ᠪᠦᠦ ᠱᠠᠨ ᠨᠡᠶᠢᠭᠡᠮ ᠲᠣᠭᠤᠷᠢᠭ︽ᠵᠠᠩ ᠳᠠᠳᠬᠠᠯ ᠢ ᠥᠭᠡᠷᠡᠴᠢᠯᠡᠵᠦ ᠮᠠᠨ ᠤ ᠤᠯᠤᠰ ᠤᠨ ᠡᠮᠡᠭᠲᠡᠶᠢᠴᠦᠳ ᠰᠢᠨ᠎ᠡ ᠬᠡᠪ ᠰᠤᠷᠲᠠᠯ ᠢ ᠬᠥᠲᠥᠯᠥᠨ ᠳᠠᠭᠠᠭᠤᠯᠬᠤ︾ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2023/11/23
     11 ᠰᠠᠷ᠎ᠠ ᠶᠢᠨ 22 ᠎ ᠤᠨ ᠡᠳᠦᠷ᠂ ᠪᠦᠦ ᠱᠠᠨ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠤᠬᠠᠭᠤᠯᠤᠨ ᠲᠠᠶᠢᠯᠪᠤᠷᠢᠯᠠᠬᠤ ᠪᠠᠭ᠎ᠠ ᠰᠠᠯᠪᠤᠷᠢ ᠠᠩᠭᠢ ᠶᠢᠨ ᠬᠢᠨ ᠨᠡᠶᠢᠭᠡᠮ ᠲᠣᠭᠤᠷᠢᠭ ᠤᠨ ᠡᠮᠡᠭᠲᠡᠢ ᠺᠠᠳ᠋ᠷ᠂ ᠬᠠᠷᠢᠶ᠎ᠠ ᠲᠣᠭᠤᠷᠢᠭ ᠤᠨ ᠡᠮᠡᠭᠲᠡᠶᠢᠴᠦᠳ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ︽ᠵᠠᠩ ᠳᠠᠳᠬᠠᠯ ᠢ ᠥᠭᠡᠷᠡᠴᠢᠯᠡᠵᠦ ᠤᠷᠢᠳᠠᠪᠠᠷ ᠬᠡᠷᠡᠭᠵᠢᠭᠦᠯᠦᠭᠰᠡᠨ ᠡᠮᠡᠭᠲᠡᠶᠢᠴᠦᠳ ᠰᠢᠨ᠎ᠡ ᠬᠡᠪ ᠰᠤᠷᠲᠠᠯ ᠢ ᠬᠥᠲᠥᠯᠥᠨ ᠳᠠᠭᠠᠭᠤᠯᠬᠤ︾ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠡᠢ᠃     ᠠᠵᠢᠯᠯᠠᠭ᠎ᠠ ᠶᠢᠨ ᠳᠤᠮᠳᠠ᠂ ᠤᠬᠠᠭᠤᠯᠤᠨ ᠲᠠᠶᠢᠯᠪᠤᠷᠢᠯᠠᠬᠤ ᠪᠠᠭ᠎ᠠ ᠰᠠᠯᠪᠤᠷᠢ ᠠᠩᠭᠢ ᠶᠢᠨ ᠪᠦᠷᠢᠯᠳᠦᠭᠦᠨ ᠨᠠᠷ ᠰᠢᠨ᠎ᠡ ᠶᠢ ᠡᠭᠦᠳᠬᠦ ᠶᠢᠨ ᠲᠣᠭᠤᠷᠢᠨ ᠳᠤ ᠭᠡᠷ ᠪᠦᠯᠢ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠠᠬᠢᠭᠤᠯᠵᠤ᠂ ᠡᠷᠬᠡ ᠠᠰᠢᠭ ᠢᠶᠠᠨ ᠬᠠᠮᠠᠭᠠᠯᠠᠬᠤ ᠬᠠᠶᠢᠷ᠎ᠠ ᠬᠠᠯᠠᠮᠵᠢ ᠶᠢᠨ ᠦᠢᠯᠡᠴᠢᠯᠡᠭᠡ ᠶᠢ ᠰᠡᠳᠬᠢᠯ ᠲᠠᠯᠪᠢᠨ ᠰᠠᠶᠢᠲᠤᠷ ᠬᠢᠵᠦ᠂ ᠪᠣᠯᠪᠠᠰᠤᠨ ᠰᠢᠨ᠎ᠡ ᠬᠡᠪ ᠰᠤᠷᠲᠠᠯ ᠢ ᠲᠦᠭ ᠲᠦᠮᠡᠨ ᠠᠶᠢᠯ ᠡᠷᠦᠬᠡ ᠪᠠᠷ ᠪᠢᠯᠬᠠᠭᠤᠯᠬᠤ ᠵᠡᠷᠭᠡ ᠲᠠᠯ᠎ᠠ ᠪᠠᠷ ᠲᠠᠶᠢᠯᠤᠮᠵᠢ ᠬᠢᠵᠡᠢ᠃ ᠪᠠᠰᠠ ᠡᠮᠡᠭᠲᠡᠶᠢᠴᠦᠳ ᠤᠨ ᠲᠥᠯᠥᠭᠡᠯᠡᠭᠴᠢᠳ ᠲᠤ ︽ᠵᠠᠩ ᠳᠠᠳᠬᠠᠯ ᠢ ᠥᠭᠡᠷᠡᠴᠢᠯᠡᠬᠦ︾ ᠰᠠᠨᠠᠭᠠᠴᠢᠯᠠᠭ᠎ᠠ ᠶᠢᠨ ᠪᠢᠴᠢᠭ ᠲᠠᠷᠬᠠᠭᠠᠵᠤ᠂ ᠥᠷᠭᠡᠨ ᠣᠯᠠᠨ ᠡᠮᠡᠭᠲᠡᠶᠢᠴᠦᠳ ᠲᠤ ᠭᠡᠷ ᠪᠦᠯᠢ ᠭᠡᠷ ᠤᠨ ᠰᠤᠷᠲᠠᠯ ᠤᠨ ᠬᠥᠮᠦᠵᠢᠯ ᠢᠶᠠᠷ ᠳᠠᠮᠵᠢᠭᠤᠯᠤᠨ᠂ ᠵᠠᠩ ᠳᠠᠳᠬᠠᠯ ᠢ ᠥᠭᠡᠷᠡᠴᠢᠯᠡᠬᠦ ᠰᠢᠨ᠎ᠡ ᠬᠡᠪ ᠰᠤᠷᠲᠠᠯ ᠢ ᠬᠥᠲᠥᠯᠥᠨ ᠳᠠᠭᠠᠭᠤᠯᠬᠤ ᠶᠢ ᠬᠦᠰᠡᠵᠦ ᠪᠠᠶᠢᠨ᠎ᠠ ᠭᠡᠵᠡᠢ᠃ ᠲᠠᠶᠢᠯᠤᠮᠵᠢ ᠳᠠᠭᠤᠰᠤᠭᠰᠠᠨ ᠤ ᠳᠠᠷᠠᠭ᠎ᠠ᠂ ᠡᠮᠡᠭᠲᠡᠶᠢᠴᠦᠳ ᠤᠨ ᠲᠥᠯᠥᠭᠡᠯᠡᠭᠴᠢᠳ ᠲᠠᠢ ︽ᠡᠮᠡᠭᠲᠡᠶᠢᠴᠦᠳ ᠤᠨ ᠶᠠᠷᠢᠯᠴᠠᠬᠤ ᠬᠤᠷᠠᠯ︾ ᠬᠢᠪᠡ᠃     ᠳᠠᠷᠠᠭᠠᠴᠢ ᠶᠢᠨ ᠠᠯᠬᠤᠮ ᠳᠤ᠂ ᠪᠣᠣᠱᠠᠨ ᠨᠡᠶᠢᠭᠡᠮ ᠲᠣᠭᠤᠷᠢᠭ ᠤᠨ ᠬᠢᠨ ᠡᠮᠡᠭᠲᠡᠶᠢᠴᠦᠳ ᠤᠨ ᠤᠬᠠᠭᠤᠯᠤᠨ ᠲᠠᠶᠢᠯᠪᠤᠷᠢᠯᠠᠬᠤ ᠪᠠᠭ᠎ᠠ ᠰᠠᠯᠪᠤᠷᠢ ᠠᠩᠭᠢ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠨᠡᠶᠢᠭᠡᠮ ᠤᠨ ᠬᠠᠷᠢᠭᠤᠴᠠᠯᠭ᠎ᠠ ᠶᠢ ᠵᠠᠯᠭᠠᠮᠵᠢᠯᠠᠵᠤ᠂ ᠬᠠᠷᠢᠶ᠎ᠠ ᠲᠣᠭᠤᠷᠢᠭ ᠤᠨ ᠥᠷᠭᠡᠨ ᠤᠯᠠᠨ ᠡᠮᠡᠭᠲᠡᠶᠢᠴᠦᠳ ᠢ ᠳᠠᠶᠢᠴᠢᠯᠠᠨ ᠳᠠᠭᠠᠭᠤᠯᠵᠤ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠵᠤ᠂ ᠦᠵᠡᠰᠬᠦᠯᠡᠩᠲᠦ ᠰᠠᠶᠢᠬᠠᠨ ᠪᠣᠣᠱᠠᠨ ᠠᠭᠤᠯᠠ ᠶᠢ ᠭᠠᠷ ᠬᠤᠯᠪᠣᠨ ᠬᠠᠮᠲᠤᠪᠠᠷ ᠪᠦᠲᠦᠭᠡᠨ ᠪᠠᠶᠢᠭᠤᠯᠤᠨ᠎ᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号