ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠰᠢᠩ ᠭᠤᠸᠠᠩ ᠨᠡᠶᠢᠭᠡᠮ ᠲᠣᠭᠤᠷᠢᠭ ᠲᠤ ᠭᠦᠨᠵᠡᠭᠡᠶᠢᠷᠡᠨ ︽ᠨᠢᠭᠡ ᠳᠤᠭᠤᠯᠠᠭ᠎ᠠ ᠣᠷᠴᠢᠮ︾᠎ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/24
    ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠮ ᠬᠠᠷᠢᠯᠴᠠᠭᠠᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠪᠠ ᠪᠠᠭᠠᠰᠬᠠᠬᠤ ᠶᠢᠨ ᠲᠥᠯᠥᠭᠡ᠂ ᠣᠶᠢᠷ᠎ᠠ ᠳᠤ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠵᠤ ᠬᠠᠷᠢᠶ᠎ᠠ ᠣᠷᠣᠨ ᠤ ᠰᠢᠩ ᠭᠤᠸᠠᠩ ᠨᠡᠶᠢᠭᠡᠮ ᠲᠣᠭᠤᠷᠢᠭ ᠲᠤ ᠭᠦᠨᠵᠡᠭᠡᠶᠢᠷᠡᠭᠦᠯᠦᠨ᠂ ︽ᠨᠢᠭᠡ ᠳᠤᠭᠤᠯᠠᠭ᠎ᠠ ᠣᠷᠴᠢᠮ︾᠎ ᠤᠨ ᠵᠠᠮ ᠬᠠᠷᠢᠯᠴᠠᠭᠠᠨ ᠤ ᠭᠤᠣᠯ ᠰᠡᠳᠦᠪᠲᠦ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃     ᠠᠵᠢᠯᠯᠠᠭ᠎ᠠ ᠶᠢᠨ ᠳᠤᠮᠳᠠ᠂ ᠠᠵᠢᠯᠲᠠᠳ ︽ᠨᠢᠭᠡ ᠳᠤᠭᠤᠯᠠᠭ᠎ᠠ ᠣᠷᠴᠢᠮ︾᠎ ᠢᠶᠠᠷ ᠭᠤᠣᠯ ᠠᠭᠤᠯᠭ᠎ᠠ ᠪᠣᠯᠭᠠᠵᠤ ᠂ ᠰᠠᠭᠤᠭᠠᠯᠢ ᠠᠷᠠᠳ ᠲᠤ ᠲᠡᠷᠭᠡ ᠬᠥᠰᠬᠡ ᠠᠮᠤᠷ ᠲᠦᠪᠰᠢᠨ ᠤ ᠪᠦᠰᠡ ᠪᠦᠰᠡᠯᠡᠬᠦ ᠦᠭᠡᠢ᠂ ᠮᠣᠲ᠋ᠣᠷ ᠲᠡᠷᠭᠡ ᠤᠨᠤᠬᠤ ᠪᠠ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠤᠨᠤᠬᠤ ᠳᠤ ᠠᠮᠤᠷ ᠲᠦᠪᠰᠢᠨ ᠤ ᠳᠤᠭᠤᠯᠠᠭ᠎ᠠ ᠵᠡᠭᠦᠬᠦ ᠦᠭᠡᠢ᠂ ᠳᠣᠬᠢᠶᠠᠨ ᠳ᠋ᠧᠩ ᠢ ᠳᠠᠭᠠᠷᠢᠬᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢᠨ ᠬᠤᠣᠷ ᠬᠥᠨᠥᠭᠡᠯ ᠢ ᠤᠬᠠᠭᠤᠯᠤᠨ ᠲᠠᠶᠢᠯᠪᠤᠷᠢᠯᠠᠵᠤ᠂ ᠡᠭᠦᠨ ᠤ ᠬᠠᠮᠲᠤ ᠡᠪᠦᠯ ᠤᠨ ᠤᠯᠠᠷᠢᠯ ᠤᠨ ᠵᠠᠮ ᠬᠠᠷᠢᠯᠴᠠᠭᠠᠨ ᠤ ᠣᠨᠴᠠᠯᠢᠭ ᠲᠠᠢ ᠤᠶᠠᠯᠳᠤᠭᠤᠯᠤᠨ᠂ ᠡᠪᠦᠯ ᠤᠨ ᠤᠯᠠᠷᠢᠯ ᠤᠨ ᠠᠳᠡᠯ ᠢ ᠤᠷᠢᠳᠴᠢᠯᠠᠨ ᠰᠡᠷᠭᠡᠶᠢᠯᠡᠬᠦ ᠮᠡᠳᠡᠯᠭᠡ ᠪᠠ ᠵᠠᠮ ᠬᠠᠷᠢᠯᠴᠠᠭᠠᠨ ᠤ ᠠᠮᠤᠷ ᠲᠦᠪᠰᠢᠨ ᠤ ᠠᠩᠬᠠᠷᠬᠤ ᠵᠦᠢᠯᠡᠰ ᠢ ᠲᠠᠶᠢᠯᠪᠤᠷᠢᠯᠠᠬᠤ ᠶᠢᠨ ᠬᠠᠮᠲᠤ᠂ ᠣᠶᠢᠷ᠎ᠠ ᠶᠢᠨ ᠬᠤᠭᠤᠴᠠᠭᠠᠨ ᠳᠤ ᠴᠠᠰᠤ ᠶᠡᠬᠡᠲᠡᠢ ᠴᠠᠭ ᠠᠭᠤᠷ ᠤᠨ ᠣᠨᠴᠠᠯᠢᠭ ᠤᠨ ᠲᠤᠬᠠᠢ ᠥᠷᠭᠡᠨ ᠣᠯᠠᠨ ᠲᠦᠮᠡᠨ ᠳᠤ ᠴᠠᠰᠤᠨ ᠳᠤᠮᠳᠠᠭᠤᠷ ᠲᠡᠷᠭᠡ ᠶᠠᠪᠤᠬᠤ ᠵᠠᠮ ᠬᠠᠷᠢᠯᠴᠠᠭᠠᠨ ᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠬᠡᠯᠡᠵᠦ ᠥᠭᠴᠡᠢ᠃     ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ︽ᠨᠢᠭᠡ ᠳᠤᠭᠤᠯᠠᠭ᠎ᠠ ᠣᠷᠴᠢᠮ︾᠎ ᠤᠨ ᠲᠤᠬᠠᠢ ᠨᠠᠩ ᠭᠦᠨᠵᠡᠭᠡᠢ ᠣᠶᠢᠯᠠᠭᠠᠯᠲᠠ ᠲᠠᠢ ᠪᠣᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃ ᠠᠳᠡ ᠠᠷᠠᠳ ᠤᠨ ᠴᠠᠭᠳᠠᠭ᠎ᠠ ᠥᠷᠭᠡᠨ ᠣᠯᠠᠨ ᠰᠠᠭᠤᠭᠠᠯᠢ ᠠᠷᠠᠳ  ᠎ ᠢ ᠵᠠᠮ ᠬᠠᠷᠢᠯᠴᠠᠭᠠᠨ ᠤ ᠬᠠᠤᠯᠢ ᠲᠣᠭᠲᠠᠭᠠᠯ  ᠎ ᠢ ᠤᠬᠠᠮᠰᠠᠷ  ᠎ ᠠᠴᠠ ᠪᠠᠨ ᠵᠢᠷᠤᠮᠯᠠᠨ ᠰᠠᠬᠢᠵᠤ᠂ ᠵᠠᠮ ᠬᠠᠷᠢᠯᠴᠠᠭᠠᠨ ᠤ ᠮᠠᠭᠤ ᠳᠠᠳᠬᠠᠯ  ᠎ ᠢ ᠲᠠᠶᠠᠭᠳᠠᠵᠤ᠂ ᠠᠮᠤᠷ ᠲᠦᠪᠰᠢᠨ᠂ ᠪᠣᠯᠪᠠᠰᠤᠨ᠂ ᠰᠠᠭᠠᠳ ᠦᠭᠡᠢ ᠨᠡᠪᠲᠡᠷᠡᠬᠦ ᠵᠠᠮ ᠬᠠᠷᠢᠯᠴᠠᠭᠠᠨ ᠤ ᠣᠷᠴᠢᠨ ᠨᠥᠬᠦᠴᠡᠯ  ᠎ ᠢ ᠬᠠᠮᠲᠤ ᠪᠠᠷ ᠪᠣᠶ ᠪᠣᠯᠭᠠᠬᠤ ᠬᠡᠷᠡᠭᠲᠡᠢ ᠭᠡᠵᠦ ᠤᠷᠢᠶᠠᠯᠠᠵᠠᠢ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号