ᠪᠤᠭᠤᠲᠤ ᠶᠢᠨ ᠬᠤᠶᠠᠷ ᠪᠠᠶᠠᠷ ᠤᠨ ᠶᠠᠪᠤᠳᠠᠯ ᠨᠢ ᠳᠤᠮᠳᠠᠳᠤ ᠤᠯᠤᠰ ᠤᠨ ᠪᠠᠶᠠᠷ ᠤᠨ ᠶᠠᠪᠤᠳᠠᠯ ᠤᠨ ᠭᠠᠷᠮᠠᠭᠠᠢ ᠨᠠᠷᠠᠲᠤ ᠲᠡᠮᠳᠡᠭ ᠎ ᠢ ᠢᠷᠠᠭᠤ ᠠᠯᠳᠠᠷᠲᠠᠢ ᠪᠠᠷ ᠭᠥᠷᠳᠡᠪᠡ
ᠨᠡᠶᠢᠲᠡᠯᠡᠭᠰᠡᠨ ᠴᠠᠭ᠄
2023/11/22
     11 ᠰᠠᠷ᠎ᠠ ᠶᠢᠨ 17᠎ ᠤ ᠡᠳᠦᠷ ᠠᠴᠠ 20᠎ ᠤ ᠡᠳᠦᠷ ᠪᠣᠯᠲᠠᠯ᠎ᠠ᠂ 2023 ᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠪᠠᠶᠠᠷ ᠳᠤᠷᠠᠰᠬᠠᠯ ᠤᠨ ᠰᠣᠶᠣᠯ ᠬᠢᠭᠡᠳ ᠵᠢᠭᠤᠯᠴᠢᠯᠠᠯ ᠤᠨ ᠶᠡᠭᠡ ᠬᠤᠷᠠᠯ ᠾᠧᠹᠧᠢ ᠳᠤ ᠶᠠᠪᠤᠭᠳᠠᠵᠤ᠂ ᠪᠤᠭᠤᠲᠤ ᠶᠢᠨ ︽ᠠᠵᠢᠨᠠᠢ ᠬᠦᠯᠦᠭ︾ ᠬᠤᠲᠠ ᠶᠢᠨ ᠳᠠᠭᠤᠤ ᠬᠥᠭᠵᠢᠮ ᠤᠨ ᠨᠠᠶᠢᠷ ︵ᠯᠦ ᠴᠧᠩ ᠤᠨ ᠰᠣᠶᠣᠯ ᠤᠷᠠᠯᠢᠭ ᠤᠨ ᠨᠠᠶᠢᠷ︶ ᠬᠢᠭᠡᠳ ᠪᠤᠭᠤᠲᠤ ᠶᠢᠨ ᠴᠢᠨ ᠤᠯᠤᠰ ᠤᠨ ᠣᠷᠳᠣ ᠴᠠᠭᠠᠨ ᠬᠡᠷᠡᠮ ᠤᠨ ᠰᠣᠶᠣᠯ ᠵᠢᠭᠤᠯᠴᠢᠯᠠᠯ ᠤᠨ ᠨᠠᠶᠢᠷ ︽ᠳᠤᠮᠳᠠᠳᠤ ᠤᠯᠤᠰ ᠤᠨ ᠪᠠᠶᠠᠷ ᠳᠤᠷᠠᠰᠬᠠᠯ ᠤᠨ ᠭᠠᠷᠮᠠᠭᠠᠢ ᠨᠠᠷᠠᠲᠤ ᠲᠡᠮᠳᠡᠭ︾᠎ ᠢ ᠢᠷᠠᠭᠤ ᠠᠯᠳᠠᠷᠲᠠᠢ ᠪᠠᠷ ᠭᠥᠷᠳᠡᠪᠡ᠃      ᠲᠤᠰ ᠤᠳᠠᠭ᠎ᠠ ᠶᠢᠨ ᠶᠡᠭᠡ ᠬᠤᠷᠠᠯ ᠠᠴᠠ ᠪᠦᠬᠦ ᠤᠯᠤᠰ ᠤᠨ ᠰᠣᠶᠣᠯ ᠵᠤᠭᠠᠴᠠᠯ ᠤᠨ ᠦᠢᠯᠡᠰ ᠤᠨ ᠡᠲᠡᠭᠡᠳ ᠤᠨ ᠤᠯᠠᠨ ᠲᠤᠰᠬᠠᠢ ᠮᠡᠷᠭᠡᠵᠢᠯᠲᠡᠨ ᠡᠷᠳᠡᠮᠲᠡᠨ ᠢ ᠤᠷᠢᠵᠤ᠂ ᠶᠠᠷᠢᠶᠠᠨ ᠤ ᠲᠠᠪᠴᠠᠩ ᠤᠨ ᠬᠡᠯᠪᠡᠷᠢ ᠪᠠᠷ ᠠᠵᠤ ᠠᠬᠤᠢ ᠶᠢᠨ ᠰᠡᠷᠭᠦᠯᠲᠡ ᠶᠢᠨ ᠪᠠᠶᠢᠳᠠᠯ ᠳᠣᠣᠷᠠᠬᠢ ᠠᠭᠤᠯᠭ᠎ᠠ ᠶᠢᠨ ᠵᠤᠭᠠᠴᠠᠯ ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠣᠳᠣᠬᠢ ᠪᠠᠶᠢᠳᠠᠯ ᠪᠣᠯᠣᠨ ᠢᠷᠡᠭᠡᠳᠦᠢ ᠶᠢ ᠵᠠᠳᠠᠯᠵᠤ᠂ ᠬᠡᠷᠬᠢᠨ ᠰᠢᠨ᠎ᠡ ᠶᠢ ᠡᠭᠦᠳᠦᠨ ᠬᠥᠭᠵᠢᠭᠦᠯᠬᠦ ᠪᠠ ᠣᠷᠣᠨ ᠪᠦᠰᠡ ᠶᠢᠨ ᠣᠨᠴᠠᠯᠢᠭ ᠲᠠᠢ ᠰᠣᠶᠣᠯ ᠵᠤᠭᠠᠴᠠᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠶᠢ ᠪᠤᠢ ᠪᠣᠯᠭᠠᠬᠤ ᠲᠤᠬᠠᠢ ᠶᠠᠷᠢᠯᠴᠠᠪᠠ᠃ ᠲᠣᠰ ᠤᠳᠠᠭᠠᠨ ᠤ ᠱᠠᠩᠨᠠᠯ ᠭᠥᠷᠳᠡᠭᠰᠡᠨ ᠪᠠᠶᠠᠷ ᠤᠨ ᠶᠠᠪᠤᠳᠠᠯ ᠤᠨ ᠠᠵᠢᠯᠯᠠᠭ᠎ᠠ ᠪᠣᠯ ᠪᠥᠬᠦ ᠤᠯᠤᠰ ᠤᠨ 6000 ᠰᠢᠬᠠᠮ ᠪᠡᠶ᠎ᠡ ᠶᠢᠨ ᠲᠤᠭ᠎ᠠ ᠪᠠᠷ ᠶᠡᠭᠡ᠂ ᠨᠡᠶᠢᠭᠡᠮ ᠤᠨ ᠨᠥᠯᠥᠭᠡᠯᠡᠬᠦ ᠬᠦᠴᠦᠨ ᠢᠶᠠᠷ ᠴᠢᠩᠭ᠎ᠠ ᠪᠠᠶᠠᠷ ᠤᠨ ᠶᠠᠪᠤᠳᠠᠯ ᠤᠨ ᠠᠵᠢᠯᠯᠠᠭ᠎ᠠ ᠶᠢᠨ ᠳᠤᠮᠳᠠ ᠠᠴᠠ ᠴᠣᠯᠭᠤᠷᠠᠨ ᠭᠠᠷᠴᠤ᠂ ᠪᠥᠬᠦ ᠤᠯᠤᠰ ᠤᠨ ᠰᠢᠯᠢᠳᠡᠭ ᠪᠠᠶᠠᠷ ᠤᠨ ᠶᠠᠪᠤᠳᠠᠯ ᠤᠨ ᠠᠵᠢᠯᠯᠠᠭ᠎ᠠ ᠶᠢᠨ ᠳᠣᠲᠣᠷᠠᠬᠢ ᠣᠷᠣᠶᠢᠯᠠᠭᠴᠢ ᠪᠣᠯᠣᠨ᠎ᠠ᠃      ᠣᠶᠢᠷ᠎ᠠ ᠶᠢᠨ ᠵᠢᠯ ᠤᠳ ᠲᠤ᠂ ᠮᠠᠨ ᠤ ᠬᠤᠲᠠ ᠡᠯ᠎ᠡ ᠲᠥᠷᠥᠯ ᠤᠨ ᠰᠣᠶᠣᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠶᠢ ᠢᠳᠡᠪᠬᠢᠲᠡᠢ ᠪᠣᠶᠢᠵᠢᠭᠤᠯᠤᠨ ᠡᠷᠭᠢᠯᠡᠵᠦ᠂ ᠡᠯ᠎ᠡ ᠬᠤᠰᠢᠭᠤ ᠰᠢᠶᠠᠨ ᠲᠣᠭᠤᠷᠢᠭ ᠲᠤ ᠴᠤ ︽ᠨᠢᠭᠡ ᠭᠠᠵᠠᠷ ᠨᠢᠭᠡ ᠲᠥᠷᠥᠯ ᠵᠦᠢᠯ︾᠎ ᠤᠨ ᠪᠠᠶᠠᠷ ᠳᠤᠷᠠᠰᠬᠠᠯ ᠤᠨ ᠠᠵᠢᠯᠯᠠᠭ᠎ᠠ ᠶᠢ ᠪᠣᠶ ᠪᠣᠯᠭᠠᠪᠠ᠃ ᠯᠦ ᠴᠧᠩ ᠤᠨ ᠰᠣᠶᠣᠯ ᠤᠷᠠᠯᠢᠭ ᠤᠨ ᠨᠠᠶᠢᠷ  ᠎ ᠢ ᠨᠢᠭᠡᠨᠲᠡ 38 ᠬᠤᠭᠤᠴᠠᠭ᠎ᠠ ᠡᠷᠭᠢᠯᠡᠵᠦ᠂ ᠤᠷᠢᠳ ᠬᠤᠵᠢᠳ ᠣᠯᠠᠨ ᠲᠦᠮᠡᠨ ᠤ ᠤᠳᠬ᠎ᠠ ᠤᠷᠠᠯᠢᠭ ᠤᠨ ᠬᠦᠷᠢᠶᠡᠨ ᠳᠠᠬᠢ ᠵᠠᠰᠠᠭ ᠤᠨ ᠣᠷᠳᠣᠨ ᠤ ᠬᠠᠮᠤᠭ ᠤᠨ ᠳᠡᠭᠡᠳᠦ ᠱᠠᠩᠨᠠᠯ ︽ᠣᠯᠠᠨ ᠣᠳᠣᠨ ᠱᠠᠩᠨᠠᠯ︾ ᠪᠠ ︽ᠪᠥᠬᠦ ᠤᠯᠤᠰ ᠤᠨ ᠪᠠᠶᠠᠷ ᠳᠤᠷᠠᠰᠬᠠᠯ ᠤᠨ ᠠᠵᠢᠯᠯᠠᠭ᠎ᠠ  ᠎ ᠶᠢᠨ ᠵᠠᠭᠤᠨ ᠬᠦᠴᠦᠷᠬᠡᠭ︾᠎ ᠤᠨ ᠢᠷᠠᠭᠤ ᠠᠯᠳᠠᠷ  ᠎ ᠢ ᠭᠥᠷᠳᠡᠪᠡ︔ ︽ᠴᠢᠨ ᠤᠯᠤᠰ ᠤᠨ ᠣᠷᠳᠣ ᠴᠠᠭᠠᠨ ᠬᠡᠷᠡᠮ ᠤᠨ ᠵᠢᠭᠤᠯᠴᠢᠯᠠᠯ ᠤᠨ ᠰᠣᠶᠣᠯ ᠤᠨ ᠨᠠᠶᠢᠷ︾ ︽ᠰᠢ ᠺᠧᠦ  ᠎ ᠶᠢᠨ ᠰᠣᠶᠣᠯ ᠤᠨ ᠨᠠᠶᠢᠷ︾ ︽ᠠᠯᠲᠠᠨ ᠭᠦᠢᠯᠡᠰᠦ  ᠎ ᠶᠢᠨ ᠪᠠᠶᠠᠷ︾ ᠵᠡᠷᠭᠡ ᠣᠨᠴᠠᠯᠢᠭᠲᠤ ᠰᠣᠶᠣᠯ ᠤᠨ ᠨᠠᠶᠢᠷ ᠤᠨ ᠠᠵᠢᠯᠯᠠᠭ᠎ᠠ ᠨᠢ ᠪᠤᠭᠤᠲᠤ  ᠎ ᠶᠢᠨ ᠣᠨᠴᠠᠯᠢᠭᠲᠤ ᠰᠣᠶᠣᠯ ᠤᠨ ᠨᠠᠶᠢᠷ ᠤᠨ ᠨᠠᠷᠠᠲᠤ ᠲᠡᠮᠳᠡᠭ  ᠎ ᠢ ᠭᠡᠷᠡᠯᠲᠦᠭᠦᠯᠪᠡ᠃      ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠡᠮᠳᠡᠭᠲᠦ ᠶᠢ ᠪᠣᠶ ᠪᠣᠯᠭᠠᠵᠤ᠂ ᠮᠠᠨ ᠤ ᠬᠤᠲᠠ ᠶᠢᠨ ᠪᠠᠶᠠᠷ ᠤᠨ ᠶᠠᠪᠤᠳᠠᠯ ᠤᠨ ᠠᠵᠢᠯᠯᠠᠭ᠎ᠠ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠭᠠᠳᠠᠷ ᠣᠷᠣᠨ ᠤ ᠨᠠᠩ ᠣᠯᠠᠨ ᠵᠢᠭᠤᠯᠴᠢᠯᠠᠭᠴᠢᠳ ᠤᠨ ᠪᠤᠭᠤᠲᠤ ᠳᠤ ᠢᠷᠡᠵᠦ ᠵᠤᠭᠠᠴᠠᠨ ᠲᠣᠭᠤᠷᠢᠬᠤ ᠶᠢ ᠣᠶᠢᠯᠠᠭᠠᠬᠤ ᠶᠢ ᠲᠠᠲᠠᠬᠤ ᠪᠣᠯᠣᠨ᠎ᠠ ᠭᠡᠵᠡᠢ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号