ᠯᠢ ᠺᠧ ᠴᠢᠶᠠᠩ ᠬᠤᠷᠠᠯ ᠢ ᠡᠷᠬᠢᠯᠡᠵᠦ ᠯᠢ ᠵᠠᠨ ᠱᠤ᠋ ᠸᠠᠩ ᠬᠤ᠋ ᠨᠢᠩ ᠵᠤᠤ ᠯᠧ ᠵᠢᠢ ᠬᠠᠨ ᠵᠧᠩ ᠬᠤᠷᠠᠯ ᠳᠤ | ᠣᠷᠣᠯᠴᠠᠵᠤ ᠸᠠᠩ ᠶᠠᠩ ᠶᠠᠷᠢᠶ᠎ᠠ ᠲᠠᠯᠪᠢᠵᠠᠢ | | ᠲᠥᠪ ᠤᠨ ᠦᠨᠳᠦᠰᠦᠲᠡᠨ ᠤ ᠠᠵᠢᠯ ᠤᠨ ᠬᠤᠷᠠᠯ 8 ᠰᠠᠷ᠎ᠠ ᠶᠢᠨ 27 ᠠᠴᠠ 28 ᠤ ᠡᠳᠦᠷ ᠪᠣᠯᠲᠠᠯ᠎ᠠ ᠪᠡᠭᠡᠵᠢᠩ ᠳᠤ | ᠬᠤᠷᠠᠯᠳᠤᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠤᠷᠠᠯ ᠳᠤ | ᠣᠷᠣᠯᠴᠠᠭᠰᠠᠨ ᠪᠦᠭᠡᠳ ᠴᠢᠬᠤᠯᠠ ᠶᠠᠷᠢᠶ᠎ᠠ ᠲᠠᠯᠪᠢᠵᠦ᠂ ᠮᠠᠨ ᠤ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠣᠨᠣᠪᠴᠢᠲᠠᠢ ᠡᠵᠡᠮᠰᠢᠬᠦ ᠪᠠ ᠪᠦᠬᠦ ᠲᠠᠯ᠎ᠠ ᠪᠠᠷ ᠲᠤᠭᠤᠰᠢᠯᠠᠭᠤᠯᠵᠤ | ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ | ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠡᠷᠡᠰ | ᠭᠤᠶᠢᠪᠢᠰᠢ ᠦᠭᠡᠢ ᠵᠠᠮᠨᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ | ᠪᠠᠶᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠤ | ᠭᠠᠵᠠᠷ ᠣᠷᠣᠨ ᠤ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠠᠯᠬᠤᠴᠠ ᠪᠠᠨ ᠲᠦᠷᠭᠡᠳᠬᠡᠬᠦ ᠶᠢ ᠲᠦᠯᠬᠢᠨ | ᠠᠬᠢᠭᠤᠯᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠬᠠᠤᠯᠢᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ | ᠦᠨᠳᠦᠰᠦᠲᠡᠨ ᠤ ᠬᠦᠷᠢᠶᠡᠨ ᠳᠠᠬᠢ ᠠᠶᠤᠯ ᠲᠦᠭᠰᠢᠭᠦᠷᠢ ᠭᠡᠮ ᠰᠣᠭᠤᠭ ᠢ ᠰᠡᠷᠭᠡᠶᠢᠯᠡᠨ ᠨᠠᠮᠳᠠᠭᠠᠵᠤ᠂ ᠰᠢᠨ᠎ᠡ ᠴᠠᠭ | ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠪᠦᠬᠦ ᠨᠠᠮ ᠪᠦᠬᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠶᠢᠴᠢᠯᠠᠨ ᠨᠡᠶᠢᠭᠡᠮ ᠵᠢᠷᠤᠮᠲᠤ ᠣᠳᠣᠬᠢᠴᠢᠯᠠᠭᠰᠠᠨ | ᠬᠦᠴᠦᠷᠬᠡᠭ ᠤᠯᠤᠰ ᠢ ᠪᠦᠬᠦ ᠲᠠᠯ᠎ᠠ ᠪᠠᠷ ᠪᠡᠶᠡᠯᠡᠬᠦᠯᠬᠦ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ | ᠪᠡᠶᠡᠯᠡᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ᠃ | | | | | 8 ᠰᠠᠷ᠎ᠠ ᠶᠢᠨ 27 ᠠᠴᠠ 28 ᠤ ᠡᠳᠦᠷ ᠪᠣᠯᠲᠠᠯ᠎ᠠ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ | ᠪᠡᠭᠡᠵᠢᠩ ᠳᠤ ᠬᠤᠷᠠᠯᠳᠤᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠤᠷᠠᠯ ᠳᠤ | ᠣᠷᠣᠯᠴᠠᠭᠰᠠᠨ ᠪᠦᠭᠡᠳ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠫᠠᠩ ᠰᠢᠩ ᠯᠧᠢ ᠰᠡᠭᠦᠳᠡᠷᠯᠡᠪᠡ | ᠯᠢ ᠺᠧ ᠴᠢᠶᠠᠩ ᠬᠤᠷᠠᠯ ᠢ ᠡᠷᠬᠢᠯᠡᠪᠡ᠃ ᠯᠢ ᠵᠠᠨ ᠱᠤ᠋᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ | ᠬᠤᠷᠠᠯ ᠳᠤ ᠣᠷᠣᠯᠴᠠᠪᠠ᠃ ᠸᠠᠩ ᠶᠠᠩ ᠳ᠋ᠦᠩᠨᠡᠯᠲᠡ ᠶᠢᠨ ᠶᠠᠷᠢᠶ᠎ᠠ ᠲᠠᠯᠪᠢᠪᠠ᠃ | ᠰᠢ ᠵᠢᠨᠫᠢᠩ ᠶᠠᠷᠢᠶᠠᠨ ᠳᠠᠭᠠᠨ᠂ ᠨᠠᠮ ᠤᠨ ᠵᠠᠭᠤᠨ ᠵᠢᠯ ᠤᠨ ᠲᠡᠦᠬᠡᠨ ᠶᠠᠪᠤᠴᠠ ᠶᠢ ᠡᠷᠭᠢᠴᠡᠭᠦᠯᠪᠡᠯ᠂ ᠨᠠᠮ ᠤᠨ | ᠦᠨᠳᠦᠰᠦᠲᠡᠨ ᠤ ᠠᠵᠢᠯ ᠤᠨ ᠣᠯᠤᠭᠰᠠᠨ ᠬᠠᠮᠤᠭ ᠤᠨ ᠶᠡᠭᠡ ᠠᠮᠵᠢᠯᠲᠠ ᠪᠦᠲᠦᠮᠵᠢ ᠪᠣᠯ ᠳᠠᠷᠤᠢ ᠳᠤᠮᠳᠠᠳᠤ ᠤᠯᠤᠰ ᠤᠨ | ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢ ᠨᠡᠭᠡᠭᠡᠭᠰᠡᠨ ᠶᠠᠪᠤᠳᠠᠯ ᠪᠣᠯᠤᠨ᠎ᠠ᠃ | ᠥᠭᠡᠷᠡᠴᠢᠯᠡᠯᠲᠡ ᠨᠡᠭᠡᠭᠡᠯᠳᠡ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠨᠠᠮ | ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ᠂ ᠳᠤᠮᠳᠠᠳᠤ ᠶᠢᠨ | ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠵᠡᠷᠭᠡ ᠣᠶᠢᠯᠠᠭᠠᠭᠳᠠᠬᠤᠨ ᠢ ᠴᠢᠬᠤᠯᠠᠴᠢᠯᠠᠵᠤ᠂ | ᠤᠳᠤᠮ ᠤᠯᠠᠮᠵᠢᠯᠠᠯ ᠨᠢᠭᠡᠲᠡᠢ ᠮᠥᠷᠲᠡᠭᠡᠨ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠨᠠᠮ ᠤᠨ ᠦᠨᠳᠦᠰᠦᠲᠡᠨ ᠤ ᠤᠨᠤᠯ | ᠪᠠ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠵᠤ᠂ ᠦᠨᠳᠦᠰᠦᠲᠡᠨ ᠤ ᠠᠰᠠᠭᠤᠳᠠᠯ ᠢ ᠡᠵᠡᠮᠳᠡᠬᠦ᠂ | ᠦᠨᠳᠦᠰᠦᠲᠡᠨ ᠤ ᠠᠵᠢᠯ ᠢ ᠰᠠᠶᠢᠲᠤᠷ ᠬᠢᠬᠦ ᠡᠷᠬᠢᠮ ᠨᠠᠨᠳᠢᠨ ᠲᠤᠷᠰᠢᠯᠭ᠎ᠠ ᠶᠢ ᠬᠤᠷᠠᠮᠳᠤᠭᠤᠯᠵᠤ᠂ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠢ ᠨᠠᠮ ᠤᠨ ᠴᠢᠬᠤᠯᠠ ᠦᠵᠡᠯ ᠰᠠᠨᠠᠭ᠎ᠠ ᠶᠢ ᠪᠦᠷᠢᠯᠳᠦᠭᠦᠯᠪᠡ᠂ ᠡᠭᠦᠨ ᠢ | ᠬᠤᠷᠢᠶᠠᠩᠭᠤᠶᠢᠯᠠᠪᠠᠯ ᠳᠣᠣᠷᠠᠬᠢ ᠬᠡᠳᠦᠨ ᠲᠠᠯ᠎ᠠ ᠪᠤᠢ᠃ ᠨᠢᠭᠡ ᠳᠤ ᠡᠷᠬᠡᠪᠰᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠠᠵᠢᠯ ᠤᠨ ᠲᠡᠦᠬᠡᠨ ᠣᠷᠣᠨ ᠪᠠᠶᠢᠷᠢ ᠶᠢ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠵᠣᠷᠢᠯᠲᠠ ᠪᠠ ᠲᠤᠰᠤᠯᠳᠠ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠬᠤᠶᠠᠷ ᠲᠤ ᠡᠷᠬᠡᠪᠰᠢ | ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠶᠢᠨ ᠲᠥᠯᠥᠭᠡ ᠬᠠᠮᠲᠤ ᠪᠠᠷ ᠲᠡᠮᠡᠴᠡᠬᠦ ᠶᠢ ᠠᠬᠢᠭᠤᠯᠬᠤ ᠶᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ | ᠠᠵᠢᠯ ᠤᠨ ᠴᠢᠬᠤᠯᠠ ᠡᠭᠦᠷᠭᠡ ᠪᠣᠯᠭᠠᠵᠤ᠂ ᠦᠨᠳᠦᠰᠦᠲᠡᠨ ᠨᠦᠭᠦᠳ ᠤᠨ ᠴᠠᠭ ᠦᠶ᠎ᠡ ᠶᠢᠨ ᠠᠯᠬᠤᠭ᠎ᠠ ᠶᠢ ᠰᠠᠯᠤᠯ ᠦᠭᠡᠢ | ᠲᠠᠭᠠᠵᠤ᠂ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠬᠡᠷᠡᠭᠲᠡᠢ᠃ | ᠭᠤᠷᠪᠠ ᠳᠤ ᠡᠷᠬᠡᠪᠰᠢ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ | ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠪᠣᠯᠭᠠᠵᠤ᠂ ᠦᠨᠳᠦᠰᠦᠲᠡᠨ ᠨᠦᠭᠦᠳ ᠤᠨ | ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ | ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠳᠡᠭᠡᠳᠦ ᠬᠡᠮᠵᠢᠶᠡᠨ ᠤ ᠬᠠᠮᠲᠤ ᠶᠢᠨ | ᠲᠠᠨᠢᠯᠲᠠ ᠶᠢ ᠪᠠᠲᠤᠳᠬᠠᠬᠤ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠪᠠᠶᠢᠭᠤᠯᠤᠯᠲᠠ ᠶᠢ | ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠲᠦᠷᠪᠡ ᠳᠤ ᠡᠷᠬᠡᠪᠰᠢ ᠳᠤᠮᠳᠠᠳᠤ ᠶᠢᠨ ᠦᠨᠳᠦᠰᠦᠲᠡᠨ ᠤ ᠵᠥᠪ ᠲᠡᠦᠬᠡ ᠶᠢᠨ | ᠦᠵᠡᠯᠲᠡ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠲᠤᠬᠠᠢ ᠮᠡᠳᠡᠷᠡᠬᠦ ᠲᠦᠷᠦᠭᠳᠡᠯ ᠪᠠ ᠣᠮᠣᠭᠰᠢᠯᠲᠤ | ᠲᠦᠷᠦᠭᠳᠡᠯ ᠢᠶᠠᠨ ᠨᠡᠮᠡᠭᠳᠡᠭᠦᠯᠬᠦ ᠬᠡᠷᠡᠭᠲᠡᠢ᠃ ᠲᠠᠪᠤ ᠳᠤ ᠡᠷᠬᠡᠪᠰᠢ ᠦᠨᠳᠦᠰᠦᠲᠡᠨ ᠨᠦᠭᠦᠳ ᠴᠥᠮ ᠡᠷᠬᠡ ᠲᠡᠭᠰᠢ ᠪᠠᠶᠢᠬᠤ ᠶᠢ | ᠪᠠᠷᠢᠮᠲᠠᠯᠠᠵᠤ᠂ ᠦᠨᠳᠦᠰᠦᠲᠡᠨ ᠨᠦᠭᠦᠳ ᠬᠠᠮᠲᠤ ᠪᠠᠷ ᠡᠷᠬᠡ ᠮᠡᠳᠡᠵᠦ ᠡᠵᠡᠨ ᠰᠠᠭᠤᠵᠤ᠂ ᠲᠦᠷᠦ ᠶᠢᠨ ᠬᠡᠷᠡᠭ ᠶᠠᠪᠤᠳᠠᠯ ᠤᠨ | ᠬᠠᠮᠢᠶᠠᠷᠤᠯᠲᠠ ᠳᠤ ᠣᠷᠣᠯᠴᠠᠬᠤ ᠶᠢ ᠪᠠᠲᠤᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠤᠯᠢ ᠶᠣᠰᠣᠨ ᠤ | ᠡᠷᠬᠡ ᠠᠰᠢᠭ ᠢ ᠪᠠᠲᠤᠯᠠᠬᠤ ᠬᠡᠷᠡᠭᠲᠡᠢ᠃ ᠵᠢᠷᠭᠤᠭ᠎ᠠ ᠳᠤ ᠡᠷᠬᠡᠪᠰᠢ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠤᠨ | ᠲᠤᠭ ᠢ ᠥᠨᠳᠥᠷ ᠮᠠᠨᠳᠤᠭᠤᠯᠵᠤ᠂ ᠦᠨᠳᠦᠰᠦᠲᠡᠨ ᠨᠦᠭᠦᠳ ᠤᠨ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ | ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠬᠤ ᠬᠡᠷᠡᠭᠲᠡᠢ᠃ ᠲᠤᠯᠤᠭ᠎ᠠ ᠳᠤ ᠡᠷᠬᠡᠪᠰᠢ ᠦᠨᠳᠦᠰᠦᠲᠡᠨ ᠤ | ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ ᠤᠨ ᠲᠥᠪ ᠬᠤᠷᠢᠶᠠᠨ ᠤ ᠵᠠᠰᠠᠭ ᠤᠨ | ᠵᠠᠷᠯᠢᠭ ᠤᠨ ᠰᠠᠭᠠᠳ ᠦᠭᠡᠢ ᠶᠠᠪᠤᠭᠳᠠᠬᠤ ᠶᠢ ᠦᠨᠡᠨ ᠬᠦ ᠪᠠᠲᠤᠯᠠᠵᠤ᠂ ᠤᠯᠤᠰ ᠤᠨ ᠬᠠᠤᠯᠢ ᠴᠠᠭᠠᠵᠠ ᠬᠠᠤᠯᠢ | ᠲᠣᠭᠲᠠᠭᠠᠯ ᠤᠨ ᠬᠡᠷᠡᠭᠵᠢᠭᠦᠯᠦᠯᠲᠡ ᠶᠢ ᠦᠨᠡᠨ ᠬᠦ ᠪᠠᠲᠤᠯᠠᠵᠤ᠂ ᠦᠨᠳᠦᠰᠦᠲᠡᠨ ᠨᠦᠭᠦᠳ ᠤᠨ ᠠᠵᠤ ᠠᠬᠤᠢ ᠪᠠᠨ | ᠬᠥᠭᠵᠢᠭᠦᠯᠬᠦ᠂ ᠠᠷᠠᠳ ᠤᠨ ᠠᠮᠢᠳᠤᠷᠠᠯ ᠢᠶᠠᠨ ᠰᠠᠶᠢᠵᠢᠷᠠᠭᠤᠯᠬᠤ ᠶᠢ ᠲᠡᠮᠵᠢᠵᠤ᠂ ᠬᠠᠮᠲᠤ ᠪᠠᠷ ᠬᠥᠭᠵᠢᠬᠦ᠂ ᠬᠠᠮᠲᠤ ᠪᠠᠷ | ᠪᠠᠶᠠᠵᠢᠬᠤ ᠶᠢ ᠪᠡᠶᠡᠯᠡᠭᠦᠯᠬᠦ ᠬᠡᠷᠡᠭᠲᠡᠢ᠃ ᠨᠠᠢᠮᠠ ᠳᠤ ᠡᠷᠬᠡᠪᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ | ᠰᠠᠨᠠᠭᠠᠨ ᠤ ᠭᠡᠷ ᠣᠷᠣᠨ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠬᠦᠮᠦᠨ ᠤ ᠰᠡᠳᠬᠢᠯ ᠨᠢᠭᠡᠳᠴᠦ᠂ ᠤᠶᠤᠨ ᠰᠠᠨᠠᠭ᠎ᠠ | ᠬᠠᠷᠢᠯᠴᠠᠨ ᠲᠦᠰᠢᠯᠴᠡᠵᠦ᠂ ᠰᠡᠳᠭᠢᠯ ᠨᠢᠭᠡᠳᠦᠨ ᠪᠦᠯᠬᠦᠮᠳᠡᠨ ᠤᠷᠤᠭᠰᠢᠯᠠᠭᠰᠠᠨ ᠬᠦᠴᠦᠷᠬᠡᠭ ᠶᠡᠭᠡ ᠤᠶᠤᠨ ᠰᠠᠨᠠᠭᠠᠨ ᠤ | ᠬᠤᠯᠪᠣᠭᠠᠰᠤ ᠶᠢ ᠪᠦᠷᠢᠯᠳᠦᠭᠦᠯᠬᠦ ᠬᠡᠷᠡᠭᠲᠡᠢ᠃ ᠶᠢᠰᠦ ᠳᠤ ᠡᠷᠬᠡᠪᠰᠢ ᠦᠨᠳᠦᠰᠦᠲᠡᠨ ᠨᠦᠭᠦᠳ ᠤᠨ ᠥᠷᠭᠡᠨ ᠳᠡᠯᠭᠡᠷ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠨᠦᠭᠦᠳ ᠤᠨ ᠬᠦᠰᠡᠯᠡᠩ᠂ ᠢᠲᠡᠭᠡᠯ ᠪᠢᠰᠢᠷᠡᠯ᠂ | ᠬᠠᠶᠢᠷ᠎ᠠ ᠰᠡᠳᠬᠢᠯᠭᠡ᠂ ᠰᠣᠶᠣᠯ ᠤᠨ ᠲᠠᠯ᠎ᠠ ᠪᠠᠷ ᠬᠢ ᠪᠦᠯᠬᠦᠮᠳᠡᠯ ᠨᠢᠭᠡᠳᠦᠯ ᠢ ᠠᠬᠢᠭᠤᠯᠵᠤ᠂ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠵᠤ᠂ ᠠᠬ᠎ᠠ ᠳᠡᠭᠦᠦ ᠮᠡᠲᠤ ᠲᠤᠳᠤᠨᠤ ᠪᠠᠶᠢᠬᠤ ᠬᠡᠷᠡᠭᠲᠡᠢ᠃ ᠠᠷᠪᠠ ᠳᠤ ᠡᠷᠬᠡᠪᠰᠢ ᠦᠨᠳᠦᠰᠦᠲᠡᠨ ᠤ ᠬᠡᠷᠡᠭ | ᠶᠠᠪᠤᠳᠠᠯ ᠢ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ | ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ᠃ ᠠᠷᠪᠠᠨ ᠨᠢᠭᠡ ᠳᠤ ᠡᠷᠬᠡᠪᠰᠢ | ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠵᠤ᠂ | ᠦᠨᠳᠦᠰᠦᠲᠡᠨ ᠨᠦᠭᠦᠳ ᠤᠯᠤᠰ ᠢᠶᠠᠨ ᠬᠠᠶᠢᠷᠠᠯᠠᠬᠤ ᠦᠵᠡᠯ ᠤᠨ ᠤᠯᠠᠮᠵᠢᠯᠠᠯ ᠢᠶᠠᠨ ᠵᠠᠯᠭᠠᠮᠵᠢᠯᠠᠨ ᠪᠠᠳᠠᠷᠠᠭᠤᠯᠬᠤ ᠶᠢ | ᠬᠦᠳᠦᠯᠦᠨ ᠲᠠᠭᠠᠭᠤᠯᠵᠤ᠂ ᠡᠬᠡ ᠤᠯᠤᠰ ᠤᠨ ᠨᠢᠭᠡᠳᠦᠯ᠂ ᠤᠯᠤᠰ ᠣᠷᠣᠨ ᠤ ᠠᠮᠤᠷ ᠲᠦᠪᠰᠢᠨ᠂ ᠨᠡᠶᠢᠭᠡᠮ ᠤᠨ | ᠲᠣᠭᠲᠠᠭᠤᠨ ᠪᠠᠶᠢᠳᠠᠯ ᠢ ᠤᠬᠠᠮᠰᠠᠷ ᠠᠴᠠ ᠪᠠᠨ ᠬᠠᠮᠠᠭᠠᠯᠠᠬᠤ ᠬᠡᠷᠡᠭᠲᠡᠢ᠃ ᠠᠷᠪᠠᠨ ᠬᠤᠶᠠᠷ ᠲᠤ ᠡᠷᠬᠡᠪᠰᠢ ᠦᠨᠳᠦᠰᠦᠲᠡᠨ ᠤ | ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ᠂ | ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠮᠠᠨ ᠤ ᠨᠠᠮ ᠤᠨ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯ ᠨᠠᠮ ᠤᠨ | ᠦᠨᠳᠦᠰᠦᠲᠡᠨ ᠤ ᠠᠵᠢᠯ ᠤᠨ ᠤᠨᠤᠯ ᠪᠠ ᠦᠢᠯᠡᠳᠦᠯᠭᠡ ᠶᠢᠨ ᠤᠶᠤᠨ ᠤᠬᠠᠭᠠᠨ ᠤ ᠲᠠᠯᠠᠰᠳᠤ ᠮᠥᠨ᠂ ᠰᠢᠨ᠎ᠡ ᠴᠠᠭ | ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠦᠨᠳᠦᠰᠦᠨ ᠵᠢᠷᠤᠮᠯᠠᠯ ᠮᠥᠨ᠂ ᠪᠦᠬᠦ ᠨᠠᠮ ᠤᠨ ᠬᠢᠨ ᠡᠷᠬᠡᠪᠰᠢ ᠪᠦᠷᠢᠨ | ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠡᠵᠡᠮᠳᠡᠨ ᠲᠤᠭᠤᠰᠢᠯᠠᠭᠤᠯᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃ | ᠰᠢ ᠶᠢᠨ ᠫᠢᠩ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠳᠤᠮᠳᠠᠳᠤ ᠶᠢᠨ | ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠨᠠᠮ ᠤᠨ ᠦᠨᠳᠦᠰᠦᠲᠡᠨ ᠤ ᠠᠵᠢᠯ ᠤᠨ | ᠭᠤᠣᠯ ᠰᠢᠵᠢᠮ ᠪᠣᠯᠭᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ | ᠴᠤᠭᠴᠠᠯᠠᠬᠤ ᠪᠣᠯ ᠳᠠᠷᠤᠢ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠦᠲᠦᠯᠦᠨ ᠲᠠᠭᠠᠭᠤᠯᠵᠤ ᠪᠠᠶᠢᠭᠠᠳ ᠬᠦᠴᠢᠷ | ᠪᠡᠷᠬᠡ ᠶᠢ ᠬᠠᠮᠳᠦ ᠪᠠᠷ ᠲᠤᠭᠤᠯᠬᠤ᠂ ᠵᠢᠷᠭᠠᠯ ᠵᠣᠪᠠᠯ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ | ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠴᠣᠭᠴᠠ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠬᠤ ᠶᠠᠪᠤᠳᠠᠯ ᠪᠣᠯᠤᠨ᠎ᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ | ᠦᠨᠳᠦᠰᠦᠲᠡᠨ ᠨᠦᠭᠦᠳ ᠤᠨ ᠦᠨᠳᠦᠰᠦᠨ ᠠᠰᠢᠭ ᠲᠤᠰᠠ ᠶᠢ ᠬᠠᠮᠠᠭᠠᠯᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ | ᠭᠠᠭᠴᠠ ᠬᠦ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠤᠭᠴᠠᠯᠠᠵᠤ᠂ ᠤᠯᠤᠰ | ᠣᠷᠣᠨ ᠤ ᠨᠢᠭᠡᠳᠦᠯ ᠪᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠪᠠᠲᠤ ᠪᠠᠬᠢ ᠦᠵᠡᠯ ᠰᠠᠨᠠᠭᠠᠨ ᠤ ᠤᠷᠳᠤ ᠴᠠᠭᠠᠨ | ᠬᠡᠷᠡᠮ ᠢ ᠪᠠᠶᠢᠭᠤᠯᠵᠤ᠂ ᠦᠨᠳᠦᠰᠦᠲᠡᠨ ᠨᠦᠭᠦᠳ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ | ᠬᠠᠮᠲᠤ ᠪᠠᠷ ᠰᠠᠶᠢᠲᠤᠷ ᠬᠠᠮᠠᠭᠠᠯᠠᠪᠠᠯ ᠰᠠᠶ᠋ᠢ ᠡᠯ᠎ᠡ ᠵᠦᠢᠯ ᠤᠨ ᠬᠡᠲᠦᠷᠡᠮᠡᠬᠡᠢ᠂ ᠬᠠᠭᠠᠴᠡᠭᠤᠯᠬᠤ ᠦᠵᠡᠯ ᠰᠠᠨᠠᠭᠠᠨ ᠤ | ᠨᠡᠪᠴᠢᠯᠲᠡ ᠨᠤᠷᠠᠭᠠᠯᠲᠠ ᠶᠢ ᠪᠦᠲᠦᠮᠵᠢᠲᠡᠢ ᠡᠰᠡᠷᠭᠦᠴᠡᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠶᠢᠨ | ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠪᠡᠶᠡᠯᠡᠭᠦᠯᠵᠦ᠂ ᠦᠨᠳᠦᠰᠦᠲᠡᠨ ᠨᠦᠭᠦᠳ ᠤᠨ | ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠵᠦ ᠴᠢᠳᠠᠨ᠎ᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠭᠠᠭᠴᠠ | ᠬᠦ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠪᠠᠯ ᠰᠠᠶ᠋ᠢ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠴᠠ ᠳᠤ ᠦᠨᠳᠦᠰᠦᠲᠡᠨ ᠤ ᠬᠦᠷᠢᠶᠡᠨ ᠳᠤ | ᠡᠭᠦᠰᠴᠦ ᠮᠡᠳᠡᠬᠦ ᠠᠶᠤᠯ ᠲᠦᠭᠰᠢᠭᠦᠷᠢ ᠪᠠ ᠦᠷᠢᠰᠦᠯᠳᠦᠭᠡᠨ ᠢ ᠪᠦᠲᠦᠮᠵᠢᠲᠡᠢ ᠠᠷᠭᠠᠴᠠᠭᠠᠵᠤ᠂ ᠨᠠᠮ ᠪᠠ ᠤᠯᠤᠰ ᠣᠷᠣᠨ ᠤ | ᠬᠥᠭᠵᠢᠨ ᠮᠠᠨᠳᠤᠬᠤ᠂ ᠥᠨᠢ ᠤᠳᠠᠭᠠᠨ ᠠᠮᠤᠷ ᠲᠦᠪᠰᠢᠨ ᠪᠠᠶᠢᠬᠤ ᠳᠤ ᠴᠢᠬᠤᠯᠠ ᠦᠵᠡᠯ ᠰᠠᠨᠠᠭᠠᠨ ᠤ ᠪᠠᠲᠤᠯᠠᠭ᠎ᠠ | ᠬᠠᠩᠭᠠᠵᠤ ᠴᠢᠳᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠣᠯ | ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠬᠤ ᠡᠶ᠎ᠡ ᠵᠣᠬᠢᠴᠠᠩᠭᠤᠢ ᠨᠡᠶᠢᠭᠡᠮ ᠵᠢᠷᠤᠮ ᠤᠨ ᠦᠨᠳᠦᠰᠦᠲᠡᠨ ᠤ | ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠭᠠᠭᠴᠠ ᠬᠦ ᠳᠤᠮᠳᠠᠳᠤ ᠶᠢᠨ | ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠤᠭᠴᠠᠯᠠᠪᠠᠯ ᠰᠠᠶ᠋ᠢ ᠦᠨᠳᠦᠰᠦᠲᠡᠨ ᠨᠦᠭᠦᠳ ᠤᠨ | ᠳᠤᠮᠳᠠᠳᠤ ᠶᠢᠨ ᠦᠨᠳᠦᠰᠦᠲᠡᠨ ᠤ ᠲᠤᠬᠠᠢ ᠤᠬᠠᠮᠰᠠᠷᠳᠤ ᠬᠠᠮᠳᠤ ᠶᠢᠨ ᠲᠠᠨᠢᠯᠳᠠ ᠶᠢ ᠨᠡᠮᠡᠭᠳᠡᠭᠦᠯᠵᠦ᠂ ᠮᠠᠨ ᠤ ᠤᠯᠤᠰ ᠤᠨ | ᠦᠨᠳᠦᠰᠦᠲᠡᠨ ᠤ ᠬᠠᠷᠢᠴᠠᠭ᠎ᠠ ᠶᠢᠨ ᠬᠥᠭᠵᠢᠯᠲᠡ ᠶᠢᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠳᠤᠮᠳᠠᠳᠤ ᠶᠢᠨ | ᠦᠨᠳᠦᠰᠦᠲᠡᠨ ᠢ ᠬᠠᠮᠳᠤ ᠶᠢᠨ ᠲᠠᠨᠢᠯᠳᠠ ᠶᠢᠨ ᠬᠡᠮᠵᠢᠶ᠎ᠡ ᠪᠠᠷ ᠨᠡᠩ ᠥᠨᠳᠥᠷ᠂ ᠨᠢᠭᠲᠠᠷᠠᠯ ᠤᠨ ᠬᠦᠴᠦᠨ ᠢᠶᠠᠷ ᠨᠡᠩ ᠴᠢᠩᠭ᠎ᠠ | ᠬᠤᠪᠢ ᠵᠠᠶᠠᠭᠠᠨ ᠤ ᠬᠠᠮᠲᠤ ᠴᠣᠭᠴᠠ ᠪᠤᠯᠭᠠᠬᠤ ᠶᠢ ᠠᠬᠢᠭᠤᠯᠵᠤ ᠴᠢᠳᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠨᠠᠮ ᠤᠨ ᠦᠨᠳᠦᠰᠦᠲᠡᠨ ᠤ ᠠᠵᠢᠯ ᠤᠨ ᠰᠢᠨ᠎ᠡ ᠪᠠᠶᠢᠳᠠᠯ ᠢ | ᠡᠭᠦᠳᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠭᠠᠭᠴᠠ ᠬᠦ ᠴᠠᠭ ᠦᠶ᠎ᠡ ᠶᠢᠨ ᠬᠤᠪᠢᠷᠠᠯᠲᠠ ᠶᠢ ᠳᠠᠭᠠᠵᠤ᠂ | ᠨᠡᠶᠢᠲᠡᠯᠢᠭ ᠴᠢᠨᠠᠷ ᠢ ᠨᠡᠮᠡᠭᠳᠡᠭᠦᠯᠬᠦ ᠴᠢᠭᠯᠡᠯ ᠢᠶᠠᠷ ᠦᠨᠳᠦᠰᠦᠲᠡᠨ ᠤ ᠠᠵᠢᠯ ᠢ ᠰᠠᠶᠢᠵᠢᠷᠠᠭᠤᠯᠵᠤ᠂ ᠨᠡᠶᠢᠲᠡᠯᠢᠭ ᠴᠢᠨᠠᠷ ᠪᠠ | ᠵᠥᠷᠢᠶᠡᠲᠦ ᠴᠢᠨᠠᠷ ᠤᠨ ᠬᠤᠪᠢᠰᠤᠩᠭᠤᠢ ᠨᠢᠭᠡᠳᠦᠯ᠂ ᠦᠨᠳᠦᠰᠦᠲᠡᠨ ᠤ ᠡᠯᠧᠮᠧᠨ᠋ᠲ ᠪᠠ ᠣᠷᠣᠨ ᠪᠦᠰᠡ ᠶᠢᠨ ᠡᠯᠧᠮᠧᠨ᠋ᠲ ᠢ | ᠣᠷᠭᠠᠨᠢᠭ ᠢᠶᠠᠷ ᠤᠶᠠᠯᠳᠤᠭᠤᠯᠪᠠᠯ ᠰᠠᠶ᠋ᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠨᠠᠷᠢᠯᠢᠭ ᠪᠥᠭᠡᠳ | ᠯᠠᠪᠳᠠᠭᠤᠨ ᠪᠠᠲᠤᠲᠠᠢ ᠰᠠᠶᠢᠳᠦᠷ ᠬᠢᠵᠦ ᠴᠢᠳᠠᠨ᠎ᠠ ᠭᠡᠵᠤ ᠴᠢᠬᠤᠯᠠᠴᠢᠯᠠᠵᠠᠢ᠃ | ᠰᠢ ᠶᠢᠨ ᠫᠢᠩ᠂ ᠨᠠᠮ ᠤᠨ ᠦᠨᠳᠦᠰᠦᠲᠡᠨ ᠤ ᠠᠵᠢᠯ ᠢ ᠰᠢᠨ᠎ᠡ ᠶᠢ ᠡᠭᠦᠳᠦᠨ ᠬᠦᠭᠵᠢᠭᠦᠯᠬᠦ ᠪᠣᠯ ᠵᠥᠪ | ᠣᠨᠣᠪᠴᠢᠲᠠᠢ ᠶᠢ ᠨᠢ ᠪᠠᠷᠢᠮᠳᠠᠯᠠᠵᠤ᠂ ᠴᠠᠭ ᠠᠴᠠ ᠬᠤᠴᠣᠷᠤᠭᠰᠠᠨ ᠳᠤᠨᠢ ᠲᠤᠬᠢᠷᠠᠭᠤᠯᠤᠯᠳᠠ ᠬᠢᠵᠦ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠨᠡᠩ ᠰᠠᠶᠢᠲᠤᠷ ᠪᠠᠲᠤᠯᠠᠬᠤ ᠶᠠᠪᠤᠳᠠᠯ | ᠪᠣᠯᠤᠨ᠎ᠠ᠃ ᠨᠡᠶᠢᠲᠡᠯᠢᠭ ᠴᠢᠨᠠᠷ ᠪᠠ ᠵᠥᠷᠢᠶᠡᠲᠦ ᠴᠢᠨᠠᠷ ᠤᠨ ᠬᠠᠷᠢᠴᠠᠭ᠎ᠠ ᠶᠢ ᠵᠥᠪ ᠡᠵᠡᠮᠳᠡᠵᠦ᠂ ᠨᠡᠶᠢᠲᠡᠯᠢᠭ ᠴᠢᠨᠠᠷ ᠢ | ᠨᠡᠮᠡᠭᠳᠡᠭᠦᠯᠦᠨ᠂ ᠵᠥᠷᠢᠶᠡᠲᠦ ᠴᠢᠨᠠᠷ ᠢ ᠬᠦᠨᠳᠦᠳᠬᠡᠨ ᠪᠠᠭᠲᠠᠭᠠᠬᠤ ᠪᠣᠯ ᠦᠨᠳᠦᠰᠦᠲᠡᠨ ᠤ ᠠᠵᠢᠯ ᠤᠨ ᠴᠢᠬᠤᠯᠠ ᠵᠠᠷᠴᠢᠮ | ᠮᠥᠨ᠃ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠪᠠ ᠡᠯ᠎ᠡ ᠦᠨᠳᠦᠰᠦᠲᠡᠨ ᠤ ᠤᠬᠠᠮᠰᠠᠷ ᠤᠨ | ᠬᠠᠷᠢᠴᠠᠭ᠎ᠠ ᠶᠢ ᠵᠥᠪ ᠡᠵᠡᠮᠳᠡᠵᠦ᠂ ᠦᠨᠳᠦᠰᠦᠲᠡᠨ ᠨᠦᠭᠦᠳ ᠳᠤᠮᠳᠠᠳᠤ ᠶᠢᠨ ᠦᠨᠳᠦᠰᠦᠲᠡᠨ ᠤ ᠠᠰᠢᠭ ᠲᠤᠰᠠ ᠶᠢ ᠢᠮᠠᠭᠲᠠ | ᠲᠡᠷᠢᠭᠦᠨ ᠪᠠᠶᠢᠷᠢᠨ ᠳᠤ ᠲᠠᠯᠪᠢᠬᠤ ᠶᠢ ᠬᠦᠳᠦᠯᠦᠨ ᠲᠠᠭᠠᠭᠤᠯᠵᠤ᠂ ᠲᠤᠰ ᠦᠨᠳᠦᠰᠦᠲᠡᠨ ᠤ ᠤᠬᠠᠮᠰᠠᠷ ᠨᠢ ᠳᠤᠮᠳᠠᠳᠤ ᠶᠢᠨ | ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠳᠠᠭᠠᠬᠤ ᠪᠠ ᠲᠡᠭᠦᠨ ᠳᠤ ᠦᠢᠯᠡᠴᠢᠯᠡᠬᠦ ᠶᠢᠨ ᠬᠠᠮᠲᠤ ᠳᠤᠮᠳᠠᠳᠤ ᠶᠢᠨ | ᠦᠨᠳᠦᠰᠦᠲᠡᠨ ᠤ ᠬᠠᠮᠲᠤ ᠴᠣᠭᠴᠠ ᠶᠢᠨ ᠪᠦᠬᠦ᠋ᠢᠯᠡ ᠠᠰᠢᠭ ᠲᠤᠰᠠ ᠶᠢ ᠰᠠᠶᠢᠲᠤᠷ ᠪᠡᠶᠡᠯᠡᠭᠦᠯᠬᠦ ᠠᠬᠢᠴᠠ ᠳᠤᠮᠳᠠ ᠡᠯ᠎ᠡ | ᠦᠨᠳᠦᠰᠦᠲᠡᠨ ᠤ ᠪᠣᠳᠠᠲᠠᠢ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ ᠬᠢᠲᠠᠳ ᠦᠨᠳᠦᠰᠦᠲᠡᠨ ᠤ ᠳᠡᠭᠡᠷᠡᠩᠭᠦᠢ ᠦᠵᠡᠯ | ᠪᠠ ᠣᠷᠣᠨ ᠨᠤᠲᠤᠭ ᠤᠨ ᠦᠨᠳᠦᠰᠦᠲᠡᠨ ᠤ ᠦᠵᠡᠯ ᠨᠢ ᠴᠥᠮ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ | ᠪᠠᠶᠢᠭᠤᠯᠤᠯᠲᠠ ᠳᠤ ᠠᠰᠢᠭ ᠦᠭᠡᠢ ᠶᠤᠮ᠃ ᠳᠤᠮᠳᠠᠳᠤ ᠶᠢᠨ ᠰᠣᠶᠣᠯ ᠪᠣᠯᠤᠨ ᠦᠨᠳᠦᠰᠦᠲᠡᠨ ᠨᠦᠭᠦᠳ ᠤᠨ ᠰᠣᠶᠣᠯ ᠤᠨ | ᠬᠠᠷᠢᠴᠠᠭ᠎ᠠ ᠶᠢ ᠵᠥᠪ ᠡᠵᠡᠮᠳᠡᠵᠤ᠂ ᠦᠨᠳᠦᠰᠦᠲᠡᠨ ᠨᠦᠭᠦᠳ ᠤᠨ ᠰᠢᠯᠢᠳᠡᠭ ᠤᠯᠠᠮᠵᠢᠯᠠᠯᠲᠤ ᠰᠣᠶᠣᠯ ᠪᠣᠯ ᠴᠥᠮ | ᠳᠤᠮᠳᠠᠳᠤ ᠶᠢᠨ ᠰᠣᠶᠣᠯ ᠤᠨ ᠪᠦᠷᠢᠯᠳᠦᠬᠦᠨ ᠬᠡᠰᠡᠭ ᠮᠥᠨ᠂ ᠳᠤᠮᠳᠠᠳᠤ ᠶᠢᠨ ᠰᠣᠶᠣᠯ ᠪᠣᠯ ᠭᠤᠣᠯ ᠡᠰᠢ ᠮᠥᠨ᠂ | ᠦᠨᠳᠦᠰᠦᠲᠡᠨ ᠨᠦᠭᠦᠳ ᠤᠨ ᠰᠣᠶᠣᠯ ᠪᠣᠯ ᠰᠠᠯᠠᠭ᠎ᠠ ᠨᠠᠮᠠᠭ᠎ᠠ ᠮᠥᠨ᠂ ᠦᠨᠳᠦᠰᠦ ᠭᠦᠨ ᠡᠰᠢ ᠨᠢ ᠪᠦᠳᠦᠭᠦᠨ ᠪᠠᠶᠢᠪᠠᠯ ᠰᠠᠶ᠋ᠢ | ᠰᠠᠯᠠᠭ᠎ᠠ ᠨᠠᠮᠠᠭ᠎ᠠ ᠨᠢ ᠢᠭᠴᠤ ᠰᠠᠬᠤᠯᠢᠭ ᠤᠷᠭᠤᠵᠤ ᠴᠢᠳᠠᠨ᠎ᠠ᠃ ᠪᠣᠳᠠᠰ ᠪᠣᠯᠤᠨ ᠤᠶᠤᠨ ᠰᠠᠨᠠᠭᠠᠨ ᠤ ᠬᠠᠷᠢᠴᠠᠭ᠎ᠠ ᠶᠢ ᠵᠥᠪ | ᠡᠵᠡᠮᠳᠡᠵᠦ᠂ ᠪᠤᠢ ᠪᠦᠬᠦᠢ ᠥᠭᠡᠷᠡᠴᠢᠯᠡᠯᠲᠡ ᠬᠥᠭᠵᠢᠯᠲᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ | ᠤᠬᠠᠮᠰᠠᠷ ᠢ ᠢᠯᠡᠷᠡᠭᠦᠯᠬᠦ ᠠᠴᠢ ᠬᠤᠯᠪᠣᠭᠳᠠᠯ᠂ ᠨᠢᠭᠡᠳᠦᠯ ᠢ ᠬᠠᠮᠠᠭᠠᠯᠠᠬᠤ᠂ ᠬᠠᠭᠠᠴᠡᠭᠤᠯᠬᠤ ᠶᠢ ᠡᠰᠡᠷᠭᠦᠴᠡᠬᠦ ᠠᠴᠢ | ᠬᠤᠯᠪᠣᠭᠳᠠᠯ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠮᠦᠰ ᠤᠨ ᠰᠡᠳᠬᠢᠯ ᠢ ᠨᠢᠭᠲᠠᠷᠠᠭᠤᠯᠬᠤ ᠠᠴᠢ ᠬᠤᠯᠪᠣᠭᠳᠠᠯ | ᠣᠯᠭᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢ ᠡᠪᠳᠡᠷᠡᠰᠢ ᠦᠭᠡᠢ ᠪᠠᠳᠤ ᠪᠠᠬᠢ ᠪᠤᠯᠭᠠᠬᠤ ᠬᠡᠷᠡᠭᠳᠠᠢ | ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ | ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ︽ᠬᠥᠲᠥᠯᠪᠦᠷᠢ︾ ᠮᠥᠨ᠂ ᠪᠤᠢ ᠪᠦᠬᠦᠢ ᠠᠵᠢᠯ ᠢ | ᠡᠭᠦᠨ ᠳᠤ ᠲᠥᠪᠯᠡᠷᠡᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ | ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ | ᠥᠭᠡᠷᠡᠴᠢᠯᠡᠯᠲᠡ ᠨᠡᠭᠡᠭᠡᠯᠳᠠ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠳᠤ ᠮᠠᠨ ᠤ ᠨᠠᠮ ᠤᠨ ᠵᠠᠭᠤᠨ ᠵᠢᠯ ᠤᠨ ᠦᠨᠳᠦᠰᠦᠲᠡᠨ ᠤ ᠠᠵᠢᠯ ᠤᠨ ᠠᠮᠵᠢᠯᠲᠠ ᠲᠠᠢ ᠲᠤᠷᠰᠢᠯᠭ᠎ᠠ ᠶᠢ ᠭᠦᠨᠵᠡᠭᠡᠢ | ᠳ᠋ᠦᠩᠨᠡᠵᠦ᠂ ᠮᠠᠨ ᠤ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ | ᠰᠠᠨᠠᠭᠠᠨ ᠤ ᠰᠤᠳᠤᠯᠭᠠᠨ ᠢ ᠭᠦᠨᠵᠡᠭᠡᠶᠢᠷᠡᠭᠦᠯᠵᠦ᠂ ᠤᠳᠤ ᠦᠶ᠎ᠡ ᠶᠢᠨ ᠪᠣᠯᠪᠠᠰᠤᠨ ᠤ ᠬᠥᠮᠦᠵᠢᠯ ᠢ ᠴᠢᠩᠭᠠᠳᠬᠠᠵᠤ᠂ | ᠪᠣᠯᠪᠠᠰᠤᠨ ᠢ ᠡᠭᠦᠳᠦᠨ ᠪᠠᠶᠢᠭᠤᠯᠬᠤ᠂ ᠠᠷᠠᠳ ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠲᠠ᠂ ᠴᠠᠭ ᠦᠶ᠎ᠡ ᠶᠢᠨ | ᠰᠢᠨ᠎ᠡ ᠬᠥᠮᠦᠨ ᠢ ᠬᠥᠮᠦᠵᠢᠭᠦᠯᠬᠦ ᠵᠡᠷᠭᠡ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ ᠤᠯᠠᠨ | ᠲᠦᠮᠡᠨ ᠢ ᠬᠦᠳᠦᠯᠦᠨ ᠵᠢᠯᠥᠭᠤᠳᠴᠤ ᠪᠠᠶᠢᠭᠠᠳ ᠦᠵᠡᠯ ᠰᠠᠨᠠᠭ᠎ᠠ ᠣᠶᠢᠯᠠᠭᠠᠭᠳᠠᠬᠤᠨ᠂ ᠤᠶᠤᠨ ᠰᠠᠨᠠᠭ᠎ᠠ ᠲᠤᠷ᠎ᠠ ᠰᠣᠨᠢᠷᠬᠠᠯ | ᠂ ᠠᠮᠢᠳᠤᠷᠠᠯ ᠤᠨ ᠠᠷᠭ᠎ᠠ ᠬᠡᠯᠪᠡᠷᠢ ᠶᠢᠨ ᠲᠠᠯ᠎ᠠ ᠪᠠᠷ ᠣᠳᠣᠬᠢᠴᠢᠯᠠᠯᠲᠠ ᠲᠡᠶᠢᠰᠢ ᠤᠷᠤᠭᠰᠢᠯᠠᠭᠤᠯᠬᠤ ᠬᠡᠷᠡᠭᠲᠡᠢ᠃ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ᠂ ᠦᠨᠳᠦᠰᠦᠲᠡᠨ ᠨᠦᠭᠦᠳ ᠤᠨ | ᠦᠭᠡ ᠬᠡᠯᠡ ᠦᠰᠦᠭ ᠪᠢᠴᠢᠭ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠵᠤ᠂ ᠴᠥᠭᠡᠨ ᠲᠣᠭᠠᠲᠤ ᠦᠨᠳᠦᠰᠦᠲᠡᠨ ᠤ ᠦᠭᠡ | ᠬᠡᠯᠡ ᠦᠰᠦᠭ ᠪᠢᠴᠢᠭ ᠤᠨ ᠰᠤᠷᠤᠯᠴᠠᠯᠭ᠎ᠠ ᠪᠠ ᠬᠡᠷᠡᠭᠯᠡᠯᠲᠡ ᠶᠢ ᠬᠦᠨᠳᠦᠳᠬᠡᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ | ᠃ | ᠰᠢ ᠶᠢᠨ ᠫᠢᠩ᠂ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠶᠢᠰᠢ ᠬᠠᠮᠲᠤ ᠪᠠᠷ | ᠤᠷᠤᠭᠰᠢᠯᠠᠬᠤ ᠶᠢ ᠠᠬᠢᠭᠤᠯᠬᠤ ᠬᠡᠷᠡᠭᠲᠡᠢ᠃ ᠵᠦᠷᠢᠶᠡᠳᠦ ᠣᠷᠣᠨ ᠪᠦᠰᠡ ᠶᠢᠨ ᠲᠡᠮᠵᠢᠯᠭᠡ ᠶᠢᠨ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠵᠦ᠂ ᠦᠨᠳᠦᠰᠦᠲᠡᠨ ᠤ ᠭᠠᠵᠠᠷ ᠣᠷᠣᠨ ᠤ ᠥᠭᠡᠷᠡᠴᠢᠯᠡᠯᠲᠡ ᠨᠡᠭᠡᠭᠡᠯᠲᠡ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠵᠦ᠂ ᠥᠪᠡᠷ ᠢ ᠪᠠᠨ ᠬᠥᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠳᠡᠮᠵᠢᠬᠦ ᠬᠡᠷᠡᠭᠲᠡᠶ᠃ | ᠦᠨᠳᠦᠰᠦᠲᠡᠨ ᠤ ᠭᠠᠵᠠᠷ ᠣᠷᠣᠨ ᠤ ᠬᠢᠨ ᠡᠬᠢ ᠪᠠᠶᠠᠯᠢᠭ ᠤᠨ ᠳᠠᠪᠠᠭᠤᠯᠢᠭ᠂ ᠬᠥᠭᠵᠢᠯᠲᠡ ᠶᠢᠨ ᠨᠥᠬᠦᠴᠡᠯ᠂ | ᠬᠠᠷᠢᠴᠠᠭᠤᠯᠤᠭᠰᠠᠨ ᠳᠠᠪᠠᠭᠤᠯᠢᠭ ᠵᠡᠷᠭᠡ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠱᠠᠳᠤ | ᠦᠶ᠎ᠡ ᠶᠢ ᠡᠵᠡᠮᠳᠡᠵᠦ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠳᠤ ᠠᠭᠤᠰᠤᠯᠴᠠᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ᠂ ᠬᠠᠮᠲᠤ ᠪᠠᠷ ᠴᠢᠨᠡᠭᠡᠯᠢᠭᠵᠢᠬᠦ ᠶᠢ | ᠠᠬᠢᠭᠤᠯᠬᠤ ᠭᠠᠷᠳᠠᠴᠠ ᠪᠠ ᠬᠦᠴᠦᠯᠡᠴᠡ ᠶᠢ ᠣᠨᠣᠪᠴᠢᠲᠠᠢ ᠡᠷᠢᠬᠦ ᠬᠡᠷᠡᠭᠲᠡᠢ᠃ ᠦᠨᠳᠦᠰᠦᠲᠡᠨ ᠤ ᠭᠠᠵᠠᠷ ᠣᠷᠣᠨ ᠤ | ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢ | ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ | ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ ᠦᠨᠳᠦᠰᠦᠲᠡᠨ ᠤ ᠭᠠᠵᠠᠷ ᠣᠷᠣᠨ ᠤ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠬᠦ ᠶᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠳᠡᠮᠵᠢᠵᠦ᠂ ᠲᠠᠷᠢᠶᠠᠯᠠᠩ ᠮᠠᠯ ᠠᠵᠤ | ᠠᠬᠤᠢ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠢ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠳᠤ | ᠲᠣᠬᠢᠷᠠᠮᠵᠢᠲᠠᠢ ᠦᠢᠯᠡᠰ ᠪᠤᠰᠬᠠᠬᠤ ᠳᠤ ᠲᠣᠬᠢᠷᠠᠮᠵᠢᠲᠠᠢ᠂ ᠮᠠᠯᠴᠢᠨ ᠲᠠᠷᠢᠶᠠᠴᠢᠨ ᠤ ᠪᠠᠶᠠᠨ ᠴᠢᠨᠡᠭᠡᠯᠢᠭ ᠪᠤᠯᠬᠤ ᠶᠢ | ᠠᠬᠢᠭᠤᠯᠬᠤ ᠬᠡᠷᠡᠭᠲᠡᠢ᠃ ᠬᠢᠯᠢ ᠳᠠᠭᠠᠤ ᠣᠷᠣᠨ ᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠦᠷᠦ ᠶᠢᠨ ᠪᠤᠳᠤᠯᠭ᠎ᠠ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠬᠢᠯᠢ ᠬᠢᠵᠠᠭᠠᠷ ᠢ ᠪᠠᠬᠢᠵᠢᠭᠦᠯᠦᠨ ᠬᠢᠯᠢ ᠬᠢᠵᠠᠭᠠᠷ ᠢ ᠬᠥᠭᠵᠢᠭᠦᠯᠵᠦ ᠠᠷᠠᠳ ᠢ | ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠠᠬᠢᠭᠤᠯᠬᠤ ᠬᠡᠷᠡᠭᠲᠡᠢ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠲᠡᠢ᠃ | ᠠᠳᠠᠯᠢ ᠪᠤᠰᠤ ᠦᠨᠳᠦᠰᠦᠲᠡᠨ᠂ ᠠᠳᠠᠯᠢ ᠪᠤᠰᠤ ᠭᠠᠵᠠᠷ ᠣᠷᠣᠨ ᠤ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠨ᠂ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠪᠠ ᠣᠯᠠᠨ ᠨᠡᠶᠢᠲᠡ ᠶᠢᠨ | ᠦᠢᠯᠡᠴᠢᠯᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠯᠡᠵᠦ᠂ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠦᠨ᠂ ᠤᠷᠴᠢᠨ ᠲᠤᠭᠤᠷᠢᠨ ᠤ ᠨᠥᠬᠦᠴᠠᠯ ᠪᠠᠶᠢᠳᠠᠯ ᠢ ᠪᠣᠶ ᠪᠣᠯᠭᠠᠵᠤ᠂ | ᠦᠨᠳᠦᠰᠦᠲᠡᠨ ᠨᠦᠭᠦᠳ ᠤᠨ ᠣᠷᠣᠨ ᠵᠠᠶ᠂ ᠰᠣᠶᠣᠯ᠂ ᠠᠵᠤ ᠠᠬᠤᠶ᠂ ᠨᠡᠶᠢᠭᠡᠮ᠂ ᠰᠡᠳᠬᠢᠴᠡ ᠵᠡᠷᠭᠡ ᠪᠥᠬᠦ ᠲᠠᠯ᠎ᠠ ᠶᠢᠨ | ᠠᠭᠤᠰᠤᠯᠴᠠᠯ ᠢ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠶ᠃ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ | ᠪᠠᠶᠢᠭᠤᠯᠤᠯᠲᠠ ᠶᠢ ᠭᠦᠨᠵᠡᠭᠡᠢ ᠥᠷᠨᠢᠭᠦᠯᠵᠦ᠂ ᠠᠭᠤᠯᠤᠭᠳᠠᠬᠤᠨ ᠢ ᠭᠦᠨᠵᠡᠭᠡᠶᠢᠷᠡᠭᠦᠯᠵᠦ᠂ ᠬᠡᠯᠪᠡᠷᠢ ᠶᠢ ᠨᠢ ᠪᠠᠶᠠᠯᠢᠭᠵᠢᠭᠤᠯᠵᠤ | ᠂ ᠠᠷᠭ᠎ᠠ ᠶᠢᠨ ᠰᠢᠨ᠎ᠡ ᠶᠢ ᠡᠭᠦᠳᠬᠦ ᠪᠠᠷ ᠴᠢᠷᠮᠠᠶᠢᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠤᠨ ᠪᠠᠶᠢᠩᠭᠤᠵᠢᠭᠰᠠᠨ ᠲᠣᠭᠲᠠᠴᠠ ᠶᠢ ᠪᠠᠶᠢᠭᠤᠯᠵᠤ᠂ ᠺᠠᠳ᠋ᠷ ᠤᠨ | ᠬᠥᠮᠦᠵᠢᠯ᠂ ᠨᠠᠮ ᠤᠨ ᠭᠡᠰᠢᠭᠦᠨ ᠤ ᠬᠥᠮᠦᠵᠢᠯ᠂ ᠤᠯᠤᠰ ᠠᠷᠠᠳ ᠤᠨ ᠬᠥᠮᠦᠵᠢᠯ ᠤᠨ ᠰᠢᠰᠲ᠋ᠧᠮ ᠳᠤ ᠣᠷᠣᠭᠤᠯᠵᠤ᠂ | ᠨᠡᠶᠢᠭᠡᠮ ᠤᠨ ᠤᠬᠠᠭᠤᠯᠭ᠎ᠠ ᠬᠥᠮᠦᠵᠢᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠠᠳᠠᠯᠢ ᠪᠤᠰᠤ ᠭᠠᠵᠠᠷ ᠣᠷᠣᠨ᠂ ᠠᠳᠠᠯᠢ | ᠪᠤᠰᠤ ᠦᠨᠳᠦᠰᠦᠲᠡᠨ ᠤ ᠪᠣᠳᠠᠲᠤ ᠪᠠᠶᠢᠳᠠᠯ ᠢ ᠦᠨᠳᠦᠰᠦᠯᠡᠨ᠂ ᠡᠷᠬᠡ ᠲᠡᠭᠰᠢ ᠲᠥᠪ ᠭᠤᠣᠯᠴᠢ ᠪᠠᠶᠢᠬᠤ ᠪᠠᠷ ᠵᠠᠷᠴᠢᠮ | ᠪᠣᠯᠭᠠᠵᠤ᠂ ᠣᠷᠣᠨ ᠪᠦᠰᠡᠵᠢᠬᠦ ᠪᠠ ᠨᠠᠷᠢᠯᠢᠭ ᠤᠨᠤᠴᠠᠳᠤ ᠴᠢᠨᠠᠷ ᠢ ᠲᠤᠪᠤᠶᠢᠯᠭᠠᠨ᠂ ᠣᠨᠴᠠᠭᠠᠢ ᠭᠠᠵᠠᠷ ᠣᠷᠣᠨ᠂ ᠣᠨᠴᠠᠭᠠᠢ | ᠠᠰᠠᠭᠤᠳᠠᠯ᠂ ᠣᠨᠴᠠᠭᠠᠢ ᠵᠦᠢᠯᠡᠰ ᠲᠤ ᠨᠡᠩ ᠢᠯᠡᠭᠦᠦ ᠴᠢᠭᠯᠡᠭᠦᠯᠦᠨ ᠣᠷᠣᠨ ᠪᠦᠰᠡ ᠪᠠᠷ ᠳᠡᠮᠵᠢᠬᠦ ᠵᠥᠷᠢᠶᠡᠲᠦ ᠲᠦᠷᠦ ᠶᠢᠨ | ᠪᠤᠳᠤᠯᠭ᠎ᠠ ᠶᠢ ᠲᠣᠭᠲᠠᠭᠠᠨ ᠬᠡᠷᠡᠭᠵᠢᠭᠦᠯᠬᠦ ᠬᠡᠷᠡᠭᠲᠡᠢ᠃ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠤᠯᠢ ᠶᠣᠰᠣᠨ ᠤ | ᠡᠷᠬᠡ ᠠᠰᠢᠭ ᠢ ᠬᠠᠤᠯᠢ ᠶᠣᠰᠣᠭᠠᠷ ᠪᠠᠲᠤᠯᠠᠵᠤ᠂ ᠦᠨᠳᠦᠰᠦᠲᠡᠨ ᠤ ᠡᠯᠧᠮᠧᠨ᠋ᠲ ᠲᠤ ᠬᠤᠯᠪᠣᠭᠳᠠᠭᠰᠠᠨ ᠬᠡᠷᠡᠭ ᠢ ᠬᠠᠤᠯᠢ | ᠶᠣᠰᠣᠭᠠᠷ ᠲᠣᠬᠢᠲᠠᠢ ᠰᠢᠢᠳᠪᠦᠷᠢᠯᠡᠵᠦ᠂ ᠡᠯ᠎ᠡ ᠲᠦᠷᠦᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ | ᠶᠣᠰᠣᠭᠠᠷ ᠴᠣᠬᠢᠯᠲᠠ ᠥᠭᠴᠦ᠂ ᠬᠠᠤᠯᠢ ᠴᠠᠭᠠᠵᠠ ᠶᠢᠨ ᠡᠮᠦᠨ᠎ᠡ ᠬᠥᠮᠦᠨ ᠪᠦᠬᠦᠨ ᠡᠷᠬᠡ ᠲᠡᠭᠰᠢ ᠪᠠᠶᠢᠬᠤ ᠶᠢ ᠪᠡᠶᠡᠯᠡᠭᠦᠯᠬᠦ | ᠬᠡᠷᠡᠭᠲᠡᠢ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠦᠨᠳᠦᠰᠦᠲᠡᠨ ᠤ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠭᠡᠮ ᠰᠣᠭᠤᠭ ᠢ ᠡᠷᠡᠰ | ᠰᠡᠷᠭᠡᠶᠢᠯᠡᠬᠦ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠪᠠᠲᠤ ᠰᠠᠬᠢᠵᠤ᠂ | ᠦᠨᠳᠦᠰᠦᠲᠡᠨ ᠳᠤ ᠬᠤᠯᠪᠣᠭᠳᠠᠬᠤ ᠡᠯᠧᠮᠧᠨ᠋ᠲ ᠤᠨ ᠦᠵᠡᠯ ᠤᠬᠠᠮᠰᠠᠷ ᠤᠨ ᠬᠡᠯᠪᠡᠷᠢ ᠶᠢᠨ ᠠᠰᠠᠭᠤᠳᠠᠯ ᠢ ᠢᠳᠡᠪᠬᠢᠲᠡᠢ | ᠯᠠᠪᠳᠠᠭᠤᠨ ᠢᠶᠠᠷ ᠰᠢᠢᠳᠪᠦᠷᠢᠯᠡᠵᠦ᠂ ᠦᠨᠳᠦᠰᠦᠲᠡᠨ ᠤ ᠬᠠᠭᠠᠴᠠᠯ᠂ ᠱᠠᠰᠢᠨ ᠰᠤᠷᠲᠠᠬᠤᠨ ᠤ ᠬᠡᠲᠦᠷᠡᠮᠡᠬᠡᠢ ᠦᠵᠡᠯ | ᠰᠠᠨᠠᠭᠠᠨ ᠤ ᠬᠤᠣᠷ ᠨᠥᠯᠥᠭᠡ ᠶᠢ ᠦᠷᠭᠦᠯᠵᠢᠯᠡᠨ ᠠᠷᠢᠯᠭᠠᠬᠤ ᠬᠡᠷᠡᠭᠲᠡᠢ᠃ ᠰᠦᠷᠳᠡᠭᠦᠯᠦᠯ ᠢ ᠡᠰᠡᠷᠭᠦᠴᠡᠬᠦ ᠤᠯᠠᠨ | ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠤᠯᠤᠰ ᠪᠠ ᠭᠠᠵᠠᠷ ᠣᠷᠣᠨ᠂ ᠤᠯᠠᠨ ᠤᠯᠤᠰ ᠤᠨ | ᠵᠣᠬᠢᠶᠠᠨ ᠪᠠᠶᠢᠭᠤᠯᠤᠯᠲᠠ᠂ ᠭᠠᠳᠠᠭᠠᠳᠤ ᠳᠤ ᠪᠠᠶᠢᠭ᠎ᠠ ᠴᠥᠭᠡᠨ ᠲᠣᠭᠠᠲᠤ ᠦᠨᠳᠦᠰᠦᠲᠡᠨ ᠤ ᠳᠤᠮᠳᠠᠳᠤ ᠶᠢᠨ ᠬᠠᠷᠢᠶᠠᠲᠤ ᠪᠠ | ᠲᠤᠮᠳᠠᠳᠤᠴᠤᠳ ᠤᠨ ᠤᠯᠠᠠ ᠲᠦᠮᠠᠠ ᠤ ᠪᠦᠯᠬᠦᠮ ᠵᠡᠷᠭᠡ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | | ᠰᠢ ᠶᠢᠨ ᠫᠢᠩ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ ᠲᠡᠭᠦᠯᠳᠡᠷᠵᠢᠭᠦᠯᠬᠦ ᠪᠣᠯ ᠰᠢᠨ᠎ᠡ | ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠦᠨᠳᠦᠰᠦᠨ ᠤᠯᠤᠰ ᠲᠦᠷᠦ ᠶᠢᠨ ᠪᠠᠲᠤᠯᠠᠭ᠎ᠠ | ᠮᠥᠨ᠃ ᠡᠯ᠎ᠡ ᠱᠠᠲᠤᠨ ᠤ ᠨᠠᠮ ᠤᠨ ᠬᠤᠷᠢᠶ᠎ᠠ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ | ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ | ᠳᠡᠭᠡᠭᠰᠢᠯᠡᠭᠦᠯᠵᠦ᠂ ︽ᠤᠯᠤᠰ ᠤᠨ ᠶᠡᠭᠡ ᠲᠠᠯ᠎ᠠ︾ ᠶᠢ ᠪᠠᠲᠤ ᠴᠡᠭᠡᠵᠢᠯᠡᠵᠦ᠂ ᠭᠤᠤᠯ ᠴᠣᠭᠴᠠ ᠶᠢᠨ ᠬᠠᠷᠢᠭᠤᠴᠠᠯᠭ᠎ᠠ ᠪᠠᠨ | ᠨᠠᠷᠢᠨ ᠬᠢᠨᠠᠮᠠᠭᠠᠶ ᠭᠦᠢᠴᠡᠳᠭᠡᠵᠦ᠂ ᠨᠠᠮ ᠤᠨ ᠤᠳᠤᠷᠢᠳᠤᠯᠭ᠎ᠠ ᠶᠢ ᠦᠨᠳᠦᠰᠦᠲᠡᠨ ᠤ ᠠᠵᠢᠯ ᠤᠨ ᠪᠥᠬᠦ ᠶᠠᠪᠤᠴᠠ ᠳᠤ | ᠲᠤᠭᠤᠰᠢᠯᠠᠭᠤᠯᠵᠤ᠂ ᠨᠠᠮ ᠤᠨ ᠬᠤᠷᠢᠶ᠎ᠠ ᠨᠢᠭᠡᠳᠦᠯᠲᠡᠶ ᠤᠳᠤᠷᠢᠳᠤᠭᠰᠠᠨ᠂ ᠵᠠᠰᠠᠭ ᠤᠨ ᠣᠷᠳᠣᠨ ᠬᠠᠤᠯᠢ ᠶᠣᠰᠣᠭᠠᠷ | ᠬᠠᠮᠢᠶᠠᠷᠤᠭᠰᠠᠨ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠤᠭᠰᠠᠨ᠂ ᠦᠨᠳᠦᠰᠦᠲᠡᠨ ᠤ | ᠠᠵᠢᠯ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ᠂ ᠡᠯ᠎ᠡ ᠰᠠᠯᠠᠭ᠎ᠠ ᠮᠥᠴᠢᠷ ᠬᠦᠴᠦ ᠪᠠᠨ | ᠬᠠᠮᠲᠤᠳᠬᠠᠨ ᠬᠠᠮᠲᠤᠷᠠᠯᠴᠠᠭᠰᠠᠨ᠂ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠭᠰᠠᠨ ᠰᠢᠨ᠎ᠡ ᠴᠠᠭ ᠦᠶ᠎ᠡ ᠶᠢᠨ | ᠨᠠᠮ ᠤᠨ ᠦᠨᠳᠦᠰᠦᠲᠡᠨ ᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠶ᠃ ᠦᠨᠳᠦᠰᠦᠨ ᠱᠠᠲᠤᠨ ᠤ | ᠦᠨᠳᠦᠰᠦᠲᠡᠨ ᠤ ᠠᠵᠢᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠪᠠ ᠦᠨᠳᠦᠰᠦᠲᠡᠨ ᠤ ᠠᠵᠢᠯ ᠤᠨ ᠬᠦᠴᠦᠨ ᠢ | ᠴᠢᠩᠭᠠᠳᠬᠠᠵᠤ᠂ ᠦᠨᠳᠦᠰᠦᠨ ᠱᠠᠲᠤᠨ ᠤ ᠦᠨᠳᠦᠰᠦᠲᠡᠨ ᠤ ᠠᠵᠢᠯ ᠤᠨ ᠪᠦᠲᠦᠮᠵᠢᠲᠡᠢ ᠶᠠᠪᠤᠭᠳᠠᠬᠤ ᠶᠢ ᠦᠨᠡᠨ ᠬᠦ | ᠪᠠᠲᠤᠯᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ ᠪᠠᠷᠢᠮᠲᠠᠯᠠᠵᠤ᠂ ᠨᠠᠮ ᠤᠨ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠵᠥᠪ ᠪᠤᠷᠤᠭᠤ ᠶᠢ ᠲᠣᠳᠣᠷᠬᠠᠢ ᠢᠯᠭᠠᠬᠤ ᠵᠣᠭᠰᠣᠯᠲᠠ ᠲᠤᠳᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠴᠤᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯᠯᠠᠭ᠎ᠠ ᠡᠷᠡᠰ ᠴᠢᠩᠭ᠎ᠠ᠂ | ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠠᠶᠢᠷᠠᠯᠠᠬᠤ ᠬᠠᠶᠢᠷ᠎ᠠ ᠰᠡᠳᠬᠢᠯᠭᠡ ᠤᠨᠴᠠᠭᠠᠢ ᠦᠨᠡᠨᠴᠢ ᠪᠠᠶᠢᠳᠠᠭ | ᠦᠨᠳᠦᠰᠦᠲᠡᠨ ᠤ ᠭᠠᠵᠠᠷ ᠣᠷᠣᠨ ᠤ ᠺᠠᠳ᠋ᠷ ᠤᠨ ᠡᠩᠨᠡᠭᠡ ᠶᠢ ᠴᠢᠷᠮᠠᠶᠢᠨ ᠪᠠᠶᠢᠭᠤᠯᠵᠤ᠂ ᠡᠯ᠎ᠡ ᠱᠠᠲᠤᠨ ᠤ ᠤᠳᠤᠷᠢᠳᠬᠤ | ᠡᠷᠬᠡ ᠶᠢ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠺᠠᠳ᠋ᠷ ᠤᠨ ᠭᠠᠷ ᠲᠤ ᠡᠵᠡᠮᠳᠡᠬᠦᠯᠬᠦ ᠶᠢ | ᠦᠨᠡᠨ ᠬᠦ ᠪᠠᠲᠤᠯᠠᠬᠤ ᠬᠡᠷᠡᠭᠲᠡᠢ᠃ ᠨᠥᠬᠦᠴᠡᠯ ᠬᠠᠲᠠᠭᠤᠵᠢᠯᠲᠠᠢ ᠭᠠᠵᠠᠷ ᠣᠷᠣᠨ ᠳᠤ ᠠᠵᠢᠯᠯᠠᠵᠤ ᠪᠠᠶᠢᠭ᠎ᠠ ᠡᠮᠦᠨ᠎ᠡ | ᠹᠷᠣᠨᠲ ᠤᠨ ᠺᠠᠳ᠋ᠷ ᠢ ᠨᠡᠩ ᠴᠢᠬᠤᠯᠠᠴᠢᠯᠠᠵᠤ᠂ ᠬᠠᠯᠠᠮᠵᠢᠯᠠᠵᠤ᠂ ᠬᠠᠶᠢᠷᠠᠯᠠᠵᠤ᠂ ᠨᠡᠩ ᠤᠯᠠᠨ ᠰᠢᠯᠢᠳᠡᠭ ᠴᠢᠳᠠᠪᠤᠷᠢᠲᠠᠨ ᠢ | ᠲᠠᠲᠠᠬᠤ ᠬᠡᠷᠡᠭᠲᠡᠢ᠃ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠦᠵᠢᠭᠦᠯᠬᠦ ᠪᠠ ᠰᠠᠶᠢᠲᠤᠷ ᠬᠡᠷᠡᠭᠯᠡᠬᠦ ᠶᠢ | ᠴᠢᠬᠤᠯᠠᠴᠢᠯᠠᠵᠤ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠳᠡᠭ | ᠴᠥᠭᠡᠨ ᠲᠣᠭᠠᠲᠤ ᠦᠨᠳᠦᠰᠦᠲᠡᠨ ᠤ ᠰᠢᠯᠢᠳᠡᠭ ᠺᠠᠳ᠋ᠷ ᠢ ᠭᠦᠢᠴᠡᠳ ᠢᠲᠡᠭᠡᠵᠦ᠂ ᠬᠦᠨᠳᠦ ᠡᠭᠦᠷᠭᠡ ᠡᠭᠦᠷᠭᠡᠯᠡᠭᠦᠯᠬᠦ ᠬᠡᠷᠡᠭᠲᠡᠢ | ᠃ ᠦᠨᠳᠦᠰᠦᠲᠡᠨ ᠤ ᠭᠠᠵᠠᠷ ᠣᠷᠣᠨ ᠤ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠵᠤ | ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠦᠨ᠂ ᠨᠠᠮ ᠤᠨ ᠦᠨᠳᠦᠰᠦᠲᠡᠨ ᠤ ᠤᠨᠤᠯ ᠪᠠ ᠦᠨᠳᠦᠰᠦᠲᠡᠨ ᠤ | ᠲᠦᠷᠦ ᠶᠢᠨ ᠪᠤᠳᠤᠯᠭ᠎ᠠ ᠶᠢ ᠦᠨᠳᠦᠰᠦᠨ ᠱᠠᠲᠤᠨ ᠳᠤ ᠬᠦᠷᠲᠡᠯ᠎ᠡ ᠣᠶᠢᠯᠠᠭᠠᠬᠤ ᠬᠥᠮᠦᠨ ᠲᠠᠢ᠂ ᠦᠨᠳᠦᠰᠦᠲᠡᠨ ᠤ ᠠᠵᠢᠯ ᠢ | ᠦᠨᠳᠦᠰᠦᠨ ᠱᠠᠲᠤᠨ ᠳᠤ ᠠᠳᠬᠤᠬᠤ ᠬᠥᠮᠦᠨ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | ᠯᠢ ᠺᠧ ᠴᠢᠶᠠᠩ ᠬᠤᠷᠠᠯ ᠢ ᠡᠷᠬᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠮᠠᠨ ᠤ | ᠨᠠᠮ ᠤᠨ ᠦᠨᠳᠦᠰᠦᠲᠡᠨ ᠤ ᠠᠵᠢᠯ ᠤᠨ ᠵᠠᠭᠤᠨ ᠵᠢᠯ ᠤᠨ ᠭᠡᠷᠡᠯ ᠰᠠᠴᠤᠷᠠᠩᠭᠤᠶ ᠥᠩᠭᠡᠷᠡᠯᠲᠡ ᠪᠠ ᠲᠡᠦᠬᠡᠨ ᠠᠮᠵᠢᠯᠲᠠ ᠶᠢ | ᠪᠦᠬᠦ ᠲᠠᠯ᠎ᠠ ᠪᠠᠷ ᠡᠷᠭᠢᠴᠡᠭᠦᠯᠵᠦ᠂ ᠣᠳᠣᠬᠠᠨ ᠤ ᠨᠠᠮ ᠤᠨ ᠦᠨᠳᠦᠰᠦᠲᠡᠨ ᠤ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ | ᠪᠠᠶᠢᠳᠠᠯ ᠢ ᠭᠦᠨᠵᠡᠭᠡᠶ ᠵᠠᠳᠠᠯᠵᠦ᠂ ᠮᠠᠨ ᠤ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ | ᠴᠢᠬᠤᠯᠠ ᠦᠵᠡᠯ ᠰᠠᠨᠠᠭ᠎ᠠ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ | ᠴᠤᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠭᠰᠠᠨ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠢᠯᠣᠭᠤᠳᠬᠤ ᠦᠵᠡᠯ ᠰᠠᠨᠠᠭ᠎ᠠ᠂ ᠪᠠᠶᠢᠯᠳᠤᠬᠤ | ᠪᠤᠳᠤᠯᠭ᠎ᠠ ᠶᠢᠨ ᠬᠠᠷᠠᠯᠲᠠ᠂ ᠭᠤᠣᠯᠳᠠᠯᠭ᠎ᠠ ᠲᠠᠢ ᠡᠭᠦᠷᠭᠡ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠳᠤᠷᠬᠠᠢᠢᠯᠠᠵᠤ᠂ | ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠤᠷᠤᠭᠰᠢᠯᠠᠬᠤ ᠴᠢᠭᠯᠡᠯ ᠢ ᠲᠣᠳᠣᠷᠬᠠᠶ | ᠵᠢᠭᠠᠨ ᠦᠭᠴᠦ᠂ ᠦᠨᠳᠦᠰᠦᠨ ᠵᠢᠷᠤᠮᠯᠠᠯ ᠬᠠᠩᠭᠠᠵᠤ᠂ ᠮᠠᠰᠢ ᠴᠢᠩᠭ᠎ᠠ ᠤᠯᠤᠰ ᠲᠥᠷᠥ ᠶᠢᠨ ᠴᠢᠨᠠᠷ᠂ ᠦᠵᠡᠯ ᠰᠠᠨᠠᠭᠠᠴᠢ | ᠴᠢᠨᠠᠷ᠂ ᠤᠨᠤᠯ ᠤᠨ ᠴᠢᠨᠠᠷ ᠲᠠᠢ ᠪᠠᠶᠢᠵᠤ᠂ ᠨᠠᠮ ᠤᠨ ᠤᠯᠤᠰ ᠢᠶᠠᠨ ᠵᠠᠰᠠᠬᠤ ᠠᠷᠭ᠎ᠠ ᠪᠣᠳᠣᠯᠭ᠎ᠠ ᠶᠢᠨ ᠦᠨᠳᠦᠰᠦᠲᠡᠨ ᠤ | ᠠᠵᠢᠯ ᠤᠨ ᠬᠦᠷᠢᠶᠡᠨ ᠳᠠᠬᠢ ᠲᠥᠪᠯᠡᠷᠡᠩᠭᠦᠶ ᠢᠯᠡᠷᠡᠯ ᠮᠥᠨ᠃ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ︽ᠳᠥᠷᠪᠡᠨ | ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠡᠳᠬᠡᠵᠦ᠂ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠡᠯ᠎ᠡ ᠵᠦᠢᠯ ᠤᠨ ᠡᠭᠦᠷᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ | ᠰᠠᠶᠢᠲᠤᠷ ᠠᠳᠬᠤᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠸᠠᠩ ᠶᠠᠩ ᠳ᠋ᠦᠩᠨᠡᠯᠲᠡ ᠶᠢᠨ ᠶᠠᠷᠢᠶᠠᠨ ᠳᠠᠭᠠᠨ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ | ᠤᠳᠬ᠎ᠠ ᠰᠠᠨᠠᠭ᠎ᠠ᠂ ᠦᠵᠡᠯ ᠰᠠᠨᠠᠭ᠎ᠠ ᠭᠦᠨ ᠭᠦᠨᠵᠡᠭᠡᠶ ᠪᠠᠶᠢᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠶᠠᠮᠠᠷ | ᠲᠤᠭ ᠢ ᠮᠠᠨᠳᠤᠭᠤᠯᠬᠤ᠂ ᠶᠠᠮᠠᠷ ᠵᠠᠮ ᠢᠶᠠᠷ ᠵᠠᠮᠨᠠᠬᠤ ᠵᠡᠷᠭᠡ ᠴᠢᠬᠤᠯᠠ ᠶᠡᠭᠡ ᠠᠰᠠᠭᠤᠳᠠᠯ ᠳᠤ ᠰᠢᠨᠵᠢᠯᠡᠬᠦ ᠤᠬᠠᠭᠠᠨᠴᠢ | ᠬᠠᠷᠢᠭᠤᠯᠲᠠ ᠥᠭᠴᠡᠶ᠂ ᠡᠨᠡ ᠪᠣᠯ ᠨᠠᠮ ᠤᠨ ᠦᠨᠳᠦᠰᠦᠲᠡᠨ ᠤ ᠠᠵᠢᠯ ᠤᠨ ᠦᠢᠯᠡᠳᠣᠯᠭᠡ ᠶᠢᠨ ᠬᠠᠮᠤᠭ ᠤᠨ ᠰᠢᠨ᠎ᠡ | ᠳ᠋ᠦᠩᠨᠡᠯᠲᠡ ᠮᠥᠨ᠂ ᠮᠠᠷᠺᠰ ᠤᠨ ᠦᠵᠡᠯ ᠤᠨ ᠦᠨᠳᠦᠰᠦᠲᠡᠨ ᠤ ᠣᠨᠣᠯ ᠤᠨ ᠳᠤᠮᠳᠠᠳᠤ ᠤᠯᠤᠰᠴᠢᠯᠠᠭᠰᠠᠨ ᠬᠠᠮᠤᠭ ᠤᠨ | ᠰᠢᠨ᠎ᠡ ᠦᠷ᠎ᠡ ᠪᠦᠲᠦᠭᠡᠯ ᠮᠥᠨ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠦᠨᠳᠦᠰᠦᠨ | ᠵᠢᠷᠤᠮᠯᠠᠯ ᠮᠥᠨ᠃ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ | ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠡᠵᠡᠮᠳᠡᠵᠦ᠂ ᠭᠤᠣᠯ ᠠᠭᠤᠯᠭ᠎ᠠ᠂ | ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ | ᠣᠶᠢᠯᠠᠭᠠᠬᠤ ᠬᠡᠷᠡᠭᠲᠡᠢ᠃ ᠨᠠᠮ ᠤᠨ ᠵᠠᠭᠤᠨ ᠵᠢᠯ ᠤᠨ ᠲᠡᠮᠡᠴᠡᠯ ᠤᠨ ᠠᠶᠠᠨ ᠠᠴᠠ ᠣᠳᠣᠬᠢ ᠱᠠᠲᠤᠨ ᠤ ᠦᠨᠳᠦᠰᠦᠲᠡᠨ ᠤ | ᠠᠵᠢᠯ ᠤᠨ ᠲᠡᠦᠬᠡᠨ ᠣᠷᠣᠨ ᠪᠠᠶᠢᠷᠢ ᠪᠣᠯᠤᠨ ᠴᠢᠬᠤᠯᠠ ᠡᠭᠦᠷᠭᠡ ᠶᠢ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ | ᠴᠤᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠡᠦᠬᠡ ᠶᠢᠨ ᠵᠠᠶᠢᠯᠠᠰᠢ ᠦᠭᠡᠢ ᠴᠢᠨᠠᠷ᠂ ᠲᠦᠢᠯ ᠤᠨ ᠴᠢᠬᠤᠯᠠ ᠴᠢᠨᠠᠷ | ᠪᠣᠯᠤᠨ ᠪᠣᠳᠠᠲᠤ ᠬᠠᠨᠳᠤᠯᠭᠠᠲᠤ ᠴᠢᠨᠠᠷ ᠢ ᠭᠦᠨᠵᠡᠭᠡᠢ ᠲᠠᠨᠢᠵᠤ᠂ ᠲᠡᠭᠦᠨ ᠢ ᠦᠨᠳᠦᠰᠦᠲᠡᠨ ᠤ ᠠᠵᠢᠯ ᠤᠨ ᠡᠯ᠎ᠡ ᠬᠦᠷᠢᠶ᠎ᠡ | ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠤᠷᠠᠯ ᠤᠨ | ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ | ᠤᠯᠠᠨ ᠬᠡᠯᠪᠡᠷᠢ ᠶᠢᠨ ᠰᠤᠷᠤᠯᠴᠠᠯᠭ᠎ᠠ ᠪᠣᠯᠪᠠᠰᠤᠷᠠᠯ ᠪᠣᠯᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠡᠷᠡᠭᠵᠢᠭᠦᠯᠬᠦ ᠰᠠᠨᠠᠯ ᠢ ᠰᠤᠳᠤᠯᠤᠨ | ᠲᠣᠭᠲᠠᠭᠠᠵᠤ᠂ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠵᠣᠬᠢᠴᠠᠭᠤᠯᠭ᠎ᠠ ᠶᠢ | ᠰᠠᠶᠢᠲᠤᠷ ᠬᠢᠵᠦ᠂ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠡᠷ ᠤᠨ | ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ | ᠰᠢᠭᠦᠬᠦ ᠬᠤᠷᠢᠶᠠᠨ ᠤ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠪᠦᠬᠦ | ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃ | | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠤᠨ ᠰᠢᠨᠵᠢᠶᠠᠩ ᠤᠨ | ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ | ᠪᠣᠯᠤᠨ ᠬᠤᠪᠢᠳᠠᠨ ᠬᠠᠮᠢᠶᠠᠷᠴᠤ ᠪᠠᠶᠢᠭ᠎ᠠ ᠦᠨᠳᠦᠰᠦᠲᠡᠨ ᠤ ᠠᠵᠢᠯ ᠤᠨ ᠬᠠᠷᠢᠭᠤᠴᠠᠯᠭᠠᠲᠠᠨ ᠨᠥᠬᠦᠳ᠂ ᠡᠯ᠎ᠡ ᠲᠤᠰᠠᠭᠠᠷ | ᠲᠥᠯᠥᠪᠯᠡᠭᠡᠲᠦ ᠬᠤᠳᠠ ᠪᠣᠯᠤᠨ ᠥᠪᠡᠷᠲᠡᠭᠡᠨ ᠵᠠᠰᠠᠬᠤ ᠵᠧᠦ ᠶᠢᠨ ᠨᠠᠮ ᠤᠨ ᠬᠤᠷᠢᠶᠠᠨ ᠤ ᠭᠤᠣᠯ ᠬᠠᠷᠢᠭᠤᠴᠠᠯᠭᠠᠲᠠᠨ | ᠨᠥᠬᠦᠳ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ | ᠠᠷᠠᠳ ᠤᠨ ᠪᠦᠯᠬᠦᠮ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠪᠠᠶᠢᠭᠤᠯᠭ᠎ᠠ ᠶᠢᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ᠂ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ | ᠪᠠᠶᠢᠭᠤᠯᠤᠮᠵᠢ ᠪᠣᠯᠤᠨ ᠠᠵᠤ ᠠᠬᠤᠶᠢᠯᠠᠯ᠂ ᠴᠡᠷᠢᠭ ᠠᠩᠬᠢ ᠶᠢᠨ ᠬᠤᠯᠪᠣᠭᠳᠠᠯ ᠪᠦᠬᠦᠢ ᠨᠢᠭᠡᠴᠢ᠂ ᠬᠤᠯᠪᠣᠭᠳᠠᠯ ᠪᠦᠬᠦᠢ | ᠰᠤᠳᠤᠯᠭᠠᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ ᠬᠤᠷᠠᠯ ᠨᠢ ᠲᠧᠯᠸᠢᠰ | ᠤᠲᠠᠰᠤ ᠬᠤᠷᠠᠯ ᠤᠨ ᠬᠡᠯᠪᠡᠷᠢ ᠪᠠᠷ ᠬᠤᠷᠠᠯᠳᠤᠵᠤ᠂ ᠡᠯ᠎ᠡ ᠮᠤᠵᠢ ᠣᠷᠣᠨ ᠬᠤᠳᠠ ᠪᠣᠯᠤᠨ ᠰᠢᠨᠵᠢᠶᠠᠩ ᠤᠨ ᠦᠢᠯᠡᠳᠪᠦᠷᠢᠯᠡᠯ | ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃ |