ᠪᠤᠭᠤᠲᠤ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2021/9/15
     ᠣᠳᠣᠬᠠᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠳᠠᠭᠠᠳᠤ ᠳᠤ ᠦᠷᠭᠦᠯᠵᠢᠯᠡᠨ ᠦᠷᠪᠢᠰᠦᠨ ᠳᠡᠯᠭᠡᠷᠡᠵᠦ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠤᠯᠠᠨ ᠴᠡᠭ ᠲᠤ ᠡᠭᠦᠰᠴᠦ᠂ ᠬᠡᠰᠡᠭ ᠭᠠᠵᠠᠷ ᠲᠤ ᠦᠷᠪᠢᠰᠦᠨ ᠳᠡᠯᠭᠡᠷᠡᠬᠦ ᠪᠠᠶᠢᠳᠠᠯ ᠢᠯᠡᠷᠡᠵᠦ᠂ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠨ᠎ᠠ᠃ ᠣᠶᠢᠷ᠎ᠠ ᠳᠤ᠂ ᠹᠦᠵᠢᠶᠠᠨ ᠮᠤᠵᠢ ᠶᠢᠨ ᠰᠢᠶᠠᠮᠧᠨ ᠬᠤᠲᠠ᠂ ᠫᠦᠲ᠋ᠢᠶᠠᠨ ᠬᠤᠲᠠ᠂ ᠴᠢᠤᠸᠠᠨᠵᠸᠤ ᠬᠤᠲᠠ ᠳᠤ ᠲᠤᠬᠠᠶ ᠶᠢᠨ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠴᠤ᠂ 9 ᠰᠠᠷ᠎ᠠ ᠶᠢᠨ 10᠎ ᠤ ᠡᠳᠦᠷ ᠹᠦᠵᠢᠶᠠᠨ ᠤ ᠫᠦᠲ᠋ᠢᠶᠠᠨ ᠳᠤ 6 ᠠᠷᠭ᠎ᠠ ᠶᠢᠨ ᠴᠢᠨᠠᠷᠲᠠᠶ ᠬᠠᠯᠳᠠᠪᠤᠷᠢᠯᠠᠭᠴᠢ ᠶᠢ ᠢᠯᠡᠷᠡᠭᠦᠯᠦᠭᠰᠡᠨ ᠠᠴᠠ ᠨᠠᠭᠠᠰᠢ᠂ 9 ᠰᠠᠷ᠎ᠠ ᠶᠢᠨ 14᠎ ᠤ ᠡᠳᠦᠷ ᠤᠨ 11 ᠴᠠᠭ ᠪᠣᠯᠲᠠᠯ᠎ᠠ ᠬᠠᠯᠳᠠᠪᠤᠷᠢᠯᠠᠭᠳᠠᠭᠰᠠᠨ ᠡᠪᠡᠳᠴᠢᠲᠡᠨ ᠤ ᠲᠤᠭ᠎ᠠ ᠨᠢᠭᠡᠨᠲᠡ 142 ᠨᠡᠮᠡᠭᠳᠡᠵᠦ᠂ ᠹᠦᠵᠢᠶᠠᠨ ᠤ 2 ᠭᠠᠵᠠᠷ ᠤᠨ ᠬᠢᠨ ᠠᠶᠤᠯ ᠲᠦᠭᠰᠢᠭᠦᠷᠢ ᠶᠡᠬᠡᠲᠡᠶ ᠪᠣᠯᠵᠣ᠂ 4 ᠭᠠᠵᠠᠷ ᠤᠨ ᠬᠢᠨ ᠳᠤᠮᠳᠠ ᠵᠡᠷᠭᠡ ᠶᠢᠨ ᠠᠶᠤᠯ ᠲᠦᠭᠰᠢᠭᠦᠷᠢ ᠲᠠᠢ ᠪᠣᠯᠵᠠᠶ᠃ ︽ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ︾ ᠤᠳᠠᠯ ᠦᠭᠡᠶ ᠬᠦᠷᠴᠦ ᠢᠷᠡᠬᠦ ᠭᠡᠵᠦ ᠪᠠᠶᠢᠨ᠎ᠠ᠂ ᠬᠥᠮᠦᠰ ᠤᠨ ᠭᠠᠳᠠᠭᠰᠢ ᠭᠠᠷᠬᠤ᠂ ᠵᠢᠭᠤᠯᠴᠢᠯᠠᠬᠤ ᠪᠠ ᠴᠤᠭᠯᠠᠷᠠᠬᠤ ᠴᠢᠨᠠᠷᠲᠠᠶ ᠠᠵᠢᠯᠯᠠᠭ᠎ᠠ ᠨᠡᠮᠡᠭᠳᠡᠵᠦ᠂ ᠡᠪᠡᠳᠴᠢᠨ ᠡᠮᠭᠡᠭ ᠳᠡᠯᠭᠡᠷᠡᠬᠦ ᠠᠶᠤᠯ ᠲᠦᠭᠰᠢᠭᠦᠷᠢ ᠴᠦ ᠳᠠᠭᠠᠯᠳᠤᠨ ᠨᠡᠮᠡᠭᠳᠡᠬᠦ ᠪᠣᠯᠤᠨ᠎ᠠ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠡᠳᠦᠭᠡ ᠳᠤᠤᠷᠠᠬᠢ ᠮᠡᠲᠦ ᠵᠠᠷᠯᠠᠶ᠎ᠠ᠄      ᠨᠢᠭᠡ᠂ ᠳᠤᠮᠳᠠ ᠥᠨᠳᠥᠷ ᠠᠶᠤᠯ ᠲᠦᠭᠰᠢᠭᠦᠷᠢ ᠲᠠᠢ ᠭᠠᠵᠠᠷ ᠣᠷᠣᠨ᠂ ᠬᠢᠵᠢᠭ ᠲᠤ ᠬᠤᠯᠪᠣᠭᠳᠠᠭᠰᠠᠨ ᠭᠠᠵᠠᠷ ᠣᠷᠣᠨ ᠳᠤ ᠵᠢᠭᠤᠯᠴᠢᠯᠠᠭᠰᠠᠨ ᠥᠩᠭᠡᠷᠡᠯᠲᠡ ︵ᠠᠯᠪᠠᠨ ᠠᠵᠢᠯ ᠢᠶᠠᠷ ᠭᠠᠳᠠᠭᠰᠢ ᠭᠠᠷᠤᠭᠰᠠᠨ᠂ ᠵᠢᠭᠤᠯᠴᠢᠯᠠᠭᠰᠠᠨ ᠪᠠᠭᠲᠠᠨ᠎ᠠ︶᠎ ᠠᠴᠠ ᠮᠠᠨ ᠤ ᠬᠤᠲᠠ ᠳᠤ ᠢᠷᠡᠭᠰᠡᠨ ︵ᠪᠤᠴᠠᠵᠤ ᠢᠷᠡᠭᠰᠡᠨ︶ ᠬᠥᠮᠦᠰ ᠡᠷᠬᠡᠪᠰᠢ ᠪᠠᠶᠢᠭ᠎ᠠ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠵᠢᠴᠢ ᠨᠢᠭᠡᠴᠢ ᠳᠡᠭᠡᠨ ᠶᠠᠪᠤᠵᠤ ᠰᠠᠭᠤᠭᠰᠠᠨ ᠪᠠᠶᠢᠳᠠᠯ ᠪᠠ ᠡᠷᠡᠭᠦᠯ ᠮᠡᠨᠳᠦ ᠶᠢᠨ ᠪᠠᠶᠢᠳᠠᠯ ᠢᠶᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠳᠠᠩᠰᠠᠯᠠᠭᠤᠯᠵᠤ᠂ ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ ᠲᠣᠰ ᠪᠡᠶ᠎ᠡ ᠵᠢᠴᠢ ᠬᠡᠷ ᠤᠨ ᠬᠥᠮᠦᠰ ᠤᠨ ᠡᠷᠡᠭᠦᠯ ᠮᠡᠨᠳᠦ ᠶᠢᠨ ᠺᠣᠳ᠋ ᠤᠨ ᠬᠤᠪᠢᠷᠠᠯᠲᠠ ᠶᠢ ᠨᠢᠭᠲᠠ ᠠᠩᠬᠠᠷᠴᠤ᠂ ᠬᠡᠷᠪᠡ ᠤᠯᠠᠭᠠᠨ ᠺᠣᠳ᠋ ᠪᠤᠶᠤ ᠰᠢᠷ᠎ᠠ ᠺᠣᠳ᠋ ᠭᠠᠷᠪᠠᠯ᠂ ᠪᠠᠰᠠ ᠬᠠᠷᠢᠶ᠎ᠠ ᠭᠠᠵᠠᠷ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠡᠷᠡ ᠳᠠᠷᠤᠶ ᠳᠤᠨᠢ ᠮᠡᠳᠡᠭᠦᠯᠬᠦ ᠶᠢᠨ ᠬᠠᠮᠲᠤ ᠢᠳᠡᠪᠬᠢᠲᠡᠶ ᠬᠠᠮᠵᠢᠯᠴᠠᠬᠤ ᠬᠡᠷᠡᠭᠲᠡᠶ᠃      ᠬᠤᠶᠠᠷ᠂ ᠬᠤᠪᠢ ᠬᠥᠮᠦᠨ ᠪᠣᠯᠤᠨ ᠭᠡᠷ ᠤᠨ ᠬᠥᠮᠦᠰ ᠤᠨ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠢ ᠴᠠᠭ ᠢᠮᠠᠭᠲᠠ ᠠᠩᠬᠠᠷᠴᠤ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠬᠦ ᠬᠡᠷᠡᠭᠲᠡᠶ᠃ ᠬᠠᠯᠠᠭᠤᠷᠠᠬᠤ᠂ ᠬᠠᠨᠢᠶᠠᠬᠤ᠂ ᠬᠤᠭᠤᠯᠠᠶ ᠡᠪᠡᠳᠬᠦ᠂ ᠲᠠᠮᠢᠷᠳᠠᠬᠤ᠂ ᠦᠨᠦᠷᠯᠡᠬᠦ ᠰᠡᠷᠡᠯ ᠮᠠᠭᠤᠳᠠᠬᠤ᠂ ᠰᠠᠭᠤᠯᠭᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ᠂ ᠬᠠᠯᠠᠭᠤᠷᠠᠯ ᠤᠨ ᠡᠭᠦᠳᠡᠨ ᠡᠮᠨᠡᠯᠭᠡ ᠥᠬᠡᠶ ᠡᠮᠴᠢᠯᠡᠭᠡᠨ ᠤ ᠪᠠᠶᠢᠭᠤᠯᠤᠮᠵᠢ ᠪᠤᠶᠤ ᠲᠣᠭᠲᠠᠮᠠᠯ ᠪᠤᠰᠤ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠨᠡᠭᠦᠯᠬᠦ ᠠᠴᠠ ᠵᠠᠶᠢᠯᠠᠰᠬᠢᠵᠦ᠂ ᠠᠮᠠᠪᠴᠢ ᠵᠡᠭᠦᠬᠦ ᠶᠢ ᠵᠢᠷᠤᠮᠵᠢᠭᠤᠯᠬᠤ ᠶᠢᠨ ᠬᠠᠮᠲᠤ ᠣᠶᠢᠷ᠎ᠠ ᠬᠠᠪᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠪᠤᠶᠤ ᠲᠣᠭᠲᠠᠮᠠᠯ ᠡᠮᠴᠢᠯᠡᠭᠡᠨ ᠤ ᠪᠠᠶᠢᠭᠤᠯᠤᠮᠵᠢ ᠳᠤ ᠴᠠᠭ ᠲᠤᠬᠠᠶ ᠳᠤᠨᠢ ᠬᠦᠷᠴᠦ ᠡᠮᠨᠡᠭᠦᠯᠬᠦ ᠪᠠ ᠵᠢᠭᠰᠠᠭᠠᠨ ᠪᠠᠶᠢᠴᠠᠭᠠᠬᠤ ᠶᠢᠨ ᠬᠠᠮᠲᠤ ᠂ ᠬᠤᠪᠢ ᠬᠥᠮᠦᠨ ᠤ ᠵᠢᠭᠤᠯᠴᠢᠯᠠᠨ ᠰᠠᠭᠤᠭᠰᠠᠨ ᠲᠡᠦᠬᠡ᠂ ᠬᠥᠳᠡᠯᠭᠡᠭᠡᠨ ᠤ ᠲᠡᠦᠬᠡ ᠪᠠ ᠣᠶᠢᠷᠠᠲᠤᠭᠰᠠᠨ ᠲᠡᠦᠬᠡ ᠶᠢ ᠦᠨᠡᠨ ᠮᠥᠨ ᠢᠶᠠᠷ ᠨᠢ ᠮᠡᠳᠡᠭᠦᠯᠵᠦ᠂ ᠡᠮᠨᠡᠭᠦᠯᠬᠦ ᠶᠠᠪᠤᠴᠠ ᠳᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠶ᠃      ᠭᠤᠷᠪᠠ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠪᠣᠯ ᠣᠳᠣᠬᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠪᠦᠲᠦᠮᠵᠢᠲᠡᠶ ᠠᠷᠭ᠎ᠠ ᠪᠠᠷᠢᠯ ᠮᠥᠨ᠂ ᠪᠠᠰᠠ ᠴᠤ ᠠᠷᠠᠳ ᠢᠷᠭᠡᠨ ᠨᠢᠭᠡᠪᠦᠷᠢ ᠶᠢᠨ ᠭᠦᠢᠴᠡᠳᠭᠡᠪᠡᠰᠤ ᠵᠣᠬᠢᠬᠤ ᠬᠠᠷᠢᠭᠤᠴᠠᠯᠭ᠎ᠠ ᠪᠠ ᠡᠭᠦᠷᠭᠡ ᠮᠥᠨ᠂ ᠸᠠᠺᠼᠢᠨ ᠤ ᠲᠠᠷᠢᠯᠭ᠎ᠠ ᠬᠢᠬᠦ ᠪᠠᠷ ᠳᠠᠮᠵᠢᠭᠤᠯᠤᠨ ᠬᠥᠮᠦᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠬᠠᠯᠳᠠᠪᠤᠷᠢᠯᠠᠭᠳᠠᠬᠤ ᠠᠶᠤᠯ ᠲᠦᠭᠰᠢᠭᠦᠷᠢ ᠶᠢ ᠪᠦᠲᠦᠮᠵᠢᠲᠡᠶ ᠪᠠᠭᠤᠷᠠᠭᠤᠯᠵᠤ ᠴᠢᠳᠠᠨ᠎ᠠ᠃ ᠲᠠᠷᠢᠯᠭ᠎ᠠ ᠬᠢᠬᠦ ᠨᠥᠬᠦᠴᠡᠯ ᠳᠤ ᠨᠡᠶᠢᠴᠡᠭᠰᠡᠨ ᠬᠤᠲᠠ ᠶᠢᠨ ᠠᠷᠠᠳ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠬᠠᠷᠢᠶ᠎ᠠ ᠣᠷᠣᠨ ᠤ ᠲᠠᠷᠢᠯᠭ᠎ᠠ ᠬᠢᠬᠦ ᠨᠢᠭᠡᠴᠡ ᠳᠤ ᠬᠦᠷᠴᠦ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ᠤᠷᠢᠳᠴᠢᠯᠠᠨ ᠪᠣᠯᠵᠣᠵᠤ ᠬᠢᠬᠦ ᠶᠢ ᠰᠠᠨᠠᠭᠤᠯᠵᠤ ᠪᠠᠶᠢᠨ᠎ᠠ᠃ ᠨᠢᠭᠡᠨᠲᠡ ᠲᠠᠷᠢᠯᠭ᠎ᠠ ᠬᠢᠭᠰᠡᠨ ᠪᠣᠯᠪᠠᠴᠤ ᠲᠠᠷᠢᠯᠭ᠎ᠠ ᠬᠢᠬᠦ ᠵᠢᠷᠤᠮ ᠢ ᠲᠣᠳᠣᠷᠬᠠᠶᠢᠯᠠᠯᠲᠠ ᠶᠣᠰᠣᠭᠠᠷ ᠪᠡᠶᠡᠯᠡᠭᠦᠯᠦᠭᠡᠳᠦᠶ ᠬᠥᠮᠦᠰ ᠠᠯᠤᠰᠯᠠᠬᠤ ᠴᠠᠭ ᠪᠣᠯᠤᠭᠰᠠᠨ ᠤ ᠳᠠᠷᠠᠭ᠎ᠠ᠂ ᠪᠥᠬᠦ ᠡᠭᠡᠯᠢᠯᠡᠭᠡ ᠶᠢᠨ ᠵᠢᠷᠤᠮ ᠢ ᠲᠦᠷᠭᠡᠬᠡᠨ ᠪᠡᠶᠡᠯᠡᠭᠦᠯᠵᠦ᠂ ᠳᠠᠷᠢᠬᠤ ᠶᠣᠰᠣᠲᠠᠶ ᠶᠢ ᠨᠢ ᠪᠦᠬᠦᠨ ᠢ ᠳᠠᠷᠢᠵᠤ᠂ ᠬᠠᠮᠤᠭ ᠤᠨ ᠰᠠᠶᠢᠨ ᠬᠠᠮᠠᠭᠠᠯᠠᠬᠤ ᠦᠷ᠎ᠡ ᠪᠦᠲᠦᠮᠵᠢ ᠣᠯᠵᠤ᠂ ᠪᠥᠬᠦ ᠠᠷᠠᠳ ᠤᠨ ᠡᠭᠡᠯᠢᠯᠡᠭᠡ ᠶᠢᠨ ᠬᠠᠯᠬᠠᠪᠴᠢ ᠶᠢ ᠭᠠᠷ ᠬᠤᠯᠪᠣᠨ ᠬᠠᠮᠲᠤ ᠪᠠᠷ ᠪᠠᠶᠢᠭᠤᠯᠬᠤ ᠬᠡᠷᠡᠭᠲᠡᠶ᠃      ᠲᠦᠷᠪᠡ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ ᠤᠨ ᠠᠮᠠᠷᠠᠯᠲᠠ ᠪᠣᠯᠬᠤ ᠭᠡᠵᠦ ᠪᠠᠶᠢᠭ᠎ᠠ ᠦᠶ᠎ᠡ ᠳᠤ᠂ ᠬᠤᠳᠠ ᠶᠢᠨ ᠠᠷᠠᠳ ᠲᠤᠬᠠᠶ ᠶᠢᠨ ᠭᠠᠵᠠᠷ ᠲᠠᠭᠠᠨ ᠪᠠᠶᠠᠷ ᠤᠨ ᠡᠳᠦᠷ ᠢᠶᠠᠨ ᠪᠡᠯᠭᠡᠯᠡᠬᠦ ᠶᠢ ᠰᠠᠨᠠᠭᠠᠴᠢᠯᠠᠵᠤ᠂ ᠴᠤᠭᠯᠠᠷᠠᠬᠤ ᠪᠠ ᠴᠤᠭᠯᠠᠬᠤ ᠶᠢ ᠰᠠᠨᠠᠭᠠᠴᠢᠯᠠᠬᠤ ᠦᠭᠡᠢ᠂ ᠢᠯᠠᠩᠭᠤᠶ᠎ᠠ ᠶᠡᠭᠡ ᠬᠡᠪᠴᠢᠶᠡᠨ ᠤ ᠴᠤᠭᠯᠠᠷᠠᠬᠤ ᠪᠠ ᠴᠤᠭᠯᠠᠬᠤ ᠶᠢ ᠰᠠᠨᠠᠭᠠᠴᠢᠯᠠᠬᠤ ᠦᠭᠡᠢ᠃ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠭᠠᠳᠠᠭᠰᠢ ᠭᠠᠷᠬᠤ ᠶᠢ ᠵᠦᠶ ᠵᠣᠬᠢᠰᠲᠠᠶ ᠲᠣᠬᠢᠷᠠᠭᠤᠯᠵᠤ᠂ ᠣᠯᠠᠨ ᠨᠡᠶᠢᠲᠡ ᠪᠠᠷ ᠢᠶᠠᠨ ᠭᠠᠳᠠᠭᠰᠢ ᠭᠠᠷᠬᠤ ᠠᠴᠠ ᠪᠠᠨ ᠡᠮᠦᠨ᠎ᠡ᠂ ᠵᠣᠷᠢᠯᠭ᠎ᠠ ᠶᠢᠨ ᠭᠠᠵᠠᠷ ᠣᠷᠣᠨ ᠤ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠲᠠᠰ ᠢ ᠣᠶᠢᠯᠠᠭᠠᠵᠤ᠂ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠪᠠ ᠬᠢᠵᠢᠭ ᠲᠤ ᠬᠤᠯᠪᠣᠭᠳᠠᠬᠤ ᠭᠠᠵᠠᠷ ᠣᠷᠣᠨ ᠳᠤ ᠣᠴᠢᠬᠤ ᠴᠢᠬᠤᠯᠠ ᠥᠬᠡᠶ ᠪᠠᠶᠢᠬᠤ ᠬᠡᠷᠡᠭᠲᠡᠶ᠃ ᠣᠶᠢᠷ᠎ᠠ ᠶᠢᠨ ᠬᠤᠭᠤᠴᠠᠭᠠᠨ ᠳᠤ ᠹᠦᠵᠢᠶᠠᠨ ᠮᠤᠵᠢ ᠶᠢᠨ ᠫᠦᠲ᠋ᠢᠶᠠᠨ ᠬᠤᠲᠠ ᠵᠡᠷᠭᠡ ᠳᠤᠮᠳᠠ ᠵᠡᠷᠭᠡ ᠶᠢᠨ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠤ ᠪᠠᠶᠢᠭ᠎ᠠ ᠬᠤᠲᠠ ᠳᠤ ᠵᠢᠭᠤᠯᠴᠢᠯᠠᠬᠤ ᠪᠠ ᠠᠵᠢᠯ ᠢᠶᠠᠷ ᠭᠠᠳᠠᠭᠰᠢ ᠭᠠᠷᠬᠤ ᠴᠢᠬᠤᠯᠠ ᠦᠭᠡᠶ ᠪᠣᠯᠤᠭᠰᠠᠨ ᠴᠤ ᠪᠣᠯᠬᠤ ᠦᠭᠡᠶ᠃      ᠲᠠᠪᠤ᠂ ᠥᠷᠭᠡᠨ ᠤᠯᠠᠨ ᠬᠤᠳᠠ ᠶᠢᠨ ᠠᠷᠠᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢᠨ ᠤᠷᠳᠤ ᠬᠤᠭᠤᠴᠠᠭᠠᠲᠤ ᠴᠢᠨᠠᠷ᠂ ᠨᠠᠷᠢᠨ ᠪᠤᠳᠤᠯᠢᠶᠠᠨᠲᠤ ᠴᠢᠨᠠᠷ᠂ ᠬᠦᠨᠳᠦ ᠨᠣᠴᠢᠲᠠᠢ ᠴᠢᠨᠠᠷ ᠢ ᠭᠦᠢᠴᠡᠳ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠨᠡᠬᠦ ᠬᠥᠪᠴᠢ ᠶᠢ ᠴᠢᠩᠭᠠᠷᠠᠭᠤᠯᠵᠤ᠂ ᠮᠢᠨᠴᠦᠭᠦᠷᠡᠬᠦ ᠦᠵᠡᠯ ᠰᠠᠨᠠᠭ᠎ᠠ᠂ ᠭᠤᠷᠢᠳᠠᠬᠤ ᠪᠤᠳᠤᠯ ᠢ ᠡᠷᠡᠰ ᠲᠡᠪᠴᠢᠵᠦ᠂ ᠵᠣᠬᠢᠬᠤ ᠰᠣᠨᠣᠷ ᠰᠡᠷᠡᠮᠵᠢ ᠲᠠᠢ ᠪᠠᠶᠢᠬᠤ ᠬᠡᠷᠡᠭᠲᠡᠢ᠃ ᠠᠷᠠᠳ ᠢᠷᠭᠡᠳ ᠤᠨ ᠬᠢᠵᠢᠭ ᠢ ᠰᠡᠷᠭᠡᠶᠢᠯᠡᠬᠦ ᠠᠵᠢᠯᠯᠠᠭᠠᠨ ᠤ ᠦᠨᠳᠦᠰᠦᠨ ᠪᠠᠷᠢᠮᠵᠢᠶ᠎ᠠ ᠶᠢ ᠢᠳᠡᠪᠬᠢᠲᠡᠶ ᠦᠢᠯᠡᠳᠦᠯᠭᠡᠵᠢᠭᠦᠯᠵᠦ᠂ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠲᠡᠶ᠃ ᠠᠮᠠᠪᠴᠢ ᠵᠡᠭᠦᠬᠦ ︵ᠢᠯᠠᠩᠭᠤᠶ᠎ᠠ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠪᠤᠶᠤ ᠤᠯᠠᠨ ᠨᠡᠶᠢᠲᠡ ᠶᠢᠨ ᠲᠠᠯᠠᠪᠤᠷ ᠲᠤ ᠣᠷᠣᠬᠤ︶᠎ ᠶᠢ ᠦᠷᠭᠦᠯᠵᠢᠯᠡᠨ ᠵᠢᠷᠤᠮᠵᠢᠭᠤᠯᠵᠤ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠃ ᠬᠥᠮᠦᠨ ᠴᠤᠭᠯᠠᠭᠤᠯᠬᠤ᠂ ᠭᠠᠷ ᠢᠶᠠᠨ ᠦᠷᠭᠦᠯᠵᠢ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ ᠶᠢ ᠪᠠᠭᠠᠰᠬᠠᠵᠤ᠂ 1 ᠮᠧᠲᠷ ᠠᠴᠠ ᠳᠡᠭᠡᠭᠰᠢᠬᠢ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠵᠡᠷᠭᠡ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ ᠪᠠᠲᠤᠯᠠᠵᠤ᠂ ᠡᠷᠡᠭᠦᠯ ᠰᠠᠷᠠᠭᠤᠯ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠢᠳᠡᠪᠬᠢᠲᠡᠶ ᠪᠠᠷ ᠰᠠᠨᠠᠭᠠᠴᠢᠯᠠᠬᠤ ᠬᠡᠷᠡᠭᠲᠡᠢ᠃      ᠪᠤᠭᠤᠲᠤ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ      ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                                                                                         2021 ᠣᠨ ᠤ 9 ᠰᠠᠷ᠎ᠠ ᠶᠢᠨ 15᠎ ᠤ ᠡᠳᠦᠷ
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号