ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠨᠣᠮ ᠤᠨ ᠰᠠᠩ ᠦᠨᠳᠦᠰᠦᠨ ᠱᠠᠲᠤᠨ ᠤ ᠬᠤᠪᠢᠶᠠᠷᠢ ᠣᠷᠳᠣᠨ ᠳᠤ ᠭᠦᠨᠵᠡᠭᠡᠶᠢᠷᠡᠵᠦ ᠲᠤᠬᠠᠶᠢᠯᠠᠭᠰᠠᠨ ᠠᠵᠢᠯ ᠤᠨ ᠬᠠᠪᠰᠤᠷᠤᠨ ᠵᠢᠯᠤᠭᠤᠳᠬᠤ ᠠᠵᠢᠯ ᠥᠷᠨᠢᠭᠦᠯᠵᠡᠢ
ᠨᠡᠶᠢᠲᠡᠯᠡᠭᠰᠡᠨ ᠴᠠᠭ᠄
2023/11/2
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂︽ᠦᠨᠳᠦᠰᠦᠨ ᠱᠠᠲᠤᠨ ᠳᠤ ᠶᠠᠪᠤᠬᠤ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠪᠣᠳᠠᠲᠠᠢ ᠶᠠᠪᠤᠳᠠᠯ ᠬᠢᠬᠦ︾ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠨᠣᠮ ᠤᠨ ᠰᠠᠩ ᠤᠨ ᠲᠤᠬᠠᠶᠢᠯᠠᠭᠰᠠᠨ ᠠᠵᠢᠯ ᠤᠨ ᠠᠵᠢᠯᠲᠠᠳ ᠤᠨ ᠬᠡᠪ ᠴᠢᠨᠠᠷ ᠪᠣᠯᠣᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠶᠢᠨ ᠡᠳᠦᠷ᠂ ᠲᠣᠭᠤᠷᠢᠭ ᠤᠨ ᠨᠣᠮ ᠤᠨ ᠰᠠᠩ ᠤᠨ ᠲᠤᠬᠠᠶᠢᠯᠠᠭᠰᠠᠨ ᠠᠵᠢᠯ ᠤᠨ ᠠᠵᠢᠯᠲᠠᠳ ᠲᠤᠰ ᠲᠤᠰ ᠪᠠᠢ ᠯᠢᠩ ᠨᠡᠶᠢᠭᠡᠮ ᠲᠣᠭᠤᠷᠢᠭ ᠤᠨ ᠬᠤᠪᠢᠶᠠᠷᠢ ᠣᠷᠳᠣᠨ᠂ ᠰᠢᠩ ᠭᠤᠸᠠᠩ ᠨᠡᠶᠢᠭᠡᠮ ᠲᠣᠭᠤᠷᠢᠭ ᠤᠨ ᠬᠤᠪᠢᠶᠠᠷᠢ ᠣᠷᠳᠣᠨ ᠳᠤ ᠬᠦᠷᠴᠦ ᠦᠨᠳᠦᠰᠦᠨ ᠱᠠᠲᠤᠨ ᠤ ᠲᠤᠬᠠᠶᠢᠯᠠᠭᠰᠠᠨ ᠠᠵᠢᠯ ᠤᠨ ᠬᠠᠪᠰᠤᠷᠤᠨ ᠵᠢᠯᠣᠭᠤᠳᠤᠯᠭ᠎ᠠ ᠥᠷᠨᠢᠭᠦᠯᠵᠡᠢ᠃     ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠳᠤᠮᠳᠠ᠂ ᠲᠣᠭᠤᠷᠢᠭ ᠤᠨ ᠨᠣᠮ ᠤᠨ ᠰᠠᠩ ᠤᠨ ᠠᠵᠢᠯᠲᠠᠳ ᠨᠣᠮ ᠤᠨ ᠰᠠᠩ ᠤᠨ ᠲᠣᠰ ᠤᠳᠠᠭᠠᠨ ᠤ ᠠᠶᠠᠯᠠᠯ ᠤᠨ ᠵᠣᠷᠢᠯᠭ᠎ᠠ᠂ ᠣᠳᠣᠬᠢ ᠪᠠᠶᠢᠳᠠᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ ᠲᠠᠨᠢᠯᠴᠠᠭᠤᠯᠤᠭᠰᠠᠨ ᠪᠥᠭᠡᠳ ᠡᠨᠡ ᠵᠢᠯ ᠤᠨ ᠨᠣᠮ ᠪᠢᠴᠢᠭ᠂ ᠬᠤᠭᠤᠴᠠᠭᠠᠲᠤ ᠰᠡᠳᠬᠦᠯ᠂ ᠲᠤᠭ᠎ᠠ ᠪᠠᠷᠢᠮᠲᠠ ᠶᠢᠨ ᠬᠥᠮᠥᠷᠭᠡ ᠶᠢᠨ ᠵᠠᠬᠢᠶᠠᠯᠠᠭ᠎ᠠ ᠵᠡᠷᠭᠡ ᠪᠠᠶᠢᠳᠠᠯ ᠢ ᠲᠠᠨᠢᠯᠴᠠᠭᠤᠯᠪᠠ᠃ ᠡᠭᠦᠨ ᠤ ᠬᠠᠮᠲᠤ᠂ ᠲᠤᠬᠠᠶᠢᠯᠠᠭᠰᠠᠨ ᠠᠵᠢᠯ ᠤᠨ ᠰᠢᠰᠲ᠋ᠧᠮ ᠢ ᠬᠡᠷᠡᠭᠯᠡᠬᠦ ᠪᠠ ᠠᠵᠢᠯᠯᠠᠭᠤᠯᠬᠤ ᠬᠤᠶᠠᠷ ᠲᠠᠯ᠎ᠠ ᠪᠠᠷ ᠲᠠᠶᠢᠯᠪᠤᠷᠢᠯᠠᠯᠲᠠ ᠬᠢᠵᠦ᠂ ᠬᠠᠪᠰᠤᠷᠤᠨ ᠵᠢᠯᠤᠭᠤᠳᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠪᠠ᠃     ᠦᠨᠳᠦᠰᠦᠨ ᠱᠠᠲᠤᠨ ᠤ ᠬᠠᠪᠰᠤᠷᠤᠨ ᠵᠢᠯᠤᠭᠤᠳᠬᠤ ᠠᠵᠢᠯ ᠪᠣᠯ ᠣᠯᠠᠨ ᠨᠡᠶᠢᠲᠡ ᠶᠢᠨ ᠨᠣᠮ ᠤᠨ ᠰᠠᠩ ᠤᠨ ᠨᠢᠭᠡ ᠵᠦᠢᠯ ᠤᠨ ᠰᠠᠭᠤᠷᠢ ᠴᠢᠨᠠᠷᠲᠠᠢ ᠲᠤᠬᠠᠶᠢᠯᠠᠭᠰᠠᠨ ᠠᠵᠢᠯ ᠪᠣᠯᠣᠨ᠎ᠠ᠂ ᠬᠤᠶᠢᠰᠢᠳᠠ ᠶᠢᠨ ᠠᠵᠢᠯ ᠤᠨ ᠳᠤᠮᠳᠠ᠂ ᠲᠣᠭᠤᠷᠢᠭ ᠤᠨ ᠨᠣᠮ ᠤᠨ ᠰᠠᠩ ᠨᠢ ᠪᠠᠶᠢᠩᠭᠤᠵᠢᠭᠰᠠᠨ᠂ ᠣᠯᠠᠨ ᠶᠠᠩᠵᠤ ᠶᠢᠨ ᠨᠣᠮ ᠤᠨ ᠰᠠᠩ ᠤᠨ ᠲᠤᠬᠠᠶᠢᠯᠠᠭᠰᠠᠨ ᠠᠵᠢᠯ ᠤᠨ ᠬᠠᠪᠰᠤᠷᠤᠨ ᠵᠢᠯᠤᠭᠤᠳᠬᠤ ᠠᠵᠢᠯ ᠢ ᠦᠷᠭᠦᠯᠵᠢᠯᠡᠨ ᠥᠷᠨᠢᠭᠦᠯᠵᠦ᠂ ᠦᠨᠳᠦᠰᠦᠨ ᠱᠠᠲᠤᠨ ᠤ ᠨᠣᠮ ᠤᠨ ᠰᠠᠩ ᠢ ᠦᠷᠭᠦᠯᠵᠢᠯᠡᠨ ᠬᠥᠲᠥᠯᠥᠨ ᠵᠢᠯᠤᠭᠤᠳᠴᠤ ᠪᠠᠶᠢᠭᠠᠳ ᠵᠢᠷᠤᠮᠵᠢᠭᠰᠠᠨ᠂ ᠪᠠᠷᠢᠮᠵᠢᠶᠠᠵᠢᠭᠰᠠᠨ᠂ ᠵᠢᠩᠬᠢᠨᠢᠴᠢᠯᠡᠭᠰᠡᠨ᠂ ᠣᠳᠣᠬᠢᠴᠢᠯᠠᠭᠰᠠᠨ ᠨᠣᠮ ᠪᠢᠴᠢᠭ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠣᠶ ᠪᠣᠯᠭᠠᠵᠤ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠥᠷᠭᠡᠨ ᠣᠯᠠᠨ ᠤᠩᠰᠢᠭᠴᠢᠳ ᠲᠤ ᠨᠠᠩ ᠣᠯᠠᠨ ᠪᠠᠷᠢᠮᠵᠢᠶᠠᠵᠢᠭᠰᠠᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠡᠳ᠋ᠯᠡᠭᠦᠯᠦᠨ᠎ᠡ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号