ᠪᠣᠳᠠᠲᠤ ᠪᠠᠶᠢᠯᠳᠤᠭᠠᠨ ᠢ ᠳᠠᠭᠤᠷᠢᠶᠠᠵᠤ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠨ᠎ᠡ︕ᠪᠠᠶ᠋ᠬᠤᠪᠤᠭ᠎ᠠ ᠠᠭᠤᠷᠬᠠᠢ ᠶᠢᠨ ᠲᠣᠭᠤᠷᠢᠭ ᠲᠤ ᠰᠢᠨ᠎ᠡ ᠲᠢᠲᠢᠮᠲᠦ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠳᠠᠲᠤ ᠪᠠᠶᠢᠯᠳᠤᠭᠠᠨ ᠤ ᠳᠠᠭᠤᠷᠢᠶᠠᠮᠠᠯ ᠰᠣᠷᠢᠯᠲᠠ ᠬᠢᠪᠡ
ᠨᠡᠶᠢᠲᠡᠯᠡᠭᠰᠡᠨ ᠴᠠᠭ᠄
2022/2/16
     ᠮᠠᠨ ᠤ  ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠪᠥᠬᠦ ᠲᠣᠭᠤᠷᠢᠭ ᠤᠨ ᠠᠷᠠᠳ ᠲᠦᠮᠡᠨ ᠤ ᠠᠮᠤᠷ ᠠᠮᠤᠭᠤᠯᠠᠩ ᠥᠯᠵᠡᠢ ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ 1ᠰᠠᠷ᠎ᠠ ᠶᠢᠨ 27᠎ ᠤ ᠡᠳᠦᠷ ᠤᠨ ᠦᠳᠡ ᠶᠢᠨ ᠬᠤᠶᠢᠨ᠎ᠠ᠂ ᠮᠠᠨ ᠤ ᠲᠣᠭᠤᠷᠢᠭ ᠤᠨ ᠰᠢᠨ᠎ᠡ ᠲᠢᠲᠢᠮᠲᠦ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠳᠠᠲᠤ ᠪᠠᠶᠢᠯᠳᠤᠭᠠᠨ ᠤ ᠳᠠᠭᠤᠷᠢᠶᠠᠮᠠᠯ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠦ᠋ ᠺᠠᠢ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠰᠢᠩ ᠺᠠᠢ᠂ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠠᠩ ᠭᠠᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠬᠠᠨ ᠮᠢᠨ ᠲᠤᠬᠠᠢ ᠶᠢᠨ ᠲᠠᠯᠠᠪᠠᠶ ᠳᠤ ᠲᠣᠭᠤᠷᠢᠨ ᠦᠵᠡᠵᠦ ᠵᠢᠭᠠᠨ ᠵᠢᠯᠣᠭᠤᠳᠪᠠ᠃
ᠤᠳᠤᠷᠢᠳᠤᠯᠭ᠎ᠠ ᠪᠠᠶᠢᠴᠠᠭᠠᠨ ᠰᠤᠳᠤᠯᠵᠤ ᠪᠠᠶᠢᠴᠠᠭᠠᠨ ᠦᠵᠡᠬᠦ      15᠄ 00 ᠴᠠᠭ ᠤᠨ ᠦᠶ᠎ᠡ ᠳᠤ ᠰᠢᠨ᠎ᠡ ᠲᠢᠲᠢᠮᠲᠦ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠳᠠᠲᠤ ᠪᠠᠶᠢᠯᠳᠤᠭᠠᠨ ᠤ ᠳᠠᠭᠤᠷᠢᠶᠠᠮᠠᠯ ᠰᠣᠷᠢᠯᠲᠠ ᠵᠢᠩᠬᠢᠨᠢ ᠪᠠᠷ ᠡᠬᠢᠯᠡᠵᠦ᠂ ᠡᠯ᠎ᠡ ᠲᠤᠰᠬᠠᠢ ᠮᠡᠷᠭᠡᠵᠢᠯ ᠤᠨ ᠳᠤᠭᠤᠶᠢᠯᠠᠩ ᠪᠠ ᠰᠢᠰᠲ᠋ᠧᠮ ᠬᠡᠰᠡᠭ ᠪᠥᠬᠦ ᠲᠠᠯ᠎ᠠ ᠪᠠᠷ ᠡᠮᠬᠢ ᠵᠢᠷᠤᠮ ᠲᠠᠢ ᠡᠬᠢᠯᠡᠪᠡ᠃ᠲᠣᠰ ᠤᠳᠠᠭᠠᠨ ᠤ ᠳᠠᠭᠤᠷᠢᠶᠠᠮᠠᠯ ᠰᠣᠷᠢᠯᠲᠠ ᠶᠢ ᠦᠨᠡᠨ ᠪᠣᠳᠠᠲᠠᠢ ᠠᠬᠤᠢ ᠪᠠᠶᠢᠳᠠᠯ ᠢᠶᠠᠷ ᠶᠠᠪᠤᠭᠳᠠᠭᠤᠯᠵᠤ᠂ ᠨᠡᠶᠢᠲᠡ 13 ᠥᠯᠢᠭᠡᠷ ᠠᠪᠬᠤ ᠴᠡᠭ ᠢ ᠡᠬᠢᠯᠡᠭᠦᠯᠵᠦ᠂ ᠨᠡᠶᠢᠲᠡ 1180 ᠭᠠᠷᠤᠢ ᠰᠠᠭᠤᠭᠠᠯᠢ ᠠᠷᠠᠳ ᠣᠷᠣᠯᠴᠠᠵᠠᠢ᠃ᠲᠤᠬᠠᠢ ᠶᠢᠨ ᠲᠠᠯᠠᠪᠠᠶ ᠳᠤ ᠵᠠᠮ ᠬᠠᠷᠢᠯᠴᠠᠭᠠᠨ ᠤ ᠬᠠᠮᠢᠶᠠᠷᠤᠯᠲᠠ ᠪᠠ ᠪᠢᠲᠡᠭᠦᠮᠵᠢᠯᠡᠭᠰᠡᠨ ᠬᠠᠮᠢᠶᠠᠷᠤᠯᠲᠠ ᠶᠠᠪᠤᠭᠤᠯᠵᠤ᠂ ᠡᠮᠴᠢᠯᠡᠵᠦ ᠰᠤᠪᠢᠯᠠᠬᠤ᠂ ᠳᠣᠲᠣᠭᠠᠳᠤ ᠶᠢ ᠬᠠᠮᠠᠭᠠᠯᠠᠬᠤ᠂ ᠰᠠᠶᠢᠨ ᠳᠤᠷ᠎ᠠ ᠶᠢᠨ ᠠᠵᠢᠯᠯᠠᠭᠴᠢ ᠪᠠ ᠳᠠᠭᠠᠭᠠᠨ ᠬᠤᠯᠪᠣᠭᠠᠯᠠᠭᠰᠠᠨ ᠺᠠᠳ᠋ᠷᠴᠤᠳ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠥᠬᠦ ᠶᠠᠪᠤᠴᠠ ᠶᠢᠨ ᠵᠢᠷᠤᠮᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠵᠦᠢᠯ ᠤᠨ ᠠᠵᠢᠯ ᠢᠶᠠᠨ ᠡᠮᠬᠢ ᠴᠡᠭᠴᠡ ᠲᠠᠢ ᠥᠷᠨᠢᠭᠦᠯᠵᠦ᠂ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠠᠮᠠᠪᠴᠢ ᠵᠡᠭᠦᠬᠦ ᠶᠢ ᠵᠢᠷᠤᠮᠵᠢᠭᠤᠯᠤᠨ᠂ ︽ᠨᠢᠭᠡ ᠮᠧᠲᠷ ᠤᠨ ᠱᠤᠭᠤᠮ︾᠎ ᠤᠨ ᠶᠣᠰᠣᠭᠠᠷ ᠡᠮᠬᠢ ᠵᠢᠷᠤᠮ ᠲᠠᠢ ᠪᠠᠷ ᠮᠥᠷᠯᠡᠨ ᠬᠦᠯᠢᠶᠡᠵᠦ᠂ ᠠᠵᠢᠯᠲᠠᠨ ᠲᠡᠮᠳᠡᠭᠯᠡᠬᠦ᠂ ᠥᠯᠢᠭᠡᠷ ᠠᠪᠬᠤ ᠪᠠ ᠣᠷᠴᠢᠨ ᠲᠣᠭᠤᠷᠢᠨ ᠢ ᠠᠷᠢᠭᠤᠳᠬᠠᠬᠤ ᠵᠡᠷᠭᠡ ᠠᠵᠢᠯ ᠢ ᠲᠠᠰ ᠳᠠᠷᠠᠭᠠᠯᠠᠨ ᠬᠢᠵᠦ᠂ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠭᠠᠭᠴᠠ ᠴᠢᠭᠯᠡᠯ ᠢᠶᠠᠷ ᠰᠢᠯᠵᠢᠵᠦ ᠰᠣᠯᠪᠢᠴᠠᠨ ᠬᠠᠯᠳᠠᠪᠤᠷᠢᠯᠠᠬᠤ  ᠎ ᠠᠴᠠ ᠵᠠᠶᠢᠯᠠᠭᠤᠯᠤᠨ᠎ᠠ᠃
ᠲᠤᠬᠠᠢ ᠶᠢᠨ ᠭᠠᠵᠠᠷ ᠲᠤᠨᠢ ᠠᠷᠢᠭᠤᠳᠬᠠᠬᠤ
ᠮᠥᠷᠯᠡᠨ ᠣᠷᠣᠭᠤᠯᠬᠤ ᠵᠠᠩᠭᠢ
ᠪᠥᠭᠡᠮ ᠬᠦᠴᠢᠯ ᠤᠨ ᠪᠠᠶᠢᠴᠠᠭᠠᠯᠲᠠ
ᠦᠯᠢᠭᠡᠷ ᠡᠳ᠋ ᠢ ᠪᠢᠲᠡᠭᠦᠮᠵᠢᠯᠡᠨ ᠬᠠᠳᠠᠭᠠᠯᠠᠵᠤ ᠳᠠᠮᠵᠢᠭᠤᠯᠤᠨ ᠲᠡᠭᠡᠭᠡᠪᠦᠷᠢᠯᠡᠬᠦ      ᠰᠣᠷᠢᠯᠲᠠ ᠳᠠᠭᠤᠰᠤᠭᠰᠠᠨ ᠲᠡᠷᠡ ᠣᠷᠣᠢ᠂ ᠲᠣᠭᠤᠷᠢᠭ ᠤᠨ ᠪᠥᠭᠡᠮ ᠬᠦᠴᠢᠯ ᠢ ᠰᠢᠯᠭᠠᠨ ᠪᠠᠶᠢᠴᠠᠭᠠᠬᠤ ᠠᠵᠢᠯ ᠤᠨ ᠳᠤᠭᠤᠶᠢᠯᠠᠩ ᠪᠥᠭᠡᠮ ᠬᠦᠴᠢᠯ ᠢ ᠰᠢᠯᠭᠠᠨ ᠪᠠᠶᠢᠴᠠᠭᠠᠬᠤ ᠠᠵᠢᠯ ᠤᠨ ᠲᠠᠬᠢᠨ ᠳᠠᠪᠲᠠᠬᠤ ᠠᠵᠢᠯ ᠤᠨ ᠬᠤᠷᠠᠯ ᠬᠢᠵᠦ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠰᠢᠩ ᠺᠠᠢ ᠣᠷᠣᠯᠴᠠᠵᠤ᠂ ᠠᠷᠪᠠᠨ ᠠᠵᠢᠯᠯᠠᠬᠤ ᠳᠤᠭᠤᠶᠢᠯᠠᠩ ᠨᠢᠭᠡᠳ ᠨᠢᠭᠡ ᠪᠠᠷ ᠶᠠᠷᠢᠶ᠎ᠠ ᠲᠠᠯᠪᠢᠵᠤ᠂ ᠪᠣᠳᠠᠲᠤ ᠪᠠᠶᠢᠯᠳᠤᠭᠠᠨ ᠤ ᠰᠣᠷᠢᠯᠲᠠ ᠶᠢᠨ ᠪᠠᠶᠢᠳᠠᠯ ᠳᠤ ᠨᠠᠷᠢᠨ ᠬᠢᠨᠠᠮᠠᠭᠠᠢ ᠵᠠᠳᠠᠯᠤᠯᠲᠠ ᠬᠢᠵᠦ᠂ ᠠᠰᠠᠭᠤᠳᠠᠯ ᠤᠨ ᠬᠦᠷᠦᠯᠴᠡᠬᠦ ᠦᠭᠡᠢ ᠲᠠᠯ᠎ᠠ ᠶᠢ ᠨᠠᠷᠢᠨ ᠬᠢᠨᠠᠮᠠᠭᠠᠢ ᠡᠷᠢᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠠᠢ᠃ᠰᠢᠩ ᠺᠠᠢ ᠵᠢᠭᠠᠵᠤ ᠭᠠᠷᠭᠠᠭᠰᠠᠨ ᠨᠢ᠂ ᠣᠳᠣᠬᠠᠨ ᠳᠤ ᠬᠢᠵᠢᠭ ᠤᠨ ᠪᠠᠶᠢᠳᠠᠯ  ᠎ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠮᠥᠨ ᠬᠦ ᠬᠦᠨᠳᠦ ᠬᠡᠴᠡᠭᠦᠦ ᠪᠠᠶᠢᠨ᠎ᠠ᠂ ᠡᠨᠡ ᠤᠳᠠᠭᠠᠨ ᠤ ᠬᠢᠵᠢᠭ ᠤᠨ ᠪᠠᠶᠢᠳᠠᠯ  ᠎ ᠢ ᠰᠡᠷᠭᠡᠶᠢᠯᠡᠨ ᠬᠢᠵᠠᠭᠠᠷᠯᠠᠬᠤ ᠪᠠᠴᠢᠮ ᠪᠠᠶᠢᠳᠠᠯ  ᠎ ᠢ ᠠᠷᠭᠠᠴᠠᠨ ᠰᠢᠢᠳᠪᠦᠷᠢᠯᠡᠬᠦ ᠪᠦᠬᠦ ᠶᠠᠪᠤᠴᠠ  ᠎ ᠶᠢᠨ ᠪᠣᠳᠠᠲᠤ ᠰᠣᠷᠢᠯᠲᠠ ᠪᠣᠯ ᠲᠤᠶᠢᠯ ᠤᠨ ᠴᠢᠬᠤᠯᠠ ᠶᠤᠮ᠃ᠲᠤᠰ ᠤᠳᠠᠭᠠᠨ ᠤ ᠲᠣᠭᠯᠠᠯᠲᠠ ᠳᠤ ᠨᠠᠷᠢᠨ ᠵᠦᠢᠯᠡᠰ ᠢ ᠰᠢᠢᠳᠪᠦᠷᠢᠯᠡᠬᠦ ᠲᠠᠯ᠎ᠠ ᠶᠢᠨ ᠵᠠᠷᠢᠮ ᠠᠰᠠᠭᠤᠳᠠᠯ ᠢ ᠢᠯᠡᠷᠡᠭᠦᠯᠵᠦ᠂ ᠪᠥᠬᠦ ᠣᠷᠣᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠲᠣᠰ ᠤᠳᠠᠭᠠᠨ ᠤ ᠰᠣᠷᠢᠯᠲᠠ ᠪᠠᠷ ᠠᠵᠠ ᠲᠣᠬᠢᠶᠠᠯ ᠪᠣᠯᠭᠠᠵᠤ᠂ ᠤᠯᠠᠮ ᠨᠢᠭᠡ ᠠᠯᠬᠤᠮ ᠳᠤᠲᠠᠭᠳᠠᠯ ᠢ ᠪᠠᠶᠢᠴᠠᠭᠠᠨ ᠨᠥᠬᠦᠪᠦᠷᠢᠯᠡᠵᠦ᠂ ᠳ᠋ᠦᠩᠨᠡᠨ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠰᠢᠰᠲ᠋ᠧᠮᠵᠢ ᠪᠠ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠬᠤ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠲᠦᠷᠭᠡᠨ ᠳᠠᠭᠠᠬᠤ ᠪᠠ ᠳᠣᠲᠣᠭᠠᠳᠤ ᠭᠠᠳᠠᠭᠠᠳᠤ ᠶᠢᠨ ᠬᠠᠮᠵᠢᠯᠴᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠂ ᠭᠡᠨᠡᠳᠲᠡ ᠶᠢᠨ ᠬᠡᠷᠡᠭ ᠡᠭᠦᠰᠬᠦ ᠦᠶ᠎ᠡ ᠳᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠡᠮᠬᠢ ᠵᠢᠷᠤᠮ ᠲᠠᠢ ᠥᠨᠳᠥᠷ ᠦᠷ᠎ᠡ ᠪᠦᠲᠦᠮᠵᠢᠲᠡᠶ ᠪᠠᠷ ᠥᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃
ᠤᠯᠠᠨ ᠤᠳᠠᠭᠠᠨ ᠤ ᠬᠤᠷᠠᠯ
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号