ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 2 ᠤᠨ ᠴᠠᠬᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ | ᠶᠢᠨ ᠫᠢᠩ 2 ᠤᠨ ᠤᠷᠤᠢ 2021 ᠣᠨ ᠤ ᠳᠤᠮᠳᠠᠳᠤ ᠤᠯᠤᠰ ᠤᠨ ᠤᠯᠠᠨ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ | ᠴᠤᠭᠯᠠᠭᠠᠨ ᠤ ᠪᠦᠬᠦ ᠪᠥᠮᠪᠥᠷᠴᠡᠭ ᠤᠨ ᠦᠢᠯᠡᠴᠢᠯᠡᠭᠡᠨ ᠤ ᠠᠷᠠᠯᠵᠢᠶᠠᠨ ᠤ ᠲᠦᠷᠦᠭᠦᠴᠦᠳ ᠤᠨ ᠬᠤᠷᠠᠯ ᠳᠡᠭᠡᠷ᠎ᠡ ᠸᠢᠳᠢᠣ᠋ ᠪᠠᠷ | ᠪᠠᠶᠠᠷ ᠤᠨ ᠦᠭᠡ ᠬᠡᠯᠡᠪᠡ᠃ | ᠰᠢ ᠶᠢᠨ ᠫᠢᠩ᠂ ᠦᠢᠯᠡᠴᠢᠯᠡᠭᠡᠨ ᠤ ᠠᠷᠠᠯᠵᠢᠶ᠎ᠠ ᠪᠣᠯ ᠣᠯᠠᠨ ᠤᠯᠤᠰ ᠤᠨ ᠠᠷᠠᠯᠵᠢᠶᠠᠨ ᠤ ᠴᠢᠬᠤᠯᠠ ᠪᠦᠷᠢᠯᠳᠦᠬᠦᠨ | ᠬᠡᠰᠡᠭ ᠪᠦᠭᠡᠳ ᠣᠯᠠᠨ ᠤᠯᠤᠰ ᠤᠨ ᠠᠵᠤ ᠠᠬᠤᠶ ᠠᠷᠠᠯᠵᠢᠶᠠᠨ ᠤ ᠬᠠᠮᠲᠤᠷᠠᠯᠴᠠᠭᠠᠨ ᠤ ᠴᠢᠬᠤᠯᠠ ᠬᠦᠷᠢᠶ᠎ᠡ ᠮᠥᠨ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠴᠤᠭᠴᠠᠯᠠᠬᠤ ᠳᠤᠮᠳᠠ ᠴᠢᠬᠤᠯᠠ ᠦᠢᠯᠡᠳᠦᠯ ᠲᠠᠢ ᠶᠤᠮ᠃ ᠳᠤᠮᠳᠠᠳᠤ ᠤᠯᠤᠰ ᠳᠤᠷᠠᠲᠠᠶ᠎ᠠ | ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠨᠡᠭᠡᠭᠡᠯᠲᠡ ᠬᠢᠵᠦ ᠬᠠᠮᠲᠤᠷᠠᠯᠴᠠᠬᠤ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ | ᠭᠥᠷᠳᠡᠬᠦ ᠶᠢ ᠪᠠᠷᠢᠮᠲᠠᠯᠠᠵᠤ᠂ ᠦᠢᠯᠡᠴᠢᠯᠡᠭᠡᠨ ᠤ ᠠᠷᠠᠯᠵᠢᠶᠠᠨ ᠤ ᠬᠥᠭᠵᠢᠯᠲᠡ ᠶᠢᠨ ᠠᠵᠠ ᠲᠣᠬᠢᠶᠠᠯ ᠢ ᠬᠠᠮᠲᠤ ᠪᠠᠷ ᠡᠳ᠋ᠯᠡᠵᠦ᠂ | ᠳᠡᠯᠡᠬᠡᠶ ᠶᠢᠨ ᠠᠵᠤ ᠠᠬᠤᠶ ᠶᠢᠨ ᠰᠡᠷᠭᠦᠯᠲᠡ ᠪᠠ ᠨᠡᠮᠡᠭᠳᠡᠯ ᠢ ᠬᠠᠮᠲᠤ ᠪᠠᠷ ᠠᠬᠢᠭᠤᠯᠤᠨ᠎ᠠ ᠭᠡᠵᠤ ᠵᠢᠭᠠᠵᠤ ᠭᠠᠷᠭᠠᠪᠠ᠃ | | | | | | 9 ᠰᠠᠷ᠎ᠠ ᠶᠢᠨ 2 ᠤᠨ ᠤᠷᠤᠢ᠂ ᠤᠯᠤᠰ ᠤᠨ ᠲᠡᠷᠢᠭᠦᠯᠡᠭᠴᠢ ᠰᠢ ᠶᠢᠨ ᠫᠢᠩ 2021 ᠣᠨ ᠤ ᠳᠤᠮᠳᠠᠳᠤ | ᠤᠯᠤᠰ ᠤᠨ ᠤᠯᠠᠨ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ ᠤ ᠪᠦᠬᠦ ᠪᠥᠮᠪᠥᠷᠴᠡᠭ ᠤᠨ ᠦᠢᠯᠡᠴᠢᠯᠡᠭᠡᠨ ᠤ | ᠠᠷᠠᠯᠵᠢᠶᠠᠨ ᠤ ᠲᠦᠷᠦᠭᠦᠴᠦᠳ ᠤᠨ ᠬᠤᠷᠠᠯ ᠳᠡᠭᠡᠷ᠎ᠡ ᠸᠢᠳᠢᠣ᠋ ᠪᠠᠷ ᠪᠠᠶᠠᠷ ᠤᠨ ᠦᠭᠡ ᠬᠡᠯᠡᠪᠡ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠬᠤᠸᠠᠩ ᠵᠢᠩ ᠸᠧᠨ ᠰᠡᠬᠦᠳᠡᠷᠯᠡᠪᠡ | | ᠰᠢ ᠶᠢᠨ ᠫᠢᠩ᠂ ᠳᠤᠮᠳᠠᠳᠤ ᠤᠯᠤᠰ ᠨᠡᠬᠡᠬᠡᠯᠳᠡ ᠬᠢᠬᠦ ᠲᠦᠪᠰᠢᠨ ᠢᠶᠠᠨ ᠳᠡᠭᠡᠭᠰᠢᠯᠡᠭᠦᠯᠵᠦ᠂ ᠪᠦᠬᠦ ᠤᠯᠤᠰ ᠲᠤ ᠬᠢᠯᠢ | ᠠᠯᠤᠰᠯᠠᠭᠰᠠᠨ ᠦᠢᠯᠡᠴᠢᠯᠡᠭᠡᠨ ᠤ ᠠᠷᠠᠯᠵᠢᠶᠠᠨ ᠤ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ ᠬᠡᠷᠡᠭᠵᠢᠭᠦᠯᠬᠦ ᠶᠢ ᠠᠬᠢᠭᠤᠯᠵᠤ᠂ | ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠰᠢᠨ᠎ᠡ ᠶᠢ ᠡᠭᠦᠳᠬᠦ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ | ᠰᠦᠪᠡᠭᠴᠢᠯᠡᠨ ᠪᠠᠶᠢᠭᠤᠯᠤᠨ᠎ᠠ︔ ᠬᠠᠮᠲᠤᠷᠠᠯᠴᠠᠭᠠᠨ ᠤ ᠣᠷᠣᠨ ᠵᠠᠢ ᠶᠢ ᠥᠷᠭᠡᠳᠬᠡᠵᠦ᠂ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠳᠦᠬᠡᠨ ᠪᠠᠶᠢᠭᠤᠯᠬᠤ ᠤᠯᠤᠰ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠳᠡᠯᠡᠬᠡᠢ ᠳ᠋ᠠᠬᠢᠨ ᠯᠤᠭ᠎ᠠ ᠳᠤᠮᠳᠠᠳᠤ ᠤᠯᠤᠰ ᠤᠨ ᠮᠡᠷᠭᠡᠵᠢᠯ ᠤᠨ ᠬᠥᠭᠵᠢᠯᠲᠡ ᠶᠢᠨ ᠦᠷ᠎ᠡ ᠪᠦᠲᠦᠭᠡᠯ ᠢ | ᠬᠠᠮᠲᠤ ᠪᠠᠷ ᠡᠳ᠋ᠯᠡᠨ᠎ᠡ︔ ᠦᠢᠯᠡᠴᠢᠯᠡᠭᠡᠨ ᠤ ᠬᠦᠷᠢᠶᠡᠨ ᠤ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠪᠡᠭᠡᠵᠢᠩ | ᠵᠡᠷᠭᠡ ᠭᠠᠵᠠᠷ ᠲᠤ ᠤᠯᠠᠨ ᠤᠯᠤᠰ ᠤᠨ ᠥᠨᠳᠥᠷ ᠲᠦᠪᠰᠢᠨ ᠪᠦᠬᠦᠢ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠤᠨ | ᠲᠦᠷᠢᠮ ᠲᠠᠢ ᠵᠤᠯᠭᠠᠭᠤᠯᠬᠤ ᠠᠵᠢᠯ ᠢ ᠤᠷᠢᠳ ᠢᠶᠠᠷ ᠬᠢᠵᠦ ᠤᠷᠢᠳ ᠢᠶᠠᠷ ᠲᠤᠷᠰᠢᠬᠤ ᠶᠢ ᠲᠡᠮᠵᠢᠵᠤ᠂ ᠲᠣᠭᠠᠴᠢᠯᠠᠭᠰᠠᠨ | ᠠᠷᠠᠯᠵᠢᠶᠠᠨ ᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ︔ ᠳᠤᠮᠳᠠ ᠵᠢᠵᠢᠭ ᠠᠵᠤ ᠠᠬᠤᠶᠢᠯᠠᠯ ᠤᠨ ᠰᠢᠨ᠎ᠡ ᠶᠢ | ᠡᠭᠦᠳᠦᠨ ᠬᠥᠭᠵᠢᠬᠦ ᠶᠢ ᠦᠷᠭᠦᠯᠵᠢᠯᠡᠨ ᠳᠡᠮᠵᠢᠵᠦ᠂ ᠪᠦᠬᠦ ᠤᠯᠤᠰ ᠤᠨ ᠴᠢᠨᠠᠷᠳᠠᠢ ᠦᠨᠡᠳᠦ ᠲᠡᠮᠳᠡᠭᠳᠤ ᠠᠷᠠᠯᠵᠢᠶᠠᠯᠠᠬᠤ | ᠭᠤᠷᠪᠠᠳᠡᠬᠢ ᠲᠠᠯᠠᠪᠤᠷ ᠭᠠᠵᠠᠷ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠪᠡᠭᠡᠵᠢᠩ ᠤᠨ ᠦᠨᠡᠲᠦ ᠲᠡᠮᠳᠡᠭᠲᠦ | ᠠᠷᠠᠯᠵᠢᠶᠠᠯᠠᠬᠤ ᠭᠠᠵᠠᠷ ᠢ ᠪᠠᠶᠢᠭᠤᠯᠵᠤ᠂ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠳᠤ | ᠦᠢᠯᠡᠴᠢᠯᠡᠬᠦ ᠭᠤᠣᠯ ᠵᠢᠭᠰᠠᠭᠠᠯ ᠤᠨ ᠭᠠᠵᠠᠷ ᠢ ᠪᠠᠶᠢᠭᠤᠯᠤᠨ᠎ᠠ ᠭᠡᠵᠤ ᠴᠢᠬᠤᠯᠠᠴᠢᠯᠠᠪᠠ᠃ | ᠰᠢ ᠶᠢᠨ ᠫᠢᠩ᠂ ᠪᠢᠳᠡ ᠭᠠᠷ ᠬᠤᠯᠪᠣᠯᠴᠠᠨ ᠬᠢᠵᠢᠭ ᠲᠠᠢ ᠲᠡᠮᠡᠴᠡᠵᠦ᠂ ᠴᠠᠭ ᠤᠨ ᠪᠡᠷᠬᠡ ᠶᠢ ᠬᠠᠮᠲᠤ ᠪᠠᠷ ᠳᠤᠭᠤᠯᠵᠤ | ᠂ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠭᠥᠷᠳᠡᠬᠦ ︽ᠠᠯᠲᠠᠨ ᠲᠦᠯᠬᠢᠭᠦᠷ︾ ᠢᠶᠠᠷ | ᠣᠳᠣᠬᠠᠨ ᠤ ᠳᠡᠯᠡᠬᠡᠶ ᠶᠢᠨ ᠠᠵᠤ ᠠᠬᠤᠶ᠂ ᠣᠯᠠᠨ ᠤᠯᠤᠰ ᠤᠨ ᠠᠷᠠᠯᠵᠢᠶ᠎ᠠ ᠪᠣᠯᠤᠨ ᠪᠠᠯᠠ ᠣᠷᠣᠭᠤᠯᠤᠯᠲᠠ ᠳᠤ ᠲᠤᠯᠭᠠᠷᠠᠵᠤ | ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠳᠠᠯᠠᠵᠤ᠂ ᠨᠠᠩ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ | ᠴᠣᠭᠴᠠᠯᠠᠰᠤᠭᠠᠢ ᠭᠡᠵᠤ ᠵᠢᠭᠠᠵᠤ ᠭᠠᠷᠭᠠᠵᠠᠢ᠃ | 2021 ᠣᠨ ᠤ ᠳᠤᠮᠳᠠᠳᠤ ᠤᠯᠤᠰ ᠤᠨ ᠤᠯᠠᠨ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ 9 | ᠰᠠᠷ᠎ᠠ ᠶᠢᠨ 2 ᠠᠴᠠ 7 ᠤ ᠡᠳᠦᠷ ᠪᠣᠯᠲᠠᠯ᠎ᠠ ᠪᠡᠭᠡᠵᠢᠩ ᠳᠤ ᠶᠠᠪᠤᠭᠳᠠᠵᠦ᠂ ︽ᠲᠤᠭᠠᠴᠢᠯᠠᠯᠳᠠ ᠪᠠᠷ ᠢᠷᠡᠭᠡᠳᠦᠢ ᠶᠢ ᠨᠡᠭᠡᠭᠡᠵᠦ᠂ | ᠦᠢᠯᠡᠴᠢᠯᠡᠭᠡ ᠪᠠᠷ ᠬᠥᠭᠵᠢᠯᠲᠡ ᠶᠢ ᠠᠬᠢᠭᠤᠯᠤᠶ᠎ᠠ︾ ᠪᠠᠷ ᠭᠤᠣᠯ ᠰᠡᠳᠦᠪ ᠪᠤᠯᠭᠠᠭᠰᠠᠨ ᠪᠠᠶᠢᠨ᠎ᠠ᠃ |