ᠣᠶᠢᠷ᠎ᠠ ᠳᠤ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠪᠣᠯᠣᠨ ᠡᠳ᠋ ᠤᠨ ᠵᠠᠰᠠᠭ ᠤᠨ ᠶᠠᠮᠤᠨ | ᠬᠠᠮᠲᠤᠷᠠᠨ ︽2022 ᠣᠨ ᠤ ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠳᠠᠯ ᠤᠨ ᠣᠷᠣᠭᠤᠯᠤᠯᠲᠠ ᠶᠢᠨ ᠪᠦᠷᠢᠳᠬᠡᠯ ᠤᠨ ᠠᠯᠪᠠᠨ ᠮᠡᠳᠡᠭᠡ | ︾ ᠶᠢ ᠨᠡᠶᠢᠲᠡᠯᠡᠪᠡ᠂ ︽ᠠᠯᠪᠠᠨ ᠮᠡᠳᠡᠭᠡ︾ ᠳᠤ ᠢᠯᠡᠷᠡᠭᠦᠯᠦᠭᠰᠡᠨ ᠢᠶᠠᠷ᠂ 2022 ᠣᠨ ᠳᠤ᠂ ᠥᠪᠥᠷ ᠮᠣᠩᠭᠤᠯ ᠤᠨ ᠪᠥᠬᠦ ᠨᠡᠶᠢᠭᠡᠮ ᠤᠨ ᠰᠤᠳᠤᠯᠭᠠᠨ ᠪᠠ | ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠣᠷᠣᠭᠤᠯᠤᠯᠲᠠ 209.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 10.21% ᠪᠠᠷ ᠨᠡᠮᠡᠭᠳᠡᠨ᠂ ᠪᠥᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 0.11% ᠪᠠᠷ ᠥᠨᠳᠥᠷ ᠪᠣᠯᠵᠤ᠂ | ᠦᠷᠭᠦᠯᠵᠢᠯᠡᠨ ᠲᠣᠭᠲᠠᠭᠤᠨ ᠢᠶᠠᠷ ᠳᠡᠭᠡᠭᠰᠢᠯᠡᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠶᠢᠨ ᠪᠣᠭᠤᠮᠲᠠ | ᠰᠢᠪᠲᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ︵2021 2025 ᠣᠨ︶︾ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠨᠢ ᠲᠦᠷᠦᠭᠦᠯᠡᠬᠦ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠡᠯ᠎ᠡ | ᠠᠶᠢᠮᠠᠭ ᠬᠤᠲᠠ᠂ ᠡᠯ᠎ᠡ ᠰᠠᠯᠠᠭ᠎ᠠ ᠮᠥᠴᠢᠷ ᠤᠨ ᠬᠠᠮᠲᠤᠪᠠᠷ ᠬᠦᠴᠦᠯᠡᠬᠦ᠂ ᠬᠠᠮᠵᠢᠯᠴᠠᠨ ᠬᠠᠮᠲᠤᠷᠠᠯᠴᠠᠬᠤ ᠶᠢ ᠠᠬᠢᠭᠤᠯᠵᠤ᠂ ︽ᠵᠠᠰᠠᠭ ᠤᠨ ᠣᠷᠳᠣᠨ ᠤ ᠪᠡᠯᠡ | ᠮᠥᠩᠭᠦ ᠪᠠᠷ ᠬᠥᠲᠥᠯᠥᠨ ᠵᠢᠯᠤᠭᠤᠳᠬᠤ + ᠠᠵᠤ ᠠᠬᠤᠶᠢᠯᠠᠯ ᠤᠨ ᠣᠷᠣᠭᠤᠯᠤᠯᠲᠠ ᠶᠢᠨ ᠭᠤᠣᠯ ᠴᠣᠭᠴᠠ + ᠪᠥᠬᠦ ᠨᠡᠶᠢᠭᠡᠮ ᠢᠶᠠᠷ ᠢᠶᠠᠨ ᠣᠯᠠᠨ ᠡᠰᠢᠴᠢᠯᠡᠨ | ᠣᠷᠣᠯᠴᠠᠬᠤ︾ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠰᠢᠰᠲ᠋ᠧᠮᠵᠢ ᠶᠢ ᠴᠢᠷᠮᠠᠶᠢᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠴᠢᠳᠠᠪᠤᠷᠢ ᠶᠢ ᠦᠷᠭᠦᠯᠵᠢᠯᠡᠨ ᠴᠢᠩᠭᠠᠷᠠᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠨ᠎ᠠ᠃ ᠡᠨᠡ ᠵᠢᠯ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ | ᠡᠳ᠋ ᠤᠨ ᠵᠠᠰᠠᠭ ᠤᠨ ᠲᠥᠰᠥᠪ ᠲᠤ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ ᠶᠢ 28.8 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠠᠳᠠᠯᠢ | ᠬᠤᠭᠤᠴᠠᠭᠠᠨ ᠤ ᠬᠢ ᠠᠴᠠ 20% ᠪᠠᠷ ᠨᠡᠮᠡᠭᠳᠡᠪᠡ᠃ 8 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠡᠳ᠋ ᠤᠨ ᠵᠠᠰᠠᠭ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠵᠠᠷᠤᠯᠭ᠎ᠠ 42.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 124.3% ᠨᠡᠮᠡᠭᠳᠡᠪᠡ᠃ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠨᠢ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠣᠷᠣᠭᠤᠯᠤᠯᠲᠠ ᠶᠢᠨ ᠬᠠᠨᠳᠤᠰᠢ ᠶᠢ ᠦᠷᠭᠦᠯᠵᠢᠯᠡᠨ ᠰᠢᠯᠢᠳᠡᠭᠵᠢᠭᠦᠯᠵᠦ᠂ ︽ᠵᠠᠷᠯᠠᠨ ᠮᠠᠩᠯᠠᠶᠢᠯᠠᠭᠤᠯᠬᠤ︾ ︽ | ᠮᠣᠷᠢ ᠤᠷᠤᠯᠳᠤᠬᠤ ᠳᠦᠷᠢᠮ︾ ᠤᠨ ᠠᠷᠭ᠎ᠠ ᠮᠠᠶ᠋ᠢᠭ ᠢ ᠬᠡᠷᠡᠭᠯᠡᠨ᠂ 38 ᠵᠦᠢᠯ ᠤᠨ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ᠂ ᠡᠭᠦᠯᠳᠡᠷ ᠤᠨ ᠦᠢᠯᠡᠰ᠂ | ︽ᠬᠤᠣᠰ ᠨᠡᠭᠦᠷᠡᠰᠦᠲᠥ᠋ᠷᠥᠭᠴᠢ︾ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠢ | ᠬᠡᠷᠡᠭᠵᠢᠭᠦᠯᠵᠦ᠂ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠥᠪᠥᠷ ᠮᠣᠩᠭᠤᠯ ᠤᠨ ᠲᠤᠷᠰᠢᠯᠲᠠ ᠶᠢᠨ ᠲᠠᠰᠤᠭ ᠵᠡᠷᠭᠡ ᠥᠨᠳᠥᠷ ᠡᠨᠧᠷᠭᠢ ᠶᠢᠨ | ᠲᠠᠰ ᠤᠨ ᠲᠠᠪᠴᠠᠩ ᠤᠨ 11.3 ᠳ᠋ᠦᠩᠰᠢᠭᠤᠷ ᠲᠥᠭᠦᠷᠢᠭ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠪᠡᠯᠡ ᠮᠥᠩᠭᠦ ᠶᠢᠨ ᠡᠵᠡᠯᠡᠬᠦ ᠬᠠᠷᠢᠴᠠᠯ ᠨᠢ | 53% ᠬᠦᠷᠴᠦ᠂ ᠠᠶᠢᠮᠠᠭ ᠬᠤᠲᠠ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ 11.21 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠪᠠ᠃ | |