ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠤ ︽ᠰᠢᠨ᠎ᠡ ᠭᠡᠷ︾! ᠪᠠᠢ ᠯᠢᠩ ᠨᠡᠶᠢᠭᠡᠮ ᠲᠣᠭᠤᠷᠢᠭ ᠤᠨ ᠪᠠᠭᠠᠴᠤᠳ ᠤᠨ ᠠᠵᠢᠯ ᠤᠨ ᠵᠥᠪᠯᠡᠯ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2023/11/16
     ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠪᠠᠭᠠᠴᠤᠳ ᠬᠡᠦᠬᠡᠳ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢᠨ ᠲᠥᠯᠥᠭᠡ᠂ ︽ᠰᠢᠨ᠎ᠡ ᠴᠠᠭ ᠦᠶ᠎ᠡ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠯ︾ ︽ᠰᠢᠨ᠎ᠡ ᠴᠠᠭ ᠦᠶ᠎ᠡ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠨᠡᠶᠢᠭᠡᠮᠴᠢᠯᠡᠭᠰᠡᠨ ᠠᠵᠢᠯ ᠤᠨ ᠰᠢᠰᠲ᠋ᠥᠮ ᠢ ᠪᠠᠶᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠵᠢᠴᠢ ︽ᠬᠤᠶᠠᠷ ᠢ ᠪᠠᠭᠠᠰᠬᠠᠬᠤ︾ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠰᠤᠷᠭᠠᠭᠤᠯᠢ ᠶᠢᠨ ᠭᠠᠳᠠᠨᠠᠬᠢ ᠵᠣᠬᠢᠶᠠᠨ ᠪᠠᠶᠢᠭᠤᠯᠤᠯᠲᠠ ᠶᠢᠨ ᠪᠦᠷᠬᠦᠯᠲᠡ ᠪᠠ ᠠᠵᠢᠯ ᠤᠨ ᠪᠦᠷᠬᠦᠯᠲᠡ ᠶᠢᠨ ᠪᠣᠳᠠᠲᠠᠢ ᠠᠷᠭ᠎ᠠ ᠬᠡᠮᠵᠢᠶ᠎ᠡ ᠶᠢ ᠥᠷᠭᠡᠳᠬᠡᠵᠦ᠂ 11 ᠰᠠᠷ᠎ᠠ ᠶᠢᠨ 14 ᠎ ᠤ ᠡᠳᠦᠷ᠂ ᠪᠠᠢ ᠯᠢᠩ ᠨᠡᠶᠢᠭᠡᠮ ᠲᠣᠭᠤᠷᠢᠭ ᠤᠨ ᠪᠠᠭᠠᠴᠤᠳ ᠤᠨ ᠬᠤᠰᠢᠭᠤᠴᠢ ᠠᠩᠭᠢ ᠶᠢᠨ ᠠᠩᠬᠠᠳᠤᠭᠠᠷ ᠬᠤᠭᠤᠴᠠᠭᠠᠨ ᠤ ᠠᠵᠢᠯ ᠤᠨ ᠵᠥᠪᠯᠡᠯ ᠪᠠᠶᠢᠭᠤᠯᠤᠭᠳᠠᠭᠰᠠᠨ ᠪᠥᠭᠡᠳ ᠠᠩᠬᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠵᠤ᠂ ᠶᠡᠭᠡ ᠬᠤᠷᠠᠯ ᠨᠢ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠪᠣᠯᠣᠨ ᠬᠠᠩᠭᠢᠨᠠᠮ᠎ᠠ ᠰᠠᠶᠢᠬᠠᠨ ᠠᠩᠭᠢ ᠶᠢᠨ ᠳᠠᠭᠤᠤ ᠶᠢᠨ ᠳᠤᠮᠳᠠ ᠬᠥᠰᠢᠭᠡ ᠪᠠᠨ ᠰᠡᠬᠦᠵᠦ᠂ ᠪᠠᠭᠠᠴᠤᠳ ᠤᠨ ᠬᠤᠰᠢᠭᠤᠴᠢ ᠠᠩᠭᠢ ᠶᠢᠨ ᠲᠥᠯᠥᠭᠡᠯᠡᠭᠴᠢ ᠡᠩ ᠲᠡᠷᠢᠭᠦᠨ ᠳᠤ ᠶᠡᠭᠡ ᠬᠤᠷᠠᠯ ᠳᠤ ᠪᠠᠶᠠᠷ ᠤᠨ ᠦᠭᠡ ᠬᠡᠯᠡᠵᠦ᠂ ᠢᠷᠡᠭᠡᠳᠦᠢ ᠶᠢᠨ ᠲᠤᠬᠠᠢ ᠰᠠᠶᠢᠨ ᠰᠠᠶᠢᠬᠠᠨ ᠵᠥᠩᠨᠡᠯ ᠪᠠ ᠬᠦᠰᠡᠯ ᠡᠷᠡᠮᠡᠯᠵᠡᠯ ᠢᠶᠠᠨ ᠢᠯᠡᠳᠬᠡᠪᠡ᠃ ᠪᠠᠢ ᠯᠢᠩ ᠨᠡᠶᠢᠭᠡᠮ ᠲᠣᠭᠤᠷᠢᠭ ᠤᠨ ᠲᠥᠯᠥᠭᠡᠯᠡᠭᠴᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠵᠣᠬᠢᠶᠠᠨ ᠪᠠᠶᠢᠭᠤᠯᠤᠯᠲᠠ ᠶᠢᠨ ᠢᠲᠡᠭᠡᠯ ᠪᠠ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠦᠰᠦᠨ ᠪᠣᠶᠢᠵᠢᠬᠤ ᠵᠠᠮ ᠳᠠᠬᠢ ᠰᠢᠯᠢᠳᠡᠭ ᠳᠠᠭᠠᠭᠤᠯᠤᠭᠴᠢ᠂ ᠵᠣᠬᠢᠶᠠᠨ ᠪᠠᠶᠢᠭᠤᠯᠤᠭᠴᠢ᠂ ᠦᠢᠯᠡᠴᠢᠯᠡᠭᠴᠢ ᠪᠣᠯᠬᠤ ᠪᠠᠷ ᠴᠢᠷᠮᠠᠶᠢᠨ᠎ᠠ ᠭᠡᠵᠦ ᠢᠯᠡᠳᠬᠡᠪᠡ᠃    ᠬᠤᠷᠠᠯ ᠳᠡᠭᠡᠷ᠎ᠡ᠂ ᠪᠠᠢ ᠯᠢᠩ ᠨᠡᠶᠢᠭᠡᠮ ᠲᠣᠭᠤᠷᠢᠭ ᠤᠨ ᠠᠵᠢᠯᠲᠠᠳ︽ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠪᠠᠢ ᠶᠦᠨ ᠣᠪᠣᠭ᠎ᠠ ᠠᠭᠤᠷᠬᠠᠢ ᠶᠢᠨ ᠣᠷᠣᠨ ᠤ ᠪᠠᠢ ᠯᠢᠩ ᠨᠡᠶᠢᠭᠡᠮ ᠲᠣᠭᠤᠷᠢᠭ ᠤᠨ ᠠᠩᠬᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ︵ᠲᠥᠰᠥᠯ︶︾ᠵᠢᠴᠢ ᠪᠠᠭᠠᠴᠤᠳ ᠤᠨ ᠬᠤᠰᠢᠭᠤᠴᠢ ᠠᠩᠭᠢ ᠶᠢᠨ ᠪᠠᠢ ᠯᠢᠩ ᠨᠡᠶᠢᠭᠡᠮ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠠᠵᠢᠯ ᠤᠨ ᠵᠥᠪᠯᠡᠯ ᠤᠨ ᠰᠣᠩᠭᠤᠨ ᠭᠠᠷᠭᠠᠭᠰᠠᠨ ᠨᠡᠷᠡᠰ ᠢ ᠤᠩᠰᠢᠨ ᠨᠡᠶᠢᠲᠡᠯᠡᠵᠦ᠂ ᠰᠢᠨ᠎ᠡ ᠨᠢᠭᠡ ᠬᠤᠭᠤᠴᠠᠭᠠᠨ ᠤ ᠨᠡᠶᠢᠭᠡᠮ ᠲᠣᠭᠤᠷᠢᠭ ᠤᠨ ᠪᠠᠭᠠᠴᠤᠳ ᠤᠨ ᠠᠵᠢᠯ ᠤᠨ ᠵᠥᠪᠯᠡᠯ ᠤᠨ ᠡᠷᠬᠢᠯᠡᠭᠴᠢ᠂ ᠪᠠᠶᠢᠩᠭᠤ ᠶᠢᠨ ᠳᠡᠳ᠋ ᠡᠷᠬᠢᠯᠡᠭᠴᠢ᠂ ᠳᠡᠳ᠋ ᠡᠷᠬᠢᠯᠡᠭᠴᠢ ᠵᠢᠴᠢ ᠭᠡᠰᠢᠭᠦᠨ ᠢ ᠰᠣᠩᠭᠤᠨ ᠭᠠᠷᠭᠠᠪᠠ᠃     ᠪᠠᠢ ᠯᠢᠩ ᠨᠡᠶᠢᠭᠡᠮ ᠲᠣᠭᠤᠷᠢᠭ ᠤᠨ ᠪᠠᠭᠠᠴᠤᠳ ᠤᠨ ᠠᠵᠢᠯ ᠤᠨ ᠵᠥᠪᠯᠡᠯ ᠤᠨ ᠡᠷᠬᠢᠯᠡᠭᠴᠢ ᠢᠯᠡᠷᠬᠡᠶᠢᠯᠡᠬᠦ ᠳᠡᠭᠡᠨ᠂ ᠰᠤᠷᠭᠠᠭᠤᠯᠢ ᠨᠤᠭᠤᠳ ᠪᠠᠭᠠᠴᠤᠳ ᠤᠨ ᠠᠵᠢᠯ ᠤᠨ ᠵᠥᠪᠯᠡᠯ ᠤᠨ ᠭᠡᠰᠢᠭᠦᠨ ᠨᠢᠭᠡᠴᠡ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠡᠷᠡᠭᠦᠯ ᠢᠶᠠᠷ ᠦᠰᠦᠨ ᠪᠣᠶᠢᠵᠢᠬᠤ ᠪᠠ ᠪᠠᠭᠠᠴᠤᠳ ᠤᠨ ᠬᠤᠰᠢᠭᠤᠴᠢ ᠠᠩᠭᠢ ᠶᠢᠨ ᠦᠢᠯᠡᠰ ᠤᠨ ᠬᠥᠭᠵᠢᠯᠲᠡ ᠳᠤ ᠨᠥᠬᠦᠴᠡᠯ ᠪᠦᠷᠢᠯᠳᠦᠭᠦᠯᠵᠦ ᠥᠭᠬᠦ ᠶᠢᠨ ᠬᠠᠮᠲᠤ ︽ᠰᠤᠷᠭᠠᠭᠤᠯᠢ ᠶᠢᠨ ᠳᠣᠲᠣᠷ᠎ᠠ + ᠰᠤᠷᠭᠠᠭᠤᠯᠢ ᠶᠢᠨ ᠭᠠᠳᠠᠨ᠎ᠠ︾ ᠬᠠᠮᠲᠤ ᠪᠠᠷ ᠬᠥᠮᠥᠵᠢᠭᠦᠯᠬᠦ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠰᠤᠷᠭᠠᠭᠤᠯᠢ ᠪᠠ ᠨᠡᠶᠢᠭᠡᠮ ᠲᠣᠭᠤᠷᠢᠭ ᠤᠨ ᠡᠯ᠎ᠡ ᠵᠦᠢᠯ ᠤᠨ ᠡᠬᠢ ᠪᠠᠶᠠᠯᠢᠭ ᠢ ᠭᠦᠢᠴᠡᠳ ᠠᠰᠢᠭᠯᠠᠨ ᠣᠯᠠᠨ ᠬᠡᠯᠪᠡᠷᠢ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠬᠦ ᠬᠡᠷᠡᠭᠲᠡᠢ ᠭᠡᠵᠡᠢ᠃ ᠡᠭᠦᠨ ᠤ ᠬᠠᠮᠲᠤ᠂ ᠨᠡᠶᠢᠭᠡᠮ ᠲᠣᠭᠤᠷᠢᠭ ᠤᠨ ᠬᠢᠨ ᠪᠠᠭᠠᠴᠤᠳ ᠤᠨ ᠬᠤᠰᠢᠭᠤᠴᠢ ᠠᠩᠭᠢ ᠶᠢᠨ ᠨᠡᠶᠢᠭᠡᠮᠴᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠳᠡᠮᠵᠢᠵᠦ᠂ ᠨᠡᠶᠢᠭᠡᠮ ᠲᠣᠭᠤᠷᠢᠭ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠠᠰᠢᠭᠲᠠᠢ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠤᠷᠭᠠᠭᠤᠯᠢ ᠶᠢᠨ ᠲᠠᠯ᠎ᠠ ᠶᠢᠨ ᠬᠢᠨ ᠲᠠᠢ ᠬᠠᠮᠵᠢᠯᠴᠠᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠢ ᠨᠡᠶᠢᠭᠡᠮ ᠲᠣᠭᠤᠷᠢᠭ ᠲᠤ ᠣᠷᠣᠭᠤᠯᠵᠤ᠂ ᠨᠡᠶᠢᠭᠡᠮ ᠤᠨ ᠰᠤᠷᠭᠠᠨ ᠬᠥᠮᠦᠵᠢᠯ ᠤᠨ ᠶᠡᠭᠡ ᠪᠠᠶᠢᠷᠢᠰᠢᠯ ᠳᠤ ᠠᠭᠤᠰᠤᠯᠴᠠᠭᠤᠯᠬᠤ     ᠳᠠᠷᠠᠭ᠎ᠠ ᠠᠯᠬᠤᠮ ᠳᠤ᠂ ᠪᠠᠢ ᠯᠢᠩ ᠨᠡᠶᠢᠭᠡᠮ ᠲᠣᠭᠤᠷᠢᠭ ᠤᠨ ᠪᠠᠭᠠᠴᠤᠳ ᠤᠨ ᠠᠵᠢᠯ ᠤᠨ ᠵᠥᠪᠯᠡᠯ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠦᠭᠡᠯᠡᠵᠦ᠂ ᠪᠠᠭᠠᠴᠤᠳ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠪᠠᠭᠠᠴᠤᠳ ᠬᠡᠦᠬᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ  ᠶᠢ ᠴᠢᠩᠭᠠᠳᠬᠠᠵᠤ᠂ ︽ᠬᠦᠰᠡᠯᠡᠩ ᠲᠠᠢ᠂ ᠶᠣᠰᠣ ᠮᠣᠷᠠᠯ ᠲᠠᠢ᠂ ᠰᠣᠶᠣᠯ ᠪᠣᠯᠪᠠᠰᠤᠷᠠᠯ ᠲᠠᠢ᠂ ᠰᠠᠬᠢᠯᠭ᠎ᠠ ᠪᠠᠲᠤ ᠲᠠᠢ︾ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠬᠥᠳᠡᠯᠮᠦᠷᠢ ᠪᠦᠬᠦ ᠲᠠᠯ᠎ᠠ  ᠪᠠᠷ ᠬᠥᠭᠵᠢᠭᠰᠡᠨ ᠨᠡᠶᠢᠭᠡᠮ ᠵᠢᠷᠤᠮ ᠤᠨ ᠬᠢᠷᠢ ᠲᠡᠩᠴᠡᠭᠰᠡᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠵᠦ᠂ ᠨᠡᠶᠢᠭᠡᠮ ᠲᠣᠭᠤᠷᠢᠭ ᠤᠨ ᠪᠠᠭᠠᠴᠤᠳ ᠤᠨ ᠠᠵᠢᠯ ᠤᠨ ᠵᠥᠪᠯᠡᠯ ᠢ ᠰᠤᠷᠭᠠᠨ ᠬᠥᠮᠦᠵᠢᠯ ᠢ ᠴᠢᠩᠭᠠᠳᠬᠠᠬᠤ ᠰᠤᠷᠭᠠᠭᠤᠯᠢ ᠶᠢᠨ ᠭᠠᠳᠠᠨᠠᠬᠢ ᠵᠢᠭᠰᠠᠭᠠᠯ ᠤᠨ ᠭᠠᠵᠠᠷ᠂ ᠡᠬᠢ ᠪᠠᠶᠠᠯᠢᠭ ᠢ ᠬᠤᠯᠪᠣᠬᠤ ᠵᠠᠩᠭᠢᠯᠠᠭ᠎ᠠ ᠶᠢᠨ ᠲᠠᠪᠴᠠᠩ᠂ ᠦᠢᠯᠡᠳᠦᠯᠭᠡ ᠶᠢ ᠥᠷᠭᠡᠳᠬᠡᠬᠦ ᠴᠢᠬᠤᠯᠠ ᠰᠠᠭᠤᠷᠢᠨ ᠪᠣᠯᠭᠠᠨ ᠴᠢᠷᠮᠠᠶᠢᠨ ᠪᠠᠶᠢᠭᠤᠯᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠬᠤᠪᠢᠰᠬᠠᠯ ᠤᠨ ᠤᠳᠤᠮᠰᠢᠯ ᠢ ᠤᠯᠠᠮᠵᠢᠯᠠᠬᠤ᠂ ᠬᠤᠪᠢᠰᠬᠠᠯ ᠤᠨ ᠴᠢᠰᠤᠨ ᠰᠤᠳᠠᠰᠤ ᠶᠢ ᠦᠷᠭᠦᠯᠵᠢᠯᠡᠭᠦᠯᠬᠦ᠂ ᠰᠢᠨ᠎ᠡ ᠴᠠᠭ ᠦᠶ᠎ᠡ ᠶᠢᠨ ᠰᠠᠶᠢᠨ ᠭᠡᠰᠢᠭᠦᠨ ᠪᠣᠯᠬᠤ ᠪᠠᠷ ᠴᠢᠷᠮᠠᠶᠢᠬᠤ᠂ ᠤᠯᠠᠭᠠᠨ ᠪᠦᠴᠡᠲᠡᠨ ᠤ ᠦᠢᠯᠡᠰ ᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号