ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠮᠠᠲ᠋ᠧᠷᠢᠶᠠᠯ ᠤᠨ ᠨᠢᠭᠡ | | | ᠵᠠᠰᠠᠭ ᠤᠨ ᠣᠷᠳᠣᠨ ᠤ ᠠᠵᠢᠯ ᠤᠨ ᠢᠯᠡᠳᠬᠡᠯ | | | ︵2022 ᠣᠨ ᠤ 1 ᠰᠠᠷ᠎ᠠ ᠶᠢᠨ 8 ᠤ ᠡᠳᠦᠷ ᠪᠠᠶᠠᠨ᠋ᠣ᠋ᠪᠣᠭ᠎ᠠ ᠠᠭᠤᠷᠬᠠᠢ ᠶᠢᠨ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷ᠎ᠡ︶ | | ᠪᠠᠶᠠᠨ᠋ᠣ᠋ᠪᠣᠭ᠎ᠠ ᠠᠭᠤᠷᠬᠠᠢ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠰᠢᠩ ᠺᠠᠢ | | ᠲᠥᠯᠥᠭᠡᠯᠡᠭᠴᠢᠳ ᠠ᠋᠄ | ᠤᠳᠤ᠂ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ | ᠪᠣᠯᠪᠠᠤ᠂ ᠲᠡᠷᠡᠴᠢᠯᠡᠨ ᠲᠣᠭᠤᠷᠢᠭ ᠤᠨᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠣᠨ ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ | ᠪᠣᠯᠪᠠᠤ᠃ | ᠨᠢᠭᠡ᠂ ᠲᠤᠰ ᠬᠤᠭᠤᠴᠠᠭᠠᠨ ᠤ ᠵᠠᠰᠠᠭ ᠤᠨ ᠣᠷᠳᠣᠨ ᠪᠣᠯᠣᠨ 2021 ᠣᠨ ᠤ ᠠᠵᠢᠯ ᠤᠨ ᠡᠷᠭᠢᠴᠡᠭᠦᠯᠦᠯ | ᠲᠣᠭᠤᠷᠢᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ | ᠬᠢᠨᠠᠯᠲᠠ ᠳᠡᠮᠵᠢᠯᠭᠡ ᠶᠢᠨ ᠳᠣᠣᠷ᠎ᠠ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠨ᠂ | ᠡᠨᠧᠷᠭᠢ ᠶᠢ ᠬᠤᠷᠠᠮᠳᠤᠭᠤᠯᠤᠨ ᠬᠠᠨᠳᠤᠰᠢ ᠶᠢ ᠨᠡᠮᠡᠭᠳᠡᠭᠦᠯᠬᠦ᠂ ᠠᠵᠠ ᠲᠣᠬᠢᠶᠠᠯ ᠢ ᠵᠠᠪᠳᠤᠨ ᠠᠳᠬᠤᠬᠤ ᠳᠤᠮᠳᠠ ᠵᠠᠮ ᠨᠡᠭᠡᠭᠡᠨ ᠡᠷᠡᠯᠬᠡᠭᠯᠡᠨ ᠤᠷᠤᠭᠰᠢᠯᠠᠵᠤ᠂ | ᠥᠷᠢᠰᠦᠯᠳᠦᠭᠡᠨ ᠢ ᠠᠷᠭᠠᠴᠠᠬᠤ᠂ ᠪᠡᠷᠬᠡ ᠶᠢ ᠰᠢᠪᠲᠤᠯᠤᠨ ᠪᠡᠷᠬᠡ ᠶᠢ ᠳᠠᠪᠠᠭ᠋ᠤ ᠳᠤᠮᠳᠠ ᠦᠨᠡᠨᠬᠦ ᠠᠳᠬᠤᠨ ᠪᠣᠳᠠᠲᠠᠢ ᠠᠵᠢᠯᠯᠠᠵᠤ᠂ ᠲᠣᠭᠤᠷᠢᠭ ᠤᠨ ᠠᠷᠪᠠᠨ | ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠭᠲᠠᠭᠠᠭᠰᠠᠨ ᠭᠤᠣᠯ ᠬᠠᠷᠠᠯᠲᠠ ᠡᠭᠦᠷᠭᠡ ᠶᠢ ᠨᠡᠯᠢᠶᠡᠳ ᠰᠠᠶᠢᠨ | ᠪᠡᠶᠡᠯᠡᠭᠦᠯᠵᠦ᠂ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠲᠤ ᠰᠢᠨ᠎ᠡ ᠦᠷ᠎ᠡ ᠪᠦᠲᠦᠮᠵᠢ ᠣᠯᠪᠠ᠃ | ︵ᠨᠢᠭᠡ︶ ᠶᠡᠷᠦᠩᠬᠡᠶᠢᠯᠡᠭᠰᠡᠨ ᠪᠣᠳᠠᠲᠤ ᠬᠦᠴᠦᠨ ᠲᠠᠰᠤᠷᠠᠯᠲᠠ ᠦᠭᠡᠢ ᠳᠡᠭᠡᠭᠰᠢᠯᠡᠪᠡ᠃ᠭᠠᠵᠠᠷ ᠣᠷᠣᠨ ᠤ ᠠᠵᠤ ᠠᠬᠤᠢ ᠶᠢᠨ ᠶᠡᠷᠦᠩᠬᠡᠶᠢᠯᠡᠭᠰᠡᠨ ᠪᠣᠳᠠᠲᠤ | ᠬᠦᠴᠦᠨ ᠲᠠᠰᠤᠷᠠᠯᠲᠠ ᠦᠭᠡᠢ ᠴᠢᠩᠭᠠᠷᠠᠵᠤ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠤ ᠲᠡᠭᠦᠰ ᠠᠮᠵᠢᠯᠲᠠ ᠲᠠᠢ | ᠲᠡᠭᠦᠰᠪᠡ᠃ ᠵᠢᠱᠢᠯᠲᠡ ᠪᠠᠷ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠢ ᠵᠢᠯ ᠪᠦᠷᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠵᠢᠯ | ᠪᠦᠷᠢ ᠳᠤᠮᠳᠠᠴᠢ ᠪᠠᠷ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠵᠢᠯ | ᠳᠤᠮᠳᠠᠴᠢ ᠪᠠᠷ 4% ᠪᠠᠷ ᠨᠡᠮᠡᠭᠳᠡᠭᠦᠯᠵᠦ᠂ 57800 ᠲᠥᠭᠦᠷᠢᠭ ᠲᠤ ᠬᠦᠷᠦᠭᠦᠯᠵᠦ᠂ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ | ᠣᠷᠣᠭᠤᠯᠤᠨ᠎ᠠ︔ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠶᠢ ᠵᠢᠯ ᠪᠦᠷᠢ ᠳᠤᠮᠳᠠᠴᠢ ᠪᠠᠷ ᠡᠩ ᠤᠨ ᠣᠯᠠᠨ | ᠨᠡᠶᠢᠲᠡ ᠶᠢᠨ ᠲᠥᠰᠥᠪ ᠤᠨ ᠣᠷᠣᠯᠭ᠎ᠠ ᠨᠡᠶᠢᠲᠡ 8.88 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠳᠦ ᠱᠠᠲᠤᠨ ᠤ ᠡᠯ᠎ᠡ ᠲᠥᠷᠥᠯ ᠤᠨ ᠪᠡᠯᠡ ᠮᠥᠩᠭᠦ ᠶᠢ | ᠨᠡᠶᠢᠲᠡ 17.65 ᠳ᠋ᠦᠩᠰᠢᠭᠤᠷ ᠲᠥᠭᠦᠷᠢᠭ ᠣᠯᠬᠤ ᠪᠠᠷ ᠴᠢᠷᠮᠠᠶᠢᠪᠠ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠡᠷᠬᠡ ᠰᠡᠳᠦᠪ ᠢ | ᠰᠢᠢᠳᠪᠦᠷᠢᠯᠡᠬᠦ ᠲᠠᠶᠢᠨ ᠢ ᠭᠦᠨᠵᠡᠭᠡᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ ᠨᠡᠶᠢᠳᠡ 12.27 ᠳ᠋ᠦᠩᠰᠢᠭᠤᠷ ᠲᠥᠭᠦᠷᠢᠭ | ᠰᠢᠢᠳᠪᠦᠷᠢᠯᠡᠪᠡ᠃ ᠰᠢᠨ᠎ᠡ ᠠᠵᠠ ᠲᠣᠬᠢᠶᠠᠯ ᠢ ᠰᠠᠨᠠᠭᠠᠴᠢᠯᠠᠭ᠎ᠠ ᠠᠴᠠ ᠪᠠᠨ ᠠᠮᠵᠢᠵᠤ᠂ ᠪᠠᠶᠢᠳᠠᠯ ᠢ ᠦᠨᠳᠦᠰᠦᠯᠡᠨ ᠰᠢᠨ᠎ᠡ ᠬᠥᠳᠡᠯᠭᠡᠭᠦ ᠬᠦᠴᠦᠨ ᠢ | ᠲᠥᠯᠥᠪᠵᠢᠭᠦᠯᠵᠦ᠂ ᠨᠡᠶᠢᠳᠡ 66 ᠲᠦᠷᠦᠯ ᠵᠦᠢᠯ ᠤᠨ ᠭᠡᠷ᠎ᠡ ᠲᠣᠭᠲᠠᠵᠤ᠂ ᠵᠥᠪᠯᠡᠯᠴᠡᠭᠡᠷ ᠤᠨ ᠪᠡᠯᠡ ᠮᠥᠩᠭᠦ 397.17 ᠳ᠋ᠦᠩᠰᠢᠭᠤᠷ ᠲᠥᠭᠦᠷᠢᠭ ᠲᠤ | ᠬᠦᠷᠴᠦ᠂ ᠲᠣᠭᠤᠷᠢᠭ ᠤᠨ ᠭᠠᠳᠠᠨᠠᠬᠢ ᠪᠡᠯᠡ ᠮᠥᠩᠭᠦ ᠶᠢ 5.83 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠪᠠ᠃ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠳᠠᠶᠢᠴᠢᠯᠠᠬᠤ ᠦᠢᠯᠡᠳᠦᠯ ᠢᠯᠡᠷᠬᠡᠢ ᠪᠠᠶᠢᠵᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠠᠵᠤ ᠦᠢᠯᠡᠳᠪᠦᠷᠢ ᠶᠢᠨ ᠢᠵᠢ | ᠪᠦᠷᠢᠳᠦᠭᠦᠯᠦᠨ ᠡᠳ᠋ᠰᠢᠭᠦᠯᠬᠦ᠂ ᠨᠡᠶᠢᠭᠡᠮ ᠠᠷᠠᠳ ᠤᠨ ᠠᠮᠢᠳᠤᠷᠠᠯ ᠤᠨ ᠦᠢᠯᠡᠰ ᠵᠡᠷᠭᠡ ᠬᠦᠷᠢᠶᠡᠨ ᠳᠠᠬᠢ 55 ᠲᠥᠷᠥᠯ ᠵᠦᠢᠯ ᠤᠨ ᠲᠣᠭᠤᠷᠢᠨ ᠳᠤ ᠪᠦᠬᠦᠯᠢ | ᠴᠣᠭᠴᠠ ᠶᠢᠨ ᠪᠠᠷᠢᠯᠭ᠎ᠠ ᠳᠠᠭᠤᠰᠴᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠳᠠᠶᠢᠴᠢᠯᠠᠨ 43 ᠳ᠋ᠦᠩᠰᠢᠭᠤᠷ ᠲᠥᠭᠦᠷᠢᠭ ᠪᠡᠶᠡᠯᠡᠭᠦᠯᠪᠡ᠃ | ︵ᠬᠤᠶᠠᠷ︶ ᠠᠵᠤ ᠦᠢᠯᠡᠰ ᠤᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃ ᠨᠢᠭᠡᠳᠦᠭᠡᠷ ᠠᠵᠤ ᠦᠢᠯᠡᠰ ᠤᠨ ᠡᠵᠡᠯᠡᠬᠦ ᠬᠠᠷᠢᠴᠠᠯ | ᠠᠯᠬᠤᠮ ᠠᠯᠬᠤᠮ ᠢᠶᠠᠷ ᠳᠡᠭᠡᠭᠰᠢᠯᠡᠪᠡ᠃ ᠪᠠᠷᠢᠮᠵᠢᠶᠠᠵᠢᠭᠤᠯᠤᠭᠰᠠᠨ ᠢᠳᠡᠰᠢᠨ ᠨᠣᠭᠤᠭ᠎ᠠ ᠶᠢᠨ ᠲᠣᠮᠣ ᠫᠧᠩ ᠳᠠᠷᠢᠬᠤ ᠰᠠᠭᠤᠷᠢᠨ ᠭᠠᠵᠠᠷ ᠢ ᠠᠰᠢᠭᠯᠠᠯᠲᠠ ᠳᠤ | ᠣᠷᠣᠭᠤᠯᠵᠤ᠂ ᠮᠠᠯ ᠵᠢᠭᠦᠷᠲᠡᠨ ᠤ ᠪᠠᠭᠠᠰᠤᠨ ᠪᠣᠬᠢᠷᠳᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ ᠢ ᠡᠮᠬᠢ ᠵᠢᠷᠤᠮ ᠲᠠᠢ ᠬᠡᠷᠡᠭᠵᠢᠭᠦᠯᠵᠦ᠂ | ᠠᠯᠠᠰᠢᠨ ᠬᠤᠨᠢ ᠲᠡᠵᠢᠭᠡᠨ ᠦᠷᠡᠵᠢᠭᠦᠯᠬᠦ᠂ ᠡᠳ᠋ᠰᠢᠭᠦᠯᠬᠦ ᠶᠢ ᠨᠢᠭᠡ ᠴᠣᠭᠴᠠᠵᠢᠭᠤᠯᠬᠤ ᠲᠥᠷᠥᠯ ᠵᠦᠢᠯ ᠢ ᠲᠡᠭᠦᠰ ᠠᠮᠵᠢᠯᠲᠠ ᠲᠠᠢ ᠳᠠᠭᠤᠰᠬᠠᠵᠤ᠂ ᠳᠠᠷᠢᠵᠤ | ᠲᠡᠵᠢᠭᠡᠬᠦ ᠶᠢ ᠡᠷᠭᠢᠯᠳᠦᠭᠦᠯᠬᠦ ᠰᠠᠶᠢᠨ ᠰᠠᠶᠢᠬᠠᠨ ᠠᠮᠢ ᠠᠬᠤᠢ ᠶᠢᠨ ᠵᠠᠭᠪᠤᠷ ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ᠃ ᠬᠤᠶᠠᠳᠤᠭᠠᠷ ᠠᠵᠤ | ᠦᠢᠯᠡᠰ ᠤᠨ ᠦᠷ᠎ᠡ ᠪᠦᠲᠦᠮᠵᠢ ᠲᠣᠭᠲᠠᠭᠤᠨ ᠢᠶᠠᠷ ᠳᠡᠭᠡᠭᠰᠢᠯᠡᠪᠡ᠃ ᠤᠯᠠᠮᠵᠢᠯᠠᠯᠲᠤ ᠠᠵᠤ ᠦᠢᠯᠡᠰ ᠤᠨ ᠲᠠᠰ ᠳᠡᠪᠰᠢᠭᠦᠯᠬᠦ ᠥᠭᠡᠷᠡᠴᠢᠯᠡᠯᠲᠡ ᠶᠢᠨ ᠠᠯᠬᠤᠴᠠ | ᠲᠦᠷᠭᠡᠳᠴᠦ᠂ ᠲᠣᠭᠤᠷᠢᠭ ᠤᠨ ᠬᠠᠷᠢᠶ᠎ᠠ ᠠᠵᠤ ᠠᠬᠤᠶᠢᠯᠠᠯ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠠᠵᠤ | ᠦᠢᠯᠡᠳᠪᠦᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠬᠢ ᠣᠷᠣᠭᠤᠯᠤᠯᠲᠠ ᠵᠢᠯ ᠳᠠᠷᠠᠭᠠᠯᠠᠨ ᠨᠡᠮᠡᠭᠳᠡᠵᠦ᠂ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠮᠠᠯᠲᠠᠬᠤ ᠶᠡᠷᠦᠩᠬᠡᠢ ᠬᠡᠮᠵᠢᠶ᠎ᠡ 1.2 ᠳ᠋ᠦᠩᠰᠢᠭᠤᠷ ᠲᠣᠨ᠂ ᠠᠭᠤᠷᠬᠠᠢ ᠶᠢᠨ ᠭᠠᠷᠤᠯᠲᠠ ᠶᠢᠨ ᠡᠬᠢ | ᠪᠠᠶᠠᠯᠢᠭ ᠢ 4000 ᠭᠠᠷᠤᠢ ᠲᠦᠮᠡᠨ ᠲᠣᠨ ᠭᠠᠷᠭᠠᠵᠤ᠂ ᠲᠡᠮᠦᠷ ᠤᠨ ᠨᠠᠷᠢᠯᠢᠭ ᠨᠤᠨᠳᠠᠭ 744 ᠲᠦᠮᠡᠨ ᠲᠣᠨ᠂ ᠬᠤᠪᠣᠷ ᠰᠢᠷᠣᠢ ᠶᠢᠨ ᠨᠠᠷᠢᠯᠢᠭ ᠬᠦᠳᠡᠷ 53. | 8 ᠲᠦᠮᠡᠨ ᠲᠣᠨ᠂ ᠬᠠᠶᠢᠯᠤᠭᠤᠷ ᠵᠤᠩᠰᠢ ᠶᠢᠨ ᠨᠠᠷᠢᠯᠢᠭ ᠬᠦᠳᠡᠷ 19.35 ᠲᠦᠮᠡᠨ ᠲᠣᠨ ᠦᠢᠯᠡᠳᠪᠦᠷᠢᠯᠡᠬᠦ ᠶᠢ ᠠᠬᠢᠭᠤᠯᠤᠨ ᠪᠡᠶᠡᠯᠡᠭᠦᠯᠵᠦ᠂ ᠶᠡᠷᠦᠩᠬᠡᠢ | ᠦᠢᠯᠡᠳᠬᠦᠨ ᠤ ᠥᠷᠲᠡᠭ ᠨᠢ ᠨᠡᠶᠢᠲᠡ 185.35 ᠳ᠋ᠦᠩᠰᠢᠭᠤᠷ ᠲᠥᠭᠦᠷᠢᠭ ᠲᠤ ᠬᠥᠷᠪᠡ᠃ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠡᠨᠡᠭ ᠤᠨ ᠴᠡᠪᠡᠷ | ᠡᠨᠧᠷᠭᠢ ᠶᠢᠨ ᠰᠤᠷᠪᠤᠯᠵᠢ ᠶᠢᠨ ᠶᠡᠷᠦᠩᠬᠡᠢ ᠮᠠᠰᠢᠨ ᠴᠣᠭᠴᠠᠯᠠᠪᠤᠷᠢ ᠶᠢᠨ ᠲᠣᠣᠷ ᠲᠤ ᠨᠡᠶᠢᠯᠡᠭᠦᠯᠬᠦ ᠪᠠᠭᠲᠠᠭᠠᠮᠵᠢ ᠨᠢ 47 ᠲᠦᠮᠡᠨ ᠺᠢᠯᠣᠸᠠᠲ ᠲᠤ ᠬᠦᠷᠴᠦ᠂ | ᠨᠡᠶᠢᠲᠡ 30 ᠳ᠋ᠦᠩᠰᠢᠭᠤᠷ ᠺᠢᠯᠣᠸᠠᠲ ᠤᠨ ᠴᠠᠬᠢᠯᠭᠠᠨ ᠭᠠᠷᠭᠠᠪᠠ᠃ ᠭᠤᠷᠪᠠᠳᠤᠭᠠᠷ ᠠᠵᠤ ᠦᠢᠯᠡᠰ ᠤᠨ ᠬᠡᠪᠴᠢᠶ᠎ᠡ ᠦᠷᠭᠦᠯᠵᠢᠯᠡᠨ ᠥᠷᠭᠡᠳᠪᠡ᠃ ︽ | ᠬᠠᠷᠢᠶ᠎ᠠ ᠠᠯᠤᠰᠯᠠᠭᠰᠠᠨ ᠠᠵᠤ ᠠᠬᠤᠢ︾ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ᠂ ᠠᠳᠠᠯ ᠦᠢᠯᠡᠰ ᠴᠣᠭᠴᠠᠯᠠᠵᠤ ᠰᠢᠨ᠎ᠡ ᠶᠢ | ᠡᠭᠦᠳᠬᠦ ᠬᠦᠷᠢᠶᠡᠯᠡᠩ ᠳᠤ ᠣᠷᠣᠵᠤ ᠰᠠᠭᠤᠭᠰᠠᠨ ᠠᠵᠤ ᠠᠬᠤᠶᠢᠯᠠᠯ ᠨᠡᠶᠢᠲᠡ 300 ᠭᠠᠷᠤᠢ ᠪᠣᠯᠵᠤ᠂ 5000 ᠭᠠᠷᠤᠢ ᠬᠥᠮᠥᠨ ᠳᠤ ᠠᠵᠢᠯ ᠣᠯᠭᠤᠵᠤ᠂ | ᠡᠵᠡᠩᠨᠡᠯᠲᠡ ᠶᠢᠨ ᠣᠷᠣᠯᠭ᠎ᠠ ᠶᠢᠨ ᠶᠡᠷᠦᠩᠬᠡᠢ ᠬᠡᠮᠵᠢᠶ᠎ᠡ 70 ᠳ᠋ᠦᠩᠰᠢᠭᠤᠷ ᠲᠥᠭᠦᠷᠢᠭ ᠢ ᠳᠠᠪᠠᠵᠤ᠂ ᠭᠠᠶᠢᠯᠢ ᠶᠢᠨ ᠣᠷᠣᠯᠭ᠎ᠠ 1.34 ᠳ᠋ᠦᠩᠰᠢᠭᠤᠷ | ᠲᠥᠭᠦᠷᠢᠭ ᠢ ᠳᠠᠪᠠᠵᠤ᠂ ᠥᠪᠡᠷᠲᠡᠭᠡᠨ ᠵᠠᠰᠠᠬᠤ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ | ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠢ ᠪᠠ ᠠᠳᠠᠯ ᠦᠢᠯᠡᠰ ᠴᠣᠭᠴᠠᠯᠠᠬᠤ ᠶᠢᠨ ᠲᠤᠯᠭᠠᠭᠤᠷᠢᠯᠠᠬᠤ ᠲᠠᠪᠴᠠᠩ ᠢᠶᠠᠷ ᠦᠨᠡᠯᠡᠭᠳᠡᠵᠦ᠂ ᠤᠯᠤᠰ ᠤᠨ | ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠳᠠᠩᠰᠠᠯᠠᠬᠤ ᠬᠥᠮᠥᠷᠭᠡ ᠳᠤ ᠣᠷᠣᠪᠠ᠃ | ︵ᠭᠤᠷᠪᠠ︶ ᠥᠭᠡᠷᠡᠴᠢᠯᠡᠯᠲᠡ ᠶᠢᠨ ᠬᠠᠨᠳᠤᠰᠢ ᠲᠦᠷᠭᠡᠨ ᠳᠡᠭᠡᠭᠰᠢᠯᠡᠪᠡ᠃ ︽ᠪᠠᠶᠠᠨ᠋ᠣ᠋ᠪᠣᠭ᠎ᠠ ᠠᠭᠤᠷᠬᠠᠢ ᠶᠢᠨ ᠲᠣᠭᠤᠷᠢᠭ ᠤᠨ ᠬᠤᠳᠠᠯᠳᠤᠭ᠎ᠠ ᠡᠵᠡᠩᠨᠡᠬᠦ | ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯᠯᠠᠭ᠎ᠠ ᠶᠢᠨ ᠲᠥᠰᠥᠯ︾ ︽ᠪᠠᠶᠠᠨ᠋ᠣ᠋ᠪᠣᠭ᠎ᠠ ᠠᠭᠤᠷᠬᠠᠢ ᠶᠢᠨ ᠲᠣᠭᠤᠷᠢᠭ ᠤᠨ ᠲᠡᠷᠢᠭᠦᠨ ᠵᠡᠷᠭᠡ ᠶᠢᠨ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠣᠶ ᠪᠣᠯᠭᠠᠬᠤ ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠵᠦ᠂ 2766 ᠵᠦᠢᠯ ᠤᠨ ᠡᠷᠬᠡ | ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠡᠮᠬᠢᠯᠡᠨ ᠲᠣᠬᠢᠷᠠᠭᠤᠯᠵᠤ᠂ ᠠᠮᠠᠯᠠᠯᠲᠠ ᠶᠢᠨ ᠵᠦᠢᠯ ᠤᠨ ᠭᠦᠢᠴᠡᠳᠬᠡᠬᠦ ᠳᠤᠮᠳᠠᠴᠢ ᠴᠠᠭ ᠤᠨ ᠬᠢᠵᠠᠭᠠᠷ ᠢ ᠬᠠᠤᠯᠢ ᠪᠠᠷ | ᠲᠣᠭᠲᠠᠭᠠᠭᠰᠠᠨ ᠴᠠᠭ ᠤᠨ ᠬᠢᠵᠠᠭᠠᠷ ᠠᠴᠠ 75.3% ᠪᠠᠷ ᠪᠠᠭᠠᠰᠬᠠᠵᠤ᠂ ︽ᠬᠢᠨᠠᠨ ᠵᠥᠪᠰᠢᠶᠡᠷᠡᠬᠦ ᠪᠠᠷ ᠬᠠᠮᠤᠭ ᠤᠨ ᠴᠥᠭᠡᠨ᠂ ᠠᠵᠢᠯ ᠶᠠᠪᠤᠳᠠᠯ | ᠭᠦᠢᠴᠡᠳᠬᠡᠬᠦ ᠪᠠᠷ ᠬᠠᠮᠤᠭ ᠤᠨ ᠲᠦᠷᠭᠡᠨ᠂ ᠦᠢᠯᠡᠴᠢᠯᠡᠭᠡ ᠬᠠᠮᠤᠭ ᠤᠨ ᠰᠠᠶᠢᠨ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠡᠷᠢᠭᠦᠨ ᠤ ᠣᠷᠴᠢᠨ | ᠨᠥᠬᠦᠴᠡᠯ ᠢ ᠬᠦᠴᠦᠯᠡᠨ ᠪᠤᠢ ᠪᠣᠯᠭᠠᠵᠤ᠂ ᠪᠦᠬᠦ ᠬᠤᠳᠠ ᠳᠤ ᠬᠠᠮᠤᠭ ᠤᠨ ᠲᠦᠷᠦᠭᠦᠨ ᠳᠤ ︽ᠬᠠᠮᠤᠭ ᠠᠷᠪᠢᠨ ᠳᠠᠭᠠᠨ ᠨᠢᠭᠡ ᠤᠳᠠᠭ᠎ᠠ ᠭᠦᠶᠦᠬᠦ︾ | ᠥᠭᠡᠷᠡᠴᠢᠯᠡᠯᠲᠡ ᠶᠢ ᠡᠬᠢᠯᠡᠭᠦᠯᠵᠦ᠂ ᠪᠡᠯᠡ ᠣᠷᠣᠭᠤᠯᠤᠯᠲᠠ ᠶᠢᠨ ᠵᠦᠢᠯᠡᠰ ᠤᠨ ᠵᠥᠪᠯᠡᠯᠭᠡ ᠥᠭᠬᠦ ᠵᠥᠪᠳᠡᠯᠴᠡᠬᠦ ᠬᠠᠮᠲᠤᠷᠠᠨ ᠬᠢᠨᠠᠵᠤ ᠲᠣᠬᠢᠷᠠᠭᠤᠯᠬᠤ | ᠲᠣᠭᠲᠠᠴᠠ ᠶᠢ ᠬᠠᠮᠤᠭ ᠤᠨ ᠲᠦᠷᠦᠭᠦᠨ ᠳᠤ ᠪᠠᠶᠢᠭᠤᠯᠵᠤ᠂ ᠡᠩ ᠤᠨ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠵᠦᠢᠯᠡᠰ ᠤᠨ ᠬᠢᠨᠠᠨ ᠵᠥᠪᠰᠢᠶᠡᠷᠡᠬᠦ | ᠳᠤᠮᠳᠠᠴᠢ ᠴᠠᠭ ᠤᠨ ᠬᠢᠵᠠᠭᠠᠷ ᠢ 108 ᠡᠳᠦᠷ ᠪᠠᠶᠢᠭᠰᠠᠨ ᠠᠴᠠ 30 ᠡᠳᠦᠷ ᠪᠣᠯᠭᠠᠨ ᠪᠠᠭᠠᠰᠬᠠᠪᠠ᠃ ᠤᠷᠢᠳ ᠬᠤᠵᠢᠳ ︽ᠨᠢᠭᠡ ᠴᠣᠩᠬᠤᠨ ᠤ ᠬᠡᠯᠪᠡᠷᠢ︾ | ᠶᠢᠨ ᠶᠡᠷᠦᠩᠬᠡᠶᠢᠯᠡᠭᠰᠡᠨ ᠭᠥᠯᠢᠶᠡᠨ ᠠᠪᠴᠤ ᠰᠢᠢᠳᠪᠦᠷᠢᠯᠡᠬᠦ᠂ ︽ᠭᠠᠵᠠᠷ ᠰᠢᠷᠣᠢ ᠶᠢ ᠠᠳᠬᠤᠪᠠᠯ ᠳᠠᠷᠤᠢ ᠠᠵᠢᠯ ᠡᠬᠢᠯᠡᠭᠦᠯᠬᠦ︾ ᠵᠡᠷᠭᠡ ᠨᠢᠭᠡ ᠪᠦᠯᠦᠭ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠲᠤᠷᠰᠢᠯᠲᠠ ᠶᠢ ᠬᠡᠷᠡᠭᠵᠢᠭᠦᠯᠵᠦ᠂ ᠪᠥᠬᠦ ᠬᠤᠲᠠ ᠶᠢᠨ ᠠᠩᠬᠠᠳᠠᠭᠴᠢ ᠨᠡᠶᠢᠭᠡᠮ ᠤᠨ ᠪᠡᠯᠡ ᠣᠷᠣᠭᠤᠯᠤᠯᠲᠠ ᠶᠢᠨ | ᠲᠥᠬᠦᠮ ᠪᠥᠭᠡᠳ ᠠᠶᠤᠯ ᠲᠦᠭᠰᠢᠭᠦᠷᠢ ᠪᠠᠭᠠᠲᠠᠢ ᠢᠨᠵᠧᠨᠧᠷᠢᠩ ᠤᠨ ᠲᠥᠷᠥᠯ ᠵᠦᠢᠯ ᠢ ᠨᠡᠭᠡᠭᠡᠨ ᠡᠷᠭᠢᠯᠡᠵᠦ᠂ ᠪᠤᠭᠤᠲᠤ ᠬᠤᠲᠠ ᠶᠢᠨ ᠬᠤᠳᠠᠯᠳᠤᠭ᠎ᠠ ᠡᠷᠭᠢᠯᠡᠬᠦ | ᠣᠷᠴᠢᠨ ᠨᠥᠬᠦᠴᠡᠯ ᠢ ᠰᠢᠯᠢᠳᠡᠭᠵᠢᠭᠦᠯᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠳᠤ ᠰᠣᠩᠭᠤᠭᠳᠠᠪᠠ᠃ ᠭᠠᠶᠢᠯᠢ ᠶᠢᠨ ᠳᠦᠷᠢᠮ ᠤᠨ ᠥᠭᠡᠷᠡᠴᠢᠯᠡᠯᠲᠡ ᠪᠠ | ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠨᠡᠶᠢᠳᠡ 2.8 ᠳ᠋ᠦᠩᠰᠢᠭᠤᠷ ᠲᠥᠭᠦᠷᠢᠭ ᠤᠨ | ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠪᠠ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ 9 ᠬᠦᠷᠢᠶ᠎ᠡ ᠴᠠᠷᠠᠭ᠎ᠠ ᠳᠤ᠂ ᠣᠯᠠᠨ | ᠵᠦᠢᠯ ᠤᠨ ᠬᠠᠤᠯᠢ ᠬᠡᠷᠡᠭᠵᠢᠭᠦᠯᠬᠦ ᠡᠷᠬᠡ ᠶᠢ ᠨᠢᠭᠡᠳᠦᠯᠲᠡᠢ ᠲᠥᠪᠯᠡᠷᠡᠭᠦᠯᠦᠨ ᠬᠡᠷᠡᠭᠵᠢᠭᠦᠯᠵᠦ᠂ ᠪᠠᠶᠢᠭᠤᠯᠤᠯ ᠲᠣᠭᠲᠠᠴᠠ ᠶᠢᠨ ᠠᠮᠢᠵᠢᠷᠠᠯ ᠤᠨ ᠬᠦᠴᠦᠨ ᠢ | ᠭᠦᠢᠴᠡᠳ ᠪᠠᠳᠠᠷᠠᠭᠤᠯᠤᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢ 1156 ᠡᠷᠦᠬᠡ ᠰᠢᠨ᠎ᠡ ᠪᠠᠷ ᠨᠡᠮᠡᠭᠳᠡᠭᠦᠯᠪᠡ᠃ | ︵ᠳᠥᠷᠪᠡ︶ ᠬᠤᠳᠠ ᠶᠢᠨ ᠳᠦᠷᠰᠦ ᠪᠠᠶᠢᠳᠠᠯ ᠢᠯᠡᠳᠲᠡ ᠰᠠᠶᠢᠵᠢᠷᠠᠪᠠ᠃ ᠥᠪᠡᠷᠲᠡᠭᠡᠨ ᠵᠠᠰᠠᠬᠤ ᠣᠷᠣᠨ ᠤ ︽ᠬᠤᠲᠠ ᠶᠢᠨ ᠬᠤᠣᠰ ᠵᠠᠰᠠᠯᠲᠠ︾ ᠶᠢᠨ | ᠲᠤᠷᠰᠢᠯᠲᠠ ᠶᠢᠨ ᠴᠢᠭ᠋ ᠤᠨ ᠠᠵᠢᠯ ᠢ ᠭᠦᠨᠵᠡᠭᠡᠢ ᠠᠬᠢᠭᠤᠯᠵᠤ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃3751 ᠲᠦᠮᠡᠨ ᠲᠥᠭᠦᠷᠢᠭ ᠣᠷᠣᠭᠤᠯᠵᠤ | ᠂ 12 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠳᠠᠭᠤᠰᠬᠠᠵᠤ᠂ 13 ᠤᠰᠤ ᠪᠠᠷ ᠤᠬᠢᠶᠠᠬᠤ ᠵᠣᠷᠯᠣᠩ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ | ᠪᠠᠶᠢᠭᠤᠯᠵᠤ᠂ ᠳᠦᠷᠢᠮ ᠠᠴᠠ ᠵᠥᠷᠢᠴᠡᠭᠰᠡᠨ ᠪᠠᠷᠢᠯᠭ᠎ᠠ᠂ ᠡᠪᠳᠡᠷᠡᠨ ᠰᠦᠢᠳᠬᠡᠭᠰᠡᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠵᠡᠷᠭᠡ 400 ᠭᠠᠷᠤᠢ ᠭᠠᠵᠠᠷ ᠢ | ᠴᠡᠭᠴᠡᠯᠡᠨ ᠵᠠᠰᠠᠵᠤ᠂ 230 ᠭᠠᠷᠤᠢ ᠴᠠᠬᠢᠯᠭᠠᠨ ᠤᠲᠠᠰᠤ ᠢ ᠵᠠᠰᠠᠵᠤ᠂ 6 ᠲᠡᠷᠭᠡᠨ ᠵᠣᠭᠰᠣᠭᠠᠯ ᠢ ᠰᠢᠨ᠎ᠡ ᠪᠠᠷ ᠪᠠᠶᠢᠭᠤᠯᠬᠤ ᠪᠠᠷ ᠲᠥᠯᠥᠪᠵᠢᠭᠦᠯᠵᠦ᠂ 500 | ᠭᠠᠷᠤᠢ ᠠᠷᠠᠳ ᠲᠤ ᠲᠥᠬᠦᠮ ᠦᠵᠡᠭᠦᠯᠬᠦ ᠲᠡᠷᠭᠡᠨ ᠵᠣᠭᠰᠣᠭᠠᠯ ᠢ ᠲᠣᠬᠢᠷᠠᠭᠤᠯᠪᠠ᠃ ᠪᠠᠶᠠᠨ᠋ᠣ᠋ᠪᠣᠭ᠎ᠠ ᠶᠡᠭᠡ ᠵᠡᠭᠡᠯᠢ᠂ ᠦᠨᠳᠦᠰᠦᠲᠡᠨ ᠤ ᠵᠠᠮ ᠵᠡᠷᠭᠡ ᠵᠠᠮ ᠢ | ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠦᠨ᠎ᠡ᠃ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠤᠰᠤ ᠶᠢ ᠬᠡᠮᠵᠢᠬᠦ ᠪᠠᠷ ᠶᠠᠪᠤᠬᠤ︾ ᠶᠢ | ᠪᠠᠷᠢᠮᠲᠠᠯᠠᠵᠤ᠂ ᠰᠢᠭᠤᠳ ᠤᠤᠭᠤᠬᠤ ᠤᠰᠤ ᠶᠢ ᠡᠷᠦᠬᠡ ᠳᠤ ᠣᠷᠣᠭᠤᠯᠬᠤ ᠲᠤᠷᠰᠢᠯᠲᠠ᠂ ᠤᠰᠤᠨ ᠰᠤᠷᠪᠤᠯᠵᠢ ᠶᠢᠨ ᠭᠠᠵᠠᠷ ᠤᠨ ᠤᠰᠤ ᠬᠠᠩᠭᠠᠬᠤ | ᠲᠥᠬᠦᠭᠡᠷᠦᠮᠵᠢ ᠶᠢᠨ ᠡᠨᠧᠷᠭᠢ ᠠᠷᠪᠢᠯᠠᠬᠤ ᠵᠢᠴᠢ ᠣᠶᠤᠨᠴᠢᠯᠠᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ᠃ LNG ᠶᠢᠨ ᠬᠡᠢ ᠨᠡᠮᠡᠬᠦ ᠥᠷᠲᠡᠭᠡ ᠶᠢ | ᠪᠠᠶᠢᠭᠤᠯᠵᠤ᠂ ᠮᠠᠨ ᠤ ᠲᠣᠭᠤᠷᠢᠭ ᠤᠨ ᠬᠡᠢ ᠨᠡᠮᠡᠬᠦ ᠥᠷᠲᠡᠭᠡ ᠶᠢᠨ ᠬᠤᠭᠤᠰᠤᠨ ᠢ ᠨᠥᠬᠦᠪᠦᠷᠢᠯᠡᠨ᠎ᠡ᠃ ᠣᠶᠤᠨᠲᠤ ᠬᠤᠳᠠ ᠶᠢᠨ ᠳᠡᠯᠭᠡᠨ ᠦᠵᠡᠭᠦᠯᠵᠦ | ᠪᠡᠶᠡᠴᠢᠯᠡᠨ ᠣᠶᠢᠯᠠᠭᠠᠬᠤ ᠪᠠ ᠡᠵᠡᠩᠨᠡᠯᠲᠡ ᠶᠢᠨ ᠵᠢᠯᠤᠭᠤᠳᠬᠤ ᠲᠥᠪ 2018 ᠣᠨ ᠤ ᠤᠯᠤᠰ ᠤᠨ ᠣᠶᠤᠨᠲᠤ ᠬᠤᠳᠠ ᠶᠢᠨ ᠰᠢᠯᠢᠳᠡᠭ ᠰᠢᠰᠲ᠋ᠧᠮ ᠤᠨ | ᠰᠢᠢᠳᠪᠦᠷᠢᠯᠡᠬᠦ ᠵᠢᠱᠢᠶ᠎ᠡ ᠦᠵᠡᠭᠦᠯᠬᠦ ᠲᠣᠭᠤᠷᠢᠭ ᠢᠶᠠᠷ ᠦᠨᠡᠯᠡᠭᠳᠡᠪᠡ᠃ | ︵ᠲᠠᠪᠤ︶ ᠠᠷᠠᠳ ᠤᠨ ᠠᠮᠢᠳᠤᠷᠠᠯ ᠤᠨ ᠦᠢᠯᠡᠰ ᠢ ᠪᠥᠬᠦ ᠲᠠᠯ᠎ᠠ ᠪᠠᠷ ᠴᠢᠩᠭᠠᠳᠬᠠᠪᠠ᠃ ᠠᠷᠠᠳ ᠤᠨ ᠠᠮᠢᠳᠤᠷᠠᠯ ᠤᠨ ᠵᠠᠷᠤᠯᠭ᠎ᠠ 12.61 | ᠳ᠋ᠦᠩᠰᠢᠭᠤᠷ ᠲᠥᠭᠦᠷᠢᠭ ᠲᠤ ᠬᠦᠷᠴᠦ᠂ ᠡᠳ᠋ ᠤᠨ ᠵᠠᠰᠠᠭ ᠤᠨ ᠪᠦᠬᠦ ᠵᠠᠷᠤᠯᠭ᠎ᠠ ᠶᠢᠨ 76.77% ᠶᠢ ᠡᠵᠡᠯᠡᠪᠡ᠃ ︽ᠣᠷᠣᠯᠭ᠎ᠠ ᠪᠠᠭᠠᠲᠠᠢ ᠬᠠᠮᠲᠤᠯᠢᠭ ᠤᠨ | ᠵᠣᠯ ᠵᠢᠷᠭᠠᠯ ᠢ ᠳᠡᠭᠡᠭᠰᠢᠯᠡᠭᠦᠯᠬᠦ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠵᠦ᠂ ᠡᠯ᠎ᠡ ᠲᠦᠷᠦᠯ ᠤᠨ ᠠᠪᠤᠷᠠᠨ ᠲᠤᠰᠠᠯᠠᠬᠤ ᠮᠥᠩᠭᠦ ᠶᠢ 750 ᠭᠠᠷᠤᠢ ᠲᠦᠮᠡᠨ | ᠲᠥᠭᠦᠷᠢᠭ ᠲᠠᠷᠬᠠᠭᠠᠵᠤ᠂ ᠨᠡᠶᠢᠳᠡ 800 ᠭᠠᠷᠤᠢ ᠬᠥᠮᠥᠨ ᠳᠤ ᠠᠰᠢᠭ ᠬᠦᠷᠲᠡᠭᠡᠪᠡ᠃ 2072 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ | ᠵᠢᠭᠡᠯᠡᠯᠭᠡ ᠲᠠᠯᠪᠢᠵᠤ᠂ 1211 ᠬᠥᠮᠥᠨ ᠳᠤ ᠠᠵᠢᠯ ᠣᠯᠭᠤᠵᠤ ᠳᠠᠬᠢᠨ ᠠᠵᠢᠯ ᠣᠯᠭᠤᠪᠠ᠃ ︽ᠭᠤᠷᠪᠠᠨ ᠬᠠᠩᠭᠠᠯᠭ᠎ᠠ ᠨᠢᠭᠡ ᠠᠵᠢᠯ ᠲᠦᠷᠤᠯ︾ ᠤᠨ 144 | ᠬᠥᠮᠥᠨ ᠤ ᠨᠡᠶᠢᠭᠡᠮ ᠤᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠠᠵᠢᠯ ᠢ ᠲᠡᠭᠦᠰ ᠠᠮᠵᠢᠯᠲᠠ ᠲᠠᠢ ᠪᠠᠷ ᠪᠡᠶᠡᠯᠡᠭᠦᠯᠵᠦ᠂ 1989 | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠥᠰ ᠤᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠭᠥᠯᠢᠶᠡᠨ | ᠠᠪᠬᠤ ᠠᠵᠢᠯ ᠢ ᠪᠡᠶᠡᠯᠡᠭᠦᠯᠪᠡ᠃ 5460 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ | ᠰᠤᠷᠭᠠᠭᠤᠯᠢ ᠡᠷᠭᠢᠯᠡᠬᠦ ᠨᠥᠬᠦᠴᠡᠯ ᠢ ᠳᠡᠭᠡᠭᠰᠢᠯᠡᠭᠦᠯᠦᠨ᠂ ︽ᠰᠠᠭᠤᠷᠢ ᠣᠷᠴᠢᠨ ᠲᠣᠭᠤᠷᠢᠨ ᠪᠠᠭ᠎ᠠ ᠮᠥᠷᠲᠡᠭᠡᠨ ᠭᠤᠶᠣ᠂ ᠴᠢᠳᠠᠮᠵᠢ ᠶᠢᠨ ᠪᠠᠶᠢᠭᠤᠯᠤᠯᠲᠠ ᠪᠠᠭ᠎ᠠ | ᠮᠥᠷᠲᠡᠭᠡᠨ ᠪᠦᠷᠢᠨ᠂ ᠠᠭᠤᠯᠤᠭᠳᠠᠬᠤᠨ ᠤ ᠬᠥᠭᠵᠢᠯᠲᠡ ᠪᠠᠭ᠎ᠠ ᠮᠥᠷᠲᠡᠭᠡᠨ ᠪᠠᠶᠠᠨ︾ ᠪᠠᠶᠢᠬᠤ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ︽ᠰᠠᠭᠤᠷᠢ | ᠰᠤᠷᠭᠠᠨ ᠬᠥᠮᠦᠵᠢᠯ ᠤᠨ ᠤᠯᠤᠰ ᠤᠨ ᠲᠠᠰ ᠤᠨ ᠰᠢᠯᠢᠳᠡᠭ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢ ᠳᠡᠯᠭᠡᠷᠡᠭᠦᠯᠬᠦ ᠵᠢᠱᠢᠶ᠎ᠡ ᠦᠵᠡᠭᠦᠯᠬᠦ ᠣᠷᠣᠨ︾ ᠢᠶᠠᠷ | ᠦᠨᠡᠯᠡᠭᠳᠡᠪᠡ᠃ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠪᠦᠬᠦᠯᠢ ᠴᠣᠭᠴᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠦᠷᠭᠦᠯᠵᠢᠯᠡᠨ ᠪᠠᠬᠢᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠤᠳᠠᠭᠠᠨ | ᠴᠢᠨᠠᠷᠲᠠᠢ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ | ᠵᠢᠷᠤᠮᠵᠢᠯ ᠤᠨ ᠣᠷᠣᠨ ᠤ ᠢᠷᠠᠭᠤ ᠠᠯᠳᠠᠷ ᠤᠨ ᠴᠣᠯᠠ ᠶᠢ ᠬᠦᠷᠲᠡᠵᠦ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠠᠮᠵᠢᠯᠲᠠ ᠲᠠᠢ ᠡᠭᠦᠳᠦᠨ | ᠪᠠᠶᠢᠭᠤᠯᠪᠠ᠃ 6000 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ ᠤᠰᠤ ᠴᠡᠪᠡᠷᠰᠢᠭᠦᠯᠬᠦ ᠦᠢᠯᠡᠳᠪᠦᠷᠢ ᠶᠢᠨ ︽ᠠᠩᠬᠠᠨ ᠤ ᠢᠨᠵᠧᠨᠧᠷᠢᠩ︾ ᠢ | ᠬᠡᠷᠡᠭᠵᠢᠭᠦᠯᠦᠭᠡᠳ᠂ ᠤᠯᠠᠨ ᠲᠦᠮᠡᠨ ᠤ 60 ᠭᠠᠷᠤᠢ ᠵᠢᠯ ᠤᠨ ︽ᠢᠳᠡᠬᠦ ᠤᠰᠤ ᠬᠦᠴᠢᠷᠲᠡᠢ᠂ ᠢᠳᠡᠬᠦ ᠤᠰᠤ ᠬᠦᠴᠢᠷᠲᠡᠢ︾ ᠪᠠᠶᠢᠬᠤ ᠠᠰᠠᠭᠤᠳᠠᠯ ᠢ | ᠰᠢᠢᠳᠪᠦᠷᠢᠯᠡᠪᠡ᠃ 3800 ᠭᠠᠷᠤᠢ ᠲᠦᠮᠡᠨ ᠲᠥᠭᠦᠷᠢᠭ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠤ ᠪᠠᠷᠢᠮᠵᠢᠶᠠᠵᠢᠭᠰᠠᠨ | ᠡᠷᠡᠭᠦᠯᠵᠢᠯ ᠨᠠᠰᠤᠵᠢᠯ ᠤᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠪᠠᠶᠢᠭᠤᠯᠤᠮᠵᠢ ᠶᠢᠨ ᠨᠠᠰᠤᠵᠢᠯ᠂ ᠡᠳᠦᠷ ᠲᠤᠲᠤᠮ ᠤᠨ ᠬᠠᠷᠠᠭᠠᠯᠵᠠᠯ᠂ ᠭᠡᠷ ᠲᠡᠭᠡᠨ | ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠡᠮᠴᠢᠯᠡᠭᠡ ᠰᠤᠪᠢᠯᠠᠯᠲᠠ ᠶᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠪᠠᠶᠢᠷᠢᠰᠢᠯ ᠢ ᠪᠣᠶ | ᠪᠣᠯᠭᠠᠵᠤ᠂ ᠣᠳᠣᠨ ᠲᠠᠰ ᠤᠨ ᠪᠠᠷᠢᠮᠵᠢᠶᠠᠲᠤ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠵᠢᠱᠢᠶ᠎ᠡ ᠦᠵᠡᠭᠦᠯᠬᠦ ᠴᠢᠭ᠋ ᠢ ᠠᠮᠵᠢᠯᠲᠠ ᠲᠠᠢ ᠡᠭᠦᠳᠦᠨ | ᠪᠠᠶᠢᠭᠤᠯᠪᠠ᠃ ᠪᠠᠶ᠋ᠬᠠᠣᠪᠤᠭ᠎ᠠ ᠶᠢᠨ ᠬᠠᠴᠢᠨ ᠴᠢᠯᠠᠭᠤᠲᠤ ᠰᠣᠶᠣᠯ ᠵᠤᠭᠠᠴᠠᠯ ᠤᠨ ᠨᠠᠶᠢᠷ ᠢ ᠦᠷᠭᠦᠯᠵᠢᠯᠡᠨ ᠡᠷᠬᠢᠯᠡᠵᠦ᠂ ᠵᠤᠭᠠᠴᠠᠭᠰᠠᠳ ᠢ 12 ᠲᠦᠮᠡ ᠭᠠᠷᠤᠢ | ᠬᠥᠮᠥᠨ ᠤᠳᠠᠭ᠎ᠠ ᠳᠤ ᠭᠥᠯᠢᠶᠡᠨ ᠠᠪᠴᠤ᠂ ᠵᠤᠭᠠᠴᠠᠯ ᠤᠨ ᠣᠷᠣᠯᠭ᠎ᠠ ᠶᠢ 5000 ᠭᠠᠷᠤᠢ ᠲᠦᠮᠡᠨ ᠲᠥᠭᠦᠷᠢᠭ ᠲᠤ ᠬᠦᠷᠭᠡᠵᠦ᠂ ᠲᠦᠷᠦᠯ ᠲᠡᠮᠳᠡᠭ ᠤᠨ | ᠠᠭᠤᠯᠤᠭᠳᠠᠬᠤᠨ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠭᠠᠳᠠᠭᠠᠳᠤ ᠳᠤ ᠦᠵᠡᠭᠦᠯᠬᠦ ᠨᠥᠯᠥᠭᠡ ᠶᠢ ᠵᠢᠯ ᠳᠠᠷᠠᠭᠠᠯᠠᠨ ᠳᠡᠭᠡᠭᠰᠢᠯᠡᠭᠦᠯᠪᠡ᠃ ᠲᠠᠯ᠎ᠠ | ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ ᠶᠢᠨ ᠦᠢᠯᠡ ᠠᠵᠢᠯᠯᠠᠭ᠎ᠠ ᠶᠢᠨ ᠦᠵᠡᠰᠬᠦᠯᠡᠩ ᠤᠨ ᠣᠷᠳᠣᠨ ᠮᠠᠨ ᠤ ᠲᠣᠭᠤᠷᠢᠭ ᠤᠨ ᠠᠩᠬᠠᠳᠠᠭᠴᠢ | ᠤᠯᠤᠰ ᠤᠨ AAA ᠲᠡᠰ ᠤᠨ ᠵᠤᠭᠠᠴᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠵᠦ᠂ ᠤᠷᠢᠳ ᠬᠤᠵᠢᠳ ᠪᠦᠬᠦ ᠤᠯᠤᠰ ᠤᠨ ᠤᠯᠤᠰ ᠢᠶᠠᠨ ᠬᠠᠶᠢᠷᠠᠯᠠᠬᠤ | ᠦᠵᠡᠯ᠂ ᠳᠠᠷᠠᠭᠠᠴᠢ ᠶᠢᠨ ᠨᠢᠭᠡ ᠦᠶ᠎ᠡ ᠶᠢᠨ ᠨᠠᠮ ᠤᠨ ᠲᠡᠦᠬᠡ ᠤᠯᠤᠰ ᠤᠨ ᠲᠡᠦᠬᠡ ᠶᠢᠨ ᠬᠥᠮᠦᠵᠢᠯ ᠤᠨ ᠰᠠᠭᠤᠷᠢᠨ ᠢ ᠬᠠᠯᠠᠮᠵᠢᠯᠠᠭᠰᠠᠨ ᠵᠡᠷᠭᠡ ᠢᠷᠠᠭᠤ | ᠠᠯᠳᠠᠷ ᠤᠨ ᠴᠣᠯᠠ ᠶᠢ ᠬᠦᠷᠳᠡᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ | ᠨᠡᠶᠢᠭᠡᠮ ᠤᠨ ᠶᠡᠭᠡ ᠲᠠᠯ᠎ᠠ ᠶᠢ ᠡᠶ᠎ᠡ ᠵᠣᠬᠢᠴᠠᠩᠭᠤᠢ ᠲᠣᠭᠲᠠᠭᠤᠨ ᠪᠠᠶᠢᠯᠭᠠᠪᠠ᠃ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠰᠠᠶᠢᠵᠢᠷᠠᠵᠤ᠂ | ᠲᠦᠷᠪᠡᠨ ᠵᠢᠯ ᠳᠠᠷᠠᠭᠠᠯᠠᠨ ᠬᠦᠨᠳᠦ ᠶᠡᠭᠡ ᠠᠳᠡᠯ ᠭᠠᠷᠤᠭᠰᠠᠨ ᠦᠭᠡᠢ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠭᠦᠨᠵᠡᠭᠡᠢ ᠥᠷᠨᠢᠭᠦᠯᠵᠦ᠂ ︽ᠢᠳᠡᠭᠡᠨ ᠤ ᠦᠵᠦᠭᠦᠷ︾ ᠤᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ ᠠᠷᠠᠳ ᠤᠯᠠᠨ ᠤ | ᠬᠦᠷᠲᠡᠮᠵᠢ ᠶᠢᠨ ᠲᠥᠷᠥᠭᠳᠡᠯ ᠨᠡᠩ ᠰᠠᠶᠢᠨ ᠪᠣᠯᠵᠤ᠂ ᠵᠣᠯ ᠵᠢᠷᠭᠠᠯ ᠤᠨ ᠲᠥᠷᠥᠭᠳᠡᠯ ᠨᠡᠩ ᠦᠷᠭᠦᠯᠵᠢᠯᠡᠵᠦ᠂ ᠠᠮᠤᠷ ᠲᠦᠪᠰᠢᠨ ᠤ ᠲᠥᠷᠥᠭᠳᠡᠯ ᠨᠡᠩ | ᠪᠠᠲᠤᠯᠠᠭ᠎ᠠ ᠲᠠᠢ ᠪᠣᠯᠣᠨ᠎ᠠ᠃ | ︵ᠵᠢᠷᠭᠤᠭ᠎ᠠ︶ ᠠᠮᠢ ᠠᠬᠤᠢ ᠶᠢᠨ ᠪᠣᠯᠪᠠᠰᠤᠨ ᠦᠷᠭᠦᠯᠵᠢᠯᠡᠨ ᠬᠥᠭᠵᠢᠪᠡ᠃ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠵᠤ᠂ ᠲᠥᠪ ᠤᠨ ᠣᠷᠴᠢᠨ | ᠠᠬᠤᠢ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ | ᠶᠡᠭᠡ ᠪᠠᠶᠢᠴᠠᠭᠠᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ | ᠴᠡᠭᠴᠡᠯᠡᠨ ᠵᠠᠰᠠᠵᠤ ᠳᠠᠭᠤᠰᠬᠠᠪᠠ᠃ ᠬᠥᠬᠡᠮᠳᠦᠭ ᠲᠡᠭᠷᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠲᠠᠶᠢᠨ ᠢ ᠰᠠᠶᠢᠲᠤᠷ ᠬᠢᠨ᠎ᠡ᠃ ᠨᠡᠭᠦᠷᠡᠰᠦ | ᠰᠢᠲᠠᠭᠠᠬᠤ ᠭᠦᠸᠧᠯᠦ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠤᠲᠠ ᠶᠢᠨ ᠲᠣᠭᠤᠷᠢᠭ ᠤᠨ 10 ᠲᠣᠨ ᠠᠭᠤᠷᠰᠢᠯᠲᠠ ᠠᠴᠠ ᠳᠣᠷᠣᠭᠰᠢᠬᠢ | ᠨᠡᠭᠦᠷᠡᠰᠦ ᠰᠢᠲᠠᠭᠠᠬᠤ ᠭᠦᠸᠧᠯᠦ ᠶᠢ ᠪᠦᠬᠦᠨ ᠢ ᠨᠤᠷᠠᠭᠠᠨ᠎ᠠ᠃ ᠠᠭᠤᠷᠬᠠᠢ ᠶᠢᠨ ᠮᠠᠯᠲᠠᠵᠤ ᠰᠣᠩᠭᠤᠬᠤ᠂ ᠪᠠᠷᠢᠯᠭ᠎ᠠ ᠶᠢᠨ ᠭᠠᠵᠠᠷ ᠵᠢᠴᠢ ᠵᠠᠮ ᠤᠨ ᠲᠣᠭᠤᠰᠣ | ᠰᠢᠷᠣᠢ ᠶᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠠᠭᠠᠷ ᠤᠨ ᠶᠠᠰᠤ ᠴᠢᠨᠠᠷ ᠤᠨ ᠪᠠᠷᠢᠮᠵᠢᠶ᠎ᠠ ᠳᠤ ᠬᠦᠷᠬᠦ ᠡᠳᠦᠷ ᠤᠨ ᠲᠤᠭ᠎ᠠ ᠶᠢ 90% ᠠᠴᠠ | ᠳᠡᠭᠡᠭᠰᠢ ᠳᠤ ᠬᠦᠷᠦᠭᠦᠯᠵᠦ᠂ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠭᠤᠯᠤᠨ᠎ᠠ᠃ ︽ᠲᠦᠮᠡᠨ ᠬᠥᠮᠥᠨ ᠮᠢᠩᠭᠠᠨ ᠲᠣᠨ︾ ᠤ ᠤᠰᠤᠨ | ᠰᠤᠷᠪᠤᠯᠵᠢ ᠶᠢᠨ ᠭᠠᠵᠠᠷ ᠢ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠪᠦᠬᠦᠨ ᠢ ᠪᠡᠶᠡᠯᠡᠭᠦᠯᠵᠦ᠂ ᠬᠤᠳᠠ ᠶᠢᠨ ᠲᠥᠪᠯᠡᠷᠡᠩᠭᠦᠢ ᠤᠤᠭᠤᠬᠤ ᠤᠰᠤᠨ ᠤ | ᠤᠰᠤᠨ ᠤ ᠴᠢᠨᠠᠷ ᠢ 100% ᠪᠠᠷ ᠪᠠᠷᠢᠮᠵᠢᠶ᠎ᠠ ᠳᠤ ᠬᠦᠷᠭᠡᠨ᠎ᠡ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠭᠦᠨᠵᠡᠭᠡᠢ | ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ᠂ ᠤᠰᠤᠨ ᠤ ᠪᠣᠬᠢᠷᠳᠤᠯ ᠢ ᠰᠡᠷᠭᠡᠶᠢᠯᠡᠨ ᠵᠠᠰᠠᠬᠤ ᠪᠠ ᠤᠰᠤᠨ ᠤ | ᠣᠷᠴᠢᠨ ᠠᠬᠤᠢ ᠶᠢᠨ ᠵᠠᠰᠠᠯᠲᠠ ᠶᠢ ᠬᠡᠷᠡᠭᠵᠢᠭᠦᠯᠦᠨ᠎ᠡ᠃1.24 ᠳᠦᠢᠩᠰᠢᠭᠤᠷ ᠲᠥᠭᠦᠷᠢᠭ ᠤᠨ ᠪᠡᠯᠡ ᠣᠷᠣᠭᠤᠯᠵᠤ ᠭᠠᠵᠠᠷ ᠤᠨ ᠭᠠᠢ ᠭᠠᠮᠰᠢᠭ ᠢ | ᠰᠡᠷᠭᠡᠶᠢᠯᠡᠨ ᠵᠠᠰᠠᠬᠤ᠂ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠠᠵᠢᠯ ᠢ ᠥᠷᠨᠢᠭᠦᠯᠵᠦ᠂ ᠪᠠᠶ᠋ᠬᠠᠣᠪᠤᠭ᠎ᠠ ᠲᠡᠮᠦᠷ ᠤᠨ ᠠᠭᠤᠷᠬᠠᠢ ᠶᠢ ᠪᠦᠬᠦ | ᠤᠯᠤᠰ ᠤᠨ ᠪᠣᠬᠢᠷᠳᠤᠯ ᠦᠭᠡᠢ ᠠᠭᠤᠷᠬᠠᠢ ᠶᠢᠨ ᠨᠡᠷᠡᠰ ᠲᠤ ᠣᠷᠣᠭᠤᠯᠪᠠ᠃ ︽ᠨᠢᠭᠡ ᠲᠣᠭᠤᠷᠢᠭ᠂ ᠨᠢᠭᠡ ᠰᠡᠳᠬᠢᠯ᠂ ᠬᠤᠶᠠᠷ ᠬᠦᠷᠢᠶᠡᠯᠡᠩ᠂ ᠣᠯᠠᠨ ᠴᠢᠭ᠋ | ᠣᠯᠠᠨ ᠬᠤᠩᠭᠢᠯ︾ ᠤᠨ ᠬᠤᠲᠠ ᠶᠢᠨ ᠶᠡᠷᠦᠩᠬᠡᠶᠢᠯᠡᠭᠰᠡᠨ ᠨᠣᠭᠤᠭᠠᠷᠠᠭᠤᠯᠤᠯᠲᠠ ᠶᠢᠨ ᠰᠢᠰᠲ᠋ᠧᠮᠵᠢ ᠨᠢ ᠢᠯᠡᠳᠲᠡ ᠦᠷ᠎ᠡ ᠪᠦᠲᠦᠮᠵᠢ ᠣᠯᠵᠤ᠂ ᠬᠥᠮᠥᠨ | ᠪᠦᠷᠢ ᠶᠢᠨ ᠳᠤᠮᠳᠠᠴᠢ ᠨᠣᠭᠤᠭᠠᠷᠠᠭᠤᠯᠤᠭᠰᠠᠨ ᠭᠠᠵᠠᠷ ᠤᠨ ᠲᠠᠯᠠᠪᠠᠶ 59.17 ᠲᠡᠭᠰᠢ ᠳᠥᠷᠪᠡᠯᠵᠢᠨ ᠮᠧᠲᠷ ᠲᠤ ᠬᠥᠷᠪᠡ᠃ | ︵ᠳᠣᠯᠤᠭ᠎ᠠ︶ ᠲᠣᠰ ᠪᠡᠶ᠎ᠡ ᠶᠢᠨ ᠪᠠᠶᠢᠭᠤᠯᠤᠯᠲᠠ ᠪᠠᠨ ᠪᠥᠬᠦ ᠲᠠᠯ᠎ᠠ ᠪᠠᠷ ᠴᠢᠩᠭᠠᠳᠬᠠᠪᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠠᠷᠢᠭᠤᠨ | ᠴᠢᠬᠡᠴᠢ ᠪᠠᠷ ᠵᠠᠰᠠᠭ ᠪᠠᠷᠢᠬᠤ᠂ ᠵᠠᠰᠠᠭ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠪᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ︽ᠪᠢ ᠤᠯᠠᠨ ᠲᠦᠮᠡᠨ ᠳᠤ | ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠭᠵᠢᠯᠲᠡ ᠶᠢᠨ ᠬᠡᠷᠡᠭᠴᠡᠭᠡ᠂ ᠠᠷᠠᠳ ᠤᠨ | ᠰᠡᠳᠬᠢᠯ ᠤᠨ ᠬᠠᠨᠳᠤᠰᠢ ᠶᠢ ᠤᠨᠢᠨ ᠳᠡᠭᠡᠷ᠎ᠡ ᠨᠢ ᠵᠣᠯᠭᠠᠭᠤᠯᠵᠤ᠂ ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ ᠲᠠᠰᠤᠷᠠᠯᠲᠠ ᠦᠭᠡᠢ | ᠳᠡᠭᠡᠭᠰᠢᠯᠡᠪᠡ᠃ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠪᠠ | ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠦᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠪᠥᠬᠦ ᠲᠠᠯ᠎ᠠ ᠪᠠᠷ | ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠨ᠎ᠠ ᠃ | ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠣᠷᠣᠨ ᠤ ᠤᠯᠤᠰ | ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠭᠥᠯᠢᠶᠡᠨ ᠠᠪᠴᠤ᠂ ᠰᠠᠨᠠᠭᠠᠴᠢᠯᠠᠭ᠎ᠠ ᠠᠴᠠ ᠪᠠᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠳᠤ ᠠᠵᠢᠯ ᠢᠶᠠᠨ ᠮᠡᠳᠡᠭᠦᠯᠵᠦ᠂ ᠤᠯᠤᠰ ᠲᠥᠷᠥ ᠶᠢᠨ ᠵᠥᠪᠯᠡᠯᠭᠡᠨ ᠤ | ᠪᠠᠶᠢᠩᠭᠤ ᠶᠢᠨ ᠬᠤᠷᠢᠶ᠎ᠠ ᠳᠤ ᠪᠠᠶᠢᠳᠠᠯ ᠢᠶᠠᠨ ᠮᠡᠳᠡᠭᠳᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ 387 | ᠬᠤᠪᠢ᠂ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠵᠢᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ 609 | ᠬᠥᠮᠥᠨ ᠢ ᠣᠷᠣᠭᠤᠯᠤᠨ ᠡᠯᠰᠡᠵᠦ ᠬᠡᠷᠡᠭᠯᠡᠨ᠎ᠡ᠃ ᠨᠠᠮ ᠪᠠ ᠵᠠᠰᠠᠭ ᠤᠨ ᠣᠷᠳᠣᠨ ᠤ ᠭᠠᠮᠲᠠᠢ ᠠᠮᠢᠳᠤᠷᠠᠯ ᠢᠶᠠᠷ ᠠᠷᠠᠳ ᠤᠯᠠᠨ ᠤ ᠰᠠᠶᠢᠨ ᠠᠮᠢᠳᠤᠷᠠᠯ ᠢ ᠰᠣᠯᠢᠵᠤ | ᠠᠪᠴᠢᠷᠠᠬᠤ ᠶᠢ ᠪᠠᠷᠢᠮᠲᠠᠯᠠᠵᠤ᠂ ᠡᠩ ᠤᠨ ᠴᠢᠨᠠᠷᠲᠠᠢ ᠵᠠᠷᠤᠯᠭ᠎ᠠ ᠶᠢ ᠶᠡᠭᠡ ᠪᠠᠷ ᠪᠠᠭᠠᠰᠬᠠᠨ ᠠᠷᠠᠳ ᠤᠨ ᠠᠮᠢᠳᠤᠷᠠᠯ ᠢ ᠪᠠᠲᠤᠯᠠᠬᠤ ᠳᠤ ᠬᠡᠷᠡᠭᠯᠡᠨ᠎ᠡ᠃ ︽ᠨᠡᠶᠢᠭᠡᠮ | ᠲᠣᠭᠤᠷᠢᠭ ᠲᠤ ᠱᠦᠭᠯᠦ ᠦᠯᠢᠶᠡᠵᠦ᠂ ᠰᠠᠯᠠᠭ᠎ᠠ ᠮᠥᠴᠢᠷ ᠤᠨ ᠨᠡᠷ᠎ᠡ ᠮᠡᠳᠡᠭᠦᠯᠬᠦ︾ ᠣᠶᠤᠨᠴᠢ ᠲᠣᠥᠷᠵᠢᠭᠤᠯᠤᠭᠰᠠᠨ ᠶᠡᠷᠦᠩᠬᠡᠶᠢᠯᠡᠨ ᠵᠠᠰᠠᠬᠤ ᠰᠢᠰᠲ᠋ᠧᠮᠵᠢ ᠶᠢ | ᠪᠠᠶᠢᠭᠤᠯᠵᠤ᠂ ᠣᠯᠠᠨ ᠲᠦᠮᠡᠨ ᠤ ᠲᠤᠰᠬᠠᠭᠰᠠᠨ ᠡᠯ᠎ᠡ ᠲᠥᠷᠥᠯ ᠤᠨ ᠬᠡᠷᠡᠭ ᠶᠠᠪᠤᠳᠠᠯ ᠢ ᠨᠡᠶᠢᠲᠡ 2400 ᠭᠠᠷᠤᠢ ᠰᠢᠢᠳᠪᠦᠷᠢᠯᠡᠵᠦ᠂ ᠰᠢᠢᠳᠪᠦᠷᠢᠯᠡᠵᠦ | ᠰᠡᠷᠭᠦᠭᠡᠭᠰᠡᠨ ᠨᠣᠷᠮ᠎ᠠ 95% ᠳᠤ ᠬᠥᠷᠪᠡ᠃ ᠳᠥᠷᠪᠡᠨ ᠵᠢᠯ ᠳᠠᠷᠠᠭᠠᠯᠠᠨ ᠪᠦᠬᠦ ᠤᠯᠤᠰ ᠤᠨ ᠵᠠᠬᠢᠳᠠᠯ ᠰᠣᠷᠪᠤᠯᠵᠢᠯᠠᠭ᠎ᠠ ᠶᠢᠨ ︽ᠭᠤᠷᠪᠠ ᠦᠭᠡᠢ︾ ᠬᠤᠰᠢᠭᠤ | ᠰᠢᠶᠠᠨ ᠲᠣᠭᠤᠷᠢᠭ ᠢᠶᠠᠷ ᠦᠨᠡᠯᠡᠭᠳᠡᠪᠡ᠃ ᠠᠷᠪᠠᠨ ᠨᠢᠭᠡᠳᠦᠭᠡᠷ ᠬᠤᠭᠤᠴᠠᠭᠠᠨ ᠤ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ | ᠰᠣᠩᠭᠤᠭᠤᠯᠢ᠂ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠪᠠ ᠳᠣᠯᠣᠳᠤᠭᠠᠷ ᠤᠳᠠᠭᠠᠨ ᠤ ᠪᠦᠬᠦ ᠤᠯᠤᠰ ᠤᠨ | ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠪᠠ ᠨᠠᠢᠮᠠᠳᠤᠭᠠᠷ ᠲᠠᠪᠤᠨ ᠵᠢᠯ ᠤᠨ ᠬᠠᠤᠯᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠡ᠃ | 2021ᠣᠨ ᠳᠤ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠡᠷᠡᠯᠬᠡᠭᠯᠡᠨ ᠤᠷᠤᠭᠰᠢᠯᠠᠵᠤ᠂ ᠡᠷᠡᠯᠬᠡᠭᠯᠡᠨ | ᠲᠡᠮᠡᠴᠡᠵᠦ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠪᠠ | ᠃ ᠠᠵᠤ ᠠᠬᠤᠢ ᠶᠢᠨ ᠠᠵᠢᠯᠯᠠᠭᠠᠨ ᠴᠢᠨᠠᠷ ᠰᠠᠶᠢᠲᠠᠢ ᠪᠥᠭᠡᠳ ᠥᠨᠳᠥᠷ ᠪᠦᠲᠦᠮᠵᠢᠲᠡᠶ ᠪᠠᠶᠢᠨ᠎ᠠ᠃ ᠪᠥᠬᠦ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ | ᠪᠥᠬᠦ ᠥᠷᠲᠡᠭ ᠵᠢᠱᠢᠯᠲᠡ ᠪᠠᠷ ᠠᠳᠠᠯᠢ ᠬᠤᠭᠤᠴᠠᠭᠠᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ | 30% ᠠᠴᠠ ᠳᠡᠭᠡᠭᠰᠢ ᠨᠡᠮᠡᠭᠳᠡᠵᠦ᠂ ᠣᠶᠢᠷ᠎ᠠ ᠶᠢᠨ 10 ᠵᠢᠯ ᠤᠨ ᠲᠤᠷᠰᠢᠬᠢ ᠬᠠᠮᠤᠭ ᠤᠨ ᠰᠠᠶᠢᠨ ᠬᠢᠷᠢ ᠲᠦᠪᠰᠢᠨ ᠳᠤ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 8.5 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 8% ᠭᠠᠷᠤᠢ ᠪᠠᠷ | ᠨᠡᠮᠡᠭᠳᠡᠪᠡ︔ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 57800 | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7% ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 3.16 | ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 38% ᠪᠠᠷ ᠨᠡᠮᠡᠭᠳᠡᠪᠡ︔ ᠪᠥᠬᠦ ᠵᠢᠯ ᠳᠤ ᠳᠡᠭᠡᠳᠦ ᠱᠠᠲᠤᠨ ᠤ ᠡᠯ᠎ᠡ | ᠲᠥᠷᠥᠯ ᠤᠨ ᠪᠡᠯᠡ ᠮᠥᠩᠭᠦ ᠶᠢ 5.65 ᠳ᠋ᠦᠩᠰᠢᠭᠤᠷ ᠲᠥᠭᠦᠷᠢᠭ ᠣᠯᠬᠤ ᠪᠠᠷ ᠴᠢᠷᠮᠠᠶᠢᠨ᠎ᠠ︔ ᠵᠠᠰᠠᠭ ᠤᠨ ᠣᠷᠳᠣᠨ ᠤ ᠥᠷᠢ ᠥᠭᠴᠡᠭᠡ ᠶᠢ ᠨᠡᠶᠢᠲᠡ 2.24 | ᠳ᠋ᠦᠩᠰᠢᠭᠤᠷ ᠲᠥᠭᠦᠷᠢᠭ ᠠᠷᠢᠯᠭᠠᠵᠤ᠂ ᠣᠨ ᠤ ᠡᠭᠦᠷᠭᠡ ᠪᠠᠨ 123% ᠪᠠᠷ ᠪᠡᠶᠡᠯᠡᠭᠦᠯᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ | ᠨᠠᠷᠢᠯᠢᠭ ᠣᠨᠣᠴᠠᠲᠠᠢ ᠪᠥᠭᠡᠳ ᠪᠦᠲᠦᠮᠵᠢᠲᠡᠶ ᠬᠢᠪᠡ᠃ ︽ᠭᠤᠷᠪᠠᠨ ᠱᠠᠲᠤ ᠪᠠᠷ ᠳᠠᠭᠠᠳᠬᠠᠯ ᠢ ᠳᠠᠭᠠᠭᠠᠴᠢᠯᠠᠬᠤ︾ ︽ᠲᠠᠪᠤ ᠶᠢ ᠳᠠᠭᠠᠭᠠᠴᠢᠯᠠᠬᠤ ᠨᠢᠭᠡ ᠶᠢ | ᠳᠠᠭᠠᠭᠠᠴᠢᠯᠠᠬᠤ︾ ᠲᠣᠣᠷ ᠤᠨ ᠬᠠᠮᠢᠶᠠᠷᠤᠯᠲᠠ ᠶᠢᠨ ᠡᠵᠡᠮᠳᠡᠯ ᠤᠨ ᠬᠡᠮᠵᠢᠶ᠎ᠡ ᠶᠢ ᠪᠠᠶᠢᠭᠤᠯᠵᠤ᠂ ︽ᠭᠤᠷᠪᠠᠨ ᠠᠯᠪᠠᠨ ᠤ ᠪᠠ ᠨᠢᠭᠡ ᠶᠡᠭᠡ︾ ᠣᠯᠠᠨ ᠰᠠᠯᠠᠭ᠎ᠠ | ᠮᠥᠴᠢᠷ ᠤᠨ ᠬᠠᠮᠲᠤᠷᠠᠨ ᠠᠵᠢᠯᠯᠠᠬᠤ᠂ ᠶᠡᠷᠦᠩᠬᠡᠶᠢᠯᠡᠨ ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠥᠨᠳᠥᠷ ᠪᠦᠲᠦᠮᠵᠢᠲᠡᠶ ᠵᠢᠯᠤᠭᠤᠳᠬᠤ | ᠰᠢᠰᠲ᠋ᠧᠮᠵᠢ ᠶᠢ ᠪᠦᠷᠢᠨᠰᠢᠭᠦᠯᠦᠨ᠎ᠡ᠃ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ︽ᠭᠠᠳᠠᠨ᠎ᠠ ᠠᠴᠠ ᠣᠷᠣᠭᠤᠯᠬᠤ | ᠶᠢ ᠰᠡᠷᠭᠡᠶᠢᠯᠡᠬᠦ᠂ ᠬᠥᠮᠥᠨ ᠢ ᠬᠠᠮᠲᠤ ᠳᠤᠨᠢ ᠰᠡᠷᠭᠡᠶᠢᠯᠡᠬᠦ︾ ᠶᠢ ᠪᠠᠷᠢᠮᠲᠠᠯᠠᠨ᠂ ᠭᠤᠣᠯᠳᠠᠯᠭ᠎ᠠ ᠲᠠᠢ ᠣᠷᠴᠢᠨ ᠲᠣᠭᠤᠷᠢᠨ᠂ ᠭᠤᠣᠯᠳᠠᠯᠭ᠎ᠠ ᠲᠠᠢ ᠬᠥᠮᠥᠰ ᠢ | ᠬᠢᠨᠠᠨ ᠪᠠᠶᠢᠴᠠᠭᠠᠵᠤ ᠵᠢᠭᠰᠠᠭᠠᠨ ᠪᠠᠶᠢᠴᠠᠭᠠᠬᠤ ᠶᠢ ᠦᠷᠭᠦᠯᠵᠢᠯᠡᠨ ᠰᠠᠶᠢᠲᠤᠷ ᠬᠢᠵᠦ᠂ ᠪᠥᠬᠦ ᠠᠵᠢᠯᠲᠠᠨ ᠤ ᠪᠥᠭᠡᠮ ᠬᠦᠴᠢᠯ ᠢ ᠪᠠᠶᠢᠴᠠᠭᠠᠨ ᠰᠢᠯᠭᠠᠬᠤ | ᠰᠣᠷᠢᠯᠲᠠ ᠶᠢ ᠢᠳᠡᠪᠬᠢᠲᠡᠢ ᠥᠷᠨᠢᠭᠦᠯᠵᠦ᠂ ᠸᠠᠺᠼᠢᠨ ᠤ ᠲᠠᠷᠢᠯᠭ᠎ᠠ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠴᠤᠪᠤᠷᠠᠭᠤᠯᠤᠨ ᠰᠢᠯᠵᠢᠭᠦᠯᠬᠦ | ᠡᠩᠨᠡᠭᠡ ᠶᠢ ᠬᠠᠮᠲᠤᠷᠠᠨ ᠵᠣᠬᠢᠶᠠᠨ ᠪᠠᠶᠢᠭᠤᠯᠵᠤ᠂ ᠪᠠᠶᠢᠴᠠᠭᠠᠬᠤ ᠶᠣᠰᠣᠲᠠᠢ ᠶᠢ ᠨᠢ ᠴᠥᠮ ᠪᠠᠶᠢᠴᠠᠭᠠᠵᠤ᠂ ᠭᠥᠯᠢᠶᠡᠨ ᠠᠪᠬᠤ ᠶᠣᠰᠣᠲᠠᠢ ᠶᠢ ᠨᠢ ᠴᠥᠮ | ᠲᠤᠰᠴᠤ᠂ ᠲᠤᠰᠠᠭᠠᠷᠯᠠᠬᠤ ᠶᠣᠰᠣᠲᠠᠢ ᠶᠢ ᠨᠢ ᠴᠥᠮ ᠲᠠᠰᠤᠯᠬᠤ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠭᠤᠣᠯᠳᠠᠯᠭ᠎ᠠ ᠲᠠᠢ ᠵᠦᠢᠯᠡᠰ ᠲᠤ ᠰᠢᠪᠲᠤᠯᠤᠯᠲᠠ | ᠭᠠᠷᠭᠠᠪᠠ᠃ ᠳᠥᠷᠪᠡᠨ ᠢᠵᠢ ᠤᠳᠤᠷᠢᠳᠬᠤ ᠪᠠᠭ ᠤᠨ ᠰᠢᠶᠠᠨ ᠤ ᠱᠠᠲᠤᠨ ᠤ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ | ᠬᠡᠷᠡᠭᠵᠢᠭᠦᠯᠵᠦ᠂ ᠪᠥᠬᠦ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ 243 ᠠᠵᠤ ᠠᠬᠤᠶᠢᠯᠠᠯ ᠲᠠᠢ ᠵᠣᠯᠭᠠᠭᠤᠯᠵᠤ᠂ 38 | ᠠᠵᠤ ᠠᠬᠤᠶᠢᠯᠠᠯ ᠲᠠᠢ ᠭᠡᠷ᠎ᠡ ᠲᠣᠭᠲᠠᠵᠤ᠂ 219.2 ᠳ᠋ᠦᠩᠰᠢᠭᠤᠷ ᠲᠥᠭᠦᠷᠢᠭ ᠤᠨ ᠵᠥᠪᠯᠡᠯᠴᠡᠭᠡᠷ ᠤᠨ ᠪᠡᠯᠡ ᠮᠥᠩᠭᠦ᠂ 22 ᠲᠥᠷᠥᠯ ᠵᠦᠢᠯ ᠢ | ᠨᠠᠶᠢᠳᠠᠪᠤᠷᠢᠵᠢᠭᠤᠯᠪᠠ᠃ ᠪᠥᠬᠦ ᠬᠤᠲᠠ ᠶᠢᠨ 16 ᠭᠤᠣᠯᠳᠠᠯᠭ᠎ᠠ ᠲᠠᠢ ᠲᠥᠷᠥᠯ ᠵᠦᠢᠯ ᠳᠤ ᠵᠢᠭᠰᠠᠭᠠᠨ ᠣᠷᠣᠭᠤᠯᠵᠤ᠂ ᠶᠡᠷᠦᠩᠬᠡᠢ ᠪᠡᠯᠡ ᠣᠷᠣᠭᠤᠯᠤᠯᠲᠠ ᠶᠢ | 50.4 ᠳ᠋ᠦᠩᠰᠢᠭᠤᠷ ᠲᠥᠭᠦᠷᠢᠭ ᠪᠣᠯᠭᠠᠵᠤ᠂ ᠲᠣᠰ ᠵᠢᠯ ᠳᠤ 8.93 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠥᠬᠦ | ᠵᠢᠯ ᠤᠨ ᠡᠭᠦᠷᠭᠡ ᠪᠠᠨ ᠳᠠᠪᠠᠭᠤᠯᠤᠨ ᠪᠡᠶᠡᠯᠡᠭᠦᠯᠬᠦ ᠪᠠᠷ ᠲᠥᠯᠥᠪᠯᠡᠵᠦ ᠪᠣᠶ᠃ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠲᠠᠯᠳᠠ ᠬᠦᠴᠦᠨ ᠲᠣᠪᠣᠶᠢᠮ᠎ᠠ | ᠪᠠᠶᠢᠨ᠎ᠠ᠃ ᠪᠠᠶ᠋ᠬᠠᠤᠪᠤᠭ᠎ᠠ ᠠᠵᠤ ᠦᠢᠯᠡᠰ ᠤᠨ ᠬᠦᠷᠢᠶᠡᠯᠡᠩ ᠢ ᠥᠪᠡᠷᠲᠡᠭᠡᠨ ᠵᠠᠰᠠᠬᠤ ᠣᠷᠣᠨ ᠤ ᠨᠡᠭᠡᠭᠡᠯᠲᠡ ᠶᠢᠨ ᠲᠣᠭᠤᠷᠢᠭ ᠤᠨ ᠬᠢᠨᠠᠨ ᠬᠠᠷᠭᠤᠭᠤᠯᠬᠤ | ᠠᠯᠪᠠᠨ ᠵᠠᠷ ᠤᠨ ᠭᠠᠷᠴᠠᠭ ᠲᠤ ᠵᠢᠭᠰᠠᠭᠠᠨ ᠣᠷᠣᠭᠤᠯᠵᠤ᠂ ᠦᠭᠡᠢ ᠪᠠᠶᠢᠭᠰᠠᠨ ᠠᠴᠠ ᠪᠠᠨ ᠪᠠᠶᠢᠬᠤ ᠪᠣᠯᠭᠠᠬᠤ ᠶᠢ ᠪᠡᠶᠡᠯᠡᠭᠦᠯᠦᠨ᠎ᠡ᠃ ᠬᠠᠷᠢᠶ᠎ᠠ ᠠᠯᠤᠰᠯᠠᠭᠰᠠᠨ | ᠭᠠᠵᠠᠷ ᠤᠨ ᠠᠵᠤ ᠠᠬᠤᠢ ᠶᠢᠨ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠬᠦᠷᠢᠶᠡᠯᠡᠩ ᠤᠨ 14 ᠴᠡᠴᠡᠷᠯᠢᠭ ᠤᠨ ᠳᠣᠲᠣᠷᠠᠬᠢ ᠬᠦᠷᠢᠶᠡᠯᠡᠩ ᠤᠨ ᠲᠥᠷᠥᠯ | ᠵᠦᠢᠯ ᠢ ᠡᠮᠬᠢ ᠵᠢᠷᠤᠮ ᠲᠠᠢ ᠲᠦᠯᠬᠢᠨ ᠠᠬᠢᠭᠤᠯᠵᠤ᠂ ᠨᠡᠪᠴᠢᠭᠦᠯᠬᠦ ᠴᠢᠳᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠵᠤ ᠦᠢᠯᠡᠰ ᠤᠨ ᠳᠠᠭᠠᠭᠠᠬᠤ | ᠴᠢᠳᠠᠪᠤᠷᠢ ᠶᠢ ᠢᠯᠡᠳᠲᠡ ᠴᠢᠩᠭᠠᠷᠠᠭᠤᠯᠪᠠ᠃ ᠠᠵᠤ ᠦᠢᠯᠡᠳᠪᠦᠷᠢ ᠶᠢᠨ ᠬᠡᠯᠬᠢᠶ᠎ᠡ ᠶᠢ ᠪᠦᠲᠦᠮᠵᠢᠲᠡᠶ ᠤᠷᠲᠤᠳᠬᠠᠪᠠ᠃ ᠶᠡᠷᠦᠩᠬᠡᠢ ᠪᠡᠯᠡ ᠣᠷᠣᠭᠤᠯᠤᠯᠲᠠ ᠨᠢ | 19.3 ᠳ᠋ᠦᠩᠰᠢᠭᠤᠷ ᠲᠥᠭᠦᠷᠢᠭ ᠲᠤ ᠬᠦᠷᠦᠭᠰᠡᠨ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠠᠯᠳᠠᠨ ᠴᠢᠯᠠᠭᠤ ᠬᠠᠶᠢᠯᠤᠭᠤᠷ ᠵᠤᠩᠰᠢ ᠶᠢᠨ ᠡᠬᠢ | ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠤᠨ ᠨᠢᠭᠡᠳᠦᠭᠡᠷ ᠬᠤᠭᠤᠴᠠᠭᠠᠨ ᠤ ᠠᠰᠢᠭᠯᠠᠯᠲᠠ ᠳᠤ ᠣᠷᠣᠵᠤ᠂ ᠬᠠᠶᠢᠯᠤᠭᠤᠷ ᠵᠤᠩᠰᠢ ᠶᠢᠨ ᠨᠠᠷᠢᠯᠢᠭ | ᠬᠦᠳᠡᠷ ᠢ 10.12 ᠲᠦᠮᠡᠨ ᠲᠣᠨ ᠭᠠᠷᠭᠠᠵᠤ᠂ ᠲᠣᠭᠤᠷᠢᠭ ᠤᠨ ᠬᠠᠷᠢᠶ᠎ᠠ ᠠᠵᠤ ᠦᠢᠯᠡᠳᠪᠦᠷᠢ ᠶᠢᠨ ᠬᠡᠪᠴᠢᠶ᠎ᠡ ᠶᠢ ᠬᠢᠵᠠᠭᠠᠷᠯᠠᠬᠤ ᠠᠵᠤ ᠠᠬᠤᠶᠢᠯᠠᠯ ᠳᠤ | ᠠᠮᠵᠢᠯᠲᠠ ᠲᠠᠢ ᠪᠠᠷ ᠣᠷᠣᠭᠤᠯᠪᠠ᠃ ᠶᠡᠷᠦᠩᠬᠡᠢ ᠪᠡᠯᠡ ᠣᠷᠣᠭᠤᠯᠤᠯᠲᠠ ᠨᠢ 30.5 ᠳ᠋ᠦᠩᠰᠢᠭᠤᠷ ᠲᠥᠭᠦᠷᠢᠭ ᠲᠤ ᠬᠦᠷᠦᠭᠰᠡᠨ ᠰᠢᠨ᠎ᠡ ᠬᠡᠯᠪᠡᠷᠢ ᠶᠢᠨ | ᠡᠷᠦᠳᠡᠰᠦ ᠶᠢᠨ ᠺᠠᠯᠢ ᠪᠣᠷᠳᠣᠭᠤᠷ ᠤᠨ ᠦᠢᠯᠡᠳᠪᠦᠷᠢᠯᠡᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠨᠢᠭᠡ | ᠴᠣᠭᠴᠠᠵᠢᠭᠤᠯᠤᠭᠰᠠᠨ ᠲᠦᠷᠦᠯ ᠵᠦᠢᠯ ᠤᠨ ᠲᠤᠷᠰᠢᠯᠲᠠ ᠶᠢᠨ ᠬᠤᠭᠤᠴᠠᠭᠠᠨ ᠳᠤ ᠭᠤᠷᠪᠠᠳᠤᠭᠠᠷ ᠠᠵᠤ ᠦᠢᠯᠡᠰ ᠢ ᠲᠦᠷᠭᠡᠪᠴᠢᠯᠡᠨ ᠬᠥᠭᠵᠢᠭᠦᠯᠪᠡ᠃ | ᠪᠥᠭᠡᠮ ᠢᠶᠠᠷ ᠬᠤᠳᠠᠯᠳᠤᠬᠤ ᠦᠢᠯᠡᠰ ᠤᠨ ᠬᠢᠵᠠᠭᠠᠷᠯᠠᠯ ᠠᠴᠠ ᠳᠡᠭᠡᠭᠰᠢᠬᠢ ᠠᠵᠤ ᠠᠬᠤᠶᠢᠯᠠᠯ 5᠂ ᠬᠢᠵᠠᠭᠠᠷᠯᠠᠯ ᠠᠴᠠ ᠳᠡᠭᠡᠭᠰᠢᠬᠢ ᠵᠢᠵᠢᠭᠯᠡᠨ ᠬᠤᠳᠠᠯᠳᠤᠬᠤ | ᠦᠢᠯᠡᠰ ᠤᠨ ᠠᠵᠤ ᠠᠬᠤᠶᠢᠯᠠᠯ 1᠂ ᠬᠤᠨᠤᠭ ᠢᠳᠡᠭᠡᠨ ᠤᠮᠳᠠᠭᠠᠨ ᠤ ᠦᠢᠯᠡᠰ ᠤᠨ ᠠᠵᠤ ᠠᠬᠤᠶᠢᠯᠠᠯ 1 ᠶᠢ ᠰᠢᠨ᠎ᠡ ᠪᠠᠷ ᠨᠡᠮᠡᠭᠳᠡᠭᠦᠯᠪᠡ᠃ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠦᠷᠭᠦᠯᠵᠢᠯᠡᠨ ᠲᠦᠯᠬᠢᠨ ᠠᠬᠢᠭᠤᠯᠪᠠ᠃ ︽ᠴᠥᠭᠡᠨ᠂ ᠲᠦᠷᠭᠡᠨ᠂ ᠰᠠᠶᠢᠨ︾ ᠤ ᠲᠣᠭᠤᠷᠢᠨ ᠳᠤ᠂ ︽ᠲᠠᠨ ᠤ | ᠰᠠᠨᠠᠭᠠᠨ ᠳᠤ ᠨᠡᠶᠢᠴᠡᠭᠰᠡᠨ ᠪᠠᠶ᠋ᠬᠠᠤᠪᠤᠭ᠎ᠠ ᠶᠢᠨ ᠬᠤᠷᠳᠤᠴᠠ ᠶᠢ ᠳᠠᠭᠠᠭᠠᠪᠠᠯ ᠬᠠᠮᠤᠭ ᠤᠨ ᠬᠢᠯᠪᠠᠷ︾ ᠨᠠᠷᠠᠲᠤ ᠲᠡᠮᠳᠡᠭᠲᠦ ᠶᠢ ᠪᠣᠶ ᠪᠣᠯᠭᠠᠵᠤ᠂ ︽ᠳᠥᠷᠪᠡᠨ | ᠲᠡᠷᠢᠭᠦᠨ ᠵᠡᠷᠭᠡ︾ ᠶᠢᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠡᠭᠦᠳᠦᠨ ᠪᠠᠶᠢᠭᠤᠯᠤᠨ᠎ᠠ᠃ ᠬᠤᠪᠣᠷ ᠰᠢᠷᠣᠢ ᠶᠢᠨ ᠠᠭᠤᠷᠬᠠᠢ ᠶᠢᠨ ᠭᠠᠷᠤᠯᠲᠠ ᠶᠢᠨ | ᠡᠬᠢ ᠪᠠᠶᠠᠯᠢᠭ ᠤᠨ ᠰᠠᠭᠤᠷᠢᠨ ᠭᠠᠵᠠᠷ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠬᠤ ᠬᠤᠷᠠᠮᠠᠯ ᠵᠢᠱᠢᠶ᠎ᠡ ᠦᠵᠡᠭᠦᠯᠬᠦ ᠲᠥᠷᠥᠯ | ᠵᠦᠢᠯ ᠢ ᠪᠥᠬᠦ ᠲᠠᠯ᠎ᠠ ᠪᠠᠷ ᠡᠬᠢᠯᠡᠭᠦᠯᠵᠦ᠂ ︽ᠪᠠᠶᠠᠨ᠋ᠣ᠋ᠪᠣᠭ᠎ᠠ ᠶᠢᠨ ᠵᠠᠰᠠᠭ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ᠂ | ᠭᠠᠵᠠᠷ ᠰᠢᠷᠣᠢ ᠮᠠᠯᠲᠠᠬᠤ ᠰᠣᠩᠭᠤᠬᠤ ᠬᠠᠶᠢᠯᠤᠭᠤᠯᠬᠤ ᠶᠢ ᠬᠠᠮᠵᠢᠯᠴᠠᠭᠤᠯᠤᠨ ᠰᠢᠨ᠎ᠡ ᠶᠢ ᠡᠭᠦᠳᠬᠦ ᠲᠥᠪ︾ ᠢ ᠪᠠᠶᠢᠭᠤᠯᠵᠤ᠂ ︽ᠣᠶᠤᠨᠲᠤ ᠠᠭᠤᠷᠬᠠᠢ︾ ᠶᠢᠨ | ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠎ᠠ᠃ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠦᠷᠭᠦᠯᠵᠢᠯᠡᠨ ᠪᠠᠬᠢᠵᠢᠪᠡ᠃2112 ᠲᠦᠮᠡᠨ | ᠲᠥᠭᠦᠷᠢᠭ ᠣᠷᠣᠭᠤᠯᠵᠤ᠂ ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠢ ᠬᠡᠷᠡᠭᠵᠢᠭᠦᠯᠵᠦ᠂ ᠵᠠᠰᠠᠭᠰᠠᠨ ᠲᠠᠯᠠᠪᠠᠶ ᠨᠢ 2.33 | ᠲᠡᠭᠰᠢ ᠳᠥᠷᠪᠡᠯᠵᠢᠨ ᠺᠢᠯᠣᠮᠧᠲᠷ ᠲᠤ ᠬᠥᠷᠪᠡ᠃ ᠪᠣᠣᠱᠠᠨ ᠠᠭᠤᠷᠬᠠᠢ ᠶᠢᠨ ᠦᠢᠯᠡᠰ ᠤᠨ ᠢᠯᠴᠢ ᠴᠠᠬᠢᠯᠭᠠᠨ ᠤ ᠬᠡᠲᠦ ᠳᠣᠣᠷ᠎ᠠ ᠭᠠᠳᠠᠭᠰᠢᠯᠠᠭᠤᠯᠤᠯᠲᠠ᠂ | ᠲᠣᠭᠤᠰᠣ ᠠᠷᠢᠯᠭᠠᠬᠤ ᠰᠢᠰᠲ᠋ᠧᠮ ᠤᠨ ᠥᠭᠡᠷᠡᠴᠢᠯᠡᠯᠲᠡ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠪᠠᠷᠢᠯᠭ᠎ᠠ ᠳᠠᠭᠤᠰᠴᠤ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠪᠡᠯᠡᠳᠬᠡᠮᠵᠢ ᠶᠢᠨ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠦᠨ᠎ᠡ᠃ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠬᠥᠭᠵᠢᠪᠡ᠃ | 4000 ᠭᠠᠷᠤᠢ ᠲᠦᠮᠡᠨ ᠲᠥᠭᠦᠷᠢᠭ ᠣᠷᠣᠭᠤᠯᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠢᠰᠲ᠋ᠧᠮᠵᠢ ᠶᠢ ᠳᠡᠭᠡᠭᠰᠢᠯᠡᠭᠦᠯᠬᠦ᠂ ᠰᠤᠷᠭᠠᠨ ᠬᠥᠮᠦᠵᠢᠯ ᠤᠨ ᠣᠷᠴᠢᠨ ᠲᠣᠭᠤᠷᠢᠨ ᠢ ᠳᠡᠭᠡᠭᠰᠢᠯᠡᠭᠦᠯᠬᠦ ᠵᠡᠷᠭᠡ 13 ᠵᠦᠢᠯ ᠤᠨ ᠠᠷᠠᠳ ᠤᠨ | ᠠᠮᠢᠳᠤᠷᠠᠯ ᠤᠨ ᠲᠥᠷᠥᠯ ᠵᠦᠢᠯ ᠢ ᠪᠡᠶᠡᠯᠡᠭᠦᠯᠵᠦ᠂ 200 ᠲᠦᠮᠡᠨ ᠲᠥᠭᠦᠷᠢᠭ ᠣᠷᠣᠭᠤᠯᠵᠤ᠂ ᠪᠥᠬᠦ ᠲᠣᠭᠤᠷᠢᠭ ᠤᠨ ᠪᠠᠶᠢᠭᠠᠯᠢ ᠶᠢᠨ ᠭᠠᠮᠰᠢᠭ ᠲᠤ | ᠭᠠᠮᠰᠢᠭᠳᠠᠭᠰᠠᠨ ᠰᠠᠭᠤᠭᠠᠯᠢ ᠠᠷᠠᠳ ᠤᠨ ᠭᠡᠷ ᠪᠠᠶᠢᠰᠢᠩ ᠢ ᠰᠦᠢᠳᠬᠡᠯ ᠬᠤᠷᠢᠶᠠᠬᠤ ᠦᠭᠡᠢ ᠪᠠᠷ ᠰᠡᠯᠪᠢᠨ ᠵᠠᠰᠠᠵᠤ᠂ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ | ᠂ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠪᠡ᠃ ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ | ᠠᠵᠢᠯ ᠣᠯᠭᠤᠯᠲᠠ ᠶᠢ ᠠᠬᠢᠭᠤᠯᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.9% ᠶᠢᠨ ᠳᠣᠲᠣᠷ᠎ᠠ ᠬᠢᠵᠠᠭᠠᠷᠯᠠᠵᠤ | ᠂ ᠠᠵᠢᠯ ᠣᠯᠣᠭᠰᠠᠨ ᠬᠥᠮᠥᠨ ᠦᠭᠡᠢ ᠭᠡᠷ ᠪᠦᠯᠢ ᠳᠤ ︽ᠬᠥᠳᠡᠯᠦᠩᠭᠦᠢ ᠪᠠᠷ ᠲᠡᠭ ᠪᠣᠯᠭᠠᠬᠤ︾ ᠶᠢ ᠪᠡᠶᠡᠯᠡᠭᠦᠯᠵᠦ᠂ ᠡᠯ᠎ᠡ ᠲᠥᠷᠥᠯ ᠤᠨ ᠠᠵᠤ ᠠᠬᠤᠶᠢᠯᠠᠯ ᠤᠨ | ᠠᠵᠢᠯ ᠣᠯᠬᠤ ᠳᠤ ᠬᠦᠴᠢᠷᠲᠡᠢ ᠬᠠᠮᠲᠤᠯᠢᠭ ᠲᠤ 2200 ᠭᠠᠷᠤᠢ ᠲᠦᠮᠡᠨ ᠲᠥᠭᠦᠷᠢᠭ ᠤᠨ ᠠᠵᠢᠯ ᠣᠯᠭᠤᠯᠲᠠ ᠶᠢᠨ ᠨᠥᠬᠦᠪᠦᠷᠢ ᠶᠢᠨ ᠪᠡᠯᠡ ᠮᠥᠩᠭᠦ ᠰᠠᠯᠭᠠᠨ | ᠥᠭᠪᠡ᠃ ᠵᠡᠮᠳᠡᠭᠴᠦᠳ ᠤᠨ ᠲᠤᠰᠠᠯᠠᠬᠤ ᠴᠢᠨᠠᠷᠲᠠᠢ ᠠᠵᠢᠯ ᠣᠯᠭᠤᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ ᠪᠠᠶᠢᠭᠤᠯᠵᠤ᠂ 20 ᠨᠡᠷᠡᠰ | ᠵᠡᠮᠳᠡᠭᠴᠦᠳ ᠢ ᠬᠠᠪᠰᠤᠷᠤᠨ ᠲᠤᠰᠠᠯᠠᠬᠤ ᠴᠢᠨᠠᠷᠲᠠᠢ ᠠᠵᠢᠯ ᠣᠯᠭᠤᠯᠲᠠ ᠶᠢ ᠪᠡᠶᠡᠯᠡᠭᠦᠯᠦᠨ᠎ᠡ᠃ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ | ᠴᠢᠨᠠᠷ ᠢ ᠳᠡᠭᠡᠭᠰᠢᠯᠡᠭᠦᠯᠵᠦ᠂ ᠪᠣᠳᠠᠲᠠᠢ ᠳᠤ ᠨᠠᠶᠢᠳᠠᠪᠤᠷᠢᠵᠢᠭᠤᠯᠬᠤ ︽ᠬᠤᠶᠠᠷ ᠢ ᠪᠠᠭᠠᠰᠬᠠᠬᠤ︾ ᠠᠵᠢᠯ ᠢ ᠨᠠᠶᠢᠳᠠᠪᠤᠷᠢᠵᠢᠭᠤᠯᠵᠤ᠂ ᠰᠤᠷᠤᠭᠴᠢ ᠪᠠ ᠭᠡᠷ ᠤᠨ | ᠠᠬᠠᠮᠠᠳ ᠤᠨ ᠳᠠᠷᠤᠭᠠᠰᠤ ᠶᠢ ᠪᠦᠲᠦᠮᠵᠢᠲᠡᠢ ᠬᠥᠩᠭᠡᠷᠡᠭᠦᠯᠦᠨ᠎ᠡ᠃ ᠠᠩᠬ᠎ᠠ ᠵᠡᠷᠭᠡ ᠶᠢᠨ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠪᠢᠲᠡᠭᠦᠮᠵᠢᠯᠡᠭᠰᠡᠨ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢ ᠪᠦᠬᠦ ᠲᠠᠯ᠎ᠠ ᠪᠠᠷ ᠡᠬᠢᠯᠡᠭᠦᠯᠵᠦ᠂ ᠰᠤᠷᠤᠭᠴᠢᠳ ᠤᠨ ᠰᠤᠷᠭᠠᠭᠤᠯᠢ ᠳᠤ ᠣᠷᠣᠬᠤ ᠪᠠᠶᠢᠳᠠᠯ | ᠡᠷᠭᠢᠵᠦ ᠢᠷᠡᠬᠦ ᠦᠵᠡᠭᠳᠡᠯ ᠪᠥᠬᠦ ᠬᠤᠲᠠ ᠶᠢᠨ ᠠᠩᠬᠠᠳᠠᠭᠴᠢ ᠠᠮᠠᠷᠠᠯᠲᠠ ᠶᠢᠨ ᠬᠤᠭᠤᠴᠠᠭᠠᠨ ᠤ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠭᠠᠷᠭᠠᠵᠤ᠂ | ᠠᠮᠠᠷᠠᠯᠲᠠ ᠶᠢᠨ ᠬᠤᠭᠤᠴᠠᠭᠠᠨ ᠤ ᠰᠤᠷᠤᠭᠴᠢᠳ ᠤᠨ ︽ᠬᠠᠷᠠᠵᠤ ᠰᠤᠪᠢᠯᠠᠬᠤ ᠳᠤ ᠬᠦᠴᠢᠷᠲᠡᠢ︾ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ | ᠡᠷᠡᠭᠦᠯᠵᠢᠯ ᠨᠠᠰᠤᠵᠢᠯ ᠤᠨ ᠠᠵᠤ ᠦᠢᠯᠡᠰ ᠤᠨ ᠬᠦᠷᠢᠶᠡᠯᠡᠩ ᠤᠨ ᠦᠢᠯᠡᠴᠢᠯᠡᠭᠡᠨ ᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ︽1+3+N︾ | ᠦᠢᠯᠡᠴᠢᠯᠡᠭᠡᠨ ᠤ ᠵᠠᠭᠪᠤᠷ ᠢ ᠪᠣᠶ ᠪᠣᠯᠭᠠᠨ᠎ᠠ᠃ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠴᠡᠷᠢᠭ ᠤᠨ ᠠᠯᠪᠠᠨ ᠠᠴᠠ ᠪᠠᠭᠤᠭᠰᠠᠳ ᠲᠤ ᠨᠠᠷᠢᠯᠢᠭ ᠣᠨᠣᠪᠴᠢᠲᠠᠶ᠂ ᠳᠥᠭᠦᠮ ᠳᠥᠲᠡ ᠦᠢᠯᠡᠴᠢᠯᠡᠭᠡ ᠬᠠᠩᠭᠠᠪᠠ᠃ ᠬᠤᠳᠠ ᠶᠢᠨ | ᠬᠡᠪᠴᠢᠶᠡᠨ ᠤ ᠨᠡᠶᠢᠭᠡᠮ ᠤᠨ ᠵᠠᠰᠠᠯᠲᠠ ᠰᠢᠨ᠎ᠡ ᠦᠷ᠎ᠡ ᠪᠦᠲᠦᠮᠵᠢ ᠣᠯᠪᠠ᠃ ᠬᠠᠤᠯᠢ ᠪᠠᠷ ᠣᠷᠣᠨ ᠢᠶᠠᠨ ᠵᠠᠰᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠨᠢᠭᠡ ᠴᠣᠭᠴᠠᠵᠢᠭᠰᠠᠨ ᠠᠵᠢᠯᠯᠠᠭᠠᠨ ᠤ | ᠲᠣᠭᠲᠠᠴᠠ ᠶᠢ ᠪᠠᠬᠢᠵᠢᠭᠦᠯᠦᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠶᠡᠷᠦᠩᠬᠡᠶᠢᠯᠡᠭᠰᠡᠨ ᠵᠠᠰᠠᠯᠲᠠ ᠶᠢ ᠡᠮᠬᠢ ᠵᠢᠷᠤᠮ ᠲᠠᠢ ᠲᠦᠯᠬᠢᠨ | ᠠᠬᠢᠭᠤᠯᠪᠠ᠃ | ᠡᠭᠦᠨ ᠠᠴᠠ ᠭᠠᠳᠠᠨ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠨ ᠬᠠᠷᠠᠭᠠᠯᠵᠠᠬᠤ᠂ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠴᠠᠭ ᠠᠭᠤᠷ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠢᠭᠦᠯᠡᠰᠦᠩᠭᠦᠢ ᠶᠢᠨ ᠦᠢᠯᠡᠰ᠂ ᠡᠮᠡᠭᠲᠡᠶᠢᠴᠦᠳ ᠬᠡᠦᠬᠡᠳ᠂ ᠵᠠᠯᠠᠭᠤᠴᠤᠳ | ᠪᠠᠭᠠᠴᠤᠳ᠂ ᠨᠠᠰᠤᠲᠠᠶᠢᠴᠤᠳ᠂ ᠬᠥᠨᠳᠡᠯᠡᠨ ᠠᠴᠠ ᠲᠠᠰᠤᠯᠬᠤ᠂ ᠭᠠᠵᠠᠷ ᠬᠥᠳᠡᠯᠦᠯᠲᠡ ᠵᠡᠷᠭᠡ ᠡᠯ᠎ᠡ ᠵᠦᠢᠯ ᠤᠨ ᠠᠵᠢᠯ ᠳᠤ ᠴᠥᠮ ᠰᠢᠨ᠎ᠡ ᠠᠮᠵᠢᠯᠲᠠ | ᠣᠯᠣᠭᠰᠠᠨ ᠪᠠᠶᠢᠨ᠎ᠠ᠃ | ᠲᠥᠯᠥᠭᠡᠯᠡᠭᠴᠢᠳ ᠠ᠋᠂ ᠰᠢᠷᠭᠠᠭᠤ ᠴᠢᠷᠮᠠᠶᠢᠯᠭ᠎ᠠ ᠳᠤ ᠵᠣᠪᠠᠭᠤᠷᠢ ᠵᠦᠳᠡᠭᠦᠷᠢ ᠶᠢ ᠳᠠᠭᠠᠯᠳᠤᠵᠤ᠂ ᠬᠥᠯᠥᠰᠦ ᠬᠥᠯᠥᠰᠦ ᠬᠤᠷᠢᠶᠠᠯᠲᠠ ᠶᠢ ᠨᠢᠭᠲᠠᠷᠠᠭᠤᠯᠤᠨ᠎ᠠ | ︕ ᠲᠦᠷᠪᠡᠨ ᠵᠢᠯ ᠤᠨ ᠬᠥᠭᠵᠢᠯ ᠮᠠᠨᠳᠤᠯ ᠤᠨ ᠦᠷ᠎ᠡ ᠪᠦᠲᠦᠭᠡᠯ ᠬᠥᠮᠥᠰ ᠤᠨ ᠰᠡᠳᠬᠢᠯ ᠢ ᠵᠣᠷᠢᠭᠵᠢᠭᠤᠯᠤᠨ᠎ᠠ᠂ ᠲᠦᠷᠪᠡᠨ ᠵᠢᠯ ᠤᠨ ᠬᠥᠭᠵᠢᠯᠲᠡ ᠶᠢᠨ | ᠲᠤᠷᠰᠢᠯᠭ᠎ᠠ ᠲᠤᠶᠢᠯ ᠤᠨ ᠡᠷᠬᠢᠮ ᠨᠠᠨᠳᠢᠨ ᠶᠤᠮ᠃ ᠡᠳᠡᠭᠡᠷ ᠠᠮᠵᠢᠯᠲᠠ ᠶᠢ ᠣᠯᠣᠭᠰᠠᠨ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠳᠠ ᠪᠣᠯᠣᠨ ᠲᠣᠭᠤᠷᠢᠭ ᠤᠨ | ᠨᠠᠮ ᠤᠨ ᠬᠤᠷᠢᠶ᠎ᠠ ᠶᠢᠨ ᠪᠦᠬᠦ ᠲᠠᠯ᠎ᠠ ᠶᠢ ᠶᠡᠷᠦᠩᠬᠡᠶᠢᠯᠡᠨ ᠵᠢᠯᠤᠭᠤᠳᠴᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ | ᠳ᠋ᠦᠩ ᠮᠥᠨ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠪᠦᠲᠦᠮᠵᠢᠲᠡᠢ | ᠬᠢᠨᠠᠯᠲᠠ ᠲᠠᠯᠪᠢᠵᠤ᠂ ᠬᠦᠴᠦᠲᠡᠢ ᠳᠡᠮᠵᠢᠭᠰᠡᠨ ᠤ ᠦᠷ᠎ᠡ ᠳ᠋ᠦᠩ ᠮᠥᠨ᠂ ᠦᠶ᠎ᠡ ᠦᠶ᠎ᠡ ᠶᠢᠨ ᠪᠦᠲᠦᠭᠡᠨ ᠪᠠᠶᠢᠭᠤᠯᠤᠭᠴᠢᠳ ᠤᠨ ᠤᠶᠤᠨ ᠤᠬᠠᠭᠠᠨ ᠢᠶᠠᠨ | ᠰᠢᠪᠬᠠᠵᠤ᠂ ᠭᠤᠶᠠᠴᠢ ᠦᠭᠡᠢ ᠵᠢᠳᠬᠦᠵᠦ᠂ ᠬᠤᠭᠤᠴᠠᠭ᠎ᠠ ᠪᠦᠷᠢ ᠶᠢᠨ ᠤᠳᠤᠷᠢᠳᠬᠤ ᠪᠠᠭ ᠤᠨ ᠦᠶ᠎ᠡ ᠶᠢᠨ ᠦᠶ᠎ᠡ ᠳᠡᠭᠡᠨ ᠤᠯᠠᠮᠵᠢᠯᠠᠵᠤ᠂ ᠵᠠᠮ ᠨᠡᠭᠡᠭᠡᠨ | ᠰᠢᠨ᠎ᠡ ᠶᠢ ᠡᠭᠦᠳᠦᠭᠰᠡᠨ ᠤ ᠦᠷ᠎ᠡ ᠳ᠋ᠦᠩ ᠮᠥᠨ᠃ ᠡ᠊ᠨᠳᠡ ᠪᠢ ᠲᠣᠭᠤᠷᠢᠭ ᠤᠨ ᠵᠠᠰᠠᠭ ᠤᠨ ᠣᠷᠳᠣᠨ ᠤ ᠡᠮᠦᠨ᠎ᠡ ᠠᠴᠠ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ᠂ ᠪᠦᠬᠦ ᠲᠣᠭᠤᠷᠢᠭ ᠤᠨ ᠠᠵᠢᠯ ᠠᠴᠠ ᠪᠠᠨ ᠰᠠᠯᠵᠤ ᠠᠮᠠᠷᠠᠭᠰᠠᠨ ᠪᠠ | ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠨᠥᠬᠦᠳ᠂ ᠪᠠᠶᠠᠨ᠋ᠣ᠋ᠪᠣᠭ᠎ᠠ ᠶᠢᠨ ᠪᠦᠲᠦᠭᠡᠨ ᠪᠠᠶᠢᠭᠤᠯᠤᠯᠲᠠ ᠬᠥᠭᠵᠢᠯᠲᠡ ᠳᠤ ᠣᠷᠣᠯᠴᠠᠭᠰᠠᠨ ᠪᠤᠢ ᠪᠦᠬᠦᠢ | ᠥᠷᠭᠡᠨ ᠤᠯᠠᠨ ᠺᠠᠳ᠋ᠷ ᠤᠯᠠᠨ ᠲᠦᠮᠡᠨ᠂ ᠰᠢᠯᠢᠳᠡᠭ ᠠᠵᠤ ᠠᠬᠤᠶᠢᠯᠠᠯᠲᠠᠨ ᠪᠠ ᠨᠡᠶᠢᠭᠡᠮ ᠤᠨ ᠡᠯ᠎ᠡ ᠡᠲᠡᠭᠡᠳ ᠤᠨ ᠨᠠᠶᠢᠵᠠ ᠨᠠᠷ ᠲᠤ ᠡᠷᠬᠢᠮ ᠳᠡᠭᠡᠳᠦ | ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ ! | ᠠᠮᠵᠢᠯᠲᠠ ᠪᠠᠨ ᠨᠤᠲᠠᠯᠠᠬᠤ ᠶᠢᠨ ᠬᠠᠮᠲᠤ᠂ ᠮᠠᠨ ᠤ ᠠᠵᠤ ᠦᠢᠯᠡᠳᠪᠦᠷᠢ ᠪᠠᠷ ᠲᠣᠭᠤᠷᠢᠭ ᠢᠶᠠᠷ ᠢᠶᠠᠨ ᠬᠦᠴᠦᠷᠬᠡᠭᠵᠢᠭᠦᠯᠬᠦ ᠰᠠᠭᠤᠷᠢ ᠪᠣᠯᠬᠤ ᠪᠠᠶᠢᠷᠢ | ᠰᠠᠭᠤᠷᠢ ᠪᠠᠰᠠ ᠪᠠᠲᠤ ᠪᠠᠬᠢ ᠪᠢᠰᠢ᠂ ᠠᠵᠤ ᠦᠢᠯᠡᠰ ᠤᠨ ᠬᠡᠯᠬᠢᠶ᠎ᠡ ᠣᠬᠤᠷ᠂ ᠰᠢᠨ᠎ᠡ ᠶᠢ ᠡᠭᠦᠳᠬᠦ ᠴᠢᠳᠠᠪᠤᠷᠢ ᠬᠦᠷᠦᠯᠴᠡᠬᠦ ᠦᠭᠡᠢ᠂ ᠬᠤᠳᠠ ᠶᠢᠨ ᠴᠢᠳᠠᠪᠬᠢ | ᠪᠠᠰᠠ ᠳᠤᠲᠠᠭᠤᠳᠠᠯ ᠲᠠᠢ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠮᠥᠨᠬᠦ ᠰᠠᠶᠢᠵᠢᠷᠠᠭᠤᠯᠬᠤ ᠴᠢᠬᠤᠯᠠᠲᠠᠢ ᠪᠠᠶᠢᠨ᠎ᠠ ᠭᠡᠳᠡᠭ ᠢ ᠰᠡᠷᠭᠡᠭ ᠢᠶᠠᠷ ᠲᠠᠨᠢᠵᠤ | ᠣᠯᠬᠤ ᠬᠡᠷᠡᠭᠲᠡᠢ᠃ ᠡᠨᠡ ᠨᠢ ᠭᠤᠣᠯᠳᠠᠭᠤ᠄ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠠᠵᠤ ᠦᠢᠯᠡᠰ ᠤᠨ ᠲᠡᠰ ᠳᠠᠪᠬᠤᠷᠭ᠎ᠠ ᠳᠣᠣᠷ᠎ᠠ᠂ ᠠᠷᠭ᠎ᠠ | ᠮᠠᠶ᠋ᠢᠭ ᠢ ᠬᠤᠪᠢᠷᠠᠭᠤᠯᠬᠤ᠂ ᠪᠦᠲᠦᠴᠡ ᠶᠢ ᠲᠣᠬᠢᠷᠠᠭᠤᠯᠬᠤ ᠳᠤ ᠪᠠᠰᠠ ᠦᠷᠭᠦᠯᠵᠢᠯᠡᠨ ᠬᠦᠴᠦ ᠣᠷᠣᠭᠤᠯᠬᠤ ᠴᠢᠬᠤᠯᠠᠲᠠᠢ ᠪᠠᠶᠢᠬᠤ᠂ ᠲᠣᠭᠤᠷᠢᠭ ᠢᠶᠠᠨ | ᠬᠦᠴᠦᠷᠬᠡᠭᠵᠢᠭᠦᠯᠵᠦ ᠲᠣᠭᠤᠷᠢᠭ ᠢᠶᠠᠨ ᠪᠠᠶᠢᠭᠤᠯᠬᠤ ᠴᠢᠬᠤᠯᠠ ᠶᠡᠭᠡ ᠠᠵᠤ ᠦᠢᠯᠡᠰ ᠤᠨ ᠲᠦᠷᠦᠯ ᠵᠦᠢᠯ ᠤᠯᠠᠨ ᠪᠢᠰᠢ᠂ ᠴᠢᠨᠠᠷ ᠰᠠᠶᠢᠲᠠᠢ ᠬᠥᠭᠵᠢᠯᠲᠡ ᠶᠢᠨ | ᠲᠤᠯᠭᠠᠭᠤᠷᠢᠯᠠᠯ ᠬᠦᠴᠦᠨ ᠮᠡᠬᠦᠰᠳᠡᠵᠦ ᠪᠠᠶᠢᠨ᠎ᠠ᠃ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ | ᠰᠢᠯᠢᠳᠡᠭ ᠪᠢᠰᠢ ᠪᠠᠶᠢᠵᠤ᠂ ᠤᠯᠠᠨ ᠲᠦᠮᠡᠨ ᠤ ᠬᠦᠰᠡᠯ ᠡᠷᠡᠮᠡᠯᠵᠡᠯ ᠲᠠᠢ ᠪᠠᠰᠠ ᠮᠠᠰᠢ ᠶᠡᠭᠡ ᠵᠥᠷᠢᠶ᠎ᠡ ᠲᠠᠢ ᠪᠠᠶᠢᠨ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ | ᠲᠠᠯ᠎ᠠ ᠪᠠᠷ ᠰᠢᠨ᠎ᠡ ᠶᠢ ᠡᠭᠦᠳᠬᠦ ᠴᠢᠳᠠᠪᠤᠷᠢ ᠬᠦᠷᠦᠯᠴᠡᠬᠦ ᠦᠭᠡᠢ᠂ ᠴᠢᠳᠠᠪᠤᠷᠢᠲᠠᠨ ᠲᠤᠲᠠᠭᠳᠠᠵᠤ ᠪᠠᠶᠢᠭ᠎ᠠ ᠠᠰᠠᠭᠤᠳᠠᠯ ᠲᠣᠪᠣᠶᠢᠮ᠎ᠠ ᠪᠠᠶᠢᠬᠤ ᠵᠡᠷᠭᠡ ᠪᠣᠯᠣᠨ᠎ᠠ᠃ | ᠡᠭᠦᠨ ᠳᠤ ᠪᠢᠳᠡ ᠵᠠᠪᠠᠯ ᠰᠢᠳᠦ ᠪᠠᠨ ᠵᠠᠭᠤᠵᠤ᠂ ᠬᠢᠲᠤᠭᠠᠨ ᠢᠷ ᠢᠶᠠᠨ ᠳᠣᠲᠣᠭᠰᠢ ᠪᠠᠨ ᠬᠠᠨᠳᠤᠭᠤᠯᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ | ᠦᠨᠡᠨ ᠬᠦ ᠰᠢᠢᠳᠪᠦᠷᠢᠯᠡᠬᠦ ᠬᠡᠷᠡᠭᠲᠡᠢ᠃ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠲᠡᠮᠡᠴᠡᠯ ᠤᠨ ᠬᠠᠷᠠᠯᠲᠠ ᠪᠠ ᠭᠤᠣᠯ ᠡᠭᠦᠷᠭᠡ | ᠲᠥᠯᠥᠭᠡᠯᠡᠭᠴᠢᠳ ᠠ᠋᠂ ᠲᠣᠰ ᠤᠳᠠᠭᠠᠨ ᠤ ᠬᠤᠷᠠᠯᠳᠤᠭᠠᠨ ᠠᠴᠠ ᠰᠢᠨ᠎ᠡ ᠨᠢᠭᠡ ᠬᠤᠭᠤᠴᠠᠭᠠᠨ ᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ | ᠰᠣᠩᠭᠤᠨ ᠭᠠᠷᠭᠠᠨ᠎ᠠ᠃ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠲᠠᠪᠤᠨ ᠵᠢᠯ ᠪᠣᠯ | ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠶᠡᠭᠡ ᠦᠢᠯᠡᠰ ᠪᠦᠲᠦᠭᠡᠵᠦ ᠪᠣᠯᠬᠤ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ᠂ ᠰᠢᠵᠢᠷ | ᠠᠯᠳᠠᠨ ᠬᠥᠭᠵᠢᠯᠲᠡ ᠶᠢᠨ ᠬᠤᠭᠤᠴᠠᠭ᠎ᠠ ᠪᠣᠯᠣᠨ᠎ᠠ᠂ ᠨᠡᠩ ᠴᠤ ᠪᠢᠳᠡᠨ ᠤ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠡᠷᠡᠯᠬᠡᠭᠯᠡᠨ ᠤᠷᠤᠭᠰᠢᠯᠠᠵᠤ | ᠱᠠᠯᠠᠮᠠᠭᠠᠶᠢᠯᠠᠨ ᠨᠡᠬᠡᠵᠦ᠂ ᠵᠣᠷᠢᠭᠲᠠᠢ ᠪᠠᠷ ᠤᠷᠤᠰᠬᠠᠯ ᠤᠨ ᠡᠮᠦᠨ᠎ᠡ ᠵᠣᠭᠰᠣᠭᠰᠠᠨ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠃ ᠰᠢᠨ᠎ᠡ ᠨᠢᠭᠡ ᠬᠤᠭᠤᠴᠠᠭᠠᠨ ᠤ | ᠵᠠᠰᠠᠭ ᠤᠨ ᠣᠷᠳᠣᠨ ᠲᠡᠦᠬᠡ ᠪᠠ ᠴᠠᠭ ᠦᠶ᠎ᠡ ᠠᠴᠠ ᠳᠠᠭᠠᠭᠠᠯᠭᠠᠭᠰᠠᠨ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠪᠠᠶᠠᠨ᠋ᠣ᠋ᠪᠣᠭ᠎ᠠ ᠶᠢᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠢ ᠡᠬᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠳᠠ ᠶᠢᠨ ᠪᠠᠶᠠᠨ᠋ᠣ᠋ᠪᠣᠭ᠎ᠠ ᠠᠭᠤᠷᠬᠠᠢ ᠶᠢᠨ ᠲᠣᠭᠤᠷᠢᠭ ᠤᠨ ᠠᠷᠪᠠᠨ ᠬᠤᠶᠠᠳᠤᠭᠠᠷ | ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠠᠴᠠ ᠮᠠᠨ ᠤ ᠲᠣᠭᠤᠷᠢᠭ ᠤᠨ ᠬᠤᠶᠢᠰᠢᠳᠠ ᠶᠢᠨ ᠨᠢᠭᠡ ᠬᠤᠭᠤᠴᠠᠭᠠᠨ ᠤ ᠬᠥᠭᠵᠢᠯᠲᠡ ᠳᠤ ᠠᠤᠭ᠎ᠠ | ᠲᠥᠰᠥᠪ ᠢ ᠵᠢᠷᠤᠭᠯᠠᠵᠤ᠂ ᠬᠥᠭᠵᠢᠯᠲᠡ ᠶᠢᠨ ᠠᠷᠭ᠎ᠠ ᠵᠠᠮ ᠢ ᠲᠣᠳᠣᠷᠬᠠᠢ ᠵᠢᠭᠠᠵᠤ ᠥᠭᠴᠡᠢ᠃ᠬᠤᠶᠢᠰᠢᠳᠠ ᠶᠢᠨ ᠲᠠᠪᠤᠨ ᠵᠢᠯ ᠤᠨ ᠪᠥᠬᠦ ᠣᠷᠣᠨ ᠤ ᠠᠵᠢᠯ ᠤᠨ | ᠶᠡᠷᠦᠩᠬᠡᠢ ᠱᠠᠭᠠᠷᠳᠠᠯᠭ᠎ᠠ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠬᠤ ᠶᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ | ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠭᠤᠤ ᠶᠡᠭᠡ | ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠤᠷᠤᠭᠰᠢᠯᠠᠭᠤᠯᠬᠤ︾ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ | ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠪᠠᠷ ᠦᠢᠯᠡᠴᠢᠯᠡᠬᠦ ᠪᠠ ᠠᠭᠤᠰᠤᠯᠴᠠᠵᠤ᠂ ᠰᠢᠨ᠎ᠡ ᠶᠢ ᠡᠭᠦᠳᠬᠦ | ᠬᠥᠳᠡᠯᠭᠡᠭᠦᠷ ᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ | ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠥᠪᠡᠷᠲᠡᠭᠡᠨ | ᠵᠠᠰᠠᠬᠤ ᠣᠷᠣᠨ ᠤ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾ ᠪᠠ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ | ᠲᠣᠭᠲᠠᠭᠠᠯᠲᠠ ᠪᠠ ᠪᠦᠬᠦ ᠬᠤᠲᠠ ᠶᠢᠨ ︽ᠳᠥᠷᠪᠡᠨ ᠰᠠᠭᠤᠷᠢᠨ ᠭᠠᠵᠠᠷ ᠬᠤᠶᠠᠷ ᠲᠥᠪ ᠨᠢᠭᠡ ᠥᠨᠳᠥᠷ ᠭᠠᠵᠠᠷ ᠨᠢᠭᠡ ᠰᠢᠰᠲ᠋ᠧᠮ︾ ᠢ ᠪᠦᠲᠦᠭᠡᠨ ᠪᠠᠶᠢᠭᠤᠯᠬᠤ | ᠬᠠᠷᠠᠯᠲᠠ ᠳᠤ ᠭᠦᠨᠵᠡᠭᠡᠢ ᠠᠭᠤᠰᠤᠯᠴᠠᠵᠤ᠂ ᠮᠠᠨ ᠤ ᠣᠷᠣᠨ ᠤ ︽ᠭᠤᠷᠪᠠᠨ ᠭᠠᠵᠠᠷ ᠨᠢᠭᠡ ᠴᠡᠭ︾ ᠤᠨ ᠲᠣᠭᠤᠷᠢᠨ ᠳᠤ᠂ ︽ᠬᠤᠶᠠᠷ ᠬᠦᠷᠢᠶᠡᠯᠡᠩ ᠳᠥᠷᠪᠡᠨ | ᠲᠣᠭᠤᠷᠢᠭ︾ ᠢ ᠬᠦᠴᠦᠯᠡᠨ ᠪᠠᠶᠢᠭᠤᠯᠵᠤ᠂ ︽ᠬᠤᠪᠣᠷ ᠰᠢᠷᠣᠢ ᠲᠡᠮᠳᠡᠭᠲᠦ︾ ︽ᠡᠬᠢ ᠪᠠᠶᠠᠯᠢᠭ ᠤᠨ ᠲᠡᠮᠳᠡᠭᠲᠦ︾ ᠶᠢ ᠰᠠᠶᠢᠲᠤᠷ ᠬᠢᠵᠦ᠂ ᠠᠵᠤ ᠠᠬᠤᠢ ᠶᠢᠨ | ᠪᠦᠲᠦᠭᠡᠨ ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠴᠡᠴᠡᠭᠯᠡᠨ ᠬᠥᠭᠵᠢᠭᠰᠡᠨ᠂ ᠴᠡᠴᠡᠭᠯᠡᠨ ᠬᠥᠭᠵᠢᠭᠰᠡᠨ | ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠴᠠᠭᠠᠨ ᠡᠭᠦᠯᠡ ᠶᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ᠃ | ᠬᠤᠶᠢᠰᠢᠳᠠ ᠶᠢᠨ ᠲᠠᠪᠤᠨ ᠵᠢᠯ ᠤᠨ ᠲᠡᠮᠡᠴᠡᠯ ᠤᠨ ᠬᠠᠷᠠᠯᠲᠠ ᠪᠣᠯ᠄ ᠲᠠᠪᠤᠨ ᠵᠢᠯ ᠤᠨ ᠰᠢᠨᠲᠠᠷᠠᠰᠢ ᠦᠭᠡᠢ ᠴᠢᠷᠮᠠᠶᠢᠯᠭ᠎ᠠ ᠪᠠᠷ ᠳᠡᠮᠵᠢᠨ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠭᠤᠣᠯ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠮᠠᠨ ᠤᠲ᠋ᠣᠭᠤᠷᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠨᠡᠩ ᠶᠡᠭᠡ ᠰᠢᠨ᠎ᠡ ᠠᠬᠢᠴᠠ ᠲᠠᠢ ᠪᠣᠯᠵᠤ᠂ ᠬᠡᠯᠪᠡᠷᠢ ᠪᠠᠨ ᠬᠤᠪᠢᠷᠠᠭᠤᠯᠤᠨ ᠪᠦᠲᠦᠴᠡ ᠪᠠᠨ ᠲᠣᠬᠢᠷᠠᠭᠤᠯᠬᠤ | ᠠᠵᠢᠯ ᠴᠢᠬᠤᠯᠠ ᠶᠡᠭᠡ ᠰᠢᠪᠲᠤᠯᠤᠯᠲᠠ ᠲᠠᠢ ᠪᠣᠯᠵᠤ᠂ ᠥᠭᠡᠷᠡᠴᠢᠯᠡᠯᠲᠡ ᠨᠡᠭᠡᠭᠡᠯᠲᠡ ᠴᠢᠬᠤᠯᠠ ᠠᠯᠬᠤᠮ ᠢ ᠠᠯᠬᠤᠵᠤ᠂ ᠨᠡᠶᠢᠭᠡᠮ ᠤᠨ ᠪᠣᠯᠪᠠᠰᠤᠨ ᠤ ᠬᠢᠷᠢ | ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠬᠤᠯᠠ ᠶᠡᠭᠡ ᠳᠠᠪᠰᠢᠯᠲᠠ ᠲᠠᠢ ᠪᠣᠯᠭᠠᠵᠤ᠂ ᠠᠷᠠᠳ ᠤᠨ | ᠠᠮᠢᠳᠤᠷᠠᠯ ᠤᠨ ᠪᠤᠶᠠᠨ ᠵᠢᠷᠭᠠᠯ ᠢ ᠨᠠᠩ ᠥᠨᠳᠥᠷ ᠬᠢᠷᠢ ᠲᠦᠪᠰᠢᠨ ᠳᠤ ᠬᠦᠷᠦᠭᠦᠯᠵᠦ᠂ ᠵᠠᠰᠠᠯᠲᠠ ᠶᠢᠨ ᠦᠷ᠎ᠡ ᠪᠦᠲᠦᠮᠵᠢ ᠶᠢ ᠰᠢᠨ᠎ᠡ ᠪᠠᠷ ᠳᠡᠭᠡᠭᠰᠢᠯᠡᠭᠦᠯᠦᠨ᠂ | ᠶᠡᠷᠦᠩᠬᠡᠶᠢᠯᠡᠭᠰᠡᠨ ᠪᠣᠳᠠᠲᠤ ᠬᠦᠴᠦᠨ ᠢ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠲᠣᠭᠤᠷᠢᠭ ᠤᠨ ᠳᠤᠮᠳᠠ ᠲᠠᠰ ᠳᠠᠷᠠᠭᠠᠯᠠᠯ ᠢ ᠲᠠᠰᠤᠷᠠᠯᠲᠠ ᠦᠭᠡᠢ | ᠤᠷᠤᠭᠰᠢ ᠳᠠᠪᠰᠢᠭᠤᠯᠵᠤ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠬᠠᠮᠠᠭᠠᠯᠠᠬᠤ᠂ ᠨᠡᠭᠡᠭᠡᠨ ᠠᠰᠢᠭᠯᠠᠬᠤ ᠵᠢᠴᠢ ᠪᠣᠬᠢᠷᠳᠤᠯ ᠦᠭᠡᠢ ᠬᠥᠭᠵᠢᠭᠦᠯᠬᠦ | ᠲᠠᠯ᠎ᠠ ᠪᠠᠷ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠭᠠᠨ᠎ᠠ᠃ | ᠬᠤᠶᠢᠰᠢᠳᠠ ᠶᠢᠨ ᠲᠠᠪᠤᠨ ᠵᠢᠯ ᠳᠤ᠂ ᠪᠢᠳᠡ ︽ᠭᠤᠷᠪᠠᠨ ᠭᠠᠵᠠᠷ ᠨᠢᠭᠡ ᠴᠡᠭ︾ ᠤᠨ ᠲᠣᠭᠤᠷᠢᠨ ᠳᠤ᠂ ︽ᠬᠤᠶᠠᠷ ᠬᠦᠷᠢᠶᠡᠯᠡᠩ ᠲᠦᠷᠪᠡᠨ ᠲᠣᠭᠤᠷᠢᠭ︾ | ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ ᠢᠯᠡᠳᠲᠡ ᠦᠷ᠎ᠡ ᠪᠦᠲᠦᠮᠵᠢ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ︽ᠭᠤᠷᠪᠠᠨ ᠭᠠᠵᠠᠷ ᠨᠢᠭᠡ ᠴᠡᠭ︾ ᠨᠢ ᠳᠠᠷᠤᠢ᠄ ᠳᠡᠯᠡᠬᠡᠢ ᠶᠢᠨ ᠰᠢᠨ᠎ᠡ ᠬᠡᠯᠪᠡᠷᠢ ᠶᠢᠨ ᠬᠤᠪᠣᠷ ᠰᠢᠷᠣᠢ ᠶᠢᠨ ᠲᠦᠭᠦᠬᠡᠢ ᠮᠠᠲ᠋ᠧᠷᠢᠶᠠᠯ ᠤᠨ ᠰᠠᠭᠤᠷᠢᠨ ᠭᠠᠵᠠᠷ | ᠪᠣᠯᠭᠠᠨ ᠪᠦᠲᠦᠭᠡᠨ ᠪᠠᠶᠢᠭᠤᠯᠤᠨ᠎ᠠ᠃ ︽ᠬᠤᠪᠣᠷ ᠰᠢᠷᠣᠢ ᠶᠢᠨ ᠫᠠᠶᠢᠰᠠ︾ ᠶᠢ ᠰᠠᠶᠢᠲᠤᠷ ᠡᠭᠦᠳᠴᠦ᠂ ᠬᠤᠪᠣᠷ ᠰᠢᠷᠣᠢ ᠶᠢᠨ ᠡᠬᠢ ᠪᠠᠶᠠᠯᠢᠭ ᠢ | ᠬᠠᠮᠠᠭᠠᠯᠠᠯᠲᠠ ᠶᠢᠨ ᠴᠢᠨᠠᠷᠲᠠᠢ ᠪᠠᠷ ᠨᠡᠭᠡᠭᠡᠨ ᠬᠥᠭᠵᠢᠭᠦᠯᠵᠦ᠂ ᠬᠤᠪᠣᠷ ᠰᠢᠷᠣᠢ ᠶᠢᠨ ᠨᠠᠷᠢᠯᠢᠭ ᠬᠦᠳᠡᠷ ᠤᠨ ᠪᠦᠲᠦᠭᠡᠭᠳᠡᠬᠦᠨ ᠤ ᠬᠠᠩᠭᠠᠯᠭ᠎ᠠ ᠶᠢ | ᠲᠣᠭᠲᠠᠪᠤᠷᠢᠵᠢᠭᠤᠯᠤᠨ᠂ ᠬᠤᠪᠣᠷ ᠰᠢᠷᠣᠢ ᠶᠢᠨ ᠡᠬᠢ ᠪᠠᠶᠠᠯᠢᠭ ᠤᠨ ᠪᠣᠬᠢᠷᠳᠤᠯ ᠦᠭᠡᠢ ᠪᠠᠷ ᠢᠯᠭᠠᠨ ᠲᠠᠨᠢᠬᠤ ᠰᠢᠨ᠎ᠡ ᠮᠡᠷᠭᠡᠵᠢᠯ ᠢ ᠬᠠᠶᠢᠨ ᠰᠦᠪᠡᠭᠴᠢᠯᠡᠵᠦ᠂ | ᠬᠤᠪᠣᠷ ᠰᠢᠷᠣᠢ ᠶᠢᠨ ᠨᠠᠷᠢᠯᠢᠭ ᠬᠦᠳᠡᠷ ᠤᠨ ᠶᠠᠰᠤ ᠴᠢᠨᠠᠷ ᠢ ᠲᠠᠰ ᠳᠡᠪᠰᠢᠭᠦᠯᠦᠨ ᠲᠠᠰ ᠳᠡᠪᠰᠢᠭᠦᠯᠬᠦ ᠶᠢ ᠪᠡᠶᠡᠯᠡᠭᠦᠯᠦᠨ᠎ᠡ᠃ ᠪᠣᠣᠱᠠᠨ ᠤ ᠠᠭᠤᠷᠬᠠᠢ ᠶᠢᠨ | ᠦᠢᠯᠡᠰ ᠤᠨ ᠰᠤᠳᠤᠯᠭᠠᠨ ᠤ ᠪᠣᠭᠤᠮᠲᠠ ᠰᠢᠪᠲᠤᠯᠬᠤ ᠵᠠᠩᠭᠢᠯᠠᠭ᠎ᠠ ᠶᠢᠨ ᠬᠦᠳᠡᠷ ᠰᠣᠩᠭᠤᠬᠤ ᠮᠡᠷᠭᠡᠵᠢᠯ ᠢ ᠢᠳᠡᠪᠬᠢᠲᠡᠢ ᠳᠡᠮᠵᠢᠵᠦ᠂ ᠦᠯᠡᠳᠡᠭᠳᠡᠯ ᠬᠦᠳᠡᠷ ᠤᠨ | ᠬᠥᠮᠥᠷᠭᠡ ᠳᠤ ᠣᠪᠣᠭᠠᠯᠠᠨ ᠬᠠᠳᠠᠭᠠᠯᠠᠵᠤ ᠪᠠᠶᠢᠭ᠎ᠠ ᠡᠷᠦᠳᠡᠰᠦ ᠶᠢ ᠡᠭᠡᠭᠦᠯᠦᠨ ᠬᠤᠷᠢᠶᠠᠵᠤ ᠠᠰᠢᠭᠯᠠᠬᠤ ᠶᠢ ᠥᠷᠨᠢᠭᠦᠯᠵᠦ᠂ ᠬᠤᠪᠣᠷ ᠰᠢᠷᠣᠢ ᠶᠢᠨ ᠡᠬᠢ | ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ᠤᠮᠠᠷᠠᠲᠤ ᠶᠢᠨ ᠬᠤᠪᠣᠷ ᠰᠢᠷᠣᠢ ᠶᠢᠨ ᠪᠣᠬᠢᠷᠳᠤᠯ ᠦᠭᠡᠢ ᠲᠡᠮᠦᠷᠯᠢᠭ | ᠪᠣᠯᠪᠠᠰᠤᠷᠠᠭᠤᠯᠵᠤ ᠳᠡᠰ ᠳᠡᠪᠰᠢᠭᠦᠯᠬᠦ ᠥᠭᠡᠷᠡᠴᠢᠯᠡᠯᠲᠡ ᠶᠢᠨ ᠲᠥᠷᠥᠯ ᠵᠦᠢᠯ ᠢ ᠪᠠᠶ᠋ᠬᠠᠤᠪᠤᠭ᠎ᠠ ᠬᠤᠲᠠ ᠳᠤ ᠨᠠᠶᠢᠳᠠᠪᠤᠷᠢᠵᠢᠭᠤᠯᠬᠤ ᠪᠠᠷ ᠢᠳᠡᠪᠬᠢᠲᠡᠢ ᠴᠢᠷᠮᠠᠶᠢᠵᠤ | ᠂ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠥᠭᠵᠢᠯᠲᠡ ᠶᠢ ᠪᠦᠲᠦᠮᠵᠢᠲᠡᠶ ᠳᠠᠶᠢᠴᠢᠯᠠᠵᠤ᠂ ᠠᠵᠤ ᠦᠢᠯᠡᠰ ᠲᠥᠪᠯᠡᠷᠡᠭᠰᠡᠨ᠂ ᠰᠤᠳᠤᠯᠤᠨ | ᠨᠡᠭᠡᠭᠡᠯᠲᠡ ᠲᠥᠪᠯᠡᠷᠡᠭᠰᠡᠨ᠂ ᠴᠢᠳᠠᠪᠤᠷᠢᠲᠠᠨ ᠲᠥᠪᠯᠡᠷᠡᠭᠰᠡᠨ᠂ ᠵᠠᠬ᠎ᠠ ᠳᠡᠯᠭᠡᠭᠦᠷ ᠤᠨ ᠬᠦᠴᠦᠨ ᠵᠦᠢᠯ ᠲᠥᠪᠯᠡᠷᠡᠭᠰᠡᠨ ᠬᠤᠪᠣᠷ ᠰᠢᠷᠣᠢ ᠶᠢᠨ ᠠᠵᠤ ᠦᠢᠯᠡᠰ ᠤᠨ | ᠬᠥᠭᠵᠢᠯᠲᠡ ᠶᠢᠨ ᠰᠢᠨ᠎ᠡ ᠠᠮᠢ ᠠᠬᠤᠢ ᠶᠢ ᠪᠣᠶ ᠪᠣᠯᠭᠠᠵᠤ᠂ ᠬᠤᠪᠣᠷ ᠰᠢᠷᠣᠢ ᠶᠢᠨ ᠮᠠᠯᠲᠠᠬᠤ᠂ ᠰᠣᠩᠭᠤᠬᠤ᠂ ᠬᠠᠶᠢᠯᠤᠭᠤᠯᠬᠤ ᠡᠮᠦᠨ᠎ᠡ ᠦᠵᠦᠭᠦᠷ ᠤᠨ ᠠᠵᠤ | ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠤᠪᠣᠷ ᠰᠢᠷᠣᠢ ᠶᠢᠨ ᠬᠡᠷᠡᠭᠯᠡᠭᠡᠨ ᠤ ᠦᠢᠯᠡᠳᠬᠦᠨ ᠳᠤ ︽ᠪᠠᠶᠠᠨ᠋ᠣ᠋ᠪᠣᠭ᠎ᠠ︾ ᠶᠢᠨ | ᠢᠮ ᠲᠠᠮᠠᠭ᠎ᠠ ᠳᠠᠷᠤᠵᠤ᠂ ᠡᠬᠢ ᠪᠠᠶᠠᠯᠢᠭ ᠤᠨ ᠳᠠᠪᠠᠭᠤᠯᠢᠭ ᠢ ᠦᠨᠡᠨᠬᠦ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠤᠨ᠎ᠠ᠃ᠤᠯᠤᠰ ᠤᠨ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ︽ᠡᠬᠢ ᠪᠠᠶᠠᠯᠢᠭ ᠤᠨ ᠫᠠᠶᠢᠰᠠ︾ ᠶᠢ ᠰᠠᠶᠢᠲᠤᠷ ᠬᠢᠵᠦ᠂ ᠠᠳᠠᠯᠢ ᠪᠤᠰᠤ | ᠬᠦᠳᠡᠷ ᠤᠨ ᠲᠦᠷᠦᠯ ᠤᠨ ᠬᠦᠳᠡᠷ ᠰᠢᠯᠢᠬᠦ ᠤᠷᠠᠨ ᠮᠡᠷᠭᠡᠰᠢᠯ ᠤᠨ ᠶᠠᠪᠤᠴᠠ ᠶᠢ ᠲᠥᠯᠥᠪᠵᠢᠭᠦᠯᠦᠨ ᠪᠠᠶᠢᠭᠤᠯᠵᠤ᠂ ᠡᠬᠢ ᠪᠠᠶᠠᠯᠢᠭ ᠤᠨ ᠠᠰᠢᠭᠯᠠᠯᠲᠠ ᠶᠢ | ᠬᠠᠮᠤᠭ ᠤᠨ ᠶᠡᠭᠡ ᠪᠣᠯᠭᠠᠬᠤ ᠶᠢ ᠲᠦᠯᠬᠢᠨ ᠠᠬᠢᠭᠤᠯᠵᠤ᠂ ᠣᠪᠣᠭᠠᠯᠠᠨ ᠲᠠᠯᠪᠢᠬᠤ ᠪᠠ ᠦᠷ᠎ᠡ ᠶᠢ ᠨᠢ ᠵᠢᠭᠰᠠᠭᠠᠬᠤ ᠶᠢ ᠪᠠᠭᠠᠰᠬᠠᠨ᠎ᠠ᠃ ᠳᠤᠮᠳᠠ ᠶᠠᠳᠠᠭᠤ | ᠬᠦᠴᠢᠷᠳᠡᠯᠲᠡᠢ ᠢᠰᠦᠯᠳᠦᠭᠰᠡᠨ ᠠᠭᠤᠷᠬᠠᠢ ᠶᠢᠨ ᠥᠨᠳᠥᠷ ᠪᠦᠲᠦᠮᠵᠢᠲᠡᠶ ᠪᠠᠷ ᠲᠡᠮᠦᠷ ᠰᠣᠩᠭᠤᠬᠤ ᠰᠤᠳᠤᠯᠭᠠᠨ ᠢ ᠲᠦᠷᠭᠡᠪᠴᠢᠯᠡᠨ ᠠᠬᠢᠭᠤᠯᠵᠤ᠂ ᠦᠷᠭᠦᠯᠵᠢᠯᠡᠬᠦ | ᠬᠥᠭᠵᠢᠯᠲᠡ ᠶᠢ ᠪᠡᠶᠡᠯᠡᠭᠦᠯᠦᠨ᠎ᠡ᠃ ᠨᠢᠦᠪᠢ᠂ ᠰᠺᠠᠨᠳᠢ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠶᠡᠬᠡᠪᠡᠷ ᠥᠷᠨᠢᠭᠦᠯᠵᠦ᠂ ᠨᠢᠦᠪᠢ ᠶᠢᠨ ᠨᠠᠷᠢᠯᠢᠭ ᠬᠦᠳᠡᠷ | ᠂ ᠰᠺᠠᠨᠳᠢ ᠶᠢᠨ ᠨᠠᠷᠢᠯᠢᠭ ᠬᠦᠳᠡᠷ ᠤᠨ ᠠᠵᠤ ᠦᠢᠯᠡᠰ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ 2023 ᠣᠨ ᠳᠤ᠂ ᠨᠢᠦᠪᠢ ᠶᠢᠨ ᠨᠠᠷᠢᠯᠢᠭ | ᠬᠦᠳᠡᠷ ᠤᠨ ᠠᠵᠤ ᠦᠢᠯᠡᠳᠪᠦᠷᠢᠵᠢᠭᠰᠡᠨ ᠦᠢᠯᠡᠳᠪᠦᠷᠢᠯᠡᠯ ᠢ ᠪᠡᠶᠡᠯᠡᠭᠦᠯᠵᠦ᠂ ᠴᠢᠨᠠᠷ ᠳᠡᠰ ᠢ 1.5% - 5% ᠳᠤ ᠬᠦᠷᠭᠡᠵᠦ᠂ ᠭᠠᠷᠤᠯᠲᠠ ᠶᠢ 3000 | ᠲᠣᠨ ᠠᠴᠠ ᠳᠡᠭᠡᠭᠰᠢ ᠳᠤ ᠬᠦᠷᠭᠡᠨ᠎ᠡ᠃ ᠬᠠᠶᠢᠯᠤᠭᠤᠷ ᠵᠤᠩᠰᠢ ᠶᠢᠨ ᠭᠠᠷᠤᠯᠲᠠ ᠶᠢᠨ ᠶᠠᠰᠤ ᠴᠢᠨᠠᠷ ᠤᠨ ᠭᠦᠢᠴᠡᠳᠬᠡᠯ ᠲᠤᠭ᠎ᠠ ᠶᠢ ᠶᠡᠬᠡᠪᠡᠷ ᠳᠡᠭᠡᠭᠰᠢᠯᠡᠭᠦᠯᠵᠦ᠂ | ᠳᠣᠣᠷᠠᠳᠤ ᠤᠷᠤᠰᠬᠠᠯ ᠤᠨ ᠹᠯᠣᠷ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠲᠤ ᠴᠢᠨᠠᠷ ᠰᠠᠶᠢᠲᠠᠢ ᠲᠦᠭᠦᠬᠡᠢ ᠮᠠᠲ᠋ᠧᠷᠢᠶᠠᠯ ᠬᠠᠩᠭᠠᠵᠤ᠂ | ᠦᠢᠯᠡᠳᠬᠦᠨ ᠤ ᠨᠡᠮᠡᠯᠲᠡ ᠥᠷᠲᠡᠭ ᠢ ᠨᠡᠮᠡᠭᠳᠡᠭᠦᠯᠦᠨ᠎ᠡ᠃ ᠠᠺᠠᠳᠧᠮᠢᠴᠢ ᠶᠢᠨ ᠠᠵᠢᠯ ᠤᠨ ᠥᠷᠲᠡᠭᠡ ᠪᠠᠷ ᠲᠦᠰᠢᠭ ᠪᠣᠯᠭᠠᠨ ᠡᠯ᠎ᠡ ᠠᠭᠤᠷᠬᠠᠢ ᠶᠢᠨ ᠲᠥᠷᠥᠯ ᠢ | ᠶᠡᠷᠦᠩᠬᠡᠶᠢᠯᠡᠨ ᠠᠰᠢᠭᠯᠠᠬᠤ ᠶᠢ ᠥᠷᠨᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠦᠷᠭᠦᠯᠵᠢᠯᠡᠨ ᠠᠬᠢᠭᠤᠯᠤᠨ᠎ᠠ᠃ ︽ᠲᠡᠮᠦᠷ᠂ ᠨᠢᠦᠪᠢ᠂ | ᠰᠺᠠᠨᠳᠢ᠂ ᠺᠠᠯᠢ᠂ ᠬᠠᠶᠢᠯᠤᠭᠤᠷ ᠵᠤᠩᠰᠢ︾ ᠶᠢᠨ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢᠨ | ᠲᠣᠭᠤᠷᠢᠨ ᠳᠤ᠂ ᠠᠭᠤᠷᠬᠠᠢ ᠶᠢᠨ ᠭᠠᠷᠤᠯᠲᠠ ᠶᠢ ᠨᠠᠷᠢᠯᠢᠭ ᠡᠳ᠋ᠰᠢᠭᠦᠯᠬᠦ᠂ ᠬᠢᠮᠢ ᠶᠢᠨ ᠠᠵᠤ ᠦᠢᠯᠡᠳᠪᠦᠷᠢ ᠶᠢᠨ ᠮᠠᠲ᠋ᠧᠷᠢᠶᠠᠯ ᠢ ᠨᠢᠭᠡ ᠴᠣᠭᠴᠠᠵᠢᠭᠤᠯᠬᠤ ᠵᠡᠷᠭᠡ | ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠤᠯᠤᠰ ᠤᠨ ᠳᠣᠲᠣᠭᠠᠳᠤ ᠳᠤ ᠨᠡᠷ᠎ᠡ ᠠᠯᠳᠠᠷᠰᠢᠭᠰᠠᠨ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠪᠠ ᠬᠠᠮᠠᠭᠠᠯᠠᠬᠤ ᠣᠷᠣᠨ ᠪᠦᠰᠡ ᠶᠢᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ | ᠪᠤᠭᠤᠲᠤ ᠬᠤᠲᠠ ᠶᠢᠨ ᠪᠥᠬᠦ ᠤᠯᠤᠰ ᠤᠨ ᠴᠢᠬᠤᠯᠠ ᠰᠢᠨ᠎ᠡ ᠬᠡᠯᠪᠡᠷᠢ ᠶᠢᠨ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ ᠢ ᠪᠦᠲᠦᠭᠡᠨ | ᠪᠠᠶᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ ᠥᠪᠡᠷᠲᠡᠭᠡᠨ ᠵᠠᠰᠠᠬᠤ ᠣᠷᠣᠨ ᠤ ᠲᠣᠭᠤᠷᠢᠨ ᠦᠵᠡᠬᠦ ᠵᠢᠭᠤᠯᠴᠢᠯᠠᠯ ᠤᠨ ᠵᠣᠷᠢᠭᠰᠠᠨ ᠭᠠᠵᠠᠷ | ᠪᠣᠯᠭᠠᠨ ᠪᠦᠲᠦᠭᠡᠨ ᠪᠠᠶᠢᠭᠤᠯᠤᠨ᠎ᠠ᠃ ︽ᠰᠣᠶᠣᠯ ᠢᠶᠠᠷ ᠵᠢᠭᠤᠯᠴᠢᠯᠠᠯ ᠢ ᠱᠤᠭᠤᠵᠤ᠂ ᠵᠢᠭᠤᠯᠴᠢᠯᠠᠯ ᠢᠶᠠᠷ ᠵᠢᠭᠤᠯᠴᠢᠯᠠᠯ ᠢ ᠳᠣᠪᠤᠶᠢᠯᠭᠠᠬᠤ︾ ᠠᠭᠤᠰᠤᠯᠴᠠᠭᠤᠯᠤᠨ | ᠬᠥᠭᠵᠢᠭᠦᠯᠬᠦ ᠣᠨᠣᠯᠵᠢᠬᠤᠨ ᠢ ᠪᠠᠷᠢᠮᠲᠠᠯᠠᠵᠤ᠂ ᠥᠨᠳᠥᠷ ᠭᠠᠷᠤᠭ᠎ᠠ ᠲᠠᠢ ᠪᠠᠷ ᠲᠥᠯᠥᠪᠵᠢᠭᠦᠯᠬᠦ᠂ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ᠂ ᠥᠨᠳᠥᠷ | ᠦᠷ᠎ᠡ ᠪᠦᠲᠦᠮᠵᠢ ᠲᠠᠢ ᠪᠠᠷ ᠬᠠᠮᠢᠶᠠᠷᠬᠤ᠂ ᠪᠥᠬᠦ ᠲᠠᠯ᠎ᠠ ᠪᠠᠷ ᠤᠬᠠᠭᠤᠯᠬᠤ ᠶᠢ ᠪᠠᠷᠢᠮᠲᠠᠯᠠᠨ᠂ ᠥᠪᠡᠷᠲᠡᠭᠡᠨ ᠵᠠᠰᠠᠬᠤ ᠣᠷᠣᠨ ᠤ ︽ᠡᠬᠡ ᠤᠯᠤᠰ ᠤᠨ | ᠤᠮᠠᠷᠠᠲᠤ ᠶᠢᠨ ᠦᠵᠡᠰᠬᠦᠯᠡᠩᠲᠦ ᠰᠠᠶᠢᠬᠠᠨ ᠥᠪᠥᠷ ᠮᠣᠩᠭᠤᠯ︾ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠢᠳᠡᠪᠬᠢᠲᠡᠢ ᠠᠭᠤᠰᠤᠯᠴᠠᠨ᠎ᠠ᠃ | ᠰᠣᠶᠣᠯ ᠤᠨ ᠰᠦᠭ ᠰᠦᠨᠡᠰᠦ ᠶᠢ ᠱᠤᠭᠤᠬᠤ᠂ ᠰᠣᠶᠣᠯ ᠤᠨ ᠡᠨᠧᠷᠭᠢ ᠣᠯᠭᠤᠬᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠬᠤᠪᠣᠷ ᠰᠢᠷᠣᠢ ᠶᠢᠨ ᠰᠣᠶᠣᠯ︾ | ᠢᠶᠠᠷ ᠬᠥᠲᠥᠯᠥᠨ ᠳᠠᠭᠠᠭᠤᠯᠵᠤ᠂ ᠵᠤᠰᠠᠯᠠᠩ ᠤᠨ ︵ᠬᠤᠪᠣᠷ ᠰᠢᠷᠣᠢ︶ ᠵᠢᠵᠢᠭ ᠪᠠᠯᠭᠠᠰᠤ᠂ ᠠᠭᠤᠷᠬᠠᠢ ᠶᠢᠨ ᠴᠡᠴᠡᠷᠯᠢᠭ ᠢ ᠳᠡᠭᠡᠭᠰᠢᠯᠡᠭᠦᠯᠦᠨ ᠥᠭᠡᠷᠡᠴᠢᠯᠡᠬᠦ | ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ︽ᠳᠡᠯᠡᠬᠡᠢ ᠶᠢᠨ ᠬᠤᠪᠣᠷ ᠰᠢᠷᠣᠢ ᠶᠢᠨ ᠨᠤᠲᠤᠭ︾ ᠤᠨ | ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ ︽ᠬᠠᠴᠢᠨ ᠴᠢᠯᠠᠭᠤᠨ ᠤ ᠰᠣᠶᠣᠯ ᠵᠢᠭᠤᠯᠴᠢᠯᠠᠯ ᠤᠨ ᠪᠠᠶᠠᠷ︾ ᠤᠨ ᠲᠠᠰ ᠪᠠ ᠬᠢᠷᠢ | ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠠᠵᠢᠯᠯᠠᠭᠠᠨ ᠤ ᠠᠷᠭ᠎ᠠ ᠮᠠᠶ᠋ᠢᠭ ᠢ ᠪᠠᠶᠠᠯᠢᠭᠵᠢᠭᠤᠯᠤᠨ᠂ ᠠᠵᠢᠯᠯᠠᠭᠠᠨ ᠤ ᠠᠭᠤᠯᠭ᠎ᠠ ᠶᠢ ᠲᠡᠭᠦᠯᠳᠡᠷᠵᠢᠭᠦᠯᠵᠦ᠂ | ᠵᠠᠰᠠᠭ ᠤᠨ ᠣᠷᠳᠣᠨ ᠠᠴᠠ ᠬᠥᠲᠥᠯᠥᠨ ᠵᠢᠯᠤᠭᠤᠳᠬᠤ᠂ ᠠᠵᠤ ᠠᠬᠤᠶᠢᠯᠠᠯ ᠠᠴᠠ ᠵᠠᠯᠭᠠᠨ ᠵᠣᠯᠭᠠᠭᠤᠯᠬᠤ᠂ ᠨᠡᠶᠢᠭᠡᠮ ᠤᠨ ᠬᠦᠴᠦᠨ ᠨᠦᠭᠦᠳ ᠬᠠᠮᠲᠤᠪᠠᠷ | ᠣᠷᠤᠯᠴᠠᠬᠤ ᠪᠠᠶᠠᠷ ᠡᠷᠭᠢᠯᠡᠬᠦ ᠵᠠᠭᠪᠤᠷ ᠢ ᠪᠣᠶ ᠪᠣᠯᠭᠠᠨ᠎ᠠ᠃ ᠪᠥᠬᠦ ᠣᠷᠣᠨ ᠪᠦᠰᠡ ᠶᠢᠨ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ᠂ ᠣᠨᠴᠠᠯᠢᠭᠲᠤ | ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ᠰᠠᠭᠤᠷᠢ ᠪᠡᠯᠡᠳᠬᠡᠮᠵᠢ᠂ ᠴᠢᠳᠠᠪᠤᠷᠢᠲᠠᠨ ᠬᠥᠮᠥᠵᠢᠭᠦᠯᠬᠦ ᠪᠠ ᠨᠠᠷᠠᠲᠤ ᠲᠥᠷᠥᠯ ᠲᠡᠮᠳᠡᠭᠲᠦ ᠶᠢ ᠡᠭᠦᠳᠬᠦ ᠶᠢ | ᠣᠷᠭᠠᠨᠢᠭ ᠢᠶᠠᠷ ᠤᠶᠠᠯᠳᠤᠭᠤᠯᠤᠨ᠂ ᠡᠬᠢ ᠪᠠᠶᠠᠯᠢᠭ ᠢᠶᠠᠷ ᠡᠯᠪᠡᠭ ᠪᠠᠶᠠᠯᠢᠭ᠂ ᠥᠪᠡᠷᠮᠢᠴᠡ ᠣᠨᠴᠠᠯᠢᠭ ᠲᠠᠢ ᠵᠢᠭᠤᠯᠴᠢᠯᠠᠯ ᠤᠨ ᠦᠢᠯᠡᠳᠬᠦᠨ ᠤ ᠰᠢᠰᠲ᠋ᠧᠮᠵᠢ ᠶᠢ | ᠪᠣᠶ ᠪᠣᠯᠭᠠᠨ᠎ᠠ᠃ ᠮᠣᠩᠭᠤᠯ ᠯᠤᠭ᠎ᠠ ᠶᠢᠨ ᠨᠡᠭᠡᠭᠡᠯᠲᠡ ᠶᠢᠨ ᠴᠢᠬᠤᠯᠠ ᠲᠤᠯᠬᠤ ᠴᠡᠭ ᠪᠣᠯᠭᠠᠨ ᠪᠦᠲᠦᠭᠡᠨ ᠪᠠᠶᠢᠭᠤᠯᠤᠨ᠎ᠠ᠃ ︽ᠨᠢᠭᠡ ᠪᠦᠰᠡ ᠨᠢᠭᠡ ᠵᠠᠮ︾᠂ | ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠭᠦᠨᠵᠡᠭᠡᠢ ᠠᠭᠤᠰᠤᠯᠴᠠᠵᠤ᠂ ᠢ ᡁᠢ ᠣᠶᠤᠨᠲᠤ | ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠡᠮᠵᠢᠵᠦ᠂ | ᠪᠣᠭᠤᠮᠲᠠ ᠶᠢᠨ ᠬᠢᠯᠢ ᠪᠠᠷ ᠥᠩᠭᠡᠷᠡᠬᠦ ᠪᠠᠷᠠᠭᠠᠨ ᠤ ᠭᠦᠢᠯᠭᠡᠭᠡᠨ ᠤ ᠳᠠᠮᠵᠢᠭᠤᠯᠬᠤ ᠬᠦᠢᠰᠦ ᠪᠠ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ | ᠲᠣᠭᠤᠷᠢᠭ ᠢ ᠪᠠᠶᠢᠭᠤᠯᠤᠨ᠎ᠠ᠃ ᠬᠠᠷᠢᠶ᠎ᠠ ᠠᠯᠤᠰᠯᠠᠭᠰᠠᠨ ᠭᠠᠵᠠᠷ ᠤᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠠᠵᠤ ᠦᠢᠯᠡᠰ ᠢ ᠢᠳᠡᠪᠬᠢᠲᠡᠢ ᠬᠥᠭᠵᠢᠭᠦᠯᠦᠨ᠂ ᠤᠯᠤᠰ ᠤᠨ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠪᠠ ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠢ ᠪᠦᠲᠦᠭᠡᠨ ᠪᠠᠶᠢᠭᠤᠯᠵᠤ᠂ ᠪᠤᠭᠤᠲᠤ ᠬᠤᠲᠠ ᠶᠢᠨ ᠭᠠᠳᠠᠭᠠᠳᠤ | ᠨᠡᠭᠡᠭᠡᠯᠲᠡ ᠶᠢᠨ ᠰᠢᠨ᠎ᠡ ᠥᠨᠳᠦᠷᠯᠢᠭ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃ ᠪᠤᠭᠤᠲᠤ ︱ᠪᠠᠶ᠋ᠬᠠᠤᠪᠤᠭ᠎ᠠ ᠱᠤᠭᠤᠮ ᠤᠨ ᠨᠢᠭᠡᠨᠲᠡ | ᠪᠠᠶᠢᠭ᠎ᠠ ᠲᠡᠮᠦᠷ ᠵᠠᠮ ᠤᠨ ᠴᠠᠬᠢᠯᠭᠠᠨᠵᠢᠭᠤᠯᠤᠯᠲᠠ ᠶᠢᠨ ᠥᠭᠡᠷᠡᠴᠢᠯᠡᠯᠲᠡ ᠶᠢᠨ ᠢᠨᠵᠧᠨᠧᠷᠢᠩ ᠢ ᠢᠳᠡᠪᠬᠢᠲᠡᠢ ᠠᠬᠢᠭᠤᠯᠵᠤ᠂ ᠤᠮᠠᠷᠠᠲᠤ ᠬᠢᠯᠢ ᠬᠢᠵᠠᠭᠠᠷ ᠤᠨ | ᠲᠡᠮᠦᠷ ᠵᠠᠮ ᠤᠨ ᠲᠡᠭᠡᠭᠡᠪᠦᠷᠢ ᠶᠢᠨ ᠶᠡᠭᠡ ᠵᠠᠮ ᠢ ᠰᠠᠭᠠᠳ ᠦᠭᠡᠢ ᠨᠠᠪᠲᠠᠷᠡᠭᠦᠯᠵᠦ᠂ ᠠᠭᠤᠯᠠᠨ ᠠᠷᠤ ᠶᠢᠨ ᠭᠠᠵᠠᠷ ᠣᠷᠣᠨ ᠤ ᠪᠦᠬᠦᠯᠢ ᠴᠣᠭᠴᠠ ᠶᠢᠨ | ᠲᠡᠭᠡᠭᠡᠪᠦᠷᠢ ᠶᠢᠨ ᠡᠨᠧᠷᠭᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ︽ᠬᠤᠶᠠᠷ ᠬᠦᠷᠢᠶᠡᠯᠡᠩ ᠳᠥᠷᠪᠡᠨ ᠲᠣᠭᠤᠷᠢᠭ︾ ᠭᠡᠳᠡᠭ ᠨᠢ ᠳᠠᠷᠤᠢ᠄ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠣᠷᠴᠢᠯ ᠠᠵᠤ ᠠᠬᠤᠢ ᠶᠢᠨ | ᠬᠦᠷᠢᠶᠡᠯᠡᠩ ᠢ ᠪᠦᠲᠦᠭᠡᠨ ᠪᠠᠶᠢᠭᠤᠯᠤᠨ᠎ᠠ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ | ᠯᠤᠭ᠎ᠠ ᠬᠠᠮᠲᠤᠷᠠᠨ ᠬᠦᠷᠢᠶᠡᠯᠡᠩ ᠲᠣᠭᠤᠷᠢᠭ ᠢ ᠬᠠᠮᠲᠤᠪᠠᠷ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠬᠦᠷᠢᠶᠡᠯᠡᠩ ᠲᠣᠭᠤᠷᠢᠭ ᠤᠨ ᠰᠠᠭᠤᠷᠢ | ᠪᠡᠯᠡᠳᠬᠡᠮᠵᠢ ᠶᠢ ᠲᠦᠷᠭᠡᠳᠬᠡᠨ ᠪᠠᠶᠢᠭᠤᠯᠵᠤ ᠲᠡᠭᠦᠯᠳᠡᠷᠵᠢᠭᠦᠯᠦᠨ᠎ᠡ᠃ ︽ᠲᠤᠰᠬᠠᠢ ᠨᠠᠷᠢᠯᠢᠭ ᠣᠨᠴᠠ ᠰᠢᠨ᠎ᠡ︾ ᠶᠢᠨ ᠱᠠᠭᠠᠷᠳᠠᠯᠭ᠎ᠠ ᠶᠣᠰᠣᠭᠠᠷ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠰᠢᠯᠵᠢᠭᠦᠯᠦᠨ ᠣᠷᠣᠭᠤᠯᠬᠤ ᠶᠢ ᠭᠥᠯᠢᠶᠡᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ | ᠦᠢᠯᠡᠰ ᠤᠨ ᠪᠥᠭᠡᠮᠨᠡᠷᠡᠯ ᠢ ᠲᠦᠷᠭᠡᠳᠬᠡᠨ᠂ ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠤᠨ ᠪᠦᠯᠬᠦᠮ ᠮᠠᠶ᠋ᠢᠭ ᠤᠨ ᠪᠡᠯᠡ ᠣᠷᠣᠭᠤᠯᠤᠯᠲᠠ᠂ | ᠪᠥᠭᠡᠮᠨᠡᠷᠡᠯ ᠤᠨ ᠮᠠᠶ᠋ᠢᠭ ᠤᠨ ᠬᠥᠭᠵᠢᠯᠲᠡ᠂ ᠬᠡᠪᠴᠢᠶᠡᠵᠢᠭᠦᠯᠦᠨ ᠠᠵᠢᠯᠯᠠᠭᠤᠯᠬᠤ ᠶᠢ ᠲᠦᠯᠬᠢᠨ ᠠᠬᠢᠭᠤᠯᠵᠤ᠂ ᠲᠠᠲᠠᠬᠤ ᠬᠦᠴᠦᠨ ᠲᠠᠢ᠂ ᠥᠷᠢᠰᠦᠯᠳᠦᠬᠦ | ᠬᠦᠴᠦᠨ ᠲᠠᠢ ᠠᠵᠤ ᠦᠢᠯᠡᠰ ᠤᠨ ᠪᠥᠭᠡᠮᠨᠡᠷᠡᠯ ᠪᠠ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠢ ᠪᠣᠯᠭᠠᠨ᠎ᠠ᠃ ᠬᠠᠷᠢᠶ᠎ᠠ ᠠᠯᠤᠰᠯᠠᠭᠰᠠᠨ ᠭᠠᠵᠠᠷ ᠤᠨ ᠠᠵᠤ | ᠠᠬᠤᠢ ᠶᠢᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠬᠦᠷᠢᠶᠡᠯᠡᠩ ᠢ ᠪᠦᠲᠦᠭᠡᠨ ᠬᠠᠷᠢᠶ᠎ᠠ ᠠᠯᠤᠰᠯᠠᠭᠰᠠᠨ ᠭᠠᠵᠠᠷ ᠤᠨ ᠵᠠᠭᠪᠤᠷ ᠢ | ᠲᠡᠭᠦᠯᠳᠡᠷᠵᠢᠭᠦᠯᠵᠦ᠂ ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠨᠡᠪᠴᠢᠭᠦᠯᠬᠦ ᠰᠠᠭᠤᠷᠢᠨ ᠭᠠᠵᠠᠷ ᠢ | ᠪᠠᠶᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ︽ᠲᠠᠯᠳᠠ ᠬᠦᠴᠦᠨ ᠤ ᠰᠲ᠋ᠣᠺ︾ ᠢ ᠲᠦᠷᠭᠡᠪᠴᠢᠯᠡᠨ ᠪᠣᠶᠢᠵᠢᠭᠤᠯᠵᠤ᠂ ᠠᠯᠬᠤᠮ ᠠᠯᠬᠤᠮ ᠢᠶᠠᠷ ︽ | ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ︾ ᠤᠨ ᠪᠤᠶᠢᠵᠢᠯᠲᠠ ᠶᠢᠨ ᠥᠯᠥᠭᠡᠢ ᠪᠣᠯᠭᠠᠵᠤ᠂ ᠠᠵᠤ | ᠠᠬᠤᠢ ᠶᠢᠨ ᠨᠡᠩ ᠤᠯᠠᠨ ᠰᠢᠨ᠎ᠡ ᠨᠡᠮᠡᠭᠳᠡᠯ ᠤᠨ ᠴᠡᠭ ᠢ ᠪᠤᠢ ᠪᠣᠯᠭᠠᠨ᠎ᠠ᠃ ᠤᠬᠠᠭᠠᠯᠢᠭ ᠪᠥᠭᠡᠳ ᠲᠠᠭᠠᠯᠠᠮᠵᠢᠲᠠᠢ ᠰᠣᠳᠣᠨ ᠬᠤᠲᠠ ᠶᠢᠨ ᠲᠣᠭᠤᠷᠢᠭ ᠢ | ᠪᠦᠲᠦᠭᠡᠨ ᠪᠠᠶᠢᠭᠤᠯᠤᠨ᠎ᠠ᠃ ᠳᠤᠭᠠᠴᠠᠯᠠᠭᠰᠠᠨ᠂ ᠣᠶᠤᠨᠴᠢᠯᠠᠭᠰᠠᠨ ᠲᠠᠰ ᠳᠡᠪᠰᠢᠭᠦᠯᠦᠨ ᠲᠠᠰ ᠳᠡᠪᠰᠢᠭᠦᠯᠬᠦ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ | ᠳᠤᠭᠠᠴᠠᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ 5G ᠮᠡᠷᠭᠡᠵᠢᠯ ᠤᠨ ᠠᠵᠤ ᠠᠬᠤᠢ᠂ ᠨᠡᠶᠢᠭᠡᠮ᠂ ᠰᠣᠶᠣᠯ ᠵᠡᠷᠭᠡ | ᠬᠦᠷᠢᠶᠡᠨ ᠳᠠᠬᠢ ᠣᠯᠠᠨ ᠲᠠᠯ᠎ᠠ ᠶᠢᠨ᠂ ᠪᠣᠰᠤᠭ᠎ᠠ ᠴᠣᠭᠴᠠᠲᠤ ᠬᠡᠷᠡᠭᠯᠡᠭᠡ ᠶᠢ ᠲᠦᠷᠭᠡᠳᠬᠡᠨ᠎ᠡ᠃ ᠬᠤᠳᠠ ᠶᠢ ᠰᠢᠨᠡᠳᠬᠡᠬᠦ ᠠᠵᠢᠯᠯᠠᠭ᠎ᠠ ᠶᠢ ᠲᠦᠷᠭᠡᠪᠴᠢᠯᠡᠨ | ᠬᠡᠷᠡᠭᠵᠢᠭᠦᠯᠵᠦ᠂ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ᠂ ᠠᠵᠤ ᠦᠢᠯᠡᠰ ᠤᠨ ᠣᠷᠴᠢᠨ ᠨᠥᠬᠦᠴᠡᠯ᠂ ᠵᠠᠰᠠᠭ ᠤᠨ ᠶᠠᠪᠤᠳᠠᠯ ᠤᠨ ᠣᠷᠴᠢᠨ | ᠨᠥᠬᠦᠴᠡᠯ᠂ ᠬᠠᠤᠯᠢ ᠪᠠᠷ ᠵᠠᠰᠠᠬᠤ ᠣᠷᠴᠢᠨ ᠨᠥᠬᠦᠴᠡᠯ᠂ ᠠᠮᠢ ᠠᠬᠤᠢ ᠶᠢᠨ ᠣᠷᠴᠢᠨ ᠨᠥᠬᠦᠴᠡᠯ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠡᠩ ᠢᠯᠡᠭᠦᠦ | ᠣᠷᠣᠰᠢᠨ ᠰᠠᠭᠤᠬᠤ ᠳᠤ ᠲᠣᠬᠢᠷᠠᠮᠵᠢᠲᠠᠢ᠂ ᠠᠵᠢᠯ ᠦᠢᠯᠡᠰ ᠲᠤ ᠲᠣᠬᠢᠷᠠᠮᠵᠢᠲᠠᠢ᠂ ᠵᠤᠭᠠᠴᠠᠬᠤ ᠳᠤ ᠲᠣᠬᠢᠷᠠᠮᠵᠢᠲᠠᠢ ᠣᠳᠣᠬᠢᠴᠢᠯᠠᠭᠰᠠᠨ ᠰᠣᠳᠣᠨ ᠬᠤᠳᠠ ᠶᠢᠨ | ᠲᠣᠭᠤᠷᠢᠭ ᠢ ᠪᠦᠲᠦᠭᠡᠨ ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃ ︽ | ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ ᠠᠵᠢᠯᠯᠠᠭ᠎ᠠ ᠶᠢ ᠠᠬᠢᠭᠤᠯᠵᠤ᠂ ᠬᠤᠪᠣᠷ ᠰᠢᠷᠣᠢ᠂ ᠦᠯᠡᠳᠡᠭᠳᠡᠯ ᠬᠦᠳᠡᠷ ᠤᠨ ᠡᠬᠢ | ᠪᠠᠶᠠᠯᠢᠭ ᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠵᠠᠰᠠᠭ ᠤᠨ ᠣᠷᠳᠣᠨ᠂ ᠠᠵᠤ ᠠᠬᠤᠶᠢᠯᠠᠯ᠂ | ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠮᠥᠩᠭᠦᠨ ᠭᠦᠢᠯᠭᠡᠭᠡᠨ ᠵᠡᠷᠭᠡ ᠡᠯ᠎ᠡ ᠲᠠᠯ᠎ᠠ ᠶᠢᠨ ᠳᠠᠪᠠᠭᠤᠯᠢᠭ ᠡᠬᠢ | ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠠᠵᠤ ᠦᠢᠯᠡᠰ ᠢ ᠠᠭᠤᠰᠤᠯᠴᠠᠭᠤᠯᠬᠤ ᠬᠦᠷᠢᠶᠡᠯᠡᠩ ᠲᠣᠭᠤᠷᠢᠭ ᠪᠠ | ᠤᠯᠤᠰ ᠤᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠪᠦᠲᠦᠭᠡᠨ ᠪᠠᠶᠢᠭᠤᠯᠤᠯᠲᠠ ᠳᠤ ᠰᠢᠨ᠎ᠡ ᠦᠷ᠎ᠡ ᠪᠦᠲᠦᠮᠵᠢ | ᠣᠯᠬᠤ ᠶᠢ ᠠᠬᠢᠭᠤᠯᠤᠨ᠎ᠠ᠃ ᠨᠡᠭᠦᠷᠡᠰᠦᠲᠥ᠋ᠷᠥᠭᠴᠢ ᠶᠢᠨ ᠳᠤᠮᠳᠠ ᠪᠠ ᠤᠷᠢᠳᠠᠪᠠᠷ ᠬᠡᠷᠡᠭᠵᠢᠭᠦᠯᠬᠦ ᠣᠷᠣᠨ ᠢ ᠪᠦᠲᠦᠭᠡᠨ ᠪᠠᠶᠢᠭᠤᠯᠤᠨ᠎ᠠ᠃ ᠤᠯᠤᠰ ᠤᠨ ︽ | ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠣᠳᠣᠯᠭ᠎ᠠ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ ᠶᠢᠨ ᠲᠥᠷᠥᠯᠬᠢ ᠠᠪᠢᠶᠠᠰ | ᠪᠠ ᠰᠢᠨ᠎ᠡ ᠡᠨᠧᠷᠭᠢ ᠶᠢᠨ ᠳᠠᠪᠠᠭᠤᠯᠢᠭ ᠲᠤ ᠰᠠᠭᠤᠷᠢᠯᠠᠨ᠂ ᠠᠭᠤᠷᠬᠠᠢ ᠶᠢᠨ ᠲᠣᠭᠤᠷᠢᠭ ᠠᠮᠢ ᠠᠬᠤᠢ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠲᠠᠢ | ᠤᠶᠠᠯᠳᠤᠭᠤᠯᠵᠤ᠂ ᠪᠥᠬᠦ ᠣᠷᠣᠨ ᠪᠦᠰᠡ ᠶᠢᠨ ᠨᠣᠭᠤᠭᠠᠨ ᠴᠠᠬᠢᠯᠭᠠᠨ᠂ ᠨᠣᠭᠤᠭᠠᠨ ᠡᠨᠧᠷᠭᠢ ᠪᠠᠷ ᠣᠷᠣᠯᠠᠭᠤᠯᠬᠤ ᠶᠢ ᠬᠠᠶᠢᠨ ᠰᠦᠪᠡᠭᠴᠢᠯᠡᠵᠦ᠂ ᠰᠠᠯᠬᠢᠨ | ᠬᠦᠴᠦᠨ ᠤ ᠴᠠᠬᠢᠯᠭᠠᠨ ᠬᠡᠷᠡᠯ ᠴᠡᠨᠡᠭ ᠢᠶᠠᠷ ᠤᠰᠤᠲᠥ᠋ᠷᠥᠭᠴᠢ ᠦᠶᠯᠡᠳᠬᠦ᠂ ᠤᠰᠤᠲᠥ᠋ᠷᠥᠭᠴᠢ ᠬᠠᠳᠠᠭᠠᠯᠠᠬᠤ᠂ ᠨᠣᠭᠤᠭᠠᠨ ᠴᠠᠬᠢᠯᠭᠠᠨ ᠤ ᠬᠡᠷᠡᠭᠯᠡᠭᠡᠨ ᠤ ᠠᠵᠤ | ᠦᠢᠯᠡᠰ ᠢ ᠲᠦᠷᠭᠡᠳᠬᠡᠨ ᠪᠠᠶᠢᠷᠢᠯᠠᠭᠤᠯᠤᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠣᠷᠣᠨ ᠢ ᠪᠠᠶᠢᠭᠤᠯᠤᠨ᠎ᠠ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠵᠤ᠂ | ᠦᠨᠳᠦᠰᠦᠲᠡᠨ ᠨᠦᠭᠦᠳ ᠤᠨ ᠠᠷᠠᠳ ᠢᠷᠭᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ | ᠬᠠᠮᠲᠤ ᠪᠠᠷ ᠰᠠᠭᠤᠷᠢᠰᠢᠬᠤ᠂ ᠬᠠᠮᠲᠤ ᠪᠠᠷ ᠰᠤᠷᠤᠯᠴᠠᠬᠤ᠂ ᠬᠠᠮᠲᠤ ᠪᠠᠷ ᠠᠵᠢᠯᠯᠠᠬᠤ᠂ ᠬᠠᠮᠲᠤ ᠪᠠᠷ ᠵᠢᠷᠭᠠᠬᠤ ᠳᠤ ᠰᠠᠶᠢᠨ ᠰᠠᠶᠢᠬᠠᠨ ᠨᠡᠶᠢᠭᠡᠮ ᠤᠨ ᠨᠥᠬᠦᠴᠡᠯ ᠢ | ᠪᠦᠷᠢᠯᠳᠦᠭᠦᠯᠦᠨ ᠥᠭᠴᠦ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ | 2022 ᠣᠨ ᠤ ᠠᠵᠢᠯ ᠤᠨ ᠲᠣᠬᠢᠷᠠᠭᠤᠯᠤᠯᠲᠠ | 2022 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠵᠢᠯ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠶᠢ ᠬᠡᠷᠡᠭᠵᠢᠭᠦᠯᠬᠦ ᠴᠢᠬᠤᠯᠠ ᠨᠢᠭᠡ ᠵᠢᠯ ᠮᠥᠨ᠂ ᠡᠯ᠎ᠡ ᠵᠦᠢᠯ ᠤᠨ ᠬᠦᠴᠦᠨ ᠵᠦᠢᠯ ᠢ ᠶᠡᠷᠦᠩᠬᠡᠶᠢᠯᠡᠨ ᠵᠠᠳᠠᠯᠪᠠᠯ᠂ ᠡᠨᠡ ᠵᠢᠯ ᠤᠨ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠦᠷᠳᠡᠭ ᠢ 9% ᠠᠴᠠ ᠳᠡᠭᠡᠭᠰᠢ | ᠨᠡᠮᠡᠭᠳᠡᠭᠦᠯᠵᠦ᠂ 11% ᠪᠠᠷ ᠨᠡᠮᠡᠭᠳᠡᠭᠦᠯᠬᠦ ᠪᠠᠷ ᠴᠢᠷᠮᠠᠶᠢᠨ᠎ᠠ ;ᠲᠣᠭᠲᠠᠮᠠᠯ ᠬᠦ᠋ᠷᠦᠩᠬ᠋ᠡ ᠶᠢᠨ ᠪᠡᠯᠡ ᠣᠷᠣᠭᠤᠯᠤᠯᠲᠠ ᠶᠢ 25% ᠠᠴᠠ ᠳᠡᠭᠡᠭᠰᠢ ᠨᠡᠮᠡᠭᠳᠡᠭᠦᠯᠵᠦ᠂ | 35% ᠪᠠᠷ ᠨᠡᠮᠡᠭᠳᠡᠭᠦᠯᠬᠦ ᠪᠠᠷ ᠴᠢᠷᠮᠠᠶᠢᠨ᠎ᠠ ;ᠨᠡᠶᠢᠭᠡᠮ ᠣᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 8% ᠪᠠᠷ | ᠨᠡᠮᠡᠭᠳᠡᠵᠦ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠬᠥᠮᠥᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ 7% ᠪᠠᠷ ᠨᠡᠮᠡᠭᠳᠡᠨ᠂ ᠳᠡᠭᠡᠷ᠎ᠡ | ᠵᠢᠯ ᠤᠨ ᠨᠢᠭᠡ ᠤᠳᠠᠭ᠎ᠠ ᠶᠢᠨ ᠴᠢᠨᠠᠷᠲᠠᠢ ᠬᠠᠷᠢᠴᠠᠭᠤᠯᠵᠤ ᠪᠣᠯᠣᠰᠢ ᠦᠭᠡᠢ ᠬᠦᠴᠦᠨ ᠵᠦᠢᠯ ᠢ ᠭᠠᠷᠭᠠᠪᠠᠯ᠂ ᠡᠩ ᠤᠨ ᠤᠯᠠᠨ ᠨᠡᠶᠢᠳᠡ ᠶᠢᠨ ᠲᠥᠰᠥᠪ ᠤᠨ | ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 10% ᠪᠠᠷ ᠨᠡᠮᠡᠭᠳᠡᠵᠦ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠨ ᠨᠤᠷᠮ᠎ᠠ ᠶᠢ 3. | 9% ᠶᠢᠨ ᠳᠣᠲᠣᠷ᠎ᠠ ᠬᠢᠵᠠᠭᠠᠷᠯᠠᠵᠤ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠳᠠ ᠶᠢᠨ ᠪᠠᠭᠤᠯᠭᠠᠭᠰᠠᠨ ᠡᠨᠧᠷᠭᠢ ᠠᠷᠪᠢᠯᠠᠨ ᠪᠣᠬᠢᠷᠳᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ | ︵ᠨᠢᠭᠡ︶ ︽ᠠᠵᠤ ᠦᠢᠯᠡᠰ ᠤᠨ ᠲᠠᠰ ᠳᠡᠪᠰᠢᠭᠦᠯᠬᠦ︾ ᠳᠤ ᠬᠦᠴᠦ ᠪᠠᠨ ᠲᠥᠪᠯᠡᠷᠡᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠲᠦᠷᠭᠡᠳᠬᠡᠨ ᠠᠬᠢᠭᠤᠯᠤᠨ᠎ᠠ | ᠠᠵᠤ ᠦᠢᠯᠡᠳᠪᠦᠷᠢ ᠪᠠᠷ ᠣᠷᠣᠨ ᠪᠠᠶᠢᠭᠤᠯᠬᠤ ᠶᠢ ᠪᠠᠷᠢᠮᠲᠠᠯᠠᠨ᠎ᠠ᠃ ᠭᠤᠣᠯᠯᠠᠬᠤ ᠠᠵᠤ ᠦᠢᠯᠡᠰ ᠤᠨ ᠲᠣᠭᠲᠠᠭᠤᠨ ᠢᠶᠠᠷ ᠬᠥᠭᠵᠢᠬᠦ ᠶᠢ ᠲᠡᠮᠵᠢᠨ᠎ᠡ᠃ | ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠵᠡᠷᠭᠡ ᠲᠣᠯᠣᠭᠠᠢ ᠶᠢᠨ ᠬᠡᠰᠡᠭ ᠤᠨ ᠠᠵᠤ ᠠᠬᠤᠶᠢᠯᠠᠯ ᠯᠤᠭ᠎ᠠ ᠶᠢᠨ ᠭᠦᠨᠵᠡᠭᠡᠢ ᠬᠠᠮᠲᠤᠷᠠᠯᠴᠠᠭ᠎ᠠ ᠶᠢ | ᠴᠢᠩᠭᠠᠳᠬᠠᠵᠤ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠨᠢᠦᠪᠢ ᠰᠺᠠᠨᠳᠢ ᠳᠤᠮᠳᠠ ᠵᠡᠷᠭᠡ ᠶᠢᠨ ᠲᠤᠷᠰᠢᠯᠲᠠ ᠶᠢᠨ ᠦᠢᠯᠡᠳᠪᠦᠷᠢᠯᠡᠯ ᠤᠨ | ᠱᠤᠭᠤᠮ ᠤᠨ ᠮᠡᠷᠭᠡᠵᠢᠯ ᠤᠨ ᠪᠣᠭᠤᠮᠲᠠ ᠰᠢᠪᠲᠤᠯᠬᠤ ᠡᠷᠴᠢᠮ ᠢᠶᠠᠨ ᠴᠢᠩᠭᠠᠷᠠᠭᠤᠯᠬᠤ ᠶᠢ ᠢᠳᠡᠪᠬᠢᠲᠡᠢ ᠲᠡᠮᠵᠢᠵᠤ᠂ ᠵᠠᠯᠭᠠᠮᠵᠢ ᠦᠢᠯᠡᠳᠪᠦᠷᠢᠯᠡᠯ ᠤᠨ | ᠪᠠᠶ᠋ᠬᠠᠤᠪᠤᠭ᠎ᠠ ᠲᠡᠮᠦᠷ ᠤᠨ ᠠᠭᠤᠷᠬᠠᠢ ᠶᠢᠨ ᠡᠵᠡᠨ ᠤ ᠵᠡᠭᠦᠨ ᠮᠠᠯᠲᠠᠯᠲᠠ ᠶᠢᠨ ᠲᠠᠯᠠᠪᠠᠢ ᠶᠢᠨ ᠭᠦᠨ ᠬᠡᠰᠡᠭ ᠤᠨ ᠬᠠᠶᠢᠨ ᠰᠢᠨᠵᠢᠬᠦ ᠲᠦᠷᠦᠯ ᠵᠦᠢᠯ ᠤᠨ | ᠠᠬᠢᠴᠠ ᠶᠢ ᠠᠬᠢᠭᠤᠯᠵᠤ᠂ 48 ᠲᠡᠭᠰᠢ ᠳᠥᠷᠪᠡᠯᠵᠢᠨ ᠺᠢᠯᠤᠮᠥᠲᠷ ᠤᠨ ᠠᠭᠤᠷᠬᠠᠢ ᠶᠢᠨ ᠲᠥᠪᠯᠡᠷᠡᠭᠰᠡᠨ ᠣᠷᠣᠨ ᠤ ᠡᠬᠢ ᠪᠠᠶᠠᠯᠢᠭ ᠢ ᠪᠦᠬᠦ ᠲᠠᠯ᠎ᠠ ᠪᠠᠷ | ᠣᠶᠢᠯᠠᠭᠠᠵᠤ᠂ ᠡᠬᠢ ᠪᠠᠶᠠᠯᠢᠭ ᠤᠨ ᠠᠮᠤᠷ ᠲᠦᠪᠰᠢᠨ ᠤ ᠪᠠᠲᠤᠯᠠᠪᠤᠷᠢ ᠶᠢᠨ ᠰᠠᠭᠤᠷᠢ ᠶᠢ ᠪᠠᠬᠢᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠨ᠎ᠠ᠃ ᠪᠠᠶᠠᠨ᠋ᠣ᠋ᠪᠣᠭ᠎ᠠ ᠠᠵᠤ | ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠠᠮᠢᠶᠠᠷᠤᠯᠲᠠ ᠶᠢᠨ ᠪᠦᠯᠬᠦᠮ ᠨᠡᠶᠢᠲᠡ ᠶᠢ ᠦᠳᠲᠡᠷ ᠲᠦᠷᠭᠡᠨ ᠪᠡᠯᠡᠳᠬᠡᠨ | ᠪᠠᠶᠢᠭᠤᠯᠵᠤ᠂ ᠡᠵᠡᠩᠨᠡᠯᠲᠡ ᠶᠢᠨ ᠵᠠᠭᠪᠤᠷ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠴᠢᠭᠯᠡᠯ ᠢ | ᠲᠣᠳᠣᠷᠬᠠᠶᠢᠯᠠᠨ᠂ ᠬᠠᠮᠢᠶ᠎ᠠ ᠪᠦᠬᠦᠢ ᠲᠥᠯᠦᠪᠵᠢᠭᠦᠯᠭᠡ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠭᠠᠷᠳᠠᠮ ᠢ ᠵᠣᠬᠢᠴᠠᠭᠤᠯᠤᠨ | ᠭᠦᠢᠴᠡᠳᠬᠡᠵᠦ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠵᠣᠬᠢᠬᠤ ᠬᠡᠮᠵᠢᠶ᠎ᠡ ᠪᠠᠷ ᠤᠷᠢᠳᠴᠢᠯᠠᠨ ᠪᠠᠶᠢᠷᠢᠯᠠᠭᠤᠯᠵᠤ᠂ ᠣᠷᠣᠨ ᠪᠦᠰᠡ ᠶᠢᠨ | ᠴᠢᠨᠠᠷᠲᠠᠢ ᠦᠨᠡᠯᠡᠨ ᠵᠢᠱᠢᠯᠲᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠬᠦᠷᠢᠶᠡᠯᠡᠩ ᠲᠣᠭᠤᠷᠢᠭ ᠤᠨ ᠡᠯ᠎ᠡ ᠲᠥᠷᠥᠯ ᠤᠨ ᠲᠥᠷᠥ ᠶᠢᠨ ᠪᠣᠳᠣᠯᠭ᠎ᠠ᠂ ᠪᠡᠯᠡ | ᠮᠥᠩᠭᠦᠨ ᠤ ᠳᠡᠮᠵᠢᠯᠭᠡ ᠶᠢ ᠣᠯᠬᠤ ᠪᠠᠷ ᠪᠠᠶ᠋ᠬᠠᠤᠪᠤᠭ᠎ᠠ ᠠᠴᠠ ᠭᠦᠶᠠᠩ ᠬᠦᠷᠬᠦ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠶᠢ ᠳᠡᠪᠢᠰᠬᠦ ᠶᠢ | ᠢᠳᠡᠪᠬᠢᠲᠡᠢ ᠠᠬᠢᠭᠤᠯᠵᠤ᠂ ︽ᠤᠰᠤ ᠶᠢ ᠪᠠᠶ᠋ᠬᠠᠤᠪᠤᠭ᠎ᠠ ᠳᠤ ᠣᠷᠣᠭᠤᠯᠬᠤ︾ ᠢᠨᠵᠧᠨᠧᠷᠢᠩ ᠢ ᠦᠨᠡᠨ ᠪᠣᠳᠠᠲᠠᠢ ᠰᠢᠪᠲᠤᠯᠤᠯᠲᠠ ᠲᠠᠢ ᠪᠣᠯᠭᠠᠬᠤ ᠪᠠᠷ | ᠴᠢᠷᠮᠠᠶᠢᠵᠤ᠂ 2×15 ᠲᠦᠮᠡᠨ ᠺᠢᠯᠣᠸᠠᠲ ᠤᠨ ᠢᠯᠴᠢ ᠴᠠᠬᠢᠯᠭᠠᠨ ᠢ ᠬᠤᠯᠪᠤᠭᠠᠯᠠᠨ ᠦᠢᠯᠡᠳᠪᠦᠷᠢᠯᠡᠬᠦ᠂ ᠤᠯᠠᠭᠠᠨ ᠤ ᠬᠤᠪᠢᠷᠠᠯᠲᠠ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠳᠤᠯ ᠦᠭᠡᠢ ᠡᠨᠧᠷᠭᠢ ᠶᠢ ᠨᠢᠭᠡ ᠴᠣᠭᠴᠠᠵᠢᠭᠤᠯᠬᠤ ᠵᠡᠷᠭᠡ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ | ᠬᠦᠷᠢᠶᠡᠯᠡᠩ ᠲᠣᠭᠤᠷᠢᠭ ᠤᠨ ᠵᠠᠮ᠂ ᠬᠤᠭᠤᠯᠠᠢ ᠲᠣᠣᠷ ᠵᠡᠷᠭᠡ ᠢᠵᠢ ᠪᠦᠷᠢᠳᠦᠭᠦᠯᠬᠦ ᠰᠠᠭᠤᠷᠢ ᠪᠡᠯᠡᠳᠬᠡᠮᠵᠢ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠂ | ᠵᠢᠯ ᠤᠨ ᠳᠣᠲᠣᠷ᠎ᠠ ᠠᠩᠬ᠎ᠠ ᠠᠯᠬᠤᠮ ᠬᠡᠪᠴᠢᠶᠡᠵᠢᠭᠦᠯᠬᠦ ᠶᠢ ᠪᠡᠶᠡᠯᠡᠭᠦᠯᠵᠦ᠂ ᠬᠦᠷᠢᠶᠡᠯᠡᠩ ᠲᠣᠭᠤᠷᠢᠭ ᠢ ᠠᠭᠤᠷᠬᠠᠢ ᠶᠢᠨ ᠣᠷᠣᠨ ᠤ ᠠᠵᠤ ᠦᠢᠯᠡᠳᠪᠦᠷᠢ ᠶᠢᠨ | ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠠᠴᠢᠶᠠᠯᠠᠪᠤᠷᠢ ᠪᠣᠯᠭᠠᠨ ᠪᠦᠲᠦᠭᠡᠨ ᠪᠠᠶᠢᠭᠤᠯᠤᠨ᠎ᠠ᠃ | ᠠᠵᠤ ᠦᠢᠯᠡᠰ ᠢᠶᠠᠷ ᠲᠣᠭᠤᠷᠢᠭ ᠢᠶᠠᠨ ᠪᠠᠶᠠᠵᠢᠭᠤᠯᠬᠤ ᠶᠢ ᠡᠬᠢ ᠪᠠᠶᠠᠯᠢᠭ ᠤᠨ ᠲᠥᠷᠥᠯᠬᠢ ᠠᠪᠢᠶᠠᠰ ᠪᠠ ᠬᠠᠷᠢᠴᠠᠭᠤᠯᠤᠭᠰᠠᠨ ᠳᠠᠪᠠᠭᠤᠯᠢᠭ ᠲᠤ | ᠲᠦᠰᠢᠭᠯᠡᠨ᠂ ᠡᠬᠢ ᠪᠠᠶᠠᠯᠢᠭ᠂ ᠠᠵᠤ ᠦᠢᠯᠡᠰ ᠪᠠ ᠮᠡᠷᠭᠡᠵᠢᠯ ᠤᠨ ᠳᠠᠪᠠᠭᠤᠯᠢᠭ ᠢ ᠡᠮᠬᠢᠯᠡᠨ ᠨᠡᠶᠢᠯᠡᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠢᠶᠠᠷ | ᠭᠠᠷᠳᠠᠴᠠ ᠪᠣᠯᠭᠠᠨ᠂ ᠣᠲᠣ ᠶᠢᠨ ᠪᠠᠶᠢᠭ᠎ᠠ ᠲᠡᠮᠦᠷ᠂ ᠬᠤᠪᠣᠷ ᠰᠢᠷᠣᠢ᠂ ᠬᠠᠶᠢᠯᠤᠭᠤᠷ ᠵᠤᠩᠰᠢ᠂ ᠨᠢᠦᠪᠢ᠂ ᠰᠺᠠᠨᠳᠢ᠂ ᠺᠠᠯᠢ ᠡᠯᠪᠡᠭ ᠬᠠᠪᠲᠠᠭᠠᠢ ᠴᠢᠯᠠᠭᠤᠯᠢᠭ ᠢ | ᠶᠡᠷᠦᠩᠬᠡᠶᠢᠯᠡᠨ ᠠᠰᠢᠭᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠪᠥᠬᠦ ᠲᠠᠯ᠎ᠠ ᠪᠠᠷ ᠨᠠᠪᠲᠠᠷᠡᠭᠦᠯᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠬᠤ ᠣᠷᠴᠢᠯ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢ ᠴᠢᠩᠭᠠᠷᠠᠭᠤᠯᠤᠨ᠂ ᠠᠵᠤ ᠦᠢᠯᠡᠰ ᠤᠨ ᠪᠣᠬᠢᠷᠳᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠦᠷᠭᠦᠯᠵᠢᠯᠡᠨ ᠬᠥᠭᠵᠢᠬᠦ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ 15 ᠲᠦᠮᠡᠨ | ᠲᠣᠨ ᠬᠤᠪᠣᠷ ᠰᠢᠷᠣᠢ ᠶᠢᠨ ᠢᠰᠦᠮᠡᠭ ᠤᠨ ᠲᠦᠷᠦᠯ ᠵᠦᠢᠯ ᠢ ᠪᠦᠲᠦᠭᠡᠨ ᠪᠠᠶᠢᠭᠤᠯᠬᠤ᠂ ᠵᠧᠩ ᠸᠧᠢ ᠪᠦᠯᠦᠭᠯᠡᠯ ᠤᠨ 60 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠭᠰᠠᠨ︽ᠭᠤᠷᠪᠠᠨ ᠰᠡᠳᠬᠢᠯ ᠨᠢᠭᠡ ᠬᠦᠷᠢᠶᠡᠯᠡᠩ︾ ᠤᠨ ᠬᠤᠪᠣᠷ ᠰᠢᠷᠣᠢ ᠶᠢᠨ ᠠᠵᠤ ᠦᠢᠯᠡᠰ ᠵᠡᠷᠭᠡ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ | ᠢᠳᠡᠪᠬᠢᠲᠡᠢ ᠠᠬᠢᠭᠤᠯᠤᠨ᠎ᠠ᠃ ᠣᠲᠣ ᠶᠢᠨ ᠪᠠᠶᠢᠭ᠎ᠠ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠳᠠᠯᠳᠠ ᠬᠦᠴᠦᠨ ᠢ ᠠᠭᠤᠳᠠᠯᠵᠤ᠂ | ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠶᠢᠨ ᠱᠢ ᠺᠣᠮᠫᠠᠨᠢ ᠶᠢᠨ ᠵᠠᠯᠭᠠᠮᠵᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ | ᠠᠬᠢᠭᠤᠯᠵᠤ᠂ ᠵᠢᠯ ᠳᠤ 30 ᠲᠦᠮᠡᠨ ᠲᠣᠨ ᠬᠠᠶᠢᠯᠤᠭᠤᠷ ᠵᠤᠩᠰᠢ ᠶᠢᠨ ᠨᠠᠷᠢᠯᠢᠭ ᠨᠤᠨᠳᠠᠭ ᠦᠢᠯᠡᠳᠪᠦᠷᠢᠯᠡᠬᠦ ᠦᠢᠯᠡᠳᠪᠦᠷᠢᠯᠡᠯ ᠤᠨ ᠴᠢᠳᠠᠪᠤᠷᠢ ᠳᠤ | ᠬᠦᠷᠦᠭᠦᠯᠦᠨ᠎ᠡ᠃ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠪᠠ ᠲᠧᠭᠨᠢᠭ ᠮᠡᠷᠭᠡᠵᠢᠯ ᠤᠨ ᠲᠡᠰ ᠲᠡᠪᠰᠢᠯᠳᠠ ᠶᠢ ᠴᠢᠩᠭᠠᠳᠬᠠᠵᠤ᠂ ᠸᠣᠯᠲ ᠤᠨ ᠬᠦᠳᠡᠷ | ᠰᠢᠯᠢᠬᠦ ᠦᠢᠯᠡᠳᠪᠦᠷᠢ ᠵᠡᠷᠭᠡ ᠭᠤᠷᠪᠠᠨ ᠰᠢᠰᠲ᠋ᠧᠮ ᠤᠨ ᠳᠦᠭᠦᠷᠡᠩ ᠠᠴᠢᠶ᠎ᠠ ᠲᠠᠢ ᠠᠵᠢᠯᠯᠠᠭᠠᠨ ᠢ ᠪᠡᠶᠡᠯᠡᠭᠦᠯᠦᠨ᠎ᠡ᠃ ᠪᠤᠭᠤᠲᠤ ᠶᠢᠨ ᠪᠣᠯᠣᠳ ᠲᠡᠮᠦᠷ ᠤᠨ | ᠺᠣᠮᠫᠠᠨᠢ ᠶᠢᠨ ᠪᠠᠶ᠋ᠬᠠᠤᠪᠤᠭ᠎ᠠ ᠲᠡᠮᠦᠷ ᠤᠨ ᠠᠭᠤᠷᠬᠠᠢ ᠶᠢᠨ ᠬᠢᠮᠢ ᠶᠢᠨ ᠦᠢᠯᠡᠳᠪᠦᠷᠢ᠂ ᠲᠥᠬᠦᠭᠡᠷᠦᠮᠵᠢ ᠪᠠᠶᠢᠴᠠᠭᠠᠨ ᠵᠠᠰᠠᠬᠤ ᠦᠢᠯᠡᠳᠪᠦᠷᠢ ᠶᠢᠨ ᠲᠠᠰᠤᠭ ᠢ | ᠮᠠᠨ ᠤ ᠣᠷᠣᠨ ᠳᠤ ᠳᠠᠩᠰᠠᠯᠠᠭᠤᠯᠬᠤ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠬᠥᠭᠵᠢᠭᠡᠨ᠂ ᠠᠵᠤ ᠦᠢᠯᠡᠰ ᠤᠨ | ᠥᠷᠢᠰᠦᠯᠳᠦᠬᠦ14MW ᠶᠢᠨ ᠲᠠᠷᠠᠬᠠᠢ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠵᠢᠴᠢ ᠤᠰᠤᠲᠥ᠋ᠷᠥᠭᠴᠢ ᠡᠨᠧᠷᠭᠢ ᠶᠢ ᠨᠢᠭᠡ ᠴᠣᠭᠴᠠᠵᠢᠭᠤᠯᠬᠤ | ᠲᠥᠷᠥᠯ ᠵᠦᠢᠯ᠂ 150MW ᠶᠢᠨ ᠪᠠᠶᠠᠨ᠋ᠣ᠋ᠪᠣᠭ᠎ᠠ ᠶᠢᠨ ᠨᠡᠭᠦᠷᠡᠰᠦᠲᠥ᠋ᠷᠥᠭᠴᠢ ᠶᠢᠨ ᠳᠤᠮᠳᠠ ᠪᠠ ᠪᠣᠬᠢᠷᠳᠤᠯ ᠦᠭᠡᠢ ᠦᠢᠯᠡᠳᠪᠦᠷᠢ ᠠᠭᠤᠷᠬᠠᠢ ᠶᠢᠨ | ᠤᠰᠤᠲᠥ᠋ᠷᠥᠭᠴᠢ ᠡᠨᠧᠷᠭᠢ ᠶᠢ ᠥᠭᠡᠷᠡᠴᠢᠯᠡᠬᠦ ᠵᠢᠱᠢᠶ᠎ᠡ ᠦᠵᠡᠭᠦᠯᠬᠦ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠦᠨ᠎ᠡ᠃ ᠢ ᡁᠢ ᠣᠶᠤᠨᠲᠤ ᠪᠠᠷᠠᠭᠠᠨ ᠤ | ᠭᠦᠢᠯᠭᠡᠭᠡ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠠᠬᠢᠭᠤᠯᠵᠤ᠂ ᠠᠵᠤ ᠠᠬᠤᠶᠢᠯᠠᠯ ᠤᠨ ᠬᠠᠮᠤᠭ ᠤᠨ | ᠰᠢᠨ᠎ᠡ ᠤᠷᠠᠯᠠᠯ ᠪᠠ ᠮᠡᠷᠭᠡᠵᠢᠯ ᠢ ᠬᠡᠷᠡᠭᠯᠡᠬᠦ ᠶᠢ ᠳᠡᠮᠵᠢᠵᠦ᠂ ᠦᠢᠯᠡᠳᠬᠦᠨ ᠤ ᠵᠠᠬ᠎ᠠ ᠳᠡᠯᠭᠡᠭᠦᠷ ᠢ ᠥᠷᠭᠡᠳᠬᠡᠨ᠂ ᠦᠢᠯᠡᠳᠪᠦᠷᠢᠯᠡᠯ ᠤᠨ ᠬᠡᠪᠴᠢᠶ᠎ᠡ ᠶᠢ | ᠪᠤᠵᠠᠭᠠᠶᠢᠷᠠᠭᠤᠯᠵᠤ᠂ ᠦᠢᠯᠡᠳᠬᠦᠨ ᠤ ᠭᠤᠣᠯᠯᠠᠬᠤ ᠥᠷᠢᠰᠦᠯᠳᠦᠬᠦ ᠬᠦᠴᠦᠨ ᠢ ᠴᠢᠩᠭᠠᠷᠠᠭᠤᠯᠤᠨ᠎ᠠ᠃ ᠠᠵᠤ ᠠᠬᠤᠶᠢᠯᠠᠯ ᠢ ᠪᠣᠶᠢᠵᠢᠭᠤᠯᠬᠤ ᠶᠢ ᠬᠢᠵᠠᠭᠠᠷᠯᠠᠬᠤ | ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ︽ᠪᠠᠭ᠎ᠠ ᠬᠡᠮᠵᠢᠶ᠎ᠡ ᠪᠠᠷ ᠳᠦᠷᠢᠮ ᠲᠣᠭᠲᠠᠭᠠᠯ ᠳᠤ ᠳᠡᠪᠰᠢᠭᠦᠯᠬᠦ︾ ᠠᠬᠢᠴᠠ ᠶᠢ ᠨᠢᠭᠡᠳᠦᠯᠲᠡᠢ | ᠲᠥᠯᠥᠪᠯᠡᠨ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠷᠠᠭᠤᠯᠤᠨ᠎ᠠ᠃ | ᠦᠢᠯᠡᠴᠢᠯᠡᠭᠡᠨ ᠤ ᠬᠥᠭᠵᠢᠯᠲᠡᠢ ᠲᠣᠭᠤᠷᠢᠭ ᠢ ᠪᠠᠷᠢᠮᠲᠠᠯᠠᠨ᠎ᠠ᠃ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠲᠦᠷᠭᠡᠳᠬᠡᠨ ᠪᠣᠶᠢᠵᠢᠭᠤᠯᠵᠤ | ᠂ ᠨᠢᠭᠡ ᠪᠦᠯᠦᠭ ᠦᠢᠯᠡᠴᠢᠯᠡᠭᠡᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠤᠰᠤ ᠴᠠᠬᠢᠯᠭᠠᠨ ᠬᠡᠢ ᠳᠤᠯᠠᠭᠠᠯᠠᠭ᠎ᠠ ᠵᠡᠷᠭᠡ ᠢᠵᠢ ᠪᠦᠷᠢᠳᠦᠭᠰᠡᠨ | ᠰᠠᠭᠤᠷᠢ ᠠᠵᠤ ᠦᠢᠯᠡᠰ ᠢ ᠲᠥᠯᠥᠪᠵᠢᠭᠦᠯᠦᠨ ᠪᠡᠯᠡᠳᠬᠡᠨ ᠪᠠᠶᠢᠭᠤᠯᠤᠨ᠎ᠠ᠃ ᠠᠵᠤ ᠦᠢᠯᠡᠳᠪᠦᠷᠢ ᠶᠢᠨ ᠵᠢᠷᠤᠭᠯᠠᠨ ᠲᠥᠯᠥᠪᠯᠡᠬᠦ᠂ ᠰᠢᠨᠵᠢᠯᠡᠬᠦ ᠤᠬᠠᠭᠠᠨ | ᠮᠡᠷᠭᠡᠵᠢᠯ ᠤᠨ ᠳᠡᠯᠭᠡᠷᠡᠭᠦᠯᠦᠨ ᠬᠡᠷᠡᠭᠯᠡᠬᠦ᠂ ᠪᠠᠷᠠᠭᠠᠨ ᠤ ᠭᠦᠢᠯᠭᠡᠭᠡᠨ᠂ ᠵᠥᠭᠡᠯᠡᠨ ᠲᠣᠨᠤᠭ ᠤᠨ ᠮᠡᠳᠡᠭᠡ ᠵᠠᠩᠭᠢ ᠶᠢᠨ ᠮᠡᠷᠭᠡᠵᠢᠯ᠂ ᠨᠢᠰᠦᠭᠡ ᠭᠠᠵᠠᠷ ᠤᠨ | ᠦᠢᠯᠡᠴᠢᠯᠡᠭᠡ ᠶᠢ ᠪᠣᠶᠢᠵᠢᠭᠤᠯᠤᠨ ᠬᠥᠭᠵᠢᠭᠦᠯᠵᠦ᠂ ᠪᠡᠭᠡᠵᠢᠩ ᠤᠨ ᡁᠢ ᠶᠧ ᠬᠠᠷᠢᠯᠴᠠᠨ ᠬᠤᠯᠪᠣᠭᠠᠯᠠᠬᠤ ᠰᠢᠨᠵᠢᠯᠡᠬᠦ ᠤᠬᠠᠭᠠᠨ ᠮᠡᠷᠭᠡᠵᠢᠯ᠂ ᠨᠠᠨᠵᠢᠩ ᠤᠨ ᠵᠥᠩ | ᠺᠧ ᠢᠦᠢ ᠴᠧᠨ ᠯᠠᠶᠢᠰᠧᠷ ᠤᠨ ᠮᠡᠷᠭᠡᠵᠢᠯ ᠵᠡᠷᠭᠡ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠬᠥᠭᠵᠢᠯᠲᠡ ᠶᠢ ᠭᠤᠣᠯᠳᠠᠯᠭ᠎ᠠ ᠲᠠᠢ ᠲᠡᠳᠬᠦᠨ | ᠳᠡᠮᠵᠢᠵᠦ᠂ ᠡᠯ᠎ᠡ ᠲᠥᠷᠥᠯ ᠤᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ︽ᠲᠤᠰᠬᠠᠢ ᠨᠠᠷᠢᠯᠢᠭ ᠣᠨᠴᠠ ᠰᠢᠨ᠎ᠡ︾ ᠬᠥᠭᠵᠢᠯᠲᠡ ᠶᠢᠨ | ᠵᠠᠮ ᠢᠶᠠᠷ ᠵᠠᠮᠨᠠᠭᠤᠯᠵᠤ᠂ ᠨᠢᠭᠡ ᠪᠦᠯᠦᠭ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠬᠡᠪ ᠵᠠᠭᠪᠤᠷ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ | ᠲᠦᠷᠭᠡᠬᠡᠨ ᠪᠣᠶ ᠪᠣᠯᠭᠠᠨ᠎ᠠ᠃ ᠠᠵᠤ ᠦᠢᠯᠡᠰ ᠤᠨ ᠬᠥᠭᠵᠢᠯᠲᠡ ᠶᠢ ᠲᠤᠯᠭᠠᠭᠤᠷᠢᠯᠠᠬᠤ ᠪᠠᠷ ᠬᠠᠷᠠᠯᠲᠠ ᠪᠣᠯᠭᠠᠨ᠂ ᠦᠢᠯᠡᠳᠬᠦᠨ ᠤ ᠵᠠᠬ᠎ᠠ ᠳᠡᠯᠭᠡᠭᠦᠷ ᠤᠨ ᠡᠵᠡᠩᠨᠡᠨ | ᠪᠣᠷᠣᠯᠠᠭᠤᠯᠤᠯᠲᠠ᠂ ᠮᠠᠰᠢᠨ ᠮᠧᠬᠠᠨᠢᠭ ᠢ ᠰᠡᠯᠪᠢᠨ ᠵᠠᠰᠠᠵᠤ ᠲᠣᠬᠢᠷᠠᠭᠤᠯᠤᠨ ᠬᠦᠷᠭᠡᠬᠦ ᠵᠡᠷᠭᠡ ᠠᠵᠤ ᠦᠢᠯᠡᠳᠪᠦᠷᠢ ᠶᠢᠨ ᠢᠵᠢ ᠪᠦᠷᠢᠳᠦᠭᠦᠯᠬᠦ ᠠᠵᠤ ᠦᠢᠯᠡᠰ ᠢ | ᠶᠡᠬᠡᠪᠡᠷ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠳᠣᠣᠷᠠᠳᠤ ᠤᠷᠤᠰᠬᠠᠯ ᠲᠡᠶᠢᠰᠢ ᠤᠷᠲᠤᠳᠬᠠᠬᠤ᠂ ᠦᠷᠳᠡᠭ ᠤᠨ ᠬᠡᠯᠬᠢᠶ᠎ᠡ ᠶᠢ ᠳᠤᠮᠳᠠ ᠳᠡᠭᠡᠳᠦ ᠳᠡᠰ | ᠲᠡᠶᠢᠰᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠤᠨ᠎ᠠ᠃ ᠪᠤᠭᠤᠲᠤ ︱ ᠪᠥ᠋ᠯᠤᠷᠤᠶᠢᠰᠢᠶᠠ ᠶᠢᠨ ᠲᠡᠮᠦᠷ ᠵᠠᠮ ᠤᠨ ᠬᠤᠷᠳᠤᠴᠠ ᠶᠢ ᠳᠡᠭᠡᠭᠰᠢᠯᠡᠭᠦᠯᠬᠦ | ᠥᠭᠡᠷᠡᠴᠢᠯᠡᠯᠲᠡ ᠶᠢ ᠪᠣᠳᠠᠲᠠᠢ ᠠᠬᠢᠴᠠ ᠲᠠᠢ ᠪᠣᠯᠭᠠᠬᠤ ᠶᠢ ᠢᠳᠡᠪᠬᠢᠲᠡᠢ ᠠᠬᠢᠭᠤᠯᠵᠤ᠂ ᠵᠥᠭᠡᠭᠡᠪᠦᠷᠢᠯᠡᠬᠦ ᠴᠢᠳᠠᠪᠤᠷᠢ ᠪᠣᠯᠣᠨ ᠰᠠᠴᠤᠷᠠᠭ ᠤᠨ ᠬᠡᠪᠴᠢᠶ᠎ᠡ ᠶᠢ | ᠪᠦᠲᠦᠮᠵᠢᠲᠡᠢ ᠳᠡᠭᠡᠭᠰᠢᠯᠡᠭᠦᠯᠬᠦ ᠶᠢ ᠡᠷᠲᠡᠬᠡᠨ ᠪᠡᠶᠡᠯᠡᠭᠦᠯᠦᠨ᠎ᠡ᠃ ᠲᠣᠭᠠᠴᠢᠯᠠᠭᠰᠠᠨ ᠮᠡᠷᠭᠡᠵᠢᠯ ᠤᠨ ᠰᠢᠨᠡᠴᠢᠯᠡᠯᠲᠡ ᠶᠢᠨ ᠠᠵᠠ ᠲᠣᠬᠢᠶᠠᠯ ᠢ ᠠᠮᠵᠢᠨ ᠠᠳᠬᠤᠵᠤ᠂ | ᠪᠠᠶ᠋ᠬᠠᠤᠪᠤᠭ᠎ᠠ ᠲᠡᠮᠦᠷ ᠤᠨ ᠠᠭᠤᠷᠬᠠᠢ ᠶᠢᠨ ᠣᠶᠤᠨᠲᠤ ᠠᠭᠤᠷᠬᠠᠢ᠂ ᠲᠣᠭᠠᠴᠢᠯᠠᠭᠰᠠᠨ ᠠᠭᠤᠷᠬᠠᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠬᠤ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ ᠤᠨ ᠥᠷᠨᠢᠩᠭᠦᠢ ᠬᠥᠭᠵᠢᠯᠲᠡ ᠵᠢᠢᠳᠡᠭᠡᠨ | ᠤᠮᠳᠠᠭᠠᠨ ᠤ ᠦᠢᠯᠡᠴᠢᠯᠡᠭᠡᠨ ᠤ ᠦᠢᠯᠡᠰ ᠤᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠰᠦᠪᠡᠭᠴᠢᠯᠡᠵᠦ᠂ ᠪᠠᠶ᠋ᠬᠤᠪᠤᠭ᠎ᠠ ᠲᠣᠮᠣ ᠠᠰᠠᠷ᠂ | ᠴᠢᠩ ᠯᠢᠶᠠᠨ ᠪᠠᠭᠤᠳᠠᠯ ᠵᠡᠷᠭᠡ ᠢᠳᠡᠭᠡᠨ ᠤᠮᠳᠠᠭᠠᠨ ᠤ ᠠᠵᠤ ᠠᠬᠤᠶᠢᠯᠠᠯ ᠳᠤ ᠲᠦᠰᠢᠭᠯᠡᠨ᠂ ᠨᠢᠭᠡ ᠪᠦᠯᠦᠭ ︽ᠪᠠᠶᠠᠠᠴᠤᠳ ᠤᠨ ᠵᠣᠴᠢᠯᠠᠬᠤ ᠲᠢᠩᠬᠢᠮ︾ ᠢ | ᠪᠣᠶ ᠪᠣᠯᠭᠠᠨ᠎ᠠ᠃ ︽ᠬᠠᠷᠢᠶ᠎ᠠ ᠠᠯᠤᠰᠯᠠᠭᠰᠠᠨ ᠭᠠᠵᠠᠷ︾ ᠤᠨ ᠵᠠᠭᠪᠤᠷ ᠢ ᠠᠮᠢᠳᠤᠯᠢᠭ ᠢᠶᠠᠷ ᠬᠡᠷᠡᠭᠯᠡᠵᠦ᠂ ᠨᠢᠭᠡ ᠪᠦᠯᠦᠭ ᠦᠢᠯᠡᠴᠢᠯᠡᠭᠡᠨ ᠤ ᠦᠢᠯᠡᠰ ᠤᠨ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠪᠣᠶᠢᠵᠢᠭᠤᠯᠤᠨ ᠴᠤᠭᠯᠠᠷᠠᠭᠤᠯᠵᠤ᠂ ︽ᠪᠠᠶ᠋ᠬᠠᠤᠪᠤᠭ᠎ᠠ ᠶᠢᠨ ᠦᠢᠯᠡᠴᠢᠯᠡᠭᠡᠨ︾ ᠤ ᠰᠢᠷᠢᠰ ᠨᠠᠷᠠᠲᠤ | ᠲᠥᠷᠥᠯ ᠲᠡᠮᠳᠡᠭᠲᠦ ᠶᠢ ᠪᠣᠶ ᠪᠣᠯᠭᠠᠨ᠎ᠠ᠃ | ︵ᠬᠤᠶᠠᠷ︶ ᠬᠦᠴᠦᠨ ᠢᠶᠠᠨ ᠲᠥᠪᠯᠡᠷᠡᠭᠦᠯᠦᠨ ︽ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ︾᠂ ︽ᠲᠦᠷᠪᠡᠨ ᠶᠡᠭᠡ ᠠᠵᠢᠯᠯᠠᠭ᠎ᠠ︾ ᠨᠢ | ᠬᠥᠭᠵᠢᠯᠲᠡ ᠶᠢᠨ ᠰᠢᠨ᠎ᠡ ᠬᠥᠳᠡᠯᠭᠡᠭᠦᠷ ᠢ ᠬᠥᠭᠵᠢᠭᠡᠵᠡᠢ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠤᠰᠬᠠᠢ ᠠᠵᠢᠯᠯᠠᠭ᠎ᠠ ᠶᠢ ᠥᠨᠳᠥᠷ ᠪᠦᠲᠦᠮᠵᠢᠲᠡᠶ ᠪᠠᠷ ᠥᠷᠨᠢᠭᠦᠯᠦᠨ᠎ᠡ᠃ ︽ᠨᠢᠭᠡ ᠠᠵᠢᠯ ᠲᠥᠷᠥᠯ ᠨᠢᠭᠡ | ᠠᠷᠭ᠎ᠠ ᠪᠣᠳᠣᠯᠭ᠎ᠠ︾ ᠶᠢᠨ ᠭᠤᠷᠪᠠᠨ ᠵᠢᠯ ᠤᠨ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ 24 ᠠᠵᠤ ᠦᠢᠯᠡᠰ ᠤᠨ ᠲᠥᠰᠥᠯ ᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠤᠳᠠᠯᠳᠤᠭᠠᠴᠢᠨ ᠤᠷᠢᠬᠤ ᠲᠤᠰᠬᠠᠢ ᠠᠩᠭᠢ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠠᠷᠠᠯᠵᠢᠶᠠᠴᠢᠨ | ᠤᠷᠢᠵᠤ ᠪᠡᠯᠡ ᠣᠷᠣᠭᠤᠯᠬᠤ ᠶᠢ ᠲᠦᠯᠬᠢᠨ ᠠᠬᠢᠭᠤᠯᠵᠤ᠂ ᠠᠷᠠᠯᠵᠢᠶᠠᠴᠢᠨ ᠤᠷᠢᠬᠤ ᠶᠢᠨ ᠨᠠᠷᠢᠯᠢᠭ ᠣᠨᠣᠴᠠᠲᠠᠢ ᠴᠢᠨᠠᠷ ᠪᠠ ᠪᠣᠳᠠᠲᠤ ᠦᠷ᠎ᠡ ᠠᠰᠢᠭᠲᠤ | ᠴᠢᠨᠠᠷ ᠢ ᠳᠡᠭᠡᠭᠰᠢᠯᠡᠭᠦᠯᠵᠦ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ | ᠴᠧᠩᠳᠦ᠋ ᠴᠦᠩᠴᠢᠩ ᠵᠡᠷᠭᠡ ᠳᠠᠪᠠᠭᠤᠯᠢᠭ ᠣᠨᠴᠠᠯᠢᠭᠲᠤ ᠣᠷᠣᠨ ᠪᠦᠰᠡ ᠶᠢ ᠭᠤᠣᠯᠳᠠᠯᠭ᠎ᠠ ᠲᠠᠢ ᠬᠠᠷᠠᠭᠠᠯᠠᠨ᠂ ᠲᠤᠰᠬᠠᠢ ᠮᠡᠷᠭᠡᠵᠢᠯ ᠢᠶᠠᠷ ᠬᠤᠳᠠᠯᠳᠤᠭᠠᠴᠢᠨ | ᠤᠷᠢᠬᠤ᠂ ᠴᠢᠭ᠋ ᠲᠤ ᠰᠠᠭᠤᠵᠤ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠤ ᠡᠪᠯᠡᠯ ᠢᠶᠠᠷ | ᠬᠤᠳᠠᠯᠳᠤᠭᠠᠴᠢᠨ ᠤᠷᠢᠬᠤ ᠵᠡᠷᠭᠡ ᠠᠷᠭ᠎ᠠ ᠮᠠᠶ᠋ᠢᠭ ᠢ ᠠᠪᠴᠤ᠂ ᠮᠠᠨ ᠤ ᠣᠷᠣᠨ ᠤ 4 ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ︽ᠬᠡᠯᠬᠢᠶᠡᠨ ᠤ | ᠡᠵᠡᠨ︾ ︽ᠪᠦᠯᠦᠭᠯᠡᠯ ᠤᠨ ᠡᠵᠡᠨ︾ ᠠᠵᠤ ᠠᠬᠤᠶᠢᠯᠠᠯ ᠢ ᠲᠣᠪᠤᠶᠢᠯᠭᠠᠨ᠂ ᠭᠤᠷᠪᠠᠨ ᠲᠥᠷᠥᠯ ᠤᠨ 500 ᠬᠦᠴᠦᠷᠬᠡᠭ ᠪᠠ ᠡᠯ᠎ᠡ ᠲᠥᠷᠥᠯ ᠤᠨ | ᠲᠣᠯᠣᠭᠠᠢ ᠶᠢᠨ ᠠᠵᠤ ᠠᠬᠤᠶᠢᠯᠠᠯ᠂ ᠰᠢᠨ ᠷᠦᠢ ᠠᠵᠤ ᠠᠬᠤᠶᠢᠯᠠᠯ ᠢ ᠲᠣᠭᠲᠠᠭᠠᠵᠤ᠂ ᠰᠢᠨ᠎ᠡ ᠶᠢ ᠡᠯᠰᠡᠵᠦ ᠰᠢᠯᠢᠳᠡᠭ ᠢ ᠣᠷᠣᠭᠤᠯᠤᠨ ᠠᠪᠴᠢᠷᠠᠵᠤ᠂ | ᠬᠡᠪᠴᠢᠶ᠎ᠡ ᠪᠠᠷ ᠶᠡᠭᠡ᠂ ᠳᠠᠶᠢᠴᠢᠯᠠᠬᠤ ᠴᠢᠨᠠᠷ ᠢᠶᠠᠷ ᠴᠢᠩᠭ᠎ᠠ ᠰᠠᠶᠢᠨ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠣᠷᠣᠭᠤᠯᠤᠨ ᠠᠪᠴᠢᠷᠠᠨ᠎ᠠ᠃ ᠨᠢᠭᠡᠨᠲᠡ | ᠭᠡᠷ᠎ᠡ ᠲᠣᠭᠲᠠᠭᠰᠠᠨ᠂ ᠰᠠᠨᠠᠭᠠᠴᠢᠯᠠᠭ᠎ᠠ ᠲᠠᠢ ᠲᠥᠷᠥᠯ ᠵᠦᠢᠯ ᠳᠤ ᠲᠤᠰᠬᠠᠢ ᠬᠥᠮᠥᠨ ᠢᠶᠠᠷ ᠦᠢᠯᠡᠴᠢᠯᠡᠬᠦ ᠪᠠ ᠵᠣᠯᠭᠠᠭᠤᠯᠬᠤ ᠡᠷᠴᠢᠮ ᠢᠶᠠᠨ ᠴᠢᠩᠭᠠᠷᠠᠭᠤᠯᠵᠤ᠂ | ᠬᠤᠳᠠᠯᠳᠤᠭᠠᠴᠢᠨ ᠤᠷᠢᠬᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠨᠣᠷᠮ᠎ᠠ ᠶᠢ ᠳᠡᠭᠡᠭᠰᠢᠯᠡᠭᠦᠯᠦᠨ᠂ ᠭᠠᠵᠠᠷ ᠣᠷᠣᠨ ᠤ ᠬᠥᠭᠵᠢᠯᠲᠡ ᠳᠤ ᠦᠨᠡᠨᠬᠦ ᠬᠦᠴᠦᠷᠬᠡᠭ | ᠶᠡᠭᠡ ᠬᠥᠳᠡᠯᠭᠡᠭᠦ ᠬᠦᠴᠦᠨ ᠢ ᠣᠯᠭᠤᠵᠤ᠂ ᠪᠥᠬᠦ ᠵᠢᠯ ᠳᠤ 40 ᠲᠥᠷᠥᠯ ᠵᠦᠢᠯ ᠠᠴᠠ ᠳᠡᠭᠡᠭᠰᠢ ᠭᠡᠷ᠎ᠡ ᠲᠣᠭᠲᠠᠵᠤ᠂ ᠵᠥᠪᠳᠡᠯᠴᠡᠭᠡᠷ ᠤᠨ ᠪᠡᠯᠡ ᠮᠥᠩᠭᠦ ᠶᠢ | 240 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠬᠦ ᠪᠠᠷ ᠴᠢᠷᠮᠠᠶᠢᠵᠤ᠂ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶ ᠶᠢᠨ | ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 1 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ ᠭᠠᠵᠠᠷ ᠣᠷᠣᠨ ᠤ ᠬᠥᠭᠵᠢᠯᠲᠡ ᠳᠤ ᠪᠠᠲᠤ ᠪᠠᠬᠢ | ᠲᠥᠷᠥᠯ ᠵᠦᠢᠯ ᠤᠨ ᠰᠠᠭᠤᠷᠢ ᠶᠢ ᠲᠠᠯᠪᠢᠨ᠎ᠠ᠃ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ᠳ᠋ᠦᠩᠰᠢᠭᠤᠷ ᠲᠥᠭᠦᠷᠢᠭ ᠠᠴᠠ ᠳᠡᠭᠡᠭᠰᠢᠬᠢ | ᠭᠤᠣᠯᠳᠠᠯᠭ᠎ᠠ ᠲᠠᠢ ᠲᠥᠷᠥᠯ ᠵᠦᠢᠯ ᠢ ᠪᠠᠶᠢᠭᠤᠯᠵᠤ᠂ ᠣᠷᠣᠨ ᠤ ᠤᠳᠤᠷᠢᠳᠤᠯᠭ᠎ᠠ ᠠᠴᠠ ᠴᠢᠬᠤᠯᠠ ᠶᠡᠭᠡ ᠠᠵᠤ ᠦᠢᠯᠡᠰ ᠤᠨ ᠲᠥᠷᠥᠯ ᠵᠦᠢᠯ᠂ ᠣᠷᠣᠨ ᠤ | ᠲᠠᠰ ᠤᠨ ᠭᠤᠣᠯᠳᠠᠯᠭ᠎ᠠ ᠲᠠᠢ ᠲᠥᠷᠥᠯ ᠵᠦᠢᠯ ᠤᠨ ︽ᠭᠤᠷᠪᠠᠨ ᠬᠠᠭᠤᠳᠠᠰᠤ ᠨᠠᠷᠢᠨ ᠬᠠᠭᠤᠳᠠᠰᠤ︾ ᠶᠢ ᠰᠢᠮᠳᠠᠭᠤᠯᠤᠨ ᠭᠦᠢᠴᠡᠳᠬᠡᠵᠦ᠂ ᠲᠥᠷᠥᠯ ᠵᠦᠢᠯ ᠤᠨ | ᠡᠮᠦᠨᠡᠬᠢ ᠬᠤᠭᠤᠴᠠᠭᠠᠨ ᠤ ᠠᠵᠢᠯ ᠤᠨ ᠲᠥᠯᠥᠪᠯᠡᠭᠡ ᠶᠣᠰᠣᠭᠠᠷ᠂ ᠠᠵᠢᠯ ᠤᠨ ᠬᠦᠴᠦᠨ ᠢᠶᠠᠨ ᠲᠡᠭᠦᠯᠳᠡᠷᠵᠢᠭᠦᠯᠦᠨ᠂ ᠬᠦᠴᠦᠲᠡᠢ ᠠᠷᠭ᠎ᠠ ᠬᠡᠮᠵᠢᠶ᠎ᠡ ᠠᠪᠴᠤ | ᠪᠠᠶᠢᠭᠠᠳ 22 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ | ᠦᠨᠡᠨᠬᠦ ᠪᠠᠲᠤᠯᠠᠵᠤ᠂ ᠵᠢᠯ ᠤᠨ ᠳᠣᠲᠣᠷ᠎ᠠ15.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠠᠷᠢᠭᠤᠨ ᠴᠡᠪᠡᠷ | ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠠᠰᠢᠭᠯᠠᠬᠤ᠂ ᠲᠠᠷᠬᠠᠮᠠᠯ | ᠬᠡᠯᠪᠡᠷᠢ ᠶᠢᠨ ᠬᠡᠷᠡᠯ ᠢᠶᠠᠷ ᠴᠠᠬᠢᠯᠭᠠᠨ ᠭᠠᠷᠭᠠᠬᠤ᠂ ᠰᠠᠯᠬᠢ ᠬᠡᠷᠡᠯ ᠢᠶᠠᠷ ᠬᠠᠳᠠᠭᠠᠯᠠᠬᠤ ᠠᠭᠤᠷᠬᠠᠢ ᠶᠢ ᠵᠠᠰᠠᠬᠤ᠂ ᠮᠠᠰᠢᠨ ᠲᠡᠷᠭᠡᠨ ᠤ ᠤᠰᠤᠲᠥ᠋ᠷᠥᠭᠴᠢ | ᠲᠦᠯᠡᠰᠢ ᠶᠢ ᠥᠭᠡᠷᠡᠴᠢᠯᠡᠬᠦ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠭᠰᠠᠨ᠂ ᠣᠯᠠᠨ | ᠡᠨᠧᠷᠭᠢ ᠪᠠᠷ ᠬᠠᠷᠢᠯᠴᠠᠨ ᠨᠥᠬᠦᠪᠦᠷᠢᠯᠡᠭᠰᠡᠨ᠂ ᠠᠮᠢᠳᠤᠯᠢᠭ ᠢᠶᠠᠷ ᠲᠣᠬᠢᠷᠠᠭᠤᠯᠤᠭᠰᠠᠨ᠂ ᠬᠢᠮᠳᠠ ᠪᠥᠭᠡᠳ ᠥᠨᠳᠥᠷ ᠦᠷ᠎ᠡ ᠪᠦᠲᠦᠮᠵᠢᠲᠡᠶ ᠰᠢᠨ᠎ᠡ ᠡᠨᠧᠷᠭᠢ ᠶᠢᠨ | ᠠᠵᠤ ᠦᠢᠯᠡᠰ ᠤᠨ ᠪᠠᠶᠢᠷᠢᠰᠢᠯ ᠢ ᠬᠦᠴᠦᠯᠡᠨ ᠪᠣᠶ ᠪᠣᠯᠭᠠᠨ᠎ᠠ᠃ ᠪᠠᠶᠠᠨ᠋ᠣ᠋ᠪᠣᠭ᠎ᠠ ᠶᠢᠨ ᠨᠡᠭᠦᠷᠡᠰᠦᠲᠥ᠋ᠷᠥᠭᠴᠢ ᠶᠢᠨ ᠳᠤᠮᠳᠠ ᠪᠠ ᠪᠣᠬᠢᠷᠳᠤᠯ ᠦᠭᠡᠢ ᠦᠢᠯᠡᠳᠪᠦᠷᠢ | ᠠᠭᠤᠷᠬᠠᠢ ᠶᠢᠨ ᠤᠰᠤᠲᠥ᠋ᠷᠥᠭᠴᠢ ᠶᠢᠨ ᠡᠨᠧᠷᠭᠢ ᠶᠢᠨ ᠥᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ ᠵᠡᠷᠭᠡ ᠰᠢᠨ᠎ᠡ ᠪᠠᠷ ᠪᠠᠶᠢᠭᠤᠯᠬᠤ 26 ᠵᠦᠢᠯᠡᠰ ᠤᠨ | ᠪᠠᠷᠢᠯᠭ᠎ᠠ ᠶᠢᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠱᠠᠯᠠᠪᠳᠠᠨ ᠲᠦᠯᠬᠢᠨ ᠠᠬᠢᠭᠤᠯᠤᠨ᠎ᠠ᠃ 5G ᠶᠢᠨ ᠵᠢᠯᠣᠭᠤᠴᠢ ᠦᠭᠡᠢ ᠣᠶᠤᠨᠲᠤ | ᠠᠭᠤᠷᠬᠠᠢ ᠶᠢᠨ ᠮᠡᠷᠭᠡᠵᠢᠯ ᠢ ᠨᠡᠭᠡᠭᠡᠨ ᠬᠥᠭᠵᠢᠭᠦᠯᠵᠦ ᠬᠡᠷᠡᠭᠯᠡᠬᠦ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠠᠯᠮᠠᠰ ᠬᠠᠶᠢᠯᠤᠭᠤᠷ ᠵᠤᠩᠰᠢ ᠶᠢᠨ ᠡᠬᠢ | ᠪᠠᠶᠠᠯᠢᠭ ᠢ ᠶᠡᠷᠦᠩᠬᠡᠶᠢᠯᠡᠨ ᠠᠰᠢᠭᠯᠠᠵᠤ ᠬᠦᠳᠡᠷ ᠰᠢᠯᠢᠬᠦ ᠮᠡᠷᠭᠡᠵᠢᠯ ᠤᠨ ᠥᠭᠡᠷᠡᠴᠢᠯᠡᠯᠲᠡ ᠵᠡᠷᠭᠡ 14 ᠦᠷᠭᠦᠯᠵᠢᠯᠡᠨ ᠪᠠᠶᠢᠭᠤᠯᠬᠤ ᠲᠥᠷᠥᠯ ᠵᠦᠢᠯ ᠢ | ᠲᠦᠷᠭᠡᠳᠬᠡᠨ ᠠᠬᠢᠭᠤᠯᠤᠨ᠎ᠠ᠃ ᠲᠥᠷᠥᠯ ᠵᠦᠢᠯ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ | ᠲᠥᠷᠥᠯ ᠵᠦᠢᠯ ᠤᠨ ᠭᠡᠷ᠎ᠡ ᠲᠣᠭᠲᠠᠬᠤ᠂ ᠭᠡᠷ᠎ᠡ ᠲᠣᠭᠲᠠᠬᠤ ᠲᠥᠷᠥᠯ ᠵᠦᠢᠯ ᠢ ᠪᠣᠳᠠᠲᠠᠶᠢᠵᠢᠭᠤᠯᠬᠤ᠂ ᠪᠣᠳᠠᠲᠠᠶᠢᠵᠢᠭᠤᠯᠬᠤ ᠲᠥᠷᠥᠯ ᠵᠦᠢᠯ ᠢ ᠠᠵᠢᠯ | ᠡᠬᠢᠯᠡᠭᠦᠯᠬᠦ᠂ ᠠᠵᠢᠯ ᠡᠬᠢᠯᠡᠭᠦᠯᠬᠦ ᠲᠥᠷᠥᠯ ᠵᠦᠢᠯ ᠢ ᠦᠢᠯᠡᠳᠪᠦᠷᠢᠯᠡᠯ ᠳᠤ ᠣᠷᠣᠭᠤᠯᠬᠤ ᠶᠢ ᠬᠦᠴᠦᠯᠡᠨ ᠠᠬᠢᠭᠤᠯᠤᠨ᠎ᠠ᠃ | ᠰᠢᠨ᠎ᠡ ᠶᠢ ᠡᠭᠦᠳᠴᠦ ᠴᠢᠳᠠᠪᠤᠷᠢ ᠣᠯᠭᠤᠬᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠳᠤᠮᠳᠠᠳᠤ ᠤᠯᠤᠰ︾ ᠤᠨ ᠲᠤᠷᠰᠢᠯᠲᠠ ᠶᠢᠨ ᠴᠢᠭ᠋ ᠲᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠪᠤᠭᠤᠲᠤ ︵ᠪᠡᠭᠡᠵᠢᠩ︶ ᠶᠢᠨ ᠬᠢᠯᠢ ᠶᠢᠨ | ᠭᠠᠳᠠᠨᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠡᠬᠢ ᠪᠠᠶᠠᠯᠢᠭ ᠢ | ᠵᠠᠯᠭᠠᠬᠤ᠂ ᠣᠨᠳᠣᠣ ᠭᠠᠵᠠᠷ ᠲᠤ ᠰᠤᠳᠤᠯᠤᠨ ᠨᠡᠭᠡᠭᠡᠵᠦ ᠨᠡᠪᠴᠢᠭᠦᠯᠬᠦ᠂ ᠲᠣᠰ ᠭᠠᠵᠠᠷ ᠤᠨ ᠪᠣᠳᠠᠲᠤ ᠴᠣᠭᠴᠠ ᠶᠢᠨ ᠠᠵᠢᠯᠯᠠᠭᠠᠨ ᠵᠡᠷᠭᠡ ᠵᠠᠭᠪᠤᠷ ᠢᠶᠠᠷ | ᠳᠠᠮᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠤᠨ᠎ᠠ᠃ ︽ᠪᠠᠶᠠᠨ᠋ᠣ᠋ᠪᠣᠭ᠎ᠠ ᠶᠢᠨ | ᠵᠠᠰᠠᠭ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ᠂ ᠭᠠᠵᠠᠷ ᠣᠷᠣᠨ ᠤ ᠠᠭᠤᠷᠬᠠᠢ ᠮᠠᠯᠲᠠᠬᠤ ᠰᠣᠩᠭᠤᠨ | ᠪᠣᠯᠪᠠᠰᠤᠷᠠᠭᠤᠯᠬᠤ ᠶᠢ ᠬᠠᠮᠵᠢᠯᠴᠠᠭᠤᠯᠤᠨ ᠰᠢᠨ᠎ᠡ ᠶᠢ ᠡᠭᠦᠳᠬᠦ ᠲᠥᠪ︾ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠰᠤᠳᠤᠯᠤᠨ ᠨᠡᠭᠡᠭᠡᠬᠦ᠂ ᠮᠡᠷᠭᠡᠵᠢᠯ ᠤᠨ ᠪᠣᠭᠤᠮᠲᠠ ᠰᠢᠪᠲᠤᠯᠬᠤ᠂ ᠦᠷ᠎ᠡ ᠪᠦᠲᠦᠭᠡᠯ ᠢ ᠬᠤᠪᠢᠷᠠᠭᠤᠯᠬᠤ ᠵᠡᠷᠭᠡ ᠲᠠᠯ᠎ᠠ ᠪᠠᠷ ᠭᠦᠨᠵᠡᠭᠡᠢ | ᠠᠭᠤᠰᠤᠯᠴᠠᠭᠤᠯᠤᠨ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ᠂ ᠠᠵᠤ ᠠᠬᠤᠶᠢᠯᠠᠯ | ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠬᠠᠷᠢᠯᠴᠠᠨ ᠤᠶᠠᠯᠳᠤᠭᠤᠯᠤᠭᠰᠠᠨ ᠮᠡᠷᠭᠡᠵᠢᠯ ᠤᠨ ᠰᠢᠨ᠎ᠡ ᠶᠢ ᠡᠭᠦᠳᠬᠦ | ᠰᠢᠰᠲ᠋ᠧᠮᠵᠢ ᠶᠢ ᠪᠠᠶᠢᠭᠤᠯᠤᠨ᠎ᠠ᠃ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ ᠳᠤ ᠢᠳᠡᠪᠬᠢᠲᠡᠢ ᠪᠠᠷ ᠣᠷᠤᠯᠴᠠᠬᠤ ᠶᠢ | ᠵᠣᠷᠢᠭᠵᠢᠭᠤᠯᠤᠨ ᠲᠡᠮᠵᠢᠵᠤ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠤᠮᠳᠠ ᠳᠣᠣᠷᠠᠳᠤ ᠤᠷᠤᠰᠬᠠᠯ᠂ ᠲᠣᠮᠣ ᠳᠤᠮᠳᠠ ᠵᠢᠵᠢᠭ ᠠᠵᠤ ᠠᠬᠤᠶᠢᠯᠠᠯ ᠤᠨ | ᠨᠡᠶᠢᠯᠡᠯ ᠨᠡᠪᠲᠡᠷᠡᠯᠴᠡᠭᠡ ᠶᠢ ︽ᠬᠠᠷᠢᠶ᠎ᠠ ᠠᠯᠤᠰᠯᠠᠭᠰᠠᠨ ᠭᠠᠵᠠᠷ ᠤᠨ ᠠᠵᠤ ᠠᠬᠤᠢ︾ ᠶᠢᠨ ᠵᠠᠭᠪᠤᠷ ᠲᠤ ᠰᠢᠨ᠎ᠡ ᠶᠢ ᠡᠭᠦᠳᠴᠦ᠂ ᠡᠳ᠋ ᠬᠥᠷᠥᠩᠭᠡ ᠶᠢᠨ | ᠬᠠᠮᠢᠶᠠᠷᠤᠯᠲᠠ᠂ ᠪᠡᠯᠡ ᠣᠷᠣᠭᠤᠯᠤᠯᠲᠠ ᠶᠢᠨ ᠨᠡᠭᠡᠭᠡᠯᠲᠡ᠂ ᠵᠠᠬ᠎ᠠ ᠳᠡᠯᠭᠡᠭᠦᠷ ᠤᠨ ᠡᠵᠡᠩᠨᠡᠯᠲᠡ ᠵᠡᠷᠭᠡ ᠠᠮᠢ ᠠᠬᠤᠢ ᠶᠢᠨ ᠰᠢᠰᠲ᠋ᠧᠮᠵᠢ ᠶᠢ ᠪᠠᠶᠢᠭᠤᠯᠤᠨ᠂ ᠠᠵᠤ | ᠦᠢᠯᠡᠰ ᠤᠨ ᠲᠥᠪᠯᠡᠷᠡᠯ ᠤᠨ ᠬᠢᠷᠢ ᠬᠡᠮᠵᠢᠶ᠎ᠡ᠂ ᠪᠡᠯᠡ ᠣᠷᠣᠭᠤᠯᠤᠯᠲᠠ ᠶᠢᠨ ᠡᠷᠴᠢᠮ ᠪᠠ ᠮᠦ ᠪᠦᠷᠢ ᠶᠢᠨ ᠳᠤᠮᠳᠠᠴᠢ ᠦᠷ᠎ᠡ ᠠᠰᠢᠭ ᠢ ᠳᠡᠭᠡᠭᠰᠢᠯᠡᠭᠦᠯᠵᠦ᠂ | ᠵᠢᠯ ᠤᠨ ᠳᠣᠲᠣᠷ᠎ᠠ 6 ᠡᠷᠦᠬᠡ ᠠᠴᠠ ᠳᠡᠭᠡᠭᠰᠢ ᠬᠦᠷᠢᠶᠡᠯᠡᠩ ᠨᠡᠭᠡᠭᠡᠬᠦ ᠲᠥᠷᠥᠯ ᠵᠦᠢᠯ ᠢ ᠴᠢᠷᠮᠠᠶᠢᠨ ᠪᠡᠶᠡᠯᠡᠭᠦᠯᠵᠦ᠂ ᠡᠵᠡᠩᠨᠡᠯᠲᠡ ᠶᠢᠨ ᠣᠷᠣᠯᠭ᠎ᠠ ᠶᠢ 30 | ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠂ ᠬᠦᠷᠢᠶᠡᠯᠡᠩ ᠲᠣᠭᠤᠷᠢᠭ ᠤᠨ ᠠᠵᠤ ᠠᠬᠤᠢ ᠶᠢᠨ ᠡᠷᠴᠢᠮᠵᠢᠭᠰᠡᠨ᠂ ᠪᠥᠭᠡᠮᠨᠡᠷᠡᠭᠰᠡᠨ᠂ ᠲᠥᠪᠯᠡᠷᠡᠭᠰᠡᠨ ᠴᠢᠨᠠᠷ | ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠥᠨᠳᠥᠷ ᠦᠷ᠎ᠡ ᠪᠦᠲᠦᠮᠵᠢᠲᠡᠶ ᠪᠠᠷ ᠠᠬᠢᠭᠤᠯᠤᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ ᠪᠥᠬᠦ ᠤᠯᠤᠰ ᠤᠨ ᠲᠡᠷᠢᠭᠦᠨ ᠲᠠᠰ ᠤᠨ | ᠪᠠᠷᠢᠮᠵᠢᠶ᠎ᠠ ᠲᠠᠢ ᠬᠠᠷᠢᠴᠠᠭᠤᠯᠵᠤ᠂ ︽ᠴᠥᠭᠡᠨ ᠲᠦᠷᠭᠡᠨ ᠴᠢᠨᠠᠷᠲᠠᠢ︾ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠪᠠᠶ᠋ᠬᠠᠤᠪᠤᠭ᠎ᠠ ᠶᠢᠨ ᠬᠤᠷᠳᠤᠴᠠ ᠳᠤ ᠬᠠᠨᠤᠮᠵᠢᠲᠠᠶ ᠪᠠᠶᠢᠬᠤ ᠶᠢ ᠳᠠᠭᠠᠭᠠᠪᠠᠯ ᠬᠠᠮᠤᠭ ᠤᠨ ᠬᠢᠯᠪᠠᠷ | ︾ ᠨᠠᠷᠠᠲᠤ ᠲᠥᠷᠥᠯ ᠲᠡᠮᠳᠡᠭᠲᠦ ᠶᠢᠨ ᠨᠡᠷ᠎ᠡ ᠠᠯᠳᠠᠷ ᠤᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︽ᠵᠢᠷᠭᠤᠭ᠎ᠠ ᠶᠢ ᠪᠠᠭᠠᠰᠬᠠᠵᠤ ᠵᠢᠷᠭᠤᠭ᠎ᠠ ᠶᠢ | ᠡᠷᠭᠢᠯᠡᠬᠦ︾ ᠠᠵᠢᠯ ᠤᠨ ᠰᠡᠳᠬᠢᠮᠵᠢ ᠶᠢ ᠪᠠᠷᠢᠮᠲᠠᠯᠠᠨ᠂ ︽ᠵᠢᠷᠭᠤᠭ᠎ᠠ ᠶᠢ ᠪᠠᠭᠠᠰᠬᠠᠵᠤ ᠬᠤᠶᠠᠷ ᠢ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ︽ᠨᠢᠭᠡ ᠯᠡ ᠤᠳᠠᠭ᠎ᠠ ᠳᠤ ᠭᠦᠢᠴᠡᠳᠬᠡᠬᠦ᠂ ᠲᠠᠨ ᠢ ᠬᠠᠪᠰᠤᠷᠤᠨ ᠭᠦᠢᠴᠡᠳᠬᠡᠬᠦ︾ ᠳᠦᠷᠢᠮ ᠤᠨ ᠲᠣᠭᠲᠠᠴᠠ ᠪᠠ ᠡᠩᠨᠡᠭᠡ ᠶᠢᠨ ᠪᠠᠶᠢᠭᠤᠯᠤᠯᠲᠠ ᠶᠢ | ᠴᠢᠩᠭᠠᠷᠠᠭᠤᠯᠤᠨ᠂ ︽ᠶᠡᠷᠦᠩᠬᠡᠢ ᠰᠠᠯᠠᠭ᠎ᠠ ᠳᠤ ᠢᠯᠭᠠᠭ᠎ᠠ ᠦᠭᠡᠢ ᠭᠥᠯᠢᠶᠡᠨ ᠠᠪᠴᠤ ᠰᠢᠢᠳᠪᠦᠷᠢᠯᠡᠬᠦ︾ ᠵᠠᠭᠪᠤᠷ ᠢ ᠦᠷᠭᠦᠯᠵᠢᠯᠡᠨ ᠲᠡᠭᠦᠯᠳᠡᠷᠵᠢᠭᠦᠯᠵᠦ᠂ | ᠭᠤᠶᠤᠴᠢᠯᠠᠭᠰᠠᠨ ᠵᠦᠢᠯᠡᠰ ᠢ ᠦᠨᠳᠦᠰᠦᠯᠡᠨ ︽ᠨᠢᠭᠡ ᠴᠣᠩᠬᠤᠪᠴᠢ︾ ᠪᠠᠷ ᠭᠥᠯᠢᠶᠡᠨ ᠠᠪᠴᠤ ᠰᠢᠢᠳᠪᠦᠷᠢᠯᠡᠬᠦ ᠨᠣᠷᠮ᠎ᠠ ᠶᠢ 85% ᠠᠴᠠ ᠳᠡᠭᠡᠭᠰᠢ ᠳᠤ | ᠬᠦᠷᠦᠭᠦᠯᠵᠦ᠂ ᠲᠤᠶᠢᠯ ᠤᠨ ᠲᠥᠬᠦᠮ ᠬᠢᠨᠠᠨ ᠵᠥᠪᠰᠢᠶᠡᠷᠡᠯ ᠤᠨ ᠬᠠᠮᠤᠭ ᠤᠨ ᠰᠠᠶᠢᠨ ᠵᠢᠱᠢᠶ᠎ᠡ ᠦᠵᠡᠭᠦᠯᠬᠦ ᠶᠢ ᠪᠣᠶ ᠪᠣᠯᠭᠠᠨ᠎ᠠ᠃ ᠠᠮᠠᠯᠠᠯᠲᠠ ᠶᠢᠨ ᠳᠦᠷᠢᠮ᠂ | ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ᠂ ᠣᠷᠣᠨ ᠪᠦᠰᠡ ᠶᠢᠨ ᠦᠨᠡᠯᠡᠨ ᠵᠢᠱᠢᠯᠲᠡ᠂ ᠳᠠᠭᠤᠷᠢᠶᠠᠮᠠᠯ ᠬᠢᠨᠠᠨ ᠵᠥᠪᠰᠢᠶᠡᠷᠡᠯ᠂ ᠣᠷᠣᠯᠠᠨ ᠭᠦᠢᠴᠡᠳᠬᠡᠬᠦ | ᠦᠢᠯᠡᠴᠢᠯᠡᠭᠡ ᠵᠡᠷᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠬᠢᠨᠠᠨ ᠵᠥᠪᠰᠢᠶᠡᠷᠡᠯ ᠤᠨ | ᠬᠠᠮᠤᠭ ᠤᠨ ᠳᠥᠭᠦᠮ ᠳᠥᠲᠡ ᠵᠠᠭᠪᠤᠷ ᠢ ᠪᠣᠶ ᠪᠣᠯᠭᠠᠨ᠎ᠠ᠃ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠡᠭᠦᠷᠭᠡ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠪᠥᠸᠧ ᠶᠤᠸᠠᠨ ᠤᠰᠤ ᠬᠠᠩᠭᠠᠬᠤ ᠭᠠᠳᠠᠭᠰᠢᠯᠠᠭᠤᠯᠬᠤ ᠺᠣᠮᠫᠠᠨᠢ ᠶᠢᠨ ᠪᠣᠳᠠᠲᠤ ᠴᠣᠭᠴᠠᠲᠤ ᠠᠵᠢᠯᠯᠠᠭᠠᠨ ᠢ ᠠᠬᠢᠭᠤᠯᠤᠨ᠂ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠦᠨᠡᠨᠬᠦ ᠪᠠᠲᠤᠯᠠᠨ᠎ᠠ᠃ᠮᠢᠩᠭᠠᠨ ᠮᠧᠭ᠎ᠠ ᠶᠢᠨ ᠲᠣᠣᠷ ᠢ ᠪᠠᠬᠢᠵᠢᠭᠦᠯᠬᠦ | ᠲᠦᠭᠡᠮᠡᠯᠵᠢᠭᠦᠯᠦᠯᠲᠡ ᠶᠢᠨ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠠᠵᠤ ᠦᠢᠯᠡᠰ ᠤᠨ ᠲᠣᠭᠠᠵᠢᠭᠤᠯᠬᠤ᠂ ᠰᠦᠯᠵᠢᠶᠡᠵᠢᠭᠦᠯᠬᠦ᠂ ᠣᠶᠤᠨᠴᠢᠯᠠᠬᠤ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠤᠨ᠂ ᠠᠵᠤ ᠠᠬᠤᠶᠢᠯᠠᠯ᠂ ᠰᠠᠭᠤᠭᠠᠯᠢ ᠠᠷᠠᠳ ᠤᠨ ᠠᠵᠢᠯ ᠶᠠᠪᠤᠳᠠᠯ ᠭᠦᠢᠴᠡᠳᠬᠡᠬᠦ ᠶᠢᠨ | ᠳᠥᠭᠦᠮᠴᠢᠯᠡᠯᠲᠡ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠣᠭᠠᠴᠢᠯᠠᠭᠰᠠᠨ ᠵᠠᠰᠠᠭ ᠤᠨ ᠣᠷᠳᠣᠨ ᠤ ᠰᠢᠨ᠎ᠡ ᠥᠨᠳᠦᠷᠯᠢᠭ ᠢ ᠪᠣᠶ ᠪᠣᠯᠭᠠᠨ᠎ᠠ᠃ | ︽ᠦᠨᠡᠮᠯᠡᠯ ᠢ ᠴᠥᠭᠡᠳᠬᠡᠨ ᠠᠷᠠᠳ ᠲᠤ ᠲᠥᠬᠦᠮ ᠦᠵᠡᠭᠦᠯᠬᠦ︾ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠶᠠᠰᠤ ᠴᠢᠨᠠᠷ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ ᠢ ᠴᠢᠩᠭ᠎ᠠ | ᠬᠡᠷᠡᠭᠵᠢᠭᠦᠯᠵᠦ᠂ ᠲᠥᠬᠦᠮ ᠪᠥᠭᠡᠳ ᠥᠨᠳᠥᠷ ᠪᠦᠲᠦᠮᠵᠢᠲᠡᠶ ᠰᠢᠭᠦᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ᠂ ᠬᠠᠤᠯᠢ ᠪᠠᠷ ᠵᠠᠰᠠᠬᠤ ᠬᠤᠳᠠᠯᠳᠤᠭ᠎ᠠ | ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ︽ᠬᠠᠮ ᠠᠷᠭ᠎ᠠ ᠬᠡᠮᠵᠢᠶ᠎ᠡ︾ ᠶᠢ ᠭᠠᠷᠭᠠᠨ᠎ᠠ᠃ | ︵ᠭᠤᠷᠪᠠ︶ ︽ᠬᠤᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ︾ ᠳᠤ ᠬᠦᠴᠦ ᠪᠠᠨ ᠲᠥᠪᠯᠡᠷᠡᠭᠦᠯᠵᠦ᠂ ᠰᠣᠳᠣᠨ ᠬᠤᠲᠠ ᠶᠢᠨ ᠲᠣᠭᠤᠷᠢᠭ ᠢ | ᠲᠦᠷᠭᠡᠳᠬᠡᠨ ᠪᠦᠲᠦᠭᠡᠨ ᠪᠠᠶᠢᠭᠤᠯᠤᠨ᠎ᠠ | ᠬᠥᠭᠵᠢᠯᠲᠡ ᠶᠢᠨ ᠪᠠᠶᠢᠷᠢᠯᠠᠭᠤᠯᠤᠯᠲᠠ ᠶᠢ ᠰᠡᠳᠬᠢᠯ ᠲᠠᠯᠪᠢᠨ ᠲᠥᠯᠥᠪᠵᠢᠭᠦᠯᠦᠨ᠎ᠡ᠃ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠤᠯᠠᠮ ᠨᠢᠭᠡ | ᠠᠯᠬᠤᠮ ᠴᠢᠩᠭᠠᠳᠬᠠᠵᠤ᠂ ᠣᠷᠣᠨ ᠵᠠᠢ ᠶᠢᠨ ᠪᠠᠶᠢᠷᠢᠰᠢᠯ ᠢ ᠰᠢᠯᠢᠳᠡᠭᠵᠢᠭᠦᠯᠦᠨ᠂ ᠴᠢᠳᠠᠮᠵᠢᠲᠤ ᠣᠷᠣᠨ ᠬᠤᠪᠢᠶᠠᠷᠢᠯᠠᠯ ᠵᠢᠴᠢ ᠬᠤᠳᠠ ᠶᠢᠨ ᠳᠦᠷᠢ ᠲᠥᠷᠬᠦ ᠶᠢᠨ | ᠵᠢᠷᠤᠭ ᠲᠥᠯᠥᠪᠯᠡᠭᠡ ᠶᠢ ᠲᠡᠭᠦᠯᠳᠡᠷᠵᠢᠭᠦᠯᠵᠦ᠂ ᠬᠤᠳᠠ ᠶᠢᠨ ᠴᠢᠳᠠᠮᠵᠢ ᠶᠢ ᠨᠡᠩ ᠪᠦᠷᠢᠨ ᠭᠦᠢᠴᠡᠳ᠂ ᠬᠤᠳᠠ ᠶᠢᠨ ᠪᠠᠶᠢᠷᠢᠰᠢᠯ ᠢ ᠨᠡᠩ ᠵᠦᠢ ᠵᠣᠬᠢᠰᠲᠠᠢ᠂ | ᠬᠤᠳᠠ ᠶᠢᠨ ᠠᠭᠤᠯᠤᠭᠳᠠᠬᠤᠨ ᠢ ᠨᠡᠩ ᠡᠯᠪᠡᠭ ᠪᠠᠶᠠᠯᠢᠭ ᠪᠣᠯᠭᠠᠬᠤ ᠶᠢ ᠦᠨᠡᠨ ᠬᠦ ᠪᠠᠲᠤᠯᠠᠵᠤ᠂ ᠢᠮᠠᠬᠤ ᠣᠷᠣᠨ ᠵᠠᠢ ᠶᠢ ᠰᠠᠶᠢᠲᠤᠷ ᠬᠡᠷᠡᠭᠯᠡᠵᠦ ᠰᠠᠶᠢᠲᠤᠷ | ᠬᠠᠮᠢᠶᠠᠷᠤᠨ᠎ᠠ᠃ ᠤᠯᠤᠰ ᠤᠨ ᠵᠠᠮ ᠤᠨ 210 ᠱᠤᠭᠤᠮ ᠤᠨ ᠪᠠᠶ᠋ᠬᠠᠤᠪᠤᠭ᠎ᠠ ᠠᠴᠠ ᠭᠦᠶᠠᠩ ᠬᠦᠷᠬᠦ ᠬᠡᠰᠡᠭ ᠤᠨ ᠨᠢᠭᠡᠳᠦᠭᠡᠷ ᠳᠡᠰ ᠤᠨ ᠵᠠᠰᠠᠮᠠᠯ ᠵᠠᠮ ᠪᠠ 335 | ᠱᠤᠭᠤᠮ ᠤᠨ ᠪᠠᠶ᠋ᠬᠠᠤᠪᠤᠭ᠎ᠠ ᠠᠴᠠ ᠮᠢᠩ ᠠᠨ ᠬᠦᠷᠬᠦ ᠬᠡᠰᠡᠭ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠵᠠᠮ ᠬᠠᠷᠢᠯᠴᠠᠭᠠᠨ ᠤ | ᠶᠠᠪᠤᠵᠤ ᠰᠠᠭᠤᠬᠤ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠬᠤᠳᠠ ᠶᠢᠨ ᠵᠢᠷᠤᠭ ᠲᠥᠯᠥᠪᠯᠡᠭᠡ ᠶᠢ ᠴᠢᠩᠭᠠᠳᠬᠠᠵᠤ᠂ ᠥᠪᠡᠷᠮᠢᠴᠡ ᠣᠨᠴᠠᠯᠢᠭ ᠲᠠᠢ ︽ | ᠬᠤᠳᠠ ᠶᠢᠨ ᠤᠯᠠᠭ᠎ᠠ ᠦᠷᠳᠡᠭᠡ︾ ᠶᠢ ᠪᠤᠢ ᠪᠣᠯᠭᠠᠵᠤ᠂ ᠬᠤᠳᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ | ᠤᠷᠠᠨ ᠳᠠᠷᠬᠠᠨ ᠠᠴᠠ ᠰᠣᠳᠣᠨ ᠬᠤᠲᠠ ᠶᠢ ᠡᠭᠦᠳᠦᠨ ᠪᠦᠲᠦᠭᠡᠳᠡᠭ᠃ ᠪᠥᠬᠦ ᠬᠤᠲᠠ ᠶᠢᠨ ᠱᠠᠨ ᠪᠧᠢ ᠭᠠᠵᠠᠷ ᠣᠷᠣᠨ ᠢ ᠨᠢᠭᠡ ᠴᠣᠭᠴᠠᠵᠢᠭᠤᠯᠤᠨ | ᠬᠥᠭᠵᠢᠭᠦᠯᠬᠦ ᠶᠢ ᠳᠡᠮᠵᠢᠬᠦ ᠴᠢᠬᠤᠯᠠ ᠶᠡᠭᠡ ᠠᠵᠠ ᠲᠣᠬᠢᠶᠠᠯ ᠲᠠᠢ ᠤᠶᠠᠯᠳᠤᠭᠤᠯᠤᠨ᠂ 1.9 ᠳ᠋ᠦᠩᠰᠢᠭᠤᠷ ᠲᠥᠭᠦᠷᠢᠭ ᠣᠷᠣᠭᠤᠯᠵᠤ᠂ ᠬᠤᠲᠠ ᠶᠢᠨ ᠰᠢᠨᠡᠳᠬᠡᠬᠦ | ᠠᠵᠢᠯᠯᠠᠭ᠎ᠠ ᠶᠢ ᠡᠮᠬᠢ ᠵᠢᠷᠤᠮ ᠲᠠᠢ ᠲᠦᠯᠬᠢᠨ ᠠᠬᠢᠭᠤᠯᠵᠤ᠂ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢᠨ ᠲᠠᠩᠰᠠ ᠡᠪᠬᠡᠮᠡᠯ ᠢ | ᠳᠡᠭᠡᠭᠰᠢᠯᠡᠭᠦᠯᠦᠨ ᠲᠠᠰ ᠳᠡᠪᠰᠢᠭᠦᠯᠬᠦ᠂ ᠬᠤᠲᠠ ᠶᠢᠨ ᠤᠰᠤ ᠬᠠᠩᠭᠠᠬᠤ ᠬᠤᠭᠤᠯᠠᠢ ᠱᠤᠭᠤᠮ ᠢ ᠥᠭᠡᠷᠡᠴᠢᠯᠡᠬᠦ ᠢᠨᠵᠧᠨᠧᠷᠢᠩ ᠢ ᠲᠦᠯᠬᠢᠨ ᠠᠬᠢᠭᠤᠯᠵᠤ᠂ | ᠬᠠᠭᠤᠴᠢᠨ ᠪᠠ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠦᠨ᠎ᠡ᠃ ᠳᠡᠭᠡᠳᠦ ᠱᠠᠲᠤᠨ ᠤ ᠲᠤᠰᠬᠠᠢ | ᠵᠦᠢᠯ ᠤᠨ ᠲᠥᠷᠥ ᠶᠢᠨ ᠪᠣᠳᠣᠯᠭ᠎ᠠ ᠪᠠ ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠯᠡᠨ ᠣᠯᠵᠤ᠂ ᠢᠯᠴᠢ ᠴᠠᠬᠢᠯᠭᠠᠨ ᠢ ᠬᠠᠮᠲᠤᠷᠠᠨ ᠦᠢᠯᠡᠳᠪᠦᠷᠢᠯᠡᠬᠦ᠂ ᠠᠵᠤ | ᠦᠢᠯᠡᠳᠪᠦᠷᠢ ᠶᠢᠨ ᠦᠯᠡᠳᠡᠪᠦᠷᠢ ᠢᠯᠴᠢ᠂ ᠰᠢᠨ᠎ᠡ ᠡᠨᠧᠷᠭᠢ ᠵᠡᠷᠭᠡ ᠢᠯᠴᠢ ᠬᠠᠩᠭᠠᠬᠤ ᠵᠠᠭᠪᠤᠷ ᠢ ᠠᠰᠢᠭᠯᠠᠨ ᠬᠠᠶᠢᠨ ᠰᠦᠪᠡᠭᠴᠢᠯᠡᠵᠦ᠂ ᠣᠯᠠᠨ ᠲᠦᠮᠡᠨ ᠤ | ᠢᠯᠴᠢ ᠬᠠᠩᠭᠠᠬᠤ ᠠᠮᠤᠷ ᠲᠦᠪᠰᠢᠨ ᠢ ᠦᠨᠡᠨᠬᠦ ᠪᠠᠲᠤᠯᠠᠨ᠎ᠠ᠃ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠤᠰᠤᠨ ᠤ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠰᠢᠶᠠᠨ ᠤ ᠬᠡᠪᠴᠢᠶᠡᠨ ᠤ ︽ᠤᠰᠤ ᠠᠷᠪᠢᠯᠠᠬᠤ ᠬᠡᠯᠪᠡᠷᠢ ᠶᠢᠨ ᠬᠤᠲᠠ︾ ᠶᠢ ᠡᠭᠦᠳᠦᠨ | ᠪᠠᠶᠢᠭᠤᠯᠤᠨ᠎ᠠ᠃ᠬᠤᠳᠠ ᠶᠢ ᠡᠭᠦᠳᠬᠦ ᠪᠠ ᠡᠷᠡᠭᠦᠯ ᠬᠠᠮᠠᠭᠠᠯᠠᠯ ᠢ ᠡᠭᠦᠳᠬᠦ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ | ︽ᠭᠤᠶᠣᠵᠢᠭᠤᠯᠬᠤ᠂ ᠭᠡᠭᠡᠷᠡᠬᠦᠯᠬᠦ᠂ ᠨᠣᠭᠤᠭᠠᠷᠠᠭᠤᠯᠬᠤ᠂ ᠬᠠᠲᠠᠭᠤᠷᠠᠭᠤᠯᠬᠤ᠂ ᠴᠡᠪᠡᠷᠰᠢᠭᠦᠯᠬᠦ︾ ᠠᠵᠢᠯᠯᠠᠭ᠎ᠠ ᠶᠢ ᠥᠷᠨᠢᠭᠦᠯᠵᠦ᠂ ︽ᠤᠯᠤᠰ ᠤᠨ ᠡᠷᠡᠭᠦᠯ | ᠬᠠᠮᠠᠭᠠᠯᠠᠯ ᠤᠨ ᠰᠢᠶᠠᠨ ᠤ ᠬᠤᠳᠠ︾ ᠪᠣᠯᠣᠨ ︽ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠳᠠ︾ ᠶᠢᠨ ᠠᠯᠳᠠᠨ ᠦᠰᠦᠭᠲᠦ ᠫᠠᠶᠢᠰᠠ ᠶᠢ ᠪᠦᠬᠦ | ᠬᠦᠴᠦᠨ ᠢᠶᠠᠷ ᠢᠶᠠᠨ ᠬᠠᠮᠠᠭᠠᠯᠠᠵᠤ᠂ ᠬᠤᠳᠠ ᠶᠢ ᠨᠡᠩ ᠠᠮᠢᠵᠢᠷᠠᠯ ᠤᠨ ᠬᠦᠴᠦᠨ ᠲᠠᠢ ᠪᠣᠯᠭᠠᠵᠤ᠂ ᠰᠠᠭᠤᠭᠠᠯᠢ ᠠᠷᠠᠳ ᠤᠨ ᠠᠮᠢᠳᠤᠷᠠᠯ ᠢ ᠨᠡᠩ ᠰᠠᠶᠢᠨ ᠰᠠᠶᠢᠬᠠᠨ | ᠪᠣᠯᠭᠠᠶ᠎ᠠ︕ | ᠰᠠᠭᠤᠷᠢᠰᠢᠬᠤ ᠳᠤ ᠲᠣᠬᠢᠷᠠᠮᠵᠢᠲᠠᠢ ᠬᠤᠳᠠ ᠶᠢ ᠨᠠᠷᠢᠨ ᠨᠢᠮᠪᠠᠢ ᠰᠡᠶᠢᠯᠦᠨ᠎ᠡ᠃ ᠬᠤᠲᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ︽ | ᠳᠡᠯᠡᠬᠡᠢ ᠶᠢᠨ ᠬᠤᠪᠣᠷ ᠰᠢᠷᠣᠢ ᠶᠢᠨ ᠨᠤᠲᠤᠭ︾ ᠤᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠠᠭᠤᠳᠠᠯᠤᠨ ᠰᠠᠶᠢᠲᠤᠷ ᠬᠡᠷᠡᠭᠯᠡᠵᠦ᠂ | ᠬᠤᠲᠠ ᠶᠢᠨ ᠳᠦᠷᠢ ᠲᠥᠷᠬᠦ ᠶᠢ ᠳᠡᠭᠡᠭᠰᠢᠯᠡᠭᠦᠯᠬᠦ ᠢᠨᠵᠧᠨᠧᠷᠢᠩ ᠢ ᠰᠢᠰᠲ᠋ᠧᠮ ᠲᠠᠢ ᠤᠬᠠᠭᠠᠯᠠᠨ ᠬᠡᠷᠡᠭᠵᠢᠭᠦᠯᠵᠦ᠂ ᠬᠤᠲᠠ ᠶᠢᠨ ᠪᠠᠷᠢᠯᠭ᠎ᠠ ᠶᠢᠨ ᠳᠦᠷᠢ | ᠲᠥᠷᠬᠦ ᠶᠢᠨ ᠬᠠᠮᠢᠶᠠᠷᠤᠯᠲᠠ ᠶᠢ ᠴᠢᠬᠤᠯᠠᠴᠢᠯᠠᠨ᠂ ᠬᠤᠲᠠ ᠶᠢᠨ ᠢᠷᠠᠭᠤ ᠠᠯᠳᠠᠷ ᠤᠨ ᠬᠡᠮᠵᠢᠶ᠎ᠡ᠂ ᠣᠮᠣᠭᠰᠢᠯᠲᠤ ᠰᠡᠳᠬᠢᠯᠭᠡ ᠪᠠ ᠲᠠᠲᠠᠬᠤ ᠬᠦᠴᠦᠨ ᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︽ᠵᠡᠭᠡᠯᠢ ᠶᠢᠨ ᠳᠠᠷᠤᠭ᠎ᠠ ᠶᠢᠨ ᠳᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠵᠠᠰᠠᠮᠠᠯ ᠵᠠᠮ ᠢᠶᠠᠷ ᠠᠵᠢᠯᠯᠠᠬᠤ︾ | ᠶᠢ ᠪᠠᠶᠢᠩᠭᠤᠵᠢᠭᠤᠯᠤᠨ ᠥᠷᠨᠢᠭᠦᠯᠦᠨ᠎ᠡ᠃ ᠰᠠᠭᠤᠭᠠᠯᠢ ᠠᠷᠠᠳ ᠤᠨ ᠲᠣᠭᠤᠷᠢᠭ ᠤᠨ ᠳᠡᠰᠯᠡᠬᠦ ᠠᠳᠠᠯ ᠠᠬᠤᠢ ᠶᠢᠨ ᠬᠠᠮᠢᠶᠠᠷᠤᠯᠲᠠ ᠶᠢ ᠡᠷᠡᠰ ᠠᠬᠢᠭᠤᠯᠵᠤ᠂ | ᠬᠤᠲᠠ ᠶᠢᠨ ᠦᠵᠡᠮᠵᠢ ᠣᠷᠴᠢᠨ ᠲᠣᠭᠤᠷᠢᠨ ᠢ ᠨᠠᠩ ᠴᠡᠪᠡᠷ ᠲᠡᠭᠰᠢ᠂ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠨᠠᠩ ᠵᠢᠷᠤᠮᠵᠢᠯ ᠲᠠᠢ ᠪᠣᠯᠭᠠᠨ᠎ᠠ᠃ ᠤᠯᠠᠨ | ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠶᠢ ᠲᠦᠷᠭᠡᠳᠬᠡᠵᠦ᠂ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠵᠢᠤᠯᠠᠨ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ ᠢ ᠰᠢᠯᠢᠳᠡᠭᠵᠢᠭᠦᠯᠵᠦ᠂ | ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠲᠣᠭᠠᠴᠢᠯᠠᠭᠰᠠᠨ ᠬᠤᠳᠠ ᠶᠢᠨ ᠬᠠᠮᠢᠶᠠᠷᠤᠯᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ ᠠᠬᠢᠭᠤᠯᠵᠤ᠂ | ᠣᠶᠤᠨᠲᠤ ᠬᠤᠳᠠ ᠶᠢᠨ ᠪᠦᠬᠦᠯᠢ ᠴᠣᠭᠴᠠ ᠶᠢᠨ ᠴᠢᠳᠠᠮᠵᠢ ᠶᠢ ᠲᠡᠭᠦᠯᠳᠡᠷᠵᠢᠭᠦᠯᠦᠨ᠎ᠡ᠃ ᠨᠠᠮ ᠵᠠᠰᠠᠭ ᠤᠨ ᠪᠠᠶᠢᠭᠤᠯᠤᠯᠭ᠎ᠠ᠂ ᠰᠤᠷᠭᠠᠭᠤᠯᠢ᠂ ᠡᠮᠨᠡᠯᠭᠡ ᠶᠢᠨ | ᠬᠤᠷᠢᠶ᠎ᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠬᠢᠴᠠ ᠶᠢ ᠠᠬᠢᠭᠤᠯᠵᠤ᠂ ᠰᠠᠭᠤᠭᠠᠯᠢ ᠠᠷᠠᠳ ᠤᠨ ᠵᠢᠵᠢᠭ ᠲᠣᠭᠤᠷᠢᠭ ᠤᠨ ᠬᠤᠭ | ᠨᠣᠪᠰᠢ ᠶᠢ ᠲᠥᠷᠥᠯ ᠬᠤᠪᠢᠶᠠᠬᠤ ᠲᠤᠷᠰᠢᠯᠲᠠ ᠶᠢ ᠵᠡᠷᠭᠡᠪᠡᠷ ᠥᠷᠨᠢᠭᠦᠯᠵᠦ᠂ ᠬᠤᠭ ᠨᠣᠪᠰᠢ ᠶᠢ ᠲᠥᠷᠥᠯ ᠬᠤᠪᠢᠶᠠᠵᠤ ᠪᠦᠬᠦᠨ ᠢ ᠬᠠᠮᠤᠷᠬᠤ ᠶᠢ ᠦᠨᠡᠨᠬᠦ | ᠪᠠᠲᠤᠯᠠᠨ᠎ᠠ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠡᠷᠴᠢᠮ ᠢᠶᠠᠨ | ᠴᠢᠩᠭᠠᠷᠠᠭᠤᠯᠵᠤ᠂ ᠠᠷᠠᠳ ᠲᠦᠮᠡᠨ ᠢ ᠳᠡᠭᠡᠳᠦᠯᠡᠬᠦ ᠣᠨᠣᠯᠵᠢᠬᠤᠨ ᠢ ᠬᠤᠲᠠ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠠᠵᠢᠯ ᠳᠤ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠠᠷᠠᠳ ᠣᠯᠠᠨ ᠤ ᠰᠡᠳᠬᠢᠯ ᠬᠠᠨᠤᠮᠵᠢᠲᠠᠶ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠲᠠ ᠶᠢ ᠴᠢᠷᠮᠠᠶᠢᠨ ᠪᠦᠲᠦᠭᠡᠨ ᠪᠠᠶᠢᠭᠤᠯᠤᠨ᠎ᠠ᠃ | ︵ᠳᠥᠷᠪᠡ︶ ︽ᠦᠵᠡᠰᠬᠦᠯᠡᠩᠲᠦ ᠰᠠᠶᠢᠬᠠᠨ ᠢ ᠳᠡᠭᠡᠭᠰᠢᠯᠡᠭᠦᠯᠬᠦ︾ ᠳᠤ ᠬᠦᠴᠦ ᠪᠠᠨ ᠲᠥᠪᠯᠡᠷᠡᠭᠦᠯᠵᠦ᠂ ᠨᠡᠭᠦᠷᠡᠰᠦᠲᠥ᠋ᠷᠥᠭᠴᠢ ᠶᠢᠨ ᠳᠤᠮᠳᠠ ᠪᠠ | ᠤᠷᠢᠳᠠᠪᠠᠷ ᠬᠡᠷᠡᠭᠵᠢᠭᠦᠯᠬᠦ ᠣᠷᠣᠨ ᠢ ᠲᠦᠷᠭᠡᠳᠬᠡᠨ ᠪᠠᠶᠢᠭᠤᠯᠤᠨ᠎ᠠ | ᠪᠣᠬᠢᠷᠳᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢ ᠭᠦᠨᠵᠡᠭᠡᠢ ᠰᠠᠶᠢᠲᠤᠷ ᠬᠢᠨ᠎ᠡ᠃ ᠪᠠᠶᠠᠨ᠋ᠣ᠋ᠪᠣᠭ᠎ᠠ ᠠᠭᠤᠷᠬᠠᠢ ᠶᠢᠨ | ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠦᠷᠭᠡᠳᠬᠡᠨ | ᠨᠠᠶᠢᠷᠠᠭᠤᠯᠤᠨ ᠵᠣᠬᠢᠶᠠᠵᠤ᠂ ᠠᠭᠠᠷ ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠢ ᠠᠬᠢᠭᠤᠯᠤᠨ᠂ ᠠᠭᠠᠷ ᠮᠠᠨᠳᠠᠯ ᠤᠨ ︽ᠠᠷᠪᠠᠨ ᠵᠤᠷᠪᠤᠰ︾ ᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠨᠡᠩ ᠥᠨᠳᠥᠷ ᠪᠠᠷᠢᠮᠵᠢᠶ᠎ᠠ ᠪᠠᠷ ᠬᠥᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ | ᠠᠭᠠᠷ ᠤᠨ ᠴᠢᠨᠠᠷ ᠴᠢᠨᠰᠠᠭ᠎ᠠ ᠶᠢᠨ ᠰᠢᠯᠢᠳᠡᠭ ᠰᠠᠶᠢᠨ ᠡᠳᠦᠷ ᠤᠨ ᠲᠤᠭ᠎ᠠ ᠶᠢ ᠦᠷᠭᠦᠯᠵᠢᠯᠡᠨ ᠪᠠᠲᠤᠯᠠᠬᠤ ᠨᠢ ᠪᠦᠬᠦ ᠬᠤᠳᠠ ᠶᠢᠨ ᠡᠮᠦᠨ᠎ᠡ ᠡᠩᠨᠡᠭᠡᠨ ᠳᠤ | ᠣᠷᠣᠨ᠎ᠠ᠃ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠡᠯ᠎ᠡ ᠬᠦᠷᠢᠶ᠎ᠡ ᠡᠯ᠎ᠡ ᠭᠤᠭᠴᠤᠭ᠎ᠠ ᠶᠢᠨ ᠬᠤᠭ | ᠲᠣᠭᠤᠰᠣ ᠶᠢ ᠵᠠᠰᠠᠬᠤ ᠠᠵᠢᠯ ᠢ ᠴᠢᠩᠭᠠᠳᠬᠠᠨ᠎ᠠ᠃ ᠤᠰᠤᠨ ᠤ ᠪᠣᠬᠢᠷᠳᠤᠯ ᠢ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠬᠠᠮᠠᠭᠠᠯᠠᠬᠤ᠂ | ᠰᠡᠷᠭᠡᠶᠢᠯᠡᠬᠦ᠂ ᠬᠠᠮᠢᠶᠠᠷᠤᠨ ᠡᠵᠡᠮᠳᠡᠬᠦ᠂ ᠰᠡᠷᠭᠦᠭᠡᠬᠦ︾ ᠳᠥᠷᠪᠡᠨ ᠶᠡᠭᠡ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠤᠰᠤᠨ ᠤ ᠠᠮᠢ ᠠᠬᠤᠢ ᠶᠢᠨ ᠣᠷᠴᠢᠨ | ᠲᠣᠭᠤᠷᠢᠨ ᠤ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠤᠨ᠎ᠠ᠃ ᠬᠥᠷᠥᠰᠥ ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠦᠨᠡᠨ ᠬᠦᠶᠦ᠋ᠨ | ᠴᠢᠤᠸᠠᠨ ᠮᠣᠣ ᠶᠢᠨ ᠲᠥᠷᠥᠯ ᠵᠦᠢᠯ ᠤᠨ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠩ ᠤᠨ ᠬᠠᠲᠠᠭᠤ | ᠪᠡᠶᠡᠲᠦ ᠬᠠᠶᠠᠭᠳᠠᠮᠠᠯ ᠪᠣᠳᠠᠰ᠂ ᠡᠮᠴᠢᠯᠡᠭᠡᠨ ᠤ ᠬᠠᠶᠠᠭᠳᠠᠮᠠᠯ ᠪᠣᠳᠠᠰ᠂ ᠬᠠᠶᠠᠭᠳᠠᠮᠠᠯ ᠤᠰᠤ ᠵᠡᠷᠭᠡ ᠶᠢ ᠰᠢᠢᠳᠪᠦᠷᠢᠯᠡᠬᠦ ᠪᠥᠬᠦ ᠶᠠᠪᠤᠴᠠ ᠳᠤ ᠴᠢᠩᠭ᠎ᠠ ᠬᠢᠨᠠᠨ | ᠬᠠᠮᠢᠶᠠᠷᠬᠤ ᠶᠢ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠪᠠᠲᠤᠯᠠᠨ᠎ᠠ᠃ | ᠪᠠᠶᠢᠭᠠᠯᠢ ᠶᠢᠨ ᠠᠮᠢ ᠠᠬᠤᠢ ᠶᠢᠨ ᠬᠠᠮᠠᠭᠠᠯᠠᠯᠲᠠ ᠪᠠ ᠬᠢᠨᠠᠯᠲᠠ ᠬᠠᠮᠢᠶᠠᠷᠤᠯᠲᠠ ᠶᠢ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠳᠤᠭᠠᠷ ᠡᠭᠡᠯᠵᠢ ᠶᠢᠨ | ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠴᠠᠭ ᠲᠤᠬᠠᠢ ᠳᠤᠨᠢ ᠳ᠋ᠤᠭᠠᠷ ᠢ ᠨᠢ ᠬᠦᠴᠦᠨ ᠦᠭᠡᠢ | ᠪᠣᠯᠭᠠᠬᠤ ᠶᠢ ᠦᠨᠡᠨ ᠬᠦ ᠪᠠᠲᠤᠯᠠᠨ᠎ᠠ᠃ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦᠨ ᠤ ᠠᠮᠢ ᠠᠬᠤᠢ ᠶᠢ ᠬᠠᠮᠠᠭᠠᠯᠠᠨ | ᠰᠡᠷᠭᠦᠭᠡᠬᠦ ᠰᠢᠰᠲ᠋ᠧᠮ ᠤᠨ ᠵᠠᠰᠠᠯᠲᠠ ᠶᠢ ᠨᠢᠭᠡᠳᠦᠯᠲᠡᠢ ᠲᠥᠯᠥᠪᠯᠡᠨ᠎ᠡ᠃ ᠠᠮᠢ ᠠᠬᠤᠢ ᠶᠢᠨ ᠬᠠᠮᠢᠶᠠᠷᠤᠯᠲᠠ ᠶᠢ ᠴᠢᠩᠳᠠᠯᠠᠵᠤ᠂ ︽ᠭᠤᠷᠪᠠᠨ ᠣᠷᠣᠨ ᠭᠤᠷᠪᠠᠨ | ᠱᠤᠭᠤᠮ︾ ᠤᠨ ᠬᠠᠲᠠᠭᠤ ᠬᠢᠵᠠᠭᠠᠷᠯᠠᠯ ᠢ ᠡᠷᠡᠰ ᠨᠠᠶᠢᠳᠠᠪᠤᠷᠢᠵᠢᠭᠤᠯᠤᠨ᠂ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠨᠦᠬᠡ ᠮᠠᠯᠲᠠᠬᠤ ᠭᠠᠵᠠᠷ ᠤᠨ | ᠣᠷᠴᠢᠨ ᠲᠣᠭᠤᠷᠢᠨ ᠢ ᠰᠡᠷᠭᠦᠭᠡᠨ ᠵᠠᠰᠠᠬᠤ ᠠᠵᠢᠯ ᠢ ᠪᠡᠶᠡᠯᠡᠭᠦᠯᠦᠨ᠎ᠡ᠃ ᠣᠷᠴᠢᠨ ᠲᠣᠭᠤᠷᠢᠨ ᠢ ᠬᠢᠨᠠᠨ ᠪᠠᠶᠢᠴᠠᠭᠠᠬᠤ ᠬᠠᠤᠯᠢ ᠬᠡᠷᠡᠭᠵᠢᠭᠦᠯᠬᠦ ᠠᠵᠢᠯ ᠤᠨ | ᠡᠷᠴᠢᠮ ᠢ ᠴᠢᠩᠭᠠᠷᠠᠭᠤᠯᠵᠤ᠂ ᠣᠶ ᠰᠢᠭᠤᠢ ᠶᠢᠨ ᠳᠠᠷᠤᠭ᠎ᠠ ᠶᠢᠨ ᠳᠦᠷᠢᠮ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠥᠬᠦ | ᠲᠠᠯ᠎ᠠ ᠪᠠᠷ ᠬᠡᠷᠡᠭᠵᠢᠭᠦᠯᠦᠨ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠢ | ᠴᠡᠭᠴᠡᠯᠡᠨ ᠵᠠᠰᠠᠬᠤ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠬᠢᠵᠢᠭᠦᠯᠵᠦ᠂ ᠭᠤᠶᠣ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠢ ᠭᠠᠵᠠᠷ ᠣᠷᠣᠨ ᠤ ᠢᠯᠡ ᠲᠣᠳᠣ ᠲᠡᠮᠳᠡᠭ ᠪᠣᠯᠭᠠᠨ᠎ᠠ᠃ | ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠭᠢᠯᠲᠡᠲᠦ ᠬᠥᠭᠵᠢᠯᠲᠡ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠤᠯᠤᠰ ᠤᠨ | ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ 8 | ᠵᠦᠢᠯ ᠤᠨ ᠬᠠᠷᠠᠯᠲᠠ ᠶᠢᠨ ᠰᠢᠰᠲ᠋ᠧᠮ ᠪᠠ ︽1+13+N︾ ᠠᠵᠢᠯ ᠤᠨ ᠰᠢᠰᠲ᠋ᠧᠮ ᠢ ᠲᠦᠷᠭᠡᠪᠴᠢᠯᠡᠨ ᠲᠡᠭᠦᠯᠳᠡᠷᠵᠢᠭᠦᠯᠦᠨ᠎ᠡ᠃ ︽ᠡᠨᠧᠷᠭᠢ | ᠠᠷᠪᠢᠯᠠᠬᠤ ᠶᠢ ᠲᠡᠷᠢᠭᠦᠨ ᠳᠤ ᠲᠠᠯᠪᠢᠵᠤ᠂ ᠡᠨᠧᠷᠭᠢ ᠶᠢᠨ ᠬᠡᠮᠵᠢᠶ᠎ᠡ ᠶᠢ ᠦᠨᠳᠦᠰᠦᠯᠡᠨ ᠬᠢᠬᠦ︾ ᠶᠢ ᠪᠠᠷᠢᠮᠲᠠᠯᠠᠨ᠂ ᠡᠨᠧᠷᠭᠢ ᠶᠢᠨ ᠬᠤᠷᠣᠭᠳᠠᠭᠤᠯᠤᠯ ᠤᠨ ᠬᠤᠣᠰ | ᠡᠵᠡᠮᠳᠡᠯ ᠤᠨ ᠲᠠᠰ ᠬᠤᠪᠢᠶᠠᠭᠰᠠᠨ ᠲᠥᠰᠥᠪ ᠤᠨ ᠬᠠᠮᠢᠶᠠᠷᠤᠯᠲᠠ ᠶᠢ ᠴᠢᠩᠭᠠᠷᠠᠭᠤᠯᠵᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠡᠨᠧᠷᠭᠢ ᠠᠷᠪᠢᠯᠠᠬᠤ ᠶᠢ | ᠬᠢᠨᠠᠨ ᠪᠠᠶᠢᠴᠠᠭᠠᠵᠤ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠂ ᠭᠤᠣᠯᠳᠠᠯᠭ᠎ᠠ ᠲᠠᠢ ᠠᠵᠢᠯ ᠲᠥᠷᠥᠯ᠂ ᠴᠢᠬᠤᠯᠠ | ᠬᠦᠷᠢᠶ᠎ᠡ ᠴᠠᠷᠠᠭ᠎ᠠ ᠶᠢᠨ ᠪᠣᠬᠢᠷᠳᠤᠯ ᠦᠭᠡᠢ ᠪᠣᠯᠭᠠᠬᠤ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠨᠡᠭᠦᠷᠡᠰᠦᠲᠥ᠋ᠷᠥᠭᠴᠢ ᠶᠢ ᠪᠠᠭᠤᠷᠠᠭᠤᠯᠤᠨ | ᠪᠣᠬᠢᠷᠳᠤᠯ ᠢ ᠪᠠᠭᠠᠰᠬᠠᠬᠤ ᠶᠢ ᠬᠠᠮᠵᠢᠯᠴᠠᠨ ᠠᠬᠢᠭᠤᠯᠵᠤ᠂ ᠡᠨᠧᠷᠭᠢ ᠶᠢᠨ ᠬᠤᠷᠣᠭᠳᠠᠭᠤᠯᠤᠯ ᠤᠨ ᠬᠤᠣᠰ ᠡᠵᠡᠮᠳᠡᠯ ᠤᠨ ᠬᠠᠷᠠᠯᠲᠠᠲᠤ ᠡᠭᠦᠷᠭᠡ ᠶᠢ ᠪᠡᠶᠡᠯᠡᠭᠦᠯᠬᠦ ᠶᠢ | ᠦᠨᠡᠨᠬᠦ ᠪᠠᠲᠤᠯᠠᠨ᠎ᠠ᠃ ᠡᠬᠢ ᠪᠠᠶᠠᠯᠢᠭ ᠢ ᠳᠠᠬᠢᠨ ᠠᠰᠢᠭᠯᠠᠬᠤ ᠪᠠ ᠣᠷᠴᠢᠨ ᠲᠣᠭᠤᠷᠢᠨ ᠢ ᠬᠠᠮᠠᠭᠠᠯᠠᠨ ᠤᠯᠠᠷᠢᠭᠤᠯᠬᠤ ᠶᠢᠨ ᠲᠣᠭᠤᠷᠢᠨ ᠳᠤ᠂ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠦᠷᠭᠦᠯᠵᠢᠯᠡᠨ ᠠᠬᠢᠭᠤᠯᠵᠤ᠂ ᠠᠵᠤ ᠦᠢᠯᠡᠳᠪᠦᠷᠢ ᠶᠢᠨ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠰᠢᠲᠠᠭᠠᠨ ᠪᠠᠷᠢᠯᠳᠤᠭᠤᠯᠤᠭᠰᠠᠨ ᠥᠪᠡᠰᠦᠪᠡᠨ ᠳᠤᠯᠠᠭᠠᠨ ᠬᠠᠳᠠᠭᠠᠯᠠᠬᠤ ᠲᠣᠭᠤᠰᠬ᠎ᠠ᠂ ᠬᠡᠶᠢᠲᠦ ᠪᠧᠲ᠋ᠣᠨ ᠬᠠᠪᠲᠠᠰᠤ ᠵᠡᠷᠭᠡ | ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠦᠢᠯᠡᠳᠪᠦᠷᠢᠯᠡᠬᠦ ᠳᠤ ᠬᠡᠷᠡᠭᠯᠡᠵᠦ᠂ ᠡᠯ᠎ᠡ ᠲᠥᠷᠥᠯ ᠤᠨ ᠡᠬᠢ ᠪᠠᠶᠠᠯᠢᠭ ᠢ ᠴᠡᠪᠡᠷᠰᠢᠭᠦᠯᠦᠨ ᠡᠭᠡᠭᠦᠯᠦᠨ | ᠬᠤᠷᠢᠶᠠᠬᠤ᠂ ᠬᠡᠪᠴᠢᠶᠡᠵᠢᠭᠦᠯᠦᠨ ᠠᠰᠢᠭᠯᠠᠬᠤ ᠪᠠ ᠠᠵᠤ ᠦᠶᠢᠯᠡᠰᠵᠢᠭᠦᠯᠦᠨ ᠬᠥᠭᠵᠢᠭᠦᠯᠬᠦ ᠶᠢ ᠠᠬᠢᠭᠤᠯᠤᠨ᠂ ᠠᠵᠤ ᠦᠢᠯᠡᠰ ᠢ ᠠᠮᠢ ᠠᠬᠤᠶᠢᠵᠢᠭᠤᠯᠬᠤ᠂ | ᠠᠮᠢ ᠠᠬᠤᠢ ᠶᠢ ᠠᠵᠤ ᠦᠶᠢᠯᠡᠰᠵᠢᠭᠦᠯᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠬᠤ ᠬᠡᠷᠡᠭᠲᠡᠢ᠃ | ︵ᠲᠠᠪᠤ︶ ︽ᠠᠷᠠᠳ ᠤᠨ ᠠᠮᠢᠳᠤᠷᠠᠯ ᠤᠨ ᠲᠠᠩᠰᠠ ᠡᠪᠬᠡᠮᠡᠯ ᠢ ᠳᠡᠭᠡᠭᠰᠢᠯᠡᠭᠦᠯᠬᠦ︾ ᠳᠤ ᠬᠦᠴᠦ ᠪᠠᠨ ᠲᠥᠪᠯᠡᠷᠡᠭᠦᠯᠵᠦ᠂ ᠬᠠᠮᠲᠤ ᠪᠠᠷ ᠪᠠᠶᠠᠵᠢᠬᠤ ᠶᠢ | ᠲᠦᠷᠭᠡᠳᠬᠡᠨ ᠠᠬᠢᠭᠤᠯᠤᠨ᠎ᠠ | ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ︽ᠠᠷᠠᠳ ᠲᠦᠮᠡᠨ ᠢ ᠳᠡᠭᠡᠳᠦᠯᠡᠬᠦ︾ ᠶᠢ ᠢᠮᠠᠭᠲᠠ ᠪᠠᠷᠢᠮᠲᠠᠯᠠᠵᠤ᠂ ᠠᠷᠠᠳ ᠤᠯᠠᠨ ᠤ | ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠪᠡᠶ᠎ᠡ ᠪᠠᠷ ᠢᠶᠠᠨ ᠰᠢᠢᠳᠪᠦᠷᠢᠯᠡᠵᠦ᠂ | ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠣᠷᠣᠨ ᠤ ᠠᠷᠠᠳ ᠲᠦᠮᠡᠨ ᠳᠤ ᠨᠡᠩ ᠤᠯᠠᠨ ᠨᠡᠩ ᠭᠤᠣᠯᠴᠢ ᠪᠠᠷ ᠬᠦᠷᠲᠡᠭᠡᠨ᠎ᠡ᠃ | ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠦᠷᠭᠦᠯᠵᠢᠯᠡᠨ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠳᠡᠮᠵᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ ᠠᠵᠤ ᠦᠢᠯᠡᠳᠪᠦᠷᠢ ᠪᠠᠷ ᠪᠣᠯᠪᠠᠰᠤᠷᠠᠭᠤᠯᠤᠯ ᠢ | ᠣᠷᠣᠯᠠᠭᠤᠯᠬᠤ ᠵᠡᠷᠭᠡ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠤᠨ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠶᠢᠨ ᠱᠢ ᠬᠦᠳᠡᠷ | ᠰᠢᠯᠢᠬᠦ ᠺᠣᠮᠫᠠᠨᠢ ᠬᠢᠭᠡᠳ ᠪᠤᠭᠤᠲᠤ ᠶᠢᠨ ᠪᠣᠯᠣᠳ ᠲᠡᠮᠦᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠠᠮᠲᠤᠷᠠᠯᠴᠠᠭ᠎ᠠ ᠶᠢ ᠠᠬᠢᠭᠤᠯᠵᠤ᠂ ︽ | ᠵᠠᠬᠢᠶᠠᠯᠠᠭ᠎ᠠ ᠪᠠᠷ ᠬᠥᠮᠥᠵᠢᠭᠦᠯᠬᠦ︾᠂ ︽ᠨᠡᠷ᠎ᠡ ᠬᠠᠳᠠᠵᠤ ᠬᠥᠮᠥᠵᠢᠭᠦᠯᠬᠦ︾᠂ ︽ᠣᠲᠣ ᠦᠶ᠎ᠡ ᠶᠢᠨ ᠱᠠᠪᠢ ᠣᠷᠣᠬᠤ ᠳᠦᠷᠢᠮ︾ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠨᠠᠩ ᠭᠦᠢᠴᠡᠳ ᠨᠠᠩ ᠴᠢᠨᠠᠷ ᠰᠠᠶᠢᠲᠠᠢ ᠠᠵᠢᠯ ᠣᠯᠭᠤᠯᠲᠠ ᠶᠢ ᠠᠬᠢᠭᠤᠯᠤᠨ᠎ᠠ᠃ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ | ︽ᠠᠵᠢᠯ ᠤᠨ ᠪᠠᠶᠢᠷᠢ ᠶᠢ ᠥᠷᠭᠡᠳᠬᠡᠬᠦ ᠠᠵᠢᠯᠯᠠᠭ᠎ᠠ︾ ᠶᠢ ᠬᠡᠷᠡᠭᠵᠢᠭᠦᠯᠵᠦ᠂ ᠴᠡᠷᠢᠭ ᠠᠴᠠ ᠬᠠᠯᠠᠭᠳᠠᠭᠰᠠᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ | ᠠᠵᠢᠯ ᠣᠯᠬᠤ ᠳᠤ ᠬᠦᠴᠢᠷᠲᠡᠢ ᠬᠥᠮᠥᠰ ᠵᠡᠷᠭᠡ ᠭᠤᠣᠯᠳᠠᠯᠭ᠎ᠠ ᠲᠠᠢ ᠬᠠᠮᠲᠤᠯᠢᠭ ᠲᠤ ᠠᠵᠢᠯ ᠣᠯᠭᠤᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠨ᠎ᠡ᠃ | ᠭᠤᠣᠯᠳᠠᠯᠭ᠎ᠠ ᠲᠠᠢ ᠬᠦᠷᠢᠶᠡᠨ ᠳᠠᠬᠢ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠲᠥᠷᠥ ᠶᠢᠨ | ᠪᠣᠳᠣᠯᠭ᠎ᠠ ᠶᠢᠨ ᠣᠯᠭᠤᠮᠵᠢ ᠶᠢ ᠨᠠᠶᠢᠳᠠᠪᠤᠷᠢᠵᠢᠭᠤᠯᠤᠨ᠂ ᠵᠢᠯ ᠤᠨ ᠳᠣᠲᠣᠷ᠎ᠠ 80 ᠬᠥᠮᠥᠨ ᠠᠴᠠ ᠳᠡᠭᠡᠭᠰᠢ ᠰᠢᠨ᠎ᠡ ᠪᠠᠷ ᠤᠷᠢᠨ ᠬᠡᠷᠡᠭᠯᠡᠬᠦ ᠪᠠᠷ ᠴᠢᠷᠮᠠᠶᠢᠨ᠎ᠠ᠃ | ︽ᠪᠦᠬᠦᠨ ᠢ ᠬᠠᠮᠤᠷᠬᠤ᠂ ᠦᠨᠳᠦᠰᠦᠨ ᠵᠦᠢᠯ ᠢ ᠪᠠᠲᠤᠯᠠᠬᠤ᠂ ᠣᠯᠠᠨ ᠲᠠᠰ ᠳᠠᠪᠬᠤᠷᠭ᠎ᠠ ᠲᠠᠢ᠂ ᠦᠷᠭᠦᠯᠵᠢᠯᠡᠵᠦ ᠳᠡᠶᠢᠯᠬᠦ︾ ᠵᠠᠷᠴᠢᠮ ᠶᠣᠰᠣᠭᠠᠷ᠂ | ᠨᠡᠶᠢᠭᠡᠮ ᠤᠨ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠬᠤ ᠶᠢ | ᠪᠡᠶᠡᠯᠡᠭᠦᠯᠦᠨ᠎ᠡ᠃ ︽ᠣᠷᠣᠯᠭ᠎ᠠ ᠪᠠᠭᠠᠲᠠᠢ ᠬᠠᠮᠲᠤᠯᠢᠭ ᠤᠨ ᠵᠣᠯ ᠵᠢᠷᠭᠠᠯ ᠢ ᠳᠡᠭᠡᠭᠰᠢᠯᠡᠭᠦᠯᠬᠦ ᠢᠨᠵᠧᠨᠧᠷᠢᠩ︾ ᠢ ᠦᠷᠭᠦᠯᠵᠢᠯᠡᠨ ᠭᠦᠨᠵᠡᠭᠡᠶᠢᠷᠡᠭᠦᠯᠵᠦ᠂ | ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠡᠷᠴᠢᠮ ᠢ | ᠴᠢᠩᠭᠠᠷᠠᠭᠤᠯᠤᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠵᠤ᠂ ᠨᠠᠰᠤᠵᠢᠯ ᠤᠨ | ᠠᠰᠠᠷᠠᠮᠵᠢ ᠵᠢᠨᠨᠠᠷᠢᠨ ᠨᠢᠮᠪᠠᠢ ᠨᠠᠶᠢᠳᠠᠪᠤᠷᠢᠵᠢᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠴᠡᠷᠢᠭ ᠠᠴᠠ ᠬᠠᠯᠠᠭᠳᠠᠭᠰᠠᠳ ᠤᠨ | ᠬᠡᠷᠡᠭ ᠶᠠᠪᠤᠳᠠᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ︽ᠬᠤᠶᠠᠷ ᠠᠯᠲᠠᠨ ᠭᠤᠷᠪᠠᠨ ᠳᠦᠷᠢᠮ︾ ᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠷᠠᠭᠤᠯᠤᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠨ | ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃︽ᠭᠤᠷᠪᠠ ᠶᠢ ᠬᠠᠩᠭᠠᠬᠤ ᠨᠢᠭᠡ ᠦᠢᠯᠡᠰ︾ ᠤᠨ | ᠠᠵᠢᠯᠯᠠᠭᠠᠨ ᠤ ᠠᠵᠢᠯ ᠢ ᠢᠳᠡᠪᠬᠢᠲᠡᠢ ᠪᠥᠭᠡᠳ ᠪᠣᠯᠭᠤᠮᠵᠢᠲᠠᠢ ᠰᠠᠶᠢᠲᠤᠷ ᠬᠢᠵᠦ᠂ ᠲᠣᠭᠲᠠᠭᠤᠨ ᠢᠶᠠᠷ ᠰᠢᠯᠵᠢᠬᠦ᠂ ᠡᠮᠬᠢ ᠵᠢᠷᠤᠮ ᠲᠠᠢ ᠪᠠᠷ ᠰᠢᠯᠵᠢᠭᠦᠯᠦᠨ | ᠲᠤᠰᠢᠶᠠᠬᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ᠂ ᠴᠢᠨᠠᠷ ᠰᠠᠶᠢᠲᠠᠢ ᠬᠥᠭᠵᠢᠭᠦᠯᠬᠦ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ | ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠪᠠᠶᠢᠷᠢ ᠰᠢᠯᠵᠢᠬᠦ᠂ ᠲᠡᠩᠴᠡᠭᠦᠷᠢᠲᠡᠢ ᠬᠥᠭᠵᠢᠬᠦ ᠪᠠ ᠬᠡᠦᠬᠡᠳ ᠰᠠᠭᠠᠲᠠᠭᠤᠯᠬᠤ ᠠᠵᠢᠯ ᠢ ᠨᠢᠭᠡ ᠴᠣᠭᠴᠠᠵᠢᠭᠤᠯᠬᠤ ᠠᠬᠢᠴᠠ ᠶᠢ ᠠᠬᠢᠭᠤᠯᠵᠤ᠂ | ᠪᠠᠭ᠎ᠠ ᠰᠤᠷᠭᠠᠭᠤᠯᠢ ᠠᠴᠠ ᠴᠢᠨᠠᠷ ᠰᠠᠶᠢᠲᠠᠢ ᠣᠨᠴᠠᠯᠢᠭᠲᠤ ᠰᠤᠷᠭᠠᠭᠤᠯᠢ ᠳᠠᠰᠢ ᠬᠡᠯᠪᠡᠷᠢ ᠪᠠᠨ ᠬᠤᠪᠢᠷᠠᠭᠤᠯᠬᠤ ᠠᠯᠬᠤᠴᠠ ᠶᠢ ᠲᠦᠷᠭᠡᠳᠬᠡᠨ᠎ᠡ᠃ᠰᠤᠷᠭᠠᠭᠤᠯᠢ | ᠡᠷᠭᠢᠯᠡᠬᠦ ᠪᠠᠶᠢᠭᠤᠯᠤᠯ ᠪᠠ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠠᠩᠬ᠎ᠠ ᠵᠡᠷᠭᠡ ᠶᠢᠨ ᠪᠠ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠪᠢᠲᠡᠭᠦᠮᠵᠢᠯᠡᠭᠰᠡᠨ ᠮᠠᠶ᠋ᠢᠭ ᠤᠨ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢᠨ ᠥᠭᠡᠷᠡᠴᠢᠯᠡᠯᠲᠡ ᠵᠢᠨᠡᠶᠢᠭᠡᠮ ᠤᠨ ᠬᠥᠷᠥᠩᠭᠡ ᠶᠢ | ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠭᠠᠵᠠᠷ ᠣᠷᠣᠨ ᠤ ᠬᠢᠴᠢᠶᠡᠯ ᠤᠨ ᠭᠠᠳᠠᠨᠠᠬᠢ ᠤᠷᠠᠯᠢᠭ ᠪᠡᠶ᠎ᠡ ᠶᠢᠨ ᠲᠠᠮᠢᠷ ᠤᠨ ᠣᠨᠴᠠ ᠴᠢᠳᠠᠪᠤᠷᠢ᠂ | ᠬᠥᠳᠡᠯᠮᠦᠷᠢ ᠶᠢᠨ ᠦᠢᠯᠡᠳᠦᠯᠭᠡ᠂ ᠰᠤᠳᠤᠯᠤᠨ ᠰᠤᠷᠤᠯᠴᠠᠬᠤ ᠵᠡᠷᠭᠡ ᠬᠢᠴᠢᠶᠡᠯ ᠤᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠦᠷᠢᠯᠡᠵᠦ᠂ ᠳᠤᠮᠳᠠᠳᠤ ᠪᠠᠭ᠎ᠠ | ᠰᠤᠷᠭᠠᠭᠤᠯᠢ ᠶᠢᠨ ᠨᠡᠶᠢᠭᠡᠮ ᠤᠨ ᠦᠢᠯᠡᠳᠦᠯᠭᠡ ᠶᠢᠨ ᠬᠥᠮᠦᠵᠢᠯ ᠢ ᠵᠢᠷᠤᠮᠵᠢᠭᠤᠯᠤᠨ ᠣᠨᠴᠠᠯᠢᠬᠵᠢᠭᠤᠯᠤᠨ ᠬᠥᠭᠵᠢᠭᠦᠯᠬᠦ ᠶᠢ ᠪᠡᠶᠡᠯᠡᠭᠦᠯᠦᠨ᠎ᠡ᠃ ︽ᠬᠤᠶᠠᠷ ᠢ | ᠪᠠᠭᠠᠰᠬᠠᠬᠤ︾ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠨᠠᠷᠢᠯᠢᠭ ᠣᠨᠣᠴᠠᠲᠠᠢ ᠪᠠᠷ ᠬᠦᠴᠦᠯᠡᠵᠦ᠂ ᠰᠠᠭᠤᠷᠢ ᠰᠤᠷᠭᠠᠨ ᠬᠥᠮᠦᠵᠢᠯ ᠤᠨ ᠤᠯᠤᠰ ᠤᠨ | ᠲᠠᠰ ᠤᠨ ᠰᠢᠯᠢᠳᠡᠭ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠦᠢᠯᠡᠳᠦᠯᠭᠡ ᠶᠢᠨ ᠠᠷᠭ᠎ᠠ ᠵᠠᠮ ᠪᠠ ᠳᠡᠯᠭᠡᠷᠡᠭᠦᠯᠬᠦ ᠲᠣᠭᠲᠠᠴᠠ ᠶᠢ ᠦᠷᠭᠦᠯᠵᠢᠯᠡᠨ | ᠰᠦᠪᠡᠭᠴᠢᠯᠡᠵᠦ᠂ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ᠋ ᠤᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ | ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠯᠠᠪᠳᠠᠭᠤᠨ ᠪᠠᠲᠤᠲᠠᠢ ᠶᠠᠪᠤᠭᠳᠠᠭᠤᠯᠤᠨ᠎ᠠ᠃ ᠪᠥᠬᠦ ᠤᠯᠤᠰ ᠤᠨ | ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠡᠭᠦᠳᠦᠨ ᠪᠠᠶᠢᠭᠤᠯᠬᠤ ᠪᠠ | ᠰᠢᠶᠠᠨ ᠤ ᠬᠡᠪᠴᠢᠶᠡᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠬᠠᠷᠠᠭᠠᠯᠵᠠᠯ ᠦᠵᠡᠭᠦᠯᠬᠦ ᠤᠯᠤᠰ ᠤᠨ | ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠠᠵᠢᠯ ᠢ ᠰᠠᠶᠢᠲᠤᠷ ᠪᠡᠶᠡᠯᠡᠭᠦᠯᠦᠨ᠎ᠡ᠃ | ︽ᠡᠷᠡᠭᠦᠯ ᠪᠠᠶ᠋ᠬᠠᠤᠪᠤᠭ᠎ᠠ︾ ᠶᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ | ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠸᠠᠺᠼᠢᠨ ᠤ ᠲᠠᠷᠢᠯᠭ᠎ᠠ ᠶᠢᠨ ᠠᠵᠢᠯ ᠢ ᠡᠮᠬᠢ ᠵᠢᠷᠤᠮ ᠲᠠᠢ ᠪᠥᠭᠡᠳ ᠬᠦᠴᠦᠲᠡᠢ ᠰᠠᠶᠢᠲᠤᠷ | ᠬᠢᠨ᠎ᠡ᠃ ︽ᠭᠤᠷᠪᠠᠨ ᠡᠮᠨᠡᠯᠭᠡ︾ ᠶᠢᠨ ᠬᠤᠯᠪᠤᠭᠠᠯᠠᠨ ᠬᠥᠳᠡᠯᠦᠯᠴᠡᠭᠰᠡᠨ ᠬᠠᠮᠢᠶᠠᠷᠤᠯᠲᠠ ᠶᠢᠨ ᠪᠠᠶᠢᠭᠤᠯᠤᠯ ᠪᠠ ᠠᠬᠢᠭᠤᠯᠬᠤ ᠲᠣᠭᠲᠠᠴᠠ ᠶᠢ ᠤᠯᠠᠮ ᠨᠢᠭᠡ | ᠠᠯᠬᠤᠮ ᠪᠦᠷᠢᠨᠰᠢᠭᠦᠯᠵᠦ᠂ ᠣᠲᠣ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠳᠦᠷᠢᠮ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠪᠠ ᠬᠥᠯᠥᠰᠦ ᠣᠯᠭᠤᠮᠵᠢ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠪᠦᠬᠦᠯᠢ | ᠴᠣᠭᠴᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ︽ᠡᠷᠡᠭᠦᠯ ᠮᠡᠨᠳᠦ ᠴᠠᠭᠠᠨ ᠡᠭᠦᠯᠡ︾ 17 | ᠵᠦᠢᠯ ᠤᠨ ᠲᠤᠰᠬᠠᠢ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠡᠭᠦᠷᠭᠡ | ᠴᠢᠳᠠᠪᠤᠷᠢ ᠶᠢ ᠴᠢᠩᠭᠠᠷᠠᠭᠤᠯᠤᠨ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠳᠡᠭᠡᠭᠰᠢ ᠳᠣᠷᠣᠭᠰᠢ ᠨᠡᠪᠲᠡᠷᠡᠭᠦᠯᠬᠦ ᠠᠷᠭ᠎ᠠ ᠵᠠᠮ ᠪᠠ ᠲᠣᠭᠲᠠᠴᠠ ᠶᠢ ᠪᠣᠶ | ᠪᠣᠯᠭᠠᠨ᠎ᠠ᠃ ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾ ᠶᠢᠨ ᠦᠢᠯᠡᠴᠢᠯᠡᠭᠡᠨ ᠤ ᠭᠦᠨᠴᠡ ᠶᠢ ᠥᠷᠭᠡᠳᠬᠡᠵᠦ᠂ ᠡᠮᠴᠢᠯᠡᠭᠡᠨ ᠤ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠪᠥᠬᠦ ᠰᠡᠳᠬᠢᠯ ᠪᠥᠬᠦ | ᠬᠦᠴᠦᠨ ᠢᠶᠠᠷ ᠢᠶᠠᠨ ᠠᠷᠠᠳ ᠲᠦᠮᠡᠨ ᠤ ᠡᠷᠡᠭᠦᠯ ᠮᠡᠨᠳᠦ ᠶᠢ ᠬᠠᠮᠠᠭᠠᠯᠠᠨ᠎ᠠ᠃ ︽ᠭᠤᠷᠪᠠᠨ ᠬᠡᠦᠬᠡᠳ ᠠᠪᠬᠤ︾ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡ ᠶᠢ ᠬᠥᠭᠵᠢᠭᠦᠯᠬᠦ ᠶᠢ ᠵᠣᠷᠢᠭᠵᠢᠭᠤᠯᠤᠨ᠎ᠠ᠃ ᠤᠯᠤᠰ ᠢᠶᠠᠨ ᠬᠠᠶᠢᠷᠠᠯᠠᠬᠤ | ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠶᠡᠬᠡᠪᠡᠷ ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢᠨ ᠳᠠᠬᠢᠨ ᠪᠠᠶᠢᠴᠠᠭᠠᠯᠲᠠ ᠶᠢ | ᠥᠨᠳᠥᠷ ᠲᠦᠪᠰᠢᠨ ᠢᠶᠠᠷ ᠥᠩᠭᠡᠷᠡᠭᠦᠯᠬᠦ ᠶᠢ ᠦᠨᠡᠨᠬᠦ ᠪᠠᠲᠤᠯᠠᠨ᠎ᠠ᠃ | ᠰᠣᠶᠣᠯ ᠵᠢᠭᠤᠯᠴᠢᠯᠠᠯ ᠤᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠤᠨ᠎ᠠ᠃ ᠪᠡᠯᠡ ᠮᠥᠩᠭᠦ ᠣᠯᠬᠤ ᠪᠠᠷ ᠢᠳᠡᠪᠬᠢᠲᠡᠢ ᠴᠢᠷᠮᠠᠶᠢᠵᠤ᠂ | ᠨᠡᠶᠢᠭᠡᠮ ᠤᠨ ᠬᠦᠴᠦᠨ ᠢ ᠬᠥᠲᠥᠯᠥᠨ ᠵᠢᠯᠤᠭᠤᠳᠴᠤ᠂ ᠵᠤᠰᠠᠯᠠᠩ ᠤᠨ ᠵᠢᠵᠢᠭ ᠪᠠᠯᠭᠠᠰᠤ᠂ ᠠᠭᠤᠷᠬᠠᠢ ᠶᠢᠨ ᠠᠵᠤ ᠦᠢᠯᠡᠳᠪᠦᠷᠢ ᠶᠢᠨ ᠵᠢᠭᠤᠯᠴᠢᠯᠠᠯ᠂ ᠲᠠᠯ᠎ᠠ | ᠨᠤᠲᠤᠭ ᠤᠨ ᠰᠡᠯᠡᠭᠦᠴᠡᠯ ᠤᠨ ᠵᠢᠭᠤᠯᠴᠢᠯᠠᠯ᠂ ᠬᠤᠪᠢᠰᠬᠠᠯ ᠤᠨ ᠰᠤᠳᠤᠯᠤᠯ ᠤᠨ ᠵᠢᠭᠤᠯᠴᠢᠯᠠᠯ ᠪᠠ ᠣᠨᠴᠠᠯᠢᠭᠲᠤ ᠮᠥᠰᠥ ᠴᠠᠰᠤᠨ ᠤ ᠵᠢᠭᠤᠯᠴᠢᠯᠠᠯ ᠢ | ᠡᠬᠢᠯᠡᠭᠦᠯᠵᠦ᠂ ᠪᠦᠬᠦ ᠬᠤᠳᠠ ᠶᠢᠨ ᠣᠷᠣᠨ ᠪᠦᠰᠡ ᠠᠯᠤᠰᠯᠠᠭᠰᠠᠨ ᠵᠢᠭᠤᠯᠴᠢᠯᠠᠯ ᠤᠨ ᠬᠥᠭᠵᠢᠯᠲᠡ ᠶᠢᠨ ᠬᠤᠯᠪᠣᠭ᠎ᠠ ᠳᠤ ᠠᠭᠤᠰᠤᠯᠴᠠᠭᠤᠯᠵᠤ᠂ ᠨᠢᠭᠡ ᠪᠦᠯᠦᠭ | ᠰᠣᠶᠣᠯ ᠤᠨ ᠵᠢᠭᠤᠯᠴᠢᠯᠠᠯ ᠤᠨ ᠪᠦᠲᠦᠭᠡᠭᠳᠡᠬᠦᠨ ᠪᠠ ᠵᠦᠢᠯᠡᠰ ᠢ ᠭᠠᠷᠭᠠᠵᠤ᠂ ᠠᠷᠪᠠᠨ ᠳᠣᠯᠣᠳᠤᠭᠠᠷ ᠬᠤᠭᠤᠴᠠᠭᠠᠨ ᠤ ᠬᠠᠴᠢᠨ ᠴᠢᠯᠠᠭᠤᠨ ᠤ ᠰᠣᠶᠣᠯ ᠤᠨ | ᠵᠢᠭᠤᠯᠴᠢᠯᠠᠯ ᠤᠨ ᠨᠠᠶᠢᠷ ᠵᠡᠷᠭᠡ ᠰᠢᠷᠢᠰ ᠠᠵᠢᠯᠯᠠᠭ᠎ᠠ ᠶᠢ ᠨᠠᠷᠢᠨ ᠨᠢᠮᠪᠠᠢ ᠪᠡᠯᠡᠳᠬᠡᠨ ᠡᠷᠬᠢᠯᠡᠵᠦ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠶ᠂ | ᠬᠠᠷᠢᠯᠴᠠᠨ ᠬᠠᠷᠠᠭᠠᠯᠵᠠᠯ ᠦᠵᠡᠭᠦᠯᠵᠦ ᠬᠠᠷᠢᠯᠴᠠᠨ ᠠᠰᠢᠭᠲᠠᠢ ᠣᠷᠣᠨ ᠪᠦᠰᠡ ᠶᠢᠨ ᠰᠣᠶᠣᠯ ᠤᠨ ᠵᠢᠭᠤᠯᠴᠢᠯᠠᠯ ᠤᠨ ᠬᠠᠮᠲᠤᠷᠠᠯᠴᠠᠭᠠᠨ ᠤ ᠴᠣᠭᠴᠠ ᠶᠢ | ᠪᠠᠶᠢᠭᠤᠯᠤᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠪᠠ ︽ᠰᠣᠶᠣᠯ ᠤᠨ ᠨᠠᠷᠠᠲᠤ ᠬᠥᠮᠥᠨ ᠨᠠᠷᠠᠲᠤ ᠪᠦᠲᠦᠭᠡᠭᠳᠡᠬᠦᠨ︾ ᠤ | ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠰᠣᠶᠣᠯ ᠤᠨ ᠴᠢᠳᠠᠪᠤᠷᠢᠲᠠᠨ ᠤ ᠰᠣᠶᠣᠯ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠥᠷᠨᠢᠭᠦᠯᠬᠦ ᠶᠢ ᠳᠡᠮᠵᠢᠬᠦ | ᠪᠠ ᠬᠥᠲᠥᠯᠥᠨ ᠵᠢᠯᠤᠭᠤᠳᠬᠤ ᠪᠠ ᠵᠣᠷᠢᠭᠵᠢᠭᠤᠯᠵᠤ᠂ ᠨᠥᠯᠥᠭᠡᠯᠡᠬᠦ ᠬᠦᠴᠦᠨ ᠲᠠᠢ᠂ ᠤᠯᠠᠮᠵᠢᠯᠠᠬᠤ ᠬᠦᠴᠦᠨ ᠲᠠᠢ ᠤᠳᠬ᠎ᠠ ᠵᠣᠬᠢᠶᠠᠯ ᠤᠳᠬ᠎ᠠ ᠤᠷᠠᠯᠢᠭ ᠤᠨ | ᠰᠣᠳᠣᠨ ᠪᠦᠲᠦᠭᠡᠯ ᠢ ᠨᠠᠩ ᠣᠯᠠᠨ ᠭᠠᠷᠭᠠᠵᠤ᠂ ᠰᠣᠶᠣᠯ ᠤᠨ ᠠᠭᠤᠯᠬᠤᠨ ᠢ ᠵᠤᠵᠠᠭᠠᠳᠬᠠᠨ᠂ ᠬᠤᠲᠠ ᠶᠢᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ | 300 ᠲᠦᠮᠡᠨ ᠲᠥᠭᠦᠷᠢᠭ ᠣᠷᠣᠭᠤᠯᠵᠤ᠂ ᠨᠣᠮ ᠤᠨ ᠰᠠᠩ ᠤᠨ ᠲᠠᠩᠰᠠ ᠡᠪᠬᠡᠮᠡᠯ ᠢ ᠳᠡᠭᠡᠭᠰᠢᠯᠡᠭᠦᠯᠵᠦ ᠲᠠᠰ ᠳᠡᠪᠰᠢᠭᠦᠯᠬᠦ ᠲᠥᠷᠥᠯ ᠵᠦᠢᠯ ᠢ ᠬᠡᠷᠡᠭᠵᠢᠭᠦᠯᠵᠦ᠂ | ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︽ᠵᠢᠵᠢᠭ ᠮᠥᠷᠲᠡᠭᠡᠨ ᠭᠤᠶᠣ︾ | ᠬᠤᠲᠠ ᠶᠢᠨ ᠨᠣᠮ ᠤᠨ ᠥᠷᠥᠭᠡ᠂ ᠰᠣᠶᠣᠯ ᠤᠨ ᠥᠷᠲᠡᠭᠡ᠂ ᠪᠡᠶ᠎ᠡ ᠶᠢᠨ ᠲᠠᠮᠢᠷ ᠤᠨ ᠴᠡᠴᠡᠷᠯᠢᠭ ᠵᠡᠷᠭᠡ ᠰᠢᠨ᠎ᠡ ᠬᠡᠯᠪᠡᠷᠢ ᠶᠢᠨ ᠣᠯᠠᠨ ᠨᠡᠶᠢᠲᠡ ᠶᠢᠨ ᠰᠣᠶᠣᠯ | ᠪᠡᠶ᠎ᠡ ᠶᠢᠨ ᠲᠠᠮᠢᠷ ᠤᠨ ᠣᠷᠣᠨ ᠵᠠᠢ ᠶᠢ ᠰᠢᠨ᠎ᠡ ᠪᠠᠷ ᠡᠭᠦᠳᠦᠨ ᠪᠠᠶᠢᠭᠤᠯᠵᠤ᠂ ︽15 ᠮᠢᠨᠦ᠋ᠲ ᠤᠨ ᠰᠣᠶᠣᠯ ᠤᠨ ᠬᠦᠷᠢᠶ᠎ᠡ︾ ᠶᠢ ᠪᠠᠶᠢᠭᠤᠯᠤᠨ᠎ᠠ᠃ ᠨᠡᠶᠢᠭᠡᠮ | ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠪᠣᠶᠢᠵᠢᠭᠤᠯᠤᠨ ᠦᠢᠯᠡᠳᠦᠯᠭᠡᠵᠢᠭᠦᠯᠵᠦ᠂ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢ | ᠲᠦᠯᠬᠢᠨ ᠠᠬᠢᠭᠤᠯᠤᠨ᠎ᠠ᠃ ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ ᠶᠢᠨ ᠦᠶᠯᠡ ᠠᠵᠢᠯᠯᠠᠭ᠎ᠠ ᠶᠢᠨ ᠦᠵᠡᠰᠬᠦᠯᠡᠩ ᠤᠨ ᠣᠷᠳᠣᠨ ᠤ | ᠦᠢᠯᠡᠳᠦᠯ ᠢ ᠪᠠᠳᠠᠷᠠᠭᠤᠯᠵᠤ᠂ ᠥᠪᠡᠷᠮᠢᠴᠡ ᠣᠨᠴᠠᠯᠢᠭ ᠲᠠᠢ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠰᠣᠳᠣᠨ ᠵᠠᠮ ᠱᠤᠭᠤᠮ ᠢ ᠪᠣᠶ ᠪᠣᠯᠭᠠᠵᠤ᠂ | ᠵᠢᠭᠤᠯᠴᠢᠯᠠᠯ ᠤᠨ ᠢᠵᠢ ᠪᠦᠷᠢᠳᠦᠭᠦᠯᠬᠦ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠢᠳᠡᠭᠡᠨ ᠤᠮᠳᠠᠭᠠᠨ ᠪᠠᠭᠤᠳᠠᠯ ᠵᠡᠷᠭᠡ ᠦᠢᠯᠡᠴᠢᠯᠡᠭᠡᠨ ᠤ | ᠵᠤᠭ᠎ᠠ ᠴᠡᠩᠭᠡᠯ ᠤᠨ ᠪᠡᠯᠡᠳᠬᠡᠮᠵᠢ ᠶᠢᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠳᠡᠮᠵᠢᠵᠦ᠂ ᠵᠢᠭᠤᠯᠴᠢᠯᠠᠭᠴᠢᠳ ᠲᠤ ᠰᠢᠯᠢᠳᠡᠭ | ᠵᠢᠭᠤᠯᠴᠢᠯᠠᠯ ᠤᠨ ᠥᠩᠭᠡᠷᠡᠭᠡᠯᠲᠡ ᠬᠠᠩᠭᠠᠨ᠎ᠠ᠃ | ᠠᠮᠤᠷ ᠠᠮᠤᠭᠤᠯᠠᠩ ᠪᠠᠶ᠋ᠬᠠᠤᠪᠤᠭ᠎ᠠ ᠶᠢ ᠪᠥᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠤᠨ᠎ᠠ ︽ᠠᠮᠤᠷ ᠠᠮᠤᠭᠤᠯᠠᠩ ᠨᠡᠶᠢᠭᠡᠮ ᠲᠣᠭᠤᠷᠢᠭ︾ ᠢ | ᠢᠳᠡᠪᠬᠢᠲᠡᠢ ᠪᠠᠷ ᠴᠣᠭᠴᠠᠯᠠᠨ ᠪᠠᠶᠢᠭᠤᠯᠵᠤ᠂ ︽ᠬᠤᠣᠷ ᠦᠭᠡᠢ ᠨᠡᠶᠢᠭᠡᠮ ᠲᠣᠭᠤᠷᠢᠭ︾ ᠢ ᠡᠭᠦᠳᠦᠨ ᠪᠠᠶᠢᠭᠤᠯᠵᠤ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ | ᠣᠯᠠᠨ ᠡᠰᠢᠲᠦ ᠲᠣᠭᠲᠠᠴᠠ ᠶᠢ ᠲᠡᠭᠦᠯᠳᠡᠷᠵᠢᠭᠦᠯᠦᠨ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠪᠥᠬᠦ ᠲᠠᠯ᠎ᠠ ᠪᠠᠷ | ᠠᠬᠢᠭᠤᠯᠤᠨ᠎ᠠ᠃ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠲᠣᠥᠷᠵᠢᠭᠤᠯᠤᠭᠰᠠᠨ ᠬᠠᠮᠢᠶᠠᠷᠤᠯᠲᠠ᠂ | ᠨᠠᠷᠢᠯᠢᠭᠵᠢᠭᠤᠯᠤᠭᠰᠠᠨ ᠦᠢᠯᠡᠴᠢᠯᠡᠭᠡᠨ᠂ ᠮᠡᠳᠡᠭᠡ ᠵᠠᠩᠭᠢᠵᠢᠯᠲᠠ ᠶᠢᠨ ᠲᠤᠯᠭᠠᠭᠤᠷᠢᠯᠠᠯ ᠢᠶᠠᠷ ᠭᠤᠣᠯᠳᠠᠯᠭ᠎ᠠ ᠪᠣᠯᠭᠠᠨ᠂ ︽ᠨᠡᠶᠢᠭᠡᠮ ᠲᠣᠭᠤᠷᠢᠭ ᠤᠨ ᠱᠦᠭᠯᠦ | ᠦᠯᠢᠶᠡᠬᠦ᠂ ᠰᠠᠯᠠᠭ᠎ᠠ ᠮᠥᠴᠢᠷ ᠤᠨ ᠨᠡᠷ᠎ᠡ ᠮᠡᠳᠡᠭᠦᠯᠬᠦ︾ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠶᠤᠯᠭᠦᠢ ᠦᠢᠯᠡᠳᠪᠦᠷᠢᠯᠡᠯ ᠤᠨ ᠲᠤᠰᠬᠠᠢ | ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠠᠵᠢᠯᠯᠠᠭᠠᠨ ᠤ ᠬᠠᠮᠢᠶᠠᠷᠤᠯᠲᠠ ᠶᠢᠨ | ᠲᠣᠭᠲᠠᠴᠠ ᠶᠢ ᠰᠢᠯᠢᠳᠡᠭᠵᠢᠭᠦᠯᠦᠨ᠂ ᠪᠠᠴᠢᠮ ᠪᠠᠶᠢᠳᠠᠯ ᠢ ᠠᠷᠭᠠᠴᠠᠵᠤ ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ | ᠭᠠᠮᠰᠢᠭ ᠢ ᠰᠡᠷᠭᠡᠶᠢᠯᠡᠬᠦ᠂ ᠭᠠᠮᠰᠢᠭ ᠢ ᠪᠠᠭᠠᠰᠬᠠᠬᠤ᠂ ᠭᠠᠮᠰᠢᠭ ᠢ ᠡᠰᠡᠷᠭᠦᠴᠡᠬᠦ᠂ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠠᠸᠠᠷ ᠤᠨ | ᠶᠠᠰᠤ ᠴᠢᠨᠠᠷ᠂ ᠢᠳᠡᠭᠡᠨ ᠤ ᠠᠮᠤᠷ ᠲᠦᠪᠰᠢᠨ᠂ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠠᠮᠤᠷ ᠲᠦᠪᠰᠢᠨ ᠪᠥᠭᠡᠳ ᠰᠠᠨᠠᠭ᠎ᠠ ᠠᠮᠤᠷ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠠᠬᠢᠭᠤᠯᠵᠤ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠵᠡᠷᠭᠡ ᠬᠠᠤᠯᠢ | ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠡᠷᠡᠭᠦᠯ ᠲᠣᠭᠲᠠᠭᠤᠨ ᠢᠶᠠᠷ | ᠬᠥᠭᠵᠢᠬᠦ ᠶᠢ ᠬᠠᠮᠠᠭᠠᠯᠠᠨ᠎ᠠ᠃ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠦᠷᠭᠦᠯᠵᠢᠯᠡᠨ ᠰᠠᠶᠢᠲᠤᠷ ᠠᠳᠬᠤᠵᠤ᠂ ︽ᠬᠤᠶᠠᠷ ᠢ | ᠬᠦᠷᠢᠶᠡᠯᠡᠬᠦ︾ ᠠᠵᠢᠯ ᠢ ᠰᠠᠶᠢᠲᠤᠷ ᠬᠢᠨ᠎ᠡ᠃ᠵᠠᠬᠢᠳᠠᠯ ᠰᠣᠷᠪᠤᠯᠵᠢᠯᠠᠭ᠎ᠠ ᠶᠢᠨ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ | ᠡᠮᠬᠢ ᠵᠢᠷᠤᠮ ᠢ ᠵᠢᠷᠤᠮᠵᠢᠭᠤᠯᠤᠨ᠂ ᠪᠦᠬᠦ ᠬᠦᠴᠦᠨ ᠢᠶᠠᠷ ᠢᠶᠠᠨ ᠴᠢᠷᠮᠠᠶᠢᠨ ᠪᠦᠬᠦ ᠤᠯᠤᠰ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ | ᠣᠷᠣᠨ ᠢ ᠪᠠᠶᠢᠭᠤᠯᠤᠨ᠎ᠠ᠃ | ︵ᠵᠢᠷᠭᠤᠭ᠎ᠠ︶ ᠬᠦᠴᠦᠨ ᠢᠶᠠᠨ ᠲᠥᠪᠯᠡᠷᠡᠭᠦᠯᠦᠨ ︽ᠬᠡᠷᠡᠭᠵᠢᠭᠦᠯᠦᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠪᠠᠷ ᠴᠢᠷᠮᠠᠶᠢᠵᠤ᠂ ᠥᠨᠳᠥᠷ | ᠪᠦᠲᠦᠮᠵᠢᠲᠡᠶ ᠵᠠᠰᠠᠭ ᠤᠨ ᠣᠷᠳᠣᠨ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ | ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠨ᠎ᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠬᠡᠷᠡᠭᠯᠡᠵᠦ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ | ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ | ᠴᠢᠳᠠᠪᠤᠷᠢ ᠶᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠵᠦ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ᠳᠤᠷᠠᠳᠤᠭᠰᠠᠨ ︽ᠲᠦᠷᠪᠡᠨ ᠡᠷᠬᠡᠪᠰᠢ︾ ᠶᠢᠨ ᠵᠢᠮ᠎ᠡ ᠶᠣᠰᠣᠴᠢ | ᠴᠢᠨᠠᠷᠲᠠᠢ ᠲᠠᠨᠢᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ ᠴᠢᠩᠭ᠎ᠠ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ᠂ ᠢᠯᠡ ᠲᠣᠳᠣ ᠪᠣᠳᠠᠲᠠᠢ ᠠᠵᠢᠯᠯᠠᠬᠤ | ᠤᠳᠤᠷᠢᠳᠤᠮᠵᠢ᠂ ᠰᠢᠯᠢᠳᠡᠭ ᠰᠠᠶᠢᠨ ᠠᠵᠢᠯ ᠤᠨ ᠰᠤᠷᠲᠠᠯ ᠢᠶᠠᠷ ᠪᠦᠬᠦ ᠣᠷᠣᠨ ᠤ ᠡᠯ᠎ᠡ ᠵᠦᠢᠯ ᠤᠨ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠤᠨ | ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ ᠪᠠᠷ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠬᠠᠷᠢᠴᠠᠯᠠᠰᠢ | ᠦᠭᠡᠢ ᠠᠮᠤᠷ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ | ᠪᠤᠰᠢᠭᠤ ᠱᠠᠯᠠᠮᠠᠭᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠪᠠ᠃ ᠵᠥᠪ ᠴᠢᠭᠯᠡᠯ ᠢᠶᠠᠷ ᠤᠷᠮᠠᠰᠢᠭᠤᠯᠬᠤ ᠶᠢ ᠴᠢᠩᠭᠠᠳᠬᠠᠵᠤ᠂ ᠠᠯᠳᠠᠭ᠎ᠠ ᠪᠤᠷᠤᠭᠤ ᠶᠢ | ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠪᠦᠷᠢᠨᠰᠢᠭᠦᠯᠵᠦ᠂ ᠥᠷᠭᠡᠨ ᠤᠯᠠᠨ ᠺᠠᠳ᠋ᠷᠴᠤᠳ ᠤᠨ ᠠᠵᠢᠯ ᠶᠠᠪᠤᠳᠠᠯ ᠬᠢᠬᠦ | ᠡᠷᠡᠭᠡᠯᠵᠡᠭᠡ ᠶᠢ ᠠᠷᠢᠯᠭᠠᠵᠤ᠂ ᠡᠭᠦᠷᠭᠡᠯᠡᠭᠴᠢ ᠶᠢᠨ ᠡᠮᠦᠨ᠎ᠡ ᠠᠴᠠ ᠡᠭᠦᠷᠭᠡᠯᠡᠵᠦ᠂ ᠬᠠᠷᠢᠭᠤᠴᠠᠭᠴᠢ ᠶᠢᠨ ᠡᠮᠦᠨ᠎ᠡ ᠠᠴᠠ ᠬᠠᠷᠢᠭᠤᠴᠠᠵᠤ᠂ ᠪᠣᠳᠠᠲᠠᠢ | ᠠᠵᠢᠯᠯᠠᠭᠴᠢ ᠶᠢᠨ ᠡᠮᠦᠨ᠎ᠡ ᠠᠴᠠ ᠲᠦᠰᠢᠭ ᠲᠤᠯᠭᠠᠭᠤᠷᠢ ᠪᠣᠯᠭᠠᠬᠤ ᠬᠡᠷᠡᠭᠲᠡᠢ᠃ ᠤᠯᠤᠰ ᠲᠦᠷᠦ ᠶᠢᠨ ᠬᠠᠷᠢᠭᠤᠴᠠᠯᠭ᠎ᠠ ᠶᠢ ᠬᠥᠭᠵᠢᠯᠲᠡ ᠶᠢ ᠠᠬᠢᠭᠤᠯᠬᠤ᠂ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠬᠥᠳᠡᠯᠭᠡᠭᠦ ᠬᠦᠴᠦᠨ ᠪᠣᠯᠭᠠᠨ ᠬᠤᠪᠢᠷᠠᠭᠤᠯᠵᠤ᠂ ᠵᠠᠷᠯᠢᠭ ᠪᠠᠶᠢᠪᠠᠴᠤ | ᠬᠡᠷᠡᠭᠵᠢᠭᠦᠯᠬᠦ ᠦᠭᠡᠢ᠂ ᠴᠠᠭᠠᠵᠠᠯᠠᠵᠤ ᠪᠠᠶᠢᠲᠠᠯ᠎ᠠ ᠵᠣᠭᠰᠣᠬᠤ ᠦᠭᠡᠢ᠂ ᠨᠠᠵᠠᠭᠠᠶᠢᠷᠠᠨ ᠬᠤᠶᠢᠷᠭᠤᠰᠢᠬᠤ᠂ ᠨᠣᠶᠠᠨ ᠰᠠᠭᠤᠭᠠᠳ ᠠᠵᠢᠯ ᠦᠯᠦ ᠬᠢᠬᠦ ᠵᠡᠷᠭᠡ | ᠠᠰᠠᠭᠤᠳᠠᠯ ᠢ ᠬᠦᠴᠦᠯᠡᠨ ᠴᠡᠭᠴᠡᠯᠡᠨ ᠵᠠᠰᠠᠵᠤ᠂ ᠵᠠᠰᠠᠭ ᠤᠨ ᠣᠷᠳᠣᠨ ᠤ ᠠᠵᠢᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠪᠡᠶᠡᠯᠡᠭᠦᠯᠵᠦ᠂ ᠣᠷᠭᠢᠯᠤᠮ᠎ᠠ | ᠬᠠᠯᠠᠭᠤᠨ ᠰᠡᠳᠬᠢᠯᠭᠡ ᠲᠠᠢ᠂ ᠵᠣᠷᠢᠭᠲᠠᠢ ᠪᠠᠷ ᠤᠷᠤᠰᠬᠠᠯ ᠤᠨ ᠡᠮᠦᠨ᠎ᠡ ᠵᠣᠭᠰᠣᠭᠰᠠᠨ ᠠᠵᠢᠯ ᠬᠢᠵᠦ ᠦᠢᠯᠡᠰ ᠪᠣᠰᠬᠠᠬᠤ ᠠᠭᠤᠷ ᠠᠮᠢᠰᠬᠤᠯ ᠢ ᠲᠦᠷᠭᠡᠨ ᠪᠤᠢ | ᠪᠣᠯᠭᠠᠨ᠎ᠠ᠃ | ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠳᠦᠷᠢ ᠲᠥᠷᠬᠦ ᠶᠢ ᠪᠤᠢ ᠪᠣᠯᠭᠠᠨ᠎ᠠ᠃ ᠬᠠᠤᠯᠢ ᠪᠠᠷ ᠵᠠᠰᠠᠬᠤ ᠰᠡᠳᠬᠢᠬᠦᠢ᠂ ᠬᠠᠤᠯᠢ ᠪᠠᠷ | ᠵᠠᠰᠠᠬᠤ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠨ᠂ ᠬᠠᠤᠯᠢ ᠶᠣᠰᠣᠭᠠᠷ | ᠵᠠᠰᠠᠭ ᠶᠠᠪᠤᠭᠤᠯᠬᠤ ᠶᠢ ᠭᠦᠨᠵᠡᠭᠡᠢ ᠲᠦᠯᠬᠢᠨ ᠠᠬᠢᠭᠤᠯᠵᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠣᠯᠴᠢ ᠪᠠᠷ ᠬᠠᠤᠯᠢ ᠪᠠᠷᠢᠬᠤ᠂ ᠪᠦᠬᠦ | ᠠᠷᠠᠳ ᠢᠶᠠᠷ ᠢᠶᠠᠨ ᠬᠠᠤᠯᠢ ᠶᠢ ᠰᠠᠬᠢᠬᠤ ᠶᠢ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠵᠤ᠂ ᠭᠠᠵᠠᠷ ᠣᠷᠣᠨ ᠤ ᠪᠣᠳᠠᠲᠤ ᠪᠠᠶᠢᠳᠠᠯ ᠠᠴᠠ ᠡᠭᠦᠰᠦᠨ᠂ ︽ᠨᠢᠭᠡ | ᠲᠥᠯᠦᠪᠵᠢᠭᠦᠯᠭᠡ ᠬᠤᠶᠠᠷ ᠲᠣᠪᠴᠢ︾ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠠᠵᠢᠯᠯᠠᠭ᠎ᠠ ᠶᠢ ᠬᠠᠤᠯᠢ ᠪᠠᠷ ᠵᠠᠰᠠᠬᠤ | ᠵᠠᠮ ᠳᠤ ᠪᠦᠬᠦ ᠲᠠᠯ᠎ᠠ ᠪᠠᠷ ᠣᠷᠣᠭᠤᠯᠤᠨ᠂ ᠠᠵᠢᠯ ᠶᠠᠪᠤᠳᠠᠯ ᠰᠢᠢᠳᠪᠦᠷᠢᠯᠡᠬᠦ ᠳᠡᠭᠡᠨ ᠬᠠᠤᠯᠢ ᠶᠣᠰᠣᠭᠠᠷ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠵᠦ | ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠵᠦ᠂ ᠵᠥᠷᠢᠴᠡᠯ ᠢ ᠠᠷᠢᠯᠭᠠᠬᠤ ᠳᠤ ᠬᠠᠤᠯᠢ ᠶᠢ ᠲᠦᠰᠢᠭᠯᠡᠨ᠎ᠡ᠃ ᠰᠢᠢᠳᠪᠦᠷᠢᠲᠦ ᠪᠣᠳᠣᠯᠭ᠎ᠠ | ᠲᠣᠭᠲᠠᠭᠠᠬᠤ ᠵᠢᠷᠤᠮ ᠢ ᠵᠢᠷᠤᠮᠵᠢᠭᠤᠯᠵᠤ᠂ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠪᠣᠳᠠᠲᠠᠢ ᠪᠠᠷ | ᠲᠦᠯᠬᠢᠨ ᠠᠬᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠡᠷᠡᠭᠵᠢᠭᠦᠯᠬᠦ᠂ ᠬᠠᠮᠢᠶᠠᠷᠬᠤ | ᠂ ᠦᠢᠯᠡᠴᠢᠯᠡᠬᠦ ᠪᠠ ᠦᠷ᠎ᠡ ᠳ᠋ᠦᠩ ᠢ ᠪᠥᠬᠦ ᠬᠡᠯᠬᠢᠶ᠎ᠡ ᠪᠠᠷ ᠢᠯᠡ ᠪᠣᠯᠭᠠᠬᠤ ᠶᠢ ᠪᠡᠶᠡᠯᠡᠭᠦᠯᠵᠦ᠂ ᠣᠯᠠᠨ ᠲᠦᠮᠡᠨ ᠳᠤ ᠲᠥᠪ ᠭᠤᠥᠯᠴᠢ ᠰᠢᠳᠤᠷᠭᠤ ᠶᠣᠰᠣ ᠶᠢ | ᠮᠡᠳᠡᠷᠡᠭᠦᠯᠦᠨ᠎ᠡ᠃ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ | ᠲᠦᠷᠦ ᠶᠢᠨ ᠵᠥᠪᠯᠡᠯᠭᠡᠨ ᠤ ᠬᠢᠨᠠᠯᠲᠠ ᠪᠠ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠳᠤᠮᠳᠠ | ᠡᠷᠡᠯᠬᠡᠭᠯᠡᠨ ᠲᠡᠮᠡᠴᠡᠵᠦ᠂ ᠬᠦᠴᠦᠨ ᠢᠶᠠᠨ ᠪᠦᠯᠬᠦᠮᠳᠡᠭᠦᠯᠬᠦ ᠳᠤᠮᠳᠠ ᠡᠷᠡᠯᠬᠡᠭᠯᠡᠨ ᠤᠷᠤᠭᠰᠢᠯᠠᠨ᠎ᠠ᠃ | ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠎ᠡ᠃ ᠠᠷᠠᠳ ᠤᠨ ᠲᠥᠯᠥᠭᠡ ᠵᠢᠳᠬᠦᠬᠦ ᠰᠡᠳᠬᠢᠯ ᠢ ᠪᠠᠲᠤ | ᠴᠡᠭᠡᠵᠢᠯᠡᠵᠦ᠂ ᠲᠦᠷᠦ ᠶᠢᠨ ᠪᠣᠳᠣᠯᠭ᠎ᠠ ᠶᠢ ᠠᠷᠠᠳ ᠤᠨ ᠠᠮᠢᠳᠤᠷᠠᠯ ᠲᠡᠰᠢ ᠲᠥᠪᠯᠡᠷᠡᠭᠦᠯᠬᠦ᠂ ᠦᠢᠯᠡᠴᠢᠯᠡᠭᠡ ᠶᠢ ᠠᠷᠠᠳ ᠤᠨ ᠠᠮᠢᠳᠤᠷᠠᠯ ᠢ ᠪᠦᠷᠬᠦᠭᠦᠯᠬᠦ᠂ ᠡᠬᠢ | ᠪᠠᠶᠠᠯᠢᠭ ᠢ ᠠᠷᠠᠳ ᠤᠨ ᠠᠮᠢᠳᠤᠷᠠᠯ ᠲᠡᠰᠢ ᠬᠡᠯᠪᠡᠶᠢᠯᠭᠡᠬᠦ ᠶᠢ ᠠᠬᠢᠭᠤᠯᠬᠤ ᠬᠡᠷᠡᠭᠲᠡᠢ᠃ ᠠᠵᠢᠯ ᠤᠨ ᠰᠤᠷᠲᠠᠯ ᠢ ᠰᠠᠶᠢᠵᠢᠷᠠᠭᠤᠯᠬᠤ᠂ ᠠᠵᠢᠯ ᠤᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠪᠠᠷ ᠭᠤᠣᠯ ᠰᠢᠵᠢᠮ ᠪᠣᠯᠭᠠᠵᠤ᠂ ᠦᠨᠳᠦᠰᠦᠨ ᠱᠠᠲᠤᠨ ᠤ ᠬᠦᠯᠢᠶᠡᠰᠦ ᠶᠢ ᠰᠤᠯᠠᠷᠠᠭᠤᠯᠤᠨ ᠳᠠᠷᠤᠭᠠᠰᠤ ᠶᠢ ᠨᠢ ᠬᠥᠩᠭᠡᠷᠡᠭᠦᠯᠦᠨ᠎ᠡ᠃ | ᠠᠷᠪᠢᠯᠠᠨ ᠭᠠᠮᠨᠠᠬᠤ ᠶᠢ ᠪᠠᠷᠢᠮᠲᠠᠯᠠᠵᠤ᠂ ᠡᠩ ᠤᠨ ᠴᠢᠨᠠᠷᠲᠠᠢ ᠵᠠᠷᠤᠯᠭ᠎ᠠ ᠪᠠ ᠪᠠᠴᠢᠮ ᠬᠡᠷᠡᠭᠴᠡᠭᠡᠨ ᠤ ᠪᠤᠰᠤ᠂ ᠬᠠᠲᠠᠭᠤ ᠪᠤᠰᠤ ᠴᠢᠨᠠᠷᠲᠠᠢ ᠵᠠᠷᠤᠯᠭ᠎ᠠ ᠶᠢ ᠶᠡᠭᠡ ᠪᠠᠷ | ᠪᠠᠭᠠᠰᠬᠠᠨ᠂ ᠠᠷᠪᠢᠯᠠᠵᠤ ᠭᠠᠷᠭᠠᠭᠰᠠᠨ ᠪᠡᠯᠡ ᠮᠥᠩᠭᠦ ᠶᠢ ᠪᠦᠬᠦᠨ ᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠬᠡᠷᠡᠭᠯᠡᠨ᠎ᠡ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠪᠠᠷᠢᠮᠵᠢᠶᠠᠵᠢᠭᠰᠠᠨ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠤ | ᠠᠵᠢᠯ ᠶᠠᠪᠤᠳᠠᠯ ᠭᠦᠢᠴᠡᠳᠬᠡᠬᠦ ᠳᠤ ︽ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠬᠤ︾ ᠰᠢᠭ᠋ ᠲᠥᠬᠦᠮ ᠦᠵᠡᠭᠦᠯᠦᠨ᠎ᠡ᠃ | ᠠᠷᠢᠭᠤᠨ ᠴᠢᠬᠡᠴᠢ ᠪᠠᠷ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠬᠢᠨᠠᠮᠠᠭᠠᠢ | ᠭᠦᠢᠴᠡᠳᠬᠡᠵᠦ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠢ ᠴᠥᠬᠦᠷᠡᠯ ᠦᠭᠡᠢ ᠨᠠᠶᠢᠳᠠᠪᠤᠷᠢᠵᠢᠭᠤᠯᠤᠨ᠎ᠠ᠃ ᠡᠳ᠋ ᠤᠨ ᠵᠠᠰᠠᠭ ᠤᠨ ᠪᠡᠯᠡ ᠮᠥᠩᠭᠦ ᠶᠢᠨ | ᠬᠠᠮᠢᠶᠠᠷᠤᠯᠲᠠ ᠶᠢ ᠴᠢᠩᠳᠠᠯᠠᠵᠤ᠂ ᠡᠳ᠋ ᠤᠨ ᠵᠠᠰᠠᠭ ᠤᠨ ᠲᠤᠰᠬᠠᠢ ᠵᠦᠢᠯ ᠤᠨ ᠪᠡᠯᠡ ᠮᠥᠩᠭᠦ ᠶᠢᠨ ᠠᠮᠵᠢᠯᠲᠠᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠵᠤ᠂ ᠲᠥᠷᠥᠯ ᠵᠦᠢᠯ ᠤᠨ ᠥᠪᠡᠷ ᠤᠨ ᠥᠷᠲᠡᠭ ᠢ ᠡᠷᠡᠰ ᠬᠠᠮᠢᠶᠠᠷᠤᠨ | ᠡᠵᠡᠮᠳᠡᠨ᠎ᠡ᠃ ᠬᠢᠨᠠᠨ ᠪᠣᠳᠣᠯᠲᠠ ᠶᠢ ᠨᠡᠶᠢᠳᠡᠮ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠬᠢᠨᠠᠨ ᠪᠣᠳᠣᠯᠲᠠ᠂ ᠬᠢᠨᠠᠨ ᠪᠠᠶᠢᠴᠠᠭᠠᠯᠲᠠ ᠶᠢᠨ ᠦᠷ᠎ᠡ ᠳ᠋ᠦᠩ ᠤᠨ | ᠬᠡᠷᠡᠭᠯᠡᠯᠲᠡ ᠶᠢ ᠴᠢᠩᠭᠠᠳᠬᠠᠨ᠎ᠠ᠃ ᠡᠷᠡᠰ ᠰᠢᠭᠤᠷᠬᠠᠢ ᠪᠠᠷ ᠰᠤᠷᠲᠠᠯ ᠢ ᠲᠥᠪ ᠪᠣᠯᠭᠠᠨ ᠢᠯᠵᠠᠷᠠᠯ ᠢ ᠡᠰᠡᠷᠭᠦᠴᠡᠵᠦ ᠰᠠᠬᠢᠯᠭ᠎ᠠ ᠪᠠᠲᠤ ᠶᠢ ᠴᠢᠩᠳᠠᠯᠠᠵᠤ᠂ ᠺᠠᠳ᠋ᠷ | ᠲᠥᠪ ᠴᠢᠬᠡᠴᠢ᠂ ᠵᠠᠰᠠᠭ ᠤᠨ ᠣᠷᠳᠣᠨ ᠠᠷᠢᠭᠤᠨ ᠴᠢᠬᠡᠴᠢ᠂ ᠤᠯᠤᠰ ᠲᠦᠷᠦ ᠭᠡᠭᠡᠨ ᠰᠠᠷᠠᠭᠤᠯ᠂ ᠨᠡᠶᠢᠭᠡᠮ ᠭᠡᠭᠡᠨ ᠰᠠᠷᠠᠭᠤᠯ ᠪᠠᠶᠢᠬᠤ ᠤᠯᠤᠰ ᠲᠦᠷᠦ ᠶᠢᠨ | ᠠᠮᠢ ᠠᠬᠤᠢ ᠶᠢ ᠬᠦᠴᠦᠯᠡᠨ ᠪᠤᠢ ᠪᠣᠯᠭᠠᠨ᠎ᠠ᠃ | ᠲᠥᠯᠥᠭᠡᠯᠡᠭᠴᠢᠳ ᠠ᠋ ! ᠠᠶᠠᠨ ᠵᠠᠮ ᠳᠤ ᠲᠡᠮᠡᠴᠡᠯ ᠪᠠᠶᠢᠬᠤ ᠯᠠ ᠬᠡᠷᠡᠭ᠃ ᠪᠢᠳᠡ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠳᠠ ᠪᠣᠯᠣᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠣᠷᠣᠨ ᠤ ᠠᠷᠠᠳ ᠲᠦᠮᠡᠨ ᠳᠤ ᠴᠢᠩᠭ᠎ᠠ ᠲᠦᠰᠢᠭᠯᠡᠵᠦ᠂ ᠵᠣᠷᠢᠭᠲᠠᠢ ᠪᠠᠷ ᠤᠷᠤᠭᠰᠢᠯᠠᠨ ᠳᠠᠪᠰᠢᠵᠤ᠂ ᠪᠦᠯᠬᠦᠮᠳᠡᠨ | ᠪᠣᠳᠠᠲᠠᠢ ᠠᠵᠢᠯᠯᠠᠵᠤ᠂ ᠡᠷᠡᠯᠬᠡᠭᠯᠡᠨ ᠲᠡᠮᠡᠴᠡᠵᠦ᠂ ᠴᠥᠬᠦᠷᠡᠰᠢ ᠦᠭᠡᠢ ᠴᠢᠷᠮᠠᠶᠢᠨ ᠠᠵᠢᠯᠯᠠᠵᠤ᠂ ᠪᠦᠬᠦ ᠬᠦᠴᠦᠨ ᠢᠶᠠᠷ ᠢᠶᠠᠨ ᠰᠢᠪᠲᠤᠯᠤᠯᠲᠠ ᠬᠢᠬᠦ ᠠᠮᠢ ᠴᠦᠯᠡᠨ | ᠲᠡᠮᠡᠴᠡᠬᠦ ᠳᠦᠷᠢ ᠪᠠᠶᠢᠳᠠᠯ ᠢᠶᠠᠷ ᠪᠠᠶᠠᠨ᠋ᠣ᠋ᠪᠣᠭ᠎ᠠ ᠠᠭᠤᠷᠬᠠᠢ ᠶᠢᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ | ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠶ᠎ᠠ︕ | | | 2022 ᠣᠨ ᠤ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠣᠳᠣᠷᠬᠠᠢ ᠬᠠᠭᠤᠳᠠᠰᠤ | ︵ᠨᠡᠶᠢᠳᠡ 10 ᠵᠦᠢᠯ︶ | 1.ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠠᠷᠭ᠎ᠠ ᠵᠠᠮ ᠢ ᠳᠡᠭᠡᠭᠰᠢᠯᠡᠭᠦᠯᠬᠦ ᠢᠨᠵᠧᠨᠧᠷᠢᠩ᠃ ᠳᠥᠷᠪᠡᠨ ᠨᠡᠶᠢᠭᠡᠮ ᠲᠣᠭᠤᠷᠢᠭ ᠲᠤ 4 ᠢᠵᠢ ᠪᠡᠶ᠎ᠡ | ᠴᠢᠭᠢᠷᠠᠭᠵᠢᠭᠤᠯᠬᠤ ᠵᠠᠮ ᠱᠤᠭᠤᠮ ᠢ ᠰᠢᠨ᠎ᠡ ᠪᠠᠷ ᠪᠠᠶᠢᠭᠤᠯᠵᠤ᠂ ᠭᠡᠷ ᠤᠨ ᠡᠭᠦᠳᠡᠨ ᠳᠠᠬᠢ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠶᠢ ᠬᠠᠩᠭᠠᠨ᠎ᠠ᠃ ︵ | ᠬᠠᠷᠢᠭᠤᠴᠠᠬᠤ ᠨᠢᠭᠡᠴᠡ᠄ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ︶ | 2. ᠬᠤᠲᠠ ᠶᠢᠨ ᠰᠠᠭᠤᠷᠢ ᠪᠡᠯᠡᠳᠬᠡᠮᠵᠢ ᠶᠢ ᠳᠡᠭᠡᠭᠰᠢᠯᠡᠭᠦᠯᠬᠦ ᠢᠨᠵᠧᠨᠧᠷᠢᠩ᠃ ᠰᠤᠨ ᠰᠤᠷᠪᠤᠯᠵᠢ ᠶᠢᠨ ᠭᠠᠵᠠᠷ ᠤᠨ ᠤᠰᠤ ᠬᠠᠩᠭᠠᠬᠤ | ᠪᠡᠯᠡᠳᠬᠡᠮᠵᠢ ᠶᠢᠨ ᠡᠨᠧᠷᠭᠢ ᠠᠷᠪᠢᠯᠠᠬᠤ ᠵᠢᠴᠢ ᠣᠶᠤᠨᠴᠢᠯᠠᠨ ᠥᠭᠡᠷᠡᠴᠢᠯᠡᠬᠦ ᠢᠨᠵᠧᠨᠧᠷᠢᠩ᠄ ᠪᠠᠶᠠᠨᠪᠤᠯᠠᠭ ᠤᠰᠤᠨ ᠰᠤᠷᠪᠤᠯᠵᠢ ᠶᠢᠨ ᠭᠠᠵᠠᠷ᠂ ᠬᠠᠷ᠎ᠠ | ᠣᠪᠣᠭ᠎ᠠ ᠶᠢᠨ ᠤᠰᠤᠨ ᠰᠤᠷᠪᠤᠯᠵᠢ ᠶᠢᠨ ᠭᠠᠵᠠᠷ᠂ ᠳᠠᠯᠢᠨ ᠣᠷᠳᠣᠨ ᠤ ᠤᠰᠤᠨ ᠰᠤᠷᠪᠤᠯᠵᠢ ᠶᠢᠨ ᠭᠠᠵᠠᠷ ᠪᠣᠯᠣᠨ ᠠᠢ ᠪᠦ᠋ ᠭᠠᠢ ᠤᠰᠤᠨ ᠰᠤᠷᠪᠤᠯᠵᠢ ᠶᠢᠨ | ᠭᠠᠵᠠᠷ ᠤᠨ 35 ᠰᠠᠤᠷᠢ ᠤᠰᠤᠨ ᠬᠥᠭᠡᠷᠭᠡ᠂ 15 ᠰᠠᠤᠷᠢ ᠣᠶᠤᠨᠲᠤ ᠡᠵᠡᠮᠳᠡᠯ ᠤᠨ ᠠᠪᠳᠠᠷ᠎ᠠ᠂ 15 ᠰᠠᠤᠷᠢ ᠥᠷᠲᠡᠭᠡᠨ ᠤ ᠳᠣᠲᠣᠷᠠᠬᠢ ᠬᠢᠨᠠᠨ ᠡᠵᠡᠮᠳᠡᠬᠦ | ᠰᠢᠰᠲ᠋ᠧᠮ ᠵᠢᠴᠢ ᠲᠥᠬᠦᠭᠡᠷᠦᠮᠵᠢ ᠶᠢᠨ ᠰᠠᠭᠤᠷᠢ ᠵᠡᠷᠭᠡ ᠤᠰᠤ ᠬᠠᠩᠭᠠᠬᠤ ᠪᠡᠯᠡᠳᠬᠡᠮᠵᠢ ᠳᠤ ᠡᠨᠧᠷᠭᠢ ᠠᠷᠪᠢᠯᠠᠬᠤ ᠥᠭᠡᠷᠡᠴᠢᠯᠡᠯᠲᠡ ᠬᠢᠨ᠎ᠡ ︵ᠬᠠᠭᠤᠴᠢᠷᠠᠭᠰᠠᠨ | ᠤᠰᠤᠨ ᠬᠥᠭᠡᠷᠭᠡ ᠵᠢᠴᠢ ᠴᠠᠬᠢᠯᠭᠠᠨ ᠮᠠᠰᠢᠨ ᠢ ᠰᠣᠯᠢᠬᠤ ᠶᠢᠨ ᠬᠠᠮᠲᠤ ᠳᠠᠪᠲᠠᠮᠵᠢ ᠬᠤᠪᠢᠷᠠᠭᠠᠨ ᠡᠵᠡᠮᠳᠡᠬᠦ ᠶᠢ ᠪᠡᠶᠡᠯᠡᠭᠦᠯᠦᠨ᠎ᠡ︶᠃ ᠬᠠᠷᠢᠭᠤᠴᠠᠬᠤ ᠨᠢᠭᠡᠴᠡ᠄ | ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶ | 3% ᠤᠳᠠ ᠶᠢᠨ ᠣᠨᠴᠠᠯᠢᠭᠲᠤ ᠤᠯᠠᠭ᠎ᠠ ᠥᠷᠳᠡᠭᠡ ᠶᠢ ᠰᠢᠨ᠎ᠡ ᠪᠠᠷ ᠪᠠᠶᠢᠭᠤᠯᠬᠤ ᠢᠨᠵᠧᠨᠧᠷᠢᠩ᠃ᠬᠤᠲᠠ ᠶᠢᠨ ᠲᠣᠭᠤᠷᠢᠭ ᠤᠨ 3 ᠣᠷᠣᠵᠤ ᠭᠠᠷᠬᠤ ᠭᠠᠵᠠᠷ ᠲᠤ | ᠭᠤᠷᠪᠠᠨ ᠥᠷᠲᠡᠭᠡ ᠰᠢᠨ᠎ᠡ ᠪᠠᠷ ᠪᠠᠶᠢᠭᠤᠯᠵᠤ᠂ ᠰᠠᠭᠤᠷᠢ ᠪᠡᠯᠡᠳᠬᠡᠮᠵᠢ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠲᠡᠭᠦᠯᠳᠡᠷᠵᠢᠭᠦᠯᠦᠨ᠂ | ᠬᠤᠲᠠ ᠶᠢᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠬᠠᠷᠢᠭᠤᠴᠠᠬᠤ ᠨᠢᠭᠡᠴᠡ᠄ ᠲᠣᠭᠤᠷᠢᠭ ᠤᠨ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶ | ᠰᠢᠲᠠᠮᠠᠬᠠᠢ ᠬᠡᠢ ᠶᠢᠨ ᠠᠮᠤᠷ ᠲᠦᠪᠰᠢᠨ ᠤ ᠪᠡᠯᠡᠳᠬᠡᠮᠵᠢ ᠶᠢ ᠥᠭᠡᠷᠡᠴᠢᠯᠡᠬᠦ ᠲᠥᠷᠥᠯ ᠵᠦᠢᠯ᠃ ︽ᠪᠤᠭᠤᠲᠤ ᠬᠤᠲᠠ ᠶᠢᠨ ᠣᠷᠣᠨ ᠰᠠᠭᠤᠴᠠ ᠶᠢᠨ ᠵᠢᠵᠢᠭ | ᠲᠣᠭᠤᠷᠢᠭ ᠤᠨ ᠰᠠᠭᠤᠭᠠᠯᠢ ᠠᠷᠠᠳ ᠤᠨ ᠬᠡᠷᠡᠭᠯᠡᠭᠴᠢᠳ ᠲᠤ ᠰᠢᠲᠠᠮᠠᠬᠠᠢ ᠬᠡᠢ ᠶᠢᠨ ᠮᠡᠷᠭᠡᠵᠢᠯ ᠤᠨ ᠰᠡᠷᠭᠡᠶᠢᠯᠡᠯᠲᠡ ᠶᠢᠨ ᠪᠡᠯᠡᠳᠬᠡᠮᠵᠢ ᠤᠭᠰᠠᠷᠠᠭᠤᠯᠬᠤ ᠶᠢᠨ | ᠬᠡᠷᠡᠭᠵᠢᠭᠦᠯᠬᠦ ᠲᠥᠰᠥᠯ︾ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠪᠥᠬᠦ ᠲᠣᠭᠤᠷᠢᠭ ᠤᠨ ᠣᠲᠣ ᠪᠠᠶᠢᠭ᠎ᠠ 3800 ᠭᠠᠷᠤᠢ ᠡᠷᠦᠬᠡ ᠶᠢᠨ ᠰᠢᠲᠠᠮᠠᠬᠠᠢ ᠬᠡᠢ | ᠬᠡᠷᠡᠭᠯᠡᠵᠦ ᠪᠠᠶᠢᠭ᠎ᠠ ᠰᠠᠭᠤᠭᠠᠯᠢ ᠠᠷᠠᠳ ᠲᠤ ᠲᠡᠮᠦᠷᠯᠢᠭ ᠳᠣᠯᠭᠢᠶᠠᠨ ᠠᠷᠲᠤ ᠬᠤᠭᠤᠯᠠᠢ ᠪᠠ ᠰᠢᠲᠠᠮᠠᠬᠠᠢ ᠬᠡᠢ ᠶᠢᠨ ᠥᠪᠡᠰᠦᠪᠡᠨ ᠬᠠᠭᠠᠭᠳᠠᠬᠤ ᠨᠡᠭᠡᠯᠡᠭᠡᠢ ᠶᠢ | ᠤᠭᠰᠠᠷᠠᠵᠤ ᠥᠭᠡᠷᠡᠴᠢᠯᠡᠬᠦ ᠠᠵᠢᠯ ᠬᠢᠵᠦ᠂ ᠮᠠᠨ ᠤ ᠲᠣᠭᠤᠷᠢᠭ ᠤᠨ ᠰᠢᠲᠠᠮᠠᠬᠠᠢ ᠬᠡᠢ ᠶᠢᠨ ᠬᠡᠷᠡᠭᠯᠡᠭᠴᠢᠳ ᠲᠤ ᠮᠡᠷᠭᠡᠵᠢᠯ ᠤᠨ ᠰᠡᠷᠭᠡᠶᠢᠯᠡᠯᠲᠡ ᠶᠢᠨ | ᠪᠡᠯᠡᠳᠬᠡᠮᠵᠢ ᠶᠢ ᠤᠭᠰᠠᠷᠠᠭᠤᠯᠬᠤ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ ᠲᠥᠷᠥᠯ ᠵᠦᠢᠯ ᠤᠨ ᠲᠥᠬᠦᠭᠡᠷᠦᠮᠵᠢ ᠬᠤᠳᠠᠯᠳᠤᠨ ᠠᠪᠬᠤ ᠵᠠᠷᠤᠳᠠᠯ᠂ | ᠤᠭᠰᠠᠷᠠᠬᠤ ᠪᠠ ᠥᠭᠡᠷᠡᠴᠢᠯᠡᠬᠦ ᠵᠠᠷᠤᠳᠠᠯ ᠤᠨ ᠪᠠᠷᠢᠮᠵᠢᠶ᠎ᠠ ᠨᠢ ᠡᠷᠦᠬᠡ ᠳᠤ 310 ᠲᠥᠭᠦᠷᠢᠭ ᠪᠠᠶᠢᠵᠤ᠂ ᠪᠡᠯᠡᠳᠬᠡᠮᠵᠢ ᠲᠥᠬᠦᠭᠡᠷᠦᠮᠵᠢ ᠳᠤ ᠰᠢᠲᠠᠮᠠᠬᠠᠢ ᠬᠡᠢ ᠶᠢᠨ | ᠲᠤᠰᠬᠠᠢ ᠬᠡᠷᠡᠭᠯᠡᠬᠦ ᠲᠡᠮᠦᠷᠯᠢᠭ ᠳᠣᠯᠭᠢᠶᠠᠨ ᠠᠷᠲᠤ ᠬᠤᠭᠤᠯᠠᠢ ᠶᠢᠨ ᠨᠢᠭᠡ ᠮᠧᠲᠷ ᠪᠠ ᠰᠢᠲᠠᠮᠠᠬᠠᠢ ᠬᠡᠢ ᠶᠢᠨ ᠥᠪᠡᠷᠲᠡᠭᠡᠨ ᠬᠠᠭᠠᠭᠳᠠᠬᠤ ᠨᠡᠭᠡᠯᠡᠭᠡᠢ ᠪᠠᠭᠲᠠᠨ᠎ᠠ᠃ | ᠰᠠᠭᠤᠭᠠᠯᠢ ᠠᠷᠠᠳ ᠤᠨ ᠬᠡᠷᠡᠭᠯᠡᠬᠦ ᠡᠷᠦᠬᠡ᠂ ᠰᠢᠲᠠᠮᠠᠬᠠᠢ ᠬᠡᠢ ᠶᠢᠨ ᠠᠵᠤ ᠠᠬᠤᠶᠢᠯᠠᠯ ᠪᠣᠯᠣᠨ ᠵᠠᠰᠠᠭ ᠤᠨ ᠣᠷᠳᠣᠨ ᠤ ᠬᠠᠮᠲᠤᠪᠠᠷ ᠪᠡᠯᠡ ᠭᠠᠷᠭᠠᠬᠤ | ᠵᠠᠭᠪᠤᠷ ᠢᠶᠠᠷ ᠵᠠᠷᠤᠳᠠᠯ ᠢ ᠬᠤᠪᠢᠳᠠᠨ ᠡᠭᠦᠷᠭᠡᠯᠡᠵᠦ᠂ ᠰᠠᠭᠤᠭᠠᠯᠢ ᠠᠷᠠᠳ ᠤᠨ ᠥᠪᠡᠷ ᠤᠨ ᠵᠠᠷᠤᠳᠠᠯ ᠨᠢ ᠡᠷᠦᠬᠡ ᠪᠦᠷᠢ ᠳᠤ 30 ᠲᠥᠭᠦᠷᠢᠭ᠂ ᠰᠢᠲᠠᠮᠠᠬᠠᠢ | ᠬᠡᠢ ᠶᠢᠨ ᠠᠵᠤ ᠠᠬᠤᠶᠢᠯᠠᠯ ᠨᠢ ᠡᠷᠦᠬᠡ ᠪᠦᠷᠢ ᠳᠤ 140 ᠲᠥᠭᠦᠷᠢᠭ ᠪᠡᠯᠡ ᠣᠷᠣᠭᠤᠯᠵᠤ᠂ ᠵᠠᠰᠠᠭ ᠤᠨ ᠣᠷᠳᠣᠨ ᠠᠴᠠ ᠡᠷᠦᠬᠡ ᠪᠦᠷᠢ ᠳᠤ 140 | ᠲᠥᠭᠦᠷᠢᠭ ᠨᠥᠬᠦᠪᠦᠷᠢᠯᠡᠨ᠎ᠡ᠃ ︵ᠬᠠᠷᠢᠭᠤᠴᠠᠬᠤ ᠨᠢᠭᠡᠴᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ︶ | 5% ᠰᠠᠭᠤᠭᠠᠯᠢ ᠠᠷᠠᠳ ᠤᠨ ᠡᠳᠦᠷ ᠲᠤᠳᠤᠮ ᠤᠨ ᠳᠤᠯᠠᠭᠠᠯᠠᠭ᠎ᠠ ᠶᠢᠨ ᠲᠥᠷᠥᠯ ᠵᠦᠢᠯ ᠢ ᠪᠠᠲᠤᠯᠠᠨ᠎ᠠ᠃ ᠪᠥᠬᠦ ᠤᠯᠤᠰ ᠤᠨ ᠨᠡᠭᠦᠷᠡᠰᠦᠨ ᠤ ᠦᠨ᠎ᠡ ᠶᠡᠬᠡᠪᠡᠷ | ᠥᠰᠬᠦ ᠬᠡᠯᠪᠡᠷᠢ ᠶᠢ ᠢᠳᠡᠪᠬᠢᠲᠡᠢ ᠠᠷᠭᠠᠴᠠᠵᠤ᠂ ᠰᠠᠭᠤᠭᠠᠯᠢ ᠠᠷᠠᠳ ᠤᠨ ᠳᠤᠯᠠᠭᠠᠯᠭ᠎ᠠ ᠶᠢᠨ ᠦᠨ᠎ᠡ ᠬᠠᠩᠰᠢ ᠶᠢ ᠥᠰᠬᠡᠬᠦ ᠦᠭᠡᠢ ᠰᠠᠭᠤᠷᠢᠨ ᠳᠡᠭᠡᠷ᠎ᠡ᠂ | 2000 ᠲᠦᠮᠡᠨ ᠲᠥᠭᠦᠷᠢᠭ ᠤᠨ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠨᠡᠭᠦᠷᠡᠰᠦ ᠬᠤᠳᠠᠯᠳᠤᠨ ᠠᠪᠬᠤ ᠪᠡᠯᠡ ᠮᠥᠩᠭᠦ ᠶᠢ ᠪᠠᠴᠢᠮ ᠰᠠᠯᠭᠠᠨ | ᠥᠭᠴᠦ᠂ 2021 ︱ 2022 ᠤᠯᠠᠷᠢᠯ ᠤᠨ ᠪᠥᠬᠦ ᠣᠷᠣᠨ ᠤ ᠥᠷᠭᠡᠨ ᠣᠯᠠᠨ ᠰᠠᠭᠤᠭᠠᠯᠢ ᠠᠷᠠᠳ ᠤᠨ ᠳᠤᠯᠠᠭᠠᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ | ᠪᠥᠬᠦ ᠬᠦᠴᠦᠨ ᠢᠶᠠᠷ ᠢᠶᠠᠨ ᠪᠠᠲᠤᠯᠠᠨ᠎ᠠ᠃ ︵ᠬᠠᠷᠢᠭᠤᠴᠠᠬᠤ ᠨᠢᠭᠡᠴᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ︶ | 6. ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ᠃ ᠲᠦᠷᠪᠡᠨ ᠰᠠᠭᠤᠷᠢ ᠲᠡᠮᠦᠷ ᠵᠠᠮ ᠤᠨ ᠭᠡᠷ ᠪᠦᠯᠢ ᠶᠢᠨ ᠬᠠᠷᠢᠶ᠎ᠠ | ᠠᠰᠠᠷ ᠤᠨ 1.12 ᠲᠦᠮᠡᠨ ᠲᠡᠭᠰᠢ ᠳᠥᠷᠪᠡᠯᠵᠢᠨ ᠮᠧᠲᠷ ᠲᠤ ᠭᠠᠳᠠᠷ ᠬᠡᠷᠡᠮ ᠤᠨ ᠳᠤᠯᠠᠭᠠᠨ ᠢ ᠬᠠᠮᠠᠭᠠᠯᠠᠵᠤ ᠡᠨᠧᠷᠭᠢ ᠠᠷᠪᠢᠯᠠᠬᠤ ᠥᠭᠡᠷᠡᠴᠢᠯᠡᠯᠲᠡ ᠬᠢᠪᠡ᠃ ︵ | ᠬᠠᠷᠢᠭᠤᠴᠠᠬᠤ ᠨᠢᠭᠡᠴᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶ | 7. ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠣᠷᠴᠢᠨ ᠲᠣᠭᠤᠷᠢᠨ ᠢ ᠳᠡᠭᠡᠭᠰᠢᠯᠡᠭᠦᠯᠬᠦ ᠢᠨᠵᠧᠨᠧᠷᠢᠩ᠃ ᠨᠢᠭᠡ ᠳᠤ᠂ ᠠᠷᠪᠠᠨ ᠨᠠᠢᠮᠠᠳᠤᠭᠠᠷ | ᠳᠤᠮᠳᠠᠳᠤ ᠰᠤᠷᠭᠠᠭᠤᠯᠢ ᠶᠢᠨ ᠰᠣᠷᠣᠭᠴᠢ ᠶᠢᠨ ᠬᠤᠭᠤᠯᠠᠨ ᠭᠡᠷ᠂ ᠪᠠᠶᠢᠷᠢ ᠵᠢᠴᠢ ᠵᠢᠭᠠᠨ ᠰᠤᠷᠭᠠᠯᠲᠠ ᠶᠢᠨ ᠬᠠᠪᠰᠤᠷᠤᠨ ᠵᠢᠯᠤᠭᠤᠳᠬᠤ ᠭᠡᠷ ᠪᠠᠶᠢᠰᠢᠩ ᠢ | ᠥᠭᠡᠷᠡᠴᠢᠯᠡᠨ ᠪᠠᠶᠢᠭᠤᠯᠬᠤ ᠲᠥᠷᠥᠯ ᠵᠦᠢᠯ ᠳᠤ᠂ ᠲᠦᠭᠦᠬᠡᠢ ᠠᠭᠤᠷᠬᠠᠢ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ 1᠂ 2 ᠵᠢᠭᠠᠨ ᠰᠤᠷᠭᠠᠯᠲᠠ ᠶᠢᠨ | ᠠᠰᠠᠷ ᠢ ᠪᠠᠬᠢᠵᠢᠭᠦᠯᠵᠦ ᠥᠭᠡᠷᠡᠴᠢᠯᠡᠨ ᠪᠠᠶᠢᠭᠤᠯᠤᠨ᠎ᠠ᠂ ᠥᠭᠡᠷᠡᠴᠢᠯᠡᠨ ᠪᠠᠶᠢᠭᠤᠯᠤᠭᠰᠠᠨ ᠤ ᠳᠠᠷᠠᠭᠠᠬᠢ ᠭᠤᠣᠯ ᠴᠢᠳᠠᠮᠵᠢ ᠨᠢ ᠪᠠᠶᠢᠷᠢ᠂ ᠲᠣᠭᠤᠭᠠᠨ ᠭᠡᠷ ᠪᠠ | ᠵᠢᠭᠠᠨ ᠰᠤᠷᠭᠠᠯᠲᠠ ᠶᠢᠨ ᠬᠠᠪᠰᠤᠷᠤᠨ ᠵᠢᠯᠤᠭᠤᠳᠬᠤ ᠭᠡᠷ ᠪᠠᠶᠢᠵᠤ᠂ ᠠᠭᠤᠷᠬᠠᠢ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠣᠷᠣᠭᠴᠢ ᠶᠢᠨ ᠪᠡᠶ᠎ᠡ ᠶᠢᠨ | ᠲᠠᠮᠢᠷ ᠤᠨ ᠣᠷᠳᠣᠨ ᠢ ᠠᠰᠢᠭᠯᠠᠨ ᠰᠣᠷᠣᠭᠴᠢ ᠶᠢᠨ ᠬᠤᠭᠤᠯᠠᠨ ᠭᠡᠷ ᠪᠣᠯᠭᠠᠨ ᠥᠭᠡᠷᠡᠴᠢᠯᠡᠨ᠎ᠡ᠃ ᠬᠤᠶᠠᠷ ᠲᠤ ᠠᠷᠪᠠᠨ ᠨᠠᠢᠮᠠᠨ ᠳᠤᠮᠳᠠ ᠵᠡᠷᠭᠡ ᠶᠢᠨ ᠤᠰᠤᠨ | ᠤᠬᠢᠶᠠᠯ ᠤᠨ ᠵᠣᠷᠯᠣᠩ ᠢ ᠰᠢᠨ᠎ᠡ ᠪᠠᠷ ᠪᠠᠶᠢᠭᠤᠯᠤᠨ᠎ᠠ ︵ᠭᠠᠳᠠᠷ ᠲᠣᠣᠷ ᠢ ᠥᠭᠡᠷᠡᠴᠢᠯᠡᠬᠦ ᠪᠠᠭᠲᠠᠨ᠎ᠠ︶᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ | ᠰᠤᠷᠭᠠᠨ ᠬᠥᠮᠦᠵᠢᠯ ᠤᠨ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶ | 8. ᠪᠠᠭᠤᠷᠠᠶᠢᠴᠤᠤᠯ ᠤᠨ ᠬᠦᠴᠢᠷᠳᠡᠯ ᠢ ᠬᠠᠪᠰᠤᠷᠤᠨ ᠲᠡᠳᠬᠦᠬᠦ ᠢᠨᠵᠧᠨᠧᠷᠢᠩ᠃ ᠨᠢᠭᠡ ᠳᠤ ᠵᠡᠮᠳᠡᠭᠴᠦᠳ ᠲᠤ ᠲᠤᠰᠠᠯᠠᠬᠤ ᠴᠢᠨᠠᠷᠲᠠᠢ ᠠᠵᠢᠯ ᠣᠯᠭᠤᠬᠤ | ᠠᠵᠢᠯ ᠢ ᠭᠦᠨᠵᠡᠭᠡᠢ ᠥᠷᠨᠢᠭᠦᠯᠦᠨ᠎ᠡ᠄ ᠲᠥᠷᠥᠯ ᠵᠦᠢᠯ ᠤᠨ ᠬᠡᠪᠴᠢᠶ᠎ᠡ ᠶᠢ ᠥᠷᠭᠡᠳᠬᠡᠬᠦ᠂ ᠦᠢᠯᠡᠳᠬᠦᠨ ᠤ ᠪᠣᠷᠤᠯᠠᠭᠤᠯᠭ᠎ᠠ ᠶᠢᠨ ᠵᠠᠮ ᠢ ᠥᠷᠭᠡᠳᠬᠡᠬᠦ ᠵᠡᠷᠭᠡ | ᠠᠷᠭ᠎ᠠ ᠬᠡᠮᠵᠢᠶ᠎ᠡ ᠪᠠᠷ ᠳᠠᠮᠵᠢᠭᠤᠯᠤᠨ ᠵᠡᠮᠳᠡᠭ ᠠᠵᠢᠯᠲᠠᠨ ᠠᠵᠢᠯᠴᠢᠨ ᠤ ᠴᠠᠯᠢᠩ ᠣᠯᠭᠤᠮᠵᠢ ᠪᠠ ᠨᠡᠶᠢᠭᠡᠮ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ | ᠂ ᠵᠡᠮᠳᠡᠭ ᠠᠵᠢᠯᠲᠠᠨ ᠠᠵᠢᠯᠴᠢᠨ ᠤ ᠣᠯᠭᠤᠮᠵᠢ ᠶᠢᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃ ᠬᠤᠶᠠᠷ ᠲᠤ ᠪᠥᠬᠦ | ᠲᠣᠭᠤᠷᠢᠭ ᠤᠨ ᠪᠦᠬᠦᠯᠢ 60 ᠨᠠᠰᠤᠨ ᠠᠴᠠ ᠳᠡᠭᠡᠭᠰᠢᠬᠢ ᠣᠷᠣᠯᠭ᠎ᠠ ᠪᠠᠭᠠᠲᠠᠢ ᠬᠥᠮᠥᠰ ᠲᠤ ᠡᠳᠦᠷ ᠲᠤᠲᠤᠮ ᠤᠨ ᠬᠠᠷᠠᠭᠠᠯᠵᠠᠯ ᠪᠠ ᠭᠡᠷ ᠲᠡᠭᠡᠨ ᠰᠠᠭᠤᠵᠤ | ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡ ᠬᠠᠩᠭᠠᠨ᠎ᠠ᠃ ᠭᠤᠷᠪᠠ ᠳᠤ ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠥᠰ ᠲᠤ | ᠲᠥᠪᠯᠡᠷᠡᠭᠦᠯᠦᠨ ᠬᠥᠮᠥᠵᠢᠭᠦᠯᠬᠦ᠂ ᠪᠣᠯᠪᠠᠰᠤᠷᠠᠭᠤᠯᠬᠤ᠂ ᠠᠪᠤᠷᠠᠨ ᠲᠤᠰᠠᠯᠠᠬᠤ ᠶᠢ ᠨᠢᠭᠡ ᠴᠣᠭᠴᠠᠵᠢᠭᠤᠯᠤᠭᠰᠠᠨ ︽ᠪᠠᠶ᠋ᠬᠠᠤᠪᠤᠭ᠎ᠠ ᠠᠭᠤᠷᠬᠠᠢ ᠶᠢᠨ | ᠲᠣᠭᠤᠷᠢᠭ ᠤᠨ ᠳᠥᠪᠬᠢᠨᠡᠭᠦᠯᠦᠨ ᠬᠠᠪᠰᠤᠷᠤᠨ ᠰᠤᠷᠭᠠᠬᠤ ᠨᠡᠷᠡᠨ ᠬᠡᠷᠡᠯᠳᠦ ᠥᠷᠲᠡᠭᠡ︾ ᠪᠠᠶᠢᠭᠤᠯᠵᠤ᠂ ᠰᠢᠯᠵᠢᠯᠲᠡ ᠶᠢᠨ ᠴᠢᠨᠠᠷᠲᠠᠢ ᠠᠵᠢᠯ ᠣᠯᠭᠤᠯᠲᠠ ᠶᠢᠨ | ᠲᠥᠪᠬᠢᠨᠡᠭᠦᠯᠦᠯᠲᠡ᠂ ᠲᠥᠪᠯᠡᠷᠡᠭᠦᠯᠦᠨ ᠰᠤᠷᠤᠯᠴᠠᠭᠤᠯᠵᠤ ᠪᠣᠯᠪᠠᠰᠤᠷᠠᠭᠤᠯᠬᠤ ᠵᠡᠷᠭᠡ ᠶᠢ ᠬᠠᠩᠭᠠᠨ᠎ᠠ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ | ᠵᠡᠮᠳᠡᠭᠴᠦᠳ ᠤᠨ ᠬᠤᠯᠪᠣᠭᠠᠲᠤ ᠬᠤᠷᠠᠯ᠂ ᠲᠣᠭᠤᠷᠢᠭ ᠤᠨ ᠴᠡᠷᠢᠭ ᠤᠨ ᠠᠯᠪᠠ ᠠᠴᠠ ᠪᠠᠭᠤᠬᠤ ᠲᠣᠪᠴᠢᠶ᠎ᠠ᠂ ᠲᠣᠭᠤᠷᠢᠭ ᠤᠨ ᠬᠠᠤᠯᠢ ᠴᠠᠭᠠᠵᠠ ᠶᠢᠨ | ᠲᠣᠪᠴᠢᠶ᠎ᠠ︶ | 9. ᠠᠮᠤᠷ ᠠᠮᠤᠭᠤᠯᠠᠩ ᠬᠤᠲᠠ ᠶᠢᠨ ᠬᠢᠨᠠᠨ ᠡᠵᠡᠮᠳᠡᠬᠦ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠃ᠪᠦᠲᠦᠭᠡᠨ ᠪᠠᠶᠢᠭᠤᠯᠬᠤ ᠠᠭᠤᠯᠭ᠎ᠠ ᠵᠢᠴᠢ | ᠬᠡᠪᠴᠢᠶ᠎ᠡ᠄ ᠠᠮᠤᠷ ᠠᠮᠤᠭᠤᠯᠠᠩ ᠬᠤᠲᠠ ᠶᠢᠨ ᠬᠢᠨᠠᠨ ᠡᠵᠡᠮᠳᠡᠬᠦ ᠬᠠᠶᠢᠭᠤᠷ ᠲᠤ ᠬᠡᠷᠡᠭᠯᠡᠬᠦ ︽ᠡᠭᠦᠯᠡᠨ ᠨᠢᠳᠦᠲᠦ ᠬᠠᠮᠠᠭᠠᠯᠠᠭᠴᠢ︾ ᠶᠢᠨ ᠲᠤᠭ᠎ᠠ ᠬᠡᠮᠵᠢᠶ᠎ᠡ ᠪᠠ | ᠬᠠᠷᠢᠴᠠᠯ ᠢ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠎ᠠ᠃ ︵ᠬᠠᠷᠢᠭᠤᠴᠠᠬᠤ ᠨᠢᠭᠡᠴᠡ᠄ ᠲᠣᠭᠤᠷᠢᠭ ᠤᠨ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ︶ | 10. ᠵᠢᠵᠢᠭ ᠲᠣᠭᠤᠷᠢᠭ ᠤᠨ ᠳᠡᠰᠯᠡᠬᠦ ᠠᠳᠠᠯ ᠠᠬᠤᠢ ᠶᠢᠨ ᠲᠤᠷᠰᠢᠯᠲᠠ ᠶᠢ ᠬᠡᠷᠡᠭᠵᠢᠭᠦᠯᠦᠨ᠎ᠡ᠃ ᠬᠤᠳᠠ ᠶᠢᠨ ᠬᠥᠭᠵᠢᠯᠲᠡ ᠶᠢᠨ ᠶᠠᠪᠤᠴᠠ ᠳᠠᠬᠢ | ᠰᠠᠭᠤᠭᠠᠯᠢ ᠠᠷᠠᠳ ᠤᠨ ᠲᠣᠭᠤᠷᠢᠭ ᠤᠨ ᠬᠠᠮᠢᠶᠠᠷᠤᠯᠲᠠ ᠳᠤ ᠬᠦᠴᠢᠷ ᠪᠠᠶᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠰᠠᠭᠤᠭᠠᠯᠢ ᠠᠷᠠᠳ ᠤᠨ | ᠲᠣᠭᠤᠷᠢᠭ ᠤᠨ ᠤᠯᠠᠨ ᠲᠦᠮᠡᠨ ᠢ ᠬᠠᠪᠰᠤᠷᠤᠨ ᠳᠡᠷᠭᠡᠳᠡᠬᠢ ᠰᠠᠨᠠᠭᠠᠰᠢᠷᠠᠵᠤ ᠪᠠᠶᠢᠭ᠎ᠠ ᠶᠠᠪᠤᠳᠠᠯ ᠤᠴᠢᠷ ᠢ ᠨᠢ ᠰᠢᠢᠳᠪᠦᠷᠢᠯᠡᠵᠦ᠂ ᠭᠤᠶᠤ ᠰᠠᠶᠢᠬᠠᠨ | ᠲᠠᠭᠠᠯᠠᠮᠵᠢᠲᠠᠢ ᠴᠡᠪᠡᠷ ᠲᠡᠭᠰᠢ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃︵ᠬᠠᠷᠢᠭᠤᠴᠠᠬᠤ ᠨᠢᠭᠡᠴᠡ᠄ ᠡᠯ᠎ᠡ ᠨᠡᠶᠢᠭᠡᠮ ᠲᠣᠭᠤᠷᠢᠭ︶ | | | | 《ᠵᠠᠰᠠᠭ ᠤᠨ ᠣᠷᠳᠣᠨ ᠤ ᠠᠵᠢᠯ ᠤᠨ ᠢᠯᠡᠳᠬᠡᠯ》 ᠤᠨ ᠨᠡᠷ᠎ᠡ ᠦᠭᠡ ᠶᠢᠨ ᠲᠠᠶᠢᠯᠤᠮᠵᠢ | | 1. ᠬᠤᠲᠠ ᠶᠢᠨ ᠰᠢᠨᠡᠴᠢᠯᠡᠯᠲᠡ᠄ ᠠᠭᠤᠯᠤᠭᠳᠠᠬᠤᠨ ᠢ ᠡᠷᠴᠢᠮᠵᠢᠭᠦᠯᠦᠭᠰᠡᠨ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠥᠭᠵᠢᠯᠲᠡ ᠪᠠᠷ ᠵᠠᠮ ᠱᠤᠭᠤᠮ ᠪᠣᠯᠭᠠᠵᠤ᠂ ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠬᠤ ᠶᠢ ᠴᠢᠩᠭ᠎ᠠ ᠰᠡᠷᠭᠡᠶᠢᠯᠡᠨ᠂ ᠰᠡᠯᠪᠢᠨ ᠵᠠᠰᠠᠵᠤ ᠥᠭᠡᠷᠡᠴᠢᠯᠡᠬᠦ ᠶᠢ | ᠴᠢᠩᠭᠠᠳᠬᠠᠨ᠂ ᠬᠤᠲᠠ ᠶᠢᠨ ᠳᠤᠲᠠᠭᠤᠳᠠᠯ ᠢ ᠨᠥᠬᠦᠪᠦᠷᠢᠯᠡᠵᠦ᠂ ᠴᠢᠳᠠᠮᠵᠢ ᠶᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠬᠤᠲᠠ ᠶᠢᠨ ᠠᠮᠢᠵᠢᠷᠠᠯ ᠤᠨ ᠬᠦᠴᠦᠨ ᠢ | ᠨᠡᠮᠡᠭᠳᠡᠭᠦᠯᠦᠨ᠂ ᠲᠡᠦᠬᠡ ᠰᠣᠶᠣᠯ ᠤᠨ ᠤᠯᠠᠮᠵᠢᠯᠠᠯ ᠢ ᠦᠷᠭᠦᠯᠵᠢᠯᠡᠭᠦᠯᠵᠦ᠂ ᠬᠤᠲᠠ ᠶᠢᠨ ᠦᠷᠭᠦᠯᠵᠢᠯᠡᠨ ᠣᠷᠭᠠᠨᠢᠭ ᠢᠶᠠᠷ ᠰᠢᠨᠡᠴᠢᠯᠡᠬᠦ ᠶᠢ ᠠᠬᠢᠭᠤᠯᠵᠤ᠂ ᠴᠢᠨᠠᠷ | ᠰᠠᠶᠢᠲᠠᠢ ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ ᠪᠠ ᠴᠢᠨᠠᠷ ᠰᠠᠶᠢᠲᠠᠢ ᠵᠠᠰᠠᠯᠲᠠ ᠶᠢ ᠠᠬᠢᠭᠤᠯᠤᠨ᠎ᠠ᠃ | 2. ᠵᠢᠷᠭᠤᠭ᠎ᠠ ᠶᠢ ᠣᠳᠣᠬᠢᠴᠢᠯᠠᠬᠤ ᠪᠠ ᠵᠢᠷᠭᠤᠭ᠎ᠠ ᠶᠢ ᠡᠷᠬᠢᠯᠡᠬᠦ ᠠᠯᠪᠠᠨ ᠭᠡᠷ᠄ ᠵᠢᠷᠭᠤᠭ᠎ᠠ ᠶᠢ ᠣᠳᠣᠬᠢᠴᠢᠯᠠᠬᠤ᠄ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ | ᠤᠶᠤᠨᠵᠢᠭᠤᠯᠬᠤ᠂ ᠲᠣᠭᠠᠴᠢᠯᠠᠬᠤ᠂ ᠳᠥᠭᠦᠮᠴᠢᠯᠡᠬᠦ᠂ ᠴᠢᠨᠠᠷᠵᠢᠭᠤᠯᠬᠤ ;ᠵᠢᠷᠭᠤᠳᠤᠭᠠᠷ ᠠᠯᠪᠠᠨ ᠭᠡᠷ᠄ ︽ᠨᠢᠭᠡ ᠴᠣᠩᠬᠤ ᠪᠠᠷ ᠭᠦᠢᠴᠡᠳᠬᠡᠬᠦ︾ ︽ᠨᠢᠭᠡ ᠯᠡ | ᠤᠳᠠᠭ᠎ᠠ ᠳᠤ ᠭᠦᠢᠴᠡᠳᠬᠡᠬᠦ︾ ︽ᠲᠠᠨ ᠢ ᠬᠠᠪᠰᠤᠷᠤᠨ ᠭᠦᠢᠴᠡᠳᠬᠡᠬᠦ︾ ︽ᠰᠦᠯᠵᠢᠶᠡᠨ ᠳᠡᠭᠡᠷ᠎ᠡ ᠭᠦᠢᠴᠡᠳᠬᠡᠬᠦ︾ ︽ᠠᠯᠠᠭᠠᠨ ᠳᠡᠭᠡᠷ᠎ᠡ ᠠᠴᠠ ᠭᠦᠢᠴᠡᠳᠬᠡᠬᠦ | ︾ ︽ᠥᠪᠡᠰᠦᠪᠡᠨ ᠦᠢᠯᠡᠴᠢᠯᠡᠬᠦ ᠠᠯᠪᠠᠨ ᠭᠡᠷ︾᠃ | 3. ᠵᠢᠷᠭᠤᠭ᠎ᠠ ᠶᠢ ᠬᠠᠰᠤᠵᠤ ᠬᠤᠶᠠᠷ ᠢ ᠰᠢᠯᠢᠳᠡᠭᠵᠢᠭᠦᠯᠬᠦ᠄ ᠮᠠᠲ᠋ᠧᠷᠢᠶᠠᠯ ᠢ ᠬᠠᠰᠤᠬᠤ᠂ ᠭᠤᠭᠴᠤᠭ᠎ᠠ ᠶᠢ ᠬᠠᠰᠤᠬᠤ᠂ ᠴᠠᠭ ᠤᠨ ᠬᠢᠵᠠᠭᠠᠷ ᠢ ᠬᠠᠰᠤᠬᠤ᠂ | ᠭᠦᠶᠦᠯᠲᠡ ᠶᠢ ᠪᠠᠭᠠᠰᠬᠠᠬᠤ᠂ ᠭᠡᠷᠡᠴᠢ ᠶᠢ ᠬᠠᠰᠤᠬᠤ᠂ ᠵᠠᠭᠤᠴᠢ ᠶᠢ ᠬᠠᠰᠤᠬᠤ᠂ ᠴᠤᠪᠤᠷᠠᠯ ᠢ ᠰᠢᠯᠢᠳᠡᠭᠵᠢᠭᠦᠯᠬᠦ᠂ ᠦᠢᠯᠡᠴᠢᠯᠡᠭᠡ ᠶᠢ ᠰᠢᠯᠢᠳᠡᠭᠵᠢᠭᠦᠯᠬᠦ᠃ | 4. ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠤᠷᠬᠢᠯ᠂ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ᠄ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠤᠨ ᠤᠷᠬᠢᠯ ᠨᠢ ᠣᠨᠴᠠ ᠲᠣᠭᠲᠠᠭᠰᠠᠨ ᠣᠷᠣᠨ ᠪᠦᠰᠡ ︵ᠪᠤᠶᠤ ᠵᠣᠬᠢᠶᠠᠨ ᠪᠠᠶᠢᠭᠤᠯᠤᠯᠲᠠ︶ ᠶᠢᠨ ᠵᠢᠯ ᠤᠨ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠤᠨ ᠭᠠᠳᠠᠭᠰᠢᠯᠠᠭᠤᠯᠤᠯᠲᠠ ᠨᠢ ᠨᠢᠭᠡ ᠬᠤᠭᠤᠴᠠᠭᠠᠨ ᠤ ᠳᠣᠲᠣᠷ᠎ᠠ ᠤᠷᠬᠢᠯ ᠤᠨ ᠬᠡᠮᠵᠢᠭᠳᠡᠯ ᠳᠤ ᠬᠦᠷᠴᠦ᠂ ᠳᠠᠷᠠᠭ᠎ᠠ ᠨᠢ ᠵᠣᠬᠢᠬᠤ ᠬᠡᠪᠴᠢᠶᠡᠨ ᠳᠣᠲᠣᠷ᠎ᠠ | ᠬᠡᠯᠪᠡᠯᠵᠡᠵᠦ᠂ ᠳᠠᠷᠠᠭ᠎ᠠ ᠨᠢ ᠲᠣᠭᠲᠠᠭᠤᠨ ᠢᠶᠠᠷ ᠳᠣᠷᠣᠭᠰᠢᠯᠠᠬᠤ ᠱᠠᠲᠤᠨ ᠳᠤ ᠣᠷᠣᠬᠤ ᠶᠢ ᠵᠢᠭᠠᠵᠤ ᠪᠠᠶᠢᠨ᠎ᠠ᠃ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ | ᠭᠡᠳᠡᠭ ᠨᠢ ᠣᠨᠴᠠ ᠲᠣᠭᠲᠠᠭᠰᠠᠨ ᠣᠷᠣᠨ ᠪᠦᠰᠡ ︵ᠪᠤᠶᠤ ᠵᠣᠬᠢᠶᠠᠨ ᠪᠠᠶᠢᠭᠤᠯᠤᠯᠲᠠ︶ ᠶᠢᠨ ᠨᠢᠭᠡ ᠵᠢᠯ ᠤᠨ ᠳᠣᠲᠣᠷᠠᠬᠢ ᠪᠣᠶ ᠪᠦᠬᠦᠢ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠬᠢᠭᠡᠳ ᠠᠷᠢᠯᠭᠠᠬᠤ ᠬᠡᠮᠵᠢᠶ᠎ᠡ ᠶᠢ ᠲᠡᠩᠴᠡᠭᠦᠷᠢᠲᠡᠢ ᠪᠠᠶᠢᠯᠭᠠᠬᠤ ᠶᠢ | ᠵᠢᠭᠠᠵᠤ ᠪᠣᠶ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠠᠵᠢᠯ ᠢ ᠰᠠᠶᠢᠲᠤᠷ ᠬᠢᠬᠦ ᠶᠢ 2021 ᠣᠨ ᠤ ᠭᠤᠣᠯᠳᠠᠯᠭ᠎ᠠ ᠲᠠᠢ ᠡᠭᠦᠷᠭᠡ ᠶᠢᠨ ᠨᠢᠭᠡ ᠪᠣᠯᠭᠠᠵᠤ᠂ ᠮᠠᠨ ᠤ ᠤᠯᠤᠰ ᠤᠨ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 2030 ᠣᠨ ᠠᠴᠠ ᠡᠮᠦᠨ᠎ᠡ ᠤᠷᠬᠢᠯ ᠤᠨ ᠬᠡᠮᠵᠢᠭᠳᠡᠯ ᠳᠤ ᠬᠦᠷᠭᠡᠬᠦ ᠪᠠᠷ | ᠴᠢᠷᠮᠠᠶᠢᠵᠤ᠂ 2060 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠠᠷ ᠴᠢᠷᠮᠠᠶᠢᠨ᠎ᠠ ᠭᠡᠵᠦ ᠳᠤᠷᠠᠳᠪᠠ᠃ | 5. ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠣᠷᠭᠢᠯ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠳᠤᠮᠳᠠ ᠪᠠ ︽1+13+N︾ | ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠪᠠ ᠠᠵᠢᠯ ᠤᠨ ᠰᠢᠰᠲ᠋ᠧᠮᠵᠢ᠄ ︽1︾ ᠪᠣᠯ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠳᠤᠮᠳᠠ ᠪᠠ ᠬᠤᠶᠠᠷ | ᠱᠠᠲᠤ ᠦᠶ᠎ᠡ ᠶᠢ ᠲᠤᠤᠱᠯᠠᠭᠤᠯᠤᠭᠰᠠᠨ ᠣᠷᠣᠢ ᠶᠢᠨ ᠳᠠᠪᠬᠤᠷᠭ᠎ᠠ ᠶᠢᠨ ᠵᠢᠷᠤᠭ ᠲᠥᠯᠥᠪᠯᠡᠭᠡ ᠪᠠᠶᠢᠵᠤ᠂ ︽ᠪᠠᠶᠠᠨ᠋ᠣ᠋ᠪᠣᠭ᠎ᠠ ᠠᠭᠤᠷᠬᠠᠢ ᠶᠢᠨ ᠲᠣᠭᠤᠷᠢᠭ ᠤᠨ ︿ | ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ ᠲᠤᠤᠱᠯᠠᠭᠤᠯᠵᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠳᠤᠮᠳᠠ ᠪᠠ ᠠᠵᠢᠯ ᠢ ᠰᠠᠶᠢᠲᠤᠷ ᠬᠢᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ | ﹀ ᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠥᠯ︾ ᠪᠠ ︽ᠪᠠᠶᠠᠨ᠋ᠣ᠋ᠪᠣᠭ᠎ᠠ ᠠᠭᠤᠷᠬᠠᠢ ᠶᠢᠨ ᠲᠣᠭᠤᠷᠢᠭ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠳᠤᠮᠳᠠ ᠪᠠ ᠠᠵᠢᠯ ᠢ ᠰᠠᠶᠢᠲᠤᠷ ᠬᠢᠬᠦ ᠠᠵᠢᠯᠯᠠᠭᠠᠨ ᠤ ᠲᠥᠰᠥᠯ︾ ᠢ ︽13︾ ᠪᠣᠯ ᠮᠠᠨ ᠤ ᠲᠣᠭᠤᠷᠢᠭ ᠤᠨ ᠨᠢᠭᠡᠨᠲᠡ ᠲᠣᠭᠲᠠᠭᠠᠨ ᠬᠡᠷᠡᠭᠵᠢᠭᠦᠯᠦᠭᠰᠡᠨ ︽ | ᠪᠠᠶᠠᠨ᠋ᠣ᠋ᠪᠣᠭ᠎ᠠ ᠠᠭᠤᠷᠬᠠᠢ ᠶᠢᠨ ᠲᠣᠭᠤᠷᠢᠭ ᠤᠨ ᠠᠵᠤ ᠦᠢᠯᠡᠰ ᠪᠠ ᠡᠨᠧᠷᠭᠢ ᠶᠢᠨ ᠰᠤᠷᠪᠤᠯᠵᠢ ᠶᠢ ᠨᠡᠭᠦᠷᠡᠰᠦᠲᠥ᠋ᠷᠥᠭᠴᠢ ᠪᠠᠭ᠎ᠠ ᠪᠣᠯᠭᠠᠬᠤ ᠭᠤᠷᠪᠠᠨ ᠵᠢᠯ ᠤᠨ | ᠠᠵᠢᠯᠯᠠᠭ᠎ᠠ ᠶᠢᠨ ᠲᠥᠯᠥᠪᠯᠡᠭᠡ︾ ᠵᠡᠷᠭᠡ ᠲᠥᠰᠥᠯ ᠳᠤ ᠵᠠᠰᠠᠪᠤᠷᠢ ᠣᠷᠣᠭᠤᠯᠵᠤ᠂ ᠡᠮᠬᠢᠯᠡᠨ ᠨᠡᠶᠢᠯᠡᠭᠦᠯᠵᠦ᠂ ᠲᠣᠬᠢᠷᠠᠭᠤᠯᠵᠤ᠂ ᠲᠡᠭᠦᠯᠳᠡᠷᠵᠢᠭᠦᠯᠦᠨ᠎ᠡ᠃ | ᠢᠷᠡᠭᠡᠳᠦᠢ ᠶᠢᠨ ᠡᠯ᠎ᠡ ᠬᠦᠷᠢᠶ᠎ᠡ ᠪᠣᠯᠣᠨ ᠠᠵᠢᠯ ᠲᠥᠷᠥᠯ ᠢ ᠪᠠᠶᠢᠭᠤᠯᠬᠤ ︽ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠣᠷᠭᠢᠯ ᠤᠨ ᠠᠷᠪᠠᠨ ᠭᠤᠷᠪᠠᠳᠤᠭᠠᠷ | ᠶᠡᠭᠡ ᠬᠤᠷᠠᠯ ᠤᠨ ᠠᠵᠢᠯᠯᠠᠭᠠᠨ ᠤ ᠲᠥᠰᠥᠯ︾ ︵ᠡᠨᠧᠷᠭᠢ ᠶᠢᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ | ᠬᠤᠪᠢᠷᠠᠭᠤᠯᠤᠯᠲᠠ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ | ᠪᠠᠭ᠎ᠠ ᠭᠠᠳᠠᠭᠰᠢᠯᠠᠭᠤᠯᠬᠤ ᠣᠷᠴᠢᠯ ᠠᠵᠤ ᠠᠬᠤᠢ ᠶᠢ ᠬᠥᠭᠵᠢᠭᠦᠯᠬᠦ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠦᠬᠦ ᠠᠷᠠᠳ ᠤᠨ | ᠠᠵᠢᠯᠯᠠᠭ᠎ᠠ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ᠂ ᠠᠵᠤ ᠦᠢᠯᠡᠳᠪᠦᠷᠢ ᠶᠢᠨ ᠬᠦᠷᠢᠶᠡᠨ ᠳᠤ | ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ ᠵᠠᠮ | ᠬᠠᠷᠢᠯᠴᠠᠭᠠᠨ ᠤ ᠬᠦᠷᠢᠶᠡᠨ ᠳᠤ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠤ ᠨᠡᠭᠦᠷᠡᠰᠦᠲᠥ᠋ᠷᠥᠭᠴᠢ ᠶᠢ | ᠤᠷᠬᠢᠯ ᠳᠤ ᠬᠦᠷᠭᠡᠬᠦ᠂ ᠤᠯᠨ ᠨᠡᠶᠢᠲᠡ ᠶᠢᠨ ᠪᠠᠶᠢᠭᠤᠯᠤᠮᠵᠢ ᠶᠢᠨ ᠬᠦᠷᠢᠶᠡᠨ ᠳᠤ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ ᠪᠣᠬᠢᠷᠳᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠪᠣᠬᠢᠷᠳᠤᠯ ᠦᠭᠡᠢ ᠮᠥᠩᠭᠦᠨ ᠭᠦᠢᠯᠭᠡᠭᠡᠨ ᠢᠶᠠᠷ | ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠬᠤᠷᠠᠭᠤᠯᠬᠤ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠬᠦ ᠶᠢ︽N︾ ᠪᠣᠯ | ᠮᠠᠨ ᠤ ᠣᠷᠣᠨ ᠤ ᠡᠯ᠎ᠡ ᠠᠵᠢᠯ ᠲᠥᠷᠥᠯ᠂ ᠬᠦᠷᠢᠶ᠎ᠡ ᠴᠠᠷᠠᠭ᠎ᠠ᠂ ᠠᠵᠤ ᠠᠬᠤᠶᠢᠯᠠᠯ ᠤᠨ ᠠᠵᠢᠯᠯᠠᠭᠠᠨ ᠤ ᠲᠥᠰᠥᠯ᠂ ᠲᠥᠷᠥᠯ ᠵᠦᠢᠯ ᠤᠨ ᠲᠥᠰᠥᠯ ᠵᠢᠴᠢ | ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠶᠢᠵᠤ᠂ ᠡᠯ᠎ᠡ ᠲᠥᠰᠥᠯ ᠤᠨ ᠪᠣᠳᠠᠲᠠᠢ ᠠᠷᠭ᠎ᠠ ᠵᠠᠮ ᠢ ᠪᠡᠶᠡᠯᠡᠭᠦᠯᠬᠦ ᠠᠵᠤ ᠦᠢᠯᠡᠰ᠂ ᠡᠳ᠋ ᠤᠨ ᠵᠠᠰᠠᠭ ᠭᠠᠶᠢᠯᠢ᠂ | ᠰᠢᠨᠵᠢᠯᠡᠬᠦ ᠤᠬᠠᠭᠠᠨ ᠮᠡᠷᠭᠡᠵᠢᠯ᠂ ᠮᠥᠩᠭᠦᠨ ᠭᠦᠢᠯᠭᠡᠭᠡ᠂ ᠦᠨ᠎ᠡ ᠬᠠᠩᠰᠢ᠂ ᠭᠠᠵᠠᠷ ᠰᠢᠷᠣᠢ᠂ ᠪᠠᠷᠢᠮᠵᠢᠶᠠᠲᠤ ᠬᠡᠮᠵᠢᠯᠲᠡ᠂ ᠦᠢᠯᠡᠴᠢᠯᠡᠭᠡ ᠵᠡᠷᠭᠡ ᠪᠣᠳᠠᠲᠠᠢ | ᠠᠵᠢᠯᠯᠠᠭᠠᠨ ᠤ ᠲᠤᠯᠭᠠᠭᠤᠷᠢᠯᠠᠯ ᠵᠢᠴᠢ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠪᠣᠳᠠᠲᠠᠢ ᠲᠥᠷᠥᠯ ᠵᠦᠢᠯ ᠢ ᠭᠤᠣᠯᠳᠠᠯᠭ᠎ᠠ ᠲᠠᠢ ᠨᠠᠶᠢᠳᠠᠪᠤᠷᠢᠵᠢᠭᠤᠯᠬᠤ | ᠬᠡᠷᠡᠭᠲᠡᠢ᠃ | 6. ᠭᠤᠷᠪᠠᠨ ᠣᠷᠣᠨ ᠭᠤᠷᠪᠠᠨ ᠱᠤᠭᠤᠮ᠄ ᠬᠤᠲᠠ ᠪᠠᠯᠭᠠᠰᠤ ᠶᠢᠨ ᠣᠷᠣᠨ ᠵᠠᠢ᠂ ᠲᠠᠷᠢᠶᠠᠯᠠᠩ ᠤᠨ ᠣᠷᠣᠨ ᠵᠠᠢ᠂ ᠠᠮᠢ ᠠᠬᠤᠢ ᠶᠢᠨ ᠣᠷᠣᠨ ᠵᠠᠢ | ᠵᠡᠷᠭᠡ ᠭᠤᠷᠪᠠᠨ ᠵᠦᠢᠯ ᠤᠨ ᠲᠥᠷᠥᠯ ᠬᠡᠯᠪᠡᠷᠢ ᠶᠢᠨ ᠣᠷᠣᠨ ᠵᠠᠢ ᠶᠢ ᠦᠨᠳᠦᠰᠦᠯᠡᠨ᠂ ᠲᠣᠰ ᠲᠣᠰ ᠬᠤᠪᠢᠶᠠᠷᠢᠯᠠᠨ ᠲᠣᠭᠲᠠᠭᠠᠭᠰᠠᠨ ᠬᠤᠲᠠ ᠪᠠᠯᠭᠠᠰᠤ ᠶᠢᠨ | ᠨᠡᠭᠡᠭᠡᠨ ᠬᠥᠭᠵᠢᠭᠦᠯᠬᠦ ᠵᠠᠭᠠᠭ ᠬᠢᠵᠠᠭᠠᠷ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ᠂ ᠠᠮᠢ ᠠᠬᠤᠢ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠵᠡᠷᠭᠡ ᠭᠤᠷᠪᠠᠨ ᠵᠤᠷᠪᠤᠰ ᠡᠵᠡᠮᠳᠡᠬᠦ ᠱᠤᠭᠤᠮ ᠲᠠᠢ ᠵᠣᠬᠢᠴᠠᠭᠤᠯᠤᠨ᠎ᠠ᠃ | 7.ᠡᠨᠧᠷᠭᠢ ᠶᠢᠨ ᠬᠤᠷᠣᠭᠳᠠᠭᠤᠯᠭ᠎ᠠ ᠶᠢᠨ ᠬᠤᠶᠠᠷ ᠢ ᠡᠵᠡᠮᠳᠡᠬᠦ᠄ ᠡᠨᠧᠷᠭᠢ ᠶᠢᠨ ᠬᠤᠷᠣᠭᠳᠠᠭᠤᠯᠭ᠎ᠠ ᠶᠢᠨ ᠶᠡᠷᠦᠩᠬᠡᠢ ᠬᠡᠮᠵᠢᠶ᠎ᠡ ᠪᠠ ᠬᠦᠴᠦᠯᠡᠴᠡ ᠬᠤᠶᠠᠷ ᠢ | ᠡᠵᠡᠮᠳᠡᠨ᠎ᠡ᠃ | 8. ᠨᠢᠭᠡ ᠲᠥᠯᠦᠪᠵᠢᠭᠦᠯᠭᠡ ᠶᠢᠨ ᠬᠤᠶᠠᠷ ᠲᠣᠪᠴᠢ᠄ ︽ᠬᠠᠤᠯᠢ ᠪᠠᠷ ᠵᠠᠰᠠᠬᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ | ︵2020 ︱ 2025 ᠣᠨ︶︾ ︽ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢᠨ ᠬᠡᠷᠡᠭᠵᠢᠭᠦᠯᠬᠦ ᠲᠣᠪᠴᠢ ︵2020 ︱ 2025 ᠣᠨ︶︾ | ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠣᠪᠴᠢ ︵2021 ︱ 2025 ᠣᠨ︶︾᠃ | | | | | | | | |