ᠪᠠᠶᠠᠬᠤᠪᠤᠭ᠎ᠠ ᠠᠭᠤᠷᠬᠠᠢ ᠶᠢᠨ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ      ︽6 . 26︾᠎ ᠤ ᠣᠯᠠᠨ ᠤᠯᠤᠰ ᠤᠨ ᠬᠤᠤᠷ ᠴᠠᠭᠠᠵᠠᠯᠠᠬᠤ ᠤᠬᠠᠭᠤᠯᠭ᠎ᠠ ᠶᠢᠨ ᠲᠠᠯᠠᠪᠤᠷ ᠲᠤ ᠣᠷᠣᠬᠤ᠂ ᠠᠵᠤ ᠠᠬᠤᠶᠢᠯᠠᠯ ᠳᠤ ᠣᠷᠣᠬᠤ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/6/27
     6 ᠰᠠᠷ᠎ᠠ ᠶᠢᠨ 24᠎ ᠤ ᠡᠳᠦᠷ᠂ ᠪᠠᠶᠠᠬᠤᠪᠤᠭ᠎ᠠ ᠠᠭᠤᠷᠬᠠᠢ ᠶᠢᠨ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ 2022 ᠣᠨ ᠤ ︽6 . 26︾᠎ ᠤ ᠣᠯᠠᠨ ᠤᠯᠤᠰ ᠤᠨ ᠬᠤᠤᠷ ᠴᠠᠭᠠᠵᠠᠯᠠᠬᠤ ᠡᠳᠦᠷ ᠤᠨ ᠭᠤᠤᠯ ᠰᠡᠳᠦᠪᠲᠦ ᠤᠬᠠᠭᠤᠯᠭ᠎ᠠ ᠶᠢᠨ ᠲᠠᠯᠠᠪᠤᠷ ᠲᠤ ᠣᠷᠣᠬᠤ᠂ ᠠᠵᠤ ᠠᠬᠤᠶᠢᠯᠠᠯ ᠳᠤ ᠣᠷᠣᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠯᠳᠠ ᠥᠷᠨᠢᠭᠦᠯᠪᠡ᠃  
 
           ᠠᠵᠢᠯᠯᠠᠭ᠎ᠠ ᠶᠢᠨ ᠳᠤᠮᠳᠠ᠂ ᠪᠠᠶᠠᠬᠤᠪᠤᠭ᠎ᠠ ᠠᠭᠤᠷᠬᠠᠢ ᠶᠢᠨ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠬᠠᠷᠢᠶ᠎ᠠ ᠲᠤᠭᠤᠷᠢᠭ ᠤᠨ ᠢᠶᠠᠨ ᠳᠣᠲᠣᠷᠠᠬᠢ ᠠᠵᠤ ᠠᠬᠤᠶᠢᠯᠠᠯ᠂ ᠡᠯ᠎ᠡ ᠳᠡᠯᠭᠡᠭᠦᠷ᠂ ᠠᠭᠤᠳᠠᠮ ᠲᠠᠯᠠᠪᠠᠶ ᠵᠡᠷᠭᠡ ᠠᠵᠢᠯᠯᠠᠭᠠᠨ ᠤ ᠲᠠᠯᠠᠪᠤᠷ ᠭᠠᠵᠠᠷ ᠲᠤ ᠬᠦᠷᠴᠦ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠲᠠᠯᠠᠪᠤᠷ ᠲᠤ ᠠᠵᠢᠯᠯᠠᠵᠤ ᠪᠠᠶᠢᠭ᠎ᠠ ᠬᠥᠮᠦᠰ ᠲᠤ ᠬᠤᠤᠷᠲᠤ ᠡᠳ᠋ ᠤᠨ ᠬᠤᠤᠷ ᠬᠥᠨᠥᠭᠡᠯᠲᠦ ᠴᠢᠨᠠᠷ ᠵᠢᠴᠢ ᠬᠤᠤᠷᠲᠤ ᠡᠳ᠋ ᠢ ᠴᠠᠭᠠᠵᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠲᠠᠶᠢᠯᠪᠤᠷᠢᠯᠠᠬᠤ ᠶᠢᠨ ᠬᠠᠮᠲᠤ᠂ ᠡᠯ᠎ᠡ ᠠᠵᠢᠯᠯᠠᠭᠠᠨ ᠤ ᠲᠠᠯᠠᠪᠤᠷ ᠤᠨ ᠢᠯᠡ ᠪᠠᠶᠢᠷᠢᠨ ᠳᠤ ᠬᠤᠤᠷᠲᠤ ᠡᠳ᠋ ᠢ ᠢᠯᠭᠠᠨ ᠲᠠᠨᠢᠬᠤ ᠰᠡᠷᠡᠮᠵᠢ ᠶᠢᠨ ᠲᠡᠮᠳᠡᠭ ᠤᠨ ᠨᠡᠷᠡᠶᠢᠳᠤᠯ ᠨᠠᠭᠠᠵᠤ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ᠂ ᠬᠠᠤᠯᠢ ᠶᠢ ᠵᠢᠷᠤᠮᠯᠠᠨ ᠡᠵᠡᠩᠨᠡᠬᠦ ᠶᠢ ᠪᠡᠶᠡᠯᠡᠭᠦᠯᠵᠦ᠂ ᠬᠤᠤᠷᠲᠤ ᠡᠳ᠋ ᠲᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠢᠳᠡᠪᠬᠢᠲᠡᠶ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠬᠤ ᠶᠢᠨ ᠬᠠᠮᠲᠤ ᠳᠡᠷᠭᠡᠳᠡᠬᠢ ᠲᠥᠷᠥᠯ ᠰᠠᠳᠤᠨ ᠨᠠᠶᠢᠵᠠ ᠨᠥᠬᠦᠳ ᠲᠡᠭᠡᠨ ᠬᠤᠤᠷᠲᠤ ᠡᠳ᠋ ᠢ ᠴᠠᠭᠠᠵᠠᠯᠠᠬᠤ ᠮᠡᠳᠡᠯᠭᠡ ᠶᠢ ᠲᠦᠭᠡᠮᠡᠯᠵᠢᠭᠦᠯᠬᠦ ᠬᠡᠷᠡᠭᠲᠡᠶ ᠭᠡᠵᠦ ᠱᠠᠭᠠᠷᠳᠠᠪᠠ᠃      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠴᠠᠭᠳᠠᠭᠠᠨ ᠤ ᠬᠦᠴᠦᠨ ᠢ ᠨᠡᠶᠢᠲᠡ 14 ᠬᠥᠮᠦᠨ ᠤᠳᠠᠭ᠎ᠠ ᠬᠥᠳᠡᠯᠭᠡᠵᠦ᠂ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠴᠡᠭ 1 ᠭᠠᠷᠭᠠᠵᠤ᠂ ᠬᠤᠤᠷᠲᠤ ᠡᠳ᠋ ᠢ ᠴᠠᠭᠠᠵᠠᠯᠠᠬᠤ ᠤᠷᠢᠶ᠎ᠠ 2 ᠡᠯᠭᠦᠵᠦ᠂ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠰᠠᠮᠪᠠᠷ᠎ᠠ ᠶᠢ 3 ᠳᠡᠯᠭᠡᠨ ᠦᠵᠡᠭᠦᠯᠵᠦ᠂ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠭᠠᠷ ᠳᠡᠪᠲᠡᠷ ᠢ 500 ᠭᠠᠷᠤᠶ ᠳᠡᠪᠲᠡᠷ ᠲᠠᠷᠬᠠᠭᠠᠵᠤ᠂ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠡᠳ᠋ ᠪᠣᠳᠠᠰ ᠢ 300 ᠭᠠᠷᠤᠶ ᠲᠠᠷᠬᠠᠭᠠᠵᠠᠶ᠃ ᠤᠬᠠᠭᠤᠯᠭ᠎ᠠ ᠪᠠᠷ ᠳᠠᠮᠵᠢᠭᠤᠯᠤᠨ ᠰᠠᠭᠤᠭᠠᠯᠢ ᠠᠷᠠᠳ ᠤᠯᠠᠨ ᠤ ᠬᠤᠣᠷ ᠢ ᠲᠠᠨᠢᠬᠤ᠂ ᠬᠤᠣᠷ ᠢ ᠲᠡᠪᠴᠢᠬᠦ᠂ ᠬᠤᠣᠷ ᠢ ᠰᠡᠷᠭᠡᠶᠢᠯᠡᠬᠦ ᠤᠬᠠᠮᠰᠠᠷ ᠢ ᠴᠢᠩᠭᠠᠳᠬᠠᠵᠤ᠂ ᠰᠠᠭᠤᠭᠠᠯᠢ ᠠᠷᠠᠳ ᠤᠯᠠᠨ ᠢ ᠬᠥᠲᠥᠯᠥᠨ ᠵᠢᠯᠣᠭᠤᠳᠴᠤ ᠪᠠᠶᠢᠭᠠᠳ ᠬᠤᠣᠷ ᠢ ᠴᠠᠭᠠᠵᠠᠯᠠᠬᠤ ᠠᠵᠢᠯ ᠳᠤ ᠬᠠᠮᠲᠤ ᠪᠠᠷ ᠣᠷᠣᠯᠴᠠᠭᠤᠯᠵᠤ᠂ ᠬᠤᠤᠷᠲᠤ ᠡᠳ᠋ ᠤᠨ ᠶᠠᠯᠠᠲᠤ ᠠᠵᠢᠯᠯᠠᠭ᠎ᠠ ᠲᠠᠢ ᠢᠳᠡᠪᠬᠢᠲᠡᠶ ᠪᠠᠷ ᠲᠡᠮᠡᠴᠡᠯ ᠬᠢᠯᠭᠡᠵᠦ᠂ ᠬᠤᠤᠷᠲᠤ ᠡᠳ᠋ ᠤᠨ ᠬᠤᠣᠷ ᠬᠥᠨᠥᠭᠡᠯ ᠢ ᠲᠠᠰᠤ ᠴᠠᠭᠠᠵᠠᠯᠠᠪᠠ᠃    
 
ᠢᠷᠡᠯᠲᠡ᠄ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号