᠮᠢ ᠠᠬᠤᠶ ᠶᠢᠨ ᠪᠣᠯᠪᠠᠰᠤᠨ ᠤ ᠪᠥᠲᠥᠭᠡᠨ ᠪᠠᠶᠢᠭᠤᠯᠤᠯᠲᠠ ᠪᠠ ᠨᠠᠮ ᠤᠨ ᠪᠥᠲᠥᠭᠡᠨ ᠪᠠᠶᠢᠭᠤᠯᠤᠯᠲᠠ ᠴᠥᠮ ᠢᠯᠡᠳᠲᠡ ᠦᠷ᠎ᠡ ᠪᠦᠲᠦᠮᠵᠢ ᠤᠯᠪᠠ᠃      ᠬᠥᠲᠥᠯᠥᠭᠴᠢ ᠯᠢ ᠠᠨ᠄ ᠬᠤᠶᠢᠰᠢᠳᠠ ᠶᠢᠨ ᠲᠠᠪᠤᠨ ᠵᠢᠯ ᠳᠤ ᠪᠢᠳᠡ ᠬᠡᠷᠬᠢᠨ ᠠᠵᠢᠯᠯᠠᠬᠤ ᠪᠣᠶ︖      ᠬᠦᠨᠳᠦᠲᠦ ᠵᠣᠴᠢᠨ ᠪᠠᠶ᠋ᠬᠠᠤᠪᠤᠭ᠎ᠠ ᠠᠭᠤᠷᠬᠠᠶ ᠶᠢᠨ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠡᠦ ᠺᠠᠶ ᠄ ᠬᠤᠶᠢᠰᠢᠳᠠ ᠶᠢᠨ ᠲᠠᠪᠤᠨ ᠵᠢᠯ ᠪᠣᠯ ᠮᠠᠨ ᠤ ᠤᠯᠤᠰ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠢᠯᠠᠯᠲᠠ ᠶᠢᠨ ᠡᠷᠴᠢᠨ ᠳᠡᠭᠡᠷ᠎ᠡ ᠪᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠠᠩᠬᠠᠳᠠᠭᠴᠢ ᠲᠠᠪᠤᠨ ᠵᠢᠯ ᠪᠣᠯᠤᠨ᠎ᠠ᠂ ᠮᠥᠨᠴᠦ ᠪᠠᠶ᠋ᠬᠠᠤᠪᠤᠭ᠎ᠠ ᠠᠭᠤᠷᠬᠠᠶ ᠶᠢᠨ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ ᠪᠣᠯᠤᠨ᠎ᠠ᠃ ᠮᠠᠨ ᠤ ᠤᠯᠤᠰ ᠤᠳᠤ ᠶᠠᠭ ᠵᠠᠭᠤᠨ ᠵᠢᠯ ᠳᠤ ᠭᠠᠷᠤᠭ᠎ᠠ ᠦᠭᠡᠢ ᠶᠡᠭᠡ ᠬᠤᠪᠢᠰᠤᠯᠲᠠ ᠶᠢᠨ ᠪᠠᠶᠢᠳᠠᠯ ᠳᠤ ᠣᠷᠣᠰᠢᠵᠤ᠂ ᠣᠳᠣᠬᠠᠨ ᠳᠤ ᠬᠡᠰᠡᠭ ᠭᠠᠵᠠᠷ ᠣᠷᠣᠨ ᠳᠤ ᠲᠠᠷᠬᠠᠵᠤ ᠪᠠᠶᠢᠭ᠎ᠠ ᠪᠤᠶᠤ ᠴᠤᠭᠯᠠᠷᠠᠯ ᠤᠨ ᠴᠢᠨᠠᠷᠲᠠᠢ ᠬᠢᠵᠢᠭ ᠤᠨ ᠠᠵᠤ ᠠᠬᠤᠢ ᠳᠤ ᠦᠵᠡᠭᠦᠯᠬᠦ ᠨᠥᠯᠥᠭᠡ ᠶᠢ ᠬᠠᠷᠢᠴᠠᠩᠭᠤᠢ ᠪᠠᠷ ᠡᠵᠡᠮᠳᠡᠵᠦ ᠪᠣᠯᠤᠨ᠎ᠠ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠪᠠ ᠤᠯᠠᠨ ᠤᠯᠤᠰ ᠤᠨ ᠬᠤᠣᠰ ᠣᠷᠴᠢᠯ ᠢ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠠᠬᠢᠭᠤᠯᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠲᠦᠷᠭᠡᠨ ᠪᠠᠶᠢᠵᠤ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠠᠭᠤᠷ ᠠᠮᠢᠰᠬᠤᠯ ᠥᠳᠬᠡᠨ ᠵᠤᠵᠠᠭᠠᠨ ᠪᠠᠶᠢᠵᠤ᠂ ᠠᠵᠤ ᠠᠬᠤᠶ ᠦᠷᠭᠦᠯᠵᠢᠯᠡᠨ ᠲᠣᠭᠲᠠᠭᠤᠨ ᠢᠶᠠᠷ ᠰᠡᠷᠭᠦᠵᠦ ᠪᠠᠶᠢᠨ᠎ᠠ᠃ ᠪᠠᠶ᠋ᠬᠠᠤᠪᠤᠭ᠎ᠠ ᠪᠣᠯ ᠤᠯᠠᠨ ᠠᠴᠠ ᠣᠨᠴᠠᠭᠠᠢ ᠡᠬᠢ ᠪᠠᠶᠠᠯᠢᠭ ᠤᠨ ᠳᠠᠪᠠᠭᠤᠯᠢᠭ᠂ ᠯᠠᠪᠳᠠᠭᠤᠨ ᠪᠠᠲᠤᠲᠠᠢ ᠠᠵᠤ ᠦᠢᠯᠡᠳᠪᠦᠷᠢ ᠶᠢᠨ ᠰᠠᠭᠤᠷᠢ ᠪᠣᠯᠤᠨ ᠭᠦᠨ ᠵᠤᠵᠠᠭᠠᠨ ᠦᠨᠳᠦᠰᠦᠲᠡᠨ ᠤ ᠪᠦᠯᠬᠦᠮᠳᠡᠯ ᠤᠨ ᠤᠯᠠᠮᠵᠢᠯᠠᠯ ᠲᠠᠢ ᠶᠤᠮ᠂ ᠠᠷᠠᠳ ᠤᠯᠠᠨ ᠤ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠬᠦᠰᠡᠯ ᠡᠷᠡᠮᠡᠯᠵᠡᠯ ᠲᠦᠢᠯ ᠤᠨ ᠴᠢᠩᠭ᠎ᠠ ᠪᠠᠶᠢᠨ᠎ᠠ᠃ ᠡᠭᠦᠨ ᠤ ᠬᠠᠮᠲᠤ᠂ ᠪᠥᠬᠦ ᠬᠤᠲᠠ ᠶᠢᠨ ︽ᠳᠥᠷᠪᠡᠨ ᠰᠠᠭᠤᠷᠢᠨ ᠬᠤᠶᠠᠷ ᠲᠥᠪ ᠨᠢᠭᠡ ᠥᠨᠳᠥᠷ ᠭᠠᠵᠠᠷ ᠨᠢᠭᠡ ᠰᠢᠰᠲ᠋ᠧᠮ︾᠎ ᠢ ᠪᠥᠲᠥᠭᠡᠨ ᠪᠠᠶᠢᠭᠤᠯᠬᠤ ᠪᠠ ᠠᠭᠤᠯᠠᠨ ᠬᠤᠶᠢᠲᠤ ᠬᠡᠰᠡᠭ ᠤᠨ ᠭᠠᠵᠠᠷ ᠣᠷᠣᠨ ᠤ ᠬᠥᠭᠵᠢᠯᠲᠡ ᠪᠠᠨ ᠲᠦᠷᠭᠡᠳᠬᠡᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠳᠠᠭᠠᠯᠳᠤᠨ ᠪᠠᠶ᠋ᠬᠠᠤᠪᠤᠭ᠎ᠠ ᠠᠭᠤᠷᠬᠠᠶ ᠶᠢᠨ ᠲᠤᠭᠤᠷᠢᠭ ᠤᠨ ᠰᠠᠭᠤᠷᠢ ᠨᠥᠬᠦᠴᠡᠯ ᠢᠶᠠᠨ ᠰᠠᠶᠢᠵᠢᠷᠠᠭᠤᠯᠬᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠪᠠ ᠴᠡᠪᠡᠷ ᠡᠨᠧᠷᠭᠢ ᠶᠢᠨ ᠠᠵᠤ ᠥᠢᠯᠡᠰ  ᠤᠨ ᠬᠡᠯᠬᠢᠶ᠎ᠡ ᠪᠠᠨ ᠤᠷᠲᠤᠳᠬᠠᠬᠤ᠂ ᠬᠠᠮᠢᠶ᠎ᠠ ᠪᠥᠬᠦᠶ ᠠᠵᠤ ᠥᠢᠯᠡᠰ ᠤᠨ ᠰᠢᠯᠵᠢᠯᠲᠡ ᠶᠢ ᠭᠥᠯᠢᠶᠡᠨ ᠠᠪᠬᠤ ᠳᠤ ᠴᠢᠬᠤᠯᠠ ᠠᠵᠠ ᠲᠣᠬᠢᠶᠠᠯ ᠬᠠᠩᠭᠠᠭᠰᠠᠨ ᠪᠠᠶᠢᠨ᠎ᠠ᠃ ᠡᠶᠢᠮᠦ ᠠᠴᠠ ᠢᠷᠡᠬᠦ ᠲᠠᠪᠤᠨ ᠵᠢᠯ ᠳᠤ᠂ ᠪᠥᠬᠦ ᠲᠤᠭᠤᠷᠢᠭ ᠤᠨ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ ᠄ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠲᠦᠷᠭᠡᠨ ᠠᠭᠤᠰᠤᠯᠴᠠᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠶ ᠵᠠᠮᠨᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾ ᠪᠠ ︽ᠨᠢᠭᠡ ᠪᠠᠬᠢᠯᠡᠯᠲᠡ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠪᠦᠬᠦ ᠬᠤᠲᠠ ᠶᠢᠨ ︽ᠳᠥᠷᠪᠡᠨ ᠰᠠᠭᠤᠷᠢᠨ ᠭᠠᠵᠠᠷ ᠬᠤᠶᠠᠷ ᠲᠥᠪ ᠨᠢᠭᠡ ᠥᠨᠳᠥᠷ ᠭᠠᠵᠠᠷ ᠨᠢᠭᠡ ᠰᠢᠰᠲ᠋ᠧᠮ︾᠎ ᠢ ᠪᠦᠲᠦᠭᠡᠨ ᠪᠠᠶᠢᠭᠤᠯᠬᠤ ᠬᠠᠷᠠᠯᠲᠠ ᠳᠤ ᠭᠦᠨᠵᠡᠭᠡᠶ ᠠᠭᠤᠰᠤᠯᠴᠠᠵᠤ᠂ ︽ᠭᠤᠷᠪᠠᠨ ᠭᠠᠵᠠᠷ ᠨᠢᠭᠡ ᠴᠡᠭ︾᠎ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠲᠠᠢ ᠨᠢᠭᠲᠠ ᠤᠶᠠᠯᠳᠤᠭᠤᠯᠤᠨ᠂ ︽ᠬᠤᠶᠠᠷ ᠬᠦᠷᠢᠶᠡᠯᠡᠩ ᠳᠥᠷᠪᠡᠨ ᠲᠣᠭᠤᠷᠢᠭ︾᠎ ᠢ ᠬᠦᠴᠦᠯᠡᠨ ᠪᠠᠶᠢᠭᠤᠯᠵᠤ᠂ ︽ᠬᠤᠪᠣᠷ ᠰᠢᠷᠣᠶ ᠶᠢᠨ ᠫᠠᠶᠢᠰᠠ︾᠂ ︽ᠡᠬᠢ ᠪᠠᠶᠠᠯᠢᠭ ᠤᠨ ᠫᠠᠶᠢᠰᠠ︾᠎ ᠶᠢ ᠰᠠᠶᠢᠲᠤᠷ ᠡᠷᠭᠦᠵᠦ᠂ ᠠᠵᠤ ᠠᠬᠤᠶ ᠶᠢᠨ ᠪᠥᠲᠥᠭᠡᠨ ᠪᠠᠶᠢᠭᠤᠯᠤᠯᠲᠠ᠂ ᠤᠯᠤᠰ ᠲᠥᠷᠥ ᠶᠢᠨ ᠪᠥᠲᠥᠭᠡᠨ ᠪᠠᠶᠢᠭᠤᠯᠤᠯᠲᠠ᠂ ᠰᠣᠶᠣᠯ ᠤᠨ ᠪᠥᠲᠥᠭᠡᠨ ᠪᠠᠶᠢᠭᠤᠯᠤᠯᠲᠠ᠂ ᠨᠡᠶᠢᠭᠡᠮ ᠤᠨ ᠪᠥᠲᠥᠭᠡᠨ ᠪᠠᠶᠢᠭᠤᠯᠤᠯᠲᠠ᠂ ᠠᠮᠢ ᠠᠬᠤᠶ ᠶᠢᠨ ᠪᠣᠯᠪᠠᠰᠤᠨ ᠤ ᠪᠥᠲᠥᠭᠡᠨ ᠪᠠᠶᠢᠭᠤᠯᠤᠯᠲᠠ ᠪᠠ ᠨᠠᠮ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠴᠡᠴᠡᠭᠯᠡᠨ ᠬᠥᠭᠵᠢᠭᠰᠡᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠪᠠᠶᠠᠬᠤᠪᠤᠭ᠎ᠠ ᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ᠃  ︽ᠭᠤᠷᠪᠠᠨ ᠭᠠᠵᠠᠷ ᠨᠢᠭᠡ ᠴᠡᠭ︾ ᠭᠡᠳᠡᠭ ᠨᠢ ᠳᠠᠷᠤᠶ ᠳᠡᠯᠡᠬᠡᠶ ᠶᠢᠨ ᠰᠢᠨ᠎ᠡ ᠬᠡᠯᠪᠡᠷᠢ ᠶᠢᠨ ᠬᠤᠪᠣᠷ ᠰᠢᠷᠣᠶ ᠶᠢᠨ ᠲᠦᠭᠦᠬᠡᠶ ᠮᠠᠲ᠋ᠧᠷᠢᠶᠠᠯ ᠤᠨ ᠰᠠᠭᠤᠷᠢᠨ ᠭᠠᠵᠠᠷ ᠪᠣᠯᠭᠠᠨ ᠪᠥᠲᠥᠭᠡᠨ ᠪᠠᠶᠢᠭᠤᠯᠬᠤ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠰᠠᠭᠤᠷᠢᠨ ᠭᠠᠵᠠᠷ ᠪᠣᠯᠭᠠᠨ ᠪᠥᠲᠥᠭᠡᠨ ᠪᠠᠶᠢᠭᠤᠯᠬᠤ᠂ ᠥᠪᠡᠷᠲᠡᠭᠡᠨ ᠵᠠᠰᠠᠬᠤ ᠣᠷᠣᠨ ᠤ ᠲᠣᠭᠤᠷᠢᠨ ᠦᠵᠡᠬᠦ ᠵᠢᠭᠤᠯᠴᠢᠯᠠᠯ ᠤᠨ ᠵᠣᠷᠢᠭᠰᠠᠨ ᠭᠠᠵᠠᠷ ᠪᠣᠯᠭᠠᠨ ᠪᠥᠲᠥᠭᠡᠨ ᠪᠠᠶᠢᠭᠤᠯᠬᠤ ᠪᠠ ᠪᠤᠭᠤᠲᠤ ᠬᠤᠲᠠ ᠶᠢᠨ ᠭᠠᠳᠠᠭᠰᠢ ᠨᠡᠭᠡᠭᠡᠯᠲᠡ ᠬᠢᠬᠦ ᠶᠢᠨ ᠴᠢᠬᠤᠯᠠ ᠲᠤᠯᠬᠤ ᠴᠡᠭ ᠪᠣᠯᠭᠠᠨ ᠪᠥᠲᠥᠭᠡᠨ ᠪᠠᠶᠢᠭᠤᠯᠬᠤ ᠶᠠᠪᠤᠳᠠᠯ ᠪᠣᠯᠤᠨ᠎ᠠ᠃ ︽ᠬᠤᠶᠠᠷ ᠬᠦᠷᠢᠶᠡᠯᠡᠩ ᠳᠥᠷᠪᠡᠨ ᠲᠣᠭᠤᠷᠢᠭ︾ ᠭᠡᠳᠡᠭ ᠨᠢ ᠳᠠᠷᠤᠶ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠣᠷᠴᠢᠯ ᠠᠵᠤ ᠠᠬᠤᠶ ᠶᠢᠨ ᠬᠦᠷᠢᠶᠡᠯᠡᠩ ᠢ ᠪᠥᠲᠥᠭᠡᠨ ᠪᠠᠶᠢᠭᠤᠯᠬᠤ᠂  ᠣᠷᠤᠨ ᠠᠯᠤᠰᠯᠠᠭᠰᠠᠨ ᠠᠵᠤ ᠠᠬᠤᠶ ᠶᠢᠨ ᠥᠢᠯᠡᠰ ᠴᠣᠭᠴᠠᠯᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠬᠦᠷᠢᠶᠡᠯᠡᠩ ᠢ ᠪᠥᠲᠥᠭᠡᠨ ᠪᠠᠶᠢᠭᠤᠯᠬᠤ ᠪᠠ ᠤᠬᠠᠭᠠᠯᠢᠭ ᠪᠥᠭᠡᠳ ᠲᠠᠭᠠᠯᠠᠮᠵᠢᠲᠠᠶ ᠰᠣᠳᠣᠨ ᠬᠤᠲᠠ ᠶᠢᠨ ᠲᠣᠭᠤᠷᠢᠭ ᠢ ᠪᠥᠲᠥᠭᠡᠨ ᠪᠠᠶᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪᠯᠡᠷᠡᠭᠰᠡᠨ ᠲᠣᠭᠤᠷᠢᠭ ᠢ ᠪᠥᠲᠥᠭᠡᠨ ᠪᠠᠶᠢᠭᠤᠯᠬᠤ᠂ ᠨᠡᠭᠦᠷᠡᠰᠦᠲᠥ᠋ᠷᠥᠭᠴᠢ ᠶᠢᠨ ᠣᠷᠭᠢᠯ ᠳᠤ ᠬᠥᠷᠬᠦ ᠨᠡᠭᠦᠷᠡᠰᠦᠲᠥ᠋ᠷᠥᠭᠴᠢ ᠶᠢᠨ ᠳᠤᠮᠳᠠ ᠪᠠ ᠤᠷᠢᠳ ᠢᠶᠠᠷ ᠬᠡᠷᠡᠭᠵᠢᠭᠦᠯᠬᠦ ᠲᠣᠭᠤᠷᠢᠭ ᠢ ᠪᠥᠲᠥᠭᠡᠨ ᠪᠠᠶᠢᠭᠤᠯᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠲᠣᠭᠤᠷᠢᠭ ᠢ ᠪᠥᠲᠥᠭᠡᠨ ᠪᠠᠶᠢᠭᠤᠯᠬᠤ ᠶᠠᠪᠤᠳᠠᠯ ᠪᠤᠯᠤᠨ᠎ᠡ᠃      ︽ᠪᠢᠳᠡᠨ ᠤ ᠬᠠᠷᠠᠯᠲᠠ ᠡᠭᠦᠷᠭᠡ ᠶᠢ ᠲᠣᠭᠲᠠᠭᠠᠭᠰᠠᠨ ᠶᠠᠪᠤᠳᠠᠯ ᠪᠣᠯ ᠪᠣᠶ ᠪᠥᠬᠦᠶ ᠠᠭᠤᠷᠬᠠᠶ ᠶᠢᠨ ᠬᠥᠪᠡᠭᠦᠳ ᠥᠬᠢᠳ ᠲᠤ ᠬᠢᠭᠰᠡᠨ ᠲᠥᠪ ᠴᠢᠩᠭ᠎ᠠ ᠠᠮᠠᠯᠠᠯᠲᠠ ᠮᠥᠨ᠃ ᠬᠤᠶᠢᠰᠢᠳᠠ ᠶᠢᠨ ᠲᠠᠪᠤᠨ ᠵᠢᠯ ᠳᠤ᠂ ᠪᠢᠳᠡ ᠨᠢᠭᠡ ᠰᠡᠳᠬᠢᠯ ᠨᠢᠭᠡ ᠵᠣᠷᠢᠭ ᠢᠶᠠᠷ ᠠᠮᠠᠯᠠᠯᠲᠠ ᠪᠠᠨ ᠪᠡᠶᠡᠯᠡᠭᠦᠯᠵᠦ᠂ ᠪᠢᠳᠡ ᠦᠨᠡᠨ ᠶᠣᠰᠣᠨ ᠤ ᠲᠥᠯᠥᠭᠡ ᠡᠷᠡᠭᠡᠯᠵᠡᠯ ᠦᠭᠡᠢ ᠪᠠᠷ ᠪᠣᠳᠠᠲᠠᠢ ᠶᠢ ᠡᠷᠬᠢᠮᠯᠡᠬᠦ ᠬᠡᠷᠡᠭᠲᠡᠢ᠃ ᠡᠶᠢᠮᠦ ᠠᠴᠠ ᠪᠢᠳᠡ ᠡᠷᠬᠡᠪᠰᠢ ︿ᠨᠠᠢᠮᠠᠨ ᠡᠷᠡᠰ ᠭᠤᠶᠢᠪᠢᠰᠢ ᠦᠭᠡᠶ ᠪᠠᠶᠢᠬᠤ﹀᠎ ᠶᠢ ᠪᠡᠶᠡᠯᠡᠭᠦᠯᠬᠦ ᠬᠡᠷᠡᠭᠲᠡᠶ᠂ ᠳᠠᠷᠤᠶ ᠡᠷᠡᠰ ᠭᠤᠶᠢᠪᠢᠰᠢ ᠦᠭᠡᠶ ᠪᠠᠷ ︿ᠬᠤᠶᠠᠷ ᠢ ᠬᠠᠮᠠᠭᠠᠯᠠᠬᠤ﹀᠎ ᠪᠠᠷ ᠦᠨᠳᠦᠰᠦ ᠪᠣᠯᠭᠠᠵᠤ᠂ ᠡᠷᠡᠰ ᠭᠤᠶᠢᠪᠢᠰᠢ ᠦᠭᠡᠢ ᠪᠠᠷ ᠠᠷᠠᠳ ᠲᠦᠮᠡᠨ ᠤ ᠠᠰᠢᠭ ᠲᠤᠰᠠ ᠶᠢ ᠰᠡᠳᠬᠢᠯ ᠳᠡᠭᠡᠨ ᠪᠤᠳᠤᠵᠤ᠂ ᠡᠷᠡᠰ ᠭᠤᠶᠢᠪᠢᠰᠢ ᠦᠭᠡᠢ ᠪᠠᠷ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠡᠷᠡᠰ ᠭᠤᠶᠢᠪᠢᠰᠢ ᠦᠭᠡᠢ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠨᠢᠭᠡᠳᠦᠭᠡᠷ ᠬᠥᠳᠡᠯᠭᠡᠬᠦ ᠬᠦᠴᠦᠨ ᠪᠣᠯᠭᠠᠵᠤ᠂ ᠡᠷᠡᠰ ᠭᠤᠶᠢᠪᠢᠰᠢ ᠦᠭᠡᠢ ᠪᠠᠷ ᠰᠢᠰᠲ᠋ᠧᠮ ᠤᠨ ᠤᠢᠢᠯᠠᠭᠠᠭᠳᠠᠬᠤᠨ ᠢ ᠪᠦᠬᠦ ᠲᠠᠯ᠎ᠠ ᠳᠤ ᠲᠤᠤᠱᠯᠠᠭᠤᠯᠵᠤ᠂ ᠡᠷᠡᠰ ᠭᠤᠶᠢᠪᠢᠰᠢ ᠦᠭᠡᠢ ᠪᠠᠷ ᠬᠠᠤᠯᠢᠵᠢᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ ᠂ ᠡᠷᠡᠰ ᠭᠤᠶᠢᠪᠢᠰᠢ ᠦᠭᠡᠢ ᠪᠠᠷ ᠬᠥᠭᠵᠢᠯᠲᠡ ᠶᠢᠨ ᠬᠦᠴᠦᠨ ᠢ ᠨᠢᠭᠲᠠᠷᠠᠭᠤᠯᠵᠤ᠂ ᠡᠷᠡᠰ ᠭᠤᠶᠢᠪᠢᠰᠢ ᠦᠭᠡᠢ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠴᠦᠰ ᠲᠤᠨᠢ ᠲᠤᠯᠲᠠᠯ᠎ᠠ ᠠᠳᠬᠤᠬᠤ ᠬᠡᠷᠡᠭᠲᠡᠢ᠃ ᠡᠭᠦᠨ ᠤ ᠬᠠᠮᠲᠤ᠂ ᠪᠢᠳᠡ ᠪᠠᠰᠠ ᠭᠠᠵᠠᠷ ᠲᠤᠭᠤᠷᠢᠭ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠠᠵᠤ ᠦᠢᠯᠡᠳᠪᠦᠷᠢ ᠪᠠᠷ ᠲᠤᠭᠤᠷᠢᠭ ᠢᠶᠠᠨ ᠪᠠᠶᠢᠭᠤᠯᠬᠤ ᠶᠢ ᠪᠠᠷᠢᠮᠲᠠᠯᠠᠵᠤ᠂ ᠨᠡᠭᠡᠭᠡᠯᠲᠡ ᠲᠠᠢ ᠪᠠᠷ ᠲᠤᠭᠤᠷᠢᠭ ᠢᠶᠠᠨ ᠠᠮᠢᠳᠤᠯᠢᠭ ᠪᠣᠯᠭᠠᠬᠤ ᠶᠢ ᠪᠠᠷᠢᠮᠲᠠᠯᠠᠵᠤ᠂ ᠵᠤᠭᠠᠴᠠᠯ ᠢᠶᠠᠷ ᠲᠤᠭᠤᠷᠢᠭ ᠢᠶᠠᠨ ᠮᠠᠨᠳᠤᠭᠤᠯᠬᠤ ᠶᠢ ᠪᠠᠷᠢᠮᠲᠠᠯᠠᠵᠤ᠂ ᠦᠢᠯᠡᠴᠢᠯᠡᠭᠡ ᠪᠠᠷ ᠲᠤᠭᠤᠷᠢᠭ ᠢᠶᠠᠨ ᠬᠥᠭᠵᠢᠭᠦᠯᠬᠦ ᠶᠢ ᠪᠠᠷᠢᠮᠲᠠᠯᠠᠵᠤ᠂ ︽ᠬᠤᠪᠣᠷ ᠰᠢᠷᠣᠢ ᠶᠢᠨ ᠰᠣᠶᠣᠯ +︾ ᠪᠠᠶᠢᠯᠳᠤᠬᠤ ᠪᠤᠳᠤᠯᠭ᠎ᠠ ᠶᠢ ᠶᠡᠬᠡᠪᠡᠷ ᠬᠡᠷᠡᠭᠵᠢᠭᠦᠯᠵᠦ᠂ ︿ᠳᠡᠯᠡᠬᠡᠢ ᠶᠢᠨ ᠬᠤᠪᠣᠷ ᠰᠢᠷᠣᠢ ᠶᠢᠨ ᠨᠤᠲᠤᠭ﹀ ︿ᠪᠠᠶ᠋ᠬᠠᠤᠪᠤᠭ᠎ᠠ﹀᠎ ᠶᠢᠨ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠢ ᠠᠭᠤᠳᠠᠯᠤᠨ ᠰᠠᠶᠢᠲᠤᠷ ᠠᠰᠢᠭᠯᠠᠵᠤ᠂ ︿ᠬᠤᠪᠣᠷ ᠰᠢᠷᠣᠢ ᠶᠢᠨ ᠰᠣᠶᠣᠯ﹀᠎ ᠢ ᠬᠤᠳᠠ ᠶᠢᠨ ᠶᠠᠰᠤ ᠰᠢᠷᠪᠥᠰᠥᠨ ᠤ ᠮᠡᠳᠡᠷᠡᠯ ᠳᠤ ᠠᠭᠤᠰᠬᠠᠵᠤ᠂ ︿ᠬᠤᠪᠣᠷ ᠰᠢᠷᠣᠢ ᠶᠢᠨ ᠰᠣᠶᠣᠯ﹀᠎ ᠢᠶᠠᠷ ᠭᠤᠣᠯ ᠪᠣᠯᠭᠠᠭᠰᠠᠨ ᠲᠣᠭᠠᠴᠢᠯᠠᠭᠰᠠᠨ ᠰᠣᠶᠣᠯ ᠤᠨ ᠠᠵᠤ ᠦᠢᠯᠡᠰ ᠪᠣᠯᠤᠨ ᠪᠦᠲᠦᠭᠡᠯᠴᠢ ᠰᠣᠶᠣᠯ ᠤᠨ ᠠᠵᠤ ᠦᠢᠯᠡᠰ ᠢ ᠬᠥᠭᠵᠢᠭᠦᠯᠵᠦ᠂ ᠪᠠᠶ᠋ᠬᠠᠤᠪᠤᠭ᠎ᠠ ᠶᠢᠨ ᠬᠤᠳᠠ ᠶᠢᠨ ᠨᠡᠷ᠎ᠡ ᠠᠯᠳᠠᠷ ᠤᠨ ᠪᠠᠶᠢᠳᠠᠯ᠂ ᠤᠮᠤᠭᠰᠢᠯᠳᠤ ᠰᠡᠳᠬᠢᠯᠭᠡ ᠪᠣᠯᠤᠨ ᠲᠠᠲᠠᠬᠤ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ︾ ᠭᠡᠵᠦ ᠦ᠋ ᠺᠠᠢ ᠬᠡᠯᠡᠪᠡ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号