ᠵᠠᠮ ᠤᠨ ᠠᠮᠤᠷ ᠲᠦᠪᠰᠢᠨ ᠤ ᠬᠡᠮ ᠰᠣᠭᠤᠭ ᠢ ᠪᠥᠬᠦ ᠬᠦᠴᠦᠨ ᠢᠶᠠᠷ ᠢᠶᠠᠨ ᠵᠢᠭᠰᠠᠭᠠᠨ ᠪᠠᠶᠢᠴᠠᠭᠠᠵᠤ᠂ | ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠡᠬᠢ ᠡᠭᠦᠰᠦᠯ ᠤᠨ ᠬᠠᠮᠢᠶᠠᠷᠤᠯᠲᠠ ᠶᠢ ᠴᠢᠩᠭᠠᠳᠬᠠᠨ᠂ ᠵᠠᠮ | ᠬᠠᠷᠢᠯᠴᠠᠭᠠᠨ ᠤ ᠠᠳᠡᠯ ᠭᠠᠷᠬᠤ ᠶᠢ ᠡᠬᠢ ᠡᠭᠦᠰᠦᠯ ᠠᠴᠠ ᠨᠢ ᠰᠡᠷᠭᠡᠶᠢᠯᠡᠬᠦ ᠪᠠ ᠪᠠᠭᠠᠰᠬᠠᠬᠤ ᠶᠢᠨ ᠲᠥᠯᠥᠭᠡ᠂ 11 | ᠰᠠᠷ᠎ᠠ ᠶᠢᠨ 9 ᠤ ᠡᠳᠦᠷ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠵᠠᠮ ᠲᠡᠭᠡᠭᠡᠪᠦᠷᠢ ᠶᠢᠨ ᠰᠠᠯᠠᠭ᠎ᠠ ᠮᠥᠴᠢᠷ ᠲᠠᠢ ᠬᠠᠮᠲᠤᠷᠠᠨ ᠬᠠᠷᠢᠶ᠎ᠠ | ᠣᠷᠣᠨ ᠤ ᠨᠡᠶᠢᠲᠡ ᠶᠢᠨ ᠵᠠᠮ ᠬᠠᠷᠢᠯᠴᠠᠭᠠᠨ ᠤ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠳᠤ ᠬᠦᠷᠴᠦ | ᠪᠠᠶᠢᠴᠠᠭᠠᠬᠤ᠃ | ᠪᠠᠶᠢᠴᠠᠭᠠᠬᠤ ᠶᠠᠪᠤᠴᠠ ᠳᠤ᠂ ᠠᠷᠠᠳ ᠤᠨ ᠴᠠᠭᠳᠠᠭ᠎ᠠ ᠪᠣᠯᠣᠨ ᠵᠠᠮ ᠲᠡᠭᠡᠭᠡᠪᠦᠷᠢ ᠶᠢᠨ ᠰᠠᠯᠠᠭ᠎ᠠ ᠮᠥᠴᠢᠷ ᠤᠨ | ᠠᠵᠢᠯᠲᠠᠨ ᠲᠣᠰ ᠠᠵᠤ ᠠᠬᠤᠶᠢᠯᠠᠯ ᠤᠨ ᠳᠣᠲᠣᠭᠠᠳᠤ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠵᠢᠴᠢ | ᠲᠡᠷᠭᠡ ᠬᠥᠰᠬᠡ ᠶᠢᠨ ᠳᠠᠭᠠᠳᠬᠠᠯ᠂ ᠲᠡᠷᠭᠡᠨ ᠳᠣᠲᠣᠷᠠᠬᠢ ᠭᠠᠯ ᠤᠨᠲᠠᠷᠠᠭᠠᠭᠤᠷ ᠤᠨ ᠲᠣᠬᠢᠷᠠᠭᠤᠯᠤᠯᠲᠠ᠂ ᠲᠡᠷᠭᠡ | ᠬᠥᠰᠬᠡ ᠶᠢᠨ ᠳᠠᠩᠰᠠᠯᠠᠯᠲᠠ᠂ ᠵᠢᠯᠣᠭᠤᠴᠢ ᠶᠢᠨ ᠲᠠᠩᠰᠠ ᠡᠪᠬᠡᠮᠡᠯ᠂ ᠵᠢᠯᠣᠭᠤᠴᠢ ᠶᠢᠨ ᠠᠮᠤᠷ ᠲᠦᠪᠰᠢᠨ ᠤ | ᠰᠤᠷᠤᠯᠴᠠᠯᠭ᠎ᠠ᠂ ᠲᠡᠷᠭᠡ ᠬᠥᠰᠬᠡ ᠶᠢᠨ ᠠᠮᠤᠷ ᠲᠦᠪᠰᠢᠨ ᠤ ᠰᠢᠯᠭᠠᠨ ᠪᠠᠶᠢᠴᠠᠭᠠᠯᠲᠠ ᠵᠡᠷᠭᠡ ᠦᠨᠳᠦᠰᠦᠨ ᠡᠬᠡ | ᠲᠠᠩᠰᠠ ᠶᠢ ᠭᠤᠣᠯᠳᠠᠯᠭ᠎ᠠ ᠲᠠᠢ ᠪᠠᠶᠢᠴᠠᠭᠠᠪᠠ᠃ ᠣᠳᠣᠬᠠᠨ ᠳᠤ ᠪᠠᠶᠢᠴᠠᠭᠠᠵᠤ ᠭᠠᠷᠭᠠᠭᠰᠠᠨ ᠨᠡᠶᠢᠲᠡ ᠶᠢᠨ ᠮᠠᠰᠢᠨ | ᠲᠡᠷᠭᠡᠨ ᠤ ᠺᠣᠮᠫᠠᠨᠢ ᠶᠢᠨ ᠨᠡᠷ᠎ᠡ ᠳᠣᠣᠷ᠎ᠠ ᠬᠠᠷᠢᠶᠠᠯᠠᠭᠳᠠᠬᠤ ᠮᠠᠰᠢᠨ ᠲᠡᠷᠭᠡᠨ ᠤ ᠳᠣᠲᠣᠷᠠᠬᠢ 8 ᠲᠡᠷᠭᠡᠨ ᠤ ᠪᠠᠶᠢᠳᠠᠯ | ᠨᠢ ᠨᠢᠭᠡᠨᠲᠡ ᠬᠡᠷᠡᠭᠯᠡᠭᠡᠨ ᠠᠴᠠ ᠭᠠᠷᠭᠠᠬᠤ ᠪᠠᠷᠢᠮᠵᠢᠶ᠎ᠠ ᠳᠤ ᠬᠦᠷᠦᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠲᠡᠭᠦᠨ ᠳᠤ | ᠣᠷᠣᠰᠢᠵᠤ ᠪᠠᠶᠢᠭ᠎ᠠ ᠬᠦᠨᠳᠦ ᠶᠡᠭᠡ ᠠᠮᠤᠷ ᠲᠦᠪᠰᠢᠨ ᠤ ᠬᠡᠮ ᠰᠣᠭᠤᠭ ᠢ ᠲᠣᠳᠣᠷᠬᠠᠶᠢᠯᠠᠬᠤ ᠶᠢᠨ ᠬᠠᠮᠲᠤ ᠵᠠᠮ | ᠬᠠᠷᠢᠯᠴᠠᠭᠠᠨ ᠤ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ | ᠪᠠᠭᠤᠯᠭᠠᠵᠤ᠂ ᠲᠣᠰ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠢ | ᠣᠯᠣᠭᠰᠠᠨ ᠤ ᠳᠠᠷᠠᠭ᠎ᠠ ᠲᠡᠷᠡ ᠳᠠᠷᠤᠢ ᠳᠤᠨᠢ ᠴᠡᠭᠴᠡᠯᠡᠨ ᠵᠠᠰᠠᠵᠤ᠂ ᠳᠣᠲᠣᠭᠠᠳᠤ ᠶᠢ ᠬᠠᠮᠠᠭᠠᠯᠠᠬᠤ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠷᠤᠢ ᠲᠦᠷᠭᠡᠨ ᠬᠦᠷᠴᠦ ᠬᠡᠷᠡᠭᠯᠡᠭᠡᠨ ᠠᠴᠠ | ᠭᠠᠷᠭᠠᠭᠰᠠᠨ ᠲᠡᠷᠭᠡ ᠶᠢ ᠬᠦᠴᠦᠨ ᠦᠭᠡᠢ ᠪᠣᠯᠭᠠᠬᠤ ᠭᠠᠷ ᠭᠦᠢᠴᠡᠳᠬᠡᠯ ᠢ ᠭᠦᠢᠴᠡᠳᠬᠡᠵᠦ᠂ ᠠᠮᠤᠷ ᠲᠦᠪᠰᠢᠨ ᠤ | ᠬᠡᠮ ᠰᠣᠭᠤᠭ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ ᠭᠡᠵᠦ ᠱᠠᠭᠠᠷᠳᠠᠵᠠᠢ᠃ | ᠡᠭᠦᠨ ᠤ ᠵᠡᠷᠭᠡ ᠳᠤ᠂ ᠠᠷᠠᠳ ᠤᠨ ᠴᠠᠭᠳᠠᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠵᠢᠯᠣᠭᠤᠴᠢ | ᠶᠢᠨ ᠠᠮᠤᠷ ᠲᠦᠪᠰᠢᠨ ᠤ ᠲᠤᠬᠠᠢ ᠬᠥᠮᠦᠵᠢᠯ ᠢ ᠴᠢᠩᠭᠠᠳᠬᠠᠵᠤ᠂ ᠵᠢᠯᠣᠭᠤᠴᠢ ᠶᠢ ᠡᠷᠬᠡᠪᠰᠢ ᠪᠦᠬᠦ ᠶᠠᠪᠤᠴᠠ ᠳᠤ | ᠠᠮᠤᠷ ᠲᠦᠪᠰᠢᠨ ᠤ ᠪᠦᠰᠡ ᠪᠠᠨ ᠪᠦᠰᠡᠯᠡᠵᠦ᠂ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠢ | ᠭᠡᠵᠦ ᠱᠠᠭᠠᠷᠳᠠᠵᠠᠢ᠃ ᠡᠭᠦᠨ ᠤ ᠬᠠᠮᠲᠤ᠂ ᠠᠵᠤ ᠠᠬᠤᠶᠢᠯᠠᠯ ᠤᠨ ᠬᠠᠮᠢᠶᠠᠷᠤᠭᠴᠢ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠬᠤ ᠶᠢ ᠠᠵᠤ ᠠᠬᠤᠶᠢᠯᠠᠯ ᠤᠨ ᠵᠢᠯᠣᠭᠤᠴᠢ ᠶᠢᠨ ᠰᠥᠷᠴᠦ ᠶᠠᠪᠤᠬᠤ᠂ | ᠤᠯᠠᠭᠠᠨ ᠳ᠋ᠧᠩ ᠠᠴᠠ ᠵᠥᠷᠢᠴᠡᠬᠦ᠂ ᠠᠷᠢᠬᠢ ᠤᠤᠭᠤᠵᠤ ᠰᠣᠭᠲᠣᠭᠤ ᠪᠠᠷ ᠲᠡᠷᠭᠡ ᠵᠢᠯᠤᠭᠤᠳᠬᠤ᠂ ᠶᠠᠳᠠᠷᠠᠭᠤ ᠪᠠᠷ | ᠲᠡᠷᠭᠡ ᠵᠢᠯᠤᠭᠤᠳᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠭᠠᠷᠬᠤ ᠶᠢ | ᠴᠢᠩᠭ᠎ᠠ ᠴᠠᠭᠠᠵᠠᠯᠠᠵᠤ᠂ ᠴᠠᠭ ᠠᠭᠤᠷ ᠤᠨ ᠪᠠᠶᠢᠳᠠᠯ ᠳᠣᠣᠷ᠎ᠠ ᠲᠡᠷᠭᠡ ᠵᠢᠯᠤᠭᠤᠳᠬᠤ ᠳᠤ ᠠᠩᠬᠠᠷᠬᠤ ᠵᠦᠢᠯᠡᠰ ᠪᠠ | ᠠᠷᠭᠠᠴᠠᠬᠤ ᠠᠷᠭ᠎ᠠ ᠬᠡᠮᠵᠢᠶ᠎ᠡ ᠶᠢ ᠪᠣᠯᠪᠠᠰᠤᠷᠠᠭᠤᠯᠬᠤ ᠶᠢ ᠴᠢᠩᠭᠠᠳᠬᠠᠨ᠂ ᠵᠢᠯᠣᠭᠤᠴᠢ ᠶᠢᠨ ᠵᠠᠮ ᠬᠠᠷᠢᠯᠴᠠᠭᠠᠨ ᠤ | ᠳᠦᠷᠢᠮ ᠢ ᠵᠢᠷᠤᠮᠯᠠᠬᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠠᠶᠠᠨᠴᠢᠳ ᠤᠨ ᠠᠮᠢ ᠨᠠᠰᠤᠨ ᠤ ᠠᠮᠤᠷ | ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠤ᠂ ᠪᠣᠯᠪᠠᠰᠤᠨ ᠲᠡᠷᠭᠡ ᠵᠢᠯᠤᠭᠤᠳᠴᠤ᠂ ᠠᠮᠤᠷ ᠲᠦᠪᠰᠢᠨ ᠵᠠᠮ ᠢᠶᠠᠷ | ᠶᠠᠪᠤᠬᠤ ᠬᠡᠷᠡᠭᠲᠡᠢ᠃ | | | | | | | | | | | | ᠁ |