ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠤᠸᠠᠷ ᠫᠤᠤᠵᠢᠩ ᠤᠨ ᠬᠥᠭᠵᠢᠶᠡᠨᠲᠦ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ  ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/21
     ᠣᠶᠢᠷ᠎ᠠ ᠳᠤ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠤᠸᠠᠷ ᠫᠤᠤᠵᠢᠩ ᠤᠨ ᠬᠥᠭᠵᠢᠶᠡᠨᠲᠡᠢ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠲᠣᠭᠤᠷᠢᠭ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠤᠰᠤᠨ ᠤ ᠶᠠᠪᠤᠳᠠᠯ ᠤᠨ ᠲᠣᠪᠴᠢᠶ᠎ᠠ ᠪᠣᠯᠣᠨ ᠶᠦᠨ ᠲᠢᠶᠠᠨ ᠬᠤᠸᠠᠷ ᠫᠤᠤᠵᠢᠩ ᠤᠨ ᠲᠤᠰᠬᠠᠢ ᠡᠵᠡᠩᠨᠡᠯᠲᠡ ᠶᠢᠨ ᠳᠡᠯᠭᠡᠭᠦᠷ᠂ ᠶᠦᠨ ᠰᠢᠶᠠᠩ ᠬᠤᠸᠠᠷ ᠫᠤᠤᠵᠢᠩ ᠤᠨ ᠲᠤᠰᠬᠠᠢ ᠡᠵᠡᠩᠨᠡᠯᠲᠡ ᠶᠢᠨ ᠳᠡᠯᠭᠡᠭᠦᠷ ᠵᠡᠷᠭᠡ 5 ᠬᠤᠸᠠᠷ ᠫᠤᠤᠵᠢᠩ ᠤᠨ ᠳᠡᠯᠭᠡᠭᠦᠷ ᠬᠤᠷᠠᠯ ᠳᠤ ᠣᠷᠣᠯᠴᠠᠪᠠ᠃     ᠬᠤᠷᠠᠯ ᠠᠴᠠ︽ᠪᠤᠭᠤᠲᠤ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠬᠤᠸᠠᠷ ᠫᠤᠤᠵᠢᠩ ᠤᠨ ᠡᠵᠡᠩᠨᠡᠯᠲᠡ ᠶᠢᠨ ᠬᠥᠭᠵᠢᠶᠡᠨᠲᠡᠢ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠬᠤ ᠲᠤᠬᠠᠢ ᠮᠡᠳᠡᠭᠳᠡᠯ︾ᠪᠣᠯᠣᠨ︽ᠬᠤᠸᠠᠷ ᠫᠤᠤᠵᠢᠩ ᠤᠨ ᠡᠵᠡᠩᠨᠡᠯᠲᠡ ᠶᠢᠨ ᠬᠥᠭᠵᠢᠶᠡᠨᠲᠡᠢ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾᠎ ᠢ ᠤᠯᠠᠮᠵᠢᠯᠠᠵᠤ᠂ ᠬᠤᠸᠠᠷ ᠫᠤᠤᠵᠢᠩ ᠤᠨ ᠡᠵᠡᠩᠨᠡᠯᠲᠡ ᠶᠢᠨ ᠬᠥᠭᠵᠢᠶᠡᠨᠲᠡᠢ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃     ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠦᠭᠦᠳ ᠬᠤᠸᠠᠷ ᠫᠤᠤᠵᠢᠩ ᠡᠯᠪᠡᠭ ᠤᠯᠠᠷᠢᠯ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠸᠠᠷ ᠫᠤᠤᠵᠢᠩ ᠤᠨ ᠡᠵᠡᠩᠨᠡᠯᠲᠡ ᠶᠢᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢ ᠭᠦᠨᠵᠡᠭᠡᠶᠢᠷᠡᠭᠦᠯᠵᠦ᠂ ᠬᠤᠸᠠᠷ ᠫᠤᠤᠵᠢᠩ ᠤᠨ ᠬᠠᠳᠠᠭᠠᠯᠠᠯᠲᠠ ᠶᠢᠨ ᠵᠠᠩᠭᠢᠯᠠᠭ᠎ᠠ ᠶᠢᠨ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠬᠤᠸᠠᠷ ᠫᠤᠤᠵᠢᠩ ᠤᠨ ᠭᠦᠢᠯᠭᠡᠭᠡᠨ ᠤ ᠬᠠᠨᠳᠤᠰᠢ ᠪᠠ ᠲᠡᠭᠡᠭᠡᠪᠦᠷᠢ ᠶᠢᠨ ᠠᠮᠤᠷ ᠲᠦᠪᠰᠢᠨ ᠤ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠵᠤ᠂ ᠬᠤᠸᠠᠷ ᠫᠤᠤᠵᠢᠩ ᠤᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠬᠤᠸᠠᠷ ᠫᠤᠤᠵᠢᠩ ᠤᠨ ︽ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠥᠨᠳᠥᠷ ᠳᠠᠷᠤᠯᠲᠠᠲᠤ ᠪᠠᠶᠢᠳᠠᠯ ᠢ ᠪᠠᠲᠤᠯᠠᠨ ᠂ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠤᠨ ᠪᠠᠶᠢᠳᠠᠯ ᠢᠶᠠᠨ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠬᠡᠷᠡᠭᠲᠡᠢ᠃     ᠬᠤᠷᠠᠯ ᠠᠴᠠ᠂ ᠡᠯ᠎ᠡ ᠰᠠᠯᠠᠭ᠎ᠠ ᠮᠥᠴᠢᠷ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠬᠢᠨ ᠲᠤᠰ ᠬᠠᠷᠢᠶ᠎ᠠ ᠣᠷᠣᠨ ᠤ ᠪᠠᠨ ᠬᠤᠸᠠᠷ ᠫᠤᠤᠵᠢᠩ ᠤᠨ ᠬᠥᠭᠵᠢᠶᠡᠨᠲᠡᠢ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠨᠠᠷᠢᠨ ᠬᠢᠨᠠᠮᠠᠭᠠᠢ ᠵᠠᠳᠠᠯᠤᠨ ᠰᠤᠳᠤᠯᠤᠨ ᠮᠠᠭᠠᠳᠯᠠᠵᠤ᠂ ᠡᠯ᠎ᠡ ᠲᠦᠷᠦᠯ ᠤᠨ ᠠᠰᠠᠭᠤᠳᠠᠯ ᠤᠨ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠵᠦ᠂ ᠡᠯ᠎ᠡ ᠲᠦᠷᠦᠯ ᠤᠨ ᠠᠳᠡᠯ ᠪᠣᠯᠣᠨ ᠬᠦᠨᠳᠦ ᠨᠣᠴᠢᠲᠠᠢ ᠬᠡᠷᠡᠭ ᠡᠭᠦᠰᠬᠦ ᠶᠢ ᠡᠷᠡᠰ ᠰᠡᠷᠭᠡᠶᠢᠯᠡᠬᠦ ᠬᠡᠷᠡᠭᠲᠡᠢ᠃ ᠬᠤᠸᠠᠷ ᠫᠤᠤᠵᠢᠩ ᠤᠨ ᠡᠵᠡᠩᠨᠡᠯᠲᠡ ᠶᠢᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢ ᠭᠦᠨᠵᠡᠭᠡᠶᠢᠷᠡᠭᠦᠯᠵᠦ᠂ ᠬᠦᠨᠳᠦ ᠶᠡᠭᠡ ᠠᠳᠡᠯ ᠤᠨ ᠳᠠᠯᠳᠠ ᠬᠡᠮ ᠢ ᠬᠦᠴᠦᠯᠡᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠬᠦᠨᠳᠦ ᠶᠡᠭᠡ ᠠᠮᠤᠷ ᠲᠦᠪᠰᠢᠨ ᠤ ᠲᠦᠭᠰᠢᠭᠦᠷᠢ ᠶᠢ ᠵᠠᠰᠠᠬᠤ ᠬᠡᠷᠡᠭᠲᠡᠢ᠃ ᠬᠤᠸᠠᠷ ᠫᠤᠤᠵᠢᠩ ᠟ᠣᠨ ᠤᠳᠤ ᠪᠠᠶᠢᠭ᠎ᠠ ᠬᠥᠮᠥᠷᠭᠡ ᠶᠢᠨ ᠬᠠᠳᠠᠭᠠᠯᠠᠮᠵᠢ ᠶᠢᠨ ᠪᠠᠶᠢᠳᠠᠯ ᠟ᠢ ᠪᠥᠬᠦ ᠲᠠᠯ᠎ᠠ ᠪᠠᠷ ᠪᠠᠶᠢᠴᠠᠭᠠᠵᠤ᠂ ᠬᠤᠸᠠᠷ ᠫᠤᠤᠵᠢᠩ ᠟ᠣᠨ ᠡᠵᠡᠩᠨᠡᠯᠲᠡ ᠶᠢᠨ ᠠᠵᠤ ᠠᠬᠤᠶᠢᠯᠠᠯ ᠟ᠣᠨ ᠭᠦᠢᠯᠭᠡᠭᠡᠨ᢭ᠣ ᠴᠢᠭᠯᠡᠯ᢭ᠢ ᠳᠠᠩᠰᠠᠯᠠᠬᠤ ᠳᠦᠷᠢᠮ᢭ᠢ ᠨᠠᠶᠢᠳᠠᠪᠤᠷᠢᠵᠢᠭᠤᠯᠤᠭᠰᠠᠨ ᠪᠠᠶᠢᠳᠠᠯ ᠟ ᠲᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠨᠡᠮᠡᠭᠳᠡᠭᠦᠯᠬᠦ ᠬᠡᠷᠡᠭᠲᠡᠢ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠬᠤᠸᠠᠷ ᠫᠤᠤᠵᠢᠩ ᠵᠠᠮ ᠲᠡᠭᠡᠭᠡᠪᠦᠷᠢ ᠶᠢᠨ ᠠᠵᠤ ᠠᠬᠤᠶᠢᠯᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠤᠸᠠᠷ ᠫᠤᠤᠵᠢᠩ ᠤᠨ ᠪᠦᠲᠦᠭᠡᠭᠳᠡᠬᠦᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠴᠠᠭᠠᠵᠠ  ᠎ ᠠᠴᠠ ᠵᠥᠷᠢᠴᠡᠭᠰᠡᠨ᠂ ᠪᠠᠷᠢᠮᠵᠢᠶ᠎ᠠ  ᠎ ᠠᠴᠠ ᠬᠡᠲᠦᠷᠡᠭᠰᠡᠨ᠂ ᠬᠤᠳᠠᠯ ᠬᠠᠭᠤᠷᠮᠠᠭ ᠪᠦᠲᠦᠭᠡᠭᠳᠡᠬᠦᠨ ᠢ ᠡᠬᠢ ᠡᠭᠦᠰᠦᠯ ᠠᠴᠠ ᠨᠢ ᠨᠡᠬᠡᠮᠵᠢᠯᠡᠬᠦ ᠶᠢ ᠴᠢᠩᠭᠠᠷᠠᠭᠤᠯᠵᠤ᠂ ᠬᠠᠮᠢᠶ᠎ᠠ ᠪᠦᠬᠦᠢ ᠶᠠᠰᠤ ᠴᠢᠨᠠᠷ ᠤᠨ ᠬᠠᠤᠯᠢ  ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠡᠯ᠎ᠡ ᠰᠠᠯᠠᠭ᠎ᠠ ᠮᠥᠴᠢᠷ ᠤᠳ ᠬᠠᠮᠲᠤᠪᠠᠷ ᠬᠦᠴᠦᠯᠡᠵᠦ᠂ ᠬᠤᠸᠠᠷ ᠫᠤᠤᠵᠢᠩ ᠤᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠬᠤᠸᠠᠷ ᠫᠤᠤᠵᠢᠩ ᠢ ᠦᠨᠡᠮᠯᠡᠯ ᠦᠭᠡᠢ ᠪᠠᠷ ᠪᠣᠷᠣᠯᠠᠭᠤᠯᠬᠤ᠂ ᠬᠡᠮᠵᠢᠶ᠎ᠡ ᠠᠴᠠ ᠬᠡᠲᠦᠷᠡᠲᠡᠯ᠎ᠡ ᠬᠠᠳᠠᠭᠠᠯᠠᠬᠤ᠂ ᠲᠣᠭᠲᠠᠭᠠᠯ  ᠎ ᠠᠴᠠ ᠵᠥᠷᠢᠴᠡᠨ ᠰᠢᠲᠠᠭᠠᠬᠤ ᠵᠡᠷᠭᠡ ᠬᠠᠤᠯᠢ ᠲᠣᠭᠲᠠᠭᠠᠯ  ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号