ᠡᠨᠡ ᠡᠪᠦᠯ ᠠᠴᠠ ᠨᠠᠰᠢ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠬᠢᠨ ᠵᠢᠯ ᠤᠨ ᠡᠴᠦᠰ ᠵᠢᠯ ᠤᠨ ᠡᠬᠢᠨ ᠤ | ᠵᠠᠩᠭᠢᠯᠠᠭ᠎ᠠ ᠶᠢᠨ ᠬᠤᠭᠤᠴᠠᠭ᠎ᠠ ᠶᠢ ᠠᠳᠬᠤᠵᠤ᠂︽ᠡᠪᠦᠯ ᠤᠨ ᠠᠮᠠᠷᠠᠯᠲᠠ︾ ᠶᠢ ︽ᠡᠪᠦᠯ ᠤᠨ ᠶᠠᠭᠠᠷᠠᠤ︾ᠪᠣᠯᠭᠠᠨ ᠬᠤᠪᠢᠷᠠᠭᠤᠯᠵᠤ᠂ | ᠬᠠᠬᠢᠷ ᠬᠦᠢᠲᠡᠨ ᠢ ᠪᠠᠶᠢᠯᠳᠤᠵᠤ᠂ ᠠᠬᠢᠴᠠ ᠶᠢ ᠠᠮᠵᠢᠵᠤ᠂ ᠶᠠᠰᠤ ᠴᠢᠨᠠᠷ ᠢ ᠠᠳᠬᠤᠵᠤ᠂ ᠠᠮᠤᠷ ᠲᠦᠪᠰᠢᠨ ᠢ ᠪᠠᠲᠤᠯᠠᠵᠤ᠂ | ᠳᠥᠷᠪᠡᠳᠦᠭᠡᠷ ᠤᠯᠠᠷᠢᠯ ᠳᠤ ᠬᠦᠴᠦᠯᠡᠨ ᠣᠷᠣᠯᠴᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ︽ᠠᠬᠢᠴᠠ ᠶᠢᠨ ᠵᠤᠷᠪᠤᠰ︾ ᠢ ᠪᠦᠬᠦ ᠬᠦᠴᠦᠨ ᠢᠶᠠᠷ ᠢᠶᠠᠨ ᠳᠦᠭᠦᠷᠭᠡᠪᠡ᠃ | | | | | | | ᠤᠳᠤᠨ ᠳᠣᠯᠭᠢᠶᠠᠨ ᠤ ᠰᠢᠩᠭᠡᠨ ᠮᠠᠲ᠋ᠧᠷᠢᠶᠠᠯ ᠤᠨ ᠥᠨᠳᠥᠷ ᠬᠦᠴᠦᠷᠬᠡᠭ ᠥᠨᠳᠥᠷ ᠤᠶᠠᠨ ᠬᠠᠳᠠᠨ ᠬᠤᠪᠣᠷ | ᠰᠢᠷᠣᠢ ᠶᠢᠨ ᠬᠥᠩᠭᠡᠨ ᠴᠠᠭᠠᠨ ᠤ ᠬᠠᠶᠢᠯᠤᠰᠢ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠠᠵᠢᠯᠴᠢᠳ ᠶᠠᠭ | ᠲᠤᠨᠤᠭ ᠲᠥᠬᠦᠭᠡᠷᠦᠮᠵᠢ ᠤᠭᠰᠠᠷᠠᠬᠤ ᠠᠵᠢᠯ ᠬᠢᠵᠦ᠂ ᠪᠦᠬᠦ ᠬᠦᠴᠦᠨ ᠢᠶᠠᠷ ᠢᠶᠠᠨ ᠠᠬᠢᠴᠠ ᠶᠢ ᠠᠳᠬᠤᠵᠤ᠂ ᠠᠵᠢᠯ ᠤᠨ | ᠬᠤᠭᠤᠴᠠᠭ᠎ᠠ ᠶᠢ ᠠᠮᠵᠢᠵᠤ ᠪᠠᠶᠢᠨ᠎ᠠ᠃ ᠥᠨᠳᠥᠷ ᠴᠢᠩᠭ᠎ᠠ ᠥᠨᠳᠥᠷ ᠤᠶᠠᠨ ᠬᠠᠳᠡᠠ ᠬᠤᠪᠣᠷ ᠰᠢᠷᠣᠢ ᠶᠢᠨ ᠬᠥᠩᠭᠡᠨ | ᠴᠠᠭᠠᠨ ᠤ ᠬᠠᠶᠢᠯᠤᠰᠢ ᠨᠢ ᠲᠡᠭᠦᠨ ᠤ ᠥᠨᠳᠥᠷ ᠬᠦᠴᠦᠯᠡᠴᠡ᠂ ᠥᠨᠳᠥᠷ ᠰᠤᠩᠭᠠᠯᠲᠠ ᠶᠢᠨ ᠨᠤᠷᠮ᠎ᠠ᠂ ᠥᠨᠳᠥᠷ ᠢᠳᠡᠭᠳᠡᠯ ᠳᠤ | ᠳᠠᠭᠠᠭᠠᠮᠠᠭᠠᠢ ᠪᠠ ᠭᠠᠩᠨᠠᠵᠤ ᠪᠣᠯᠬᠤ ᠴᠢᠨᠠᠷ ᠢᠶᠠᠷ ᠢᠶᠠᠨ ᠵᠢᠴᠢ ᠥᠪᠡᠷᠮᠢᠴᠡ ᠥᠨᠳᠥᠷ ᠳᠤᠯᠠᠭᠠᠨ ᠤ ᠲᠣᠭᠲᠠᠪᠤᠷᠢᠲᠤ ᠴᠢᠨᠠᠷ᠂ | ᠰᠠᠨᠰᠠᠷ ᠤᠨ ᠠᠶᠠᠯᠠᠯ᠂ ᠴᠡᠷᠢᠭ ᠤᠨ ᠠᠵᠤ ᠦᠢᠯᠡᠳᠪᠦᠷᠢ᠂ ᠰᠢᠨ᠎ᠡ ᠡᠨᠧᠷᠭᠢ ᠵᠡᠷᠭᠡ ᠬᠦᠷᠢᠶᠡᠨ ᠳᠤ ᠥᠷᠭᠡᠨ ᠢᠶᠠᠷ ᠬᠡᠷᠡᠭᠯᠡᠵᠦ᠂ | ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠬᠤ ᠵᠢᠴᠢ ᠠᠵᠤ | ᠠᠬᠤᠢ ᠶᠢᠨ ᠨᠡᠮᠡᠭᠳᠡᠯ ᠤᠨ ᠴᠡᠭ ᠤᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠲᠤᠶᠢᠯ ᠤᠨ ᠥᠨᠳᠥᠷ ᠪᠠᠶᠢᠯᠳᠤᠬᠤ | ᠪᠣᠳᠣᠯᠭ᠎ᠠ ᠶᠢᠨ ᠦᠨ᠎ᠡ ᠥᠷᠲᠡᠭ ᠲᠠᠢ ᠪᠠᠶᠢᠵᠤ᠂ ᠮᠠᠨ ᠤ ᠬᠤᠲᠠ ᠶᠢᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ | ᠦᠢᠯᠡᠰ ᠢ ᠬᠥᠭᠵᠢᠭᠦᠯᠬᠦ᠂ ᠦᠢᠯᠡᠳᠬᠦᠨ ᠤ ᠨᠡᠮᠡᠯᠲᠡ ᠥᠷᠲᠡᠭᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ | ᠪᠥᠭᠡᠳ ᠪᠠᠰᠠ ᠪᠤᠭᠤᠲᠤ ᠬᠤᠲᠠ ᠶᠢᠨ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠬᠤ | ᠬᠠᠷᠠᠯᠲᠠ ᠲᠠᠢ ᠮᠠᠰᠢ ᠨᠡᠶᠢᠴᠡᠨ᠎ᠡ᠃ ︽ᠳᠤᠮᠳᠠ ᠳᠠᠪᠲᠠᠮᠵᠢᠲᠤ ᠵᠤᠤᠬ᠎ᠠ᠂ ᠳᠤᠯᠠᠭᠠᠨ ᠢ ᠬᠠᠮᠠᠭᠠᠯᠠᠬᠤ ᠵᠤᠤᠬ᠎ᠠ ᠪᠣᠯᠣᠨ | ᠲᠣᠭᠤᠰᠣ ᠠᠷᠢᠯᠭᠠᠬᠤ ᠲᠥᠬᠦᠭᠡᠷᠦᠮᠵᠢ ᠶᠢ ᠨᠢᠭᠡᠨᠲᠡ ᠤᠭᠰᠠᠷᠠᠵᠤ ᠳᠠᠭᠤᠰᠬᠠᠭᠠᠳ᠂ ᠤᠲᠤᠭᠠᠨ ᠬᠤᠭᠤᠯᠠᠢ᠂ ᠬᠤᠭᠤᠯᠠᠢ | ᠶᠢᠨ ᠰᠤᠪᠠᠭ᠂ ᠴᠠᠬᠢᠯᠭᠠᠨ ᠳᠡᠭᠡᠰᠦᠨ ᠤ ᠰᠤᠪᠠᠭ ᠵᠡᠷᠭᠡ ᠰᠠᠭᠤᠷᠢ ᠲᠥᠬᠦᠭᠡᠷᠦᠮᠵᠢ ᠶᠢ ᠣᠳᠣ ᠶᠠᠭ ᠡᠮᠬᠢ ᠵᠢᠷᠤᠮ ᠲᠠᠢ ᠪᠠᠷ | ᠪᠦᠲᠦᠭᠡᠨ ᠪᠠᠶᠢᠭᠤᠯᠵᠤ ᠪᠠᠶᠢᠨ᠎ᠠ᠂ ᠣᠳᠣᠬᠠᠨ ᠳᠤ ᠶᠠᠭ ᠠᠷᠭ᠎ᠠ ᠪᠦᠬᠦᠨ ᠢ ᠰᠦᠪᠡᠭᠴᠢᠯᠡᠨ ᠬᠠᠬᠢᠷ ᠬᠦᠢᠲᠡᠨ ᠴᠠᠭ | ᠠᠭᠤᠷ ᠤᠨ ᠨᠥᠯᠥᠭᠡ ᠶᠢ ᠢᠯᠠᠨ ᠳᠠᠪᠠᠵᠤ᠂ ᠴᠠᠭ ᠨᠡᠮᠡᠵᠦ ᠴᠠᠭ ᠨᠡᠮᠡᠵᠦ ᠠᠵᠢᠯᠯᠠᠨ ᠠᠵᠢᠯ ᠤᠨ ᠬᠤᠭᠤᠴᠠᠭ᠎ᠠ ᠶᠢ | ᠵᠠᠪᠳᠤᠨ ᠠᠳᠬᠤᠵᠤ᠂ ᠲᠥᠯᠥᠪᠯᠡᠭᠡ ᠶᠣᠰᠣᠭᠠᠷ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ | ᠪᠠᠶᠢᠨ᠎ᠠ︾᠃ ᠰᠢᠩ ᠪᠥᠸᠧ ᠶᠢᠨ ᠬᠤᠪᠣᠷ ᠮᠠᠲ᠋ᠧᠷᠢᠶᠠᠯ ᠤᠨ ᠲᠦᠷᠦᠯ ᠵᠦᠢᠯ ᠤᠨ ᠬᠠᠷᠢᠭᠤᠴᠠᠯᠭᠠᠲᠠᠨ ᠴᠧᠨ ᠸᠧᠢ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠠᠨᠢᠯᠴᠠᠭᠤᠯᠪᠠ᠃ | ᠣᠶᠢᠷ᠎ᠠ ᠶᠢᠨ ᠬᠤᠭᠤᠴᠠᠭᠠᠨ ᠤ ᠴᠠᠭ ᠠᠭᠤᠷ ᠤᠨ ᠳᠤᠯᠠᠭᠠᠨ ᠤ ᠪᠠᠭᠤᠷᠠᠯᠲᠠ ᠶᠢᠨ ᠨᠥᠯᠥᠭᠡ ᠠᠴᠠ ᠪᠣᠯᠵᠤ᠂ | ᠪᠠᠷᠢᠯᠭ᠎ᠠ ᠶᠢᠨ ᠵᠦᠢᠯᠡᠰ ᠤᠨ ᠪᠠᠷᠢᠯᠭ᠎ᠠ ᠶᠢᠨ ᠠᠵᠢᠯ ᠴᠤ ᠵᠣᠬᠢᠬᠤ ᠬᠦᠴᠢᠷᠳᠡᠯ ᠳᠤ ᠲᠤᠯᠭᠠᠷᠠᠵᠠᠢ᠂ ᠰᠢᠶᠠᠨ ᠤ ᠱᠠᠲᠤᠨ ᠤ | ᠪᠤᠭᠤᠲᠤ ᠶᠢᠨ ᠬᠤᠯᠪᠣᠭ᠎ᠠ ᠶᠢᠨ ᠤᠳᠤᠷᠢᠳᠤᠯᠭ᠎ᠠ᠂ ᠲᠣᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ | ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ | ᠵᠡᠷᠭᠡ ᠰᠠᠯᠠᠭ᠎ᠠ ᠮᠥᠴᠢᠷ ᠤᠳ ᠲᠠᠶᠢᠯᠤᠮᠵᠢ ᠲᠠᠢ ᠰᠡᠳᠬᠢᠬᠦᠢ ᠶᠢ ᠪᠠᠲᠤ ᠪᠣᠶ ᠪᠣᠯᠭᠠᠵᠤ᠂ ᠦᠢᠯᠡᠳᠪᠦᠷᠢ ᠶᠢᠨ ᠭᠡᠷ | ᠪᠠᠶᠢᠰᠢᠩ ᠤᠨ ᠳᠤᠯᠠᠭᠠᠯᠠᠭ᠎ᠠ ᠬᠠᠩᠭᠠᠬᠤ᠂ ᠡᠳ᠋ ᠪᠣᠳᠠᠰ ᠤᠨ ᠪᠠᠲᠤᠯᠠᠭ᠎ᠠ ᠬᠠᠩᠭᠠᠬᠤ ᠵᠡᠷᠭᠡ ᠬᠦᠴᠢᠷᠳᠡᠯ ᠢ ᠢᠳᠡᠪᠬᠢᠲᠡᠢ | ᠰᠢᠢᠳᠪᠦᠷᠢᠯᠡᠵᠦ᠂ ᠪᠠᠷᠢᠯᠭ᠎ᠠ ᠶᠢᠨ ᠨᠢᠭᠡᠴᠡ ᠬᠠᠬᠢᠷ ᠬᠦᠢᠲᠡᠨ ᠴᠠᠭ ᠠᠭᠤᠷ ᠢ ᠢᠯᠡᠨ ᠳᠠᠪᠠᠵᠤ᠂ ᠠᠵᠢᠯ ᠤᠨ ᠬᠤᠭᠤᠴᠠᠭ᠎ᠠ ᠶᠢ | ᠲᠣᠩᠭᠤᠷᠤᠭᠤᠯᠤᠨ ᠲᠣᠬᠢᠷᠠᠭᠤᠯᠵᠤ᠂ ᠴᠠᠭ ᠨᠡᠮᠡᠵᠦ ᠴᠠᠭ ᠨᠡᠮᠡᠵᠦ ᠪᠠᠶᠢᠭᠠᠳ ᠪᠠᠷᠢᠯᠭ᠎ᠠ ᠶᠢᠨ ᠠᠬᠢᠴᠠ ᠶᠢ ᠪᠥᠬᠦ | ᠬᠦᠴᠦᠨ ᠢᠶᠠᠷ ᠢᠶᠠᠨ ᠠᠮᠵᠢᠨ ᠠᠳᠬᠤᠵᠠᠢ᠃ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ᠂ ᠬᠤᠪᠢᠳᠠᠨ ᠬᠠᠮᠢᠶᠠᠷᠴᠤ | ᠪᠦᠬᠦᠢ ᠤᠳᠤᠷᠢᠳᠤᠯᠭ᠎ᠠ ᠣᠯᠠᠨ ᠤᠳᠠᠭ᠎ᠠ ᠲᠥᠷᠥᠯ ᠵᠦᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢᠨ ᠬᠠᠮᠲᠤ᠂ | ᠡᠳᠦᠷ ᠤᠨ ᠲᠣᠬᠢᠷᠠᠭᠤᠯᠤᠯᠲᠠ ᠶᠢᠨ ᠲᠣᠭᠲᠠᠴᠠ ᠶᠢ ᠪᠦᠷᠢᠯᠳᠦᠭᠦᠯᠵᠦ᠂ ᠲᠥᠷᠥᠯ ᠵᠦᠢᠯ ᠤᠨ ᠠᠬᠢᠴᠠ ᠶᠢ ᠴᠢᠩᠭ᠎ᠠ | ᠠᠩᠬᠠᠷᠴᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠠᠷᠢᠯᠭ᠎ᠠ ᠶᠢᠨ ᠬᠤᠭᠤᠴᠠᠭ᠎ᠠ ᠶᠢ ᠵᠠᠪᠳᠤᠨ | ᠠᠳᠬᠤᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠨᠡᠮᠡᠭᠳᠡᠯ ᠤᠨ | ᠬᠤᠷᠳᠤᠴᠠ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠣᠳᠣᠬᠠᠨ ᠳᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ | ᠨᠢᠭᠡᠨᠲᠡ ᠪᠡᠷᠬᠡ ᠰᠡᠳᠦᠪ ᠢ ᠰᠢᠢᠳᠪᠦᠷᠢᠯᠡᠬᠦ ᠬᠤᠭᠤᠴᠠᠭᠠᠨ ᠳᠤ ᠣᠷᠣᠵᠤ᠂ ᠦᠢᠯᠡᠳᠪᠦᠷᠢ ᠶᠢᠨ ᠭᠡᠷ ᠪᠠᠶᠢᠰᠢᠩ ᠤᠨ | ᠳᠣᠲᠣᠷᠠᠬᠢ ᠰᠢᠷᠣᠢ ᠶᠢᠨ ᠪᠠᠷᠢᠯᠭ᠎ᠠ ᠶᠢᠨ ᠠᠵᠢᠯ ᠶᠠᠭ ᠡᠮᠬᠢ ᠵᠢᠷᠤᠮ ᠲᠠᠢ ᠠᠬᠢᠵᠤ᠂ ᠠᠵᠢᠯᠴᠢᠳ ᠴᠠᠭ ᠨᠡᠮᠡᠵᠦ ᠴᠠᠭ ᠨᠡᠮᠡᠵᠦ | ᠪᠥᠬᠦ ᠬᠦᠴᠦᠨ ᠢᠶᠠᠷ ᠢᠶᠠᠨ ᠱᠠᠯᠠᠪᠳᠠᠨ ᠠᠵᠢᠯᠯᠠᠵᠤ᠂ ᠲᠣᠨᠤᠭ ᠲᠥᠬᠦᠭᠡᠷᠦᠮᠵᠢ ᠤᠭᠰᠠᠷᠠᠬᠤ ᠠᠵᠢᠯ ᠤᠨ ᠶᠡᠷᠦᠩᠬᠡᠢ | ᠠᠬᠢᠴᠠ ᠶᠢᠨ 70% ᠶᠢ ᠪᠡᠶᠡᠯᠡᠭᠦᠯᠵᠦ᠂ ᠢᠨᠵᠧᠨᠧᠷᠢᠩ ᠤᠨ ᠶᠡᠷᠦᠩᠬᠡᠢ ᠠᠬᠢᠴᠠ ᠶᠢᠨ 80% ᠶᠢ ᠪᠡᠶᠡᠯᠡᠭᠦᠯᠵᠦ᠂ | ᠲᠥᠯᠥᠪᠯᠡᠭᠡ ᠶᠣᠰᠣᠭᠠᠷ ᠵᠢᠯ ᠤᠨ ᠡᠴᠦᠰ ᠲᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ | ᠂ ᠪᠥᠬᠦ ᠬᠤᠲᠠ ᠶᠢᠨ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠬᠤ ᠪᠠ ᠪᠥᠬᠦ | ᠣᠷᠣᠨ ᠤ ᠠᠵᠤ ᠠᠬᠤᠢ ᠶᠢᠨ ᠬᠥᠭᠵᠢᠯᠲᠡ ᠶᠢᠨ ᠲᠡᠷᠢᠭᠦᠨ ᠪᠠᠶᠢᠷᠢᠨ ᠳᠤ ᠣᠷᠣᠬᠤ ᠪᠠᠷ ᠴᠢᠷᠮᠠᠶᠢᠬᠤ ᠳᠤ ᠬᠤᠪᠢ ᠨᠡᠮᠡᠷᠢ ᠪᠠᠨ | ᠦᠵᠡᠭᠦᠯᠦᠨ᠎ᠡ᠃ |