ᠣᠷᠣᠨ ᠤ ᠤᠰᠤᠨ ᠤ ᠶᠠᠪᠤᠳᠠᠯ ᠤᠨ ᠲᠣᠪᠴᠢᠶ᠎ᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠪᠠᠷᠠᠭᠠᠨ ᠤ ᠲᠡᠷᠭᠡ ᠶᠢᠨ ᠵᠠᠮ ᠲᠡᠭᠡᠭᠡᠪᠦᠷᠢ ᠶᠢᠨ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/24
     ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠶᠢᠨ ᠲᠥᠯᠥᠭᠡ᠂ 11 ᠰᠠᠷ᠎ᠠ ᠶᠢᠨ 21᠎ ᠤ ᠡᠳᠦᠷ᠂ ᠣᠷᠣᠨ ᠤ ᠤᠰᠤᠨ ᠤ ᠶᠠᠪᠤᠳᠠᠯ ᠤᠨ ᠲᠣᠪᠴᠢᠶ᠎ᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠪᠠᠷᠠᠭᠠᠨ ᠤ ᠲᠡᠷᠭᠡ ᠶᠢᠨ ᠬᠡᠮᠵᠢᠶ᠎ᠡ ᠳᠠᠭᠠᠭᠠᠴᠠ  ᠎ ᠠᠴᠠ ᠬᠡᠲᠦᠷᠡᠲᠡᠯ᠎ᠡ ᠠᠴᠢᠶᠠᠯᠠᠭᠰᠠᠨ ᠵᠡᠷᠭᠡ ᠬᠠᠤᠯᠢ ᠲᠣᠭᠲᠠᠭᠠᠯ  ᠎ ᠠᠴᠠ ᠵᠥᠷᠢᠴᠡᠭᠰᠡᠨ ᠲᠡᠭᠡᠭᠡᠪᠦᠷᠢ ᠶᠢᠨ ᠦᠶᠯᠡ ᠠᠵᠢᠯᠯᠠᠭ᠎ᠠ ᠶᠢ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃    ᠲᠣᠰ ᠤᠳᠠᠭᠠᠨ ᠤ ᠪᠠᠶᠢᠴᠠᠭᠠᠯᠲᠠ ᠳᠤ᠂ ᠲᠤᠬᠠᠢ ᠶᠢᠨ ᠲᠠᠯᠠᠪᠤᠷ ᠲᠤ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤᠨᠢ ᠬᠠᠷᠢᠭᠤ ᠲᠤᠰᠬᠠᠵᠤ᠂ ᠠᠵᠤ ᠠᠬᠤᠶᠢᠯᠠᠯ ᠤᠨ ᠠᠮᠤᠷ ᠲᠦᠪᠰᠢᠨ ᠤ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠴᠢᠩᠭᠠᠳᠬᠠᠬᠤ ᠶᠢ ᠰᠢᠪᠠᠳᠠᠨ ᠱᠠᠭᠠᠷᠳᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠡᠷᠭᠡᠶᠢᠯᠡᠯᠲᠡ ᠶᠢᠨ ᠱᠤᠭᠤᠮ ᠢ ᠡᠬᠢ ᠡᠭᠦᠰᠦᠯ ᠠᠴᠠ ᠨᠢ ᠪᠠᠬᠢᠵᠢᠭᠦᠯᠬᠦ ᠶᠢᠨ ᠬᠠᠮᠲᠤ ᠪᠠᠷᠠᠭᠠᠨ ᠤ ᠲᠡᠷᠭᠡ ᠶᠢᠨ ᠵᠢᠯᠣᠭᠤᠴᠢ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠡᠭᠡᠭᠡᠪᠦᠷᠢᠯᠡᠬᠦ ᠳᠡᠭᠡᠨ ᠦᠨᠡᠮᠯᠡᠯ ᠢᠶᠠᠨ ᠲᠡᠷᠭᠡᠨ ᠳᠡᠭᠡᠨ ᠠᠪᠴᠤ ᠶᠠᠪᠤᠬᠤ ᠬᠡᠷᠡᠭᠲᠡᠢ᠂ ᠶᠠᠭᠠᠬᠢᠭᠰᠠᠨ ᠴᠤ ᠳᠠᠭᠠᠭᠠᠴᠠ ᠠᠴᠠ ᠬᠡᠲᠦᠷᠡᠭᠦᠯᠵᠦ ᠪᠣᠯᠬᠤ ᠦᠭᠡᠢ᠂ ᠪᠦᠲᠡᠭᠡᠯᠭᠡ ᠪᠠᠨ ᠳᠠᠷᠤᠵᠤ ᠪᠣᠯᠬᠤ ᠦᠭᠡᠢ᠂ ᠠᠮᠤᠷ ᠲᠦᠪᠰᠢᠨ ᠪᠥᠭᠡᠳ ᠲᠣᠭᠲᠠᠭᠤᠨ ᠵᠠᠮ ᠬᠠᠷᠢᠯᠴᠠᠭᠠᠨ ᠤ ᠣᠷᠴᠢᠨ ᠨᠥᠬᠦᠴᠡᠯ ᠢ ᠦᠷᠭᠦᠯᠵᠢᠯᠡᠨ ᠪᠣᠶ ᠪᠣᠯᠭᠠᠬᠤ ᠬᠡᠷᠡᠭᠲᠡᠢ ᠭᠡᠵᠦ ᠰᠠᠨᠠᠭᠤᠯᠪᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号