ᠲᠣᠭᠤᠷᠢᠭ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠦᠪᠯᠡᠯ ᠤᠨ ᠠᠯᠪᠠᠨ ᠭᠡᠷ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠠᠢ ᠬᠠᠮᠳᠤᠷᠠᠨ ︽ᠰᠢᠬᠢᠷ ᠰᠢᠵᠢᠩ ᠡᠪᠡᠳᠴᠢᠨ ᠤ ᠲᠤᠬᠠᠢ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ︾ ᠥᠷᠨᠢᠭᠦᠯᠪᠡ
ᠨᠡᠶᠢᠲᠡᠯᠡᠭᠰᠡᠨ ᠴᠠᠭ᠄
2022/6/30
     ᠰᠠᠭᠤᠭᠠᠯᠢ ᠠᠷᠠᠳ ᠤᠨ ᠰᠢᠬᠢᠷ ᠰᠢᠵᠢᠩ ᠡᠪᠡᠳᠴᠢᠨ ᠤ ᠲᠤᠬᠠᠶ ᠲᠠᠨᠢᠯᠲᠠ ᠶᠢ ᠲᠦᠭᠡᠮᠡᠯᠵᠢᠭᠦᠯᠬᠦ ᠵᠢᠴᠢ ᠰᠢᠬᠢᠷ ᠰᠢᠵᠢᠩ ᠡᠪᠡᠳᠴᠢᠨ ᠢ ᠬᠡᠷᠬᠢᠨ ᠵᠥᠪ ᠰᠡᠷᠭᠡᠶᠢᠯᠡᠵᠦ᠂ ᠰᠠᠭᠤᠭᠠᠯᠢ ᠠᠷᠠᠳ ᠤᠨ ᠡᠷᠡᠭᠦᠯ ᠠᠮᠢᠳᠤᠷᠠᠯ ᠢ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 28᠎ ᠤ ᠡᠳᠦᠷ᠂ ᠲᠣᠭᠤᠷᠢᠭ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠤᠨ ᠠᠯᠪᠠᠨ ᠬᠡᠷ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠠᠢ ᠬᠠᠮᠲᠤᠷᠠᠨ ᠰᠢᠶᠠᠩ ᠶᠦᠨ ᠨᠡᠶᠢᠭᠡᠮ ᠲᠣᠭᠤᠷᠢᠭ ᠲᠤ ︽ᠰᠢᠬᠢᠷ ᠰᠢᠵᠢᠩ ᠡᠪᠡᠳᠴᠢᠨ ᠤ ᠲᠤᠬᠠᠢ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ︾ ᠬᠢᠪᠠ᠃      
     ᠲᠠᠶᠢᠯᠤᠮᠵᠢ ᠲᠤᠮᠳᠠ ᠳᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠠᠵᠢᠯᠲᠠᠨ ᠲᠥᠬᠦᠮ ᠣᠶᠢᠯᠠᠭᠠᠮᠵᠢᠲᠠᠶ ᠦᠭᠡ ᠬᠡᠯᠡ ᠪᠠᠷ ᠰᠠᠭᠤᠭᠠᠯᠢ ᠠᠷᠠᠳ ᠲᠤ ᠰᠢᠬᠢᠷ ᠰᠢᠵᠢᠩ ᠡᠪᠡᠳᠴᠢᠨ ᠤ ᠬᠠᠮᠢᠶ᠎ᠠ ᠪᠥᠬᠦᠶ ᠮᠡᠳᠡᠯᠭᠡ ᠶᠢ ᠲᠠᠶᠢᠯᠪᠤᠷᠢᠯᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠰᠢᠬᠢᠷ ᠰᠢᠵᠢᠩ ᠡᠪᠡᠳᠴᠢᠨ ᠤ ᠲᠤᠬᠠᠶ ᠲᠠᠨᠢᠯᠲᠠ ᠶᠢ ᠳᠡᠭᠡᠭᠰᠢᠯᠡᠭᠦᠯᠪᠡ᠃ ᠲᠦᠩ ᠶᠠᠩ ᠵᠠᠮ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠥᠢᠯᠡᠴᠢᠯᠡᠭᠡᠨ ᠤ ᠲᠥᠪ ᠰᠠᠭᠤᠭᠠᠯᠢ ᠠᠷᠠᠳ ᠲᠤ 40 ᠬᠤᠪᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠭᠠᠷ ᠳᠡᠪᠲᠡᠷ᠂ 40 ᠤᠭᠤᠲᠠ ᠲᠠᠷᠬᠠᠭᠠᠪᠠ᠃
   
           ᠲᠣᠰ ᠤᠳᠠᠭᠠᠨ ᠤ ᠡᠷᠡᠭᠦᠯ ᠮᠡᠨᠳᠦ ᠶᠢᠨ ᠲᠠᠶᠢᠯᠤᠮᠵᠢ ᠶᠢᠨ ᠠᠵᠢᠯᠯᠠᠭ᠎ᠠ ᠪᠠᠷ ᠳᠠᠮᠵᠢᠭᠤᠯᠤᠨ᠂ ᠠᠷᠠᠳ ᠣᠯᠠᠨ ᠳᠤ ᠰᠢᠬᠢᠷ ᠰᠢᠵᠢᠩ ᠡᠪᠡᠳᠴᠢᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠦᠵᠡᠭᠦᠯᠬᠦ ᠬᠤᠤᠷ ᠬᠥᠨᠥᠭᠡᠯ ᠢ ᠲᠠᠨᠢᠭᠤᠯᠬᠤ ᠶᠢᠨ ᠬᠠᠮᠲᠤ᠂ ᠡᠮ ᠢ ᠵᠦᠶ ᠵᠣᠬᠢᠰᠲᠠᠶ ᠬᠡᠷᠡᠭᠯᠡᠬᠦ ᠲᠠᠯ᠎ᠠ ᠪᠠᠷ ᠨᠠᠩ ᠲᠤᠰᠬᠠᠶ ᠵᠢᠯᠣᠭᠤᠳᠣᠯᠭ᠎ᠠ ᠣᠯᠵᠤ᠂ ᠰᠠᠭᠤᠭᠠᠯᠢ ᠠᠷᠠᠳ ᠢ ᠬᠠᠪᠰᠤᠷᠤᠨ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠪᠠ᠃
 
ᠢᠷᠡᠯᠲᠡ᠄ ᠲᠣᠭᠤᠷᠢᠭ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠦᠪᠯᠡᠯ ᠤᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号