ᠦ᠋ ᠺᠠᠢ᠄ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠪᠠᠶᠠᠨ᠋ᠣ᠋ᠪᠣᠭ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2023/11/23
     ᠣᠶᠢᠷ᠎ᠠ ᠳᠤ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠬᠤᠯᠪᠣᠭᠳᠠᠯ ᠪᠦᠬᠦᠢ ᠭᠠᠵᠠᠷ ᠣᠷᠣᠨ᠂ ᠠᠵᠤ ᠠᠬᠤᠶᠢᠯᠠᠯ ᠤᠨ ᠠᠵᠢᠯ ᠲᠥᠷᠥᠯ ᠤᠨ ᠨᠡᠶᠢᠭᠡᠮᠯᠢᠭ ᠵᠡᠷᠭᠡ ᠶᠢ ᠵᠣᠬᠢᠶᠠᠨ ᠪᠠᠶᠢᠭᠤᠯᠵᠤ ᠪᠤᠭᠤᠲᠤ ᠶᠢᠨ ᠳᠤᠮᠳᠠ ᠵᠡᠷᠭᠡ ᠶᠢᠨ ᠬᠤᠪᠣᠷ ᠰᠢᠷᠣᠢ ᠶᠢᠨ ᠬᠠᠳᠠᠭᠠᠯᠠᠭᠳᠠᠴᠠ᠂ ᠦᠢᠯᠡᠳᠪᠦᠷᠢᠯᠡᠯ ᠵᠢᠴᠢ ᠬᠡᠷᠡᠭᠯᠡᠭᠡᠨ ᠤ ᠣᠳᠣᠬᠢ ᠪᠠᠶᠢᠳᠠᠯ ᠳᠤ ᠲᠤᠰᠬᠠᠢ ᠰᠡᠳᠦᠪᠲᠦ ᠰᠤᠳᠤᠯᠭᠠᠨ ᠬᠢᠪᠡ᠃ ᠠᠵᠢᠯ ᠲᠥᠷᠥᠯ ᠤᠨ ᠬᠥᠮᠥᠰ ᠤᠨ ᠬᠡᠯᠡᠬᠦ ᠪᠠᠷ᠂ ᠪᠠᠶᠠᠨ᠋ᠣ᠋ᠪᠣᠭ᠎ᠠ ᠠᠭᠤᠷᠬᠠᠢ ᠪᠣᠯ ᠳᠡᠯᠡᠬᠡᠢ ᠳᠡᠭᠡᠷᠡᠬᠢ ᠬᠠᠮᠤᠭ ᠤᠨ ᠲᠣᠮᠣ ᠬᠤᠪᠣᠷ ᠰᠢᠷᠣᠢ ᠶᠢᠨ ᠠᠭᠤᠷᠬᠠᠢ ᠪᠣᠯᠣᠨ᠎ᠠ᠂ ᠬᠠᠮᠢᠶ᠎ᠠ ᠪᠦᠬᠦᠢ ᠰᠤᠳᠤᠯᠭᠠᠨ ᠤ ᠢᠯᠡᠷᠡᠭᠦᠯᠦᠭᠰᠡᠨ ᠢᠶᠠᠷ᠂ ᠬᠤᠪᠣᠷ ᠰᠢᠷᠣᠢ ᠶᠢ ᠬᠥᠩᠭᠡᠪᠴᠢᠯᠡᠬᠦ ᠠᠴᠠ ᠭᠠᠳᠠᠨ᠎ᠠ᠂ ᠪᠠᠶᠠᠨ᠋ᠣ᠋ᠪᠣᠭ᠎ᠠ ᠠᠭᠤᠷᠬᠠᠢ ᠳᠤ ᠪᠠᠰᠠ ᠡᠯᠪᠡᠭ ᠪᠠᠶᠠᠯᠢᠭ ᠳᠤᠮᠳᠠ ᠵᠡᠷᠭᠡ ᠶᠢᠨ ᠬᠤᠪᠣᠷ ᠰᠢᠷᠣᠢ ᠶᠢᠨ ᠡᠬᠢ ᠪᠠᠶᠠᠯᠢᠭ ᠬᠠᠳᠠᠭᠠᠯᠠᠭᠳᠠᠵᠤ ᠪᠠᠶᠢᠳᠠᠭ ᠪᠣᠯᠬᠤᠷ᠂ ᠭᠡᠷ ᠤᠨ ᠪᠠᠶᠢᠳᠠᠯ ᠢ ᠳᠠᠷᠤᠢ ᠲᠦᠷᠭᠡᠨ ᠣᠶᠢᠯᠠᠭᠠᠵᠤ᠂ ᠮᠡᠷᠭᠡᠵᠢᠯ ᠤᠨ ᠳᠡᠭᠡᠭᠰᠢᠯᠡᠯᠲᠡ ᠵᠢᠴᠢ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ᠂ ᠦᠢᠯᠡᠳᠬᠦᠨ ᠢ ᠳᠡᠯᠭᠡᠷᠡᠭᠦᠯᠦᠨ ᠬᠡᠷᠡᠭᠯᠡᠬᠦ ᠵᠡᠷᠭᠡ ᠪᠠᠷ ᠳᠠᠮᠵᠢᠭᠤᠯᠤᠨ᠂ ᠦᠯᠡᠭᠦᠦ ᠡᠯᠧᠮᠧᠨ᠋ᠲ ᠢ ᠲᠡᠩᠴᠡᠭᠦᠷᠢᠲᠡᠢ ᠠᠰᠢᠭᠯᠠᠵᠤ᠂ ᠪᠤᠭᠤᠲᠤ ᠶᠢᠨ ᠬᠤᠪᠣᠷ ᠰᠢᠷᠣᠢ ᠶᠢᠨ ᠠᠵᠤ ᠦᠢᠯᠡᠰ ᠤᠨ ︽ᠶᠡᠭᠡ ᠬᠡᠷᠡᠭᠯᠡᠭᠡ ᠶᠢ ᠰᠦᠪᠡᠭᠴᠢᠯᠡᠬᠦ︾ ︽ᠳᠡᠭᠡᠳᠦ ᠲᠠᠰ ᠳᠠᠰᠢ ᠤᠷᠤᠭᠰᠢᠯᠠᠬᠤ︾ ᠬᠠᠷᠠᠯᠲᠠ ᠶᠢ ᠪᠡᠶᠡᠯᠡᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ᠃     ᠬᠤᠪᠣᠷ ᠰᠢᠷᠣᠢ ᠶᠢᠨ ᠡᠯᠧᠮᠧᠨ᠋ᠲ ᠢ ᠬᠥᠩᠭᠡᠨ᠂ ᠳᠤᠮᠳᠠ᠂ ᠬᠦᠨᠳᠦ ᠭᠡᠵᠦ ᠭᠤᠷᠪᠠᠨ ᠪᠦᠯᠦᠭ ᠬᠤᠪᠢᠶᠠᠵᠤ ᠪᠣᠯᠣᠨ᠎ᠠ᠃ ᠳᠤᠮᠳᠠ ᠵᠡᠷᠭᠡ ᠶᠢᠨ ᠬᠦᠨᠳᠦ ᠬᠤᠪᠣᠷ ᠰᠢᠷᠣᠢ ᠶᠢᠨ ᠡᠯᠧᠮᠧᠨ᠋ᠲ ᠤᠨ ᠳᠣᠲᠣᠷ᠎ᠠ ᠰᠠᠮᠠᠷᠢ᠂ ᠭᠠᠳᠣᠯᠢᠨ᠂ ᠭᠤᠳᠣᠯᠢ ᠶᠢ ᠭᠤᠣᠯᠳᠠᠭᠤ ᠰᠣᠷᠢᠨᠵᠢᠨ ᠴᠢᠨᠠᠷ ᠲᠠᠢ ᠮᠠᠲ᠋ᠧᠷᠢᠶᠠᠯ ᠬᠢᠬᠦ ᠳᠤ ᠬᠡᠷᠡᠭᠯᠡᠳᠡᠭ᠃ ᠪᠠᠶᠠᠨ ᠣᠪᠣᠭ᠎ᠠ ᠠᠭᠤᠷᠬᠠᠢ ᠪᠣᠯ ᠳᠡᠯᠡᠬᠡᠢ ᠳᠡᠭᠡᠷᠡᠬᠢ ᠬᠠᠮᠤᠭ ᠤᠨ ᠶᠡᠭᠡ ᠬᠤᠪᠣᠷ ᠰᠢᠷᠣᠢ ᠶᠢᠨ ᠠᠭᠤᠷᠬᠠᠢ ᠪᠣᠯᠣᠨ᠎ᠠ᠂ ᠬᠠᠮᠢᠶ᠎ᠠ ᠪᠦᠬᠦᠢ ᠰᠤᠳᠤᠯᠭᠠᠨ ᠠᠴᠠ ᠦᠵᠡᠪᠡᠯ᠂ ᠬᠥᠩᠭᠡᠨ ᠬᠤᠪᠣᠷ ᠰᠢᠷᠣᠢ ᠠᠴᠠ ᠭᠠᠳᠠᠨ᠎ᠠ᠂ ᠪᠠᠶᠠᠨ ᠣᠪᠣᠭ᠎ᠠ ᠠᠭᠤᠷᠬᠠᠢ ᠳᠤ ᠪᠠᠰᠠ ᠡᠯᠪᠡᠭ ᠪᠠᠶᠠᠯᠢᠭ ᠳᠤᠮᠳᠠ ᠵᠡᠷᠭᠡ ᠶᠢᠨ ᠬᠤᠪᠣᠷ ᠰᠢᠷᠣᠢ ᠶᠢᠨ ᠡᠬᠢ ᠪᠠᠶᠠᠯᠢᠭ ᠬᠠᠳᠠᠭᠠᠯᠠᠭᠳᠠᠵᠤ ᠪᠠᠶᠢᠨ᠎ᠠ᠃       ︽ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ︾᠎ ᠤᠨ ᠪᠠᠶᠢᠳᠠᠯ ᠢ ᠲᠣᠳᠣᠷᠬᠠᠢ ᠣᠶᠢᠯᠠᠭᠠᠪᠠ᠃    ᠠᠭᠤᠷᠬᠠᠢ ᠡᠷᠢᠬᠦ ᠠᠵᠢᠯᠯᠠᠭ᠎ᠠ ᠶᠢ ᠥᠷᠨᠢᠭᠦᠯᠬᠦ ᠲᠠᠯ᠎ᠠ ᠪᠠᠷ᠂ ᠲᠤᠰᠬᠠᠢ ᠮᠡᠷᠭᠡᠵᠢᠯᠲᠡᠨ ᠠᠴᠠ 2025 ᠣᠨ ᠳᠤ ᠬᠥᠷᠥᠩᠭᠡ ᠶᠢᠨ ᠪᠠᠶᠢᠳᠠᠯ ᠢ ᠣᠶᠢᠯᠠᠭᠠᠬᠤ ᠠᠵᠢᠯ ᠢ ᠪᠡᠶᠡᠯᠡᠭᠦᠯᠬᠦ ᠬᠡᠷᠡᠭᠲᠡᠢ ᠭᠡᠵᠦ ᠰᠠᠨᠠᠭᠤᠯᠵᠠᠢ᠃ ᠰᠢᠨᠵᠢᠯᠡᠬᠦ ᠤᠬᠠᠭᠠᠨ ᠟ᠣ ᠰᠤᠳᠤᠯᠤᠯ ᠟ᠣᠨ ᠠᠵᠢᠯ ᠟ᠢ ᠪᠥᠬᠦ ᠲᠠᠯ᠎ᠠ ᠪᠠᠷ ᠥᠷᠨᠢᠭᠦᠯᠬᠦ ᠲᠠᠯ᠎ᠠ ᠪᠠᠷ᠂ ᠠᠺᠠᠳᠧᠮᠢᠴᠢ ᠶᠢᠨ ᠠᠵᠢᠯ ᠟ᠣᠨ ᠥᠷᠳᠡᠭᠡ ᠪᠠᠷ ᠲᠦᠰᠢᠭ ᠪᠣᠯᠭᠠᠨ᠂ ᠪᠠᠶᠠᠨ᠋ᠣ᠋ᠪᠣᠭ᠎ᠠ ᠶᠢᠨ ᠠᠭᠤᠷᠬᠠᠢ ᠶᠢᠨ ᠳᠣᠲᠣᠷᠠᠬᠢ ᠬᠤᠪᠣᠷ ᠰᠢᠷᠣᠢ ᠶᠢ ᠴᠢᠬᠤᠯᠠᠴᠢᠯᠠᠬᠤ ᠰᠤᠳᠤᠯᠤᠯ ᠟ᠢ ᠲᠦᠯᠬᠢᠨ ᠠᠬᠢᠭᠤᠯᠵᠤ᠂ ᠪᠠᠶᠠᠨ᠋ᠣ᠋ᠪᠣᠭ᠎ᠠ ᠶᠢᠨ ᠠᠭᠤᠷᠬᠠᠢ ᠶᠢᠨ ᠳᠣᠲᠣᠷᠠᠬᠢ ᠬᠤᠪᠣᠷ ᠰᠢᠷᠣᠢ ᠶᠢ ᠴᠢᠬᠤᠯᠠᠴᠢᠯᠠᠬᠤ ᠠᠴᠢᠶᠠᠯᠠᠪᠤᠷᠢ ᠶᠢᠨ ᠡᠷᠦᠳᠡᠰᠦ ᠪᠣᠯᠣᠨ ᠡᠯᠪᠡᠭ ᠬᠤᠷᠠᠭᠰᠠᠨ ᠡᠷᠦᠳᠡᠰᠦ᠂ ᠳᠤᠮᠳᠠ ᠵᠡᠷᠭᠡ ᠶᠢᠨ ᠬᠤᠪᠣᠷ ᠰᠢᠷᠣᠢ ᠶᠢᠨ ᠠᠴᠢᠶᠠᠯᠠᠪᠤᠷᠢ ᠶᠢᠨ ᠡᠷᠦᠳᠡᠰᠦ ᠪᠣᠯᠣᠨ ᠡᠯᠪᠡᠭ ᠬᠤᠷᠠᠭᠰᠠᠨ ᠡᠷᠦᠳᠡᠰᠦ ᠶᠢᠨ ᠡᠯᠪᠡᠭ ᠬᠤᠷᠠᠭᠰᠠᠨ ᠣᠷᠣᠨ ᠪᠦᠰᠡ ᠶᠢ ᠰᠤᠳᠤᠯᠬᠤ ᠬᠡᠷᠡᠭᠲᠡᠢ᠃      ᠳᠤᠮᠳᠠ ᠵᠡᠷᠭᠡ ᠶᠢᠨ ᠬᠤᠪᠣᠷ ᠰᠢᠷᠣᠢ ᠶᠢ ᠰᠤᠳᠤᠯᠤᠨ ᠨᠡᠭᠡᠭᠡᠵᠦ ᠬᠡᠷᠡᠭᠯᠡᠬᠦ ᠶᠢ ᠲᠦᠯᠬᠢᠨ ᠠᠬᠢᠭᠤᠯᠤᠨ᠎ᠠ᠃    ︽ᠴᠤᠯᠤ ᠴᠡᠪᠡᠷ ᠬᠤᠪᠣᠷ ᠰᠢᠷᠣᠢ ᠶᠢᠨ ᠲᠡᠮᠦᠷᠯᠢᠭ ︵ᠢᠲᠷᠢ᠂ ᠭᠠᠳᠣᠯᠢᠨ᠂ ᠭᠤᠳᠣᠯᠢ︶ ᠦᠢᠯᠡᠳᠬᠦ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ︾᠂ ︽ᠲᠡᠮᠦᠷᠯᠢᠭ ᠭᠤᠳᠣᠯᠢ ᠵᠢᠴᠢ ᠭᠠᠳᠣᠯᠢᠨ ᠲᠡᠮᠦᠷ ᠤᠨ ᠬᠠᠶᠢᠯᠤᠰᠢ ᠶᠢᠨ ᠥᠨᠳᠥᠷ ᠬᠤᠷᠢᠶᠠᠯᠲᠠ ᠶᠢᠨ ᠨᠣᠷᠮ᠎ᠠ ᠶᠢ ᠬᠡᠪᠴᠢᠶᠡᠵᠢᠭᠦᠯᠦᠨ ᠦᠢᠯᠡᠳᠬᠦ︾᠂ ︽ᠡᠯᠧᠺᠲᠷᠣᠨ᠂ ᠠᠭᠠᠷ ᠤᠨ ᠠᠶᠠᠯᠠᠯ ᠳᠤ ᠬᠡᠷᠡᠭᠯᠡᠬᠦ ᠰᠺᠠᠨᠳᠢ ᠵᠢᠴᠢ ᠣᠯᠠᠨ ᠡᠰᠢᠲᠦ ᠬᠤᠪᠣᠷ ᠰᠢᠷᠣᠢ ᠶᠢᠨ ᠬᠥᠩᠭᠡᠨ ᠬᠠᠶᠢᠯᠤᠰᠢ ᠶᠢ ᠦᠢᠯᠡᠳᠬᠦ ᠵᠠᠩᠭᠢᠯᠠᠭ᠎ᠠ ᠶᠢᠨ ᠮᠡᠷᠭᠡᠵᠢᠯ ᠢ ᠨᠡᠭᠡᠭᠡᠨ ᠬᠥᠭᠵᠢᠭᠦᠯᠬᠦ︾ ᠵᠡᠷᠭᠡ ᠲᠥᠷᠥᠯ ᠵᠦᠢᠯ ᠢ ᠬᠡᠷᠡᠭᠵᠢᠭᠦᠯᠦᠨ᠎ᠡ᠃      ᠳᠤᠮᠳᠠ ᠴᠢᠬᠤᠯᠠ ᠬᠤᠪᠣᠷ ᠰᠢᠷᠣᠢ ᠶᠢᠨ ᠠᠵᠤ ᠦᠢᠯᠡᠰ ᠤᠨ ᠬᠡᠪᠴᠢᠶ᠎ᠡ ᠶᠢ ᠳᠡᠭᠡᠭᠰᠢᠯᠡᠭᠦᠯᠦᠨ᠎ᠡ᠃    ᠨᠢᠭᠡ ᠲᠠᠯ᠎ᠠ ᠪᠠᠷ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠠᠶᠠᠨ᠋ᠣ᠋ᠪᠣᠭ᠎ᠠ ᠠᠭᠤᠷᠬᠠᠢ ᠳᠠᠬᠢ ᠬᠤᠪᠣᠷ ᠰᠢᠷᠣᠢ ᠶᠢᠨ ᠦᠢᠯᠡᠳᠪᠦᠷᠢᠯᠡᠯ ᠤᠨ ᠴᠢᠳᠠᠪᠤᠷᠢ ᠶᠢᠨ ᠭᠠᠷᠤᠯᠲᠠ ᠶᠢ ᠳᠡᠭᠡᠭᠰᠢᠯᠡᠭᠦᠯᠦᠨ᠎ᠡ︔ ᠨᠥᠭᠦᠭᠡ ᠲᠠᠯ᠎ᠠ ᠪᠠᠷ ᠬᠠᠶᠠᠭᠳᠠᠯ ᠡᠳ᠋ ᠢ ᠬᠤᠷᠢᠶᠠᠨ ᠠᠪᠴᠢᠷᠠᠬᠤ ᠠᠵᠤ ᠦᠢᠯᠡᠰ ᠤᠨ ᠬᠡᠪᠴᠢᠶ᠎ᠡ ᠶᠢ ᠥᠷᠭᠡᠳᠬᠡᠵᠦ᠂ ᠲᠡᠮᠦᠷ ᠪᠤᠷ ᠤᠨ ᠬᠠᠶᠠᠭᠳᠠᠯ ᠡᠳ᠋ ᠤᠨ ᠳᠣᠲᠣᠷᠠᠬᠢ ᠭᠠᠳᠣᠯᠢᠨ᠂ ᠭᠤᠳᠣᠯᠢ᠂ ᠭᠤᠳᠣᠯᠢ ᠵᠡᠷᠭᠡ ᠳᠤᠮᠳᠠ ᠵᠡᠷᠭᠡ ᠶᠢᠨ ᠬᠤᠪᠣᠷ ᠰᠢᠷᠣᠢ ᠶᠢᠨ ᠡᠬᠢ ᠪᠠᠶᠠᠯᠢᠭ ᠢ ᠪᠦᠲᠦᠮᠵᠢᠲᠡᠶ ᠪᠠᠷ ᠬᠤᠷᠢᠶᠠᠨ ᠠᠪᠴᠤ ᠠᠰᠢᠭᠯᠠᠨ᠎ᠠ᠃ ᠡᠭᠦᠨ ᠠᠴᠠ ᠭᠠᠳᠠᠨ᠎ᠠ᠂ ᠳᠤᠮᠳᠠ ᠵᠡᠷᠭᠡ ᠶᠢᠨ ᠬᠤᠪᠣᠷ ᠰᠢᠷᠣᠢ ᠶᠢᠨ ᠲᠡᠮᠦᠷᠯᠢᠭ ᠤᠨ ᠠᠵᠤ ᠦᠢᠯᠡᠰ ᠤᠨ ᠬᠡᠪᠴᠢᠶ᠎ᠡ ᠶᠢ ᠳᠡᠭᠡᠭᠰᠢᠯᠡᠭᠦᠯᠵᠦ᠂ ᠳᠡᠭᠡᠳᠦ ᠴᠡᠪᠡᠷ ᠬᠤᠪᠣᠷ ᠰᠢᠷᠣᠢ ᠶᠢᠨ ᠲᠡᠮᠦᠷᠯᠢᠭ᠂ ᠳᠤᠮᠳᠠ ᠵᠡᠷᠭᠡ ᠶᠢᠨ ᠬᠦᠨᠳᠦ ᠬᠤᠪᠣᠷ ᠰᠢᠷᠣᠢ ᠶᠢᠨ ᠲᠡᠮᠦᠷᠯᠢᠭ ᠬᠢᠭᠡᠳ ᠬᠠᠶᠢᠯᠤᠰᠢ ᠵᠡᠷᠭᠡ ᠵᠦᠷᠢᠶᠡᠴᠢᠯᠡᠭᠰᠡᠨ ᠦᠢᠯᠡᠳᠬᠦᠨ ᠢ ᠥᠷᠭᠡᠳᠬᠡᠨ᠎ᠡ᠃        
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号