ᠪᠤᠭᠤᠲᠤ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠵᠤ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ | | ︵2022 ᠣᠨ ᠤ 16 ᠳ᠋ᠤᠭᠠᠷ ᠲᠣᠭᠠᠲᠤ︶ | | | ︽ᠭᠠᠳᠠᠨ᠎ᠠ ᠠᠴᠠ ᠬᠠᠯᠳᠠᠪᠤᠷᠢᠯᠡᠨ ᠣᠷᠣᠵᠣ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠳᠡᠯᠭᠡᠷᠡᠬᠦ ᠶᠢ | ᠰᠡᠷᠭᠡᠶᠢᠯᠡᠬᠦ︾ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠠᠷᠭ᠎ᠠ ᠵᠠᠮ ᠢ ᠪᠦᠲᠦᠮᠵᠢᠲᠡᠶ ᠪᠠᠷ | ᠲᠠᠰᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ | ᠲᠥᠯᠥᠪᠯᠡᠨ ᠰᠠᠶᠢᠲᠤᠷ ᠬᠢᠵᠦ᠂ ᠬᠥᠮᠦᠰ ᠤᠨ ᠰᠢᠯᠵᠢᠬᠦ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ | ᠠᠯᠬᠤᠮ ᠵᠢᠷᠤᠮᠵᠢᠭᠤᠯᠵᠤ᠂ ᠬᠥᠮᠦᠰ ᠤᠨ ᠠᠮᠤᠷ ᠲᠦᠪᠰᠢᠨ ᠡᠮᠬᠢ ᠵᠢᠷᠤᠮ ᠲᠠᠢ ᠪᠠᠷ ᠰᠢᠯᠵᠢᠬᠦ ᠶᠢ ᠪᠠᠲᠤᠯᠠᠨ᠎ᠠ᠃ | ᠤᠯᠤᠰ ᠤᠨ ᠳᠣᠲᠣᠭᠠᠳᠤ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠᠶᠢᠳᠠᠯ ᠪᠣᠯᠤᠨ ᠤᠯᠤᠰ᠂ ᠥᠪᠡᠷᠲᠡᠭᠡᠨ ᠵᠠᠰᠠᠬᠤ ᠣᠷᠣᠨ ᠤ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ | ᠦᠨᠳᠦᠰᠦᠯᠡᠨ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠤᠯᠤᠰ ᠤᠨ ᠳᠣᠲᠣᠭᠠᠳᠤ ᠶᠢᠨ ᠶᠡᠭᠡ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠪᠤᠭᠤᠳᠠ ︵ᠬᠤᠲᠠ᠂ | ᠰᠢᠶᠠᠨ᠂ ᠲᠣᠭᠤᠷᠢᠭ᠂ ᠬᠤᠰᠢᠭᠤ᠂ ᠰᠢᠭᠤᠳ ᠬᠠᠷᠢᠶ᠎ᠠ ᠬᠤᠲᠠ ᠶᠢᠨ ᠵᠡᠭᠡᠯᠢ ᠭᠤᠳᠤᠮᠵᠢ᠂ ᠰᠢᠶᠠᠩ ᠪᠠᠯᠭᠠᠰᠤ︶ ᠳᠤ ᠢᠷᠡᠬᠦ | ︵ᠪᠤᠴᠠᠬᠤ︶ ᠳᠠᠭᠠᠭᠠᠴᠢᠯᠠᠯᠲᠠ ᠶᠢᠨ ᠬᠥᠮᠦᠰ ︵ᠡᠰᠡᠬᠦᠯ᠎ᠡ ᠡᠷᠡᠭᠦᠯ ᠮᠡᠨᠳᠦ ᠶᠢᠨ ᠺᠣᠳ᠋ ᠨᠢ ᠤᠯᠠᠭᠠᠨ ᠺᠣᠳ᠋︶ ᠲᠤ ᠴᠥᠮ ︽ | 7 ᠡᠳᠦᠷ ᠲᠤ ᠲᠥᠪᠯᠡᠷᠡᠭᠦᠯᠦᠨ ᠲᠤᠰᠠᠭᠠᠷᠯᠠᠬᠤ + 7 ᠡᠳᠦᠷ ᠲᠤ ᠬᠡᠷ ᠲᠤᠨᠢ ᠲᠤᠰᠠᠭᠠᠷᠯᠠᠬᠤ︾ ᠬᠠᠮᠢᠶᠠᠷᠤᠨ ᠡᠵᠡᠮᠳᠡᠬᠦ | ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠲᠣᠰ ᠲᠣᠰ 1᠂ 4᠂ 7᠂ 10᠂ 14 ᠡᠳᠦᠷ ᠲᠤ ᠨᠢᠭᠡ ᠤᠳᠠᠭ᠎ᠠ ᠪᠥᠭᠡᠮ | ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠬᠡᠷᠡᠭᠲᠡᠢ᠃ | ᠬᠤᠶᠠᠷ᠂ ᠤᠯᠤᠰ ᠤᠨ ᠳᠣᠲᠣᠭᠠᠳᠤ ᠶᠢᠨ ᠳᠤᠮᠳᠠ ᠲᠦᠭᠰᠢᠭᠦᠷᠢ ᠲᠠᠢ ᠭᠠᠵᠠᠷ ᠣᠷᠣᠨ ᠠᠴᠠ ᠪᠤᠭᠤᠳᠠ ︵ᠬᠤᠲᠠ᠂ | ᠰᠢᠶᠠᠨ᠂ ᠲᠣᠭᠤᠷᠢᠭ᠂ ᠬᠤᠰᠢᠭᠤ᠂ ᠰᠢᠭᠤᠳ ᠬᠠᠷᠢᠶ᠎ᠠ ᠬᠤᠲᠠ ᠶᠢᠨ ᠵᠡᠭᠡᠯᠢ ᠭᠤᠳᠤᠮᠵᠢ᠂ ᠰᠢᠶᠠᠩ ᠪᠠᠯᠭᠠᠰᠤ︶ ᠳᠤ ᠢᠷᠡᠬᠦ | ︵ᠪᠤᠴᠠᠬᠤ︶ ᠳᠠᠭᠠᠭᠠᠴᠢᠯᠠᠯᠲᠠ ᠶᠢᠨ ᠬᠥᠮᠦᠰ ︵ᠡᠰᠡᠬᠦᠯ᠎ᠡ ᠡᠷᠡᠭᠦᠯ ᠮᠡᠨᠳᠦ ᠶᠢᠨ ᠺᠣᠳ᠋ ᠨᠢ ᠰᠢᠷ᠎ᠠ ᠺᠣᠳ᠋︶ ᠲᠤ ᠴᠥᠮ ︽7 | ᠡᠳᠦᠷ ᠲᠤ ᠬᠡᠷ ᠲᠤᠨᠢ ᠲᠤᠰᠠᠭᠠᠷᠯᠠᠬᠤ + 3 ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ︾ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠲᠣᠰ ᠲᠣᠰ 1᠂ 4᠂ 7 ᠡᠳᠦᠷ ᠲᠤ ᠨᠢᠭᠡ ᠤᠳᠠᠭ᠎ᠠ | ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠬᠡᠷ ᠲᠤᠨᠢ ᠲᠤᠰᠠᠭᠠᠷᠯᠠᠬᠤ ᠨᠥᠬᠦᠴᠡᠯ ᠳᠤ ᠨᠡᠶᠢᠴᠡᠬᠦ ᠥᠬᠡᠶ ᠪᠣᠯ | ᠴᠥᠮ ᠲᠥᠪᠯᠡᠷᠡᠭᠦᠯᠦᠨ ᠲᠤᠰᠠᠭᠠᠷᠯᠠᠬᠤ ᠶᠢ ᠬᠡᠷᠡᠭᠵᠢᠭᠦᠯᠦᠨ᠎ᠡ᠃ | ᠭᠤᠷᠪᠠ᠂ ᠤᠯᠤᠰ ᠤᠨ ᠳᠣᠲᠣᠭᠠᠳᠤ ᠶᠢᠨ ᠳᠤᠮᠳᠠ᠂ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠪᠤᠭᠤᠳᠠ | ᠬᠤᠳᠠ ᠳᠤ ︵ᠬᠤᠲᠠ᠂ ᠰᠢᠶᠠᠨ᠂ ᠲᠣᠭᠤᠷᠢᠭ᠂ ᠬᠤᠰᠢᠭᠤ᠂ ᠰᠢᠭᠤᠳ ᠬᠠᠷᠢᠶ᠎ᠠ ᠬᠤᠲᠠ ᠶᠢᠨ ᠵᠡᠭᠡᠯᠢ ᠭᠤᠳᠤᠮᠵᠢ᠂ | ᠰᠢᠶᠠᠩ ᠪᠠᠯᠭᠠᠰᠤ︶ ᠪᠤᠴᠠᠵᠤ ᠢᠷᠡᠬᠦ ᠳᠠᠭᠠᠭᠠᠴᠢᠯᠠᠯᠲᠠ ᠶᠢᠨ ᠬᠥᠮᠦᠰ ︵ᠪᠤᠶᠤ ᠠᠶᠠᠯᠠᠯ ᠤᠨ ᠨᠣᠮᠧᠷ ᠨᠢ ᠨᠣᠭᠤᠭᠠᠨ ᠨᠣᠮᠧᠷ | ᠮᠥᠷᠲᠡᠭᠡᠨ ᠁ ᠨᠣᠮᠧᠷ ᠲᠠᠢ︶᠂ 48 ᠴᠠᠭ ᠤᠨ ᠳᠣᠲᠣᠷ᠎ᠠ 1 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢᠨ | ᠪᠢᠯᠢᠭ ᠴᠢᠨᠠᠷ ᠤᠨ ᠭᠡᠷᠡᠴᠢ ᠲᠠᠢ ᠪᠠᠶᠢᠬᠤ ᠬᠡᠷᠡᠭᠲᠡᠢ᠂ ᠬᠦᠷᠦᠭᠰᠡᠨ ᠤ ᠳᠠᠷᠠᠭ᠎ᠠ ᠵᠠᠰᠠᠮᠠᠯ ᠵᠠᠮ ᠤᠨ ᠪᠠᠶᠢᠴᠠᠭᠠᠨ ᠰᠢᠯᠭᠠᠬᠤ ᠴᠡᠭ | ᠪᠤᠶᠤ ︽ᠨᠢᠭᠡ ᠲᠠᠯᠠᠪᠤᠷ ᠬᠤᠶᠠᠷ ᠥᠷᠲᠡᠭᠡ︾ ᠳᠤ ᠬᠦᠷᠴᠦ ︽ᠥᠳᠥᠭᠡᠭᠴᠢ + ᠪᠥᠭᠡᠮ ᠬᠦᠴᠢᠯ︾ ᠤᠨ ᠥᠯᠢᠭᠡᠷ ᠠᠪᠴᠤ | ᠂ ᠥᠳᠥᠭᠡᠭᠴᠢ ᠶᠢᠨ ᠪᠠᠶᠢᠴᠠᠭᠠᠯᠲᠠ ᠶᠢᠨ ᠦᠷ᠎ᠡ ᠳ᠋ᠦᠩ ᠪᠢᠯᠢᠭ ᠴᠢᠨᠠᠷᠲᠠᠶ ᠪᠠᠶᠢᠵᠤ᠂ ᠪᠡᠶ᠎ᠡ ᠶᠢᠨ ᠳᠤᠯᠠᠭᠠᠨ ᠤ ᠪᠠᠶᠢᠴᠠᠭᠠᠯᠲᠠ | ᠬᠡᠪ ᠤᠨ ᠪᠠᠶᠢᠳᠠᠯ ᠳᠤ ᠤᠷᠤᠭᠰᠠᠨ ᠤ ᠳᠠᠷᠠᠭ᠎ᠠ ᠨᠡᠪᠲᠡᠷᠡᠬᠦ ᠶᠢᠨ ᠬᠠᠮᠲᠤ ᠬᠦᠷᠦᠭᠰᠡᠨ ᠤ ᠳᠠᠷᠠᠭᠠᠬᠢ 3 ᠳ᠋ᠤᠭᠠᠷ ᠡᠳᠦᠷ ᠲᠤ | ᠬᠤᠶᠠᠳᠠᠬᠢ ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠢᠨ ᠬᠠᠮᠲᠤ 7 ᠡᠳᠦᠷ ᠤᠨ ᠬᠡᠷ ᠪᠦᠯᠢ ᠶᠢᠨ ᠡᠷᠡᠭᠦᠯ | ᠮᠡᠨᠳᠦ ᠶᠢᠨ ᠬᠢᠨᠠᠨ ᠪᠠᠶᠢᠴᠠᠭᠠᠯᠲᠠ ᠬᠢᠬᠦ ᠬᠡᠷᠡᠭᠲᠡᠢ᠃ | ᠳᠥᠷᠪᠡ᠂ ᠥᠪᠡᠷᠲᠡᠭᠡᠨ ᠵᠠᠰᠠᠬᠤ ᠣᠷᠣᠨ ᠠᠴᠠ ᠭᠠᠳᠠᠨᠠᠬᠢ ᠠᠶᠤᠯ ᠲᠦᠭᠰᠢᠭᠦᠷᠢ ᠪᠠᠭᠠᠲᠠᠶ ᠭᠠᠵᠠᠷ ᠣᠷᠣᠨ ᠠᠴᠠ | ᠢᠷᠡᠬᠦ ︵ᠪᠤᠴᠠᠬᠤ︶ ᠳᠠᠭᠠᠭᠠᠴᠢᠯᠠᠯᠲᠠ ᠶᠢᠨ ᠬᠥᠮᠦᠰ ᠵᠢᠴᠢ ᠥᠪᠡᠷᠲᠡᠭᠡᠨ ᠵᠠᠰᠠᠬᠤ ᠣᠷᠣᠨ ᠤ ᠠᠶᠤᠯ ᠲᠦᠭᠰᠢᠭᠦᠷᠢ ᠪᠠᠭᠠᠲᠠᠶ | ᠭᠠᠵᠠᠷ ᠣᠷᠣᠨ ᠤ ᠬᠤᠭᠤᠷᠣᠨᠳᠣᠬᠢ ᠨᠡᠭᠦᠳᠡᠯ ᠬᠥᠮᠦᠰ ︵ᠡᠷᠡᠭᠦᠯ ᠮᠡᠨᠳᠦ ᠶᠢᠨ ᠺᠣᠳ᠋ ᠪᠠ ᠴᠢᠮᠡᠭᠡ ᠬᠤᠯᠪᠣᠭ᠎ᠠ ᠶᠢᠨ | ᠠᠶᠠᠯᠠᠯ ᠤᠨ ᠺᠣᠳ᠋ ᠲᠤ ᠴᠥᠮ ᠬᠡᠪ ᠤᠨ ᠪᠤᠰᠤ ᠬᠥᠮᠦᠰ ᠪᠠᠶᠢᠬᠤ ᠥᠬᠡᠶ︶ ᠨᠢ 48 ᠴᠠᠭ ᠤᠨ ᠳᠣᠲᠣᠷ᠎ᠠ 1 ᠤᠳᠠᠭ᠎ᠠ | ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠲᠠᠢ ᠪᠠᠶᠢᠵᠤ᠂ ᠬᠦᠷᠦᠭᠰᠡᠨ ᠤ ᠳᠠᠷᠠᠭ᠎ᠠ | ᠵᠠᠰᠠᠮᠠᠯ ᠵᠠᠮ ᠤᠨ ᠪᠠᠶᠢᠴᠠᠭᠠᠨ ᠰᠢᠯᠭᠠᠬᠤ ᠴᠢᠩ ᠪᠤᠶᠤ ︽ᠨᠢᠭᠡ ᠲᠠᠯᠠᠪᠤᠷ ᠬᠤᠶᠠᠷ ᠥᠷᠲᠡᠭᠡ︾ ᠳᠤ ᠬᠦᠷᠦᠭᠰᠡᠨ ᠪᠥᠭᠡᠮ | ᠬᠦᠴᠢᠯ ᠤᠨ ᠥᠯᠢᠭᠡᠷ ᠠᠪᠴᠤ᠂ ᠪᠡᠶ᠎ᠡ ᠶᠢᠨ ᠳᠤᠯᠠᠭᠠᠨ ᠤ ᠪᠠᠶᠢᠴᠠᠭᠠᠨ ᠬᠡᠮᠵᠢᠯᠲᠡ ᠨᠢ ᠬᠡᠪ ᠤᠨ ᠪᠠᠶᠢᠳᠠᠯ ᠲᠠᠢ ᠪᠣᠯᠤᠭᠰᠠᠨ ᠤ | ᠳᠠᠷᠠᠭ᠎ᠠ ᠨᠡᠪᠳᠡᠷᠡᠵᠤ ᠪᠤᠯᠤᠨ᠎ᠡ᠃ | ᠲᠠᠪᠤ᠂ ᠬᠢᠯᠢ ᠶᠢᠨ ᠭᠠᠳᠠᠨ᠎ᠠ ᠠᠴᠠ ᠪᠤᠴᠠᠵᠤ ᠢᠷᠡᠭᠰᠡᠨ ᠪᠥᠭᠡᠳ ᠨᠢᠭᠡᠳᠦᠭᠡᠷ ᠬᠢᠯᠢ ᠳᠤ ᠣᠷᠣᠵᠤ ᠢᠷᠡᠬᠦ ᠴᠡᠭ ᠲᠤ | 14 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ ᠶᠢ ᠬᠦᠴᠦᠨ ᠥᠬᠡᠶ ᠪᠣᠯᠭᠠᠭᠰᠠᠨ ᠤ ᠳᠠᠷᠠᠭ᠎ᠠ ︵ᠪᠤᠴᠠᠵᠤ ᠢᠷᠡᠭᠰᠡᠨ︶ | ᠳᠠᠭᠠᠭᠠᠴᠢᠯᠠᠭᠤᠯᠤᠭᠰᠠᠨ ᠬᠥᠮᠦᠰ ᠢ ᠡᠷᠬᠡᠪᠰᠢ ᠪᠠᠶᠢᠭ᠎ᠠ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠳᠤ | ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠴᠥᠮ ︽7 ᠡᠳᠦᠷ ᠤᠨ ᠬᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ | ᠬᠡᠮᠵᠢᠯᠲᠡ︾ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠶ᠃ ᠡᠨᠡ ᠬᠤᠭᠤᠴᠠᠭᠠᠨ ᠳᠤ | ᠪᠡᠶ᠎ᠡ ᠶᠢᠨ ᠳᠤᠯᠠᠭᠠᠨ᠂ ᠡᠪᠡᠳᠴᠢᠨ ᠤ ᠢᠯᠡᠷᠡᠯ ᠵᠡᠷᠭᠡ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠰᠢᠯᠵᠢᠬᠦ ᠶᠢ | ᠪᠠᠭᠠᠰᠬᠠᠵᠤ᠂ ᠭᠠᠳᠠᠭᠰᠢ ᠭᠠᠷᠬᠤ ᠳᠠᠭᠠᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠴᠤᠭᠯᠠᠷᠠᠯ ᠤᠨ | ᠴᠢᠨᠠᠷᠲᠠᠶ ᠬᠥᠳᠡᠯᠭᠡᠭᠡᠨ ᠳᠤ ᠣᠷᠣᠯᠴᠠᠬᠤ ᠦᠭᠡᠢ ᠪᠥᠭᠡᠳ ᠬᠤᠶᠠᠳᠤᠭᠠᠷ ᠡᠳᠦᠷ ᠪᠠ ᠳᠣᠯᠣᠳᠤᠭᠠᠷ ᠡᠳᠦᠷ ᠲᠤ ᠲᠤᠰ ᠪᠦᠷᠢ | ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠢ᠃ | ᠵᠢᠷᠭᠤᠭ᠎ᠠ᠂ ᠳᠤᠮᠳᠠ ᠲᠦᠭᠰᠢᠭᠦᠷᠢ ᠶᠡᠬᠡᠲᠡᠶ ᠭᠠᠵᠠᠷ ᠣᠷᠣᠨ ᠵᠢᠴᠢ ᠪᠠᠶᠢᠭ᠎ᠠ ᠬᠤᠰᠢᠭᠤ ᠰᠢᠶᠠᠨ ︵ᠬᠤᠲᠠ᠂ | ᠲᠣᠭᠤᠷᠢᠭ︶ ᠤ ᠬᠥᠮᠦᠰ ᠤᠨ ᠭᠠᠳᠠᠭᠰᠢ ᠭᠠᠷᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ ᠤᠯᠤᠰ ᠤᠨ ᠳᠣᠲᠣᠭᠠᠳᠤ ᠶᠢᠨ | ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠵᠢᠴᠢ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠳᠤ | ᠣᠴᠢᠬᠤ ᠴᠢᠬᠤᠯᠠ ᠥᠬᠡᠶ ᠪᠣᠯ ᠶᠠᠪᠤᠵᠤ ᠰᠠᠭᠤᠬᠤ ᠪᠥᠬᠦ ᠶᠠᠪᠤᠴᠠ ᠳᠤ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ | ᠬᠢᠵᠦ᠂ ᠬᠥᠮᠦᠨ ᠬᠠᠷ᠎ᠠ ᠨᠢᠭᠲᠠᠷᠠᠭᠰᠠᠨ ᠲᠠᠯᠠᠪᠤᠷ ᠲᠤ ᠣᠴᠢᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠶ᠃ | ᠪᠤᠴᠠᠬᠤ ᠠᠴᠠ ᠪᠠᠨ ᠡᠮᠦᠨ᠎ᠡ᠂ ᠰᠠᠭᠤᠭ᠎ᠠ ᠭᠠᠵᠠᠷ ᠤᠨ ᠢᠶᠠᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠪᠠᠶᠢᠭᠤᠯᠭ᠎ᠠ | ᠨᠢᠭᠡᠴᠡ ᠳᠤ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠬᠡᠷᠡᠭᠲᠡᠶ᠂ ᠪᠤᠴᠠᠵᠤ ᠢᠷᠡᠭᠰᠡᠨ ᠤ ᠳᠠᠷᠠᠭ᠎ᠠ᠂ ᠬᠠᠷᠢᠶ᠎ᠠ ᠭᠠᠵᠠᠷ ᠤᠨ | ᠬᠠᠮᠢᠶ᠎ᠠ ᠪᠥᠬᠦᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠢᠳᠡᠪᠬᠢᠲᠡᠶ ᠬᠠᠮᠵᠢᠯᠴᠠᠬᠤ ᠬᠡᠷᠡᠭᠲᠡᠶ᠃ | | ᠳᠣᠯᠤᠭ᠎ᠠ᠂ ᠶᠡᠭᠡ ᠳᠡᠭᠡᠳᠦ ᠰᠤᠷᠭᠠᠭᠤᠯᠢ ᠶᠢᠨ ᠨᠤᠲᠤᠭ ᠲᠠᠭᠠᠨ ᠪᠤᠴᠠᠭᠰᠠᠨ ᠤᠶᠤᠲᠠᠳ ᠤᠨ 7 ᠡᠳᠦᠷ ᠠᠴᠠ | ᠳᠡᠭᠡᠭᠰᠢᠬᠢ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠡᠷᠬᠡᠪᠰᠢ 48 ᠴᠠᠭ ᠤᠨ ᠳᠣᠲᠣᠷᠠᠬᠢ | ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠪᠠᠶᠢᠬᠤ ᠬᠡᠷᠡᠭᠲᠡᠢ ᠪᠣᠯᠤᠨ ᠳᠡᠭᠡᠳᠦ | ᠰᠤᠷᠭᠠᠭᠤᠯᠢ ᠶᠢᠨ ᠭᠠᠷᠭᠠᠭᠰᠠᠨ ᠬᠠᠮᠢᠶ᠎ᠠ ᠪᠥᠬᠦᠶ ᠭᠡᠷᠡᠴᠢ ᠪᠠᠨ ᠠᠪᠴᠤ ᠰᠤᠷᠭᠠᠭᠤᠯᠢ ᠠᠴᠠ ᠪᠠᠨ ᠰᠠᠯᠵᠤ ᠨᠤᠲᠤᠭ ᠲᠠᠭᠠᠨ | ᠪᠤᠴᠠᠬᠤ ᠶᠢᠨ ᠬᠠᠮᠲᠤ ᠪᠠᠶᠢᠭ᠎ᠠ ᠭᠠᠵᠠᠷ ᠤᠨ ᠢᠶᠠᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠲᠤ ᠤᠷᠢᠳᠴᠢᠯᠠᠨ | ᠮᠡᠳᠡᠭᠦᠯᠦᠨ ᠳᠠᠩᠰᠠᠯᠠᠭᠤᠯᠵᠤ᠂ ᠨᠥᠬᠦᠴᠡᠯ ᠳᠤ ᠨᠡᠶᠢᠴᠡᠬᠦ ᠳᠡᠭᠡᠳᠦ ᠰᠤᠷᠭᠠᠭᠤᠯᠢ ᠶᠢᠨ ᠨᠤᠲᠤᠭ ᠲᠠᠭᠠᠨ ᠪᠤᠴᠠᠭᠰᠠᠨ | ᠤᠶᠤᠲᠠᠳ ᠢ ᠳᠠᠭᠢᠵᠤ ᠲᠥᠪᠯᠡᠷᠡᠭᠦᠯᠦᠨ ᠲᠤᠰᠠᠭᠠᠷᠯᠠᠬᠤ ᠥᠬᠡᠶ᠂ ᠬᠡᠷ ᠲᠡᠭᠡᠨ ᠬᠦᠷᠦᠭᠰᠡᠨ ᠤ ᠪᠠᠨ ᠳᠠᠷᠠᠭ᠎ᠠ 7 ᠡᠳᠦᠷ ᠤᠨ | ᠬᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠬᠡᠷᠡᠭᠵᠢᠭᠦᠯᠵᠦ᠂ ᠬᠡᠷᠪᠡ ᠬᠡᠪ ᠤᠨ ᠪᠤᠰᠤ ᠪᠠᠶᠢᠳᠠᠯ ᠭᠠᠷᠪᠠᠯ᠂ | ᠲᠤᠬᠠᠶ ᠶᠢᠨ ᠭᠠᠵᠠᠷ ᠤᠨ ᠨᠡᠶᠢᠭᠡᠮ ᠲᠣᠭᠤᠷᠢᠭ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠲᠤ | ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠂ ᠬᠡᠷᠪᠡ ᠦᠨᠡᠨᠬᠦ ᠲᠤᠰᠠᠭᠠᠷᠯᠠᠬᠤ ᠴᠢᠬᠤᠯᠠ ᠲᠠᠢ ᠪᠣᠯ᠂ ᠡᠯ᠎ᠡ ᠬᠤᠰᠢᠭᠤ ᠰᠢᠶᠠᠨ | ᠲᠣᠭᠤᠷᠢᠭ ᠨᠢ ᠲᠥᠪᠯᠡᠷᠡᠭᠦᠯᠦᠨ ᠲᠤᠰᠠᠭᠠᠷᠯᠠᠬᠤ ᠵᠠᠷᠤᠳᠠᠯ ᠢ ᠭᠡᠯᠳᠦᠷᠢᠭᠦᠯᠬᠦ ᠬᠡᠷᠡᠭᠲᠡᠶ᠃ | ᠨᠠᠢᠮᠠ᠂ ᠬᠢᠯᠢ ᠶᠢᠨ ᠪᠣᠭᠤᠮᠲᠠ ᠶᠢᠨ ᠬᠢᠯᠢ ᠪᠠᠷ ᠣᠷᠣᠵᠤ ᠢᠷᠡᠬᠦ ᠬᠥᠮᠦᠰ᠂ ᠡᠳ᠋ ᠪᠣᠳᠠᠰ᠂ ᠣᠷᠴᠢᠨ ᠲᠣᠭᠤᠷᠢᠨ ᠲᠠᠢ | ᠣᠶᠢᠷᠠᠳᠬᠤ ᠠᠶᠤᠯ ᠲᠦᠭᠰᠢᠭᠦᠷᠢ ᠶᠡᠬᠡᠲᠡᠶ ᠠᠵᠢᠯ ᠤᠨ ᠪᠠᠶᠢᠷᠢ ᠶᠢᠨ ᠬᠥᠮᠦᠰ ᠵᠢᠴᠢ ᠲᠥᠪᠯᠡᠷᠡᠭᠦᠯᠦᠨ ᠲᠤᠰᠠᠭᠠᠷᠯᠠᠬᠤ | ᠲᠠᠯᠠᠪᠤᠷ ᠭᠠᠵᠠᠷ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ᠂ ᠬᠠᠯᠠᠭᠤᠷᠠᠯ ᠤᠨ ᠡᠭᠦᠳᠡᠨ ᠡᠮᠨᠡᠯᠭᠡ ᠵᠡᠷᠭᠡ ᠠᠶᠤᠯ | ᠲᠦᠭᠰᠢᠭᠦᠷᠢ ᠶᠡᠬᠡᠲᠡᠶ ᠠᠵᠢᠯ ᠤᠨ ᠪᠠᠶᠢᠷᠢ ᠶᠢᠨ ᠬᠥᠮᠦᠰ ᠢ ᠴᠢᠳᠠᠬᠤ ᠶᠢᠨ ᠬᠢᠷᠢ ᠪᠠᠷ ᠭᠠᠳᠠᠭᠰᠢ ᠭᠠᠷᠬᠤ ᠠᠴᠠ ᠵᠠᠶᠢᠯᠠᠰᠬᠢᠬᠦ | ᠬᠡᠷᠡᠭᠲᠡᠶ᠂ ᠦᠨᠡᠬᠡᠷ ᠭᠠᠳᠠᠭᠰᠢ ᠭᠠᠷᠬᠤ ᠴᠢᠬᠤᠯᠠ ᠲᠠᠢ ᠪᠣᠯ ᠠᠵᠢᠯ ᠤᠨ ᠪᠠᠶᠢᠷᠢ ᠠᠴᠠ ᠪᠠᠨ ᠰᠠᠯᠤᠭᠠᠳ 14 ᠡᠳᠦᠷ ᠠᠴᠠ | ᠳᠡᠭᠡᠭᠰᠢ ᠪᠣᠯᠤᠭᠰᠠᠨ ᠮᠥᠷᠲᠡᠭᠡᠨ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ | ᠴᠢᠨᠠᠷ ᠤᠨ ᠭᠡᠷᠡᠴᠢ ᠲᠠᠢ ᠪᠠᠶᠢᠬᠤ ᠶᠢ ᠬᠠᠩᠭᠠᠬᠤ ᠶᠢᠨ ᠬᠠᠮᠲᠤ ᠪᠠᠶᠢᠭ᠎ᠠ ᠨᠢᠭᠡᠴᠡ ᠳᠡᠭᠡᠨ ᠮᠡᠳᠡᠭᠦᠯᠵᠦ ᠳᠠᠩᠰᠠᠯᠠᠭᠤᠯᠬᠤ | ᠬᠡᠷᠡᠭᠲᠡᠶ᠃ | ᠶᠢᠰᠦ᠂ ᠡᠯ᠎ᠡ ᠵᠠᠰᠠᠮᠠᠯ ᠵᠠᠮ ᠤᠨ ᠪᠠᠶᠢᠴᠠᠭᠠᠨ ᠰᠢᠯᠭᠠᠬᠤ ᠴᠡᠭ᠂ ︽ᠨᠢᠭᠡ ᠲᠠᠯᠠᠪᠤᠷ ᠬᠤᠶᠠᠷ ᠥᠷᠲᠡᠭᠡ︾ ᠳᠤ | ᠴᠥᠮ᠎ᠡ ᠶᠢᠨ ᠬᠦᠴᠢᠯ ᠤᠨ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠪᠥᠬᠦ ᠤᠯᠤᠰ ᠢᠶᠠᠷ ᠢᠶᠠᠨ ᠬᠠᠷᠢᠯᠴᠠᠨ ᠮᠡᠳᠡᠷᠡᠬᠦ ᠶᠢ | ᠨᠠᠶᠢᠳᠠᠪᠤᠷᠢᠵᠢᠭᠤᠯᠵᠤ᠂ ᠲᠣᠭᠲᠠᠭᠰᠠᠨ ᠬᠦᠴᠦᠨ ᠲᠠᠢ ᠬᠤᠭᠤᠴᠠᠭᠠᠨ ᠳᠤ ᠳᠠᠪᠬᠤᠷᠳᠠᠭᠤᠯᠤᠨ ᠪᠠᠶᠢᠴᠠᠭᠠᠨ ᠰᠢᠯᠭᠠᠵᠤ ᠪᠣᠯᠬᠤ | ᠥᠬᠡᠶ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠰᠤᠳ ᠠᠶᠢᠮᠠᠭ ᠬᠤᠲᠠ ᠳᠤ ᠭᠠᠵᠠᠷ ᠤᠨᠠᠭᠰᠠᠨ ᠪᠥᠭᠡᠮ | ᠬᠦᠴᠢᠯ ᠤᠨ ᠪᠠᠶᠢᠴᠠᠭᠠᠨ ᠬᠡᠮᠵᠢᠯᠲᠡ ᠶᠢ ᠬᠢᠵᠦ ᠥᠩᠭᠡᠷᠡᠭᠰᠡᠨ ᠪᠥᠭᠡᠳ ᠲᠤᠬᠠᠶ ᠶᠢᠨ ᠡᠳᠦᠷ ᠲᠤ ᠮᠠᠨ ᠤ ᠬᠤᠲᠠ ᠳᠤ | ᠬᠦᠷᠦᠭᠰᠡᠨ ᠪᠠᠶᠢᠪᠠᠯ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠦᠷ᠎ᠡ ᠳ᠋ᠦᠩ ᠢ ᠬᠠᠷᠢᠯᠴᠠᠨ ᠮᠡᠳᠡᠷᠡᠵᠦ᠂ ᠭᠠᠵᠠᠷ | ᠤᠨᠠᠭᠰᠠᠨ ᠪᠥᠭᠡᠮ ᠬᠦᠴᠢᠯ ᠤᠨ ᠥᠯᠢᠭᠡᠷ ᠠᠪᠬᠤ ᠶᠢ ᠳᠠᠭᠢᠵᠤ ᠬᠢᠬᠦ ᠥᠬᠡᠶ᠂ ᠲᠣᠭᠲᠠᠭᠰᠠᠨ ᠴᠠᠭ ᠬᠤᠭᠤᠴᠠᠭᠠᠨ ᠳᠤ | ᠳᠠᠬᠢᠨ ᠳᠠᠪᠲᠠᠨ ᠪᠠᠶᠢᠴᠠᠭᠠᠨ ᠬᠡᠮᠵᠢᠵᠦ ᠪᠣᠯᠬᠤ ᠥᠬᠡᠶ᠃ | ᠠᠷᠪᠠ᠂ ᠲᠦᠭᠰᠢᠭᠦᠷᠢ ᠪᠠᠭᠠᠲᠠᠶ ᠭᠠᠵᠠᠷ ᠣᠷᠣᠨ ᠠᠴᠠ ᠢᠷᠡᠬᠦ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ | ᠬᠢᠵᠢᠭ ᠤᠨ ᠪᠠᠶᠢᠳᠠᠯ ᠢ ᠰᠡᠷᠭᠡᠶᠢᠯᠡᠬᠦ ᠬᠢᠵᠠᠭᠠᠷᠯᠠᠯ ᠢ ᠪᠥᠬᠦ ᠲᠠᠯ᠎ᠠ ᠪᠠᠷ ᠬᠦᠴᠦᠨ ᠥᠬᠡᠶ ᠪᠣᠯᠭᠠᠬᠤ ᠬᠡᠷᠡᠭᠲᠡᠶ᠃ ᠳᠤᠮᠳᠠ | ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠳᠤ ᠪᠠᠶᠢᠭ᠎ᠠ ᠭᠠᠵᠠᠷ ᠤᠨ ᠬᠤᠲᠠ ᠠᠴᠠ ᠢᠷᠡᠭᠰᠡᠨ ᠪᠤᠶᠤ ᠣᠷᠣᠵᠤ ᠭᠠᠷᠬᠤ | ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠳᠤ᠂ ᠵᠢᠯᠣᠭᠤᠴᠢ ᠪᠠ ᠰᠠᠭᠤᠳᠠᠯ ᠤᠨ ᠠᠵᠢᠯᠲᠠᠨ 48 ᠴᠠᠭ ᠤᠨ ᠳᠣᠲᠣᠷ᠎ᠠ | ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠲᠠᠢ ᠪᠠᠶᠢᠬᠤ᠂ ᠡᠷᠡᠭᠦᠯ ᠮᠡᠨᠳᠦ ᠶᠢᠨ ᠲᠡᠮᠳᠡᠭ | ᠨᠣᠭᠤᠭᠠᠨ ᠲᠡᠮᠳᠡᠭ᠂ ᠪᠡᠶ᠎ᠡ ᠶᠢᠨ ᠳᠤᠯᠠᠭᠠᠨ ᠤ ᠪᠠᠶᠢᠴᠠᠭᠠᠯᠲᠠ ᠨᠢ ᠬᠡᠪ ᠤᠨ ᠪᠥᠭᠡᠳ ᠬᠢᠵᠢᠭ ᠢ ᠰᠡᠷᠭᠡᠶᠢᠯᠡᠬᠦ | ᠱᠠᠭᠠᠷᠳᠠᠯᠭ᠎ᠠ ᠳᠤ ᠨᠡᠶᠢᠴᠡᠭᠰᠡᠨ ᠰᠠᠭᠤᠷᠢᠨ ᠳᠡᠭᠡᠷ᠎ᠡ᠂ ᠤᠷᠢᠳᠴᠢᠯᠠᠨ ᠮᠡᠳᠡᠭᠦᠯᠦᠨ ᠳᠠᠩᠰᠠᠯᠠᠭᠤᠯᠬᠤ ᠶᠢ ᠬᠡᠷᠡᠭᠵᠢᠭᠦᠯᠵᠦ᠂ ︽ | ᠲᠡᠷᠭᠡ ᠬᠥᠰᠬᠡ ᠶᠢᠨ ᠬᠥᠳᠡᠯᠦᠩᠭᠦᠶ ᠬᠢᠨᠠᠨ ᠡᠵᠡᠮᠳᠡᠬᠦ + ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ︾ ᠪᠤᠶᠤ ᠬᠠᠮᠠᠭᠠᠯᠠᠨ | ᠬᠦᠷᠭᠡᠬᠦ ᠶᠢ ᠬᠥᠲᠥᠯᠦᠨ ᠵᠢᠯᠣᠭᠤᠳᠬᠤ ᠵᠢᠴᠢ ᠪᠤᠰᠤᠳ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠪᠢᠲᠡᠭᠦᠦ ᠴᠠᠭᠠᠷᠢᠭ | ᠬᠤᠭᠤᠯᠠᠶ ᠶᠢᠨ ᠬᠢᠨᠠᠨ ᠡᠵᠡᠮᠳᠡᠬᠦ + ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ︾ ᠪᠤᠶᠤ ᠬᠠᠮᠠᠭᠠᠯᠠᠨ ᠬᠦᠷᠭᠡᠬᠦ ᠶᠢ | ᠬᠥᠲᠥᠯᠦᠨ ᠵᠢᠯᠣᠭᠤᠳᠬᠤ ᠵᠢᠴᠢ ᠪᠤᠰᠤᠳ ᠠᠷᠭ᠎ᠠ ᠮᠠᠶ᠋ᠢᠭ ᠢ ᠴᠢᠩᠭ᠎ᠠ ᠨᠠᠶᠢᠳᠠᠪᠤᠷᠢᠵᠢᠭᠤᠯᠤᠨ᠂ ᠪᠢᠲᠡᠭᠦᠦ ᠴᠠᠭᠠᠷᠢᠭ | ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ ᠨᠡᠪᠲᠡᠷᠡᠬᠦ ᠶᠢ ᠪᠠᠲᠤᠯᠠᠨ᠎ᠠ᠃ ᠪᠥᠭᠡᠮ ᠬᠦᠴᠢᠯ ᠤᠨ | ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠲᠠᠢ ᠪᠣᠯᠪᠠᠴᠤ ᠨᠢᠭᠡᠨᠲᠡ 48 ᠴᠠᠭ ᠠᠴᠠ ᠬᠡᠲᠦᠷᠡᠭᠰᠡᠨ ᠪᠠᠷᠠᠭᠠᠨ ᠤ | ᠲᠡᠷᠭᠡ ᠶᠢᠨ ᠵᠢᠯᠣᠭᠤᠴᠢ ᠠᠵᠢᠯᠲᠠᠨ ᠳᠤ ︽ᠪᠥᠭᠡᠮ ᠬᠦᠴᠢᠯ + ᠥᠳᠥᠭᠡᠭᠴᠢ︾ ᠶᠢᠨ ᠪᠠᠶᠢᠴᠠᠭᠠᠨ ᠬᠡᠮᠵᠢᠬᠦ ᠠᠷᠭ᠎ᠠ | ᠮᠠᠶ᠋ᠢᠭ ᠢ ᠠᠪᠴᠤ᠂ ᠥᠳᠥᠭᠡᠭᠴᠢ ᠶᠢᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠲᠠᠢ ᠢ ᠲᠡᠷᠡ ᠳᠠᠷᠤᠶ ᠳᠤᠨᠢ ᠲᠠᠯᠪᠢᠵᠤ | ᠶᠠᠪᠤᠭᠤᠯᠬᠤ ᠬᠡᠷᠡᠭᠲᠡᠶ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠦᠷ᠎ᠡ ᠳ᠋ᠦᠩ ᠢ ᠬᠦᠯᠢᠶᠡᠬᠦ ᠪᠠᠷ ᠰᠢᠯᠲᠠᠭ | ᠪᠣᠯᠭᠠᠵᠤ ᠲᠡᠷᠭᠡ ᠬᠥᠰᠬᠡ ᠶᠢᠨ ᠨᠡᠪᠲᠡᠷᠡᠬᠦ ᠶᠢ ᠬᠢᠵᠠᠭᠠᠷᠯᠠᠵᠤ ᠪᠣᠯᠬᠤ ᠥᠬᠡᠶ᠂ ᠪᠥᠭᠡᠮ ᠬᠦᠴᠢᠯ ᠤᠨ ᠪᠠᠶᠢᠴᠠᠭᠠᠨ | ᠬᠡᠮᠵᠢᠯᠲᠡ ᠳᠤ ᠬᠡᠷᠪᠡ ᠠᠷᠭ᠎ᠠ ᠴᠢᠨᠠᠷ ᠲᠠᠢ ᠢ ᠣᠯᠵᠤ ᠮᠡᠳᠡᠪᠡᠯ ᠲᠡᠷᠡ ᠳᠠᠷᠤᠶ ᠳᠤᠨᠢ ᠬᠠᠮᠢᠶᠠᠷᠤᠨ ᠡᠵᠡᠮᠳᠡᠬᠦ ᠬᠡᠷᠡᠭᠲᠡᠶ᠃ | ᠠᠷᠪᠠᠨ ᠨᠢᠭᠡ᠂ ᠪᠥᠬᠦ ᠬᠤᠲᠠ ᠶᠢᠨ ᠵᠤᠭ᠎ᠠ ᠴᠡᠩᠭᠡᠯ ᠤᠨ ᠲᠠᠯᠠᠪᠤᠷ ᠭᠠᠵᠠᠷ᠂ ᠡᠵᠡᠩᠨᠡᠯᠲᠡ ᠶᠢᠨ ᠲᠥᠷᠥᠯ ᠤᠨ | ᠲᠠᠯᠠᠪᠤᠷ ᠭᠠᠵᠠᠷ᠂ ᠣᠯᠠᠨ ᠨᠡᠶᠢᠲᠡ ᠶᠢᠨ ᠲᠠᠯᠠᠪᠤᠷ ᠲᠤ ︽ᠬᠡᠨ ᠡᠵᠡᠩᠨᠡᠪᠡᠯ ᠬᠡᠨ ᠬᠠᠷᠢᠭᠤᠴᠠᠬᠤ᠂ ᠬᠡᠨ ᠨᠡᠭᠡᠭᠡᠨ ᠡᠷᠭᠢᠯᠡᠪᠡᠯ | ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠳᠤᠯᠠᠭᠠᠨ ᠢ ᠬᠡᠮᠵᠢᠬᠦ᠂ ᠲᠠᠯᠠᠪᠤᠷ ᠭᠠᠵᠠᠷ ᠤᠨ ᠨᠣᠮᠧᠷ ᠢ ᠱᠦᠭᠦᠷᠳᠡᠬᠦ᠂ ᠡᠷᠡᠭᠦᠯ | ᠮᠡᠨᠳᠦ ᠶᠢᠨ ᠨᠣᠮᠧᠷ ᠢ ᠦᠵᠡᠭᠦᠯᠬᠦ᠂ ᠠᠮᠠᠪᠴᠢ ᠵᠡᠭᠦᠬᠦ᠂ ︽1 ᠮᠧᠲᠷ ᠤᠨ ᠱᠤᠭᠤᠮ︾ ᠵᠡᠭᠦᠬᠦ᠂ ᠠᠷᠢᠭᠤᠳᠬᠠᠬᠤ ᠵᠡᠷᠭᠡ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ | ᠠᠷᠪᠠᠨ ᠬᠤᠶᠠᠷ᠂ ᠢᠷᠡᠬᠦ ︵ᠪᠤᠴᠠᠬᠤ︶ ᠳᠠᠭᠠᠭᠠᠴᠢᠯᠠᠯᠲᠠ ᠶᠢᠨ ᠠᠵᠢᠯᠲᠠᠨ ᠬᠡᠷᠪᠡ ᠬᠠᠯᠠᠭᠤᠷᠠᠬᠤ᠂ ᠬᠠᠭᠤᠷᠠᠶ ᠪᠠᠷ | ᠬᠠᠨᠢᠶᠠᠬᠤ᠂ ᠲᠠᠮᠢᠷᠳᠠᠬᠤ᠂ ᠦᠨᠦᠷᠯᠡᠬᠦ ᠰᠡᠷᠡᠯ ᠮᠠᠭᠤᠳᠠᠬᠤ᠂ ᠰᠠᠭᠤᠯᠭᠠᠬᠤ᠂ ᠬᠤᠭᠤᠯᠠᠶ ᠡᠪᠡᠳᠬᠦ ᠵᠡᠷᠭᠡ ᠡᠪᠡᠳᠴᠢᠨ ᠤ | ᠢᠯᠡᠷᠡᠯ ᠲᠠᠢ ᠪᠣᠯ ᠴᠠᠭ ᠲᠤᠬᠠᠶ ᠳᠤᠨᠢ ᠬᠠᠯᠠᠭᠤᠷᠠᠵᠤ ᠪᠠᠶᠢᠭ᠎ᠠ ᠡᠭᠦᠳᠡᠨ ᠡᠮᠨᠡᠯᠭᠡ ᠳᠤ ᠬᠦᠷᠴᠦ ᠡᠮᠨᠡᠭᠦᠯᠬᠦ ᠬᠡᠷᠡᠭᠲᠡᠶ᠂ | ᠡᠪᠡᠳᠴᠢᠨ ᠲᠠᠢ ᠪᠠᠷ ᠠᠵᠢᠯ ᠳᠤ ᠭᠠᠷᠬᠤ ᠪᠤᠶᠤ ᠰᠤᠷᠭᠠᠭᠤᠯᠢ ᠳᠤ ᠣᠷᠣᠵᠤ ᠪᠣᠯᠬᠤ ᠥᠬᠡᠶ᠂ ᠬᠡᠷᠪᠡ ᠡᠷᠡᠭᠦᠯ ᠮᠡᠨᠳᠦ ᠶᠢᠨ | ᠨᠣᠮᠧᠷ ᠲᠤ ᠤᠯᠠᠭᠠᠨ᠂ ᠰᠢᠷ᠎ᠠ ᠨᠣᠮᠧᠷ ᠤᠨ ᠪᠠᠶᠢᠳᠠᠯ ᠭᠠᠷᠤᠭᠰᠠᠨ᠂ ᠡᠰᠡᠬᠦᠯ᠎ᠡ ᠬᠤᠯᠪᠣᠭᠳᠠᠯ ᠪᠥᠬᠦᠶ ᠭᠠᠵᠠᠷ ᠣᠷᠣᠨ ᠳᠤ | ᠣᠶᠢᠷ᠎ᠠ ᠶᠢᠨ ᠬᠤᠭᠤᠴᠠᠭᠠᠨ ᠳᠤ ᠬᠢᠵᠢᠭ ᠭᠠᠷᠤᠭᠰᠠᠨ ᠪᠠᠶᠢᠪᠠᠯ᠂ ᠳᠠᠷᠦ᠋ᠢᠬᠠᠨ ᠨᠡᠶᠢᠭᠡᠮ ᠲᠣᠭᠤᠷᠢᠭ ︵ᠲᠣᠰᠬᠤᠨ︶᠂ | ᠪᠠᠶᠢᠭᠤᠯᠭ᠎ᠠ ᠨᠢᠭᠡᠴᠡ ᠪᠤᠶᠤ ᠪᠠᠭᠤᠳᠠᠯ ᠳᠤ ᠬᠤᠨᠣᠬᠤ ᠪᠠᠭᠤᠳᠠᠯ ᠳᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ᠂ ᠡᠯ᠎ᠡ | ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠮᠡᠳᠡᠭᠦᠯᠬᠦ ᠥᠬᠡᠶ ᠨᠢᠭᠤᠭᠰᠠᠨ᠂ ᠬᠤᠳᠠᠯ ᠢᠶᠠᠷ ᠮᠡᠳᠡᠭᠦᠯᠦᠭᠰᠡᠨ ᠪᠤᠶᠤ ᠲᠣᠭᠲᠠᠭᠠᠯ ᠶᠣᠰᠣᠭᠠᠷ | ᠨᠠᠶᠢᠳᠠᠪᠤᠷᠢᠵᠢᠭᠤᠯᠤᠭᠰᠠᠨ ᠥᠬᠡᠶ ᠠᠴᠠ ᠪᠣᠯᠵᠣ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ | ᠬᠠᠯᠳᠠᠪᠤᠷᠢᠯᠠᠬᠤ ᠲᠦᠭᠰᠢᠭᠦᠷᠢ ᠪᠤᠶᠤ ᠪᠤᠰᠤᠳ ᠬᠦᠨᠳᠦ ᠨᠣᠴᠢᠲᠠᠶ ᠦᠷ᠎ᠡ ᠳ᠋ᠦᠩ ᠢ ᠪᠣᠶ ᠪᠣᠯᠭᠠᠭᠰᠠᠨ ᠪᠠᠶᠢᠪᠠᠯ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠵᠡᠷᠭᠡ | ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠬᠠᠷᠢᠭᠤᠴᠠᠯᠭ᠎ᠠ ᠨᠡᠬᠡᠮᠵᠢᠯᠡᠬᠦ ᠪᠠ ᠰᠢᠢᠳᠭᠡᠵᠤ᠂ ᠬᠦᠨᠳᠦ ᠨᠣᠴᠢᠲᠠᠶ | ᠪᠠᠶᠢᠪᠠᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ ᠭᠡᠪᠡ᠃ | ᠳᠠᠭᠠᠯᠳᠤᠭᠤᠯᠤᠯ᠄ ᠪᠤᠭᠤᠲᠤ ᠬᠤᠲᠠ ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ ᠰᠡᠷᠭᠡᠶᠢᠯᠡᠨ ᠡᠵᠡᠮᠳᠡᠬᠦ | ᠠᠵᠢᠯ ᠤᠨ ᠵᠢᠯᠣᠭᠤᠳᠬᠤ ᠭᠠᠵᠠᠷ ᠤᠨ ᠬᠠᠷᠢᠯᠴᠠᠬᠤ ᠤᠲᠠᠰᠤ | | ᠪᠤᠭᠤᠲᠤ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ | ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | 2022 ᠣᠨ ᠤ 6 ᠰᠠᠷ᠎ᠠ ᠶᠢᠨ 17 ᠤ ᠡᠳᠦᠷ | ᠳᠠᠭᠠᠯᠳᠤᠭᠤᠯᠤᠯ᠄ | ᠪᠤᠭᠤᠲᠤ ᠬᠤᠲᠠ ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ | ᠬᠠᠯᠳᠠᠪᠤᠷᠢᠯᠠᠯ ᠤᠨ ᠠᠭᠤᠰᠬᠢᠨ ᠦᠷᠪᠢᠰᠦᠯ ᠤᠨ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠬᠠᠷᠢᠯᠴᠠᠬᠤ | ᠤᠲᠠᠰᠤ | ᠪᠤᠭᠤᠳᠠ ᠬᠤᠳᠠ ᠄ 0472-5619350᠂ 5619338 | ᠬᠦᠨᠳᠡᠯᠡᠨ ᠲᠤᠭᠤᠷᠢᠭ᠄ 0472-5305335 | ᠴᠢᠩᠱᠠᠨ ᠲᠣᠭᠤᠷᠢᠭ᠄ 0472-3616340 | ᠳ᠋ᠦᠩ ᠾᠧ ᠲᠣᠭᠤᠷᠢᠭ᠄ 0472-4388077 | ᠵᠢᠤ ᠶᠤᠸᠠᠨ ᠲᠣᠭᠤᠷᠢᠭ᠄ 0472-6939045 | ᠰᠢᠭᠤᠶᠢᠳᠤ ᠲᠣᠭᠤᠷᠢᠭ᠄ 0472-8710017 | ᠪᠠᠶᠠᠬᠤᠪᠤᠭ᠎ᠠ ᠠᠭᠤᠷᠬᠠᠶ ᠶᠢᠨ ᠲᠤᠭᠤᠷᠢᠭ᠄ 0472-8515041 | ᠲᠦᠮᠡᠳ ᠪᠠᠷᠠᠭᠤᠨ ᠬᠤᠰᠢᠭᠤ᠄ 0472-8017245 | ᠳᠠᠷᠬᠠᠨ ᠮᠤᠤᠮᠢᠩᠭᠠᠨ ᠬᠤᠰᠢᠭᠤ᠄ 0472 — 8425937 | ᠭᠦᠶᠡᠩ ᠰᠢᠶᠠᠨ᠄ 0472-8118850 | ᠬᠤᠪᠣᠷ ᠰᠢᠷᠣᠶ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠄ 0472 — 7100262 |