1 ᠰᠠᠷ᠎ᠠ ᠶᠢᠨ 9 ᠤ ᠡᠳᠦᠷ ᠠᠴᠠ ᠡᠬᠢᠯᠡᠨ᠂ ︽ᠠᠷᠪᠠᠨ ᠳᠥᠷᠪᠡᠨ ᠡᠪᠦᠯ︾ ᠤᠨ ᠮᠥᠰᠥᠨ ᠳᠡᠪᠦᠷ᠎ᠡ᠂ ᠣᠶᠢᠷ᠎ᠠ | ᠵᠠᠮ ᠤᠨ ᠲᠦᠷᠭᠡᠨ ᠲᠡᠰᠢᠯᠲᠡ᠂ ᠤᠷᠠᠨ ᠲᠡᠰᠢᠯᠲᠡ ᠶᠢᠨ ᠵᠠᠯᠠᠭᠤᠴᠤᠳ ᠤᠨ ᠳᠤᠭᠤᠶᠢᠯᠠᠩ ᠤᠨ ᠤᠷᠤᠯᠳᠤᠭᠠᠨ ᠪᠠ ᠲᠦᠷᠭᠡᠨ | ᠲᠡᠰᠢᠯᠲᠡ ᠶᠢᠨ ᠢᠯᠡ ᠳᠤᠭᠤᠶᠢᠯᠠᠩ ᠤᠨ ᠤᠷᠤᠯᠳᠤᠭᠠᠨ ᠵᠠᠯᠭᠠᠭ᠎ᠠ ᠪᠠᠷ ᠬᠠᠶᠢᠯᠠᠷ ᠤᠨ ᠤᠷᠤᠯᠳᠤᠭᠠᠨ ᠤ ᠲᠣᠭᠤᠷᠢᠭ ᠲᠤ | ᠶᠠᠪᠤᠭᠳᠠᠬᠤ ᠪᠣᠯᠣᠨ᠎ᠠ᠃ ᠣᠶᠢᠷ᠎ᠠ ᠶᠢᠨ ᠡᠳᠦᠷ ᠤᠳ ᠲᠤ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠲᠠᠮᠢᠷᠴᠢᠨ᠂ | ᠮᠡᠷᠭᠡᠵᠢᠯ ᠤᠨ ᠲᠤᠰᠢᠶᠠᠯᠲᠠᠨ ᠪᠣᠯᠣᠨ ᠵᠠᠭᠤᠴᠢᠯᠠᠭᠤᠷ ᠤᠨ ᠰᠤᠷᠪᠤᠯᠵᠢᠯᠠᠭᠴᠢ ᠵᠠᠯᠭᠠᠭ᠎ᠠ ᠪᠠᠷ ᠬᠠᠶᠢᠯᠠᠷ ᠲᠤ ᠬᠦᠷᠴᠦ᠂ | ᠵᠣᠴᠢᠳ ᠤᠨ ᠪᠠᠭᠤᠳᠠᠯ ᠤᠨ︽ᠪᠠᠲᠤᠯᠠᠪᠤᠷᠢ ᠶᠢᠨ ᠵᠠᠭᠪᠤᠷ︾ ᠢ ᠡᠬᠢᠯᠡᠭᠦᠯᠵᠦ᠂︽ᠠᠷᠪᠠᠨ ᠨᠠᠢᠮᠠᠨ ᠵᠦᠢᠯ ᠤᠨ ᠵᠡᠪᠰᠡᠭ ᠤᠨ ᠡᠷᠳᠡᠮ︾ | ᠢᠶᠠᠷ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠪᠠᠨ ᠳᠡᠪᠰᠢᠭᠦᠯᠵᠡᠢ᠃ | 1 ᠰᠠᠷ᠎ᠠ ᠶᠢᠨ 8 ᠤ ᠡᠳᠦᠷ᠂ ᠰᠤᠷᠪᠤᠯᠵᠢᠯᠠᠭᠴᠢ ︽ᠠᠷᠪᠠᠨ ᠳᠥᠷᠪᠡᠨ ᠡᠪᠦᠯ︾ ᠤᠨ ᠵᠠᠭᠤᠴᠢᠯᠠᠭᠤᠷ ᠤᠨ | ᠰᠤᠷᠪᠤᠯᠵᠢᠯᠠᠭᠴᠢ ᠪᠣᠯᠣᠨ ᠮᠡᠷᠭᠡᠵᠢᠯ ᠤᠨ ᠲᠤᠰᠢᠶᠠᠯᠲᠠᠨ ᠢ ᠭᠥᠯᠢᠶᠡᠨ ᠠᠪᠴᠤ ᠵᠣᠴᠢᠯᠠᠬᠤ ᠠᠵᠢᠯ ᠢ ᠬᠠᠷᠢᠭᠤᠴᠠᠵᠤ ᠪᠠᠶᠢᠭ᠎ᠠ | ᠬᠥᠯᠥᠨ ᠪᠤᠶᠢᠷ ᠬᠤᠲᠠ ᠶᠢᠨ ᠡᠸᠡᠩᠬᠢ ᠵᠣᠴᠢᠳ ᠤᠨ ᠪᠠᠭᠤᠳᠠᠯ ᠳᠤ ᠬᠦᠷᠴᠦ ᠢᠷᠡᠪᠡ᠃ ᠵᠣᠴᠢᠳ ᠤᠨ ᠪᠠᠭᠤᠳᠠᠯ ᠤᠨ | ᠳᠣᠲᠣᠨ᠎ᠠ ᠭᠠᠳᠠᠨ᠎ᠠ︽ᠠᠷᠪᠠᠨ ᠲᠦᠷᠪᠡᠨ ᠡᠪᠦᠯ︾ ᠤᠨ ᠡᠯᠧᠮᠧᠨ᠋ᠲ ᠢᠶᠠᠷ ᠳᠦᠭᠦᠷᠴᠦ᠂ ᠨᠢᠳᠦᠨ ᠳᠤ ᠲᠣᠳᠣᠬᠠᠨ ᠬᠠᠷᠠᠭᠳᠠᠨ᠎ᠠ᠃ | ᠵᠣᠴᠢᠳ ᠤᠨ ᠪᠠᠭᠤᠳᠠᠯ ᠤᠨ ᠶᠡᠭᠡ ᠲᠠᠩᠬᠢᠮ ᠳᠤ ᠣᠷᠣᠮᠠᠭᠴᠠ ᠪᠠᠨ ᠮᠣᠩᠭᠤᠯ ᠲᠡᠷᠯᠢᠭ ᠡᠮᠦᠰᠦᠭᠰᠡᠨ ᠠᠵᠢᠯᠲᠠᠳ ᠬᠠᠳᠠᠭ | ᠪᠠᠷᠢᠵᠤ ᠵᠣᠴᠢᠳ ᠲᠤ ᠴᠢᠩ ᠰᠡᠳᠬᠢᠯ ᠤᠨ ᠵᠥᠩᠨᠡᠯ ᠢᠶᠠᠨ ᠳᠡᠪᠰᠢᠭᠦᠯᠦᠭᠰᠡᠨ ᠤ ᠬᠠᠮᠲᠤ ᠪᠠᠰᠠ ᠬᠠᠯᠠᠭᠤᠨ ᠰᠦ᠋ ᠲᠠᠢ ᠴᠠᠢ | ᠪᠣᠯᠣᠨ ᠠᠮᠲᠠᠲᠤ ᠰᠠᠶᠢᠬᠠᠨ ᠵᠢᠮᠢᠰ ᠤᠨ ᠵᠤᠷᠪᠤᠰ ᠢᠶᠠᠷ ᠣᠯᠠᠨ ᠳᠤ ᠡᠳ᠋ᠯᠡᠭᠦᠯᠵᠦ ᠪᠠᠶᠢᠪᠠ᠃ {ᠵᠣᠴᠢᠳ ᠤᠨ ᠪᠠᠭᠤᠳᠠᠯ ᠤᠨ | ᠶᠡᠭᠡ ᠲᠢᠩᠬᠢᠮ ᠳᠤ ᠣᠷᠣᠩᠭᠤᠲᠠ ᠬᠠᠳᠠᠭ ᠢᠶᠠᠨ ᠡᠷᠭᠦᠵᠦ᠂ ᠵᠣᠴᠢᠳ ᠲᠤ ᠴᠢᠩ ᠰᠡᠳᠬᠢᠯ ᠤᠨ ᠵᠥᠩᠨᠡᠯ ᠳᠡᠪᠰᠢᠭᠦᠯᠵᠦ᠂ | ᠨᠢᠭᠡ ᠲᠠᠯ᠎ᠠ ᠳᠤᠨᠢ ᠪᠠᠰᠠ ᠬᠠᠯᠠᠭᠤᠨ ᠴᠠᠢ ᠲᠠᠢ ᠰᠦ᠋ ᠲᠠᠢ ᠴᠠᠢ ᠪᠣᠯᠣᠨ ᠠᠮᠲᠠᠲᠤ ᠰᠠᠶᠢᠬᠠᠨ ᠵᠢᠮᠢᠰ ᠤᠨ ᠵᠤᠷᠪᠤᠰ ᠢ | ᠡᠳ᠋ᠯᠡᠭᠦᠯᠬᠦ ᠪᠠᠷ ᠢᠷᠡᠭᠰᠡᠨ ᠢᠶᠠᠨ ᠢᠯᠡᠳᠬᠡᠵᠡᠢ᠃ | ᠡᠸᠡᠩᠬᠢ ᠵᠣᠴᠢᠳ ᠤᠨ ᠪᠠᠭᠤᠳᠠᠯ ᠤᠨ ᠶᠡᠷᠦᠩᠬᠡᠢ ᠳᠠᠭᠠᠭᠠᠮᠠᠯ ᠯᠢᠦ ᠰᠢᠨ ᠲᠠᠨᠢᠯᠴᠠᠭᠤᠯᠬᠤ ᠳᠠᠭᠠᠨ᠄ ︽1 | ᠰᠠᠷ᠎ᠠ ᠶᠢᠨ 7 ᠤ ᠡᠳᠦᠷ ᠠᠴᠠ ᠡᠬᠢᠯᠡᠨ᠂ ᠵᠣᠴᠢᠳ ᠤᠨ ᠪᠠᠭᠤᠳᠠᠯ ᠵᠢᠩᠬᠢᠨᠢ ᠪᠠᠷ ᠵᠣᠴᠢᠯᠠᠬᠤ ᠠᠵᠢᠯ ᠢᠶᠠᠨ ᠡᠬᠢᠯᠡᠭᠦᠯᠪᠡ᠂ | ᠪᠢᠳᠡ ᠵᠣᠴᠢᠳ ᠲᠤ ᠬᠠᠳᠠᠭ ᠡᠷᠭᠦᠬᠦ ᠶᠣᠰᠣᠯᠠᠯ ᠶᠠᠪᠤᠭᠤᠯᠵᠤ᠂ ᠥᠪᠥᠷ ᠮᠣᠩᠭᠤᠯ ᠤᠨ ᠪᠣᠷᠣᠭᠵᠢᠭᠤᠨ ᠬᠠᠯᠠᠭᠤᠨ | ᠰᠡᠳᠬᠢᠯᠭᠡ ᠶᠢ ᠨᠠᠢᠮᠠᠨ ᠵᠣᠪᠬᠢᠰ ᠤᠨ ᠵᠣᠴᠢᠳ ᠲᠤ ᠮᠡᠳᠡᠷᠡᠭᠦᠯᠦᠨ᠎ᠡ᠂ ᠣᠲᠣ ᠨᠢᠭᠡᠨᠲᠡ 100 ᠭᠠᠷᠤᠢ ᠮᠡᠷᠭᠡᠵᠢᠯ ᠤᠨ | ᠲᠤᠰᠢᠶᠠᠯᠲᠠᠨ ᠪᠠ ᠵᠠᠭᠤᠴᠢᠯᠠᠭᠤᠷ ᠤᠨ ᠰᠤᠷᠪᠤᠯᠵᠢᠯᠠᠭᠴᠢ ᠮᠠᠨ ᠤ ᠵᠣᠴᠢᠳ ᠤᠨ ᠪᠠᠭᠤᠳᠠᠯ ᠳᠤ ᠣᠷᠣᠵᠤ ᠰᠠᠭᠤᠭᠰᠠᠨ | ᠪᠠᠶᠢᠨ᠎ᠠ︾ ᠭᠡᠵᠡᠢ᠃ ᠵᠣᠴᠢᠯᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠶᠢᠨ ᠲᠥᠯᠥᠭᠡ᠂ ᠵᠣᠴᠢᠳ ᠤᠨ ᠪᠠᠭᠤᠳᠠᠯ | ᠪᠥᠬᠦ ᠠᠵᠢᠯᠲᠠᠳ ᠲᠤ ᠶᠣᠰᠣᠯᠠᠯ ᠤᠨ ᠦᠢᠯᠡᠴᠢᠯᠡᠭᠡ᠂ ᠵᠣᠴᠢᠳ ᠤᠨ ᠥᠷᠥᠭᠡᠨ ᠤ ᠦᠢᠯᠡᠴᠢᠯᠡᠭᠡ᠂ ᠬᠤᠭᠤᠯᠠ ᠤᠮᠳᠠᠭᠠᠨ ᠤ | ᠦᠢᠯᠡᠴᠢᠯᠡᠭᠡ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠠᠭᠤᠯᠭ᠎ᠠ ᠶᠢᠨ ᠪᠣᠯᠪᠠᠰᠤᠷᠠᠯ ᠬᠦᠷᠲᠡᠭᠡᠪᠡ᠃ ᠯᠢᠦ | ᠰᠢᠨ᠄︽︿ᠠᠷᠪᠠᠨ ᠲᠦᠷᠪᠡᠨ ᠡᠪᠦᠯ﹀ ᠤᠨ ᠬᠤᠭᠤᠴᠠᠭᠠᠨ ᠳᠤ᠂ ᠵᠣᠴᠢᠳ ᠤᠨ ᠪᠠᠭᠤᠳᠠᠯ ᠤᠨ ᠬᠦᠯᠢᠶᠡᠨ ᠠᠪᠬᠤ | ᠦᠢᠯᠡᠴᠢᠯᠡᠭᠡᠨ ᠤ ᠦᠷᠳᠡᠭᠡ 24 ᠴᠠᠭ ᠢᠶᠠᠷ ᠵᠢᠵᠢᠭᠦᠷᠯᠡᠬᠦ ᠳᠦᠷᠢᠮ ᠢ ᠬᠡᠷᠡᠭᠵᠢᠭᠦᠯᠵᠦ᠂ ᠵᠣᠴᠢᠳ ᠤᠨ ᠪᠠᠭᠤᠳᠠᠯ ᠳᠤ | ᠰᠠᠭᠤᠭ᠎ᠠ ᠵᠣᠴᠢᠳ ᠲᠤ ᠡᠮ ᠡᠮᠨᠡᠯᠭᠡ ᠡᠷᠡᠭᠦᠯ ᠬᠠᠮᠠᠭᠠᠯᠠᠯ᠂ ᠵᠠᠮ ᠬᠠᠷᠢᠯᠴᠠᠭᠠᠨ ᠤ ᠪᠠᠲᠤᠯᠠᠭ᠎ᠠ ᠵᠡᠷᠭᠡ ᠦᠢᠯᠡᠴᠢᠯᠡᠭᠡ | ᠬᠠᠩᠭᠠᠬᠤ ᠶᠢᠨ ᠬᠠᠮᠲᠤ᠂ ᠪᠢᠳᠡ ᠪᠠᠰᠠ ᠨᠢᠭᠡᠳᠦᠭᠡᠷ ᠳᠠᠪᠬᠤᠷᠯᠢᠭ ᠤᠨ ᠶᠡᠭᠡ ᠲᠠᠩᠬᠢᠮ ᠳᠤ︿ᠠᠷᠪᠠᠨ ᠲᠦᠷᠪᠡᠨ ᠡᠪᠦᠯ﹀ ᠤᠨ | ᠰᠣᠶᠣᠯ ᠤᠨ ᠡᠭᠦᠳᠦᠯᠲᠡ ᠶᠢᠨ ᠳᠡᠯᠭᠡᠭᠦᠷ ᠪᠠᠶᠢᠭᠤᠯᠵᠤ᠂ ᠬᠤᠳᠠᠯᠳᠤᠭᠠᠨ ᠤ ᠲᠠᠯᠠᠪᠤᠷ ᠲᠤ︿ᠠᠷᠪᠠᠨ ᠲᠦᠷᠪᠡᠨ ᠡᠪᠦᠯ﹀ ᠤᠨ | ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠵᠢᠴᠢ ᠠᠷᠠᠰᠤᠨ ᠵᠢᠷᠤᠭ᠂ ᠨᠡᠷᠡᠨ ᠬᠤᠸᠠᠷ ᠵᠡᠷᠭᠡ ᠬᠥᠯᠥᠨ ᠪᠤᠶᠢᠷ ᠤᠨ | ᠥᠪ ᠤᠨ ᠪᠤᠰᠤ ᠪᠦᠲᠦᠭᠡᠭᠳᠡᠬᠦᠨ ᠢ ᠳᠡᠯᠭᠡᠨ ᠦᠵᠡᠭᠦᠯᠵᠡᠢ︾ᠭᠡᠵᠦ ᠬᠡᠯᠡᠪᠡ᠃ | ᠣᠶᠢᠯᠠᠭᠠᠭᠰᠠᠨ ᠢᠶᠠᠷ᠂ ᠬᠠᠶᠢᠯᠠᠷ ᠤᠨ ᠤᠷᠤᠯᠳᠤᠭᠠᠨ ᠤ ᠲᠣᠭᠤᠷᠢᠭ ᠤᠨ ᠵᠣᠴᠢᠯᠠᠬᠤ ᠵᠣᠴᠢᠳ ᠤᠨ ᠪᠠᠭᠤᠳᠠᠯ | ᠨᠡᠶᠢᠲᠡ 16 ᠪᠣᠶ᠂ ᠵᠣᠴᠢᠳ ᠤᠨ ᠪᠠᠭᠤᠳᠠᠯ ᠤᠨ ᠪᠥᠬᠦ ᠲᠤᠭ᠎ᠠ ᠨᠢ 2857᠂ ᠣᠷᠣ ᠶᠢᠨ ᠪᠥᠬᠦ ᠲᠤᠭ᠎ᠠ ᠨᠢ 4791 | ᠪᠠᠶᠢᠵᠤ᠂ 5800 ᠬᠥᠮᠥᠨ ᠬᠠᠮᠲᠤ ᠬᠤᠭᠤᠯᠠᠯᠠᠵᠤ ᠪᠣᠯᠣᠨ᠎ᠠ᠃ ᠬᠠᠶᠢᠯᠠᠷ ᠤᠨ ᠤᠷᠤᠯᠳᠤᠭᠠᠨ ᠤ ᠲᠣᠭᠤᠷᠢᠭ ᠤᠨ ᠬᠢᠨ | ᠵᠣᠬᠢᠶᠠᠨ ᠪᠠᠶᠢᠭᠤᠯᠬᠤ ᠺᠣᠮᠢᠰ ᠤᠨ ᠲᠠᠮᠢᠷᠴᠢᠳ ᠤᠨ ᠬᠤᠭᠤᠯᠠ ᠢᠳᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠢᠳᠡᠭᠡᠨ ᠤ | ᠮᠠᠲ᠋ᠧᠷᠢᠶᠠᠯ ᠤᠨ ᠬᠠᠩᠭᠠᠯᠭ᠎ᠠ ᠶᠢ ᠰᠠᠶᠢᠲᠤᠷ ᠬᠢᠵᠦ᠂ ᠬᠤᠭᠤᠯᠠ ᠢᠳᠡᠬᠦ ᠳᠡᠭᠡᠨ ᠤᠷᠤᠯᠳᠤᠭᠠᠨ ᠤ ᠶᠠᠪᠤᠳᠠᠯ ᠤᠨ | ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠡᠳ᠋ᠰᠢᠭᠦᠯᠦᠨ ᠬᠠᠮᠢᠶᠠᠷᠴᠤ᠂ ᠲᠠᠰᠢᠷᠠᠮ ᠢᠶᠠᠷ ᠦᠯᠢᠭᠡᠷ ᠠᠪᠴᠤ ᠰᠤᠭᠤᠴᠢᠨ ᠪᠠᠶᠢᠴᠠᠭᠠᠵᠤ᠂ | ᠬᠦᠯᠢᠶᠡᠨ ᠠᠪᠬᠤ ᠲᠦᠭᠦᠬᠡᠢ ᠮᠠᠲ᠋ᠧᠷᠢᠶᠠᠯ᠂ ᠡᠳ᠋ᠰᠢᠭᠦᠯᠦᠭᠰᠡᠨ ᠶᠠᠪᠤᠴᠠ ᠨᠢ ᠡᠯ᠎ᠡ ᠵᠦᠢᠯ ᠤᠨ ᠪᠠᠶᠢᠴᠠᠭᠠᠨ ᠰᠢᠯᠭᠠᠬᠤ | ᠱᠠᠭᠠᠷᠳᠠᠯᠭ᠎ᠠ ᠳᠤ ᠨᠡᠶᠢᠴᠡᠬᠦ ᠶᠢ ᠪᠠᠲᠤᠯᠠᠵᠤ᠂ ᠬᠤᠭᠤᠯᠠ ᠢᠳᠡᠬᠦ ᠳᠡᠭᠡᠨ ᠠᠮᠤᠷ ᠲᠦᠪᠰᠢᠨ᠂ ᠨᠣᠭᠤᠭ᠎ᠠ ᠶᠢᠨ ᠬᠡᠯᠪᠡᠷᠢ ᠡᠯᠪᠡᠭ᠂ | ᠰᠢᠮ᠎ᠡ ᠲᠡᠵᠢᠭᠡᠯ ᠲᠡᠩᠴᠡᠭᠦᠷᠢᠲᠡᠢ᠂ ᠲᠣᠬᠢᠷᠠᠭᠤᠯᠭ᠎ᠠ ᠶᠢᠨ ᠰᠢᠨᠵᠢᠯᠡᠬᠦ ᠤᠬᠠᠭᠠᠨᠴᠢ ᠪᠠᠶᠢᠬᠤ ᠶᠢ ᠪᠠᠲᠤᠯᠠᠨ᠎ᠠ᠃ ︵ᠲᠠᠯ᠎ᠠ | ᠨᠤᠲᠤᠭ ᠤᠨ ᠬᠠᠮ ᠵᠠᠭᠤᠴᠢᠯᠠᠭᠤᠷ · ᠥᠪᠥᠷ ᠮᠣᠩᠭᠤᠯ ᠤᠨ ᠰᠣᠨᠢᠨ ᠮᠡᠳᠡᠭᠡᠨ ᠤ ᠰᠦᠯᠵᠢᠶ᠎ᠡ ᠶᠢᠨ ᠰᠤᠷᠪᠤᠯᠵᠢᠯᠠᠭᠴᠢ ᠴᠠᠢ | ᠰᠧ ᠶᠤᠸᠠᠨ ᠯᠢ ᠴᠤᠤ ᠷᠠᠨ ᠶᠢᠨ ᠴᠢᠤᠸᠠᠨ ᠮᠠ ᠵᠢᠶᠦ᠋ᠨ ᡂᠢ︶ | | |