ᠦ᠋ ᠺᠠᠢ᠄ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠪᠠᠶᠠᠨ᠋ᠣ᠋ᠪᠣᠭ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2023/11/23
     ᠪᠣᠳᠠᠲᠠᠢ ᠪᠠᠷ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠪᠠᠶᠠᠨ᠋ᠣ᠋ᠪᠣᠭ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ     ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠪᠠᠢ ᠶᠦᠨ ᠠᠭᠤᠷᠬᠠᠢ ᠶᠢᠨ ᠣᠷᠣᠨ ᠤ ᠨᠠᠮ ᠤᠨ ᠬᠤᠷᠢᠶᠠᠨ ᠤ ᠱᠦᠵᠢ ᠦ᠋ ᠺᠠᠢ    ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠪᠠᠢ ᠶᠦᠨ ᠠᠭᠤᠷᠬᠠᠢ ᠶᠢᠨ ᠣᠷᠣᠨ ᠤ ᠬᠢᠨ ᠭᠤᠣᠯ ᠰᠡᠳᠦᠪᠲᠦ ᠬᠥᠮᠦᠵᠢᠯ ᠤᠨ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ᠶᠡᠷᠦᠩᠬᠡᠢ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ︽ᠰᠡᠳᠬᠢᠬᠦᠢ ᠶᠢ ᠣᠶᠢᠯᠠᠭᠠᠬᠤ ᠰᠡᠳᠬᠢᠬᠦᠢ︾᠎ ᠪᠠᠷ ᠬᠥᠭᠵᠢᠯᠲᠡ ᠶᠢ ᠠᠬᠢᠭᠤᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠪᠣᠳᠠᠲᠠᠢ ᠠᠳᠬᠤᠨ ᠪᠣᠳᠠᠲᠠᠢ ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ︽ᠪᠤᠭᠤᠲᠤ ᠶᠢᠨ ᠬᠠᠷᠢᠭᠤᠯᠲᠠ ᠶᠢᠨ ᠬᠠᠭᠤᠳᠠᠰᠤ︾᠎ ᠶᠢ ᠰᠠᠶᠢᠲᠤᠷ ᠪᠢᠴᠢᠭᠯᠡᠬᠦ ᠳᠤ ᠬᠦᠴᠦᠨ ᠴᠢᠳᠠᠯ ᠢᠶᠠᠨ ᠡᠷᠭᠦᠵᠡᠢ᠃    ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ  ᠤᠨ ᠦᠵᠡᠯ ᠰᠠᠨᠠᠭ᠎ᠠ  ᠶᠢ ᠭᠦᠨᠵᠡᠭᠡᠶᠢᠷᠡᠭᠦᠯᠦᠨ ᠳᠣᠲᠣᠭᠰᠢᠯᠠᠭᠤᠯᠤᠨ ᠬᠤᠪᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠰᠤᠷᠴᠤ ᠡᠵᠡᠮᠰᠢᠬᠦ ᠶᠢᠨ ᠲᠣᠭᠤᠷᠢᠨ ᠳᠤ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠶᠢᠨ ᠲᠣᠭᠤᠷᠢᠨ ᠳᠤ ᠤᠭ ᠵᠣᠬᠢᠶᠠᠯ ᠤᠨ ᠤᠭ ᠵᠣᠬᠢᠶᠠᠯ ᠢ ᠤᠩᠰᠢᠭᠠᠳ ᠤᠭ ᠶᠣᠰᠣ ᠶᠢ ᠤᠬᠠᠪᠤᠷᠢᠯᠠᠪᠠ᠃ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠪᠤᠭᠤᠲᠤ ᠳᠤ ᠥᠭᠭᠦᠭᠰᠡᠨ ︽ᠨᠢᠭᠡ ᠰᠢᠨ᠎ᠡ  ᠶᠢ ᠡᠭᠦᠳᠴᠦ᠂ ᠭᠤᠷᠪᠠᠨ  ᠶᠢ ᠪᠡᠶᠡᠯᠡᠭᠦᠯᠬᠦ︾ ᠴᠢᠬᠤᠯᠠ ᠵᠢᠭᠠᠪᠤᠷᠢ  ᠶᠢ ᠭᠦᠨᠵᠡᠭᠡᠢ ᠰᠤᠷᠤᠯᠴᠠᠨ ᠨᠠᠷᠢᠨ ᠰᠤᠳᠤᠯᠵᠤ᠂ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠡᠷᠢᠵᠦ᠂ ︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠤᠨ ᠨᠠᠷᠢᠨ ᠬᠠᠭᠤᠳᠠᠰᠤ ᠶᠢ ᠪᠣᠶ ᠪᠣᠯᠭᠠᠵᠤ᠂ ᠨᠢᠭᠡ ᠨᠢᠭᠡ ᠪᠠᠷ ᠭᠦᠨᠵᠡᠭᠡᠢ ᠪᠥᠭᠡᠳ ᠪᠣᠳᠠᠲᠠᠶᠢᠵᠢᠭᠤᠯᠵᠤ᠂ ᠨᠢᠭᠡ ᠨᠢᠭᠡ ᠪᠠᠷ ᠴᠢᠩᠭ᠎ᠠ ᠠᠳᠬᠤᠨ ᠲᠦᠷᠭᠡᠨ ᠭᠦᠢᠴᠡᠳᠬᠡᠵᠦ᠂ ᠰᠤᠷᠤᠯᠴᠠᠯᠭ᠎ᠠ ᠪᠠᠷ ᠠᠮᠢᠨ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠣᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠲᠠᠯ᠎ᠠ ᠪᠠᠷ ᠦᠨᠡᠨᠬᠦ ᠦᠷ᠎ᠡ ᠪᠦᠲᠦᠮᠵᠢ ᠣᠯᠬᠤ ᠬᠡᠷᠡᠭᠲᠡᠢ᠃     ᠦᠨᠡᠨ ᠬᠦ ᠠᠳᠬᠤᠨ ᠪᠣᠳᠠᠲᠠᠢ ᠪᠠᠷ ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠴᠠᠭᠠᠨ ᠡᠭᠦᠯᠡᠨ ᠤ ᠦᠢᠯᠡᠳᠦᠯᠭᠡ ᠶᠢ ᠯᠠᠪᠳᠠᠭᠤᠨ ᠢᠶᠠᠷ ᠠᠬᠢᠭᠤᠯᠤᠨ᠎ᠠ᠃ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠪᠣᠯᠣᠨ ︽ᠳᠡᠯᠡᠬᠡᠢ ᠶᠢᠨ ᠪᠣᠬᠢᠷᠲᠤᠯ ᠦᠭᠡᠢ ᠴᠠᠬᠢᠭᠤᠷ ᠤᠨ ᠬᠤᠲᠠ︾᠎ ᠶᠢᠨ ᠪᠦᠲᠦᠭᠡᠨ ᠪᠠᠶᠢᠭᠤᠯᠤᠯᠲᠠ ᠶᠢᠨ ᠠᠵᠠ ᠲᠣᠬᠢᠶᠠᠯ ᠢ ᠠᠮᠵᠢᠨ ᠠᠳᠬᠤᠵᠤ᠂ ᠶᠡᠭᠡ ᠶᠢ ᠡᠯᠰᠡᠨ ᠬᠦᠴᠦᠷᠬᠡᠭ ᠢ ᠲᠠᠲᠠᠵᠤ᠂ ᠰᠢᠨ᠎ᠡ ᠶᠢ ᠡᠯᠰᠡᠨ ᠰᠢᠯᠢᠳᠡᠭ ᠢ ᠲᠠᠲᠠᠵᠤ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠬᠤᠪᠣᠷ ᠰᠢᠷᠣᠢ ᠶᠢᠨ ᠡᠭᠦᠰᠬᠡᠷ᠂ ᠰᠣᠷᠢᠨᠵᠢᠨ ᠮᠠᠲ᠋ᠧᠷᠢᠶᠠᠯ᠂ ᠣᠨᠴᠠ ᠲᠥᠷᠥᠯ ᠤᠨ ᠬᠠᠶᠢᠯᠤᠰᠢ᠂ ᠥᠭᠡᠬᠦᠨ ᠴᠢᠯᠠᠭᠤᠨ ᠬᠠᠶᠢᠯᠤᠭᠤᠷ ᠵᠡᠷᠭᠡ ᠠᠵᠤ ᠦᠢᠯᠡᠰ ᠲᠤ ︽ᠰᠢᠪᠲᠤᠯᠤᠯᠲᠠ ᠦᠭᠡᠢ︾ ᠪᠠᠶᠢᠬᠤ ᠶᠢ ᠪᠡᠶᠡᠯᠡᠭᠦᠯᠵᠦ᠂ ᠬᠤᠪᠣᠷ ᠰᠢᠷᠣᠢ ᠶᠢᠨ ᠠᠷᠠᠳ ᠤᠨ ᠬᠡᠷᠡᠭᠯᠡᠭᠡᠨ ᠤ ᠬᠦᠷᠢᠶᠡᠨ ᠳᠠᠬᠢ ᠪᠦᠯᠬᠦᠮ ᠤᠨ ᠪᠠᠷᠢᠮᠵᠢᠶ᠎ᠠ ᠶᠢ 34 ᠵᠦᠢᠯ ᠨᠡᠶᠢᠲᠡᠯᠡᠵᠦ᠂ ᠬᠤᠪᠣᠷ ᠰᠢᠷᠣᠢ ᠶᠢᠨ ᠪᠠᠺᠲ᠋ᠧᠷᠢ ᠬᠤᠷᠢᠭᠯᠠᠬᠤ ᠬᠡᠷᠡᠭᠯᠡᠭᠡᠨ ᠤ ᠦᠢᠯᠡᠳᠬᠦᠨ ᠢ ᠵᠠᠬ᠎ᠠ ᠳᠡᠯᠭᠡᠭᠦᠷ ᠲᠤ ᠭᠠᠷᠭᠠᠨ᠂ ᠳᠡᠯᠡᠬᠡᠢ ᠶᠢᠨ ᠬᠤᠪᠣᠷ ᠰᠢᠷᠣᠢ ᠶᠢᠨ ᠨᠤᠲᠤᠭ ᠤᠨ ᠨᠠᠷᠠᠲᠤ ᠲᠡᠮᠳᠡᠭᠲᠦ ᠶᠢ ᠤᠯᠠᠮ ᠨᠢᠭᠡ ᠠᠯᠬᠤᠮ ᠳᠠᠭᠤᠷᠢᠰᠤᠭᠤᠯᠤᠨ᠎ᠠ᠃ ᠰᠢᠨ᠎ᠡ ᠨᠢᠭᠡ ᠡᠭᠡᠯᠵᠢ ᠶᠢᠨ ᠠᠭᠤᠷᠬᠠᠢ ᠡᠷᠢᠬᠦ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠨᠢᠦᠪᠢ᠂ ᠰᠺᠠᠨᠳᠢ ᠳᠤᠮᠳᠠ ᠵᠡᠷᠭᠡ ᠶᠢᠨ ᠲᠤᠷᠰᠢᠯᠲᠠ ᠳᠤ ᠰᠢᠨ᠎ᠡ ᠰᠢᠪᠲᠤᠯᠤᠯᠲᠠ ᠲᠠᠢ ᠪᠣᠯᠵᠤ᠂ ᠡᠷᠦᠳᠡᠰᠦ ᠶᠢᠨ ᠺᠠᠯᠢ ᠶᠢᠨ ᠪᠣᠷᠳᠣᠭᠤᠷ᠂ ᠢᠯᠴᠢ ᠶᠢ ᠵᠠᠮᠬᠠᠷᠠᠭᠤᠯᠬᠤ ᠦᠢᠯᠡᠳᠬᠦᠨ ᠵᠡᠷᠭᠡ ᠴᠢᠬᠤᠯᠠ ᠶᠡᠭᠡ ᠲᠥᠷᠥᠯ ᠵᠦᠢᠯ ᠢ ᠪᠣᠳᠠᠲᠠᠶᠢᠵᠢᠭᠤᠯᠤᠨ ᠠᠵᠢᠯ ᠡᠬᠢᠯᠡᠭᠦᠯᠵᠦ᠂ ᠬᠠᠶᠢᠯᠤᠭᠤᠷ ᠵᠤᠩᠰᠢ ᠶᠢᠨ ᠬᠦᠳᠡᠷ ᠰᠢᠯᠢᠬᠦ᠂ ︽ᠰᠢᠯᠢᠯᠲᠡ ᠬᠢᠮᠢ ᠶᠢ ᠨᠢᠭᠡ ᠴᠣᠭᠴᠠᠵᠢᠭᠤᠯᠬᠤ︾ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠨᠢᠭᠡᠳᠦᠭᠡᠷ ᠬᠤᠭᠤᠴᠠᠭ᠎ᠠ᠂ ᠲᠡᠮᠦᠷ ᠠᠭᠤᠯᠤᠭᠰᠠᠨ ᠬᠡᠷᠡᠭᠴᠡᠭᠡᠲᠦ ᠴᠢᠯᠠᠭᠤᠯᠢᠭ ᠢ ᠬᠠᠭᠤᠷᠠᠢ ᠪᠠᠷ ᠰᠣᠩᠭᠤᠵᠤ ᠡᠭᠡᠭᠦᠯᠦᠨ ᠬᠤᠷᠢᠶᠠᠬᠤ᠂ ᠴᠡᠪᠡᠷ ᠡᠨᠧᠷᠭᠢ ᠶᠢ ᠬᠥᠮᠥᠷᠭᠡᠯᠡᠨ ᠬᠠᠳᠠᠭᠠᠯᠠᠬᠤ ᠵᠡᠷᠭᠡ ᠴᠢᠬᠤᠯᠠ ᠶᠡᠭᠡ ᠲᠥᠷᠥᠯ ᠵᠦᠢᠯ ᠢ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠪᠠ᠃ ᠭᠠᠳᠠᠭᠠᠳᠤ ᠨᠡᠭᠡᠭᠡᠯᠲᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠲᠠᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠢᠮᠢ ᠶᠢᠨ ᠠᠵᠤ ᠦᠢᠯᠡᠳᠪᠦᠷᠢ ᠶᠢᠨ ᠬᠡᠰᠡᠭ ᠢ ᠬᠠᠮᠲᠤᠪᠠᠷ ᠪᠠᠶᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠨᠢᠰᠬᠦ ᠭᠠᠵᠠᠷ ᠤᠨ ᠠᠵᠤ ᠠᠬᠤᠢ ᠶᠢ ᠬᠥᠭᠵᠢᠭᠦᠯᠵᠦ᠂ ᠱᠠᠨᠪᠧᠢ ᠣᠷᠣᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠤᠯᠪᠣᠭ᠎ᠠ ᠶᠢ ᠵᠣᠬᠢᠶᠠᠨ ᠪᠠᠶᠢᠭᠤᠯᠵᠤ ᠳᠠᠭᠤᠰᠬᠠᠨ᠂ ᠬᠥᠭᠵᠢᠯᠲᠡ ᠶᠢᠨ ᠨᠡᠶᠢᠯᠡᠮᠡᠯ ᠬᠦᠴᠦᠨ ᠢ ᠦᠷᠭᠦᠯᠵᠢᠯᠡᠨ ᠪᠤᠵᠠᠭᠠᠶᠢᠷᠠᠭᠤᠯᠪᠠ᠃     ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠭᠤᠣᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠯᠠᠪᠳᠠᠭᠤᠨ ᠢᠶᠠᠷ ᠠᠬᠢᠭᠤᠯᠤᠨ᠎ᠠ᠃ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠪᠠᠳᠠᠷᠠᠭᠤᠯᠵᠤ᠂ ᠰᠢᠶᠠᠨ ᠭᠠᠵᠠᠷ ᠤᠨ ᠱᠠᠲᠤᠨ ᠠᠴᠠ ᠳᠡᠭᠡᠭᠰᠢᠬᠢ ᠤᠳᠤᠷᠢᠳᠬᠤ ᠪᠠᠭ ᠦᠨᠳᠦᠰᠦᠨ ᠱᠠᠲᠤᠨ ᠳᠤ ᠪᠠᠭᠤᠵᠤ 217 ᠤᠳᠠᠭ᠎ᠠ ᠪᠠᠶᠢᠴᠠᠭᠠᠨ ᠰᠤᠳᠤᠯᠤᠯᠲᠠ ᠬᠢᠵᠦ᠂ ᠲᠤᠬᠠᠢ ᠶᠢᠨ ᠲᠠᠯᠠᠪᠤᠷ ᠲᠤ 27 ᠠᠰᠠᠭᠤᠳᠠᠯ ᠢ ᠰᠢᠢᠳᠪᠦᠷᠢᠯᠡᠵᠦ᠂ 107 ᠵᠦᠢᠯ ᠤᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ 5 ᠵᠦᠢᠯ ᠤᠨ ᠳᠦᠷᠢᠮ ᠤᠨ ᠦᠷ᠎ᠡ ᠪᠦᠲᠦᠭᠡᠯ ᠢ ᠪᠤᠢ ᠪᠣᠯᠭᠠᠪᠠ᠃ ᠨᠢᠭᠡ ᠰᠡᠳᠬᠢᠯ ᠨᠢᠭᠡ ᠵᠣᠷᠢᠭ ᠢᠶᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠤᠨ ᠲᠣᠳᠣᠷᠬᠠᠢ ᠬᠠᠭᠤᠳᠠᠰᠤ ᠶᠢ ᠪᠠᠶᠢᠭᠤᠯᠵᠤ᠂ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ 2700 ᠲᠡᠭᠰᠢ ᠳᠥᠷᠪᠡᠯᠵᠢᠨ ᠮᠧᠲᠷ ᠤᠨ ᠪᠡᠶ᠎ᠡ ᠶᠢᠨ ᠲᠠᠮᠢᠷ ᠤᠨ ᠴᠡᠴᠡᠷᠯᠢᠭ ᠢ ᠪᠠᠶᠢᠭᠤᠯᠤᠨ ᠪᠦᠲᠦᠭᠡᠪᠡ᠃ ᠠᠷᠠᠳ ᠤᠨ ᠠᠮᠢᠳᠤᠷᠠᠯ ᠤᠨ ᠳᠤᠲᠠᠭᠤᠳᠠᠯ ᠢ ᠲᠦᠷᠭᠡᠨ ᠨᠥᠬᠦᠪᠦᠷᠢᠯᠡᠵᠦ᠂ ᠪᠠᠴᠢᠮ ᠪᠠᠶᠢᠳᠠᠯ ᠢ ᠠᠷᠭᠠᠴᠠᠬᠤ ᠡᠮᠴᠢᠯᠡᠭᠡ ︵ᠬᠦᠨᠳᠦ ᠲᠦᠭᠰᠢᠭᠦᠷᠢᠲᠡᠢ ᠵᠢᠷᠮᠦᠰᠦᠨ ᠡᠮᠡᠭᠲᠡᠢ︶᠎ ᠶᠢᠨ ᠠᠪᠤᠷᠠᠨ ᠵᠠᠰᠠᠬᠤ ᠲᠥᠪ ᠢ ᠪᠠᠶᠢᠭᠤᠯᠤᠨ ᠪᠦᠲᠦᠭᠡᠵᠦ᠂ ︽ᠬᠤᠪᠣᠷ ᠰᠢᠷᠣᠢ ᠶᠢᠨ ᠨᠤᠲᠤᠭ︾᠎ ᠤᠨ ᠰᠣᠶᠣᠯ ᠤᠨ ᠵᠢᠭᠤᠯᠴᠢᠯᠠᠯ ᠤᠨ ᠲᠤᠰᠬᠠᠢ ᠭᠠᠯᠲᠤ ᠲᠡᠷᠭᠡ ᠪᠠ ᠪᠠᠶᠠᠨ᠋ᠣ᠋ᠪᠣᠭ᠎ᠠ  ᠎ ᠠᠴᠠ ᠳᠠᠷᠬᠠᠨ ᠮᠤᠤᠮᠢᠩᠭᠠᠨ ᠬᠤᠰᠢᠭᠤ ᠬᠦᠷᠬᠦ ᠬᠤᠲᠠ ᠶᠢᠨ ᠬᠤᠭᠤᠷᠣᠨᠳᠣᠬᠢ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ ᠢ ᠨᠠᠪᠲᠠᠷᠡᠭᠦᠯᠵᠦ᠂ ᠨᠢᠭᠡ ᠪᠦᠯᠦᠭ ᠣᠯᠠᠨ ᠲᠦᠮᠡᠨ ᠤ ᠲᠤᠰᠬᠠᠭᠰᠠᠨ ᠵᠠᠮ᠂ ᠭᠡᠷᠡᠯᠲᠦᠭᠦᠯᠭᠡ᠂ ᠴᠠᠬᠢᠯᠭᠠᠨ ᠴᠡᠨᠡᠭᠯᠡᠬᠦ ᠱᠣᠩ ᠵᠡᠷᠭᠡ ᠠᠰᠠᠭᠤᠳᠠᠯ ᠢ ᠰᠢᠢᠳᠪᠦᠷᠢᠯᠡᠪᠡ᠃ ᠨᠠᠮ ᠤᠨ ᠭᠡᠰᠢᠭᠦᠨ ᠺᠠᠳ᠋ᠷᠴᠤᠳ ᠤᠨ ᠴᠤᠭ ᠰᠦᠯᠳᠡ ᠶᠢ ᠪᠠᠳᠠᠷᠠᠭᠤᠯᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾︽ᠤᠳᠠᠭᠠᠨ᠂ ᠪᠦᠳᠦᠭᠦᠯᠢᠭ᠂ ᠬᠡᠶᠢᠰᠪᠦᠷᠢ︾︽ᠲᠠᠪᠤᠨ ᠵᠠᠷᠴᠢᠮ︾ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ {ᠨᠠᠮ ᠤᠨ ᠭᠡᠰᠢᠭᠦᠨ ᠺᠠᠳ᠋ᠷᠴᠤᠳ ᠤᠨ ᠴᠤᠭ ᠰᠦᠯᠳᠡ ᠶᠢ ᠪᠠᠳᠠᠷᠠᠭᠤᠯᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾᠂︽ᠤᠳᠠᠭᠠᠨ᠂ ᠪᠦᠳᠦᠭᠦᠯᠢᠭ᠂ ᠬᠡᠶᠢᠰᠪᠦᠷᠢ︾︽ᠲᠠᠪᠤᠨ ᠵᠠᠷᠴᠢᠮ︾ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ︾ᠬᠡᠷᠡᠭᠲᠡᠢ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号