ᠨᠢᠭᠡ᠂ ᠲᠣᠭᠲᠠᠭᠠᠭᠰᠠᠨ ᠠᠬᠤᠢ ᠪᠠᠶᠢᠳᠠᠯ | ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠷᠢᠶ᠎ᠡ ᠵᠡᠷᠭᠡ ᠶᠢ ᠠᠬᠢᠭᠤᠯᠵᠤ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠭᠤᠣᠯᠳᠠᠯᠭ᠎ᠠ ᠲᠠᠢ ᠳᠡᠮᠵᠢᠬᠦ ᠶᠢᠨ ᠲᠥᠯᠥᠭᠡ᠂ ᠨᠡᠶᠢᠭᠡᠮ ᠤᠨ ᠬᠥᠷᠥᠩᠭᠡ ᠲᠠᠢ ᠬᠠᠮᠲᠤᠷᠠᠯᠴᠠᠭ᠎ᠠ ᠪᠠᠨ | ᠴᠢᠩᠭᠠᠳᠬᠠᠵᠤ᠂ ᠵᠠᠰᠠᠭ ᠤᠨ ᠣᠷᠳᠣᠨ ᠤ ᠪᠡᠯᠡ ᠮᠥᠩᠭᠦ ᠶᠢᠨ ᠬᠥᠰᠢᠭᠦᠷᠭᠡ ᠶᠢᠨ ᠦᠷ᠎ᠡ ᠠᠰᠢᠭ ᠢ ᠶᠡᠬᠡᠰᠬᠡᠵᠦ᠂ ᠮᠠᠨ ᠤ ᠣᠷᠣᠨ ᠤ ᠬᠤᠳᠠᠯᠳᠤᠭ᠎ᠠ ᠡᠵᠡᠩᠨᠡᠬᠦ | ᠣᠷᠴᠢᠨ ᠲᠣᠭᠤᠷᠢᠨ ᠢ ᠰᠠᠶᠢᠵᠢᠷᠠᠭᠤᠯᠤᠨ᠂ ᠨᠡᠶᠢᠭᠡᠮ ᠤᠨ ᠬᠥᠷᠥᠩᠭᠡ ᠪᠠ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ | ᠬᠥᠳᠡᠯᠭᠡᠬᠦ ᠬᠦᠴᠦᠨ ᠢ ᠬᠥᠭᠵᠢᠭᠡᠵᠦ᠂ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ᠂ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ | ᠬᠤᠷᠠᠯ ᠢᠶᠠᠷ ᠰᠤᠳᠤᠯᠬᠤ ᠪᠠᠷ ᠳᠡᠮᠵᠢᠨ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠮᠥᠩᠭᠦ ︵ | ᠬᠢᠵᠠᠭᠠᠷᠲᠤ ᠬᠤᠷᠰᠢᠯᠴᠠᠭ᠎ᠠ︶ ︵ᠪᠣᠳᠠᠲᠠᠢ ᠰᠠᠭᠤᠷᠢ ᠮᠥᠩᠭᠦ ᠶᠢᠨ ᠨᠡᠷᠡᠶᠢᠳᠦᠯ ᠢ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠯᠲᠠ ᠪᠠᠷ ᠪᠠᠷᠢᠮᠵᠢᠶ᠎ᠠ | ᠪᠣᠯᠭᠠᠨ᠎ᠠ︶ ᠪᠠᠶᠢᠭᠤᠯᠬᠤ ᠪᠠᠷ ᠲᠣᠭᠲᠠᠭᠰᠠᠨ ᠪᠥᠭᠡᠳ ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ︽ᠠᠷᠭ᠎ᠠ︾ ᠶᠢ ᠲᠤᠭᠤᠷᠪᠢᠪᠠ᠃ | ᠬᠤᠶᠠᠷ᠂ ᠲᠣᠭᠲᠠᠭᠠᠬᠤ ᠦᠨᠳᠦᠰᠦᠯᠡᠯ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠥᠪ ᠤᠨ ᠬᠠᠤᠯᠢ︾ ᠶᠢ ᠦᠨᠳᠦᠰᠦᠯᠡᠪᠡᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠺᠣᠮᠫᠠᠨᠢ ᠶᠢᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠷᠰᠢᠭᠰᠠᠨ ᠠᠵᠤ ᠠᠬᠤᠶᠢᠯᠠᠯ ᠤᠨ ᠬᠠᠤᠯᠢ︾ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠮᠳᠡᠭᠲᠦ ᠶᠢᠨ ᠪᠡᠯᠡ ᠣᠷᠣᠭᠤᠯᠤᠯᠲᠠ ᠶᠢᠨ ︽ᠬᠤᠪᠢ ᠪᠠᠷ ᠢᠶᠠᠨ ᠴᠤᠭᠯᠠᠭᠤᠯᠤᠭᠰᠠᠨ ᠪᠡᠯᠡ | ᠣᠷᠣᠭᠤᠯᠤᠯᠲᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︽ᠪᠡᠯᠡ ᠣᠷᠣᠭᠤᠯᠵᠤ ᠪᠡᠯᠡ ᠲᠣᠬᠢᠷᠠᠭᠤᠯᠬᠤ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ︵ | ᠲᠥᠪ ᠲᠠᠷᠬᠠᠭᠠᠭᠰᠠᠨ ﹇2016﹈ 18 ᠳ᠋ᠤᠭᠠᠷ ᠲᠣᠭᠠᠲᠤ︶᠂ ︽ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠦᠷᠭᠦᠯᠵᠢᠯᠡᠨ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ︵ᠲᠥᠷᠥ ᠲᠠᠷᠬᠠᠭᠠᠭᠰᠠᠨ ﹇2016﹈ 53 ᠳ᠋ᠤᠭᠠᠷ ᠲᠣᠭᠠᠲᠤ︶ | ᠂ ︽ᠭᠤᠣᠯᠳᠠᠯᠭ᠎ᠠ ᠲᠠᠢ ᠬᠦᠷᠢᠶᠡᠨ ᠳᠠᠬᠢ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ ᠨᠡᠶᠢᠭᠡᠮ ᠤᠨ ᠪᠡᠯᠡ | ᠣᠷᠣᠭᠤᠯᠤᠯᠲᠠ ᠶᠢ ᠵᠣᠷᠢᠭᠵᠢᠭᠤᠯᠬᠤ ᠲᠤᠬᠠᠢ ᠲᠥᠷᠥ ᠶᠢᠨ ᠶᠠᠪᠤᠳᠠᠯ ᠤᠨ ︵ᠲᠥᠷᠥ ᠲᠠᠷᠬᠠᠭᠠᠭᠰᠠᠨ ﹇2014﹈ 60 ᠳ᠋ᠤᠭᠠᠷ ᠲᠣᠭᠠᠲᠤ︶᠂ ︽︿ | ᠵᠠᠰᠠᠭ ᠤᠨ ᠣᠷᠳᠣᠨ ᠤ ᠪᠡᠯᠡ ᠭᠠᠷᠭᠠᠭᠰᠠᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ | ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ︵ᠬᠥᠭᠵᠢᠭᠦᠯᠦᠯᠲᠡ | ᠥᠭᠡᠷᠡᠴᠢᠯᠡᠯᠲᠡ ᠶᠢᠨ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠣᠭᠲᠠᠭᠠᠯ ﹇2016﹈ 2800 ᠳ᠋ᠤᠭᠠᠷ ᠲᠣᠭᠠᠲᠤ︶᠂ ︽︿ᠵᠠᠰᠠᠭ ᠤᠨ ᠣᠷᠳᠣᠨ ᠤ | ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠲᠦᠷ ᠬᠡᠷᠡᠭᠵᠢᠭᠦᠯᠬᠦ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠢ ᠡᠳ᠋ ᠤᠨ | ᠵᠠᠰᠠᠭ ᠤᠨ ᠶᠠᠮᠤᠨ ᠤ ᠮᠡᠳᠡᠭᠳᠡᠯ︾ ︵ᠡᠳ᠋ ᠤᠨ ᠵᠠᠰᠠᠭ ᠪᠡᠯᠡᠳᠬᠡᠯ ﹇2015﹈ 210 ᠳ᠋ᠤᠭᠠᠷ ᠲᠣᠭᠠᠲᠤ︶ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ᠂ | ᠳᠦᠷᠢᠮ ᠲᠣᠭᠲᠠᠭᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠃ | ᠭᠤᠷᠪᠠ᠂ ᠪᠣᠳᠠᠲᠠᠢ ᠠᠭᠤᠯᠭ᠎ᠠ | ︽ᠠᠷᠭ᠎ᠠ︾ ᠳᠤ ᠨᠡᠶᠢᠳᠡ ᠬᠤᠷᠢᠨ ᠵᠦᠢᠯ ᠪᠤᠢ᠃ | ᠨᠢᠭᠡᠳᠦᠭᠡᠷ ᠵᠦᠢᠯ ᠠᠴᠠ ᠭᠤᠷᠪᠠᠳᠤᠭᠠᠷ ᠵᠦᠢᠯ ᠬᠦᠷᠲᠡᠯ᠎ᠡ᠃ ᠡᠭᠦᠨ ᠳᠤ ᠭᠤᠣᠯᠳᠠᠭᠤ ︽ᠠᠷᠭ᠎ᠠ︾ ᠶᠢ ᠲᠣᠭᠲᠠᠭᠠᠬᠤ ᠶᠢᠨ ᠵᠣᠷᠢᠯᠭ᠎ᠠ᠂ ᠦᠨᠳᠦᠰᠦᠯᠡᠯ᠂ | ᠰᠠᠭᠤᠷᠢ ᠮᠥᠩᠭᠦ ᠶᠢᠨ ᠤᠬᠠᠭᠳᠠᠬᠤᠨ ᠵᠢᠴᠢ ᠪᠠᠶᠢᠭᠤᠯᠬᠤ ᠵᠠᠷᠴᠢᠮ ᠢ ᠲᠣᠳᠣᠷᠬᠠᠶᠢᠯᠠᠪᠠ᠃ ᠲᠣᠭᠲᠠᠭᠠᠭᠰᠠᠨ ᠰᠠᠭᠤᠷᠢ ᠮᠥᠩᠭᠦ ᠶᠢ ᠪᠤᠭᠤᠲᠤ ᠬᠤᠲᠠ ᠶᠢᠨ | ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠪᠡᠯᠡ ᠭᠠᠷᠭᠠᠬᠤ ᠪᠠᠶᠢᠭᠤᠯᠤᠮᠵᠢ ᠠᠴᠠ ᠪᠡᠯᠡ ᠭᠠᠷᠭᠠᠨ | ᠪᠠᠶᠢᠭᠤᠯᠵᠤ᠂ ᠡᠬᠡ ᠨᠢᠯᠬᠠᠰ ᠤᠨ ᠰᠠᠭᠤᠷᠢ ᠮᠥᠩᠭᠦ ᠶᠢᠨ ᠪᠦᠲᠦᠴᠡ ᠶᠢ ᠬᠡᠷᠡᠭᠯᠡᠨ᠂ ᠰᠲ᠋ᠣᠺ ᠤᠨ ᠡᠷᠬᠡ ᠪᠠᠷ ᠪᠡᠯᠡ ᠣᠷᠣᠭᠤᠯᠬᠤ ᠵᠡᠷᠭᠡ ᠵᠠᠬ᠎ᠠ ᠳᠡᠯᠭᠡᠭᠦᠷᠴᠢᠯᠡᠬᠦ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠥᠲᠥᠯᠥᠨ ᠵᠢᠯᠤᠭᠤᠳᠴᠤ ᠳᠠᠶᠢᠴᠢᠯᠠᠬᠤ ᠪᠠ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠵᠤ᠂ ᠨᠡᠶᠢᠭᠡᠮ ᠤᠨ ᠡᠯ᠎ᠡ | ᠲᠥᠷᠥᠯ ᠤᠨ ᠬᠥᠷᠥᠩᠭᠡ ᠶᠢᠨ ᠪᠡᠯᠡ ᠣᠷᠣᠭᠤᠯᠤᠯᠲᠠ ᠳᠤ ᠣᠷᠣᠯᠴᠠᠬᠤ ᠶᠢ ᠬᠥᠲᠥᠯᠥᠨ ᠵᠢᠯᠣᠭᠤᠳᠤᠨ᠎ᠠ᠃ | ᠳᠥᠷᠪᠡᠳᠦᠭᠡᠷ ᠵᠦᠢᠯ ᠠᠴᠠ ᠠᠷᠪᠠᠨ ᠨᠢᠭᠡᠳᠦᠭᠡᠷ ᠵᠦᠢᠯ ᠬᠦᠷᠲᠡᠯ᠎ᠡ᠃ ᠭᠤᠣᠯᠳᠠᠭᠤ ᠰᠠᠭᠤᠷᠢ ᠮᠥᠩᠭᠦ ᠬᠠᠮᠢᠶᠠᠷᠤᠭᠴᠢ ᠶᠢ ᠰᠣᠩᠭᠤᠨ ᠲᠣᠭᠲᠠᠭᠠᠬᠤ | ᠠᠷᠭ᠎ᠠ ᠮᠠᠶ᠋ᠢᠭ᠂ ᠰᠠᠭᠤᠷᠢ ᠮᠥᠩᠭᠦᠨ ᠤ ᠭᠤᠣᠯ ᠣᠷᠣᠭᠤᠯᠤᠯᠲᠠ ᠶᠢᠨ ᠬᠠᠨᠳᠤᠰᠢ᠂ ᠰᠠᠭᠤᠷᠢ ᠮᠥᠩᠭᠦᠨ ᠤ ᠪᠡᠯᠡ ᠭᠠᠷᠭᠠᠭᠴᠢ᠂ ᠰᠠᠭᠤᠷᠢ ᠮᠥᠩᠭᠦᠨ ᠤ | ᠬᠤᠷᠰᠢᠭᠴᠢ ᠪᠠ ᠰᠠᠭᠤᠷᠢ ᠮᠥᠩᠭᠦ ᠬᠠᠮᠢᠶᠠᠷᠤᠭᠴᠢ ᠶᠢᠨ ᠭᠤᠣᠯ ᠲᠤᠰᠢᠶᠠᠯ ᠬᠠᠷᠢᠭᠤᠴᠠᠯᠭ᠎ᠠ ᠵᠢᠴᠢ ᠰᠠᠭᠤᠷᠢ ᠮᠥᠩᠭᠦ ᠬᠠᠮᠢᠶᠠᠷᠤᠭᠴᠢ ᠶᠢᠨ ᠪᠦᠷᠢᠯᠳᠦᠭᠦᠯᠪᠡᠰᠦ | ᠵᠣᠬᠢᠬᠤ ᠨᠥᠬᠦᠴᠡᠯ ᠢ ᠲᠣᠳᠣᠷᠬᠠᠶᠢᠯᠠᠪᠠ᠃ ᠪᠤᠭᠤᠲᠤ ᠬᠤᠳᠠ ᠶᠢᠨ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠠᠷᠠᠳ ᠤᠨ ᠵᠠᠰᠠᠭ ᠤᠨ ᠣᠷᠳᠣᠨ ᠠᠴᠠ | ᠠᠵᠢᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠪᠠᠶᠢᠭᠤᠯᠬᠤ ᠲᠥᠰᠥᠯ ᠢ ᠰᠤᠳᠤᠯᠤᠨ ᠲᠣᠭᠲᠠᠭᠠᠵᠤ᠂ ᠬᠠᠮᠢᠶᠠᠷᠤᠯᠲᠠ ᠶᠢᠨ ᠵᠠᠭᠪᠤᠷ᠂ ᠵᠠᠰᠠᠯᠲᠠ ᠶᠢᠨ | ᠪᠦᠲᠦᠴᠡ ᠶᠢ ᠲᠣᠳᠣᠷᠬᠠᠶᠢᠯᠠᠨ᠎ᠠ ᠭᠡᠵᠦ ᠲᠣᠭᠲᠠᠭᠠᠪᠠ᠃ | ᠠᠷᠪᠠᠨ ᠬᠤᠶᠠᠳᠤᠭᠠᠷ ᠵᠦᠢᠯ ᠠᠴᠠ ᠠᠷᠪᠠᠨ ᠵᠢᠷᠭᠤᠳᠤᠭᠠᠷ ᠵᠦᠢᠯ ᠬᠦᠷᠲᠡᠯ᠎ᠡ᠃ ᠡᠭᠦᠨ ᠳᠤ ᠭᠤᠣᠯᠳᠠᠭᠤ ᠬᠠᠮᠢᠶᠠᠷᠤᠯᠲᠠ ᠶᠢᠨ ᠵᠠᠷᠤᠳᠠᠯ ᠢ ᠪᠤᠳᠤᠵᠤ | ᠠᠪᠬᠤ ᠬᠠᠷᠢᠴᠠᠯ᠂ ᠰᠠᠭᠤᠷᠢ ᠮᠥᠩᠭᠦᠨ ᠤ ᠠᠵᠢᠯᠯᠠᠭᠠᠨ ᠤ ᠵᠠᠭᠪᠤᠷ᠂ ᠬᠠᠮᠢᠶᠠᠷᠤᠯᠲᠠ ᠶᠢᠨ ᠱᠠᠭᠠᠷᠳᠠᠯᠭ᠎ᠠ ᠵᠢᠴᠢ ᠦᠷᠭᠦᠯᠵᠢᠯᠡᠨ ᠬᠠᠳᠠᠭᠠᠯᠠᠬᠤ ᠬᠤᠭᠤᠴᠠᠭ᠎ᠠ ᠶᠢ | ᠲᠣᠳᠣᠷᠬᠠᠶᠢᠯᠠᠪᠠ᠃ ᠪᠡᠯᠡ ᠣᠷᠣᠭᠤᠯᠤᠯᠲᠠ ᠶᠢᠨ ᠠᠰᠢᠭ ᠣᠯᠵᠠᠪᠤᠷᠢ ᠪᠠ ᠬᠦᠦ ᠮᠥᠩᠭᠦ ᠵᠡᠷᠭᠡ ᠶᠢ ᠵᠠᠰᠠᠭ ᠤᠨ ᠣᠷᠳᠣᠨ ᠳᠤ ᠬᠠᠷᠢᠶᠠᠯᠠᠭᠤᠯᠬᠤ ᠪᠠᠷ | ᠲᠣᠭᠲᠠᠭᠠᠭᠰᠠᠨ ᠪᠠᠶᠢᠪᠠᠯ᠂ ᠰᠠᠭᠤᠷᠢ ᠮᠥᠩᠭᠦ ᠶᠢ ᠦᠷᠭᠦᠯᠵᠢᠯᠡᠨ ᠡᠷᠭᠢᠯᠳᠦᠭᠦᠯᠦᠨ ᠬᠡᠷᠡᠭᠯᠡᠬᠦ ᠳᠤ ᠬᠡᠷᠡᠭᠯᠡᠬᠦ ᠪᠠᠷ ᠲᠣᠳᠣᠷᠬᠠᠢ ᠪᠣᠯᠵᠣᠨ ᠲᠣᠭᠲᠠᠭᠰᠠᠨ ᠠᠴᠠ | ᠭᠠᠳᠠᠨ᠎ᠠ᠂ ᠡᠳ᠋ ᠤᠨ ᠵᠠᠰᠠᠭ ᠤᠨ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠤᠰ ᠱᠠᠲᠤᠨ ᠤ | ᠤᠯᠤᠰ ᠤᠨ ᠬᠥᠮᠥᠷᠭᠡ ᠳᠤ ᠴᠠᠭ ᠲᠤᠬᠠᠢ ᠳᠤᠨᠢ ᠭᠦᠢᠴᠡᠳ ᠲᠤᠭ᠎ᠠ ᠪᠠᠷ ᠳᠡᠭᠡᠭᠰᠢ ᠲᠤᠰᠢᠶᠠᠬᠤ ᠬᠡᠷᠡᠭᠲᠡᠢ᠃ ᠰᠠᠭᠤᠷᠢ ᠮᠥᠩᠭᠦᠨ ᠤ ᠠᠯᠳᠠᠭᠳᠠᠯ ᠢ ᠪᠡᠯᠡ | ᠭᠠᠷᠭᠠᠭᠰᠠᠨ ᠲᠠᠯ᠎ᠠ ᠨᠤᠭᠤᠳ ᠬᠠᠮᠲᠤ ᠪᠠᠷ ᠡᠭᠦᠷᠭᠡᠯᠡᠬᠦ ᠬᠡᠷᠡᠭᠲᠡᠢ᠂ ᠵᠠᠰᠠᠭ ᠤᠨ ᠣᠷᠳᠣᠨ ᠤ ᠪᠡᠯᠡ ᠭᠠᠷᠭᠠᠭᠴᠢ ᠪᠡᠯᠡ ᠭᠠᠷᠭᠠᠭᠰᠠᠨ ᠬᠡᠮᠵᠢᠶ᠎ᠡ ᠪᠠᠷ ᠬᠢᠵᠠᠭᠠᠷ | ᠪᠣᠯᠭᠠᠵᠤ ᠬᠢᠵᠠᠭᠠᠷᠲᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ | ᠠᠷᠪᠠᠨ ᠳᠣᠯᠣᠳᠤᠭᠠᠷ ᠵᠦᠢᠯ ᠠᠴᠠ ᠠᠷᠪᠠᠨ ᠨᠠᠢᠮᠠᠳᠤᠭᠠᠷ ᠵᠦᠢᠯ ᠬᠦᠷᠲᠡᠯ᠎ᠡ᠃ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠲᠤᠬᠠᠢ ᠲᠣᠭᠲᠠᠭᠠᠯ | ᠭᠠᠷᠭᠠᠪᠠ᠃ ᠪᠤᠭᠤᠲᠤ ᠬᠤᠲᠠ ᠶᠢᠨ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠡᠳ᠋ ᠤᠨ ᠵᠠᠰᠠᠭ ᠤᠨ ᠲᠣᠪᠴᠢᠶ᠎ᠠ ᠨᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠰᠠᠭᠤᠷᠢ ᠮᠥᠩᠭᠦᠨ ᠤ ᠠᠵᠢᠯᠯᠠᠭᠠᠨ ᠤ ᠪᠠᠶᠢᠳᠠᠯ ᠳᠤ ᠬᠢᠨᠠᠯᠲᠠ ᠲᠠᠯᠪᠢᠵᠤ᠂ ᠣᠯᠵᠤ ᠮᠡᠳᠡᠭᠰᠡᠨ ᠠᠰᠠᠭᠤᠳᠠᠯ ᠢ ᠲᠥᠰᠥᠪ ᠤᠨ ᠬᠠᠤᠯᠢ | ᠪᠠ ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠰᠢᠳᠭᠡᠵᠦ ᠰᠢᠳᠬᠡᠬᠦ ᠳᠦᠷᠢᠮ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠰᠢᠢᠳᠪᠦᠷᠢᠯᠡᠨ᠎ᠡ᠃ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠭᠦᠯᠦᠨ᠎ᠡ᠃ | ᠠᠷᠪᠠ ᠶᠢᠰᠦᠳᠦᠭᠡᠷ ᠵᠦᠢᠯ ᠠᠴᠠ ᠬᠤᠷᠢᠳᠤᠭᠠᠷ ᠵᠦᠢᠯ ᠬᠦᠷᠲᠡᠯ᠎ᠡ᠃ ︽ᠪᠤᠭᠤᠲᠤ ᠬᠤᠲᠠ ᠶᠢᠨ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠠᠶᠢᠯᠪᠤᠷᠢᠯᠠᠬᠤ | ᠰᠠᠯᠠᠭ᠎ᠠ ᠮᠥᠴᠢᠷ ᠪᠠ ᠬᠡᠷᠡᠭᠵᠢᠭᠦᠯᠬᠦ ᠡᠳᠦᠷ ᠬᠤᠭᠤᠴᠠᠭ᠎ᠠ ᠶᠢ ᠲᠣᠭᠲᠠᠭᠠᠪᠠ᠃ |