ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠬᠢᠴᠢᠯᠠᠵᠤ ᠠᠷᠠᠯᠵᠢᠶᠠᠯᠠᠬᠤ ᠶᠢ ᠵᠠᠰᠠᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/6
     ᠣᠶᠢᠷ᠎ᠠ ᠳᠤ᠂ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠰᠤᠷᠤᠯᠴᠠᠨ ᠦᠢᠯᠡᠳᠦᠯᠭᠡᠵᠢᠭᠦᠯᠬᠦ ᠠᠵᠢᠯᠯᠠᠭ᠎ᠠ ᠶᠢᠨ ᠱᠠᠭᠠᠷᠳᠠᠯᠭ᠎ᠠ ᠶᠣᠰᠣᠭᠠᠷ᠂ ᠪᠦᠬᠦ ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠠᠶᠢᠯᠭᠠᠬᠤ ᠲᠤᠬᠠᠢ ᠴᠢᠬᠤᠯᠠ ᠥᠭᠦᠯᠡᠯᠲᠡ ᠵᠢᠴᠢ ︽ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾᠎ ᠢ ᠭᠦᠨᠵᠡᠭᠡᠢ ᠰᠤᠷᠤᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠬᠢᠴᠢᠯᠠᠵᠤ ᠠᠷᠠᠯᠵᠢᠶᠠᠯᠠᠬᠤ ᠶᠢ ᠲᠥᠪᠯᠡᠷᠡᠭᠦᠯᠦᠨ ᠵᠠᠰᠠᠬᠤ ᠠᠰᠠᠭᠤᠳᠠᠯ ᠢ ᠥᠷᠨᠢᠭᠦᠯᠬᠦ ᠲᠤᠬᠠᠢ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠶᠢ ᠥᠷᠨᠢᠭᠦᠯᠪᠡ᠃      ᠬᠤᠷᠠᠯ ᠠᠴᠠ ᠵᠢᠭᠠᠨ ᠭᠠᠷᠭᠠᠭᠰᠠᠨ ᠨᠢ᠂ ᠲᠥᠪ ᠴᠢᠩᠭ᠎ᠠ ᠨᠠᠷᠢᠨ ᠬᠢᠨᠠᠮᠠᠭᠠᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠥᠷᠨᠢᠭᠦᠯᠬᠦ ᠪᠣᠯ ᠮᠠᠨ ᠤ ᠨᠠᠮ ᠤᠨ ᠰᠢᠯᠢᠳᠡᠭ ᠤᠯᠠᠮᠵᠢᠯᠠᠯ ᠪᠠ ᠤᠯᠤᠰ ᠲᠦᠷᠦ ᠶᠢᠨ ᠳᠠᠪᠠᠭᠤᠯᠢᠭ ᠮᠥᠨ᠂ ᠨᠠᠮ ᠤᠨ ᠲᠡᠷᠢᠭᠦᠨ ᠤ ᠴᠢᠨᠠᠷ ᠪᠠ ᠴᠡᠪᠡᠷ ᠴᠢᠨᠠᠷ ᠢ ᠪᠠᠲᠤᠯᠠᠵᠤ᠂ ᠨᠠᠮ ᠤᠨ ᠡᠭᠦᠳᠤᠨ ᠪᠦᠲᠦᠭᠡᠯᠴᠢ ᠬᠦᠴᠦᠨ᠂ ᠨᠢᠭᠲᠠᠷᠠᠯ ᠤᠨ ᠬᠦᠴᠦᠨ᠂ ᠲᠠᠶᠢᠴᠢᠨ ᠬᠦᠴᠦᠨ ᠢ ᠴᠢᠩᠭᠠᠳᠬᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠣᠳᠣᠬᠠᠨ ᠤ ᠨᠠᠮ ᠤᠨ ᠳᠣᠲᠣᠭᠠᠳᠤ ᠶᠢᠨ ᠲᠤᠪᠤᠶᠢᠮ᠎ᠠ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠬᠦ ᠶᠢᠨ ᠲᠤᠯᠭᠠᠮ᠎ᠠ ᠱᠠᠭᠠᠷᠳᠠᠯᠭ᠎ᠠ ᠮᠥᠨ᠃ ᠪᠦᠬᠦ ᠨᠠᠮ ᠤᠨ ᠭᠡᠰᠢᠭᠦᠨ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠬᠢᠴᠢᠯᠠᠵᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠦᠵᠡᠯ ᠰᠠᠨᠠᠭ᠎ᠠ ᠪᠠᠨ ᠨᠢᠭᠡᠳᠬᠡᠵᠦ᠂ ᠵᠣᠷᠢᠭ ᠰᠠᠨᠠᠭ᠎ᠠ ᠪᠠᠨ ᠨᠢᠭᠡᠳᠬᠡᠵᠦ᠂ ᠦᠢᠯᠡ ᠠᠵᠢᠯᠯᠠᠭ᠎ᠠ ᠪᠠᠨ ᠨᠢᠭᠡᠳᠬᠡᠵᠦ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠠᠶᠢᠯᠭᠠᠬᠤ ᠶᠢ ᠰᠠᠭᠤᠷᠢ ᠴᠢᠨᠠᠷᠲᠠᠢ᠂ ᠪᠠᠶᠢᠩᠭᠤ ᠶᠢᠨ ᠴᠢᠨᠠᠷᠲᠠᠢ ᠠᠵᠢᠯ ᠪᠣᠯᠭᠠᠨ ᠰᠢᠨᠲᠠᠷᠠᠰᠢ ᠦᠭᠡᠢ ᠲᠡᠷᠡ ᠴᠢᠭ ᠢᠶᠠᠷ ᠨᠢ ᠪᠣᠳᠠᠲᠠᠢ ᠶᠢ ᠨᠢ ᠠᠳᠬᠤᠵᠤ᠂  ᠭᠦᠨ ᠭᠦᠨᠵᠡᠭᠡᠢ ᠠᠳᠬᠤᠬᠤ ᠬᠡᠷᠡᠭᠲᠡᠢ ᠭᠡᠵᠣ ᠵᠢᠭᠠᠵᠤ ᠭᠠᠷᠭᠠᠪᠠ᠃      ᠬᠤᠷᠠᠯ ᠠᠴᠠ ᠱᠠᠭᠠᠷᠳᠠᠭᠰᠠᠨ ᠨᠢ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠬᠢᠴᠢᠯᠠᠵᠤ ᠠᠷᠠᠯᠵᠢᠶᠠᠯᠠᠵᠤ ᠲᠥᠪᠯᠡᠷᠡᠭᠦᠯᠦᠨ ᠵᠠᠰᠠᠬᠤ ᠶᠢ ᠥᠷᠨᠢᠭᠦᠯᠬᠦ ᠪᠠᠷ ᠭᠠᠷᠳᠠᠴᠠ ᠪᠣᠯᠭᠠᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠤᠪᠴᠢᠶ᠎ᠠ ᠶᠢᠨ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠴᠢᠨᠠᠷ ᠴᠢᠨᠰᠠᠭ᠎ᠠ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ︽ᠬᠤᠶᠠᠷ ᠢ ᠲᠣᠭᠲᠠᠭᠠᠬᠤ︾᠎ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠲᠠᠨᠢᠭᠤᠯᠵᠤ᠂ ︽ᠬᠤᠶᠠᠷ ᠢ ᠬᠠᠮᠠᠭᠠᠯᠠᠬᠤ︾᠎ ᠶᠢ ᠬᠠᠮᠤᠭ ᠤᠨ ᠳᠡᠭᠡᠳᠦ ᠤᠯᠤᠰ ᠲᠦᠷᠦ ᠶᠢᠨ ᠵᠠᠷᠴᠢᠮ ᠪᠠ ᠦᠨᠳᠦᠰᠦᠨ ᠤᠯᠤᠰ ᠲᠦᠷᠦ ᠶᠢᠨ ᠶᠣᠰᠣ ᠲᠦᠷᠢᠮ ᠪᠣᠯᠭᠠᠬᠤ ᠶᠢ ᠪᠠᠷᠢᠮᠲᠠᠯᠠᠬᠤ ᠬᠡᠷᠡᠭᠲᠡᠢ᠃ ︽ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾᠎ ᠢ ᠨᠠᠷᠢᠨ ᠬᠢᠨᠠᠮᠠᠭᠠᠢ ᠰᠤᠷᠤᠯᠴᠠᠵᠤ᠂ ᠴᠢᠬᠤᠯᠠ ᠶᠡᠭᠡ ᠵᠠᠩᠭᠢᠯᠠᠭ᠎ᠠ᠂ ᠴᠢᠬᠤᠯᠠ ᠶᠡᠭᠡ ᠬᠡᠷᠡᠭ ᠶᠠᠪᠤᠳᠠᠯ᠂ ᠴᠢᠬᠤᠯᠠ ᠶᠡᠭᠡ ᠰᠢᠯᠭᠠᠯᠲᠠ ᠶᠢᠨ ᠡᠮᠦᠨ᠎ᠡ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠡᠷᠡᠭᠦᠯ ᠰᠠᠷᠠᠭᠤᠯ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠲᠣᠭᠤᠷᠢᠨ ᠢ ᠪᠤᠢ ᠪᠤᠯᠭᠠᠬᠤ ᠬᠡᠷᠡᠭᠲᠡᠢ ᠭᠡᠵᠤ ᠱᠠᠭᠠᠷᠳᠠᠪᠠ᠃    
 
ᠢᠷᠡᠯᠲᠡ᠄ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号