ᠨᠢᠭᠡ᠂ ᠠᠬᠤᠢ ᠪᠠᠶᠢᠳᠠᠯ ᠤᠨ ᠦᠨᠳᠦᠰᠦᠯᠡᠯ᠂ ᠵᠢᠯᠤᠭᠤᠳᠬᠤ ᠦᠵᠡᠯ ᠰᠠᠨᠠᠭ᠎ᠠ | ︽ᠪᠤᠭᠤᠲᠤ ᠬᠤᠳᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠦᠪᠵᠢᠭᠦᠯᠭᠡ ᠶᠢᠨ ᠬᠤᠭᠤᠴᠠᠭᠠᠨ ᠤ ︿ᠬᠠᠶᠠᠭᠳᠠᠮᠠᠯ ᠦᠭᠡᠢ ᠬᠤᠳᠠ﹀ ᠶᠢᠨ | ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ᠤᠨ ᠮᠡᠳᠡᠭᠳᠡᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠮᠠᠨ ᠤ ᠣᠷᠣᠨ ᠤ | ᠪᠣᠳᠠᠲᠤ ᠪᠠᠶᠢᠳᠠᠯᠲ᠋ᠠᠶ ᠪᠠᠨ ᠤᠶᠠᠯᠳᠤᠭᠤᠯᠵᠤ᠂ ᠲᠤᠰ ᠲᠥᠰᠥᠯ ᠶᠢ ᠲᠣᠭᠲᠠᠭᠠᠪᠠ᠃ | ᠰᠢ ᠶᠢᠨ ᠫᠢᠩ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤ | ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ᠂ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢᠨ ᠲᠣᠭᠤᠷᠢᠨ ᠳᠤ᠂ | ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠤᠭ᠎ᠠ ᠬᠠᠷᠠᠯᠲᠠ ᠶᠢ ᠪᠡᠶᠡᠯᠡᠭᠦᠯᠵᠦ᠂ ᠬᠤᠳᠠ ᠶᠢᠨ ᠬᠥᠭᠵᠢᠯᠲᠡ | ᠪᠣᠯᠣᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠳᠦᠷᠢᠮ᠂ ᠮᠡᠷᠭᠡᠵᠢᠯ᠂ ᠵᠠᠬ᠎ᠠ ᠳᠡᠯᠭᠡᠭᠦᠷ᠂ ᠬᠢᠨᠠᠯᠲᠠ | ᠬᠠᠮᠢᠶᠠᠷᠤᠯᠲᠠ ᠵᠡᠷᠭᠡ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ | ᠳᠡᠭᠡᠭᠰᠢᠯᠡᠭᠦᠯᠵᠦ᠂ ᠬᠤᠳᠠ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ | ᠦᠵᠡᠮᠵᠢ ᠶᠢᠨ ᠣᠷᠣᠨ ᠢ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ | ᠬᠤᠶᠠᠷ᠂ ᠪᠦᠲᠦᠭᠡᠨ ᠪᠠᠶᠢᠭᠤᠯᠬᠤ ᠬᠠᠷᠠᠯᠲᠠ | 2025 ᠣᠨ ᠪᠣᠯᠬᠤ ᠳᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠣᠷᠣᠨ ᠵᠠᠢ ᠶᠢᠨ ᠪᠠᠶᠢᠷᠢᠰᠢᠯ᠂ ᠠᠵᠤ | ᠦᠢᠯᠡᠰ ᠤᠨ ᠪᠦᠲᠦᠴᠡ᠂ ᠦᠢᠯᠡᠳᠪᠦᠷᠢᠯᠡᠯ ᠤᠨ ᠠᠷᠭ᠎ᠠ ᠮᠠᠶ᠋ᠢᠭ᠂ ᠠᠮᠢᠳᠤᠷᠠᠯ ᠤᠨ ᠠᠷᠭ᠎ᠠ ᠮᠠᠶ᠋ᠢᠭ ᠦᠨᠳᠦᠰᠦᠨ ᠳᠡᠭᠡᠨ ᠪᠦᠷᠢᠯᠳᠦᠵᠦ᠂ ᠠᠵᠤ | ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢᠨ ᠬᠢᠷᠢ ᠲᠦᠪᠰᠢᠨ ᠰᠢᠨ᠎ᠡ ᠳᠡᠭᠲᠡᠷ ᠲᠤ ᠭᠠᠷᠴᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠣᠷᠴᠢᠯᠳᠤᠭᠤᠯᠤᠨ ᠠᠰᠢᠭᠯᠠᠬᠤ ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠵᠦ᠂ ᠠᠶᠤᠯᠲᠠᠢ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢ | ᠵᠢᠷᠤᠮᠵᠢᠭᠤᠯᠬᠤ᠂ ᠨᠠᠷᠢᠯᠢᠭᠵᠢᠭᠤᠯᠬᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠠᠬᠤᠢ ᠶᠢᠨ | ᠠᠶᠤᠯ ᠲᠦᠭᠰᠢᠭᠦᠷᠢ ᠶᠢ ᠦᠨᠳᠦᠰᠦᠨ ᠳᠡᠭᠡᠨ ᠬᠢᠵᠠᠭᠠᠷᠯᠠᠵᠤ᠂ ᠬᠤᠳᠠ ᠶᠢᠨ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ᠂ ᠳᠠᠬᠢᠯᠲᠠ ᠡᠬᠢ | ᠪᠠᠶᠠᠯᠢᠭ ᠢ ᠬᠤᠷᠢᠶᠠᠨ ᠠᠪᠴᠤ ᠠᠰᠢᠭᠯᠠᠬᠤ᠂ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠬᠤ ᠶᠠᠪᠤᠳᠠᠯ ᠢ ᠠᠩᠬ᠎ᠠ ᠠᠯᠬᠤᠮ ᠬᠡᠪᠴᠢᠶᠡᠵᠢᠭᠦᠯᠵᠦ᠂ | ︽ᠬᠠᠶᠠᠭᠳᠠᠮᠠᠯ ᠪᠣᠳᠠᠰ ᠦᠭᠡᠢ ᠡᠰ︾ ᠤᠨ ᠪᠠᠶᠢᠭᠤᠯᠤᠯᠲᠠ ᠶᠢ ᠨᠡᠩ ᠪᠠᠶᠠᠯᠢᠭᠵᠢᠭᠤᠯᠵᠤ᠂ ︽ᠬᠠᠶᠠᠭᠳᠠᠮᠠᠯ ᠪᠣᠳᠠᠰ ᠦᠭᠡᠢ ᠰᠣᠶᠣᠯ︾ ᠤᠨ ᠠᠭᠤᠷ ᠠᠮᠢᠰᠬᠤᠯ ᠢ | ᠨᠡᠩ ᠥᠳᠬᠡᠨ ᠪᠣᠯᠭᠠᠵᠤ᠂ ᠠᠷᠠᠳ ᠤᠯᠠᠨ ᠢ ᠥᠷᠭᠡᠨ ᠢᠶᠠᠷ ᠣᠷᠣᠯᠴᠠᠭᠤᠯᠵᠤ᠂ ︽ᠬᠠᠶᠠᠭᠳᠠᠮᠠᠯ ᠪᠣᠳᠠᠰ ᠦᠭᠡᠢ ᠬᠤᠳᠠ︾ ᠶᠢᠨ ᠪᠠᠶᠢᠭᠤᠯᠤᠯᠲᠠ ᠶᠢᠨ ᠬᠠᠯᠠᠭᠤᠨ | ᠰᠡᠳᠬᠢᠯᠭᠡ ᠶᠢ ᠨᠡᠩ ᠣᠷᠭᠢᠯᠤᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ | ᠦᠨᠳᠦᠰᠦᠨ ᠳᠡᠭᠡᠨ ᠪᠡᠶᠡᠯᠡᠭᠦᠯᠦᠨ᠎ᠡ᠃ | ᠭᠤᠷᠪᠠ᠂ ᠪᠦᠲᠦᠭᠡᠨ ᠪᠠᠶᠢᠭᠤᠯᠤᠯᠲᠠ ᠶᠢᠨ ᠡᠭᠦᠷᠭᠡ | ︵ᠨᠢᠭᠡ︶ ᠠᠵᠤ ᠦᠢᠯᠡᠳᠪᠦᠷᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠲᠦᠷᠭᠡᠳᠬᠡᠵᠦ᠂ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ | 1ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠡᠭᠦᠰᠦᠯ ᠤᠨ ᠬᠡᠮᠵᠢᠶ᠎ᠡ ᠶᠢ ᠪᠠᠭᠠᠰᠬᠠᠬᠤ ᠶᠢ ᠦᠷᠭᠦᠯᠵᠢᠯᠡᠨ ᠲᠦᠯᠬᠢᠨ | ᠠᠬᠢᠭᠤᠯᠤᠨ᠎ᠠ | 2. ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠬᠢᠷᠢ ᠲᠦᠪᠰᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ | 3 ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠦᠬᠦ ᠶᠠᠪᠤᠴᠠ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ | ᠲᠡᠭᠦᠯᠳᠡᠷᠵᠢᠭᠦᠯᠦᠨ᠎ᠡ | 4. ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠪᠥᠬᠦ | ︵ᠬᠤᠶᠠᠷ︶ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠣᠪᠣᠭᠠᠯᠠᠬᠤ ᠲᠠᠯᠠᠪᠤᠷ ᠢ ᠴᠡᠭᠴᠡᠯᠡᠨ ᠵᠠᠰᠠᠬᠤ ᠶᠢ ᠲᠦᠯᠬᠢᠨ ᠠᠬᠢᠭᠤᠯᠵᠤ᠂ ᠲᠡᠦᠬᠡᠨ ᠠᠴᠠ | ᠦᠯᠡᠳᠡᠭᠳᠡᠵᠦ ᠢᠷᠡᠭᠰᠡᠨ ᠠᠰᠠᠭᠤᠳᠠᠯ ᠢ ᠲᠦᠷᠭᠡᠪᠴᠢᠯᠡᠨ ᠰᠢᠢᠳᠪᠦᠷᠢᠯᠡᠨ᠎ᠡ | ︵ᠭᠤᠷᠪᠠ︶ ᠳᠤᠲᠠᠭᠤᠳᠠᠯ ᠢ ᠨᠥᠬᠦᠪᠦᠷᠢᠯᠡᠵᠦ᠂ ᠴᠢᠩᠭ᠎ᠠ ᠪᠠᠭᠤᠷᠠᠢ ᠵᠦᠢᠯᠡᠰ ᠢ ᠴᠢᠩᠭᠠᠳᠬᠠᠨ᠂ ᠬᠤᠲᠠ ᠶᠢᠨ ᠬᠠᠲᠠᠭᠤ ᠪᠡᠶᠡᠲᠦ ᠬᠠᠶᠠᠭᠳᠠᠮᠠᠯ | ᠪᠣᠳᠠᠰ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ | 5. ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠵᠢᠴᠢ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ | 6. ᠬᠤᠲᠠ ᠶᠢᠨ ᠭᠤᠣᠯᠳᠠᠯᠭ᠎ᠠ ᠲᠠᠢ ᠠᠮᠢᠳᠤᠷᠠᠯ ᠤᠨ ᠢᠷᠡᠯᠲᠡ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠵᠠᠰᠠᠵᠤ ᠪᠠᠲᠤᠯᠠᠬᠤ ᠰᠢᠰᠲ᠋ᠧᠮᠵᠢ ᠶᠢ | ᠲᠡᠭᠦᠯᠳᠡᠷᠵᠢᠭᠦᠯᠦᠨ᠎ᠡ | 7. ᠪᠠᠷᠢᠯᠭ᠎ᠠ ᠶᠢᠨ ᠬᠤᠭ ᠨᠣᠪᠰᠢ ᠶᠢᠨ ᠪᠥᠬᠦ ᠶᠠᠪᠤᠴᠠ ᠶᠢᠨ | ︵ᠳᠥᠷᠪᠡ︶ ᠬᠢᠨᠠᠨ ᠬᠠᠮᠢᠶᠠᠷᠬᠤ ᠪᠠ ᠠᠰᠢᠭᠯᠠᠵᠤ ᠰᠢᠢᠳᠪᠦᠷᠢᠯᠡᠬᠦ ᠴᠢᠳᠠᠪᠤᠷᠢ ᠪᠠᠨ ᠴᠢᠩᠭᠠᠷᠠᠭᠤᠯᠵᠤ᠂ ᠠᠶᠤᠯᠲᠠᠢ ᠬᠠᠶᠠᠭᠳᠠᠮᠠᠯ ᠪᠣᠳᠠᠰ ᠤᠨ ᠣᠷᠴᠢᠨ | ᠲᠣᠭᠤᠷᠢᠨ ᠤ ᠲᠦᠭᠰᠢᠭᠦᠷᠢ ᠶᠢ ᠦᠨᠡᠨᠬᠦ ᠰᠡᠷᠭᠡᠶᠢᠯᠡᠨ ᠡᠵᠡᠮᠳᠡᠨ᠎ᠡ | 8. ᠠᠶᠤᠯᠲᠠᠢ ᠬᠠᠶᠠᠭᠳᠠᠮᠠᠯ ᠪᠣᠳᠠᠰ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠷᠠᠭᠤᠯᠤᠨ᠎ᠠ᠃ ᠠᠶᠤᠯᠲᠠᠢ ᠬᠠᠶᠠᠭᠳᠠᠮᠠᠯ ᠪᠣᠳᠠᠰ ᠤᠨ | ᠵᠢᠷᠤᠮᠵᠢᠭᠰᠠᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠵᠤ | ᠠᠬᠤᠶᠢᠯᠠᠯ ᠢ ᠵᠣᠬᠢᠶᠠᠨ ᠪᠠᠶᠢᠭᠤᠯᠤᠨ ᠥᠪᠡᠷ ᠢ ᠪᠠᠨ ᠪᠠᠶᠢᠴᠠᠭᠠᠬᠤ ᠪᠠ ᠰᠤᠭᠤᠴᠢᠨ ᠪᠠᠶᠢᠴᠠᠭᠠᠵᠤ ᠰᠢᠯᠭᠠᠨ ᠬᠢᠨᠠᠬᠤ ᠶᠢ ᠥᠷᠨᠢᠭᠦᠯᠵᠦ᠂ ᠠᠵᠤ ᠠᠬᠤᠶᠢᠯᠠᠯ ᠤᠨ | ᠠᠶᠤᠯᠲᠠᠢ ᠬᠠᠶᠠᠭᠳᠠᠮᠠᠯ ᠪᠣᠳᠠᠰ ᠤᠨ ᠵᠢᠷᠤᠮᠵᠢᠭᠰᠠᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | 9. ᠠᠶᠤᠯᠲᠠᠢ ᠬᠠᠶᠠᠭᠳᠠᠮᠠᠯ ᠪᠣᠳᠠᠰ ᠢ ᠬᠤᠷᠢᠶᠠᠨ ᠲᠡᠭᠡᠭᠡᠪᠦᠷᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠪᠦᠷᠢᠨᠰᠢᠭᠦᠯᠦᠨ᠎ᠡ᠃ ᠲᠦᠷᠦᠯ ᠬᠤᠪᠢᠶᠠᠨ | ᠴᠤᠭᠯᠠᠭᠤᠯᠬᠤ᠂ ᠲᠦᠷᠦᠯ ᠬᠤᠪᠢᠶᠠᠨ ᠬᠠᠳᠠᠭᠠᠯᠠᠬᠤ ᠪᠠ ᠤᠷᠢᠳᠴᠢᠯᠠᠨ ᠰᠢᠢᠳᠪᠦᠷᠢᠯᠡᠬᠦ ᠦᠢᠯᠡᠴᠢᠯᠡᠭᠡ ᠶᠢ ᠢᠳᠡᠪᠬᠢᠲᠡᠢ ᠯᠠᠪᠳᠠᠭᠤᠨ ᠢᠶᠠᠷ ᠬᠥᠭᠵᠢᠭᠦᠯᠦᠨ᠎ᠡ᠃ | 10. ᠠᠶᠤᠯᠲᠠᠢ ᠬᠠᠶᠠᠭᠳᠠᠮᠠᠯ ᠪᠣᠳᠠᠰ ᠢ ᠠᠰᠢᠭᠯᠠᠵᠤ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠶᠤᠯᠲᠠᠢ ᠬᠠᠶᠠᠭᠳᠠᠮᠠᠯ | ᠪᠣᠳᠠᠰ ᠢ ᠠᠰᠢᠭᠯᠠᠨ ᠰᠢᠢᠳᠪᠦᠷᠢᠯᠡᠬᠦ ᠪᠡᠯᠡᠳᠬᠡᠮᠵᠢ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠶᠢᠷᠢᠰᠢᠭᠤᠯᠵᠤ᠂ ᠬᠠᠶᠠᠭᠳᠠᠮᠠᠯ ᠬᠦᠴᠢᠯ᠂ ᠠᠵᠤ | ᠦᠢᠯᠡᠳᠪᠦᠷᠢ ᠶᠢᠨ ᠬᠠᠶᠠᠭᠳᠠᠮᠠᠯ ᠳᠠᠪᠤᠰᠤ ᠵᠡᠷᠭᠡ ᠠᠶᠤᠯᠲᠠᠢ ᠬᠠᠶᠠᠭᠳᠠᠮᠠᠯ ᠪᠣᠳᠠᠰ ᠢ ︽ᠴᠡᠭ ᠠᠴᠠ ᠴᠡᠭ ᠲᠤ︾ ᠬᠠᠨᠳᠤᠯᠭ᠎ᠠ ᠲᠠᠢ ᠪᠠᠷ ᠠᠰᠢᠭᠯᠠᠬᠤ | ᠡᠵᠡᠩᠨᠡᠯᠲᠡ ᠶᠢᠨ ᠵᠥᠪᠰᠢᠶᠡᠷᠡᠯ ᠠᠴᠠ ᠬᠡᠯᠲᠦᠷᠢᠭᠦᠯᠬᠦ ᠬᠠᠮᠢᠶᠠᠷᠤᠯᠲᠠ ᠶᠢᠨ ᠲᠤᠷᠰᠢᠯᠲᠠ ᠶᠢ ᠢᠳᠡᠪᠬᠢᠲᠡᠢ ᠪᠠᠷ ᠠᠬᠢᠭᠤᠯᠤᠨ᠎ᠠ᠃ | 11. ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠠᠢ ᠶᠦᠨ | ᠲᠣᠭᠤᠷᠢᠭ ᠤᠨ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠥᠷᠥᠯ ᠵᠦᠢᠯ ᠢ ᠲᠠᠰ ᠳᠡᠪᠰᠢᠭᠦᠯᠦᠨ ᠥᠭᠡᠷᠡᠴᠢᠯᠡᠬᠦ ᠶᠢ ᠲᠦᠷᠭᠡᠳᠬᠡᠨ ᠠᠬᠢᠭᠤᠯᠵᠤ᠂ | ᠰᠢᠢᠳᠪᠦᠷᠢᠯᠡᠬᠦ ᠴᠢᠳᠠᠪᠤᠷᠢ ᠶᠢᠨ ᠳᠤᠲᠠᠭᠤᠳᠠᠯ ᠢ ᠭᠦᠢᠴᠡᠳ ᠨᠥᠬᠦᠪᠦᠷᠢᠯᠡᠨ᠎ᠡ᠃ | ︵ᠲᠠᠪᠤ︶ ᠳᠦᠷᠢᠮ᠂ ᠮᠡᠷᠭᠡᠵᠢᠯ᠂ ᠵᠠᠬ᠎ᠠ ᠳᠡᠯᠭᠡᠭᠦᠷ ᠪᠠ ᠬᠢᠨᠠᠨ ᠬᠠᠮᠢᠶᠠᠷᠬᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ | 12 ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠪᠠᠷᠢᠯᠭ᠎ᠠ ᠶᠢᠨ | ᠬᠤᠭ ᠨᠣᠪᠰᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠪᠦᠷᠢᠳᠬᠡᠬᠦ ᠬᠦᠷᠢᠶ᠎ᠡ ᠬᠡᠪᠴᠢᠶ᠎ᠡ᠂ ᠠᠮᠠ ᠶᠢᠨ ᠳ᠋ᠢᠶᠠᠮᠧᠲᠷ᠂ ᠠᠩᠭᠢᠯᠠᠯ ᠪᠠ ᠠᠷᠭ᠎ᠠ ᠶᠢ | ᠲᠡᠭᠦᠯᠳᠡᠷᠵᠢᠭᠦᠯᠦᠨ᠎ᠡ᠃ | 13 ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠮᠡᠷᠭᠡᠵᠢᠯ ᠤᠨ ᠪᠠᠷᠢᠮᠵᠢᠶᠠᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ︽ᠰᠢᠨᠵᠢᠯᠡᠬᠦ | ᠤᠬᠠᠭᠠᠨ ᠮᠡᠷᠭᠡᠵᠢᠯ ᠢᠶᠠᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢᠨ ᠲᠥᠯᠥᠪᠯᠡᠭᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠪᠤᠭᠤᠲᠤ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠲᠥᠪ ᠲᠤ ᠲᠦᠰᠢᠭᠯᠡᠨ᠂ ᠪᠣᠬᠢᠷᠲᠤᠯ ᠦᠭᠡᠢ ᠮᠡᠷᠭᠡᠵᠢᠯ ᠤᠨ ᠠᠷᠠᠯᠵᠢᠶ᠎ᠠ ᠶᠢᠨ ᠲᠥᠪ | ᠪᠠᠶᠢᠭᠤᠯᠬᠤ ᠶᠢ ᠰᠦᠪᠡᠭᠴᠢᠯᠡᠵᠦ᠂ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠲᠤ ᠮᠡᠷᠭᠡᠵᠢᠯ ᠤᠨ ᠬᠤᠪᠢᠷᠠᠭᠤᠯᠤᠯᠲᠠ | ᠂ ᠠᠷᠠᠯᠵᠢᠶ᠎ᠠ ᠶᠢᠨ ᠦᠢᠯᠡᠴᠢᠯᠡᠭᠡᠨ ᠬᠠᠩᠭᠠᠨ᠎ᠠ᠃ | 14ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠵᠠᠬ᠎ᠠ ᠳᠡᠯᠭᠡᠭᠦᠷ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠠᠮᠢᠶᠠᠷᠤᠯᠲᠠ ᠶᠢ ᠢᠳᠡᠪᠬᠢᠲᠡᠢ ᠠᠬᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠤ | ᠪᠣᠬᠢᠷᠲᠤᠯ ᠢ ᠭᠤᠷᠪᠠᠳᠠᠭᠢ ᠡᠲᠡᠭᠡᠳ ᠠᠴᠠ ᠵᠠᠰᠠᠬᠤ ᠲᠤᠷᠰᠢᠯᠲᠠ ᠪᠠ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢᠨ ᠨᠠᠶᠢᠳᠠᠨ ᠬᠠᠮᠢᠶᠠᠷᠤᠭᠤᠯᠬᠤ | ᠦᠢᠯᠡᠴᠢᠯᠡᠭᠡᠨ ᠤ ᠲᠤᠷᠰᠢᠯᠲᠠ ᠶᠢ ᠠᠬᠢᠭᠤᠯᠵᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠵᠢᠴᠢ ᠠᠶᠤᠯᠲᠠᠢ ᠬᠠᠶᠠᠭᠳᠠᠮᠠᠯ ᠪᠣᠳᠠᠰ ᠢ | ᠵᠢᠷᠤᠮᠵᠢᠭᠤᠯᠬᠤ᠂ ᠨᠠᠷᠢᠯᠢᠭᠵᠢᠭᠤᠯᠬᠤ ᠬᠠᠮᠢᠶᠠᠷᠤᠯᠲᠠ ᠶᠢ ᠲᠤᠷᠰᠢᠯᠲᠠ ᠶᠢᠨ ᠴᠢᠭ᠋ ᠤᠨ ᠴᠢᠬᠤᠯᠠ ᠠᠭᠤᠯᠭ᠎ᠠ ᠪᠣᠯᠭᠠᠨ᠎ᠠ᠃ | 15 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠢᠨᠠᠨ ᠬᠠᠮᠢᠶᠠᠷᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠬᠠᠲᠠᠭᠤ ᠪᠡᠶᠡᠲᠦ ᠬᠠᠶᠠᠭᠳᠠᠮᠠᠯ | ᠪᠣᠳᠠᠰ ᠤᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠵᠦᠢᠯᠡᠰ ᠤᠨ | ᠨᠠᠷᠢᠨ ᠲᠠᠩᠰᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠣᠷᠴᠢᠨ ᠨᠥᠬᠦᠴᠡᠯ ᠤᠨ ᠰᠠᠯᠠᠭ᠎ᠠ ᠮᠥᠴᠢᠷ ᠬᠢᠭᠡᠳ | ᠪᠠᠶᠢᠭᠠᠯᠢ ᠶᠢᠨ ᠡᠬᠢ ᠪᠠᠶᠠᠯᠢᠭ᠂ ᠬᠠᠤᠯᠢ ᠬᠡᠷᠡᠭᠵᠢᠭᠦᠯᠬᠦ ᠶᠡᠭᠡ ᠠᠩᠭᠢ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠰᠠᠯᠠᠭ᠎ᠠ | ᠮᠥᠴᠢᠷ ᠤᠨ ᠬᠤᠭᠤᠷᠣᠨᠳᠤ ᠪᠠᠨ ᠬᠠᠮᠲᠤᠷᠠᠨ ᠬᠠᠤᠯᠢ ᠬᠡᠷᠡᠭᠵᠢᠭᠦᠯᠬᠦ ᠶᠢ ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ ᠡᠯ᠎ᠡ ᠰᠠᠯᠠᠭ᠎ᠠ ᠮᠥᠴᠢᠷ ᠤᠨ ᠬᠠᠲᠠᠭᠤ | ᠪᠡᠶᠡᠲᠦ ᠬᠠᠶᠠᠭᠳᠠᠮᠠᠯ ᠪᠣᠳᠠᠰ ᠤᠨ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠲᠣᠳᠣᠷᠬᠠᠶᠢᠯᠠᠨ᠎ᠠ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ︽ᠬᠠᠶᠠᠭᠳᠠᠮᠠᠯ ᠦᠭᠡᠢ ᠬᠤᠲᠠ︾ ᠶᠢᠨ ᠪᠦᠲᠦᠭᠡᠨ | ᠪᠠᠶᠢᠭᠤᠯᠤᠯᠲᠠ ᠶᠢᠨ ᠲᠤᠷᠰᠢᠯᠲᠠ ᠶᠢᠨ ᠴᠢᠭ᠋ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠢ ᠵᠢᠯᠣᠭᠤᠳᠤᠯᠭ᠎ᠠ ᠶᠢᠨ ᠳᠣᠣᠷ᠎ᠠ᠂ ᠡᠯ᠎ᠡ | ᠪᠦᠷᠢᠯᠳᠦᠭᠦᠨ ᠨᠢᠭᠡᠴᠡ ᠨᠦᠭᠦᠳ ᠨᠢᠭᠡᠳᠦᠯᠲᠡᠢ ᠲᠥᠯᠥᠪᠯᠡᠨ ᠵᠣᠯᠭᠠᠭᠤᠯᠬᠤ ᠶᠢ ᠰᠠᠶᠢᠲᠤᠷ ᠬᠢᠵᠦ᠂ ᠰᠢᠰᠲ᠋ᠧᠮᠵᠢᠭᠦᠯᠦᠨ ᠴᠤᠭᠯᠠᠷᠠᠭᠤᠯᠬᠤ ᠶᠢ ᠴᠢᠩᠭᠠᠳᠬᠠᠨ᠂ | ᠶᠡᠷᠦᠩᠬᠡᠶᠢᠯᠡᠭᠰᠡᠨ ᠦᠷ᠎ᠡ ᠠᠰᠢᠭ ᠢ ᠪᠠᠳᠠᠷᠠᠭᠤᠯᠤᠨ᠎ᠠ᠃ ︽ᠬᠠᠶᠠᠭᠳᠠᠯ ᠦᠭᠡᠢ ᠬᠤᠳᠠ︾ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠤᠰᠬᠠᠢ ᠠᠩᠭᠢ ᠶᠢ | ᠪᠠᠶᠢᠭᠤᠯᠬᠤ ᠶᠢᠨ ᠬᠠᠮᠲᠤ ᠲᠤᠰᠬᠠᠢ ᠠᠵᠢᠯᠲᠠᠨ ᠲᠣᠬᠢᠷᠠᠭᠤᠯᠵᠤ᠂ ︽ᠬᠠᠶᠠᠭᠳᠠᠯ ᠦᠭᠡᠢ ᠬᠤᠳᠠ︾ ᠶᠢᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ | ᠲᠦᠯᠬᠢᠨ ᠠᠬᠢᠭᠤᠯᠤᠨ᠎ᠠ᠃ | ︵ᠬᠤᠶᠠᠷ︶ ᠪᠡᠯᠡ ᠮᠥᠩᠭᠦ ᠶᠢᠨ ᠳᠡᠮᠵᠢᠯᠭᠡ ᠶᠢ ᠨᠡᠮᠡᠭᠳᠡᠭᠦᠯᠦᠨ᠎ᠡ᠃ ᠭᠠᠵᠠᠷ ᠰᠢᠷᠣᠢ᠂ ᠲᠥᠯᠦᠪᠵᠢᠭᠦᠯᠭᠡ᠂ ᠡᠳ᠋ ᠤᠨ ᠵᠠᠰᠠᠭ᠂ ᠮᠥᠩᠭᠦᠨ ᠭᠦᠢᠯᠭᠡᠭᠡ | ᠵᠡᠷᠭᠡ ᠤᠯᠠᠨ ᠵᠦᠢᠯ ᠤᠨ ᠲᠦᠷᠦ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠯᠡᠵᠦ᠂ ᠡᠯ᠎ᠡ ᠲᠦᠷᠦᠯ ᠤᠨ ᠨᠡᠶᠢᠭᠡᠮ ᠤᠨ ᠪᠡᠯᠡ ᠣᠷᠣᠭᠤᠯᠤᠯᠲᠠ ᠶᠢᠨ ᠪᠡᠶᠡᠴᠢ | ᠴᠣᠭᠴᠠ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ᠂ ᠤᠯᠠᠨ ᠵᠦᠢᠯ ᠤᠨ ᠬᠡᠯᠪᠡᠷᠢ ᠪᠠᠷ ︽ᠬᠠᠶᠠᠭᠳᠠᠯ ᠦᠭᠡᠢ ᠬᠤᠳᠠ︾ ᠶᠢᠨ ᠪᠦᠲᠦᠭᠡᠨ | ᠪᠠᠶᠢᠭᠤᠯᠤᠯᠲᠠ ᠳᠤ ᠣᠷᠣᠯᠴᠠᠭᠤᠯᠤᠨ᠎ᠠ᠃ | ︵ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠤᠨ᠎ᠠ᠃ ︽ᠬᠠᠶᠠᠭᠳᠠᠯ ᠦᠭᠡᠢ ᠬᠤᠳᠠ︾ ᠶᠢᠨ ᠪᠦᠲᠦᠭᠡᠨ | ᠪᠠᠶᠢᠭᠤᠯᠤᠯᠲᠠ ᠶᠢᠨ ᠲᠤᠰᠬᠠᠢ ᠮᠡᠷᠭᠡᠵᠢᠯᠲᠡᠨ ᠤ ᠬᠥᠮᠥᠷᠭᠡ ᠪᠠᠶᠢᠭᠤᠯᠬᠤ ᠶᠢ ᠲᠦᠯᠬᠢᠨ ᠠᠬᠢᠭᠤᠯᠵᠤ᠂ ᠠᠺᠠᠳᠧᠮᠢᠴᠢ ᠶᠢᠨ ᠦᠷᠳᠡᠭᠡ ᠪᠠ ᠰᠢᠨᠵᠢᠯᠡᠬᠦ ᠤᠬᠠᠭᠠᠨ ᠤ | ᠰᠤᠳᠤᠯᠭᠠᠨ ᠤ ᠰᠠᠭᠤᠷᠢᠨ ᠭᠠᠵᠠᠷ ᠪᠠᠶᠢᠭᠤᠯᠬᠤ ᠶᠢ ᠵᠣᠷᠢᠭᠵᠢᠭᠤᠯᠤᠨ᠎ᠠ᠃ ᠠᠵᠤ ᠠᠬᠤᠶᠢᠯᠠᠯ ᠤᠨ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠤᠯ ᠤᠨ ᠬᠦᠷᠢᠶᠡᠯᠡᠩ ᠭᠠᠵᠠᠷ ᠯᠤᠭ᠎ᠠ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ | ᠬᠠᠮᠲᠤᠷᠠᠯᠴᠠᠭ᠎ᠠ ᠥᠷᠨᠢᠭᠦᠯᠬᠦ ᠶᠢ ᠳᠡᠮᠵᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠠᠵᠤ ᠠᠬᠤᠶᠢᠯᠠᠯ ᠳᠤ ᠦᠢᠯᠡᠴᠢᠯᠡᠬᠦ ᠶᠢ ᠬᠥᠲᠥᠯᠥᠨ | ᠵᠢᠯᠤᠭᠤᠳᠴᠤ᠂ ᠠᠵᠤ ᠠᠬᠤᠶᠢᠯᠠᠯ ᠤᠨ ᠰᠢᠨ᠎ᠡ ᠶᠢ | ︵ᠳᠥᠷᠪᠡ︶ ᠤᠬᠠᠭᠤᠯᠵᠤ ᠬᠥᠲᠥᠯᠥᠨ ᠵᠢᠯᠤᠭᠤᠳᠬᠤ ᠶᠢ ᠰᠠᠶᠢᠲᠤᠷ ᠠᠳᠬᠤᠨ᠎ᠠ᠃ ᠤᠬᠠᠭᠤᠯᠬᠤ ᠰᠠᠯᠠᠭ᠎ᠠ ᠮᠥᠴᠢᠷ ᠤᠳ ︽ᠬᠠᠶᠠᠭᠳᠠᠯ ᠦᠭᠡᠢ | ᠬᠤᠳᠠ︾ ᠶᠢᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠶᠢᠨ ᠲᠣᠭᠤᠷᠢᠨᠲ᠋ᠤ᠂ ᠰᠣᠨᠢᠨ᠂ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ ᠵᠡᠷᠭᠡ ᠭᠤᠣᠯ ᠪᠣᠯᠬᠤ | ᠵᠠᠭᠤᠴᠢᠯᠠᠭᠤᠷ ᠵᠢᠴᠢ ᠪᠢᠴᠢᠯ ᠪᠦᠷᠭᠡ᠂ ᠵᠢᠷᠭᠢᠶ᠎ᠡ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠢ ᠭᠦᠢᠴᠡᠳ ᠠᠰᠢᠭᠯᠠᠨ᠂ ᠤᠯᠠᠨ ᠬᠡᠯᠪᠡᠷᠢ ᠮᠠᠶ᠋ᠢᠭ ᠪᠦᠬᠦᠢ | ᠤᠬᠠᠭᠤᠯᠭ᠎ᠠ ᠬᠥᠮᠦᠵᠢᠯ ᠤᠨᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ ᠠᠵᠢᠯ ᠲᠥᠷᠥᠯ ᠤᠨ ᠬᠢᠯᠠᠰ ᠴᠡᠭ᠂ ᠨᠡᠶᠢᠲᠡᠯᠢᠭ ᠲᠤᠷᠰᠢᠯᠭ᠎ᠠ᠂ | ᠲᠡᠷᠢᠭᠦᠨ ᠤ ᠬᠥᠮᠥᠨ᠂ ᠲᠡᠷᠢᠭᠦᠨ ᠤ ᠦᠶᠯᠡ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠢ ᠰᠡᠳᠦᠪᠲᠦ ᠤᠬᠠᠭᠤᠯᠭ᠎ᠠ ᠪᠠ ᠲᠥᠪᠯᠡᠷᠡᠭᠦᠯᠦᠨ | ᠮᠡᠳᠡᠭᠡᠯᠡᠬᠦ ᠶᠢ ᠥᠷᠭᠡᠨ ᠢᠶᠠᠷ ᠥᠷᠨᠢᠭᠦᠯᠵᠦ᠂ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠬᠤ᠂ ︽ᠬᠦᠴᠦᠨ ᠦᠭᠡᠢ ᠪᠣᠯᠭᠠᠬᠤ ᠦᠭᠡᠢ ᠪᠤᠭᠤᠲᠤ︾ ᠶᠢ | ᠬᠠᠮᠲᠤ ᠪᠠᠷ ᠪᠦᠲᠦᠭᠡᠨ ᠪᠠᠶᠢᠭᠤᠯᠬᠤ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠢᠳᠡᠪᠬᠢᠲᠡᠢ ᠪᠠᠷ ᠬᠥᠲᠥᠯᠥᠨ ᠵᠢᠯᠤᠭᠤᠳᠬᠤ ᠬᠡᠷᠡᠭᠲᠡᠢ᠃ | |