2020 ᠣᠨ ᠤ ᠪᠠᠶᠠᠬᠤᠪᠤᠭ᠎ᠠ ᠠᠭᠤᠷᠬᠠᠢ ᠶᠢᠨ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠳᠠᠯ ᠣᠷᠣᠭᠤᠯᠤᠯᠲᠠ ᠶᠢᠨ ᠪᠦᠷᠢᠳᠬᠡᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2021/9/27
     2020 ᠣᠨ ᠳᠤ᠂ ᠮᠠᠨ ᠤ ᠲᠤᠭᠤᠷᠢᠭ ᠤᠨ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠨᠡᠯᠢᠶᠡᠳ ᠲᠦᠷᠭᠡᠨ ᠨᠡᠮᠡᠭᠳᠡᠯ ᠢ ᠪᠠᠲᠤᠯᠠᠵᠤ᠂ ᠣᠳᠤ ᠭᠤᠤᠯ ᠪᠣᠯᠬᠤ ᠲᠤᠭ᠎ᠠ ᠪᠠᠷᠢᠮᠲᠠ ᠶᠢ ᠳᠣᠤᠷᠠᠬᠢ ᠮᠡᠲᠦ ᠨᠡᠶᠢᠲᠡᠯᠡᠶ᠎ᠡ᠄      2020 ᠣᠨ ᠳᠤ᠂ ᠪᠠᠶ᠋ᠬᠠᠤᠪᠤᠭ᠎ᠠ ᠠᠭᠤᠷᠬᠠᠶ ᠶᠢᠨ ᠲᠤᠭᠤᠷᠢᠭ ᠲᠤ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠨᠡᠶᠢᠲᠡ 3735.70 ᠲᠦᠮᠡᠨ ᠲᠥᠭᠦᠷᠢᠭ ᠣᠷᠣᠭᠤᠯᠵᠤ᠂ ᠲᠦᠷᠦᠭᠦᠤ ᠵᠢᠯ ᠤᠨ ᠬᠢ ᠠᠴᠠ 2871.12 ᠲᠦᠮᠡᠨ ᠲᠥᠭᠦᠷᠢᠭ ᠨᠡᠮᠡᠭᠳᠡᠨ᠂ 332% ᠢᠶᠠᠷ ᠨᠡᠮᠡᠭᠳᠡᠵᠦ᠂ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠣᠷᠣᠭᠤᠯᠤᠯᠲᠠ ᠶᠢᠨ ᠬᠦᠴᠦᠯᠡᠴᠡ ︵ᠭᠠᠵᠠᠷ ᠣᠷᠣᠨ ᠤ ᠥᠢᠯᠡᠪᠤᠷᠢᠯᠡᠯ ᠤᠨ ᠪᠥᠬᠦ ᠥᠷᠲᠡᠭ ᠯᠦᠭᠡ ᠶᠢᠨ ᠬᠠᠷᠢᠴᠠᠯ︶ 1.19% ᠪᠠᠶᠢᠵᠤ᠂ ᠲᠦᠷᠦᠭᠦᠤ ᠵᠢᠯ ᠤᠨ ᠬᠢ ᠠᠴᠠ 0.92 ᠵᠠᠭᠤᠨ ᠤ ᠨᠢᠭᠡᠴᠢ ᠳᠡᠭᠡᠭᠰᠢᠯᠡᠪᠡ᠃      ᠮᠠᠨ ᠤ ᠲᠤᠭᠤᠷᠢᠭ ᠤᠨ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠨᠡᠯᠢᠶᠡᠳ ᠲᠦᠷᠭᠡᠨ ᠨᠡᠮᠡᠭᠳᠡᠯ ᠢ ᠪᠠᠲᠤᠯᠠᠵᠤ ᠂ ᠮᠠᠨ ᠤ ᠲᠤᠭᠤᠷᠢᠭ ᠤᠨ ᠠᠵᠤ ᠠᠬᠤᠶ ᠶᠢᠨ ᠲᠦᠷᠭᠡᠨ ᠬᠥᠭᠵᠢᠯᠲᠡ ᠳᠤ ᠬᠦᠴᠦᠲᠡᠶ ᠪᠠᠲᠤᠯᠠᠭ᠎ᠠ ᠬᠠᠩᠭᠠᠪᠠ᠃ ᠢᠷᠡᠭᠡᠳᠦᠶ ᠳᠤ᠂ ᠵᠠᠷᠤᠳᠠᠯ ᠤᠨ ᠣᠷᠣᠭᠤᠯᠤᠯᠲᠠ ᠶᠢᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠬᠦ ᠶᠢᠨ ᠬᠠᠮᠲᠤ ᠪᠠᠰᠠ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠥᠢᠯᠡᠳᠤᠯ ᠢ ᠪᠠᠳᠠᠷᠠᠭᠤᠯᠵᠤ᠂ ᠠᠵᠤ ᠠᠬᠤᠶᠢᠯᠠᠯ ᠢ ᠳᠠᠶᠢᠴᠢᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠣᠭᠤᠯᠤᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠮᠡᠷᠭᠡᠵᠢᠯ ᠤᠨ ᠴᠢᠳᠠᠪᠤᠷᠢ ᠪᠠ ᠠᠵᠤ ᠥᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ︽ᠭᠤᠤᠯ ᠬᠦᠴᠦᠨ︾ ᠤ ᠪᠠᠶᠢᠯᠳᠤᠬᠤ ᠬᠦᠴᠦᠨ ᠢ ᠳᠡᠭᠡᠭᠰᠢᠯᠡᠭᠦᠯᠬᠦ ᠬᠡᠷᠡᠭᠲᠡᠶ ᠭᠡᠪᠡ᠃
ᠭᠦᠢᠴᠡᠳᠬᠡᠬᠦ ᠲᠤᠭ᠎ᠠ ᠶᠢᠨ ᠲᠠᠶᠢᠯᠪᠤᠷᠢᠯᠠᠯᠲᠠ᠄      ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ᠄ ᠮᠡᠳᠡᠭᠦᠯᠦᠯᠲᠡ ᠶᠢᠨ ᠬᠤᠭᠤᠴᠠᠭᠠᠨ ᠳᠤ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠠᠵᠢᠯᠯᠠᠭ᠎ᠠ ᠶᠢ ᠬᠡᠷᠡᠭᠵᠢᠭᠦᠯᠬᠦ ᠶᠢᠨ ᠲᠥᠯᠥᠭᠡ ᠪᠣᠳᠠᠲᠠᠶ ᠡᠭᠦᠰᠦᠭᠰᠡᠨ ᠪᠥᠬᠦ ᠵᠠᠷᠤᠳᠠᠯ ᠤᠨ ᠵᠠᠷᠤᠯᠭ᠎ᠠ ᠶᠢ ᠵᠢᠭᠠᠨ᠎ᠠ᠃ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠭᠡᠳᠡᠭ ᠨᠢ ᠮᠡᠳᠡᠯᠭᠡ ᠶᠢᠨ ᠬᠠᠳᠠᠭᠠᠯᠠᠯᠲᠠ ᠶᠢᠨ ᠬᠡᠮᠵᠢᠶ᠎ᠡ ︵ᠪᠠᠰᠠ ᠬᠥᠮᠦᠨ ᠲᠥᠷᠥᠯᠬᠢᠲᠡᠨ᠂ ᠰᠣᠶᠣᠯ ᠪᠠ ᠨᠡᠶᠢᠭᠡᠮ ᠤᠨ ᠲᠤᠬᠠᠶ ᠮᠡᠳᠡᠯᠭᠡ ᠶᠢ ᠪᠠᠭᠲᠠᠭᠠᠨ᠎ᠠ︶ ᠶᠢ ᠨᠡᠮᠡᠭᠳᠡᠭᠦᠯᠬᠦ ᠵᠢᠴᠢ ᠨᠢᠭᠡᠨᠲᠡ ᠪᠠᠶᠢᠭ᠎ᠠ ᠮᠡᠳᠡᠯᠭᠡ ᠶᠢᠨ ᠰᠢᠨ᠎ᠡ ᠬᠡᠷᠡᠭᠯᠡᠭᠡ ᠶᠢ ᠲᠥᠯᠥᠪᠯᠡᠬᠦ ᠶᠢᠨ ᠲᠥᠯᠥᠭᠡ ᠬᠢᠭᠰᠡᠨ ᠪᠦᠲᠦᠭᠡᠯᠴᠢ ᠴᠢᠨᠠᠷᠲᠠᠶ᠂ ᠰᠢᠰᠲ᠋ᠧᠮᠲᠦ ᠴᠢᠨᠠᠷᠲᠠᠶ ᠠᠵᠢᠯ ᠢ ᠵᠢᠭᠠᠵᠤ ᠪᠠᠶᠢᠨ᠎ᠠ᠂ ᠡᠭᠦᠨ ᠳᠤ ᠰᠠᠭᠤᠷᠢ ᠰᠤᠳᠤᠯᠭᠠᠨ᠂ ᠬᠡᠷᠡᠭᠯᠡᠭᠡᠨ ᠤ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ᠭᠡᠬᠦ ᠭᠤᠷᠪᠠᠨ ᠲᠦᠷᠦᠯ ᠢ ᠪᠠᠭᠲᠠᠭᠠᠨ᠎ᠠ᠃ ᠳᠡᠯᠡᠬᠡᠶ ᠳᠡᠭᠡᠷ᠎ᠡ ᠶᠡᠷᠦ ᠳᠡᠭᠡᠨ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠠᠵᠢᠯᠯᠠᠭ᠎ᠠ ᠶᠢᠨ ᠬᠡᠪᠴᠢᠶ᠎ᠡ ᠪᠠ ᠬᠦᠴᠦᠯᠡᠴᠡ ᠶᠢᠨ ᠭᠦᠢᠴᠡᠳᠬᠡᠬᠦ ᠲᠤᠭ᠎ᠠ ᠪᠠᠷ ᠨᠢᠭᠡ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠣᠳᠠᠲᠤ ᠬᠦᠴᠦᠨ ᠪᠠ ᠭᠤᠣᠯᠯᠠᠬᠤ ᠥᠷᠢᠰᠥᠯᠳᠦᠬᠦ ᠬᠦᠴᠦᠨ ᠢ ᠲᠤᠰᠬᠠᠳᠠᠭ᠃    
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ