ᠲᠤᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/28
     ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠦᠨᠡᠨ ᠬᠦ ᠰᠠᠶᠢᠲᠤᠷ ᠠᠳᠬᠤᠵᠤ ᠂ ᠥᠷᠭᠡᠨ ᠣᠯᠠᠨ ᠵᠠᠯᠠᠭᠤᠴᠤᠳ ᠪᠠᠭᠠᠴᠤᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠥᠭᠵᠢᠭᠡᠬᠦ ᠶᠢᠨ ᠲᠥᠯᠥᠭᠡ᠂ ᠣᠶᠢᠷ᠎ᠠ ᠳᠤ᠂ ᠲᠤᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠷᠢᠳ ᠬᠤᠵᠢᠳ ᠲᠡᠮᠦᠷ ᠤᠨ ᠠᠭᠤᠷᠬᠠᠶ ᠶᠢᠨ ᠬᠤᠶᠠᠳᠤᠭᠠᠷ ᠪᠠᠭ᠎ᠠ ᠰᠤᠷᠭᠠᠭᠤᠯᠢ᠂ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠳᠤ ᠬᠦᠷᠴᠦ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃      
      ᠠᠵᠢᠯᠯᠠᠭ᠎ᠠ ᠨᠢ ︽ᠰᠠᠨᠰᠠᠷ ᠤᠨ ᠠᠶᠠᠯᠠᠯ ᠤᠨ ᠵᠣᠷᠢᠭ ᠰᠠᠨᠠᠭ᠎ᠠ ᠶᠢ ᠣᠶᠢᠯᠠᠭᠠᠵᠤ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠪᠠᠷ ᠴᠢᠷᠮᠠᠶᠢᠬᠤ︾᠎ ᠪᠠᠷ ᠭᠤᠤᠯ ᠰᠡᠳᠦᠪ ᠪᠣᠯᠭᠠᠵᠤ᠂ ᠲᠤᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠠᠵᠢᠯᠲᠠᠳ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠬᠦᠰᠡᠯ ᠵᠡᠭᠦᠳᠦ ᠪᠠᠨ ᠬᠥᠭᠡᠭᠡᠴᠡᠯᠳᠦᠭᠰᠡᠨ ᠥᠩᠭᠡᠷᠡᠯᠲᠡ ᠶᠢ ᠰᠢᠰᠲ᠋ᠧᠮ ᠲᠠᠢ ᠡᠷᠭᠢᠴᠡᠭᠦᠯᠵᠦ᠂ ᠰᠠᠨᠰᠠᠷ ᠤᠨ ᠠᠶᠠᠯᠠᠯ ᠤᠨ ᠪᠠᠭᠠᠲᠤᠷᠴᠤᠳ ᠎ ᠤᠨ ᠬᠥᠮᠦᠰ ᠢ ᠤᠷᠮᠠᠰᠢᠭᠤᠯᠤᠨ ᠵᠣᠷᠢᠭᠵᠢᠭᠤᠯᠤᠭᠰᠠᠨ ᠥᠯᠢᠭᠡᠷ ᠢ ᠶᠠᠷᠢᠵᠤ᠂ ᠥᠷᠭᠡᠨ ᠣᠯᠠᠨ ᠪᠠᠭᠠᠴᠤᠳ ᠢ ᠬᠥᠲᠥᠯᠥᠨ ᠵᠢᠯᠣᠭᠤᠳᠴᠤ ᠰᠠᠨᠰᠠᠷ ᠤᠨ ᠠᠶᠠᠯᠠᠯ ᠤᠨ ᠵᠣᠷᠢᠭ ᠰᠠᠨᠠᠭ᠎ᠠ ᠶᠢ ᠣᠶᠢᠯᠠᠭᠠᠭᠤᠯᠵᠤ᠂ ᠠᠯᠤᠰ ᠬᠡᠲᠦ ᠶᠢᠨ ᠬᠦᠰᠡᠯᠡᠩ ᠢ ᠪᠣᠶ ᠪᠣᠯᠭᠠᠵᠤ᠂ ᠬᠦᠰᠡᠯ ᠵᠡᠭᠦᠳᠦ ᠪᠠᠨ ᠬᠥᠭᠡᠭᠡᠴᠡᠯᠳᠦᠭᠰᠡᠨ ᠪᠠᠭᠠᠴᠤᠳ ᠪᠣᠯᠭᠠᠬᠤ ᠪᠠᠷ ᠴᠢᠷᠮᠠᠶᠢᠪᠠ᠃    
     ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠳᠤ ᠴᠢ ᠪᠢᠳᠡ ᠬᠠᠮᠲᠤᠪᠠᠷ ᠤᠯᠤᠰ ᠢᠶᠠᠨ ᠬᠦᠴᠤᠷᠭᠡᠭᠵᠢᠭᠦᠯᠬᠦ ᠰᠤᠷᠭᠠᠭᠤᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠪᠣᠯ ᠠᠷᠠᠳ ᠨᠡᠶᠢᠲᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠲᠣᠰ ᠤᠳᠠᠭᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠢᠶᠠᠷ ᠳᠠᠮᠵᠢᠭᠤᠯᠤᠨ ᠰᠤᠷᠭᠠᠭᠤᠯᠢ ᠶᠢᠨ ᠬᠦᠷᠢᠶᠡᠨ ᠳᠤ ᠣᠷᠣᠪᠠᠯ᠂ ᠰᠤᠷᠭᠠᠭᠤᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠢ ᠥᠷᠨᠢᠭᠦᠯᠬᠦ ᠪᠠ ᠲᠦᠭᠡᠮᠡᠯᠵᠢᠭᠦᠯᠬᠦ ᠶᠢ ᠦᠷᠭᠦᠯᠵᠢᠯᠡᠨ ᠳᠥᠯᠭᠢᠨ ᠠᠬᠢᠭᠤᠯᠵᠤ᠂ ᠰᠤᠷᠤᠭᠴᠢᠳ ᠤᠨ ᠡᠬᠡ ᠣᠷᠣᠨ ᠢᠶᠠᠨ ᠬᠠᠶᠢᠷᠠᠯᠠᠬᠤ᠂ ᠡᠬᠡ ᠣᠷᠣᠨ ᠢᠶᠠᠨ ᠪᠥᠲᠥᠭᠡᠨ ᠪᠠᠶᠢᠭᠤᠯᠬᠤ᠂ ᠡᠬᠡ ᠣᠷᠣᠨ ᠢᠶᠠᠨ ᠬᠠᠮᠠᠭᠠᠯᠠᠬᠤ ᠤᠬᠠᠮᠰᠠᠷ ᠢ ᠨᠡᠮᠡᠭᠳᠡᠭᠦᠯᠦᠨ᠂ ᠰᠤᠷᠭᠠᠭᠤᠯᠢ ᠶᠢᠨ ᠬᠦᠷᠢᠶᠡᠨ ᠳᠤ ᠤᠯᠤᠰ ᠢᠶᠠᠨ ᠬᠦᠴᠦᠷᠬᠡᠭᠵᠢᠭᠦᠯᠬᠦ ᠬᠦᠰᠡᠯ ᠤᠨ ᠦᠷ᠎ᠡ ᠶᠢ ᠳᠠᠷᠢᠵᠤ᠂ ᠰᠤᠷᠤᠭᠴᠢᠳ ᠤᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠂ ᠦᠨᠳᠦᠰᠦᠲᠡᠨ ᠤ ᠣᠮᠣᠭᠰᠢᠯ ᠢ ᠨᠡᠮᠡᠭᠳᠡᠭᠦᠯᠦᠨ᠂ ᠳᠤᠮᠳᠠᠳᠤ ᠶᠢᠨ ᠬᠥᠭᠵᠢᠯ ᠮᠠᠨᠳᠤᠯ ᠤᠨ ᠲᠥᠯᠥᠭᠡ ᠨᠣᠮ ᠪᠢᠴᠢᠭ ᠤᠩᠰᠢᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠥᠯᠥᠭᠡ ᠴᠢᠷᠮᠠᠶᠢᠬᠤ ᠶᠢ ᠦᠨᠡᠨ ᠬᠦ ᠪᠡᠶᠡᠯᠡᠭᠦᠯᠬᠦ ᠪᠣᠯᠤᠨ᠎ᠠ ᠭᠡᠪᠡ᠃    
 
ᠢᠷᠡᠯᠲᠡ᠄ ᠲᠤᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号