ᠣᠷᠣᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠵᠠᠮ ᠲᠡᠭᠡᠭᠡᠪᠦᠷᠢ ᠶᠢᠨ ᠰᠠᠯᠠᠭ᠎ᠠ ᠮᠥᠴᠢᠷ ᠲᠠᠢ ᠬᠠᠮᠲᠤᠷᠠᠨ ᠬᠠᠷᠢᠶᠠᠲᠤ ᠣᠷᠣᠨ ᠤ ᠨᠡᠶᠢᠲᠡ ᠶᠢᠨ ᠵᠠᠮ ᠬᠠᠷᠢᠯᠴᠠᠭᠠᠨ ᠤ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠳᠤ ᠪᠠᠶᠢᠴᠠᠭᠠᠪᠠ
ᠨᠡᠶᠢᠲᠡᠯᠡᠭᠰᠡᠨ ᠴᠠᠭ᠄
2023/11/13
     ᠵᠠᠮ ᠤᠨ ᠠᠮᠤᠷ ᠲᠦᠪᠰᠢᠨ ᠤ ᠬᠡᠮ ᠰᠣᠭᠤᠭ ᠢ ᠪᠥᠬᠦ ᠬᠦᠴᠦᠨ ᠢᠶᠠᠷ ᠢᠶᠠᠨ ᠵᠢᠭᠰᠠᠭᠠᠨ ᠪᠠᠶᠢᠴᠠᠭᠠᠵᠤ᠂ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠡᠬᠢ ᠡᠭᠦᠰᠦᠯ ᠤᠨ ᠬᠠᠮᠢᠶᠠᠷᠤᠯᠲᠠ ᠶᠢ ᠴᠢᠩᠭᠠᠳᠬᠠᠨ᠂ ᠵᠠᠮ ᠬᠠᠷᠢᠯᠴᠠᠭᠠᠨ ᠤ ᠠᠳᠡᠯ ᠭᠠᠷᠬᠤ ᠶᠢ ᠡᠬᠢ ᠡᠭᠦᠰᠦᠯ ᠠᠴᠠ ᠨᠢ ᠰᠡᠷᠭᠡᠶᠢᠯᠡᠬᠦ ᠪᠠ ᠪᠠᠭᠠᠰᠬᠠᠬᠤ ᠶᠢᠨ ᠲᠥᠯᠥᠭᠡ᠂ 11 ᠰᠠᠷ᠎ᠠ ᠶᠢᠨ 9᠎ ᠤ ᠡᠳᠦᠷ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠵᠠᠮ ᠲᠡᠭᠡᠭᠡᠪᠦᠷᠢ ᠶᠢᠨ ᠰᠠᠯᠠᠭ᠎ᠠ ᠮᠥᠴᠢᠷ ᠲᠠᠢ ᠬᠠᠮᠲᠤᠷᠠᠨ ᠬᠠᠷᠢᠶ᠎ᠠ ᠣᠷᠣᠨ ᠤ ᠨᠡᠶᠢᠲᠡ ᠶᠢᠨ ᠵᠠᠮ ᠬᠠᠷᠢᠯᠴᠠᠭᠠᠨ ᠤ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠳᠤ ᠬᠦᠷᠴᠦ ᠪᠠᠶᠢᠴᠠᠭᠠᠪᠠ᠃     ᠪᠠᠶᠢᠴᠠᠭᠠᠬᠤ ᠶᠠᠪᠤᠴᠠ ᠳᠤ᠂ ᠠᠷᠠᠳ ᠤᠨ ᠴᠠᠭᠳᠠᠭ᠎ᠠ ᠪᠣᠯᠣᠨ ᠵᠠᠮ ᠲᠡᠭᠡᠭᠡᠪᠦᠷᠢ ᠶᠢᠨ ᠰᠠᠯᠠᠭ᠎ᠠ ᠮᠥᠴᠢᠷ ᠤᠨ ᠠᠵᠢᠯᠲᠠᠨ ᠲᠣᠰ ᠠᠵᠤ ᠠᠬᠤᠶᠢᠯᠠᠯ ᠤᠨ ᠳᠣᠲᠣᠭᠠᠳᠤ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠵᠢᠴᠢ ᠲᠡᠷᠭᠡ ᠬᠥᠰᠬᠡ ᠶᠢᠨ ᠳᠠᠭᠠᠳᠬᠠᠯ᠂ ᠲᠡᠷᠭᠡᠨ ᠳᠣᠲᠣᠷᠠᠬᠢ ᠭᠠᠯ ᠤᠨᠲᠠᠷᠠᠭᠠᠭᠤᠷ ᠤᠨ ᠲᠣᠬᠢᠷᠠᠭᠤᠯᠤᠯᠲᠠ᠂ ᠲᠡᠷᠭᠡ ᠬᠥᠰᠬᠡ ᠶᠢᠨ ᠳᠠᠩᠰᠠᠯᠠᠯᠲᠠ᠂ ᠵᠢᠯᠣᠭᠤᠴᠢ ᠶᠢᠨ ᠲᠠᠩᠰᠠ ᠡᠪᠬᠡᠮᠡᠯ᠂ ᠵᠢᠯᠣᠭᠤᠴᠢ ᠶᠢᠨ ᠠᠮᠤᠷ ᠲᠦᠪᠰᠢᠨ ᠤ ᠰᠤᠷᠤᠯᠴᠠᠯᠭ᠎ᠠ᠂ ᠲᠡᠷᠭᠡ ᠬᠥᠰᠬᠡ ᠶᠢᠨ ᠠᠮᠤᠷ ᠲᠦᠪᠰᠢᠨ ᠤ ᠰᠢᠯᠭᠠᠨ ᠪᠠᠶᠢᠴᠠᠭᠠᠯᠲᠠ ᠵᠡᠷᠭᠡ ᠦᠨᠳᠦᠰᠦᠨ ᠡᠬᠡ ᠲᠠᠩᠰᠠ ᠶᠢ ᠭᠤᠣᠯᠳᠠᠯᠭ᠎ᠠ ᠲᠠᠢ ᠪᠠᠶᠢᠴᠠᠭᠠᠪᠠ᠃ ᠣᠳᠣᠬᠠᠨ ᠳᠤ ᠪᠠᠶᠢᠴᠠᠭᠠᠵᠤ ᠭᠠᠷᠭᠠᠭᠰᠠᠨ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ ᠶᠢᠨ ᠨᠡᠷ᠎ᠡ ᠳᠣᠣᠷ᠎ᠠ ᠬᠠᠷᠢᠶᠠᠯᠠᠭᠳᠠᠬᠤ ᠮᠠᠰᠢᠨ ᠲᠡᠷᠭᠡᠨ ᠤ ᠳᠣᠲᠣᠷᠠᠬᠢ 8 ᠲᠡᠷᠭᠡᠨ ᠤ ᠪᠠᠶᠢᠳᠠᠯ ᠎ ᠨᠢ ᠨᠢᠭᠡᠨᠲᠡ ᠬᠡᠷᠡᠭᠯᠡᠭᠡᠨ ᠠᠴᠠ ᠭᠠᠷᠭᠠᠬᠤ ᠪᠠᠷᠢᠮᠵᠢᠶ᠎ᠠ ᠳᠤ ᠬᠦᠷᠦᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠲᠡᠭᠦᠨ ᠳᠤ ᠣᠷᠣᠰᠢᠵᠤ ᠪᠠᠶᠢᠭ᠎ᠠ ᠬᠦᠨᠳᠦ ᠶᠡᠭᠡ ᠠᠮᠤᠷ ᠲᠦᠪᠰᠢᠨ ᠤ ᠬᠡᠮ ᠰᠣᠭᠤᠭ ᠢ ᠲᠣᠳᠣᠷᠬᠠᠶᠢᠯᠠᠬᠤ ᠶᠢᠨ ᠬᠠᠮᠲᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠲᠣᠰ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠢ ᠣᠯᠣᠭᠰᠠᠨ ᠤ ᠳᠠᠷᠠᠭ᠎ᠠ ᠲᠡᠷᠡ ᠳᠠᠷᠤᠢ ᠳᠤᠨᠢ ᠴᠡᠭᠴᠡᠯᠡᠨ ᠵᠠᠰᠠᠵᠤ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠷᠤᠢ ᠲᠦᠷᠭᠡᠨ ᠬᠦᠷᠴᠦ ᠬᠡᠷᠡᠭᠯᠡᠭᠡᠨ ᠠᠴᠠ ᠭᠠᠷᠭᠠᠭᠰᠠᠨ ᠲᠡᠷᠭᠡ ᠶᠢ ᠬᠦᠴᠦᠨ ᠦᠭᠡᠢ ᠪᠣᠯᠭᠠᠬᠤ ᠭᠠᠷ ᠭᠦᠢᠴᠡᠳᠬᠡᠯ ᠢ ᠭᠦᠢᠴᠡᠳᠬᠡᠵᠦ᠂ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ ᠭᠡᠵᠦ ᠱᠠᠭᠠᠷᠳᠠᠵᠠᠢ᠃     ᠡᠭᠦᠨ ᠤ ᠵᠡᠷᠭᠡ ᠳᠤ᠂ ᠠᠷᠠᠳ ᠤᠨ ᠴᠠᠭᠳᠠᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ  ᠎ ᠢ ᠵᠢᠯᠣᠭᠤᠴᠢ  ᠎ ᠶᠢᠨ ᠠᠮᠤᠷ ᠲᠦᠪᠰᠢᠨ ᠤ ᠲᠤᠬᠠᠢ ᠬᠥᠮᠦᠵᠢᠯ  ᠎ ᠢ ᠴᠢᠩᠭᠠᠳᠬᠠᠵᠤ᠂ ᠵᠢᠯᠣᠭᠤᠴᠢ  ᠎ ᠶᠢ ᠡᠷᠬᠡᠪᠰᠢ ᠪᠦᠬᠦ ᠶᠠᠪᠤᠴᠠ ᠳᠤ ᠠᠮᠤᠷ ᠲᠦᠪᠰᠢᠨ ᠤ ᠪᠦᠰᠡ ᠪᠠᠨ ᠪᠦᠰᠡᠯᠡᠵᠦ᠂ ᠠᠮᠤᠷ ᠲᠦᠪᠰᠢᠨ  ᠎ ᠢ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠢ ᠭᠡᠵᠦ ᠱᠠᠭᠠᠷᠳᠠᠵᠠᠢ᠃ ᠡᠭᠦᠨ ᠤ ᠬᠠᠮᠲᠤ᠂ ᠠᠵᠤ ᠠᠬᠤᠶᠢᠯᠠᠯ ᠤᠨ ᠬᠠᠮᠢᠶᠠᠷᠤᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠬᠤ  ᠶᠢ ᠠᠵᠤ ᠠᠬᠤᠶᠢᠯᠠᠯ ᠤᠨ ᠵᠢᠯᠣᠭᠤᠴᠢ ᠶᠢᠨ ᠰᠥᠷᠴᠦ ᠶᠠᠪᠤᠬᠤ᠂ ᠤᠯᠠᠭᠠᠨ ᠳ᠋ᠧᠩ ᠠᠴᠠ ᠵᠥᠷᠢᠴᠡᠬᠦ᠂ ᠠᠷᠢᠬᠢ ᠤᠤᠭᠤᠵᠤ ᠰᠣᠭᠲᠣᠭᠤ ᠪᠠᠷ ᠲᠡᠷᠭᠡ ᠵᠢᠯᠤᠭᠤᠳᠬᠤ᠂ ᠶᠠᠳᠠᠷᠠᠭᠤ ᠪᠠᠷ ᠲᠡᠷᠭᠡ ᠵᠢᠯᠤᠭᠤᠳᠬᠤ ᠵᠡᠷᠭᠡ ᠵᠠᠮ ᠬᠠᠷᠢᠯᠴᠠᠭᠠᠨ ᠤ ᠬᠠᠤᠯᠢ  ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠭᠠᠷᠬᠤ ᠶᠢ ᠴᠢᠩᠭ᠎ᠠ ᠴᠠᠭᠠᠵᠠᠯᠠᠵᠤ᠂ ᠴᠠᠭ ᠠᠭᠤᠷ ᠤᠨ ᠪᠠᠶᠢᠳᠠᠯ ᠳᠣᠣᠷ᠎ᠠ ᠲᠡᠷᠭᠡ ᠵᠢᠯᠤᠭᠤᠳᠬᠤ ᠳᠤ ᠠᠩᠬᠠᠷᠬᠤ ᠵᠦᠢᠯᠡᠰ ᠪᠠ ᠠᠷᠭᠠᠴᠠᠬᠤ ᠠᠷᠭ᠎ᠠ ᠬᠡᠮᠵᠢᠶ᠎ᠡ ᠶᠢ ᠪᠣᠯᠪᠠᠰᠤᠷᠠᠭᠤᠯᠬᠤ ᠶᠢ ᠴᠢᠩᠭᠠᠳᠬᠠᠨ᠂ ᠵᠢᠯᠣᠭᠤᠴᠢ ᠶᠢᠨ ᠵᠠᠮ ᠬᠠᠷᠢᠯᠴᠠᠭᠠᠨ ᠤ ᠳᠦᠷᠢᠮ ᠢ ᠵᠢᠷᠤᠮᠯᠠᠬᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠠᠶᠠᠨᠴᠢᠳ ᠤᠨ ᠠᠮᠢ ᠨᠠᠰᠤᠨ ᠤ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠤ᠂ ᠪᠣᠯᠪᠠᠰᠤᠨ ᠲᠡᠷᠭᠡ ᠵᠢᠯᠤᠭᠤᠳᠴᠤ᠂ ᠠᠮᠤᠷ ᠲᠦᠪᠰᠢᠨ ᠵᠠᠮ ᠢᠶᠠᠷ ᠶᠠᠪᠤᠬᠤ ᠬᠡᠷᠡᠭᠲᠡᠢ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号