ᠪᠠᠶᠠᠬᠤᠪᠤᠭ᠎ᠠ ᠠᠭᠤᠷᠬᠠᠢ ᠶᠢᠨ ᠲᠤᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2021/9/16
     9 ᠰᠠᠷ᠎ᠠ ᠶᠢᠨ 10 ᠤ ᠡᠳᠦᠷ ᠠᠴᠠ ᠨᠠᠭᠠᠰᠢ᠂ ᠹᠦᠵᠢᠶᠠᠨ ᠮᠤᠵᠢ ᠶᠢᠨ ᠫᠦᠲ᠋ᠢᠶᠠᠨ ᠬᠤᠲᠠ᠂ ᠴᠢᠤᠸᠠᠨᠵᠸᠤ ᠬᠤᠲᠠ᠂ ᠰᠢᠶᠠᠮᠧᠨ ᠬᠤᠲᠠ ᠳᠤ ᠲᠤᠬᠠᠶ ᠶᠢᠨ ᠭᠠᠵᠠᠷ ᠤᠨ ᠣᠨᠣᠰᠢᠯᠠᠭᠳᠠᠭᠰᠠᠨ ᠡᠪᠡᠳᠴᠢᠲᠡᠨ ᠵᠠᠯᠭᠠᠭ᠎ᠠ ᠪᠠᠷ ᠢᠯᠡᠷᠡᠵᠦ᠂ 9 ᠰᠠᠷ᠎ᠠ ᠶᠢᠨ 16 ᠤ ᠡᠳᠦᠷ ᠤᠨ 15 ᠴᠠᠭ ᠪᠣᠯᠲᠠᠯ᠎ᠠ ᠬᠠᠯᠳᠠᠪᠤᠷᠢᠯᠠᠭᠳᠠᠭᠰᠠᠨ ᠡᠪᠡᠳᠴᠢᠲᠡᠨ ᠤ ᠲᠤᠭ᠎ᠠ ᠨᠢᠭᠡᠨᠲᠡ 183 ᠪᠣᠯᠵᠣ᠂ ᠹᠦᠵᠢᠶᠠᠨ ᠮᠤᠵᠢ ᠶᠢᠨ 2 ᠭᠠᠵᠠᠷ ᠤᠨ ᠬᠢᠨ ᠠᠶᠤᠯ ᠲᠦᠭᠰᠢᠭᠦᠷᠢ ᠶᠡᠬᠡᠲᠡᠶ ᠪᠣᠯᠵᠣ᠂ 4 ᠭᠠᠵᠠᠷ ᠤᠨ ᠬᠢᠨ ᠲᠤᠮᠳᠠ ᠵᠡᠷᠭᠡ ᠶᠢᠨ ᠠᠶᠤᠯ ᠲᠦᠭᠰᠢᠭᠦᠷᠢ ᠲᠠᠢ ᠪᠣᠯᠵᠠᠶ᠃      ︽ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ︾ ᠤᠨ ᠠᠮᠠᠷᠠᠯᠲᠠ ᠤᠳᠠᠯ ᠦᠭᠡᠢ ᠬᠦᠷᠴᠦ ᠢᠷᠡᠬᠦ ᠪᠣᠯᠤᠯ᠎ᠠ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠳᠡᠯᠭᠡᠷᠡᠬᠦ ᠶᠢ ᠰᠡᠷᠭᠡᠶᠢᠯᠡᠬᠦ︾ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠠᠶᠤᠯ ᠲᠦᠭᠰᠢᠭᠦᠷᠢ ᠶᠢ ᠪᠦᠲᠦᠮᠵᠢᠲᠡᠢ ᠡᠵᠡᠮᠳᠡᠬᠦ ᠪᠠ ᠪᠠᠭᠤᠷᠠᠭᠤᠯᠬᠤ ᠶᠢᠨ ᠲᠥᠯᠥᠭᠡ᠂ ᠤᠳᠤ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠵᠠᠷᠯᠠᠶ᠎ᠠ᠄     ᠨᠢᠭᠡ᠂ ᠳᠤᠮᠳᠠ ᠵᠡᠷᠭᠡ ᠶᠢᠨ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ᠂ ᠬᠢᠵᠢᠭ ᠲᠤ ᠬᠤᠯᠪᠣᠭᠳᠠᠭᠰᠠᠨ ᠭᠠᠵᠠᠷ ᠣᠷᠣᠨ ᠤ ᠵᠢᠭᠤᠯᠴᠢᠯᠠᠨ ᠰᠠᠭᠤᠭᠰᠠᠨ ᠲᠡᠦᠬᠡ ︵ᠠᠯᠪᠠᠨ ᠠᠵᠢᠯ ᠢᠶᠠᠷ ᠭᠠᠳᠠᠭᠰᠢ ᠭᠠᠷᠤᠭᠰᠠᠨ᠂ ᠵᠢᠭᠤᠯᠴᠢᠯᠠᠨ ᠵᠤᠭᠠᠴᠠᠭᠰᠠᠨ ᠢ ᠪᠠᠭᠲᠠᠭᠠᠨ᠎ᠠ︶      ᠮᠠᠨ ᠤ ᠲᠤᠭᠤᠷᠢᠭ ᠲᠤ ᠢᠷᠡᠬᠦ ︵ᠪᠤᠴᠠᠬᠤ︶ ᠬᠥᠮᠦᠰ ᠡᠷᠬᠡᠪᠰᠢ ᠪᠠᠶᠢᠭ᠎ᠠ ᠨᠡᠶᠢᠭᠡᠮ ᠲᠣᠭᠤᠷᠢᠭ ᠵᠢᠴᠢ ᠪᠠᠶᠢᠭᠤᠯᠭ᠎ᠠ ᠨᠢᠭᠡᠴᠡ ᠳᠡᠭᠡᠨ ᠶᠠᠪᠤᠵᠤ ᠰᠠᠭᠤᠭᠰᠠᠨ ᠪᠠᠶᠢᠳᠠᠯ ᠪᠣᠯᠤᠨ ᠡᠷᠡᠭᠦᠯ ᠮᠡᠨᠳᠦ ᠶᠢᠨ ᠪᠠᠶᠢᠳᠠᠯ ᠢᠶᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠵᠦ᠂ ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ ᠤᠯᠤᠰ ᠤᠨ ᠳᠣᠲᠣᠭᠠᠳᠤ ᠶᠢᠨ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠢᠷᠡᠬᠦ ︵ᠪᠤᠴᠠᠬᠤ︶ ᠮᠠᠨ ᠤ  ᠲᠤᠭᠤᠷᠢᠭ ᠤᠨ ᠬᠥᠮᠦᠰ ᠲᠤ ᠴᠥᠮ ︽14 ᠡᠳᠦᠷ ᠲᠤ ᠲᠥᠪᠯᠡᠷᠡᠭᠦᠯᠦᠨ ᠲᠤᠰᠠᠭᠠᠷᠯᠠᠬᠤ + 5 ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠤᠯᠤᠰ ᠤᠨ ᠳᠣᠲᠣᠭᠠᠳᠤ ᠶᠢᠨ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠢᠷᠡᠬᠦ ︵ᠪᠤᠴᠠᠬᠤ︶ ᠮᠠᠨ ᠤ  ᠲᠤᠭᠤᠷᠢᠭ ᠤᠨ ᠬᠥᠮᠦᠰ ᠲᠤ ᠴᠥᠮ ︽14 ᠡᠳᠦᠷ ᠲᠤ ᠬᠡᠷ ᠲᠡᠭᠡᠨ ᠲᠤᠰᠠᠭᠠᠷᠯᠠᠬᠤ + 5 ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ 1᠂ 4᠂ 7᠂ 10᠂ 14 ᠡᠳᠦᠷ ᠲᠤ ᠲᠣᠰ ᠲᠣᠰ 1 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠪᠠᠶᠢᠴᠠᠭᠠᠨ ᠬᠡᠮᠵᠢᠭᠰᠡᠨ ᠦᠷ᠎ᠡ ᠳ᠋ᠦᠩ ᠳᠤ ᠬᠡᠪ ᠤᠨ ᠪᠤᠰᠤ ᠪᠠᠶᠢᠳᠠᠯ ᠥᠬᠡᠶ ᠪᠣᠯ ᠰᠠᠶ᠋ᠢ ᠲᠤᠰᠠᠭᠠᠷᠯᠠᠨ ᠠᠵᠢᠭᠯᠠᠬᠤ ᠶᠢ ᠦᠭᠡᠶᠢᠰᠬᠡᠵᠦ ᠪᠣᠯᠤᠨ᠎ᠠ᠃ ᠬᠢᠵᠢᠭ ᠤᠨ ᠪᠠᠶᠢᠳᠠᠯ ᠡᠭᠦᠰᠦᠭᠰᠡᠨ ᠮᠤᠵᠢ ᠬᠤᠲᠠ ᠶᠢᠨ ᠳᠤᠮᠳᠠ ᠵᠡᠷᠭᠡ ᠶᠢᠨ ᠪᠤᠰᠤ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠮᠠᠨ ᠤ ᠲᠤᠭᠤᠷᠢᠭ ᠲᠤ ᠢᠷᠡᠬᠦ ︵ᠪᠤᠴᠠᠬᠤ︶ ᠬᠥᠮᠦᠰ ᠡᠷᠬᠡᠪᠰᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠪᠠᠨ ᠠᠪᠴᠤ᠂ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠭᠰᠡᠨ ᠤᠷᠢᠲᠠᠯ ᠳᠣᠤᠷ᠎ᠠ᠂ ᠴᠢᠯᠥᠭᠡᠲᠡᠶ ᠰᠢᠯᠵᠢᠵᠦ ᠪᠣᠯᠤᠨ᠎ᠠ᠃ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠶᠢᠬᠤ ᠥᠬᠡᠶ ᠪᠣᠯ᠂ ᠲᠥᠪᠯᠡᠷᠡᠭᠦᠯᠦᠨ ᠲᠤᠰᠠᠭᠠᠷᠯᠠᠬᠤ ᠶᠢᠨ ᠬᠠᠮᠲᠤ 24 ᠴᠠᠭ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠲᠠ ᠶᠢ ᠪᠡᠶᠡᠯᠡᠭᠦᠯᠵᠦ᠂ ᠪᠠᠶᠢᠴᠠᠭᠠᠯᠲᠠ ᠶᠢᠨ ᠦᠷ᠎ᠡ ᠳ᠋ᠦᠩ ᠨᠢ ᠪᠢᠯᠢᠭ ᠴᠢᠨᠠᠷᠲᠠᠶ ᠪᠠᠶᠢᠵᠤ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ᠂ ᠴᠢᠯᠥᠭᠡᠲᠡᠶ ᠰᠢᠯᠵᠢᠵᠦ ᠪᠣᠯᠤᠨ᠎ᠠ᠃      ᠬᠤᠶᠠᠷ᠂ ᠬᠢᠯᠢ ᠶᠢᠨ ᠭᠠᠳᠠᠨ᠎ᠠ ᠠᠴᠠ ᠮᠠᠨ ᠤ ᠲᠤᠭᠤᠷᠢᠭ ᠲᠤ ᠪᠤᠴᠠᠵᠤ ᠢᠷᠡᠭᠰᠡᠨ ᠬᠥᠮᠦᠰ ᠢ ᠬᠠᠷᠢᠶ᠎ᠠ ᠭᠠᠵᠠᠷ ᠤᠨ ᠨᠡᠶᠢᠭᠡᠮ ᠲᠣᠭᠤᠷᠢᠭ ᠲᠤ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠂ ᠨᠢᠭᠡᠳᠦᠭᠡᠷ ᠬᠢᠯᠢ ᠳᠤ ᠣᠷᠣᠬᠤ ᠴᠡᠭ ᠲᠤ 14 ᠡᠳᠦᠷ ᠲᠥᠪᠯᠡᠷᠡᠭᠦᠯᠦᠨ ᠲᠤᠰᠠᠭᠠᠷᠯᠠᠬᠤ ᠠᠴᠠ ᠭᠠᠳᠠᠨ᠎ᠠ᠂ ᠪᠠᠰᠠ 7 ᠡᠳᠦᠷ ᠤᠨ ᠬᠡᠷ ᠪᠦᠯᠢ ᠶᠢᠨ ᠡᠷᠡᠭᠦᠯ ᠮᠡᠨᠳᠦ ᠶᠢ ᠬᠢᠨᠠᠨ ᠬᠡᠮᠵᠢᠵᠦ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠡᠷᠡᠭᠦᠯ ᠮᠡᠨᠳᠦ ᠶᠢ ᠬᠢᠨᠠᠨ ᠬᠡᠮᠵᠢᠬᠦ ᠬᠤᠭᠤᠴᠠᠭᠠᠨ ᠤ ᠬᠤᠶᠠᠳᠤᠭᠠᠷ ᠪᠠ ᠲᠤᠯᠤᠳᠤᠭᠠᠷ ᠡᠳᠦᠷ ᠲᠤ ᠲᠣᠰ ᠲᠣᠰ 1 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠪᠠᠶᠢᠴᠠᠭᠠᠨ ᠬᠡᠮᠵᠢᠬᠦ ᠳᠡᠭᠡᠨ 2 ᠬᠤᠪᠢ ᠬᠠᠮᠠᠷ ᠵᠠᠯᠭᠢᠭᠤᠷ ᠤᠨ ᠵᠦᠯᠭᠦᠭᠦᠷ ᠤᠨ ᠥᠯᠢᠭᠡᠷ ᠡᠳ᠋ ᠢ ᠴᠤᠭᠯᠠᠭᠤᠯᠵᠤ᠂ ᠲᠣᠰ ᠲᠣᠰ ᠠᠳᠠᠯᠢ ᠪᠤᠰᠤ ᠪᠠᠶᠢᠴᠠᠭᠠᠨ ᠬᠡᠮᠵᠢᠬᠦ ᠲᠤᠷᠰᠢᠯᠲᠠ ᠶᠢᠨ ᠡᠮ ᠢ ᠬᠡᠷᠡᠭᠯᠡᠨ ᠬᠢᠬᠦ ᠬᠡᠷᠡᠭᠲᠡᠶ᠃      ᠭᠤᠷᠪᠠ᠂ ᠮᠠᠨ ᠤ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠥᠷᠭᠡᠨ ᠣᠯᠠᠨ ᠰᠠᠭᠤᠭᠠᠯᠢ ᠠᠷᠠᠳ ᠪᠣᠯᠤᠨ ᠪᠠᠶᠠᠬᠤᠪᠤᠭ᠎ᠠ ᠲᠤ ᠢᠷᠡᠭᠰᠡᠨ ᠬᠥᠮᠦᠰ ᠢ ᠳᠡᠮᠵᠢᠨ ᠬᠠᠮᠵᠢᠯᠴᠠᠭᠤᠯᠵᠤ᠂ 8 ᠰᠠᠷ᠎ᠠ ᠶᠢᠨ 27 ᠤ ᠡᠳᠦᠷ ᠠᠴᠠ ᠨᠠᠰᠢ ᠹᠦᠵᠢᠶᠠᠨ ᠮᠤᠵᠢ ᠶᠢᠨ ᠳᠤᠮᠳᠠ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠮᠠᠨ ᠤ ᠲᠤᠭᠤᠷᠢᠭ ᠲᠤ ᠣᠷᠣᠵᠤ ᠢᠷᠡᠭᠰᠡᠨ ᠬᠥᠮᠦᠨ ᠪᠦᠬᠦᠨ᠂ ᠳᠠᠷᠦ᠋ᠢᠬᠠᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠂ ᠬᠠᠷᠢᠶ᠎ᠠ ᠨᠡᠶᠢᠭᠡᠮ ᠲᠣᠭᠤᠷᠢᠭ᠂ ᠪᠠᠶᠢᠭᠤᠯᠭ᠎ᠠ ᠨᠢᠭᠡᠴᠡ᠂ ᠪᠠᠭᠤᠳᠠᠯ ᠳᠤ ᠰᠠᠭᠤᠬᠤ ᠭᠠᠵᠠᠷ ᠲᠤ ᠮᠡᠳᠡᠭᠦᠯᠵᠦ᠂ ᠱᠠᠭᠠᠷᠳᠠᠯᠭ᠎ᠠ ᠶᠣᠰᠣᠭᠠᠷ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠪᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠵᠡᠷᠭᠡ ᠠᠷᠭ᠎ᠠ ᠬᠡᠮᠵᠢᠶ᠎ᠡ ᠶᠢ ᠬᠠᠮᠵᠢᠯᠴᠠᠨ ᠰᠠᠶᠢᠲᠤᠷ ᠬᠢᠵᠦ᠂ ᠲᠤᠰᠠᠭᠠᠷᠯᠠᠨ ᠠᠵᠢᠭᠯᠠᠬᠤ ᠪᠠᠨ ᠵᠣᠭᠰᠣᠬᠤ ᠠᠴᠠ ᠡᠮᠦᠨ᠎ᠡ᠂ ᠶᠠᠮᠠᠷᠪᠠ ᠴᠤᠭᠯᠠᠷᠠᠯ ᠤᠨ ᠴᠢᠨᠠᠷᠲᠠᠶ ᠠᠵᠢᠯᠯᠠᠭ᠎ᠠ ᠳᠤ ᠳᠤᠷ᠎ᠠ ᠪᠠᠷ ᠢᠶᠠᠨ ᠣᠷᠣᠯᠴᠠᠵᠤ ᠪᠣᠯᠬᠤ ᠥᠬᠡᠶ᠃      ᠲᠦᠷᠪᠡ᠂ ᠥᠷᠭᠡᠨ ᠤᠯᠠᠨ ᠰᠠᠭᠤᠭᠠᠯᠢ ᠠᠷᠠᠳ ᠬᠤᠪᠢ ᠬᠥᠮᠦᠨ ᠪᠠ ᠭᠡᠷ ᠤᠨ ᠬᠥᠮᠦᠰ ᠤᠨ ᠢᠶᠠᠨ ᠪᠡᠶ᠎ᠡ ᠮᠠᠬᠠᠪᠣᠳ ᠤᠨ ᠡᠷᠡᠭᠦᠯ ᠮᠡᠨᠳᠤ ᠶᠢᠨ ᠪᠠᠶᠢᠳᠠᠯ ᠢ ᠴᠠᠭ ᠢᠮᠠᠭᠲᠠ ᠠᠩᠬᠠᠷᠴᠤ᠂ ᠡᠷᠡᠭᠦᠯ ᠮᠡᠨᠳᠤ ᠶᠢᠨ ᠬᠢᠨᠠᠨ ᠬᠡᠮᠵᠢᠯᠲᠡ ᠶᠢ ᠰᠠᠶᠢᠲᠤᠷ ᠬᠢᠬᠦ ᠶᠢ ᠬᠦᠰᠡᠵᠦ ᠪᠠᠶᠢᠨ᠎ᠠ᠃ ᠬᠡᠷᠪᠡ ᠬᠠᠯᠠᠭᠤᠷᠠᠬᠤ᠂ ᠬᠠᠨᠢᠶᠠᠬᠤ᠂ ᠬᠤᠭᠤᠯᠠᠶ ᠡᠪᠡᠳᠬᠦ᠂ ᠲᠠᠮᠢᠷᠳᠠᠬᠤ᠂ ᠦᠨᠦᠷᠯᠡᠬᠦ ᠰᠡᠷᠡᠯ ᠮᠠᠭᠤᠳᠠᠬᠤ᠂ ᠰᠠᠭᠤᠯᠭᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ᠂ ᠴᠠᠭ ᠲᠤᠬᠠᠶ ᠳᠤᠨᠢ ᠬᠠᠯᠠᠭᠤᠷᠠᠵᠤ ᠪᠠᠶᠢᠭ᠎ᠠ ᠡᠭᠦᠳᠡᠨ ᠡᠮᠨᠡᠯᠭᠡ ᠳᠤ ᠬᠦᠷᠴᠦ ᠡᠮᠨᠡᠭᠦᠯᠬᠦ ᠶᠢᠨ ᠬᠠᠮᠲᠤ ᠬᠤᠪᠢ ᠬᠥᠮᠦᠨ ᠤ ᠵᠢᠭᠤᠯᠴᠢᠯᠠᠵᠤ ᠰᠠᠭᠤᠭᠰᠠᠨ ᠲᠡᠦᠬᠡ᠂ ᠬᠥᠳᠡᠯᠭᠡᠭᠡᠨ ᠬᠢᠵᠦ ᠥᠩᠭᠡᠷᠡᠭᠰᠡᠨ ᠲᠡᠦᠬᠡ ᠪᠠ ᠬᠦᠷᠦᠯᠴᠡᠭᠰᠡᠨ ᠲᠡᠦᠬᠡ ᠪᠠᠨ ᠦᠨᠡᠨ ᠢᠶᠠᠷ ᠨᠢ ᠮᠡᠳᠡᠭᠳᠡᠵᠦ᠂ ᠡᠪᠡᠳᠴᠢᠨ ᠦᠵᠡᠭᠦᠯᠬᠦ ᠵᠠᠮ ᠳᠠᠭᠠᠨ ᠠᠯᠢ ᠴᠢᠳᠠᠬᠤ ᠪᠠᠷ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠶ᠃      ᠲᠠᠪᠤ᠂ ᠰᠢᠨ᠎ᠡ ᠲᠢᠲᠢᠮᠯᠢᠭ  ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠪᠣᠯ ᠣᠳᠣᠬᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠠᠮᠤᠭ ᠤᠨ ᠪᠦᠲᠦᠮᠵᠢᠲᠡᠶ ᠠᠷᠭ᠎ᠠ ᠪᠠᠷᠢᠯ ᠮᠥᠨ᠂ ᠪᠠᠰᠠ ᠴᠤ ᠠᠷᠠᠳ ᠢᠷᠭᠡᠨ ᠨᠢᠭᠡᠪᠦᠷᠢ ᠶᠢᠨ ᠭᠦᠢᠴᠡᠳᠭᠡᠪᠡᠰᠤ ᠵᠣᠬᠢᠬᠤ ᠬᠠᠷᠢᠭᠤᠴᠠᠯᠭ᠎ᠠ ᠪᠠ ᠡᠭᠦᠷᠭᠡ ᠮᠥᠨ᠂ ᠸᠠᠺᠼᠢᠨ ᠤ ᠲᠠᠷᠢᠯᠭ᠎ᠠ ᠬᠢᠬᠦ ᠪᠠᠷ ᠳᠠᠮᠵᠢᠭᠤᠯᠤᠨ ᠬᠥᠮᠦᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠬᠦ ᠲᠦᠭᠰᠢᠭᠦᠷᠢ ᠶᠢ ᠪᠦᠲᠦᠮᠵᠢᠲᠡᠶ ᠪᠠᠭᠠᠰᠬᠠᠵᠤ ᠴᠢᠳᠠᠨ᠎ᠠ᠃ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ ᠥᠷᠭᠡᠨ ᠣᠯᠠᠨ ᠰᠠᠭᠤᠭᠠᠯᠢ ᠠᠷᠠᠳ ︽ᠭᠥᠯᠢᠶᠡᠨ ᠠᠪᠬᠤ ᠶᠣᠰᠣᠲᠠᠶ ᠶᠢ ᠨᠢ ᠴᠥᠮ ᠭᠥᠯᠢᠶᠡᠨ ᠠᠪᠬᠤ︾ ᠱᠠᠭᠠᠷᠳᠠᠯᠭ᠎ᠠ ᠶᠣᠰᠣᠭᠠᠷ᠂ ᠲᠠᠷᠢᠯᠭ᠎ᠠ ᠶᠢ ᠠᠯᠢ ᠲᠦᠷᠭᠡᠨ ᠢᠶᠠᠷ ᠪᠡᠶᠡᠯᠡᠭᠦᠯᠵᠦ᠂ ᠰᠢᠨ᠎ᠡ ᠲᠢᠲᠢᠮᠯᠢᠭ ᠸᠢᠷᠦ᠋ᠰ ᠢ ᠡᠰᠡᠷᠭᠦᠴᠡᠬᠦ ᠡᠭᠡᠯᠢᠯᠡᠭᠡ ᠶᠢᠨ ᠬᠠᠯᠬᠠᠪᠴᠢ ᠶᠢ ᠬᠠᠮᠲᠤ ᠪᠠᠷ ᠴᠣᠭᠴᠠᠯᠠᠨ ᠪᠠᠶᠢᠭᠤᠯᠬᠤ ᠬᠡᠷᠡᠭᠲᠡᠶ᠃      ᠵᠢᠷᠭᠤᠭ᠎ᠠ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ ᠤᠨ ᠠᠮᠠᠷᠠᠯᠲᠠ ᠪᠣᠯᠬᠤ ᠭᠡᠵᠦ ᠪᠠᠶᠢᠭ᠎ᠠ ᠦᠶ᠎ᠡ ᠳᠤ᠂ ᠥᠷᠭᠡᠨ ᠤᠯᠠᠨ ᠰᠠᠭᠤᠭᠠᠯᠢ ᠠᠷᠠᠳ ᠢ ᠲᠤᠰ ᠭᠠᠵᠠᠷ ᠲᠠᠭᠠᠨ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠰᠠᠨᠠᠭᠠᠴᠢᠯᠠᠵᠤ᠂ ᠬᠤᠷᠠᠨ ᠴᠤᠭᠯᠠᠷᠠᠬᠤ ᠪᠠ ᠬᠤᠷᠠᠨ ᠴᠤᠭᠯᠠᠬᠤ ᠶᠢ ᠰᠠᠨᠠᠭᠠᠴᠢᠯᠠᠬᠤ ᠦᠭᠡᠢ᠂ ᠢᠯᠠᠩᠭᠤᠶ᠎ᠠ ᠶᠡᠭᠡ ᠬᠡᠪᠴᠢᠶᠡᠨ ᠤ ᠬᠤᠷᠠᠨ ᠴᠤᠭᠯᠠᠷᠠᠬᠤ ᠪᠠ ᠬᠤᠷᠠᠨ ᠴᠤᠭᠯᠠᠬᠤ ᠶᠢ ᠰᠠᠨᠠᠭᠠᠴᠢᠯᠠᠬᠤ ᠦᠭᠡᠢ᠃ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠭᠠᠳᠠᠭᠰᠢ ᠭᠠᠷᠬᠤ ᠶᠢ ᠵᠦᠶ ᠵᠣᠬᠢᠰᠲᠠᠶ ᠲᠣᠬᠢᠷᠠᠭᠤᠯᠵᠤ᠂ ᠭᠠᠳᠠᠭᠰᠢ ᠭᠠᠷᠬᠤ ᠠᠴᠠ ᠪᠠᠨ ᠡᠮᠦᠨ᠎ᠡ᠂ ᠵᠣᠷᠢᠯᠭ᠎ᠠ ᠶᠢᠨ ᠭᠠᠵᠠᠷ ᠣᠷᠣᠨ ᠤ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠲᠠᠰ ᠢ ᠣᠶᠢᠯᠠᠭᠠᠵᠤ᠂ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠪᠠ ᠬᠢᠵᠢᠭ ᠲᠤ ᠬᠤᠯᠪᠣᠭᠳᠠᠬᠤ ᠭᠠᠵᠠᠷ ᠣᠷᠣᠨ ᠳᠤ ᠣᠴᠢᠬᠤ ᠴᠢᠬᠤᠯᠠ ᠥᠬᠡᠶ ᠪᠠᠶᠢᠬᠤ ᠬᠡᠷᠡᠭᠲᠡᠶ᠃ ᠣᠶᠢᠷ᠎ᠠ ᠶᠢᠨ ᠬᠤᠭᠤᠴᠠᠭᠠᠨ ᠳᠤ ᠴᠢᠬᠤᠯᠠ ᠦᠭᠡᠶ ᠪᠣᠯ ᠥᠷᠭᠡᠨ ᠣᠯᠠᠨ ᠰᠠᠭᠤᠭᠠᠯᠢ ᠠᠷᠠᠳ ᠹᠦᠵᠢᠶᠠᠨ ᠮᠤᠵᠢ ᠶᠢᠨ ᠫᠦᠲ᠋ᠢᠶᠠᠨ ᠬᠤᠲᠠ ᠵᠡᠷᠭᠡ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠤ ᠪᠠᠶᠢᠭ᠎ᠠ ᠬᠤᠲᠠ ᠳᠤ ᠣᠴᠢᠵᠤ ᠵᠢᠭᠤᠯᠴᠢᠯᠠᠬᠤ ᠪᠤᠶᠤ ᠠᠯᠪᠠᠨ ᠠᠵᠢᠯ ᠢᠶᠠᠷ ᠭᠠᠳᠠᠭᠰᠢ ᠭᠠᠷᠬᠤ ᠦᠭᠡᠶ ᠪᠠᠶᠢᠬᠤ ᠶᠢ ᠬᠦᠰᠡᠵᠦ ᠪᠠᠶᠢᠨ᠎ᠠ᠃      ᠲᠤᠯᠤᠭ᠎ᠠ᠂ ᠥᠷᠭᠡᠨ ᠤᠯᠠᠨ ᠰᠠᠭᠤᠭᠠᠯᠢ ᠠᠷᠠᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠪᠠᠨ ᠴᠠᠭ ᠢᠮᠠᠭᠲᠠ ᠴᠢᠩᠭᠠᠷᠠᠭᠤᠯᠵᠤ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠶᠢ ᠠᠩᠬᠠᠷᠴᠤ᠂ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠵᠤ᠂ ᠬᠠᠮᠠᠭᠠᠯᠠᠯᠲᠠ ᠶᠢᠨ ᠠᠮᠠᠪᠴᠢ ᠶᠢ ᠦᠷᠭᠦᠯᠵᠢᠯᠡᠨ ᠵᠡᠭᠦᠬᠦ᠂ ᠬᠤᠶᠠᠷ ᠭᠠᠷ ᠢᠶᠠᠨ ᠦᠷᠭᠦᠯᠵᠢ ᠤᠬᠢᠶᠠᠬᠤ᠂ ᠨᠡᠶᠢᠭᠡᠮ ᠤᠨ ᠬᠠᠷᠢᠯᠴᠠᠭᠠᠨ ᠤ ᠵᠠᠢ ᠶᠢ ᠦᠯᠡᠳᠡᠭᠡᠬᠦ᠂ ᠴᠣᠩᠬᠤ ᠶᠢ ᠴᠢᠳᠠᠬᠤ ᠶᠢᠨ ᠬᠢᠷᠢ ᠪᠠᠷ ᠨᠡᠭᠡᠭᠡᠬᠦ᠂ ᠬᠠᠨᠢᠶᠠᠵᠤ ᠨᠠᠶᠢᠲᠠᠭᠠᠬᠤ ᠶᠢ ᠪᠠᠰᠠ ᠬᠠᠯᠬᠠᠯᠠᠬᠤ ᠬᠠᠮᠠᠭᠠᠯᠠᠯᠲᠠ ᠶᠢᠨ ︽ᠲᠠᠪᠤᠨ ᠵᠦᠢᠯ︾ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃                  ᠲᠤᠭᠤᠷᠢᠭ ᠤᠨ ᠵᠢᠯᠣᠭᠤᠳᠬᠤ ᠭᠠᠵᠠᠷ ᠤᠨ 24 ᠴᠠᠭ ᠤᠨ ᠬᠠᠷᠢᠯᠴᠠᠬᠤ ᠤᠲᠠᠰᠤ᠄ 0472 — 8515041      ᠲᠤᠭᠤᠷᠢᠭ ᠤᠨ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ 24 ᠴᠠᠭ ᠤᠨ ᠬᠠᠷᠢᠯᠴᠠᠬᠤ ᠤᠲᠠᠰᠤ᠄ 0472-8512573      ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠬᠠᠯᠠᠭᠤᠷᠠᠯ ᠤᠨ ᠡᠭᠦᠳᠡᠨ ᠡᠮᠨᠡᠯᠭᠡ ᠶᠢᠨ 24 ᠴᠠᠭ ᠤᠨ ᠬᠠᠷᠢᠯᠴᠠᠬᠤ ᠤᠲᠠᠰᠤ᠄ 0472 —   6131615      ᠪᠠᠶᠠᠬᠤᠪᠤᠭ᠎ᠠ ᠠᠭᠤᠷᠬᠠᠶ ᠶᠢᠨ ᠲᠤᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                                                                                                                                                                                                                                                             2021 ᠣᠨ ᠤ 9 ᠰᠠᠷ᠎ᠠ ᠶᠢᠨ 16 ᠤ ᠡᠳᠤᠷ        
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ