ᠪᠠᠶᠠᠨ᠋ᠣ᠋ᠪᠣᠭ᠎ᠠ ᠲᠡᠮᠦᠷ ᠤᠨ ᠠᠭᠤᠷᠬᠠᠢ ᠶᠢᠨ ᠥᠩᠭᠡ ᠭᠡᠷᠡᠯ ᠤᠨ ᠵᠢᠭᠰᠠᠭᠠᠯᠲᠠ ᠳᠤ ᠣᠷᠣᠪᠠ
ᠨᠡᠶᠢᠲᠡᠯᠡᠭᠰᠡᠨ ᠴᠠᠭ᠄
2023/11/28
     ᠣᠶᠢᠷ᠎ᠠ ᠳᠤ᠂ ᠳᠤᠮᠳᠠᠳᠤ ᠤᠯᠤᠰ ᠤᠨ ᠪᠣᠯᠣᠳ ᠲᠡᠮᠦᠷ ᠤᠨ ᠠᠵᠤ ᠦᠢᠯᠡᠳᠪᠦᠷᠢ ᠶᠢᠨ ᠨᠡᠶᠢᠭᠡᠮᠯᠢᠭ ᠠᠴᠠ 2023 ᠣᠨ ᠤ ᠪᠣᠯᠣᠳ ᠲᠡᠮᠦᠷ ᠤᠨ ᠠᠵᠢᠯ ᠲᠥᠷᠥᠯ ᠤᠨ ᠣᠶᠤᠨᠴᠢ ᠦᠢᠯᠡᠳᠬᠦ ᠶᠢ ᠰᠢᠢᠳᠪᠦᠷᠢᠯᠡᠬᠦ ᠲᠥᠰᠥᠯ ᠵᠢᠴᠢ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢᠨ ᠨᠡᠶᠢᠲᠡᠯᠢᠭ ᠦᠵᠡᠭᠳᠡᠯ ᠤᠨ ᠬᠡᠷᠡᠭᠯᠡᠯᠲᠡ ᠶᠢᠨ ᠵᠢᠱᠢᠶ᠎ᠡ ᠶᠢ ᠬᠢᠨᠠᠨ ᠲᠣᠭᠲᠠᠭᠠᠭᠰᠠᠨ ᠦᠷ᠎ᠡ ᠳ᠋ᠦᠩ ᠢ ᠨᠡᠶᠢᠲᠡᠯᠡᠵᠦ᠂ ︽ᠪᠠᠶᠠᠨ᠋ᠣ᠋ᠪᠣᠭ᠎ᠠ ᠲᠡᠮᠦᠷ ᠤᠨ ᠠᠭᠤᠷᠬᠠᠢ ᠶᠢᠨ ᠣᠶᠤᠨᠴᠢ ᠠᠭᠤᠷᠬᠠᠢ ᠶᠢᠨ ᠮᠡᠷᠭᠡᠵᠢᠯ ᠤᠨ ᠨᠡᠭᠡᠭᠡᠯᠲᠡ ᠵᠢᠴᠢ ᠬᠡᠷᠡᠭᠯᠡᠯᠲᠡ︾᠎ ᠶᠢ ᠠᠮᠵᠢᠯᠲᠠ ᠲᠠᠢ ᠪᠠᠷ ᠵᠢᠭᠰᠠᠭᠠᠨ ᠣᠷᠣᠭᠤᠯᠤᠭᠰᠠᠨ ᠪᠠᠶᠢᠨ᠎ᠠ᠃      ᠠᠯᠤᠰ ᠡᠵᠡᠮᠰᠢᠯ ᠤᠨ ᠲᠥᠬᠦᠭᠡᠷᠦᠮᠵᠢ ᠶᠢᠨ ᠵᠢᠯᠤᠭᠤᠳᠬᠤ ᠡᠰᠢ ᠶᠢ ᠬᠥᠩᠭᠡᠨ ᠰᠠᠵᠢᠯᠠᠭᠤᠯᠵᠤ᠂ ᠴᠠᠬᠢᠯᠭᠠᠨ ᠬᠤᠰᠤᠭᠤᠷ ᠤᠨ ᠮᠠᠰᠢᠨ ᠭᠠᠷ ︽ᠰᠡᠭᠦᠳᠡᠷ ᠮᠡᠲᠦ ᠲᠠᠭᠠᠵᠤ︾᠂ ᠬᠡᠳᠦᠨ ᠺᠢᠯᠤᠮᠥᠲᠷ ᠤᠨ ᠴᠠᠭᠠᠨᠠᠬᠢ ᠠᠭᠤᠷᠬᠠᠢ ᠮᠠᠯᠲᠠᠬᠤ ᠲᠥᠬᠦᠭᠡᠷᠦᠮᠵᠢ ᠶᠢ︽ᠥᠴᠥᠬᠡᠨ ᠴᠦ ᠬᠤᠶᠢᠰᠢᠯᠠᠭᠤᠯᠬᠤ ᠦᠭᠡᠢ︾᠎ ᠪᠠᠷ ᠴᠤᠤᠷᠢᠶᠠᠲᠤᠨ ᠳᠠᠭᠠᠨ᠎ᠠ ᠁ ᠪᠠᠶᠠᠨ᠋ᠣ᠋ᠪᠣᠭ᠎ᠠ ᠲᠡᠮᠦᠷ ᠤᠨ ᠠᠭᠤᠷᠬᠠᠢ ᠶᠢᠨ ᠣᠶᠤᠨᠴᠢ ᠡᠵᠡᠮᠰᠢᠯ ᠤᠨ ᠲᠥᠪ ᠲᠤ᠂ ᠯᠤᠲᠤ ᠶᠡᠭᠡ ᠡᠯᠧᠺᠲᠷᠣᠨ ᠳᠡᠯᠭᠡᠴᠡ ᠳᠤ ᠦᠢᠯᠡᠳᠪᠦᠷᠢᠯᠡᠯ ᠤᠨ ᠲᠣᠬᠢᠷᠠᠭᠤᠯᠤᠯᠲᠠ᠂ ᠲᠤᠬᠠᠢ ᠶᠢᠨ ᠴᠠᠭ ᠤᠨ ᠵᠢᠯᠣᠭᠤᠳᠤᠯᠭ᠎ᠠ᠂ ᠠᠮᠤᠷ ᠲᠦᠪᠰᠢᠨ ᠤ ᠬᠠᠮᠢᠶᠠᠷᠤᠯᠲᠠ ᠵᠡᠷᠭᠡ ᠦᠵᠡᠭᠳᠡᠯ ᠪᠣᠯᠣᠨ ᠮᠡᠳᠡᠭᠡ ᠵᠠᠩᠭᠢ ᠶᠢ ᠴᠠᠭ ᠲᠤᠬᠠᠢ ᠳᠤᠨᠢ ᠢᠯᠡᠷᠡᠭᠦᠯᠵᠦ᠂ ᠮᠠᠯᠲᠠᠯᠲᠠ ᠶᠢᠨ ᠲᠠᠯᠠᠪᠠᠢ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠪᠣᠯᠣᠨ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠦᠯᠡᠳᠡᠭᠡᠯ ᠦᠭᠡᠢ ᠬᠠᠷᠠᠭᠳᠠᠨ᠎ᠠ᠃      ᠣᠶᠢᠷ᠎ᠠ ᠶᠢᠨ ᠵᠢᠯ ᠠᠴᠠ᠂ ᠪᠠᠶᠠᠨ᠋ᠣ᠋ᠪᠣᠭ᠎ᠠ ᠲᠡᠮᠦᠷ ᠤᠨ ᠠᠭᠤᠷᠬᠠᠢ︽ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ︾᠎ ᠪᠠᠷ ᠤᠳᠤᠷᠢᠳᠤᠮᠵᠢ ᠪᠣᠯᠭᠠᠵᠤ᠂ ᠣᠶᠤᠨᠲᠤ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢ ᠲᠦᠷᠭᠡᠳᠬᠡᠵᠦ᠂ 5G ᠰᠦᠯᠵᠢᠶ᠎ᠡ᠂ ᠵᠢᠯᠣᠭᠤᠴᠢ ᠦᠭᠡᠢ ᠮᠠᠰᠢᠨ ᠲᠡᠷᠭᠡ᠂ ᠠᠵᠤ ᠦᠢᠯᠡᠳᠪᠦᠷᠢ ᠶᠢᠨ ᠢᠨᠲ᠋ᠥᠷ ᠰᠦᠯᠵᠢᠶ᠎ᠡ᠂ ᠲᠣᠭᠠᠴᠢᠯᠠᠭᠰᠠᠨ ᠢᠬᠡᠷ᠎ᠡ ᠬᠡᠦᠬᠡᠳ ᠵᠡᠷᠭᠡ ᠮᠡᠷᠭᠡᠵᠢᠯ ᠢ ᠠᠭᠤᠰᠤᠯᠴᠠᠭᠤᠯᠤᠨ ︽ᠰᠢᠨ᠎ᠡ ᠬᠥᠳᠡᠯᠭᠡᠭᠦᠷ︾ ᠪᠣᠯᠭᠠᠵᠤ᠂ ᠣᠶᠤᠨᠴᠢᠯᠠᠭᠰᠠᠨ ᠬᠡᠯᠪᠡᠷᠢ ᠶᠢ ᠬᠤᠪᠢᠷᠠᠭᠤᠯᠤᠨ ᠳᠠᠪᠠᠯᠲᠠ ᠲᠠᠢ ᠪᠣᠯᠭᠠᠬᠤ ᠪᠠ ᠴᠢᠨᠠᠷ ᠰᠠᠶᠢᠲᠠᠢ ᠬᠥᠭᠵᠢᠯᠲᠡ ᠳᠤ ᠤᠶᠤᠨ ᠴᠢᠳᠠᠪᠤᠷᠢ ᠶᠢ ᠨᠡᠮᠡᠷᠢᠯᠡᠵᠡᠢ᠃      2018 ᠣᠨ ᠤ 9 ᠰᠠᠷ᠎ᠠ ᠳᠤ᠂ ᠤᠯᠤᠰ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠰᠢᠨ᠎ᠡ ᠶᠢ ᠡᠭᠦᠳᠬᠦ ᠵᠠᠮᠴᠢᠯᠠᠭ᠎ᠠ ᠶᠢᠨ ᠬᠡᠷᠡᠭᠯᠡᠭᠡᠨ ᠤ ᠬᠡᠷᠡᠭ ᠤᠨ ᠵᠢᠱᠢᠶ᠎ᠡ ᠳᠤ ᠣᠷᠣᠭᠰᠠᠨ ︽5G ᠰᠦᠯᠵᠢᠶ᠎ᠡ ᠶᠢᠨ ᠨᠥᠬᠦᠴᠡᠯ ᠳᠣᠣᠷ᠎ᠠ ᠵᠢᠯᠣᠭᠤᠴᠢ ᠦᠭᠡᠢ ᠵᠢᠴᠢ ᠠᠵᠢᠯᠯᠠᠭᠤᠯᠬᠤ ᠣᠶᠤᠨᠲᠤ ᠠᠭᠤᠷᠬᠠᠢ ᠶᠢᠨ ᠮᠡᠷᠭᠡᠵᠢᠯ ᠤᠨ ᠨᠡᠭᠡᠭᠡᠯᠲᠡ ᠵᠢᠴᠢ ᠬᠡᠷᠡᠭᠯᠡᠯᠲᠡ︾᠎ ᠶᠢᠨ ᠲᠥᠷᠥᠯ ᠵᠦᠢᠯ ᠢ ᠡᠬᠢᠯᠡᠭᠦᠯᠪᠡ᠂ ᠡᠨᠡ ᠨᠢ ᠪᠠᠶᠠᠨ᠋ᠣ᠋ᠪᠣᠭ᠎ᠠ ᠲᠡᠮᠦᠷ ᠤᠨ ᠠᠭᠤᠷᠬᠠᠢ ᠶᠢᠨ ᠣᠶᠤᠨᠲᠤ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠬᠥᠰᠢᠭᠡ ᠶᠢ ᠨᠡᠭᠡᠭᠡᠭᠰᠡᠨ ᠪᠠᠶᠢᠨ᠎ᠠ᠃      ᠨᠢᠭᠡᠨ ᠬᠠᠭᠤᠴᠢᠨ ᠠᠭᠤᠷᠬᠠᠢ ᠶᠢ ᠲᠣᠭᠠᠴᠢᠯᠠᠬᠤ᠂ ᠣᠶᠤᠨᠴᠢᠯᠠᠬᠤ ᠥᠭᠡᠷᠡᠴᠢᠯᠡᠯᠲᠡ ᠬᠢᠬᠦ ᠨᠢ ᠪᠠᠶᠠᠨ᠋ᠣ᠋ᠪᠣᠭ᠎ᠠ ᠲᠡᠮᠦᠷ ᠤᠨ ᠠᠭᠤᠷᠬᠠᠢ ᠳᠤ ᠠᠪᠴᠤ ᠬᠡᠯᠡᠪᠡᠯ ᠨᠢᠭᠡᠨ ᠤᠳᠠᠭᠠᠨ ᠤ ᠨᠤᠷᠠᠭᠠᠯᠲᠠ ᠶᠢᠨ ᠴᠢᠨᠠᠷᠲᠠᠢ ᠲᠤᠷᠰᠢᠯᠲᠠ ᠪᠣᠯᠬᠤ ᠎ ᠨᠢ ᠢᠯᠡᠷᠬᠡᠢ ᠶᠤᠮ᠃ ᠡᠨᠡᠬᠦ ᠠᠵᠢᠯ ᠢ ᠥᠨᠳᠥᠷ ᠭᠠᠷᠤᠭ᠎ᠠ ᠲᠠᠢ᠂ ᠥᠨᠳᠥᠷ ᠲᠦᠪᠰᠢᠨ ᠲᠠᠢ᠂ ᠴᠢᠨᠠᠷ ᠰᠠᠶᠢᠲᠠᠢ ᠠᠬᠢᠭᠤᠯᠬᠤ ᠶᠢᠨ ᠲᠥᠯᠥᠭᠡ᠂ ᠪᠠᠶᠠᠨ᠋ᠣ᠋ᠪᠣᠭ᠎ᠠ ᠲᠡᠮᠦᠷ ᠤᠨ ᠠᠭᠤᠷᠬᠠᠢ ᠶᠢᠨ ᠬᠢᠨ ᠳᠤᠮᠳᠠᠳᠤ ᠤᠯᠤᠰ ᠤᠨ ᠨᠡᠭᠦᠳᠡᠯ ᠬᠤᠯᠪᠣᠭ᠎ᠠ᠂ ᠵᠢᠢ ᠭᠸ ᠤᠶᠤᠨ ᠤ ᠬᠤᠳᠠᠯᠳᠤᠭ᠎ᠠ᠂ ᠤᠮᠠᠷᠠᠲᠤ ᠶᠢᠨ ᠬᠤᠪᠢ ᠣᠷᠣᠭᠤᠯᠤᠯᠲᠠ᠂ ᠪᠡᠭᠡᠵᠢᠩ ᠤᠨ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠶᠡᠭᠡ ᠰᠤᠷᠭᠠᠭᠤᠯᠢ᠂ ᠪᠠᠶᠢᠭᠠᠯᠢ ᠲᠧᠭᠨᠢᠭ ᠤᠨ ᠤᠬᠠᠭᠠᠨ ᠤ ᠠᠶᠤᠩᠭ᠎ᠠ ᠶᠢᠨ ᠰᠠᠯᠠᠭ᠎ᠠ᠂ ᠬᠤᠸᠠ ᠸᠧᠢ᠂ ᠪᠡᠭᠡᠵᠢᠩ ᠤᠨ ᠰᠢᠨ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠵᠡᠷᠭᠡ ᠡᠯ᠎ᠡ ᠬᠦᠷᠢᠶᠡᠨ ᠤ ᠣᠷᠣᠶᠢᠯᠠᠭᠰᠠᠨ ᠪᠦᠯᠬᠦᠮ ᠤᠨ ᠬᠠᠮᠵᠢᠯᠴᠠᠨ ᠪᠠᠶᠢᠭᠤᠯᠤᠭᠰᠠᠨ ᠣᠶᠤᠨᠲᠤ ᠠᠭᠤᠷᠬᠠᠢ ᠶᠢᠨ ᠠᠵᠤ ᠦᠢᠯᠡᠰ ᠤᠨ ᠬᠤᠯᠪᠣᠭ᠎ᠠ ᠶᠢᠨ ᠠᠩᠬᠠᠨ ᠤ ᠳᠦᠷᠰᠦ ᠪᠤᠢ ᠪᠣᠯᠪᠠ᠃      2019 ᠣᠨ ᠤ 5 ᠰᠠᠷ᠎ᠠ ᠶᠢᠨ 13᠎ ᠤ ᠡᠳᠦᠷ᠂ ᠪᠥᠬᠦ ᠳᠡᠯᠡᠬᠡᠢ ᠶᠢᠨ ᠠᠩᠬᠠᠳᠠᠭᠴᠢ 5G ᠰᠦᠯᠵᠢᠶᠡᠨ ᠤ ᠨᠥᠬᠦᠴᠡᠯ ᠳᠤ ᠰᠠᠭᠤᠷᠢᠯᠠᠭᠰᠠᠨ ᠣᠶᠤᠨᠲᠤ ᠠᠭᠤᠷᠬᠠᠢ ᠶᠢᠨ ᠣᠷᠣᠨ ᠤ ᠵᠢᠯᠣᠭᠤᠴᠢ ᠦᠭᠡᠢ ᠬᠡᠷᠡᠭᠯᠡᠭᠡ ᠶᠢ ᠪᠠᠶᠠᠨ᠋ᠣ᠋ᠪᠣᠭ᠎ᠠ ᠲᠡᠮᠦᠷ ᠤᠨ ᠠᠭᠤᠷᠬᠠᠢ ᠳᠤ ᠨᠡᠶᠢᠲᠡᠯᠡᠪᠡ᠂ ᠨᠢᠭᠡ ᠵᠢᠯ ᠰᠢᠬᠠᠮ ᠤᠨ ᠴᠢᠷᠮᠠᠶᠢᠯᠭ᠎ᠠ ᠪᠠᠷ ᠳᠡᠮᠵᠢᠨ᠂ ᠠᠭᠤᠷᠬᠠᠢ ᠳᠤ ᠬᠡᠷᠡᠭᠯᠡᠬᠦ ᠮᠠᠰᠢᠨ ᠲᠡᠷᠭᠡ ᠶᠢ ᠵᠢᠯᠣᠭᠤᠴᠢ ᠦᠭᠡᠢ ᠵᠢᠯᠤᠭᠤᠳᠬᠤ ᠬᠦᠰᠡᠯ ᠵᠡᠭᠦᠳᠦ ᠦᠨᠡᠨ ᠬᠦ ᠪᠣᠳᠠᠲᠠᠢ ᠳᠤ ᠲᠤᠰᠬᠠᠭᠳᠠᠭᠰᠠᠨ ᠪᠠᠶᠢᠨ᠎ᠠ᠃      ᠣᠶᠢᠷ᠎ᠠ ᠶᠢᠨ ᠵᠢᠯ ᠤᠨ ᠲᠤᠷᠰᠢ᠂ ᠲᠤᠭ᠎ᠠ ᠪᠠᠷᠢᠮᠲᠠ ᠶᠢᠨ ᠵᠠᠭᠪᠤᠷ᠂ ᠵᠢᠷᠤᠭ ᠳᠦᠷᠰᠦ ᠶᠢ ᠢᠯᠭᠠᠨ ᠲᠠᠨᠢᠬᠤ᠂ ᠵᠠᠬ᠎ᠠ ᠬᠢᠵᠠᠭᠠᠷ ᠤᠨ ᠪᠣᠳᠣᠯᠲᠠ᠂ ᠣᠷᠣᠨ ᠪᠠᠶᠢᠷᠢ ᠶᠢᠨ ᠪᠠᠶᠢᠷᠢᠰᠢᠯ᠂ ᠴᠢᠮᠡᠭᠡ ᠬᠤᠯᠪᠣᠭ᠎ᠠ ᠶᠢᠨ ᠰᠦᠯᠵᠢᠶ᠎ᠡ᠂ ᠠᠵᠤ ᠦᠢᠯᠡᠳᠪᠦᠷᠢ ᠶᠢᠨ ᠠᠭᠤᠰᠤᠯᠴᠠᠯ ᠵᠡᠷᠭᠡ ᠰᠢᠨ᠎ᠡ ᠶᠢ ᠡᠭᠦᠳᠬᠦ ᠮᠡᠷᠭᠡᠵᠢᠯ ᠤᠨ ᠪᠠᠶᠠᠨ᠋ᠣ᠋ᠪᠣᠭ᠎ᠠ ᠲᠡᠮᠦᠷ ᠤᠨ ᠠᠭᠤᠷᠬᠠᠢ ᠳᠤ︽ᠪᠣᠳᠠᠲᠠᠢ ᠳᠤ ᠨᠠᠶᠢᠳᠠᠪᠤᠷᠢᠵᠢᠭᠤᠯᠬᠤ︾᠎ ᠶᠢ ᠳᠠᠭᠠᠯᠳᠤᠨ᠂ ᠠᠯᠢ ᠤᠯᠠᠨ ᠠᠭᠤᠳᠠᠯᠤᠨ ᠵᠥᠭᠡᠭᠡᠪᠦᠷᠢᠯᠡᠬᠦ ᠲᠥᠬᠦᠭᠡᠷᠦᠮᠵᠢ ᠶᠢᠨ ᠣᠶᠤᠨᠴᠢ ᠠᠯᠤᠰ ᠡᠵᠡᠮᠰᠢᠯᠲᠦ ᠥᠭᠡᠷᠡᠴᠢᠯᠡᠯᠲᠡ ᠶᠢ ᠵᠠᠯᠭᠠᠪᠡᠷ ᠪᠡᠶᠡᠯᠡᠭᠦᠯᠪᠡ᠃ ︽ᠣᠶᠤᠨᠲᠤ ᠶᠡᠭᠡ ᠲᠠᠷᠢᠬᠢ︾ᠬᠥᠮᠥᠨ ᠦᠭᠡᠢ ᠴᠠᠬᠢᠯᠭᠠᠨ ᠬᠦᠷᠵᠡ ᠶᠢ ᠠᠮᠠᠷᠬᠠᠨ ᠡᠵᠡᠮᠳᠡᠵᠦ᠂ ᠨᠢᠭᠡ ᠵᠢᠯᠣᠭᠤᠴᠢ ᠬᠡᠳᠦᠨ ᠺᠢᠯᠤᠮᠥᠲᠷ ᠤᠨ ᠭᠠᠳᠠᠨᠠᠬᠢ ᠣᠶᠤᠨᠲᠤ ᠡᠵᠡᠮᠰᠢᠯ ᠤᠨ ᠲᠥᠪ ᠲᠤ ᠬᠡᠳᠦᠨ ᠬᠥᠮᠥᠨ ᠦᠭᠡᠢ ᠠᠭᠤᠷᠬᠠᠢ ᠳᠤ ᠬᠡᠷᠡᠭᠯᠡᠬᠦ ᠮᠠᠰᠢᠨ ᠲᠡᠷᠭᠡ ᠶᠢ ᠠᠯᠤᠰ ᠠᠴᠠ ᠡᠵᠡᠮᠳᠡᠵᠦ᠂ ᠪᠠᠶᠠᠨ᠋ᠣ᠋ᠪᠣᠭ᠎ᠠ ᠲᠡᠮᠦᠷ ᠤᠨ ᠠᠭᠤᠷᠬᠠᠢ ᠳᠤ ᠨᠢᠭᠡᠨᠲᠡ ᠬᠡᠪ ᠤᠨ ᠪᠠᠶᠢᠳᠠᠯ ᠪᠣᠯᠤᠭᠰᠠᠨ ᠪᠠᠶᠢᠨ᠎ᠠ᠃ ᠠᠯᠤᠰ ᠠᠴᠠ ᠡᠵᠡᠮᠳᠡᠬᠦ ᠨᠢ ᠵᠥᠪᠬᠡᠨ ᠠᠯᠤᠰ ᠠᠴᠠ ᠡᠵᠡᠮᠳᠡᠬᠦ ᠬᠡᠳᠦᠨ ᠵᠦᠢᠯ ᠤᠨ ᠲᠥᠬᠦᠭᠡᠷᠦᠮᠵᠢ ᠶᠢᠨ ᠳᠥᠭᠦᠮᠬᠡᠨ ᠬᠤᠯᠪᠣᠯᠳᠤᠯ ᠲᠡᠳᠦᠢ ᠪᠢᠰᠢ᠂ ᠵᠢᠱᠢᠶᠡᠯᠡᠪᠡᠯ ᠮᠠᠯᠲᠠᠭᠤᠷ ᠮᠠᠰᠢᠨ ᠤ ᠠᠯᠤᠰ ᠠᠴᠠ ᠠᠵᠢᠯᠯᠠᠬᠤ ᠣᠨᠴᠠᠯᠢᠭ ᠲᠤ ᠴᠢᠭᠯᠡᠭᠦᠯᠵᠦ᠂ ᠲᠡᠮᠦᠷ ᠤᠨ ᠠᠭᠤᠷᠬᠠᠢ ᠨᠢ ᠪᠠᠰᠠ ᠥᠪᠡᠷ ᠢᠶᠠᠨ ᠵᠣᠬᠢᠴᠠᠨ ᠮᠠᠯᠲᠠᠬᠤ᠂ ᠬᠦᠨᠳᠦ ᠭᠠᠷ ᠢᠶᠠᠷ ᠵᠥᠭᠡᠯᠡᠨ ᠢᠶᠠᠷ ᠪᠠᠭᠤᠬᠤ᠂ ᠬᠡᠯᠪᠠᠶᠢᠯᠲᠡ ᠶᠢᠨ ᠥᠨᠴᠥᠭ ᠢᠶᠠᠷ ᠡᠵᠡᠮᠳᠡᠬᠦ ᠵᠡᠷᠭᠡ ᠣᠶᠤᠨᠴᠢᠯᠠᠭᠰᠠᠨ ᠠᠮᠤᠷ ᠲᠦᠪᠰᠢᠨ ᠢᠶᠠᠷ ᠠᠵᠢᠯᠯᠠᠬᠤ ᠴᠢᠳᠠᠪᠤᠷᠢ ᠶᠢ ᠴᠠᠭ ᠲᠤᠬᠠᠢ ᠳᠤᠨᠢ ᠨᠡᠭᠡᠭᠡᠨ ᠠᠰᠢᠭᠯᠠᠭᠰᠠᠨ ᠪᠠᠶᠢᠨ᠎ᠠ᠃ ᠡᠲᠡᠭᠡᠷ ᠴᠢᠳᠠᠮᠵᠢ ᠶᠢ ᠴᠥᠮ ᠮᠢᠯᠢᠰᠧᠺᠦ᠋ᠨᠳ᠋ ᠲᠠᠰ ᠤᠨ ᠠᠶᠠᠳᠠᠯ ᠤᠨ ᠬᠤᠷᠳᠤᠴᠠ ᠶᠢᠨ ᠰᠠᠭᠤᠷᠢᠨ ᠳᠡᠭᠡᠷ᠎ᠡ ᠪᠠᠶᠢᠭᠤᠯᠵᠤ᠂ ︽ᠨᠢᠭᠡ ᠳᠠᠷᠤᠪᠴᠢ ᠪᠠᠷ︾ ᠠᠵᠢᠯᠯᠠᠭᠤᠯᠬᠤ ᠨᠢ ᠵᠡᠭᠦᠳᠦ ᠪᠢᠰᠢ ᠶᠤᠮ᠃ ᠵᠢᠱᠢᠯᠲᠡ ᠪᠠᠷ 2024 ᠣᠨ ᠤ ᠰᠡᠭᠦᠯᠴᠢ ᠪᠣᠯᠬᠤ ᠳᠤ᠂ ᠪᠠᠢ ᠶᠦᠨ ᠲᠡᠮᠦᠷ ᠤᠨ ᠠᠭᠤᠷᠬᠠᠢ ᠶᠢᠨ ᠴᠠᠬᠢᠯᠭᠠᠨ ᠬᠤᠰᠤᠭᠤᠷ᠂ ᠰᠢᠩᠭᠡᠨ ᠳᠠᠷᠤᠴᠠᠲᠤ ᠬᠤᠰᠤᠭᠤᠷ᠂ ᠥᠷᠥᠮᠳᠡᠭᠦᠷ ᠮᠠᠰᠢᠨ᠂ ᠰᠢᠷᠣᠢ ᠭᠠᠳᠠᠭᠰᠢᠯᠠᠭᠤᠯᠬᠤ ᠮᠠᠰᠢᠨ᠂ ᠬᠠᠵᠠᠭᠤ ᠶᠢᠨ ᠥᠷᠥᠮᠳᠡᠭᠦᠷ᠂ ᠬᠡᠮᠬᠡᠯᠬᠦ ᠮᠠᠰᠢᠨ ᠵᠡᠷᠭᠡ ᠎ ᠨᠢ ᠴᠥᠮ ᠣᠶᠤᠨᠴᠢ ᠠᠯᠤᠰ ᠡᠵᠡᠮᠰᠢᠯ ᠢ ᠪᠡᠶᠡᠯᠡᠭᠦᠯᠦᠨ᠎ᠡ᠃     ᠣᠳᠣᠬᠠᠨ ᠳᠤ᠂ ᠪᠠᠶᠠᠨ᠋ᠣ᠋ᠪᠣᠭ᠎ᠠ ᠲᠡᠮᠦᠷ ᠤᠨ ᠠᠭᠤᠷᠬᠠᠢ ᠳᠤ︽ᠲᠣᠭᠠᠨ ᠤ ᠢᠬᠡᠷ᠎ᠡ ᠬᠡᠦᠬᠡᠳ︾᠎ ᠤᠨ ᠮᠡᠷᠭᠡᠵᠢᠯ ᠢ ᠬᠡᠷᠡᠭᠯᠡᠵᠦ ᠪᠤᠢ᠃ ᠪᠣᠳᠠᠲᠤ ᠶᠢᠷᠲᠢᠨᠴᠦ ᠳᠠᠬᠢ ᠠᠭᠤᠷᠬᠠᠢ ᠶᠢᠨ ᠡᠯ᠎ᠡ ᠡᠯᠧᠮᠧᠨ᠋ᠲ ᠢ ᠲᠣᠭᠠᠴᠢᠯᠠᠵᠤ᠂ ᠰᠠᠶᠢᠪᠥᠸᠧ ᠶᠢᠨ ᠣᠷᠣᠨ ᠵᠠᠢ ᠳᠠᠬᠢ ︽ᠠᠭᠤᠷᠬᠠᠢ ᠶᠢᠨ ᠲᠣᠭᠠᠨ ᠤ ᠢᠬᠡᠷ᠎ᠡ ᠬᠡᠦᠬᠡᠳ︾᠎ ᠢ ᠪᠠᠶᠢᠭᠤᠯᠵᠤ᠂ ᠹᠢᠽᠢᠺ ᠤᠨ ᠬᠡᠮᠵᠢᠴᠡ ᠶᠢᠨ ᠲᠠᠯ᠎ᠠ ᠪᠠᠷ ᠬᠢ ᠪᠣᠳᠠᠲᠤ ᠪᠠᠶᠢᠳᠠᠯ ᠪᠣᠯᠣᠨ ᠮᠡᠳᠡᠭᠡ ᠵᠠᠩᠭᠢ ᠶᠢᠨ ᠬᠠᠮᠲᠤ ᠣᠷᠣᠰᠢᠬᠤ᠂ ᠬᠡᠶᠢᠰᠪᠦᠷᠢ ᠪᠣᠳᠠᠲᠠᠢ ᠠᠭᠤᠰᠤᠯᠴᠠᠭᠰᠠᠨ ᠪᠠᠶᠢᠷᠢᠰᠢᠯ ᠢ ᠪᠦᠷᠢᠯᠳᠦᠭᠦᠯᠦᠨ᠎ᠡ᠂ ᠡᠭᠦᠨ ᠢ ᠠᠭᠤᠷᠬᠠᠢ ᠶᠢ ᠨᠡᠭᠡᠭᠡᠨ ᠮᠠᠯᠲᠠᠬᠤ᠂ ᠲᠤᠨᠤᠭ ᠲᠥᠬᠦᠭᠡᠷᠦᠮᠵᠢ ᠶᠢ ᠲᠡᠭᠡᠭᠡᠪᠦᠷᠢᠯᠡᠨ ᠪᠠᠲᠤᠯᠠᠬᠤ᠂ ᠠᠮᠤᠷ ᠲᠦᠪᠰᠢᠨ ᠢ ᠬᠠᠮᠢᠶᠠᠷᠬᠤ ᠵᠡᠷᠭᠡ ᠤᠯᠠᠨ ᠲᠠᠯ᠎ᠠ ᠳᠤ ᠬᠡᠷᠡᠭᠯᠡᠵᠦ ᠪᠣᠯᠬᠤ ᠪᠠᠷ ᠪᠠᠷᠠᠬᠤ ᠦᠭᠡᠢ ᠪᠠᠰᠠ ᠠᠭᠤᠷᠬᠠᠢ ᠶᠢᠨ ᠳᠣᠲᠣᠷᠠᠬᠢ ᠬᠦᠳᠡᠷ ᠤᠨ ᠲᠠᠷᠬᠠᠯᠲᠠ᠂ ᠠᠭᠤᠷᠬᠠᠢ ᠶᠢᠨ ᠳᠠᠪᠬᠤᠷᠭ᠎ᠠ ᠶᠢᠨ ᠪᠦᠲᠦᠴᠡ ᠵᠡᠷᠭᠡ ᠮᠡᠳᠡᠭᠡ ᠵᠠᠩᠭᠢ ᠶᠢ ᠭᠦᠢᠴᠡᠳ ᠣᠶᠢᠯᠠᠭᠠᠬᠤ ᠳᠤ ᠬᠠᠪᠰᠤᠷᠴᠤ᠂ ᠬᠦᠳᠡᠷ ᠰᠣᠩᠭᠤᠵᠤ ᠠᠭᠤᠷᠬᠠᠢ ᠮᠠᠯᠲᠠᠬᠤ ᠵᠡᠷᠭᠡ ᠲᠥᠰᠥᠯ ᠢ ᠰᠢᠯᠢᠳᠡᠭᠵᠢᠭᠦᠯᠬᠦ ᠳᠤ ᠪᠦᠬᠦ ᠲᠠᠯ᠎ᠠ ᠪᠠᠷ ᠬᠦᠴᠦ ᠨᠡᠮᠡᠷᠢᠯᠡᠵᠦ ᠪᠣᠯᠣᠨ᠎ᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号