︽ᠠᠷᠪᠠᠨ ᠳᠥᠷᠪᠡᠨ ᠡᠪᠦᠯ ᠤᠨ ᠤᠯᠠᠷᠢᠯ ᠤᠨ ᠷᠢᠳᠢ ᠰᠢᠳᠢ ᠲᠠᠢ ᠥᠪᠥᠷ ᠮᠣᠩᠭᠤᠯ ᠲᠠᠢ ᠪᠣᠯᠵᠣᠪᠠ︾ ︽ᠠᠷᠪᠠᠨ ᠳᠥᠷᠪᠡᠨ ᠡᠪᠦᠯ ᠤᠨ ᠤᠯᠠᠷᠢᠯ ᠤᠨ ᠵᠣᠴᠢᠯᠠᠬᠤ ᠪᠠᠭᠤᠳᠠᠯ ︽ᠪᠠᠲᠤᠯᠠᠭ᠎ᠠ ᠶᠢᠨ ᠵᠠᠭᠪᠤᠷ︾᠎ ᠢ ᠨᠡᠭᠡᠭᠡᠪᠡ
ᠨᠡᠶᠢᠲᠡᠯᠡᠭᠰᠡᠨ ᠴᠠᠭ᠄
2023/12/30
     1 ᠰᠠᠷ᠎ᠠ ᠶᠢᠨ 9᠎ ᠤ ᠡᠳᠦᠷ ᠠᠴᠠ ᠡᠬᠢᠯᠡᠨ᠂ ︽ᠠᠷᠪᠠᠨ ᠳᠥᠷᠪᠡᠨ ᠡᠪᠦᠯ︾᠎ ᠤᠨ ᠮᠥᠰᠥᠨ ᠳᠡᠪᠦᠷ᠎ᠡ᠂ ᠣᠶᠢᠷ᠎ᠠ ᠵᠠᠮ ᠤᠨ ᠲᠦᠷᠭᠡᠨ ᠲᠡᠰᠢᠯᠲᠡ᠂ ᠤᠷᠠᠨ ᠲᠡᠰᠢᠯᠲᠡ ᠶᠢᠨ ᠵᠠᠯᠠᠭᠤᠴᠤᠳ ᠤᠨ ᠳᠤᠭᠤᠶᠢᠯᠠᠩ ᠤᠨ ᠤᠷᠤᠯᠳᠤᠭᠠᠨ ᠪᠠ ᠲᠦᠷᠭᠡᠨ ᠲᠡᠰᠢᠯᠲᠡ ᠶᠢᠨ ᠢᠯᠡ ᠳᠤᠭᠤᠶᠢᠯᠠᠩ ᠤᠨ ᠤᠷᠤᠯᠳᠤᠭᠠᠨ ᠵᠠᠯᠭᠠᠭ᠎ᠠ ᠪᠠᠷ ᠬᠠᠶᠢᠯᠠᠷ ᠤᠨ ᠤᠷᠤᠯᠳᠤᠭᠠᠨ ᠤ ᠲᠣᠭᠤᠷᠢᠭ ᠲᠤ ᠶᠠᠪᠤᠭᠳᠠᠬᠤ ᠪᠣᠯᠣᠨ᠎ᠠ᠃ ᠣᠶᠢᠷ᠎ᠠ ᠶᠢᠨ ᠡᠳᠦᠷ ᠤᠳ ᠲᠤ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠲᠠᠮᠢᠷᠴᠢᠨ᠂ ᠮᠡᠷᠭᠡᠵᠢᠯ ᠤᠨ ᠲᠤᠰᠢᠶᠠᠯᠲᠠᠨ ᠪᠣᠯᠣᠨ ᠵᠠᠭᠤᠴᠢᠯᠠᠭᠤᠷ ᠤᠨ ᠰᠤᠷᠪᠤᠯᠵᠢᠯᠠᠭᠴᠢ ᠵᠠᠯᠭᠠᠭ᠎ᠠ ᠪᠠᠷ ᠬᠠᠶᠢᠯᠠᠷ ᠲᠤ ᠬᠦᠷᠴᠦ᠂ ᠵᠣᠴᠢᠳ ᠤᠨ ᠪᠠᠭᠤᠳᠠᠯ ᠤᠨ︽ᠪᠠᠲᠤᠯᠠᠪᠤᠷᠢ ᠶᠢᠨ ᠵᠠᠭᠪᠤᠷ︾᠎ ᠢ ᠡᠬᠢᠯᠡᠭᠦᠯᠵᠦ᠂︽ᠠᠷᠪᠠᠨ ᠨᠠᠢᠮᠠᠨ ᠵᠦᠢᠯ ᠤᠨ ᠵᠡᠪᠰᠡᠭ ᠤᠨ ᠡᠷᠳᠡᠮ︾᠎ ᠢᠶᠠᠷ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠪᠠᠨ ᠳᠡᠪᠰᠢᠭᠦᠯᠵᠡᠢ᠃       1 ᠰᠠᠷ᠎ᠠ ᠶᠢᠨ 8᠎ ᠤ ᠡᠳᠦᠷ᠂ ᠰᠤᠷᠪᠤᠯᠵᠢᠯᠠᠭᠴᠢ ︽ᠠᠷᠪᠠᠨ ᠳᠥᠷᠪᠡᠨ ᠡᠪᠦᠯ︾᠎ ᠤᠨ ᠵᠠᠭᠤᠴᠢᠯᠠᠭᠤᠷ ᠤᠨ ᠰᠤᠷᠪᠤᠯᠵᠢᠯᠠᠭᠴᠢ ᠪᠣᠯᠣᠨ ᠮᠡᠷᠭᠡᠵᠢᠯ ᠤᠨ ᠲᠤᠰᠢᠶᠠᠯᠲᠠᠨ ᠢ ᠭᠥᠯᠢᠶᠡᠨ ᠠᠪᠴᠤ ᠵᠣᠴᠢᠯᠠᠬᠤ ᠠᠵᠢᠯ ᠢ ᠬᠠᠷᠢᠭᠤᠴᠠᠵᠤ ᠪᠠᠶᠢᠭ᠎ᠠ ᠬᠥᠯᠥᠨ ᠪᠤᠶᠢᠷ ᠬᠤᠲᠠ ᠶᠢᠨ ᠡᠸᠡᠩᠬᠢ ᠵᠣᠴᠢᠳ ᠤᠨ ᠪᠠᠭᠤᠳᠠᠯ ᠳᠤ ᠬᠦᠷᠴᠦ ᠢᠷᠡᠪᠡ᠃ ᠵᠣᠴᠢᠳ ᠤᠨ ᠪᠠᠭᠤᠳᠠᠯ ᠤᠨ ᠳᠣᠲᠣᠨ᠎ᠠ ᠭᠠᠳᠠᠨ᠎ᠠ︽ᠠᠷᠪᠠᠨ ᠲᠦᠷᠪᠡᠨ ᠡᠪᠦᠯ︾᠎ ᠤᠨ ᠡᠯᠧᠮᠧᠨ᠋ᠲ ᠢᠶᠠᠷ ᠳᠦᠭᠦᠷᠴᠦ᠂ ᠨᠢᠳᠦᠨ ᠳᠤ ᠲᠣᠳᠣᠬᠠᠨ ᠬᠠᠷᠠᠭᠳᠠᠨ᠎ᠠ᠃ ᠵᠣᠴᠢᠳ ᠤᠨ ᠪᠠᠭᠤᠳᠠᠯ ᠤᠨ ᠶᠡᠭᠡ ᠲᠠᠩᠬᠢᠮ ᠳᠤ ᠣᠷᠣᠮᠠᠭᠴᠠ ᠪᠠᠨ ᠮᠣᠩᠭᠤᠯ ᠲᠡᠷᠯᠢᠭ ᠡᠮᠦᠰᠦᠭᠰᠡᠨ ᠠᠵᠢᠯᠲᠠᠳ ᠬᠠᠳᠠᠭ ᠪᠠᠷᠢᠵᠤ ᠵᠣᠴᠢᠳ ᠲᠤ ᠴᠢᠩ ᠰᠡᠳᠬᠢᠯ ᠤᠨ ᠵᠥᠩᠨᠡᠯ ᠢᠶᠠᠨ ᠳᠡᠪᠰᠢᠭᠦᠯᠦᠭᠰᠡᠨ ᠤ ᠬᠠᠮᠲᠤ ᠪᠠᠰᠠ ᠬᠠᠯᠠᠭᠤᠨ ᠰᠦ᠋ ᠲᠠᠢ ᠴᠠᠢ ᠪᠣᠯᠣᠨ ᠠᠮᠲᠠᠲᠤ ᠰᠠᠶᠢᠬᠠᠨ ᠵᠢᠮᠢᠰ ᠤᠨ ᠵᠤᠷᠪᠤᠰ ᠢᠶᠠᠷ ᠣᠯᠠᠨ ᠳᠤ ᠡᠳ᠋ᠯᠡᠭᠦᠯᠵᠦ ᠪᠠᠶᠢᠪᠠ᠃ {ᠵᠣᠴᠢᠳ ᠤᠨ ᠪᠠᠭᠤᠳᠠᠯ ᠤᠨ ᠶᠡᠭᠡ ᠲᠢᠩᠬᠢᠮ ᠳᠤ ᠣᠷᠣᠩᠭᠤᠲᠠ ᠬᠠᠳᠠᠭ ᠢᠶᠠᠨ ᠡᠷᠭᠦᠵᠦ᠂ ᠵᠣᠴᠢᠳ ᠲᠤ ᠴᠢᠩ ᠰᠡᠳᠬᠢᠯ ᠤᠨ ᠵᠥᠩᠨᠡᠯ ᠳᠡᠪᠰᠢᠭᠦᠯᠵᠦ᠂ ᠨᠢᠭᠡ ᠲᠠᠯ᠎ᠠ ᠳᠤᠨᠢ ᠪᠠᠰᠠ ᠬᠠᠯᠠᠭᠤᠨ ᠴᠠᠢ ᠲᠠᠢ ᠰᠦ᠋ ᠲᠠᠢ ᠴᠠᠢ ᠪᠣᠯᠣᠨ ᠠᠮᠲᠠᠲᠤ ᠰᠠᠶᠢᠬᠠᠨ ᠵᠢᠮᠢᠰ ᠤᠨ ᠵᠤᠷᠪᠤᠰ ᠢ ᠡᠳ᠋ᠯᠡᠭᠦᠯᠬᠦ ᠪᠠᠷ ᠢᠷᠡᠭᠰᠡᠨ ᠢᠶᠠᠨ ᠢᠯᠡᠳᠬᠡᠵᠡᠢ᠃       ᠡᠸᠡᠩᠬᠢ ᠵᠣᠴᠢᠳ ᠤᠨ ᠪᠠᠭᠤᠳᠠᠯ ᠤᠨ ᠶᠡᠷᠦᠩᠬᠡᠢ ᠳᠠᠭᠠᠭᠠᠮᠠᠯ ᠯᠢᠦ ᠰᠢᠨ ᠲᠠᠨᠢᠯᠴᠠᠭᠤᠯᠬᠤ ᠳᠠᠭᠠᠨ᠄ ︽1 ᠰᠠᠷ᠎ᠠ ᠶᠢᠨ 7᠎ ᠤ ᠡᠳᠦᠷ ᠠᠴᠠ ᠡᠬᠢᠯᠡᠨ᠂ ᠵᠣᠴᠢᠳ ᠤᠨ ᠪᠠᠭᠤᠳᠠᠯ ᠵᠢᠩᠬᠢᠨᠢ ᠪᠠᠷ ᠵᠣᠴᠢᠯᠠᠬᠤ ᠠᠵᠢᠯ ᠢᠶᠠᠨ ᠡᠬᠢᠯᠡᠭᠦᠯᠪᠡ᠂ ᠪᠢᠳᠡ ᠵᠣᠴᠢᠳ ᠲᠤ ᠬᠠᠳᠠᠭ ᠡᠷᠭᠦᠬᠦ ᠶᠣᠰᠣᠯᠠᠯ ᠶᠠᠪᠤᠭᠤᠯᠵᠤ᠂ ᠥᠪᠥᠷ ᠮᠣᠩᠭᠤᠯ ᠤᠨ ᠪᠣᠷᠣᠭᠵᠢᠭᠤᠨ ᠬᠠᠯᠠᠭᠤᠨ ᠰᠡᠳᠬᠢᠯᠭᠡ ᠶᠢ ᠨᠠᠢᠮᠠᠨ ᠵᠣᠪᠬᠢᠰ ᠤᠨ ᠵᠣᠴᠢᠳ ᠲᠤ ᠮᠡᠳᠡᠷᠡᠭᠦᠯᠦᠨ᠎ᠡ᠂ ᠣᠲᠣ ᠨᠢᠭᠡᠨᠲᠡ 100 ᠭᠠᠷᠤᠢ ᠮᠡᠷᠭᠡᠵᠢᠯ ᠤᠨ ᠲᠤᠰᠢᠶᠠᠯᠲᠠᠨ ᠪᠠ ᠵᠠᠭᠤᠴᠢᠯᠠᠭᠤᠷ ᠤᠨ ᠰᠤᠷᠪᠤᠯᠵᠢᠯᠠᠭᠴᠢ ᠮᠠᠨ ᠤ ᠵᠣᠴᠢᠳ ᠤᠨ ᠪᠠᠭᠤᠳᠠᠯ ᠳᠤ ᠣᠷᠣᠵᠤ ᠰᠠᠭᠤᠭᠰᠠᠨ ᠪᠠᠶᠢᠨ᠎ᠠ︾ ᠭᠡᠵᠡᠢ᠃ ᠵᠣᠴᠢᠯᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠶᠢᠨ ᠲᠥᠯᠥᠭᠡ᠂ ᠵᠣᠴᠢᠳ ᠤᠨ ᠪᠠᠭᠤᠳᠠᠯ ᠪᠥᠬᠦ ᠠᠵᠢᠯᠲᠠᠳ ᠲᠤ ᠶᠣᠰᠣᠯᠠᠯ ᠤᠨ ᠦᠢᠯᠡᠴᠢᠯᠡᠭᠡ᠂ ᠵᠣᠴᠢᠳ ᠤᠨ ᠥᠷᠥᠭᠡᠨ ᠤ ᠦᠢᠯᠡᠴᠢᠯᠡᠭᠡ᠂ ᠬᠤᠭᠤᠯᠠ ᠤᠮᠳᠠᠭᠠᠨ ᠤ ᠦᠢᠯᠡᠴᠢᠯᠡᠭᠡ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠠᠭᠤᠯᠭ᠎ᠠ ᠶᠢᠨ ᠪᠣᠯᠪᠠᠰᠤᠷᠠᠯ ᠬᠦᠷᠲᠡᠭᠡᠪᠡ᠃ ᠯᠢᠦ ᠰᠢᠨ᠄︽︿ᠠᠷᠪᠠᠨ ᠲᠦᠷᠪᠡᠨ ᠡᠪᠦᠯ﹀᠎ ᠤᠨ ᠬᠤᠭᠤᠴᠠᠭᠠᠨ ᠳᠤ᠂ ᠵᠣᠴᠢᠳ ᠤᠨ ᠪᠠᠭᠤᠳᠠᠯ ᠤᠨ ᠬᠦᠯᠢᠶᠡᠨ ᠠᠪᠬᠤ ᠦᠢᠯᠡᠴᠢᠯᠡᠭᠡᠨ ᠤ ᠦᠷᠳᠡᠭᠡ 24 ᠴᠠᠭ ᠢᠶᠠᠷ ᠵᠢᠵᠢᠭᠦᠷᠯᠡᠬᠦ ᠳᠦᠷᠢᠮ ᠢ ᠬᠡᠷᠡᠭᠵᠢᠭᠦᠯᠵᠦ᠂ ᠵᠣᠴᠢᠳ ᠤᠨ ᠪᠠᠭᠤᠳᠠᠯ ᠳᠤ ᠰᠠᠭᠤᠭ᠎ᠠ ᠵᠣᠴᠢᠳ ᠲᠤ ᠡᠮ ᠡᠮᠨᠡᠯᠭᠡ ᠡᠷᠡᠭᠦᠯ ᠬᠠᠮᠠᠭᠠᠯᠠᠯ᠂ ᠵᠠᠮ ᠬᠠᠷᠢᠯᠴᠠᠭᠠᠨ ᠤ ᠪᠠᠲᠤᠯᠠᠭ᠎ᠠ ᠵᠡᠷᠭᠡ ᠦᠢᠯᠡᠴᠢᠯᠡᠭᠡ ᠬᠠᠩᠭᠠᠬᠤ ᠶᠢᠨ ᠬᠠᠮᠲᠤ᠂ ᠪᠢᠳᠡ ᠪᠠᠰᠠ ᠨᠢᠭᠡᠳᠦᠭᠡᠷ ᠳᠠᠪᠬᠤᠷᠯᠢᠭ ᠤᠨ ᠶᠡᠭᠡ ᠲᠠᠩᠬᠢᠮ ᠳᠤ︿ᠠᠷᠪᠠᠨ ᠲᠦᠷᠪᠡᠨ ᠡᠪᠦᠯ﹀᠎ ᠤᠨ ᠰᠣᠶᠣᠯ ᠤᠨ ᠡᠭᠦᠳᠦᠯᠲᠡ ᠶᠢᠨ ᠳᠡᠯᠭᠡᠭᠦᠷ ᠪᠠᠶᠢᠭᠤᠯᠵᠤ᠂ ᠬᠤᠳᠠᠯᠳᠤᠭᠠᠨ ᠤ ᠲᠠᠯᠠᠪᠤᠷ ᠲᠤ︿ᠠᠷᠪᠠᠨ ᠲᠦᠷᠪᠡᠨ ᠡᠪᠦᠯ﹀᠎ ᠤᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠵᠢᠴᠢ ᠠᠷᠠᠰᠤᠨ ᠵᠢᠷᠤᠭ᠂ ᠨᠡᠷᠡᠨ ᠬᠤᠸᠠᠷ ᠵᠡᠷᠭᠡ ᠬᠥᠯᠥᠨ ᠪᠤᠶᠢᠷ ᠤᠨ ᠥᠪ ᠤᠨ ᠪᠤᠰᠤ ᠪᠦᠲᠦᠭᠡᠭᠳᠡᠬᠦᠨ ᠢ ᠳᠡᠯᠭᠡᠨ ᠦᠵᠡᠭᠦᠯᠵᠡᠢ︾ᠭᠡᠵᠦ ᠬᠡᠯᠡᠪᠡ᠃       ᠣᠶᠢᠯᠠᠭᠠᠭᠰᠠᠨ ᠢᠶᠠᠷ᠂ ᠬᠠᠶᠢᠯᠠᠷ ᠤᠨ ᠤᠷᠤᠯᠳᠤᠭᠠᠨ ᠤ ᠲᠣᠭᠤᠷᠢᠭ ᠤᠨ ᠵᠣᠴᠢᠯᠠᠬᠤ ᠵᠣᠴᠢᠳ ᠤᠨ ᠪᠠᠭᠤᠳᠠᠯ ᠨᠡᠶᠢᠲᠡ 16 ᠪᠣᠶ᠂ ᠵᠣᠴᠢᠳ ᠤᠨ ᠪᠠᠭᠤᠳᠠᠯ ᠤᠨ ᠪᠥᠬᠦ ᠲᠤᠭ᠎ᠠ ᠨᠢ 2857᠂ ᠣᠷᠣ ᠶᠢᠨ ᠪᠥᠬᠦ ᠲᠤᠭ᠎ᠠ ᠨᠢ 4791 ᠪᠠᠶᠢᠵᠤ᠂ 5800 ᠬᠥᠮᠥᠨ ᠬᠠᠮᠲᠤ ᠬᠤᠭᠤᠯᠠᠯᠠᠵᠤ ᠪᠣᠯᠣᠨ᠎ᠠ᠃ ᠬᠠᠶᠢᠯᠠᠷ ᠤᠨ ᠤᠷᠤᠯᠳᠤᠭᠠᠨ ᠤ ᠲᠣᠭᠤᠷᠢᠭ ᠤᠨ ᠬᠢᠨ ᠵᠣᠬᠢᠶᠠᠨ ᠪᠠᠶᠢᠭᠤᠯᠬᠤ ᠺᠣᠮᠢᠰ ᠤᠨ ᠲᠠᠮᠢᠷᠴᠢᠳ ᠤᠨ ᠬᠤᠭᠤᠯᠠ ᠢᠳᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠢᠳᠡᠭᠡᠨ ᠤ ᠮᠠᠲ᠋ᠧᠷᠢᠶᠠᠯ ᠤᠨ ᠬᠠᠩᠭᠠᠯᠭ᠎ᠠ ᠶᠢ ᠰᠠᠶᠢᠲᠤᠷ ᠬᠢᠵᠦ᠂ ᠬᠤᠭᠤᠯᠠ ᠢᠳᠡᠬᠦ ᠳᠡᠭᠡᠨ ᠤᠷᠤᠯᠳᠤᠭᠠᠨ ᠤ ᠶᠠᠪᠤᠳᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠡᠳ᠋ᠰᠢᠭᠦᠯᠦᠨ ᠬᠠᠮᠢᠶᠠᠷᠴᠤ᠂ ᠲᠠᠰᠢᠷᠠᠮ ᠢᠶᠠᠷ ᠦᠯᠢᠭᠡᠷ ᠠᠪᠴᠤ ᠰᠤᠭᠤᠴᠢᠨ ᠪᠠᠶᠢᠴᠠᠭᠠᠵᠤ᠂ ᠬᠦᠯᠢᠶᠡᠨ ᠠᠪᠬᠤ ᠲᠦᠭᠦᠬᠡᠢ ᠮᠠᠲ᠋ᠧᠷᠢᠶᠠᠯ᠂ ᠡᠳ᠋ᠰᠢᠭᠦᠯᠦᠭᠰᠡᠨ ᠶᠠᠪᠤᠴᠠ ᠎ ᠨᠢ ᠡᠯ᠎ᠡ ᠵᠦᠢᠯ ᠤᠨ ᠪᠠᠶᠢᠴᠠᠭᠠᠨ ᠰᠢᠯᠭᠠᠬᠤ ᠱᠠᠭᠠᠷᠳᠠᠯᠭ᠎ᠠ ᠳᠤ ᠨᠡᠶᠢᠴᠡᠬᠦ ᠶᠢ ᠪᠠᠲᠤᠯᠠᠵᠤ᠂ ᠬᠤᠭᠤᠯᠠ ᠢᠳᠡᠬᠦ ᠳᠡᠭᠡᠨ ᠠᠮᠤᠷ ᠲᠦᠪᠰᠢᠨ᠂ ᠨᠣᠭᠤᠭ᠎ᠠ ᠶᠢᠨ ᠬᠡᠯᠪᠡᠷᠢ ᠡᠯᠪᠡᠭ᠂ ᠰᠢᠮ᠎ᠡ ᠲᠡᠵᠢᠭᠡᠯ ᠲᠡᠩᠴᠡᠭᠦᠷᠢᠲᠡᠢ᠂ ᠲᠣᠬᠢᠷᠠᠭᠤᠯᠭ᠎ᠠ ᠶᠢᠨ ᠰᠢᠨᠵᠢᠯᠡᠬᠦ ᠤᠬᠠᠭᠠᠨᠴᠢ ᠪᠠᠶᠢᠬᠤ ᠶᠢ ᠪᠠᠲᠤᠯᠠᠨ᠎ᠠ᠃ ︵ᠲᠠᠯ᠎ᠠ ᠨᠤᠲᠤᠭ ᠤᠨ ᠬᠠᠮ ᠵᠠᠭᠤᠴᠢᠯᠠᠭᠤᠷ · ᠥᠪᠥᠷ ᠮᠣᠩᠭᠤᠯ ᠤᠨ ᠰᠣᠨᠢᠨ ᠮᠡᠳᠡᠭᠡᠨ ᠤ ᠰᠦᠯᠵᠢᠶ᠎ᠡ ᠶᠢᠨ ᠰᠤᠷᠪᠤᠯᠵᠢᠯᠠᠭᠴᠢ  ᠴᠠᠢ ᠰᠧ ᠶᠤᠸᠠᠨ  ᠯᠢ ᠴᠤᠤ ᠷᠠᠨ  ᠎ ᠶᠢᠨ ᠴᠢᠤᠸᠠᠨ  ᠮᠠ ᠵᠢᠶᠦ᠋ᠨ ᡂᠢ︶
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号