ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠬᠠᠷᠢᠶᠠᠲᠤ ᠣᠷᠣᠨ ᠤ ᠡᠮ ᠤᠨ ᠳᠡᠯᠭᠡᠭᠦᠷ ᠵᠢᠴᠢ ᠡᠮ ᠤᠨ ᠬᠥᠮᠥᠷᠭᠡ ᠳᠤ ᠠᠮᠤᠷ ᠲᠦᠪᠰᠢᠨ ᠤ ᠪᠠᠶᠢᠴᠠᠭᠠᠯᠲᠠ ᠬᠢᠨ᠎ᠡ
ᠨᠡᠶᠢᠲᠡᠯᠡᠭᠰᠡᠨ ᠴᠠᠭ᠄
2023/10/30
     ᠣᠯᠠᠨ ᠲᠦᠮᠡᠨ ᠤ ᠡᠮ ᠬᠡᠷᠡᠭᠯᠡᠬᠦ ᠠᠮᠤᠷ ᠲᠦᠪᠰᠢᠨ ᠢ ᠦᠨᠡᠨ ᠬᠦ ᠰᠠᠶᠢᠲᠤᠷ ᠰᠠᠬᠢᠨ ᠬᠠᠮᠠᠭᠠᠯᠠᠵᠤ᠂ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢᠨ ᠣᠶᠢᠯᠠᠭᠠᠭᠳᠠᠬᠤᠨ ᠢ ᠪᠠᠲᠤ ᠡᠵᠡᠮᠰᠢᠨ᠂ ᠡᠮ ᠤᠨ ᠳᠡᠯᠭᠡᠭᠦᠷ ᠤᠨ ᠪᠣᠷᠤᠯᠠᠭᠤᠯᠭ᠎ᠠ ᠶᠢᠨ ᠬᠤᠭᠤᠴᠠᠭ᠎ᠠ ᠨᠢ ᠥᠩᠭᠡᠷᠡᠭᠰᠡᠨ᠂ ᠬᠠᠭᠤᠷᠮᠠᠭ ᠮᠠᠭᠤ ᠡᠮ ᠤᠨ ᠵᠦᠢᠯ ᠳᠤ ᠴᠢᠩᠭ᠎ᠠ ᠴᠣᠬᠢᠯᠲᠠ ᠥᠭᠬᠦ ᠶᠢᠨ ᠲᠥᠯᠥᠭᠡ᠂ 10 ᠰᠠᠷ᠎ᠠ ᠶᠢᠨ 25᠎ ᠤ ᠡᠳᠦᠷ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠷᠠᠳ ᠤᠨ ᠴᠠᠭᠳᠠᠭ᠎ᠠ ᠠᠴᠠ ᠬᠠᠷᠢᠶᠠᠲᠤ ᠣᠷᠣᠨ ᠤ ᠡᠮ ᠤᠨ ᠳᠡᠯᠭᠡᠭᠦᠷ ᠵᠢᠴᠢ ᠡᠮ ᠤᠨ ᠵᠦᠢᠯ ᠤᠨ ᠬᠥᠮᠥᠷᠭᠡ ᠳᠤ ᠬᠠᠤᠯᠢ ᠶᠣᠰᠣᠭᠠᠷ ᠪᠠᠶᠢᠴᠠᠭᠠᠯᠲᠠ ᠬᠢᠪᠡ᠃     ᠪᠠᠶᠢᠴᠠᠭᠠᠯᠲᠠ ᠶᠢᠨ ᠳᠤᠮᠳᠠ᠂ ᠠᠵᠢᠯᠲᠠᠳ ᠬᠠᠷᠢᠶ᠎ᠠ ᠣᠷᠣᠨ ᠤ ᠪᠠᠨ ᠳᠣᠲᠣᠷᠠᠬᠢ ᠭᠤᠷᠪᠠᠨ ᠲᠣᠮᠣ ᠡᠮ ᠤᠨ ᠳᠡᠯᠭᠡᠭᠦᠷ ᠤᠨ ᠡᠮ ᠬᠤᠳᠠᠯᠳᠤᠨ ᠠᠪᠤᠭᠰᠠᠨ ᠫᠢᠶᠣᠣ ᠪᠠᠷᠢᠮᠲᠠ᠂ ᠳᠡᠯᠭᠡᠭᠦᠷ ᠲᠠᠬᠢ ᠡᠷᠡᠭᠦᠯᠵᠢᠯ ᠤᠨ ᠡᠳ᠋᠂ ᠡᠮ ᠤᠨ ᠳᠡᠯᠭᠡᠭᠦᠷ ᠲᠠᠬᠢ ᠡᠮ ᠬᠠᠳᠠᠭᠠᠯᠠᠬᠤ ᠬᠥᠮᠥᠷᠭᠡ᠂ ᠡᠮ ᠤᠨ ᠵᠦᠢᠯ ᠤᠨ ᠲᠥᠷᠥᠯ ᠵᠦᠢᠯ ᠪᠠ ᠡᠮ ᠤᠨ ᠵᠦᠢᠯ ᠤᠨ ᠬᠦᠴᠦᠨ ᠲᠠᠢ ᠬᠤᠭᠤᠴᠠᠭ᠎ᠠ ᠳᠤ ᠭᠤᠣᠯᠳᠠᠯᠭ᠎ᠠ ᠲᠠᠢ ᠪᠠᠷ ᠪᠠᠶᠢᠴᠠᠭᠠᠯᠲᠠ ᠬᠢᠵᠦ᠂ ᠣᠯᠵᠤ ᠮᠡᠳᠡᠭᠰᠡᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠠᠰᠠᠭᠤᠳᠠᠯ ᠢ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠪᠠ᠃     ᠲᠣᠰ ᠤᠳᠠᠭᠠᠨ ᠤ ᠪᠠᠶᠢᠴᠠᠭᠠᠯᠲᠠ ᠪᠠᠷ ᠳᠡᠮᠵᠢᠨ᠂ ᠬᠠᠷᠢᠶᠠᠲᠤ ᠣᠷᠣᠨ ᠤ ᠡᠮ ᠤᠨ ᠵᠦᠢᠯ ᠤᠨ ᠡᠵᠡᠩᠨᠡᠯᠲᠡ ᠶᠢᠨ ᠦᠶᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠥᠷᠭᠡᠨ ᠣᠯᠠᠨ ᠲᠦᠮᠡᠨ ᠳᠤ ᠡᠮ ᠬᠡᠷᠡᠭᠯᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠣᠷᠣᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠢᠨ ᠬᠢᠨᠠᠯᠲᠠ ᠲᠠᠯᠪᠢᠵᠤ ᠪᠠᠶᠢᠴᠠᠭᠠᠬᠤ ᠤᠳᠠᠭ᠎ᠠ ᠪᠠ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠯᠠᠨ ᠲᠦᠮᠡᠨ ᠤ ᠡᠮ ᠬᠡᠷᠡᠭᠯᠡᠬᠦ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号