ᠪᠤᠭᠤᠲᠤ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠵᠤ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2022/6/21
     ᠪᠤᠭᠤᠲᠤ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠵᠤ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ         ︵2022 ᠣᠨ ᠤ 16 ᠳ᠋ᠤᠭᠠᠷ ᠲᠣᠭᠠᠲᠤ︶      ︽ᠭᠠᠳᠠᠨ᠎ᠠ ᠠᠴᠠ ᠬᠠᠯᠳᠠᠪᠤᠷᠢᠯᠡᠨ ᠣᠷᠣᠵᠣ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠳᠡᠯᠭᠡᠷᠡᠬᠦ ᠎ ᠶᠢ ᠰᠡᠷᠭᠡᠶᠢᠯᠡᠬᠦ︾ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠠᠷᠭ᠎ᠠ ᠵᠠᠮ ᠢ ᠪᠦᠲᠦᠮᠵᠢᠲᠡᠶ ᠪᠠᠷ ᠲᠠᠰᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠬᠥᠮᠦᠰ ᠤᠨ ᠰᠢᠯᠵᠢᠬᠦ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠥᠮᠦᠰ ᠤᠨ ᠠᠮᠤᠷ ᠲᠦᠪᠰᠢᠨ ᠡᠮᠬᠢ ᠵᠢᠷᠤᠮ ᠲᠠᠢ ᠪᠠᠷ ᠰᠢᠯᠵᠢᠬᠦ ᠶᠢ ᠪᠠᠲᠤᠯᠠᠨ᠎ᠠ᠃ ᠤᠯᠤᠰ ᠤᠨ ᠳᠣᠲᠣᠭᠠᠳᠤ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠪᠣᠯᠤᠨ ᠤᠯᠤᠰ᠂ ᠥᠪᠡᠷᠲᠡᠭᠡᠨ ᠵᠠᠰᠠᠬᠤ ᠣᠷᠣᠨ ᠤ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠤᠯᠤᠰ ᠤᠨ ᠳᠣᠲᠣᠭᠠᠳᠤ ᠶᠢᠨ ᠶᠡᠭᠡ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠪᠤᠭᠤᠳᠠ ︵ᠬᠤᠲᠠ᠂ ᠰᠢᠶᠠᠨ᠂ ᠲᠣᠭᠤᠷᠢᠭ᠂ ᠬᠤᠰᠢᠭᠤ᠂ ᠰᠢᠭᠤᠳ ᠬᠠᠷᠢᠶ᠎ᠠ ᠬᠤᠲᠠ ᠶᠢᠨ ᠵᠡᠭᠡᠯᠢ ᠭᠤᠳᠤᠮᠵᠢ᠂ ᠰᠢᠶᠠᠩ ᠪᠠᠯᠭᠠᠰᠤ︶᠎ ᠳᠤ ᠢᠷᠡᠬᠦ ︵ᠪᠤᠴᠠᠬᠤ︶ ᠳᠠᠭᠠᠭᠠᠴᠢᠯᠠᠯᠲᠠ ᠶᠢᠨ ᠬᠥᠮᠦᠰ ︵ᠡᠰᠡᠬᠦᠯ᠎ᠡ ᠡᠷᠡᠭᠦᠯ ᠮᠡᠨᠳᠦ ᠶᠢᠨ ᠺᠣᠳ᠋ ᠨᠢ ᠤᠯᠠᠭᠠᠨ ᠺᠣᠳ᠋︶᠎ ᠲᠤ ᠴᠥᠮ ︽7 ᠡᠳᠦᠷ ᠲᠤ ᠲᠥᠪᠯᠡᠷᠡᠭᠦᠯᠦᠨ ᠲᠤᠰᠠᠭᠠᠷᠯᠠᠬᠤ + 7 ᠡᠳᠦᠷ ᠲᠤ ᠬᠡᠷ ᠲᠤᠨᠢ ᠲᠤᠰᠠᠭᠠᠷᠯᠠᠬᠤ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠲᠣᠰ ᠲᠣᠰ 1᠂ 4᠂ 7᠂ 10᠂ 14 ᠡᠳᠦᠷ ᠲᠤ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠬᠡᠷᠡᠭᠲᠡᠢ᠃      ᠬᠤᠶᠠᠷ᠂ ᠤᠯᠤᠰ ᠤᠨ ᠳᠣᠲᠣᠭᠠᠳᠤ ᠶᠢᠨ ᠳᠤᠮᠳᠠ ᠲᠦᠭᠰᠢᠭᠦᠷᠢ ᠲᠠᠢ ᠭᠠᠵᠠᠷ ᠣᠷᠣᠨ ᠠᠴᠠ ᠪᠤᠭᠤᠳᠠ ︵ᠬᠤᠲᠠ᠂ ᠰᠢᠶᠠᠨ᠂ ᠲᠣᠭᠤᠷᠢᠭ᠂ ᠬᠤᠰᠢᠭᠤ᠂ ᠰᠢᠭᠤᠳ ᠬᠠᠷᠢᠶ᠎ᠠ ᠬᠤᠲᠠ ᠶᠢᠨ ᠵᠡᠭᠡᠯᠢ ᠭᠤᠳᠤᠮᠵᠢ᠂ ᠰᠢᠶᠠᠩ ᠪᠠᠯᠭᠠᠰᠤ︶᠎ ᠳᠤ ᠢᠷᠡᠬᠦ ︵ᠪᠤᠴᠠᠬᠤ︶ ᠳᠠᠭᠠᠭᠠᠴᠢᠯᠠᠯᠲᠠ ᠶᠢᠨ ᠬᠥᠮᠦᠰ ︵ᠡᠰᠡᠬᠦᠯ᠎ᠡ ᠡᠷᠡᠭᠦᠯ ᠮᠡᠨᠳᠦ ᠶᠢᠨ ᠺᠣᠳ᠋ ᠨᠢ ᠰᠢᠷ᠎ᠠ ᠺᠣᠳ᠋︶᠎ ᠲᠤ ᠴᠥᠮ ︽7 ᠡᠳᠦᠷ ᠲᠤ ᠬᠡᠷ ᠲᠤᠨᠢ ᠲᠤᠰᠠᠭᠠᠷᠯᠠᠬᠤ + 3 ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠲᠣᠰ ᠲᠣᠰ 1᠂ 4᠂ 7 ᠡᠳᠦᠷ ᠲᠤ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠬᠡᠷ ᠲᠤᠨᠢ ᠲᠤᠰᠠᠭᠠᠷᠯᠠᠬᠤ ᠨᠥᠬᠦᠴᠡᠯ ᠳᠤ ᠨᠡᠶᠢᠴᠡᠬᠦ ᠥᠬᠡᠶ ᠪᠣᠯ ᠴᠥᠮ ᠲᠥᠪᠯᠡᠷᠡᠭᠦᠯᠦᠨ ᠲᠤᠰᠠᠭᠠᠷᠯᠠᠬᠤ ᠶᠢ ᠬᠡᠷᠡᠭᠵᠢᠭᠦᠯᠦᠨ᠎ᠡ᠃      ᠭᠤᠷᠪᠠ᠂ ᠤᠯᠤᠰ ᠤᠨ ᠳᠣᠲᠣᠭᠠᠳᠤ ᠶᠢᠨ ᠳᠤᠮᠳᠠ᠂ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠪᠤᠭᠤᠳᠠ ᠬᠤᠳᠠ ᠳᠤ ︵ᠬᠤᠲᠠ᠂ ᠰᠢᠶᠠᠨ᠂ ᠲᠣᠭᠤᠷᠢᠭ᠂ ᠬᠤᠰᠢᠭᠤ᠂ ᠰᠢᠭᠤᠳ ᠬᠠᠷᠢᠶ᠎ᠠ ᠬᠤᠲᠠ ᠶᠢᠨ ᠵᠡᠭᠡᠯᠢ ᠭᠤᠳᠤᠮᠵᠢ᠂ ᠰᠢᠶᠠᠩ ᠪᠠᠯᠭᠠᠰᠤ︶ ᠪᠤᠴᠠᠵᠤ ᠢᠷᠡᠬᠦ ᠳᠠᠭᠠᠭᠠᠴᠢᠯᠠᠯᠲᠠ ᠶᠢᠨ ᠬᠥᠮᠦᠰ ︵ᠪᠤᠶᠤ ᠠᠶᠠᠯᠠᠯ ᠤᠨ ᠨᠣᠮᠧᠷ ᠨᠢ ᠨᠣᠭᠤᠭᠠᠨ ᠨᠣᠮᠧᠷ ᠮᠥᠷᠲᠡᠭᠡᠨ ᠁ ᠨᠣᠮᠧᠷ ᠲᠠᠢ︶᠂ 48 ᠴᠠᠭ ᠤᠨ ᠳᠣᠲᠣᠷ᠎ᠠ 1 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠲᠠᠢ ᠪᠠᠶᠢᠬᠤ ᠬᠡᠷᠡᠭᠲᠡᠢ᠂ ᠬᠦᠷᠦᠭᠰᠡᠨ ᠤ ᠳᠠᠷᠠᠭ᠎ᠠ ᠵᠠᠰᠠᠮᠠᠯ ᠵᠠᠮ ᠤᠨ ᠪᠠᠶᠢᠴᠠᠭᠠᠨ ᠰᠢᠯᠭᠠᠬᠤ ᠴᠡᠭ ᠪᠤᠶᠤ ︽ᠨᠢᠭᠡ ᠲᠠᠯᠠᠪᠤᠷ ᠬᠤᠶᠠᠷ ᠥᠷᠲᠡᠭᠡ︾᠎ ᠳᠤ ᠬᠦᠷᠴᠦ ︽ᠥᠳᠥᠭᠡᠭᠴᠢ + ᠪᠥᠭᠡᠮ ᠬᠦᠴᠢᠯ︾᠎ ᠤᠨ ᠥᠯᠢᠭᠡᠷ ᠠᠪᠴᠤ᠂ ᠥᠳᠥᠭᠡᠭᠴᠢ ᠶᠢᠨ ᠪᠠᠶᠢᠴᠠᠭᠠᠯᠲᠠ ᠶᠢᠨ ᠦᠷ᠎ᠡ ᠳ᠋ᠦᠩ ᠪᠢᠯᠢᠭ ᠴᠢᠨᠠᠷᠲᠠᠶ ᠪᠠᠶᠢᠵᠤ᠂ ᠪᠡᠶ᠎ᠡ ᠶᠢᠨ ᠳᠤᠯᠠᠭᠠᠨ ᠤ ᠪᠠᠶᠢᠴᠠᠭᠠᠯᠲᠠ ᠬᠡᠪ ᠤᠨ ᠪᠠᠶᠢᠳᠠᠯ ᠳᠤ ᠤᠷᠤᠭᠰᠠᠨ ᠤ ᠳᠠᠷᠠᠭ᠎ᠠ ᠨᠡᠪᠲᠡᠷᠡᠬᠦ ᠶᠢᠨ ᠬᠠᠮᠲᠤ ᠬᠦᠷᠦᠭᠰᠡᠨ ᠤ ᠳᠠᠷᠠᠭᠠᠬᠢ 3 ᠳ᠋ᠤᠭᠠᠷ ᠡᠳᠦᠷ ᠲᠤ ᠬᠤᠶᠠᠳᠠᠬᠢ ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠢᠨ ᠬᠠᠮᠲᠤ 7 ᠡᠳᠦᠷ ᠤᠨ ᠬᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠬᠢᠬᠦ ᠬᠡᠷᠡᠭᠲᠡᠢ᠃      ᠳᠥᠷᠪᠡ᠂ ᠥᠪᠡᠷᠲᠡᠭᠡᠨ ᠵᠠᠰᠠᠬᠤ ᠣᠷᠣᠨ ᠠᠴᠠ ᠭᠠᠳᠠᠨᠠᠬᠢ ᠠᠶᠤᠯ ᠲᠦᠭᠰᠢᠭᠦᠷᠢ ᠪᠠᠭᠠᠲᠠᠶ ᠭᠠᠵᠠᠷ ᠣᠷᠣᠨ ᠠᠴᠠ ᠢᠷᠡᠬᠦ ︵ᠪᠤᠴᠠᠬᠤ︶ ᠳᠠᠭᠠᠭᠠᠴᠢᠯᠠᠯᠲᠠ ᠶᠢᠨ ᠬᠥᠮᠦᠰ ᠵᠢᠴᠢ ᠥᠪᠡᠷᠲᠡᠭᠡᠨ ᠵᠠᠰᠠᠬᠤ ᠣᠷᠣᠨ ᠤ ᠠᠶᠤᠯ ᠲᠦᠭᠰᠢᠭᠦᠷᠢ ᠪᠠᠭᠠᠲᠠᠶ ᠭᠠᠵᠠᠷ ᠣᠷᠣᠨ ᠤ ᠬᠤᠭᠤᠷᠣᠨᠳᠣᠬᠢ ᠨᠡᠭᠦᠳᠡᠯ ᠬᠥᠮᠦᠰ ︵ᠡᠷᠡᠭᠦᠯ ᠮᠡᠨᠳᠦ ᠶᠢᠨ ᠺᠣᠳ᠋ ᠪᠠ ᠴᠢᠮᠡᠭᠡ ᠬᠤᠯᠪᠣᠭ᠎ᠠ ᠶᠢᠨ ᠠᠶᠠᠯᠠᠯ ᠤᠨ ᠺᠣᠳ᠋ ᠲᠤ ᠴᠥᠮ ᠬᠡᠪ ᠤᠨ ᠪᠤᠰᠤ ᠬᠥᠮᠦᠰ ᠪᠠᠶᠢᠬᠤ ᠥᠬᠡᠶ︶᠎ ᠨᠢ 48 ᠴᠠᠭ ᠤᠨ ᠳᠣᠲᠣᠷ᠎ᠠ 1 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠲᠠᠢ ᠪᠠᠶᠢᠵᠤ᠂ ᠬᠦᠷᠦᠭᠰᠡᠨ ᠤ ᠳᠠᠷᠠᠭ᠎ᠠ ᠵᠠᠰᠠᠮᠠᠯ ᠵᠠᠮ ᠤᠨ ᠪᠠᠶᠢᠴᠠᠭᠠᠨ ᠰᠢᠯᠭᠠᠬᠤ ᠴᠢᠩ ᠪᠤᠶᠤ ︽ᠨᠢᠭᠡ ᠲᠠᠯᠠᠪᠤᠷ ᠬᠤᠶᠠᠷ ᠥᠷᠲᠡᠭᠡ︾᠎ ᠳᠤ ᠬᠦᠷᠦᠭᠰᠡᠨ ᠪᠥᠭᠡᠮ ᠬᠦᠴᠢᠯ ᠤᠨ ᠥᠯᠢᠭᠡᠷ ᠠᠪᠴᠤ᠂ ᠪᠡᠶ᠎ᠡ ᠶᠢᠨ ᠳᠤᠯᠠᠭᠠᠨ ᠤ ᠪᠠᠶᠢᠴᠠᠭᠠᠨ ᠬᠡᠮᠵᠢᠯᠲᠡ ᠨᠢ ᠬᠡᠪ ᠤᠨ ᠪᠠᠶᠢᠳᠠᠯ ᠲᠠᠢ ᠪᠣᠯᠤᠭᠰᠠᠨ ᠤ ᠳᠠᠷᠠᠭ᠎ᠠ ᠨᠡᠪᠳᠡᠷᠡᠵᠤ ᠪᠤᠯᠤᠨ᠎ᠡ᠃      ᠲᠠᠪᠤ᠂ ᠬᠢᠯᠢ ᠶᠢᠨ ᠭᠠᠳᠠᠨ᠎ᠠ ᠠᠴᠠ ᠪᠤᠴᠠᠵᠤ ᠢᠷᠡᠭᠰᠡᠨ ᠪᠥᠭᠡᠳ ᠨᠢᠭᠡᠳᠦᠭᠡᠷ ᠬᠢᠯᠢ ᠳᠤ ᠣᠷᠣᠵᠤ ᠢᠷᠡᠬᠦ ᠴᠡᠭ ᠲᠤ 14 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ ᠶᠢ ᠬᠦᠴᠦᠨ ᠥᠬᠡᠶ ᠪᠣᠯᠭᠠᠭᠰᠠᠨ ᠤ ᠳᠠᠷᠠᠭ᠎ᠠ ︵ᠪᠤᠴᠠᠵᠤ ᠢᠷᠡᠭᠰᠡᠨ︶ ᠳᠠᠭᠠᠭᠠᠴᠢᠯᠠᠭᠤᠯᠤᠭᠰᠠᠨ ᠬᠥᠮᠦᠰ ᠢ ᠡᠷᠬᠡᠪᠰᠢ ᠪᠠᠶᠢᠭ᠎ᠠ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠎ ᠳᠤ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠴᠥᠮ ︽7 ᠡᠳᠦᠷ ᠤᠨ ᠬᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ︾᠎ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠶ᠃ ᠡᠨᠡ ᠬᠤᠭᠤᠴᠠᠭᠠᠨ ᠳᠤ ᠪᠡᠶ᠎ᠡ ᠶᠢᠨ ᠳᠤᠯᠠᠭᠠᠨ᠂ ᠡᠪᠡᠳᠴᠢᠨ ᠤ ᠢᠯᠡᠷᠡᠯ ᠵᠡᠷᠭᠡ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠰᠢᠯᠵᠢᠬᠦ ᠶᠢ ᠪᠠᠭᠠᠰᠬᠠᠵᠤ᠂ ᠭᠠᠳᠠᠭᠰᠢ ᠭᠠᠷᠬᠤ ᠳᠠᠭᠠᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠴᠤᠭᠯᠠᠷᠠᠯ ᠤᠨ ᠴᠢᠨᠠᠷᠲᠠᠶ ᠬᠥᠳᠡᠯᠭᠡᠭᠡᠨ ᠳᠤ ᠣᠷᠣᠯᠴᠠᠬᠤ ᠦᠭᠡᠢ ᠪᠥᠭᠡᠳ ᠬᠤᠶᠠᠳᠤᠭᠠᠷ ᠡᠳᠦᠷ ᠪᠠ ᠳᠣᠯᠣᠳᠤᠭᠠᠷ ᠡᠳᠦᠷ ᠲᠤ ᠲᠤᠰ ᠪᠦᠷᠢ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠢ᠃      ᠵᠢᠷᠭᠤᠭ᠎ᠠ᠂ ᠳᠤᠮᠳᠠ ᠲᠦᠭᠰᠢᠭᠦᠷᠢ ᠶᠡᠬᠡᠲᠡᠶ ᠭᠠᠵᠠᠷ ᠣᠷᠣᠨ ᠵᠢᠴᠢ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠬᠥᠮᠦᠰ ᠤᠨ ᠭᠠᠳᠠᠭᠰᠢ ᠭᠠᠷᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ ᠤᠯᠤᠰ ᠤᠨ ᠳᠣᠲᠣᠭᠠᠳᠤ ᠶᠢᠨ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠵᠢᠴᠢ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶᠎ ᠳᠤ ᠣᠴᠢᠬᠤ ᠴᠢᠬᠤᠯᠠ ᠥᠬᠡᠶ ᠪᠣᠯ ᠶᠠᠪᠤᠵᠤ ᠰᠠᠭᠤᠬᠤ ᠪᠥᠬᠦ ᠶᠠᠪᠤᠴᠠ ᠳᠤ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠬᠥᠮᠦᠨ ᠬᠠᠷ᠎ᠠ ᠨᠢᠭᠲᠠᠷᠠᠭᠰᠠᠨ ᠲᠠᠯᠠᠪᠤᠷ ᠲᠤ ᠣᠴᠢᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠶ᠃ ᠪᠤᠴᠠᠬᠤ ᠠᠴᠠ ᠪᠠᠨ ᠡᠮᠦᠨ᠎ᠡ᠂ ᠰᠠᠭᠤᠭ᠎ᠠ ᠭᠠᠵᠠᠷ ᠤᠨ ᠢᠶᠠᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠪᠠᠶᠢᠭᠤᠯᠭ᠎ᠠ ᠨᠢᠭᠡᠴᠡ ᠳᠤ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠬᠡᠷᠡᠭᠲᠡᠶ᠂ ᠪᠤᠴᠠᠵᠤ ᠢᠷᠡᠭᠰᠡᠨ ᠤ ᠳᠠᠷᠠᠭ᠎ᠠ᠂ ᠬᠠᠷᠢᠶ᠎ᠠ ᠭᠠᠵᠠᠷ ᠤᠨ ᠬᠠᠮᠢᠶ᠎ᠠ ᠪᠥᠬᠦᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠢᠳᠡᠪᠬᠢᠲᠡᠶ ᠬᠠᠮᠵᠢᠯᠴᠠᠬᠤ ᠬᠡᠷᠡᠭᠲᠡᠶ᠃      ᠳᠣᠯᠤᠭ᠎ᠠ᠂ ᠶᠡᠭᠡ ᠳᠡᠭᠡᠳᠦ ᠰᠤᠷᠭᠠᠭᠤᠯᠢ ᠶᠢᠨ ᠨᠤᠲᠤᠭ ᠲᠠᠭᠠᠨ ᠪᠤᠴᠠᠭᠰᠠᠨ ᠤᠶᠤᠲᠠᠳ ᠤᠨ 7 ᠡᠳᠦᠷ ᠠᠴᠠ ᠳᠡᠭᠡᠭᠰᠢᠬᠢ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠡᠷᠬᠡᠪᠰᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠪᠠᠶᠢᠬᠤ ᠬᠡᠷᠡᠭᠲᠡᠢ ᠪᠣᠯᠤᠨ ᠳᠡᠭᠡᠳᠦ ᠰᠤᠷᠭᠠᠭᠤᠯᠢ ᠶᠢᠨ ᠭᠠᠷᠭᠠᠭᠰᠠᠨ ᠬᠠᠮᠢᠶ᠎ᠠ ᠪᠥᠬᠦᠶ ᠭᠡᠷᠡᠴᠢ ᠪᠠᠨ ᠠᠪᠴᠤ ᠰᠤᠷᠭᠠᠭᠤᠯᠢ ᠠᠴᠠ ᠪᠠᠨ ᠰᠠᠯᠵᠤ ᠨᠤᠲᠤᠭ ᠲᠠᠭᠠᠨ ᠪᠤᠴᠠᠬᠤ ᠶᠢᠨ ᠬᠠᠮᠲᠤ ᠪᠠᠶᠢᠭ᠎ᠠ ᠭᠠᠵᠠᠷ ᠤᠨ ᠢᠶᠠᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠎ ᠲᠤ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠨᠥᠬᠦᠴᠡᠯ ᠳᠤ ᠨᠡᠶᠢᠴᠡᠬᠦ ᠳᠡᠭᠡᠳᠦ ᠰᠤᠷᠭᠠᠭᠤᠯᠢ ᠶᠢᠨ ᠨᠤᠲᠤᠭ ᠲᠠᠭᠠᠨ ᠪᠤᠴᠠᠭᠰᠠᠨ ᠤᠶᠤᠲᠠᠳ ᠢ ᠳᠠᠭᠢᠵᠤ ᠲᠥᠪᠯᠡᠷᠡᠭᠦᠯᠦᠨ ᠲᠤᠰᠠᠭᠠᠷᠯᠠᠬᠤ ᠥᠬᠡᠶ᠂ ᠬᠡᠷ ᠲᠡᠭᠡᠨ ᠬᠦᠷᠦᠭᠰᠡᠨ ᠤ ᠪᠠᠨ ᠳᠠᠷᠠᠭ᠎ᠠ 7 ᠡᠳᠦᠷ ᠤᠨ ᠬᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠬᠡᠷᠡᠭᠵᠢᠭᠦᠯᠵᠦ᠂ ᠬᠡᠷᠪᠡ ᠬᠡᠪ ᠤᠨ ᠪᠤᠰᠤ ᠪᠠᠶᠢᠳᠠᠯ ᠭᠠᠷᠪᠠᠯ᠂ ᠲᠤᠬᠠᠶ ᠶᠢᠨ ᠭᠠᠵᠠᠷ ᠤᠨ ᠨᠡᠶᠢᠭᠡᠮ ᠲᠣᠭᠤᠷᠢᠭ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠂ ᠬᠡᠷᠪᠡ ᠦᠨᠡᠨᠬᠦ ᠲᠤᠰᠠᠭᠠᠷᠯᠠᠬᠤ ᠴᠢᠬᠤᠯᠠ ᠲᠠᠢ ᠪᠣᠯ᠂ ᠡᠯ᠎ᠡ ᠬᠤᠰᠢᠭᠤ ᠰᠢᠶᠠᠨ ᠲᠣᠭᠤᠷᠢᠭ ᠨᠢ ᠲᠥᠪᠯᠡᠷᠡᠭᠦᠯᠦᠨ ᠲᠤᠰᠠᠭᠠᠷᠯᠠᠬᠤ ᠵᠠᠷᠤᠳᠠᠯ ᠢ ᠭᠡᠯᠳᠦᠷᠢᠭᠦᠯᠬᠦ ᠬᠡᠷᠡᠭᠲᠡᠶ᠃      ᠨᠠᠢᠮᠠ᠂ ᠬᠢᠯᠢ ᠶᠢᠨ ᠪᠣᠭᠤᠮᠲᠠ ᠶᠢᠨ ᠬᠢᠯᠢ ᠪᠠᠷ ᠣᠷᠣᠵᠤ ᠢᠷᠡᠬᠦ ᠬᠥᠮᠦᠰ᠂ ᠡᠳ᠋ ᠪᠣᠳᠠᠰ᠂ ᠣᠷᠴᠢᠨ ᠲᠣᠭᠤᠷᠢᠨ ᠲᠠᠢ ᠣᠶᠢᠷᠠᠳᠬᠤ ᠠᠶᠤᠯ ᠲᠦᠭᠰᠢᠭᠦᠷᠢ ᠶᠡᠬᠡᠲᠡᠶ ᠠᠵᠢᠯ ᠤᠨ ᠪᠠᠶᠢᠷᠢ ᠶᠢᠨ ᠬᠥᠮᠦᠰ ᠵᠢᠴᠢ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠭᠠᠵᠠᠷ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ᠂ ᠬᠠᠯᠠᠭᠤᠷᠠᠯ ᠤᠨ ᠡᠭᠦᠳᠡᠨ ᠡᠮᠨᠡᠯᠭᠡ ᠵᠡᠷᠭᠡ ᠠᠶᠤᠯ ᠲᠦᠭᠰᠢᠭᠦᠷᠢ ᠶᠡᠬᠡᠲᠡᠶ ᠠᠵᠢᠯ ᠤᠨ ᠪᠠᠶᠢᠷᠢ ᠶᠢᠨ ᠬᠥᠮᠦᠰ ᠢ ᠴᠢᠳᠠᠬᠤ ᠶᠢᠨ ᠬᠢᠷᠢ ᠪᠠᠷ ᠭᠠᠳᠠᠭᠰᠢ ᠭᠠᠷᠬᠤ ᠠᠴᠠ ᠵᠠᠶᠢᠯᠠᠰᠬᠢᠬᠦ ᠬᠡᠷᠡᠭᠲᠡᠶ᠂ ᠦᠨᠡᠬᠡᠷ ᠭᠠᠳᠠᠭᠰᠢ ᠭᠠᠷᠬᠤ ᠴᠢᠬᠤᠯᠠ ᠲᠠᠢ ᠪᠣᠯ ᠠᠵᠢᠯ ᠤᠨ ᠪᠠᠶᠢᠷᠢ ᠠᠴᠠ ᠪᠠᠨ ᠰᠠᠯᠤᠭᠠᠳ 14 ᠡᠳᠦᠷ ᠠᠴᠠ ᠳᠡᠭᠡᠭᠰᠢ ᠪᠣᠯᠤᠭᠰᠠᠨ ᠮᠥᠷᠲᠡᠭᠡᠨ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠲᠠᠢ ᠪᠠᠶᠢᠬᠤ ᠶᠢ ᠬᠠᠩᠭᠠᠬᠤ ᠶᠢᠨ ᠬᠠᠮᠲᠤ ᠪᠠᠶᠢᠭ᠎ᠠ ᠨᠢᠭᠡᠴᠡ ᠳᠡᠭᠡᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃      ᠶᠢᠰᠦ᠂ ᠡᠯ᠎ᠡ ᠵᠠᠰᠠᠮᠠᠯ ᠵᠠᠮ ᠤᠨ ᠪᠠᠶᠢᠴᠠᠭᠠᠨ ᠰᠢᠯᠭᠠᠬᠤ ᠴᠡᠭ᠂ ︽ᠨᠢᠭᠡ ᠲᠠᠯᠠᠪᠤᠷ ᠬᠤᠶᠠᠷ ᠥᠷᠲᠡᠭᠡ︾᠎ ᠳᠤ ᠴᠥᠮ᠎ᠡ ᠶᠢᠨ ᠬᠦᠴᠢᠯ ᠤᠨ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠪᠥᠬᠦ ᠤᠯᠤᠰ ᠢᠶᠠᠷ ᠢᠶᠠᠨ ᠬᠠᠷᠢᠯᠴᠠᠨ ᠮᠡᠳᠡᠷᠡᠬᠦ ᠶᠢ ᠨᠠᠶᠢᠳᠠᠪᠤᠷᠢᠵᠢᠭᠤᠯᠵᠤ᠂ ᠲᠣᠭᠲᠠᠭᠰᠠᠨ ᠬᠦᠴᠦᠨ ᠲᠠᠢ ᠬᠤᠭᠤᠴᠠᠭᠠᠨ ᠳᠤ ᠳᠠᠪᠬᠤᠷᠳᠠᠭᠤᠯᠤᠨ ᠪᠠᠶᠢᠴᠠᠭᠠᠨ ᠰᠢᠯᠭᠠᠵᠤ ᠪᠣᠯᠬᠤ ᠥᠬᠡᠶ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠰᠤᠳ ᠠᠶᠢᠮᠠᠭ ᠬᠤᠲᠠ ᠳᠤ ᠭᠠᠵᠠᠷ ᠤᠨᠠᠭᠰᠠᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠬᠢᠵᠦ ᠥᠩᠭᠡᠷᠡᠭᠰᠡᠨ ᠪᠥᠭᠡᠳ ᠲᠤᠬᠠᠶ ᠶᠢᠨ ᠡᠳᠦᠷ ᠲᠤ ᠮᠠᠨ ᠤ ᠬᠤᠲᠠ ᠳᠤ ᠬᠦᠷᠦᠭᠰᠡᠨ ᠪᠠᠶᠢᠪᠠᠯ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠦᠷ᠎ᠡ ᠳ᠋ᠦᠩ ᠢ ᠬᠠᠷᠢᠯᠴᠠᠨ ᠮᠡᠳᠡᠷᠡᠵᠦ᠂ ᠭᠠᠵᠠᠷ ᠤᠨᠠᠭᠰᠠᠨ ᠪᠥᠭᠡᠮ ᠬᠦᠴᠢᠯ ᠤᠨ ᠥᠯᠢᠭᠡᠷ ᠠᠪᠬᠤ ᠶᠢ ᠳᠠᠭᠢᠵᠤ ᠬᠢᠬᠦ ᠥᠬᠡᠶ᠂ ᠲᠣᠭᠲᠠᠭᠰᠠᠨ ᠴᠠᠭ ᠬᠤᠭᠤᠴᠠᠭᠠᠨ ᠳᠤ ᠳᠠᠬᠢᠨ ᠳᠠᠪᠲᠠᠨ ᠪᠠᠶᠢᠴᠠᠭᠠᠨ ᠬᠡᠮᠵᠢᠵᠦ ᠪᠣᠯᠬᠤ ᠥᠬᠡᠶ᠃      ᠠᠷᠪᠠ᠂ ᠲᠦᠭᠰᠢᠭᠦᠷᠢ ᠪᠠᠭᠠᠲᠠᠶ ᠭᠠᠵᠠᠷ ᠣᠷᠣᠨ ᠠᠴᠠ ᠢᠷᠡᠬᠦ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠬᠦ ᠬᠢᠵᠠᠭᠠᠷᠯᠠᠯ ᠢ ᠪᠥᠬᠦ ᠲᠠᠯ᠎ᠠ ᠪᠠᠷ ᠬᠦᠴᠦᠨ ᠥᠬᠡᠶ ᠪᠣᠯᠭᠠᠬᠤ ᠬᠡᠷᠡᠭᠲᠡᠶ᠃ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠳᠤ ᠪᠠᠶᠢᠭ᠎ᠠ ᠭᠠᠵᠠᠷ ᠤᠨ ᠬᠤᠲᠠ ᠠᠴᠠ ᠢᠷᠡᠭᠰᠡᠨ ᠪᠤᠶᠤ ᠣᠷᠣᠵᠤ ᠭᠠᠷᠬᠤ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠳᠤ᠂ ᠵᠢᠯᠣᠭᠤᠴᠢ ᠪᠠ ᠰᠠᠭᠤᠳᠠᠯ ᠤᠨ ᠠᠵᠢᠯᠲᠠᠨ 48 ᠴᠠᠭ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠲᠠᠢ ᠪᠠᠶᠢᠬᠤ᠂ ᠡᠷᠡᠭᠦᠯ ᠮᠡᠨᠳᠦ ᠶᠢᠨ ᠲᠡᠮᠳᠡᠭ ᠨᠣᠭᠤᠭᠠᠨ ᠲᠡᠮᠳᠡᠭ᠂ ᠪᠡᠶ᠎ᠡ ᠶᠢᠨ ᠳᠤᠯᠠᠭᠠᠨ ᠤ ᠪᠠᠶᠢᠴᠠᠭᠠᠯᠲᠠ ᠨᠢ ᠬᠡᠪ ᠤᠨ ᠪᠥᠭᠡᠳ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠳᠤ ᠨᠡᠶᠢᠴᠡᠭᠰᠡᠨ ᠰᠠᠭᠤᠷᠢᠨ ᠳᠡᠭᠡᠷ᠎ᠡ᠂ ᠤᠷᠢᠳᠴᠢᠯᠠᠨ ᠮᠡᠳᠡᠭᠦᠯᠦᠨ ᠳᠠᠩᠰᠠᠯᠠᠭᠤᠯᠬᠤ ᠶᠢ ᠬᠡᠷᠡᠭᠵᠢᠭᠦᠯᠵᠦ᠂ ︽ᠲᠡᠷᠭᠡ ᠬᠥᠰᠬᠡ ᠶᠢᠨ ᠬᠥᠳᠡᠯᠦᠩᠭᠦᠶ ᠬᠢᠨᠠᠨ ᠡᠵᠡᠮᠳᠡᠬᠦ + ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ︾ ᠪᠤᠶᠤ ᠬᠠᠮᠠᠭᠠᠯᠠᠨ ᠬᠦᠷᠭᠡᠬᠦ ᠶᠢ ᠬᠥᠲᠥᠯᠦᠨ ᠵᠢᠯᠣᠭᠤᠳᠬᠤ ᠵᠢᠴᠢ ᠪᠤᠰᠤᠳ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠪᠢᠲᠡᠭᠦᠦ ᠴᠠᠭᠠᠷᠢᠭ ᠬᠤᠭᠤᠯᠠᠶ ᠶᠢᠨ ᠬᠢᠨᠠᠨ ᠡᠵᠡᠮᠳᠡᠬᠦ + ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ︾ ᠪᠤᠶᠤ ᠬᠠᠮᠠᠭᠠᠯᠠᠨ ᠬᠦᠷᠭᠡᠬᠦ ᠶᠢ ᠬᠥᠲᠥᠯᠦᠨ ᠵᠢᠯᠣᠭᠤᠳᠬᠤ ᠵᠢᠴᠢ ᠪᠤᠰᠤᠳ ᠠᠷᠭ᠎ᠠ ᠮᠠᠶ᠋ᠢᠭ ᠢ ᠴᠢᠩᠭ᠎ᠠ ᠨᠠᠶᠢᠳᠠᠪᠤᠷᠢᠵᠢᠭᠤᠯᠤᠨ᠂ ᠪᠢᠲᠡᠭᠦᠦ ᠴᠠᠭᠠᠷᠢᠭ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ ᠨᠡᠪᠲᠡᠷᠡᠬᠦ ᠶᠢ ᠪᠠᠲᠤᠯᠠᠨ᠎ᠠ᠃ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠲᠠᠢ ᠪᠣᠯᠪᠠᠴᠤ ᠨᠢᠭᠡᠨᠲᠡ 48 ᠴᠠᠭ ᠠᠴᠠ ᠬᠡᠲᠦᠷᠡᠭᠰᠡᠨ ᠪᠠᠷᠠᠭᠠᠨ ᠤ ᠲᠡᠷᠭᠡ ᠶᠢᠨ ᠵᠢᠯᠣᠭᠤᠴᠢ ᠠᠵᠢᠯᠲᠠᠨ ᠳᠤ ︽ᠪᠥᠭᠡᠮ ᠬᠦᠴᠢᠯ + ᠥᠳᠥᠭᠡᠭᠴᠢ︾᠎ ᠶᠢᠨ ᠪᠠᠶᠢᠴᠠᠭᠠᠨ ᠬᠡᠮᠵᠢᠬᠦ ᠠᠷᠭ᠎ᠠ ᠮᠠᠶ᠋ᠢᠭ ᠢ ᠠᠪᠴᠤ᠂ ᠥᠳᠥᠭᠡᠭᠴᠢ ᠶᠢᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠲᠠᠢ ᠎ ᠢ ᠲᠡᠷᠡ ᠳᠠᠷᠤᠶ ᠳᠤᠨᠢ ᠲᠠᠯᠪᠢᠵᠤ ᠶᠠᠪᠤᠭᠤᠯᠬᠤ ᠬᠡᠷᠡᠭᠲᠡᠶ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠦᠷ᠎ᠡ ᠳ᠋ᠦᠩ ᠢ ᠬᠦᠯᠢᠶᠡᠬᠦ ᠪᠠᠷ ᠰᠢᠯᠲᠠᠭ ᠪᠣᠯᠭᠠᠵᠤ ᠲᠡᠷᠭᠡ ᠬᠥᠰᠬᠡ ᠶᠢᠨ ᠨᠡᠪᠲᠡᠷᠡᠬᠦ ᠶᠢ ᠬᠢᠵᠠᠭᠠᠷᠯᠠᠵᠤ ᠪᠣᠯᠬᠤ ᠥᠬᠡᠶ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ ᠬᠡᠷᠪᠡ ᠠᠷᠭ᠎ᠠ ᠴᠢᠨᠠᠷ ᠲᠠᠢ ᠢ ᠣᠯᠵᠤ ᠮᠡᠳᠡᠪᠡᠯ ᠲᠡᠷᠡ ᠳᠠᠷᠤᠶ ᠳᠤᠨᠢ ᠬᠠᠮᠢᠶᠠᠷᠤᠨ ᠡᠵᠡᠮᠳᠡᠬᠦ ᠬᠡᠷᠡᠭᠲᠡᠶ᠃      ᠠᠷᠪᠠᠨ ᠨᠢᠭᠡ᠂ ᠪᠥᠬᠦ ᠬᠤᠲᠠ ᠶᠢᠨ ᠵᠤᠭ᠎ᠠ ᠴᠡᠩᠭᠡᠯ ᠤᠨ ᠲᠠᠯᠠᠪᠤᠷ ᠭᠠᠵᠠᠷ᠂ ᠡᠵᠡᠩᠨᠡᠯᠲᠡ ᠶᠢᠨ ᠲᠥᠷᠥᠯ ᠤᠨ ᠲᠠᠯᠠᠪᠤᠷ ᠭᠠᠵᠠᠷ᠂ ᠣᠯᠠᠨ ᠨᠡᠶᠢᠲᠡ ᠶᠢᠨ ᠲᠠᠯᠠᠪᠤᠷ ᠲᠤ ︽ᠬᠡᠨ ᠡᠵᠡᠩᠨᠡᠪᠡᠯ ᠬᠡᠨ ᠬᠠᠷᠢᠭᠤᠴᠠᠬᠤ᠂ ᠬᠡᠨ ᠨᠡᠭᠡᠭᠡᠨ ᠡᠷᠭᠢᠯᠡᠪᠡᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠳᠤᠯᠠᠭᠠᠨ ᠢ ᠬᠡᠮᠵᠢᠬᠦ᠂ ᠲᠠᠯᠠᠪᠤᠷ ᠭᠠᠵᠠᠷ ᠤᠨ ᠨᠣᠮᠧᠷ ᠢ ᠱᠦᠭᠦᠷᠳᠡᠬᠦ᠂ ᠡᠷᠡᠭᠦᠯ ᠮᠡᠨᠳᠦ ᠶᠢᠨ ᠨᠣᠮᠧᠷ ᠢ ᠦᠵᠡᠭᠦᠯᠬᠦ᠂ ᠠᠮᠠᠪᠴᠢ ᠵᠡᠭᠦᠬᠦ᠂ ︽1 ᠮᠧᠲᠷ ᠤᠨ ᠱᠤᠭᠤᠮ︾ ᠵᠡᠭᠦᠬᠦ᠂ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃      ᠠᠷᠪᠠᠨ ᠬᠤᠶᠠᠷ᠂ ᠢᠷᠡᠬᠦ ︵ᠪᠤᠴᠠᠬᠤ︶ ᠳᠠᠭᠠᠭᠠᠴᠢᠯᠠᠯᠲᠠ ᠶᠢᠨ ᠠᠵᠢᠯᠲᠠᠨ ᠬᠡᠷᠪᠡ ᠬᠠᠯᠠᠭᠤᠷᠠᠬᠤ᠂ ᠬᠠᠭᠤᠷᠠᠶ ᠪᠠᠷ ᠬᠠᠨᠢᠶᠠᠬᠤ᠂ ᠲᠠᠮᠢᠷᠳᠠᠬᠤ᠂ ᠦᠨᠦᠷᠯᠡᠬᠦ ᠰᠡᠷᠡᠯ ᠮᠠᠭᠤᠳᠠᠬᠤ᠂ ᠰᠠᠭᠤᠯᠭᠠᠬᠤ᠂ ᠬᠤᠭᠤᠯᠠᠶ ᠡᠪᠡᠳᠬᠦ ᠵᠡᠷᠭᠡ ᠡᠪᠡᠳᠴᠢᠨ ᠤ ᠢᠯᠡᠷᠡᠯ ᠲᠠᠢ ᠪᠣᠯ ᠴᠠᠭ ᠲᠤᠬᠠᠶ ᠳᠤᠨᠢ ᠬᠠᠯᠠᠭᠤᠷᠠᠵᠤ ᠪᠠᠶᠢᠭ᠎ᠠ ᠡᠭᠦᠳᠡᠨ ᠡᠮᠨᠡᠯᠭᠡ ᠳᠤ ᠬᠦᠷᠴᠦ ᠡᠮᠨᠡᠭᠦᠯᠬᠦ ᠬᠡᠷᠡᠭᠲᠡᠶ᠂ ᠡᠪᠡᠳᠴᠢᠨ ᠲᠠᠢ ᠪᠠᠷ ᠠᠵᠢᠯ ᠳᠤ ᠭᠠᠷᠬᠤ ᠪᠤᠶᠤ ᠰᠤᠷᠭᠠᠭᠤᠯᠢ ᠳᠤ ᠣᠷᠣᠵᠤ ᠪᠣᠯᠬᠤ ᠥᠬᠡᠶ᠂ ᠬᠡᠷᠪᠡ ᠡᠷᠡᠭᠦᠯ ᠮᠡᠨᠳᠦ ᠶᠢᠨ ᠨᠣᠮᠧᠷ ᠲᠤ ᠤᠯᠠᠭᠠᠨ᠂ ᠰᠢᠷ᠎ᠠ ᠨᠣᠮᠧᠷ ᠤᠨ ᠪᠠᠶᠢᠳᠠᠯ ᠭᠠᠷᠤᠭᠰᠠᠨ᠂ ᠡᠰᠡᠬᠦᠯ᠎ᠡ ᠬᠤᠯᠪᠣᠭᠳᠠᠯ ᠪᠥᠬᠦᠶ ᠭᠠᠵᠠᠷ ᠣᠷᠣᠨ ᠳᠤ ᠣᠶᠢᠷ᠎ᠠ ᠶᠢᠨ ᠬᠤᠭᠤᠴᠠᠭᠠᠨ ᠳᠤ ᠬᠢᠵᠢᠭ ᠭᠠᠷᠤᠭᠰᠠᠨ ᠪᠠᠶᠢᠪᠠᠯ᠂ ᠳᠠᠷᠦ᠋ᠢᠬᠠᠨ ᠨᠡᠶᠢᠭᠡᠮ ᠲᠣᠭᠤᠷᠢᠭ ︵ᠲᠣᠰᠬᠤᠨ︶᠂ ᠪᠠᠶᠢᠭᠤᠯᠭ᠎ᠠ ᠨᠢᠭᠡᠴᠡ ᠪᠤᠶᠤ ᠪᠠᠭᠤᠳᠠᠯ ᠳᠤ ᠬᠤᠨᠣᠬᠤ ᠪᠠᠭᠤᠳᠠᠯ ᠳᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠮᠡᠳᠡᠭᠦᠯᠬᠦ ᠥᠬᠡᠶ ᠨᠢᠭᠤᠭᠰᠠᠨ᠂ ᠬᠤᠳᠠᠯ ᠢᠶᠠᠷ ᠮᠡᠳᠡᠭᠦᠯᠦᠭᠰᠡᠨ ᠪᠤᠶᠤ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠭᠰᠠᠨ ᠥᠬᠡᠶ ᠠᠴᠠ ᠪᠣᠯᠵᠣ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠪᠤᠶᠤ ᠪᠤᠰᠤᠳ ᠬᠦᠨᠳᠦ ᠨᠣᠴᠢᠲᠠᠶ ᠦᠷ᠎ᠡ ᠳ᠋ᠦᠩ ᠢ ᠪᠣᠶ ᠪᠣᠯᠭᠠᠭᠰᠠᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠬᠠᠷᠢᠭᠤᠴᠠᠯᠭ᠎ᠠ ᠨᠡᠬᠡᠮᠵᠢᠯᠡᠬᠦ ᠪᠠ ᠰᠢᠢᠳᠭᠡᠵᠤ᠂ ᠬᠦᠨᠳᠦ ᠨᠣᠴᠢᠲᠠᠶ ᠪᠠᠶᠢᠪᠠᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ ᠭᠡᠪᠡ᠃      ᠳᠠᠭᠠᠯᠳᠤᠭᠤᠯᠤᠯ᠄ ᠪᠤᠭᠤᠲᠤ ᠬᠤᠲᠠ ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠬᠠᠷᠢᠯᠴᠠᠬᠤ ᠤᠲᠠᠰᠤ          ᠪᠤᠭᠤᠲᠤ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                            2022 ᠣᠨ ᠤ 6 ᠰᠠᠷ᠎ᠠ ᠶᠢᠨ 17᠎ ᠤ ᠡᠳᠦᠷ ᠳᠠᠭᠠᠯᠳᠤᠭᠤᠯᠤᠯ᠄      ᠪᠤᠭᠤᠲᠤ ᠬᠤᠲᠠ ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠤᠨ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠬᠠᠷᠢᠯᠴᠠᠬᠤ ᠤᠲᠠᠰᠤ      ᠪᠤᠭᠤᠳᠠ ᠬᠤᠳᠠ  ᠄ 0472-5619350᠂ 5619338      ᠬᠦᠨᠳᠡᠯᠡᠨ ᠲᠤᠭᠤᠷᠢᠭ᠄ 0472-5305335      ᠴᠢᠩᠱᠠᠨ ᠲᠣᠭᠤᠷᠢᠭ᠄ 0472-3616340      ᠳ᠋ᠦᠩ ᠾᠧ ᠲᠣᠭᠤᠷᠢᠭ᠄ 0472-4388077      ᠵᠢᠤ ᠶᠤᠸᠠᠨ ᠲᠣᠭᠤᠷᠢᠭ᠄ 0472-6939045      ᠰᠢᠭᠤᠶᠢᠳᠤ ᠲᠣᠭᠤᠷᠢᠭ᠄ 0472-8710017      ᠪᠠᠶᠠᠬᠤᠪᠤᠭ᠎ᠠ ᠠᠭᠤᠷᠬᠠᠶ ᠶᠢᠨ ᠲᠤᠭᠤᠷᠢᠭ᠄ 0472-8515041      ᠲᠦᠮᠡᠳ ᠪᠠᠷᠠᠭᠤᠨ ᠬᠤᠰᠢᠭᠤ᠄ 0472-8017245      ᠳᠠᠷᠬᠠᠨ ᠮᠤᠤᠮᠢᠩᠭᠠᠨ ᠬᠤᠰᠢᠭᠤ᠄ 0472 — 8425937      ᠭᠦᠶᠡᠩ ᠰᠢᠶᠠᠨ᠄ 0472-8118850      ᠬᠤᠪᠣᠷ ᠰᠢᠷᠣᠶ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠄ 0472 — 7100262
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号